ᠴᠠᠩ ᠴᠢᠩ ᠵᠡᠭᠡᠯᠢ ᠭᠤᠳᠤᠮᠵᠢ ᠶᠢᠨ ᠠᠵᠢᠯᠴᠢᠨ ᠤ ᠡᠪᠯᠡᠯ ᠳᠦᠷᠪᠡᠨ ᠠᠷᠭ᠎ᠠ ᠠᠪᠴᠠᠯ ᠢᠶᠠᠷ ︽ᠠᠯᠲᠠᠨ ᠨᠠᠮᠤᠷ ᠤᠨ ᠰᠤᠷᠤᠯᠭ᠎ᠠ ᠳᠡᠳᠬᠦᠬᠦ︾ ᠠᠵᠢᠯᠯᠠᠭᠠᠨ ᠦᠷᠨᠢᠭᠦᠯᠪᠡ
ᠨᠡᠶᠢᠲᠡᠯᠡᠭᠰᠡᠨ ᠴᠠᠭ᠄
2016-08-18
       ᠬᠠᠷᠢᠶᠠᠲᠤ ᠤᠷᠤᠨ ᠤ ᠬᠦᠴᠢᠷᠳᠡᠯᠲᠡᠢ ᠠᠵᠢᠯᠲᠠᠨ᠂ ᠬᠦᠯᠦᠰᠦᠨ ᠲᠠᠷᠢᠶᠠᠴᠢᠨ ᠤ ᠦᠷ᠎ᠡ ᠬᠡᠦᠬᠡᠳ ᠤᠨ ᠶᠡᠭᠡ ᠰᠤᠷᠭᠠᠭᠤᠯᠢ ᠶᠢᠨ ᠬᠦᠰᠡᠯ ᠢ ᠲᠡᠷᠭᠡᠯᠰᠢᠭᠦᠯᠬᠦ ᠶᠢᠨ ᠲᠦᠯᠦᠭᠡ᠂ ᠤᠶᠢᠷ᠎ᠠ ᠳᠤ᠂ ᠴᠠᠩ ᠴᠢᠩ ᠵᠡᠭᠡᠯᠢ ᠭᠤᠳᠤᠮᠵᠢ ᠶᠢᠨ ᠠᠵᠢᠯᠴᠢᠨ ᠤ ᠡᠪᠯᠡᠯ ᠢᠳᠡᠪᠬᠢᠲᠡᠢ ᠪᠠᠷ ︽ᠠᠯᠲᠠᠨ ᠨᠠᠮᠤᠷ ᠤᠨ ᠰᠤᠷᠤᠯᠭ᠎ᠠ ᠳᠡᠳᠬᠦᠬᠦ︾ ᠠᠵᠢᠯᠯᠠᠭᠠᠨ ᠦᠷᠨᠢᠭᠦᠯᠵᠦ᠂ ᠬᠦᠴᠢᠷᠳᠡᠯ ᠲᠠᠢ ᠠᠵᠢᠯᠲᠠᠨ ᠤ ᠦᠷ᠎ᠡ ᠬᠡᠦᠬᠡᠳ ᠤᠨ ᠶᠡᠭᠡ ᠰᠤᠷᠭᠠᠭᠤᠯᠢ ᠳᠤ ᠰᠤᠷᠤᠯᠴᠠᠬᠤ ᠠᠰᠠᠭᠤᠳᠠᠯ ᠢ ᠰᠢᠢᠳᠪᠦᠷᠢᠯᠡᠬᠦ ᠳᠤ ᠰᠢᠯᠢᠳᠡᠭ ᠰᠠᠶᠢᠨ ᠠᠴᠢᠶᠠᠯᠠᠭᠴᠢ ᠬᠠᠩᠭᠠᠪᠠ᠃        ᠨᠢᠭᠡ ᠳᠤ᠂ ᠦᠷᠭᠡᠨ ᠢᠶᠠᠷ ᠤᠬᠠᠭᠤᠯᠤᠨ᠂ ᠨᠠᠷᠢᠯᠢᠭ ᠪᠠᠶᠢᠷᠢᠰᠢᠭᠤᠯᠪᠠ᠃ ︽ᠠᠯᠲᠠᠨ ᠨᠠᠮᠤᠷ ᠤᠨ ᠰᠤᠷᠤᠯᠭ᠎ᠠ ᠳᠡᠳᠬᠦᠬᠦ︾ ᠠᠵᠢᠯᠯᠠᠭᠠᠨ ᠤ ᠤᠬᠠᠭᠤᠯᠭ᠎ᠠ ᠳᠠᠶᠢᠴᠢᠯᠠᠯᠲᠠ ᠶᠢᠨ ᠠᠵᠢᠯ ᠢ ᠨᠠᠷᠢᠨ ᠬᠢᠨᠠᠮᠠᠭᠠᠢ ᠬᠢᠵᠦ᠂ ᠬᠠᠷᠢᠶ᠎ᠠ ᠤᠷᠤᠨ ᠤ ᠨᠦᠬᠦᠴᠡᠯ ᠳᠤ ᠨᠡᠶᠢᠴᠡᠭᠰᠡᠨ ᠬᠦᠴᠢᠷᠳᠡᠯ ᠲᠠᠢ ᠠᠵᠢᠯᠲᠠᠨ ᠤ ᠭᠡᠷ ᠪᠦᠯᠢ ᠳᠤ ᠡᠨᠡ ᠬᠦ ᠠᠵᠢᠯᠯᠠᠭᠠᠨ ᠢ ᠤᠶᠢᠯᠠᠭᠠᠭᠤᠯᠵᠦ᠂ ᠳᠡᠮᠵᠢᠯᠭᠡ ᠬᠦᠷᠲᠡᠬᠦ ᠨᠦᠬᠦᠴᠡᠯ ᠳᠤ ᠨᠡᠶᠢᠴᠡᠭᠰᠡᠨ ᠬᠦᠴᠢᠷᠳᠡᠯ ᠲᠠᠢ ᠭᠡᠷ ᠪᠦᠯᠢ ᠶᠢᠨ ᠦᠷ᠎ᠡ ᠬᠡᠦᠬᠡᠳ ᠪᠤᠯᠭᠠᠨ ᠳᠡᠮᠵᠢᠯᠭᠡ ᠬᠦᠷᠲᠡᠬᠦ ᠶᠢ ᠪᠠᠲᠤᠯᠠᠵᠤ᠂ ᠲᠡᠳᠡᠨ ᠤ ᠰᠠᠨᠠᠭ᠎ᠠ ᠠᠮᠤᠷ ᠰᠤᠷᠤᠯᠴᠠᠬᠤ ᠳᠤ ᠨᠦᠬᠦᠴᠡᠯ ᠡᠭᠦᠳᠪᠡ᠃        ᠬᠤᠶᠠᠷ ᠲᠤ᠂ ᠨᠦᠬᠦᠴᠡᠯ ᠢ ᠲᠤᠳᠤᠷᠬᠠᠢ ᠲᠤᠭᠲᠠᠭᠠᠵᠤ᠂ ᠴᠢᠩᠭ᠎ᠠ ᠬᠢᠨᠠᠪᠠ᠃ ᠡᠷᠦᠬᠡ ᠳᠠᠷᠠᠭᠠᠯᠠᠨ ᠠᠶᠢᠯᠴᠢᠯᠠᠬᠤ ᠬᠡᠯᠪᠡᠷᠢ ᠪᠠᠷ ᠳᠡᠮᠵᠢᠯᠭᠡ ᠡᠷᠡᠮᠡᠯᠵᠢᠯᠡᠭᠰᠡᠳ ᠢ ᠪᠦᠬᠦ ᠲᠠᠯ᠎ᠠ ᠪᠠᠷ ᠪᠠᠶᠢᠴᠠᠭᠠᠨ ᠬᠢᠨᠠᠵᠤ᠂ ︽ᠭᠤᠷᠪᠠᠨ ᠲᠤᠳᠤᠷᠬᠠᠢ︾ ᠳᠠᠷᠤᠢ ᠰᠤᠷᠤᠭᠴᠢ ᠶᠢᠨ ᠰᠢᠯᠭᠠᠯᠲᠠ ᠶᠢᠨ ᠪᠠᠶᠢᠳᠠᠯ ᠲᠤᠳᠤᠷᠬᠠᠢ᠂ ᠭᠡᠷ ᠪᠦᠯᠢ ᠶᠢᠨ ᠤᠷᠤᠯᠭ᠎ᠠ ᠶᠢᠨ ᠪᠠᠶᠢᠳᠠᠯ ᠲᠤᠳᠤᠷᠬᠠᠢ᠂ ᠬᠦᠴᠢᠷᠳᠡᠯ ᠤᠨ ᠪᠠᠶᠢᠳᠠᠯ ᠲᠤᠳᠤᠷᠬᠠᠢ ᠪᠠᠶᠢᠬᠤ ᠶᠢ ᠪᠠᠲᠤᠯᠠᠪᠠ᠃        ᠭᠤᠷᠪᠠ ᠳᠤ᠂ ᠠᠯᠬᠤᠮ ᠳᠠᠷᠠᠭ᠎ᠠ ᠶᠢ ᠳᠦᠷᠢᠮᠵᠢᠭᠦᠯᠦᠨ᠂ ᠳᠡᠮᠵᠢᠯᠭᠡ ᠶᠢ ᠨᠠᠷᠢᠯᠢᠭᠵᠢᠭᠤᠯᠪᠠ᠃ ᠨᠡᠶᠢᠭᠡᠮ ᠲᠤᠭᠤᠷᠢᠭ ᠤᠨ ᠠᠵᠢᠯᠴᠢᠨ ᠤ ᠡᠪᠯᠡᠯ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠳᠡᠮᠵᠢᠬᠦ ᠪᠠᠷᠢᠮᠵᠢᠶ᠎ᠠ ᠲᠠᠢ ᠬᠠᠷᠭᠤᠭᠤᠯᠤᠨ᠂ ᠱᠠᠭᠠᠷᠳᠠᠯᠭ᠎ᠠ ᠳᠤ ᠨᠡᠶᠢᠴᠡᠭᠰᠡᠨ᠂ ᠳᠡᠮᠵᠢᠯᠭᠡ ᠬᠦᠷᠲᠡᠬᠦ ᠴᠢᠬᠤᠯᠠᠲᠠᠢ ᠠᠵᠢᠯᠲᠠᠨ ᠤ ᠭᠡᠷ ᠪᠦᠯᠢ ᠶᠢᠨ ᠨᠠᠷᠢᠨ ᠪᠠᠶᠢᠳᠠᠯ ᠢ ᠦᠨᠡᠨ ᠪᠤᠳᠠᠲᠠᠢ ᠪᠠᠷ ᠳᠡᠭᠡᠭᠰᠢ ᠮᠡᠳᠡᠭᠦᠯᠵᠦ᠂ ᠢᠯᠡ ᠲᠤᠳᠤ᠂ ᠲᠦᠪ ᠭᠤᠤᠯᠴᠢ᠂ ᠡᠷᠬᠡ ᠲᠡᠭᠰᠢ ᠵᠠᠷᠴᠢᠮ ᠢ ᠪᠠᠷᠢᠮᠲᠠᠯᠠᠨ᠂ ᠳᠡᠮᠵᠢᠯᠭᠡ ᠶᠢᠨ ᠨᠠᠮᠲᠠᠷ ᠵᠤᠬᠢᠶᠠᠵᠤ᠂ ᠦᠨᠡᠨ ᠨᠡᠷ᠎ᠡ ᠶᠢᠨ ᠬᠠᠮᠢᠶᠠᠷᠤᠯᠲᠠ ᠬᠢᠪᠡ᠃        ᠳᠦᠷᠪᠡ ᠳᠤ᠂ ᠰᠤᠷᠭᠠᠨ ᠬᠦᠮᠦᠵᠢᠯ ᠢ ᠬᠦᠨᠳᠦᠳᠬᠡᠨ᠂ ᠦᠷ᠎ᠡ ᠪᠦᠲᠦᠮᠵᠢ ᠪᠠᠷ ᠰᠢᠯᠢᠳᠡᠭ ᠰᠠᠶᠢᠨ᠃ ᠲᠤᠰᠠᠯᠠᠨ ᠳᠡᠮᠵᠢᠬᠦ ᠶᠢᠨ ᠬᠠᠮᠲᠤ᠂ ᠰᠤᠷᠤᠭᠴᠢ ᠶᠢᠨ ᠭᠤᠲᠤᠷᠠᠩᠭᠤᠢ ᠰᠡᠳᠬᠢᠴᠡ ᠪᠠᠨ ᠢᠯᠡᠨ ᠳᠠᠪᠠᠭ᠋ᠤ᠂ ᠵᠦᠪ ᠠᠮᠢᠳᠤᠷᠠᠯ ᠤᠨ ᠲᠡᠮᠡᠴᠡᠬᠦ ᠬᠠᠷᠠᠯᠲᠠ ᠲᠠᠢ ᠪᠤᠯᠬᠤ ᠶᠢ ᠵᠤᠷᠢᠭᠵᠢᠭᠤᠯᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号