ᠶᠦᠩ ᠵᠢᠦᠢ ᠬᠡᠷᠡᠭ ᠡᠷᠬᠢᠯᠡᠬᠦ ᠭᠠᠵᠠᠷ ︽ᠲᠠᠪᠤᠨ ᠴᠡᠭ︾ ᠢ ᠠᠳᠬᠤᠨ᠂ ᠬᠦᠳᠡᠯᠮᠦᠷᠢ ᠪᠠᠲᠤᠯᠠᠭ᠎ᠠ ᠶᠢᠨ ᠠᠵᠢᠯ ᠢ ᠰᠠᠶᠢᠲᠤᠷ ᠬᠢᠪᠡ
ᠨᠡᠶᠢᠲᠡᠯᠡᠭᠰᠡᠨ ᠴᠠᠭ᠄
2016-08-18
        ᠠᠵᠢᠯ ᠤᠨ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠪᠦᠬᠦ ᠰᠡᠳᠬᠢᠯ ᠪᠦᠬᠦ ᠵᠤᠷᠢᠭ ᠢᠶᠠᠷ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ ᠵᠤᠷᠢᠯᠲᠠ ᠶᠢ ᠨᠡᠩ ᠰᠠᠶᠢᠨ ᠨᠠᠶᠢᠳᠠᠪᠤᠷᠢᠵᠢᠭᠤᠯᠬᠤ ᠶᠢᠨ ᠲᠦᠯᠦᠭᠡ᠂ ᠶᠦᠩ ᠵᠢᠦᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠳᠠᠲᠠᠢ ᠠᠴᠠ ᠡᠭᠦᠰᠦᠨ᠂ ︽ᠲᠠᠪᠤᠨ ᠴᠡᠭ︾ ᠢ ᠠᠳᠬᠤᠵᠤ ᠂ ᠬᠦᠳᠡᠯᠮᠦᠷᠢ ᠪᠠᠲᠤᠯᠠᠭ᠎ᠠ ᠶᠢᠨ ᠡᠯ᠎ᠡ ᠲᠦᠷᠦᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠪᠡ᠃         ᠨᠢᠭᠡ ᠳᠤ᠂ ᠡᠬᠢᠯᠡᠯᠲᠡ ᠶᠢᠨ ᠴᠡᠭ ᠢ ᠤᠨᠤᠪᠴᠢᠲᠠᠢ ᠠᠳᠬᠤᠪᠠ᠃ ᠬᠠᠷᠢᠶ᠎ᠠ ᠤᠷᠤᠨ ᠤ ᠠᠵᠢᠯ ᠠᠯᠳᠠᠯᠲᠠ ᠂ ᠠᠵᠢᠯ ᠤᠯᠭᠤᠯᠲᠠ᠂ ᠡᠮ ᠡᠮᠨᠡᠯᠭᠡ ᠶᠢᠨ ᠳᠠᠭᠠᠳᠬᠠᠯ ᠵᠡᠷᠭᠡ ᠪᠠᠶᠢᠳᠠᠯ ᠢ ᠲᠤᠳᠤᠷᠬᠠᠢ ᠤᠶᠢᠯᠠᠭᠠᠵᠤ᠂ ᠦᠷᠭᠦᠯᠵᠢ ᠰᠠᠭᠤᠭᠠᠯᠢ ᠠᠷᠠᠳ ᠤᠨ ᠭᠡᠷ ᠲᠤ᠂ ᠬᠠᠷᠢᠶ᠎ᠠ ᠤᠷᠤᠨ ᠤ ᠪᠠᠶᠢᠭᠤᠯᠭ᠎ᠠ ᠨᠤᠭᠤᠳ ᠲᠤ ᠭᠦᠨᠵᠡᠭᠡᠶᠢᠷᠡᠵᠦ ᠪᠤᠳᠠᠲᠤ ᠪᠠᠶᠢᠳᠠᠯ ᠢ ᠤᠶᠢᠯᠠᠭᠠᠨ᠂ ᠬᠠᠷᠢᠶ᠎ᠠ ᠤᠷᠤᠨ ᠤ ᠬᠦᠳᠡᠯᠮᠦᠷᠢ ᠬᠦᠴᠦᠨ ᠤ ᠡᠬᠢ ᠪᠠᠶᠠᠯᠢᠭ ᠤᠨ ᠪᠠᠶᠢᠳᠠᠯ ᠢ ᠴᠠᠭ ᠲᠤᠬᠠᠢ  ᠳᠤᠨᠢ ᠡᠵᠡᠮᠰᠢᠵᠦ᠂ ᠦᠨᠡᠨ ᠪᠤᠳᠠᠲᠠᠢ᠂ ᠤᠨᠤᠪᠴᠢᠲᠠᠢ ᠠᠩᠬᠠᠨ ᠤ ᠮᠠᠲ᠋ᠧᠷᠢᠶᠠᠯ ᠢ ᠤᠯᠪᠠ᠃          ᠬᠤᠶᠠᠷ ᠲᠤ᠂ ᠭᠦᠴᠦᠯᠡᠬᠦ‍ ᠴᠢᠭ ᠢ ᠪᠠᠳᠤᠵᠢᠭᠤᠯᠪᠠ᠃ ᠬᠠᠷᠢᠶ᠎ᠠ ᠤᠷᠤᠨ ᠤ ᠠᠵᠢᠯ ᠠᠯᠳᠠᠭᠰᠠᠳ ᠤᠨ ᠠᠵᠢᠯ ᠠᠯᠳᠠᠭᠰᠠᠨ ᠰᠢᠯᠲᠠᠭᠠᠨ᠂ ᠭᠡᠷ ᠪᠦᠯᠢ ᠶᠢᠨ ᠪᠠᠶᠢᠳᠠᠯ᠂ ᠠᠵᠢᠯ ᠤᠯᠬᠤ ᠬᠦᠰᠡᠯ ᠡᠷᠡᠮᠡᠯᠵᠡᠯ᠂ ᠲᠦᠪᠬᠢᠨᠡᠭᠦᠯᠬᠦ ᠭᠠᠵᠠᠷ ᠲᠤᠳᠤᠷᠬᠠᠢ ᠵᠡᠷᠭᠡ ︽ᠳᠦᠷᠪᠡᠨ ᠲᠤᠳᠤᠷᠬᠠᠢ︾ ᠪᠠᠶᠢᠬᠤ ᠠᠵᠢᠯ ᠢ ᠪᠡᠶᠡᠯᠡᠭᠦᠯᠪᠡ᠃          ᠭᠤᠷᠪᠠ ᠳᠤ᠂ ᠲᠤᠯᠭᠠᠭᠤᠷᠢᠯᠠᠬᠤ ᠴᠡᠭ ᠢ ᠠᠳᠬᠤᠪᠠ᠃ ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠭᠡᠭᠡᠵᠦ ᠨᠢᠭᠡ ᠪᠦᠯᠦᠭ ᠢ ᠲᠦᠪᠬᠢᠨᠡᠭᠦᠯᠦᠨ᠂ ᠬᠠᠷᠢᠶ᠎ᠠ ᠪᠠᠶᠢᠭᠤᠯᠭ᠎ᠠ ᠶᠢ ᠳᠠᠶᠢᠴᠢᠯᠠᠨ ᠨᠢᠭᠡ ᠪᠦᠯᠦᠭ ᠢ ᠰᠢᠩᠭᠡᠭᠡᠵᠦ᠂ ᠠᠵᠢᠯ ᠲᠠᠨᠢᠯᠴᠠᠭᠤᠯᠬᠤ ᠪᠠᠷ ᠳᠠᠮᠵᠢᠨ ᠨᠢᠭᠡ ᠪᠦᠯᠦᠭ ᠢ ᠰᠢᠯᠵᠢᠭᠦᠯᠵᠦ᠂ ᠦᠢᠯᠡᠰ ᠪᠤᠰᠬᠠᠬᠤ ᠶᠢ ᠵᠤᠷᠢᠭᠵᠢᠭᠤᠯᠬᠤ ᠪᠠᠷ ᠳᠠᠮᠵᠢᠨ ᠨᠢᠭᠡ ᠪᠦᠯᠦᠭ ᠢ ᠲᠤᠭᠲᠠᠪᠤᠷᠢᠵᠢᠭᠤᠯᠤᠨ᠂ ᠠᠮᠢᠳᠤᠯᠢᠭ ᠢᠶᠠᠷ ᠠᠵᠢᠯ ᠤᠯᠭᠤᠬᠤ ᠪᠠᠷ ᠳᠠᠮᠵᠢᠨ ᠨᠢᠭᠡ ᠪᠦᠯᠦᠭ ᠢ ᠰᠢᠩᠭᠡᠭᠡᠬᠦ︾ ᠵᠡᠷᠭᠡ ᠠᠷᠭ᠎ᠠ ᠮᠠᠶ᠋ᠢᠭ ᠢᠶᠠᠷ ᠬᠠᠷᠢᠶ᠎ᠠ ᠤᠷᠤᠨ ᠤ ᠨᠡᠩ ᠤᠯᠠᠨ ᠠᠵᠢᠯ ᠠᠯᠳᠠᠭᠰᠠᠳ ᠢ ᠬᠠᠪᠰᠤᠷᠤᠨ ᠲᠠᠬᠢᠨ ᠠᠵᠢᠯ ᠤᠯᠭᠤᠪᠠ᠃          ᠳᠦᠷᠪᠡ ᠳᠤ᠂ ᠲᠠᠬᠢᠨ ᠲᠠᠪᠲᠠᠭᠲᠠᠬᠤ ᠴᠢᠭ ᠠᠴᠠ ᠬᠠᠯᠠᠰᠢᠷᠠᠬᠤ ᠦᠭᠡᠢ᠃ ᠠᠵᠢᠯ ᠠᠯᠳᠠᠭᠰᠠᠨ ᠭᠡᠷᠡᠴᠢ ᠂ ᠨᠡᠶᠢᠭᠡᠮ ᠤᠨ ᠪᠠᠲᠤᠯᠠᠭ᠎ᠠ ᠶᠢᠨ ᠨᠦᠬᠦᠪᠦᠷᠢ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠠᠮᠠᠷᠠᠬᠤ ᠭᠡᠷᠡᠴᠢ ᠵᠡᠷᠭᠡ ᠡᠳᠦᠷ ᠲᠤᠲᠤᠮ ᠤᠨ ᠠᠵᠢᠯ ᠳᠤ ᠳᠡᠰᠪᠦᠷᠢ ᠪᠠᠨ ᠨᠡᠮᠡᠭᠳᠡᠭᠦᠯᠦᠨ᠂ ᠬᠠᠯᠠᠰᠢᠷᠠᠬᠤ ᠦᠭᠡᠢ ᠪᠠᠷ ᠨᠠᠷᠢᠨ ᠬᠢᠨᠠᠮᠠᠭᠠᠢ ᠰᠢᠢᠳᠪᠦᠷᠢᠯᠡᠵᠦ᠂ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠪᠠ᠃          ᠲᠠᠪᠤ ᠳᠤ᠂ ᠲᠡᠷᠢᠭᠦᠨ ᠤ ᠬᠢ ᠶᠢ ᠲᠡᠮᠡᠴᠡᠬᠦ ᠴᠡᠭ ᠢ ᠪᠤᠢ ᠪᠤᠯᠭᠠᠪᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠲᠠᠢ ᠤᠶᠠᠯᠳᠤᠭᠤᠯᠤᠨ᠂ ︽ᠨᠠᠮ ᠤᠨ ᠭᠡᠰᠢᠭᠦᠨ ᠤ ᠵᠢᠱᠢᠶᠡᠴᠢ ᠳᠦᠷᠢ ᠳᠦᠷᠬᠦ ᠶᠢ ᠪᠤᠢ ᠪᠤᠯᠭᠠᠨ᠂ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭᠠᠨ ᠢ ᠢᠳᠡᠪᠬᠢᠲᠡᠢ ᠦᠷᠨᠢᠭᠦᠯᠵᠦ᠂ ︽ᠦᠷᠭᠦᠯᠵᠢ ᠲᠤᠭᠴᠢ ᠪᠤᠯᠤᠨ᠂ ᠪᠠᠶᠢᠩᠭᠤ ᠲᠡᠷᠢᠭᠦᠨ ᠳᠤ ᠶᠠᠪᠤᠬᠤ︾ ᠲᠡᠮᠡᠴᠡᠯ ᠤᠨ ᠤᠬᠠᠮᠰᠠᠷ ᠢ ᠪᠤᠢ ᠪᠤᠯᠭᠠᠨ᠂ ᠦᠵᠡᠯ ᠤᠬᠠᠮᠰᠠᠷ ᠤᠨ ᠰᠢᠨ᠎ᠡ ᠶᠢ ᠡᠭᠦᠳᠴᠦ᠂ ᠡᠯ᠎ᠡ ᠲᠦᠷᠦᠯ ᠤᠨ ᠰᠠᠭᠤᠭᠠᠯᠢ ᠠᠷᠠᠳ ᠲᠤ ᠦᠢᠯᠡᠴᠢᠯᠡᠬᠦ ᠠᠵᠢᠯ ᠢ ᠨᠠᠷᠢᠯᠢᠭ᠂ ᠪᠤᠳᠠᠲᠠᠢ᠂ ᠰᠠᠶᠢᠲᠤᠷ ᠬᠢᠪᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号