ᠭᠤᠷᠪᠠᠳᠤᠭᠠᠷ ᠳᠤᠮᠳᠠ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠴᠡᠭ᠂ ᠱᠤᠭᠤᠮ᠂ ᠲᠠᠯᠠᠪᠠᠢ︾ ᠭᠤᠷᠪᠠᠨ ᠬᠡᠮᠵᠢᠯ ᠤᠨ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠪᠠᠶᠢᠭᠤᠯᠪᠠ
ᠨᠡᠶᠢᠲᠡᠯᠡᠭᠰᠡᠨ ᠴᠠᠭ᠄
2016-08-03
      ᠡᠨᠡ ᠵᠢᠯ ᠠᠴᠠ ᠡᠬᠢᠯᠡᠨ᠂ ᠭᠤᠷᠪᠠᠳᠤᠭᠠᠷ ᠳᠤᠮᠳᠠ ᠵᠡᠭᠡᠯᠢ ᠶᠢᠨ ᠬᠡᠷᠡᠭ ᠡᠷᠬᠢᠯᠡᠬᠦ ᠭᠠᠵᠠᠷ ᠨᠡᠶᠢᠭᠡᠮ ᠲᠤᠭᠤᠷᠢᠭ ᠤᠨ ᠠᠵᠢᠯ ᠢ ᠤᠯᠠᠮ ᠳᠡᠭᠡᠭᠰᠢᠯᠡᠭᠦᠯᠬᠦ᠂ ᠦᠢᠯᠡᠴᠢᠯᠡᠭᠡᠨ ᠤ ᠠᠷᠭ᠎ᠠ ᠠᠪᠴᠠᠯ ᠢ ᠬᠠᠯᠠᠨ ᠰᠠᠶᠢᠵᠢᠷᠠᠭᠤᠯᠬᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠴᠢᠨᠠᠭᠰᠢᠳᠠ ᠨᠡᠮᠡᠭᠳᠡᠭᠦᠯᠬᠦ ᠬᠠᠷᠠᠯᠲᠠ ᠪᠠᠷ᠂ ᠠᠷᠠᠳ ᠤᠯᠠᠨ ᠤ ᠬᠦᠰᠡᠯ ᠱᠠᠭᠠᠷᠳᠠᠯᠭ᠎ᠠ ᠠᠴᠠ ᠭᠠᠷᠳᠠᠨ᠂ ᠵᠡᠭᠡᠯᠢ ᠭᠤᠳᠤᠮᠵᠢ ᠶᠢᠨ ᠪᠤᠳᠠᠲᠦ ᠪᠠᠶᠢᠳᠠᠯ ᠳᠤ ᠰᠠᠭᠤᠷᠢᠯᠠᠵᠤ᠂ ︽ᠴᠢᠭ ᠪᠠᠶᠢᠭᠤᠯᠤᠨ᠂ ᠱᠤᠭᠤᠮ ᠢ ᠤᠷᠲᠤᠳᠬᠠᠵᠤ᠂ ᠲᠠᠯᠠᠪᠠᠢ ᠶᠢ ᠦᠷᠭᠡᠳᠬᠡᠬᠦ︾ ᠪᠠᠷ ᠳᠠᠮᠵᠢᠭᠠᠳ᠂ ᠭᠤᠷᠪᠠᠨ ᠬᠡᠮᠵᠢᠯ ᠤᠨ ᠦᠢᠯᠡᠴᠢᠯᠡᠭᠡᠨ ᠤ ᠰᠢᠰᠲ᠋ᠧᠮ ᠢ ᠬᠦᠴᠦᠯᠡᠨ ᠪᠠᠶᠢᠭᠤᠯᠵᠤ᠂ ᠪᠤᠰᠤᠭ᠎ᠠ ᠴᠤᠭᠴᠠ ᠶᠢᠨ ᠠᠵᠢᠯ ᠤᠨ ᠪᠠᠶᠢᠷᠢᠰᠢᠯ ᠢ ᠲᠦᠷᠭᠡᠪᠴᠢᠯᠡᠨ ᠪᠦᠷᠢᠯᠳᠦᠭᠦᠯᠪᠡ᠃       ︽ᠴᠢᠭ︾᠄ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠲᠦᠪ ᠤᠨ ᠵᠢᠱᠢᠶ᠎ᠡ ᠦᠵᠡᠭᠦᠯᠬᠦ‍ ᠴᠢᠭ ᠢ ᠲᠦᠷᠭᠡᠪᠴᠢᠯᠡᠨ ᠪᠠᠶᠢᠭᠤᠯᠵᠤ᠂ ᠠᠷᠠᠳ ᠤᠨ ᠠᠮᠢᠳᠤᠷᠠᠯ᠂ ᠲᠦᠯᠦᠪᠯᠡᠭᠡᠲᠦ ᠦᠷᠡᠵᠢᠯ᠂ ᠬᠦᠳᠡᠯᠮᠦᠷᠢ᠂ ᠶᠡᠷᠦᠩᠬᠡᠶᠢᠯᠡᠨ ᠵᠠᠰᠠᠯᠲᠠ ᠵᠡᠷᠭᠡ 5 ᠦᠢᠯᠡᠴᠢᠯᠡᠭᠡᠨ ᠤ ᠴᠤᠩᠬᠤ᠂ 40 ᠭᠠᠷᠤᠢ ᠲᠦᠷᠦᠯ ᠤᠨ ᠦᠢᠯᠡᠴᠢᠯᠡᠭᠡ ᠶᠢ ᠡᠮᠬᠢᠯᠡᠨ ᠨᠢᠬᠡᠳᠭᠡᠵᠦ᠂ ︽ᠨᠢᠭᠡ ᠦᠷᠲᠡᠭᠡᠴᠢᠯᠡᠭᠰᠡᠨ︾᠂ ︽ ᠤᠭᠰᠠᠷᠠᠭ᠎ᠠ︾ ᠦᠢᠯᠡᠴᠢᠯᠡᠭᠡ ᠶᠢ ᠠᠬᠢᠭᠤᠯᠬᠤ ᠪᠠᠷ ᠳᠠᠮᠵᠢᠨ᠂ ᠰᠠᠭᠤᠭᠠᠯᠢ ᠠᠷᠠᠳ ᠤᠨ ᠤᠴᠢᠷ ᠶᠠᠪᠤᠳᠠᠯ ᠢ ︽ᠴᠠᠭ ᠲᠤᠬᠠᠢ ᠳᠤᠨᠢ ᠰᠢᠢᠳᠪᠦᠷᠢᠯᠡᠬᠦ︾᠂ ︽ᠡᠳᠦᠷ ᠲᠤᠨᠢ ᠰᠢᠢᠳᠪᠦᠷᠢᠯᠡᠬᠦ︾ ᠶᠢ ᠦᠨᠳᠦᠰᠦᠨ ᠳᠡᠭᠡᠨ ᠪᠡᠶᠡᠯᠡᠭᠦᠯᠪᠡ᠃       ︽ᠱᠤᠭᠤᠮ︾᠄ ᠤᠯᠠᠨ ᠲᠦᠮᠡᠨ ᠳᠤ ᠦᠢᠯᠡᠴᠢᠯᠡᠬᠦ ᠱᠤᠭᠤᠮ ᠢ ᠤᠷᠲᠤᠳᠬᠠᠨ᠂  ᠰᠤᠷᠪᠤᠯᠵᠢᠯᠡᠨ ᠪᠠᠶᠢᠴᠠᠭᠠᠵᠤ ᠰᠤᠳᠤᠯᠬᠤ᠂ ᠬᠢᠨᠠᠨ ᠬᠠᠮᠢᠶᠠᠷᠴᠦ ᠵᠠᠯᠠᠷᠠᠭᠤᠯᠬᠤ᠂ ᠠᠰᠠᠭᠤᠳᠠᠯ ᠢ ᠴᠡᠭᠴᠡᠯᠡᠨ ᠵᠠᠰᠠᠬᠤ ᠪᠠ ᠮᠦᠷᠲᠡᠨ ᠪᠠᠶᠢᠴᠠᠭᠠᠬᠤ ᠳᠡᠭᠡᠭᠰᠢᠯᠡᠭᠦᠯᠬᠦ ᠳᠦᠷᠪᠡᠨ ᠠᠯᠬᠤᠮ ᠢ ᠴᠢᠩᠭ᠎ᠠ ᠨᠠᠶᠢᠳᠠᠪᠤᠷᠢᠵᠢᠭᠤᠯᠬᠤ ᠪᠠᠷ ᠳᠠᠮᠵᠢᠭᠠᠳ᠂ ᠳᠦᠷᠢᠮᠵᠢᠭᠦᠨ ᠦᠢᠯᠡᠴᠢᠯᠡᠭᠡᠨ ᠤ ᠠᠯᠬᠤᠮ ᠳᠠᠷᠠᠭ᠎ᠠ ᠪᠤᠯᠤᠨ ᠰᠢᠨᠵᠢᠯᠡᠬᠦ ᠤᠬᠠᠭᠠᠨᠴᠢ ᠦᠢᠯᠡᠴᠢᠯᠡᠭᠡᠨ ᠤ ᠠᠷᠭ᠎ᠠ ᠠᠪᠴᠠᠯ ᠢ ᠪᠦᠷᠢᠯᠳᠦᠭᠦᠯᠵᠦ᠂ ᠤᠯᠠᠨ ᠲᠦᠮᠡᠨ ᠤ ᠠᠵᠢᠯ ᠤᠨ ᠴᠢᠭᠯᠡᠯᠲᠦ ᠴᠢᠨᠠᠷ ᠪᠤᠯᠤᠨ ᠦᠷ᠎ᠡ ᠠᠰᠢᠭᠲᠤ ᠴᠢᠨᠠᠷ ᠢ ᠴᠢᠩᠭᠠᠳᠬᠠᠨ᠂ ᠤᠯᠠᠨ ᠲᠦᠮᠡᠨ ᠬᠠᠨᠤᠮᠵᠢ ᠪᠦᠬᠦᠢ ︽ᠦᠢᠯᠡᠴᠢᠯᠡᠭᠡᠨ ᠤ ᠲᠦᠷᠦᠯ ᠵᠦᠢᠯ︾ ᠪᠠ ︽ᠦᠢᠯᠡᠴᠢᠯᠡᠭᠡᠨ ᠤ ᠨᠡᠷᠡᠲᠦ ᠲᠡᠮᠳᠡᠭᠲᠦ︾ ᠶᠢ ᠬᠠᠩᠭᠠᠪᠠ᠃       ︽ᠲᠠᠯᠠᠪᠠᠢ︾᠄ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠳᠠᠭᠠᠭᠠᠴᠢᠯᠠᠨ ᠬᠠᠮᠲᠤᠪᠠᠷ ᠪᠠᠶᠢᠭᠤᠯᠬᠤ ᠲᠤᠤᠷᠵᠢᠯ ᠢ ᠦᠷᠭᠡᠳᠬᠡᠨ᠂ 12 ᠳᠠᠭᠠᠭᠠᠴᠢᠯᠠᠨ ᠬᠠᠮᠳᠦᠪᠡᠷ ᠪᠠᠶᠢᠭᠤᠯᠬᠤ ᠪᠠᠶᠢᠭᠤᠯᠭ᠎ᠠ᠂ 11 ᠦᠨᠳᠦᠰᠦᠨ ᠱᠠᠲᠤᠨ ᠤ ᠨᠠᠮ ᠤᠨ ᠡᠭᠦᠷ᠂ 3 ᠰᠠᠶᠢᠨ ᠳᠤᠷᠠᠴᠤᠳ ᠤᠨ ᠦᠢᠯᠡᠴᠢᠯᠡᠭᠡᠨ ᠤ ᠪᠦᠯᠬᠦᠮ ᠢᠶᠠᠷ ᠭᠤᠤᠯ ᠴᠤᠭᠴᠠ ᠪᠤᠯᠭᠠᠨ᠂ ᠵᠡᠭᠡᠯᠢ ᠭᠤᠳᠤᠮᠵᠢ᠂ ᠨᠡᠶᠢᠭᠡᠮ ᠲᠤᠭᠤᠷᠢᠭ᠂ ᠬᠡᠰᠡᠭ ᠤᠷᠤᠨ ᠭᠤᠷᠪᠠᠨ ᠳᠡᠰ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠦᠯᠵᠢᠶ᠎ᠡ ᠶᠢ ᠪᠠᠶᠢᠭᠤᠯᠵᠤ᠂ ᠲᠤᠲᠤᠭᠠᠲᠤ ᠶᠢ ᠬᠠᠮᠠᠭᠠᠯᠠᠬᠤ᠂ ᠬᠠᠤᠯᠢ ᠴᠠᠭᠠᠵᠠ᠂ ᠬᠤᠲᠠ ᠶᠢᠨ ᠬᠠᠮᠢᠶᠠᠷᠤᠯᠲᠠ ᠬᠤᠯᠪᠤᠭᠠᠯᠠᠨ᠂ ᠬᠠᠤᠯᠢ ᠬᠡᠷᠡᠭᠵᠢᠭᠦᠯᠵᠦ᠂ ᠰᠠᠯᠠᠭ᠎ᠠ ᠮᠦᠴᠢᠷ ᠬᠤᠯᠪᠤᠭᠠᠯᠠᠨ᠂ ᠦᠷᠭᠡᠨ ᠢᠶᠠᠷ ᠤᠷᠤᠯᠴᠠᠵᠤ᠂ ᠬᠠᠮᠲᠤᠪᠡᠷ ᠬᠠᠮᠢᠶᠠᠷᠬᠤ ᠠᠷᠭ᠎ᠠ ᠠᠪᠴᠠᠯ ᠢᠶᠠᠷ᠂ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠤᠯᠠᠨ ᠳᠡᠰ ᠳᠠᠪᠬᠤᠷᠭᠠᠵᠢᠭᠰᠠᠨ᠂ ᠲᠤᠤᠷᠵᠢᠭᠰᠠᠨ ᠶᠡᠭᠡ ᠲᠠᠪᠴᠠᠩ ᠢ ᠪᠠᠶᠢᠭᠤᠯᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号