︽ᠮ᠊᠂ ᠠᠰᠠᠷ ᠤᠨ ᠪᠦᠷᠢᠨ ᠵᠤᠬᠢᠶᠠᠯ︾ ᠤᠩᠰᠢᠭᠴᠢᠳ ᠲᠠᠢ ᠪᠠᠨ ᠵᠤᠯᠭᠠᠯ᠎ᠠ
ᠨᠡᠶᠢᠲᠡᠯᠡᠭᠰᠡᠨ ᠴᠠᠭ᠄
2016-08-09
       8 ᠰᠠᠷ᠎ᠠ ᠶᠢᠨ 6 ᠤ ᠡᠳᠦᠷ ᠡᠳᠦᠷ᠂ ᠦᠪᠦᠷ ᠮᠤᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠦᠪᠦᠷ ᠮᠤᠩᠭᠤᠯ ᠤᠨ ᠵᠤᠬᠢᠶᠠᠯᠴᠢᠳ ᠤᠨ ᠡᠪᠯᠡᠯ᠂ ᠦᠪᠦᠷ ᠮᠤᠩᠭᠤᠯ ᠤᠨ ᠰᠤᠶᠤᠯ ᠤᠨ ᠬᠡᠪᠯᠡᠯ ᠤᠨ ᠬᠤᠷᠢᠶ᠎ᠠ ᠪᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠠᠴᠠ ᠬᠠᠮᠲᠤᠷᠠᠨ ᠡᠷᠬᠢᠯᠡᠭᠰᠡᠨ ᠠᠯᠳᠠᠷᠲᠤ ᠵᠤᠬᠢᠶᠠᠯᠴᠢ ︽ᠮ᠊᠂ ᠠᠰᠠᠷ ᠤᠨ ᠪᠦᠷᠢᠨ ᠵᠤᠬᠢᠶᠠᠯ︾ ᠤᠨ ᠰᠤᠳᠤᠷ ᠰᠡᠬᠦᠬᠦ ᠶᠤᠰᠤᠯᠠᠯ ᠠᠯᠳᠠᠷᠲᠤ ᠵᠤᠬᠢᠶᠠᠯᠴᠢ ᠮ᠊᠂ ᠠᠰᠠᠷ ᠤᠨ ᠲᠦᠷᠦᠭᠰᠡᠨ ᠨᠤᠲᠤᠭ ᠲᠦᠰᠢᠶᠠᠲᠦ ᠨᠤᠲᠤᠭ ᠲᠤ ᠶᠠᠪᠤᠭᠳᠠᠪᠠ᠃        ᠠᠯᠳᠠᠷᠲᠤ ᠵᠤᠬᠢᠶᠠᠯᠴᠢ ᠮ᠊᠂ ᠠᠰᠠᠷ ᠪᠤᠯ ᠮᠤᠩᠭᠤᠯ ᠦᠨᠳᠦᠰᠦᠲᠡᠨ ᠤ ᠲᠤᠭᠤᠵᠢᠰ ᠤᠨ ᠵᠤᠬᠢᠶᠠᠯ ᠤᠨ ᠰᠠᠭᠤᠷᠢᠯᠠᠭᠴᠢ ᠶᠢᠨ ᠨᠢᠭᠡ ᠪᠦᠭᠡᠳ ᠮᠠᠨ ᠤ ᠤᠷᠤᠨ ᠴᠢᠨᠠᠭᠰᠢᠯᠠᠨ ᠪᠦᠬᠦ ᠤᠯᠤᠰ ᠤᠨ ᠠᠯᠳᠠᠷᠲᠦ ᠤᠷᠠᠨ ᠵᠤᠬᠢᠶᠠᠯᠴᠢ ᠪᠠᠶᠢᠵᠤ᠂ ᠮᠤᠩᠭᠤᠯ ᠦᠨᠳᠦᠰᠦᠲᠡᠨ ᠤ ᠤᠳᠬ᠎ᠠ ᠵᠤᠬᠢᠶᠠᠯ ᠤᠨ ᠬᠦᠭᠵᠢᠯᠲᠡ᠂ ᠬᠡᠦᠬᠡᠳ ᠤᠨ ᠤᠳᠬ᠎ᠠ ᠵᠤᠬᠢᠶᠠᠯ ᠤᠷᠠᠯᠢᠭ ᠤᠨ ᠵᠤᠬᠢᠶᠠᠨ ᠪᠦᠲᠦᠭᠡᠬᠦ ᠦᠢᠯᠡᠰ ᠤᠨ ᠲᠦᠯᠦᠭᠡ ᠨᠠᠰᠤ ᠪᠠᠷ ᠢᠶᠠᠨ ᠵᠢᠳᠬᠦᠵᠦ᠂ ᠦᠨᠳᠦᠰᠦᠲᠡᠨ ᠤ ᠤᠳᠬ᠎ᠠ ᠵᠤᠬᠢᠶᠠᠯ ᠤᠷᠠᠯᠢᠭ ᠰᠤᠶᠤᠯ ᠤᠨ ᠦᠢᠯᠡᠰ ᠲᠤ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠶᠤᠮ᠃ ᠲᠡᠭᠦᠨ ᠤ ᠵᠤᠬᠢᠶᠠᠯ ᠪᠦᠲᠦᠭᠡᠯ ᠤᠳ ᠠᠴᠠ ︽ᠵᠠᠮ ᠤᠨ ᠭᠤᠳᠤᠰ ᠲᠤ︾᠂ ︽ᠮᠠᠨᠠᠭᠳᠠᠭᠰᠠᠨ ᠭᠠᠯ︾᠂ ︽ᠪᠠᠭᠰᠢ ᠯᠠᠮᠠ ᠶᠢᠨ ᠪᠠᠭᠠᠯ︾ ᠵᠡᠷᠭᠡ ᠨᠢ ᠦᠪᠡᠷᠲᠡᠭᠡᠨ ᠵᠠᠰᠠᠬᠤ ᠤᠷᠤᠨ ᠤ ︽ᠰᠤᠯᠤᠩᠭ᠎ᠠ︾ ᠱᠠᠩᠨᠠᠯ ᠢ ᠬᠦᠷᠲᠡᠵᠦ᠂ ︽ᠵᠠᠮ ᠤᠨ ᠠᠶᠢᠯ ᠳᠤ︾᠂ ︽ᠪᠠᠯᠠᠷᠠᠰᠢ ᠦᠭᠡᠢ ᠳᠤᠷᠠᠰᠬᠠᠯ︾ ᠨᠢ ᠪᠡᠭᠡᠵᠢᠩ ᠴᠡᠷᠢᠭ ᠤᠨ ᠲᠤᠭᠤᠷᠢᠭ ᠤᠨ ᠤᠷᠠᠨ ᠪᠦᠲᠦᠭᠡᠯ ᠤᠨ ᠱᠠᠩᠨᠠᠯ ᠢ ᠬᠦᠷᠲᠡᠵᠦ᠂ ︽ᠮ᠊᠂ ᠠᠰᠠᠷ ᠤᠨ ᠲᠤᠭᠤᠵᠢ ᠶᠢᠨ ᠲᠡᠭᠦᠪᠦᠷᠢ︾ ᠨᠢ ᠠᠩᠬᠠᠳᠤᠭᠠᠷ ᠤᠳᠠᠭᠠᠨ ᠤ ᠨᠠᠢᠮᠠᠨ ᠮᠤᠵᠢ ᠤᠷᠤᠨ ᠤ ᠰᠢᠯᠢᠳᠡᠭ ᠮᠤᠩᠭᠤᠯ ᠨᠤᠮ ᠪᠢᠴᠢᠭ ᠤᠨ ᠱᠠᠩᠨᠠᠯ᠂ ︽ᠮ᠊᠂ ᠠᠰᠠᠷ ᠤᠨ ᠬᠡᠦᠬᠡᠳ ᠤᠨ ᠵᠤᠬᠢᠶᠠᠯ ᠤᠨ ᠰᠤᠩᠭᠤᠮᠠᠯ︾ ᠨᠢ ᠠᠩᠬᠠᠳᠤᠭᠠᠷ ᠤᠳᠠᠭᠠᠨ ᠤ ᠳᠤᠮᠳᠠᠳᠤ ᠤᠯᠤᠰ ᠤᠨ ᠦᠨᠳᠦᠰᠦᠲᠡᠨ ᠤ ᠨᠤᠮ ᠪᠢᠴᠢᠭ ᠤᠨ ᠱᠠᠩᠨᠠᠯ᠂ ︽ᠡᠬᠡ ᠶᠢᠨ ︿ᠡᠬᠡ ᠶᠢᠨ ᠬᠠᠶᠢᠷ᠎ᠠ﹀︾ ᠦᠭᠦᠯᠡᠯᠭᠡ ᠪᠠ ︽ᠮ᠊᠂ ᠠᠰᠠᠷ ᠤᠨ ᠦᠭᠦᠯᠡᠯᠭᠡ ᠶᠢᠨ ᠰᠤᠩᠭᠤᠮᠠᠯ︾ ᠨᠤᠮ ᠨᠢ ᠠᠩᠬᠠᠳᠤᠭᠠᠷ ᠪᠠ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠴᠦᠭᠡᠨ ᠲᠤᠭᠠᠲᠤ ᠦᠨᠳᠦᠰᠦᠲᠡᠨ ᠤ ᠤᠳᠬ᠎ᠠ ᠵᠤᠬᠢᠶᠠᠯ ᠤᠨ ᠱᠠᠩᠨᠠᠯ ᠢ ᠬᠦᠷᠲᠡᠭᠰᠡᠨ ᠪᠠᠶᠢᠳᠠᠭ᠃ ︽ᠮ᠊᠂ ᠠᠰᠠᠷ ᠤᠨ ᠪᠦᠷᠢᠨ ᠵᠤᠬᠢᠶᠠᠯ︾ ᠢ ᠡᠨᠡ ᠵᠢᠯ ᠤᠨ 6 ᠰᠠᠷ᠎ᠠ ᠳᠤ᠂ ᠦᠪᠦᠷ ᠮᠤᠩᠭᠤᠯ ᠤᠨ ᠬᠡᠪᠯᠡᠯ ᠤᠨ ᠪᠦᠯᠦᠭᠯᠡᠯ ᠠᠴᠠ ᠦᠪᠦᠷ ᠮᠤᠩᠭᠤᠯ ᠤᠨ ᠰᠤᠶᠤᠯ ᠤᠨ ᠬᠡᠪᠯᠡᠯ ᠤᠨ ᠬᠤᠷᠢᠶ᠎ᠠ ᠳᠤ ᠠᠩᠬᠠᠳᠤᠭᠠᠷ ᠬᠡᠪ ᠢᠶᠠᠨ ᠬᠡᠪᠯᠡᠭᠦᠯᠪᠡ ᠃ ︽ᠮ᠊᠂ ᠠᠰᠠᠷ ᠤᠨ ᠪᠦᠷᠢᠨ ᠵᠤᠬᠢᠶᠠᠯ︾ ᠨᠡᠶᠢᠲᠡ 8 ᠪᠤᠳᠢ᠂ 23 ᠲᠦᠮᠡᠨ ᠦᠰᠦᠭ ᠲᠠᠢ ᠪᠠᠶᠢᠵᠤ᠂ ᠲᠤᠭᠤᠵᠢᠰ᠂ ᠨᠠᠶᠢᠷᠠᠭᠤᠯᠤᠯ᠂ ᠺᠢᠨᠤ᠋ ᠤᠷᠠᠨ ᠵᠤᠬᠢᠶᠠᠯ᠂᠂ ᠰᠢᠯᠦᠭ ᠨᠠᠶᠢᠷᠠᠭᠯᠠᠯ᠂ ᠬᠡᠦᠬᠡᠳ ᠤᠨ ᠵᠤᠬᠢᠶᠠᠯ᠂ ᠦᠭᠦᠯᠡᠯ ᠂ ᠰᠢᠭᠦᠮᠵᠢ᠂ ᠵᠠᠬᠢᠳᠠᠯ᠂ ᠤᠷᠴᠢᠭᠤᠯᠭ᠎ᠠ ᠶᠢᠨ ᠵᠤᠬᠢᠶᠠᠯ ᠵᠡᠷᠭᠡ ᠠᠭᠤᠯᠭ᠎ᠠ ᠪᠠᠷ ᠪᠦᠷᠢᠯᠳᠦᠵᠡᠢ᠃       ᠤᠷᠤᠨ ᠠᠶᠢᠮᠠᠭ ᠬᠤᠰᠢᠭᠤ ᠨᠤᠲᠤᠭ ᠤᠨ ᠠᠯᠪᠠᠲᠠᠨ᠂ ᠵᠤᠬᠢᠶᠠᠯᠴᠢ ᠵᠢᠴᠢ ᠮ᠊᠂ ᠠᠰᠠᠷ ᠤᠨ ᠤᠨᠠᠭᠠᠨ ᠨᠠᠶᠢᠵᠠ᠂ ᠲᠦᠷᠦᠯ ᠰᠠᠳᠤᠨ ᠤ ᠲᠦᠯᠦᠭᠡᠯᠡᠭᠴᠢ ᠠᠴᠠ 50 ᠭᠠᠷᠤᠢ ᠬᠦᠮᠦᠨ ᠰᠤᠳᠤᠷ ᠰᠡᠬᠦᠬᠦ ᠶᠤᠰᠤᠯᠠᠯ ᠳᠤ ᠤᠷᠤᠯᠴᠠᠵᠤ᠂ ᠠᠯᠳᠠᠷᠲᠤ ᠵᠤᠬᠢᠶᠠᠯᠴᠢ ᠪᠠᠨ ᠰᠠᠨᠠᠭᠠᠯᠵᠠᠨ ᠳᠤᠷᠠᠰᠴᠤ᠂ ᠬᠦᠨᠳᠦᠳᠬᠡᠨ ᠪᠢᠰᠢᠷᠡᠵᠦ ᠪᠠᠶᠢᠭ᠎ᠠ ᠬᠠᠶᠢᠷ᠎ᠠ ᠰᠡᠳᠬᠢᠯᠭᠡ ᠪᠠᠨ ᠢᠯᠡᠳᠬᠡᠬᠦ ᠶᠢᠨ ᠬᠠᠮᠲᠤ ︽ᠮ᠊᠂ ᠠᠰᠠᠷ ᠤᠨ ᠪᠦᠷᠢᠨ ᠵᠤᠬᠢᠶᠠᠯ︾ ᠢ ᠠᠩᠬᠠᠯᠠᠨ ᠲᠠᠷᠬᠠᠭᠠᠬᠤ ᠲᠤᠬᠠᠢ ᠤᠯᠤᠯᠲᠠ ᠲᠦᠷᠦᠭᠳᠡᠯ ᠢᠶᠠᠨ ᠦᠷᠭᠡᠨ ᠢᠶᠠᠷ ᠰᠤᠯᠢᠯᠴᠠᠪᠠ᠃ ᠶᠤᠰᠤᠯᠠᠯ ᠳᠡᠭᠡᠷ᠎ᠡ ︽ᠮ᠊᠂ ᠠᠰᠠᠷ ᠤᠨ ᠪᠦᠷᠢᠨ ᠵᠤᠬᠢᠶᠠᠯ︾ ᠤᠨ ᠠᠩᠬᠠᠳᠤᠭᠠᠷ ᠬᠡᠪᠯᠡᠯ ᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠢᠭᠡᠳᠦᠭᠡᠷ᠂ ᠳᠦᠷᠪᠡᠳᠦᠭᠡᠷ ᠮᠤᠩᠭᠤᠯ ᠪᠠᠭ᠎ᠠ ᠰᠤᠷᠭᠠᠭᠤᠯᠢ᠂ ᠳᠦᠷᠪᠡᠳᠦᠭᠡᠷ᠂ ᠵᠢᠷᠭᠤᠳᠤᠭᠠᠷ ᠮᠤᠩᠭᠤᠯ ᠳᠤᠮᠳᠠᠳᠤ ᠰᠤᠷᠭᠠᠭᠤᠯᠢ ᠪᠠ ᠪᠠᠵᠠᠯᠠᠭ᠎ᠠ ᠮᠤᠩᠭᠤᠯ ᠰᠤᠷᠭᠠᠭᠤᠯᠢ ᠳᠤ ᠪᠡᠯᠡᠭᠯᠡᠭᠰᠡᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ︽ᠮᠥᠩᠬᠡ ᠭᠠᠯ︾ ᠺᠣᠮᠫᠢᠦ᠋ᠲ᠋ᠧᠷ ᠰᠣᠹᠲ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号