ᠬᠠᠳᠠ ᠵᠡᠭᠡᠯᠢ ᠭᠤᠳᠤᠮᠵᠢ ᠤᠯᠤᠰ ᠤᠨ ᠪᠠᠶᠠᠷ ᠤᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠴᠢᠩᠭᠠᠳᠬᠠᠨ᠂ ᠰᠠᠭᠤᠭᠠᠯᠢ ᠠᠷᠠᠳ ᠤᠨ ᠠᠮᠤᠷ ᠲᠦᠪᠰᠢᠨ ᠨᠠᠶᠢᠷᠠᠮᠳᠠᠭᠤ ᠪᠠᠶᠠᠷ ᠤᠨ ᠡᠳᠦᠷ ᠢᠶᠠᠨ ᠦᠩᠭᠡᠷᠡᠭᠦᠯᠬᠦ ᠶᠢ ᠪᠠᠲᠤᠯᠠᠪᠠ
ᠨᠡᠶᠢᠲᠡᠯᠡᠭᠰᠡᠨ ᠴᠠᠭ᠄
2016-09-30
       ᠤᠯᠤᠰ ᠤᠨ ᠪᠠᠶᠠᠷ ᠪᠤᠯᠬᠤ ᠳᠠᠰᠢᠷᠠᠮ ᠢᠶᠠᠷ᠂ 29 ᠤ ᠡᠳᠦᠷ᠂ ᠬᠠᠳᠠ ᠵᠡᠭᠡᠯᠢ ᠭᠤᠳᠤᠮᠵᠢ ᠭᠠᠯ ᠤᠨᠲᠠᠷᠠᠭᠠᠬᠤ ᠠᠩᠭᠢ᠂ ᠲᠤᠮᠢᠯᠠᠭᠰᠠᠨ ᠰᠠᠯᠪᠤᠷᠢ᠂ ᠵᠡᠭᠡᠯᠢ ᠭᠤᠳᠤᠮᠵᠢ ᠶᠢᠨ ᠠᠶᠤᠯᠭᠦᠢ ᠶᠢᠨ ᠬᠢᠨᠠᠯᠲᠠ ᠶᠢᠨ ᠦᠷᠲᠡᠭᠡ᠂ ᠨᠡᠶᠢᠭᠡᠮ ᠲᠤᠭᠤᠷᠢᠭ ᠤᠨ ᠠᠵᠢᠯᠲᠠᠨ ᠵᠡᠷᠭᠡ ᠲᠠᠢ ᠬᠠᠮᠲᠤᠷᠠᠨ᠂ ᠬᠠᠷᠢᠶ᠎ᠠ ᠲᠤᠭᠤᠷᠢᠭ ᠤᠨ ᠵᠤᠴᠢᠳ ᠤᠨ ᠪᠠᠭᠤᠳᠠᠯ᠂ ᠬᠤᠭᠤᠯᠠᠨ ᠭᠡᠷ᠂ ᠬᠡᠲᠦ ᠳᠡᠯᠭᠡᠭᠦᠷ ᠵᠡᠷᠭᠡ ᠬᠦᠮᠦᠨ ᠠᠮᠠ ᠨᠢᠭᠲᠠ ᠭᠠᠵᠠᠷ ᠲᠤ ᠠᠶᠤᠯᠭᠦᠢ ᠶᠢᠨ ᠪᠠᠶᠢᠴᠠᠭᠠᠯᠲᠠ ᠬᠢᠵᠦ ᠂ ᠲᠡᠳᠡᠨ ᠢ ᠴᠠᠭ ᠲᠤᠬᠠᠢ ᠳᠤᠨᠢ ᠤᠪᠤᠭ᠎ᠠ ᠲᠠᠢ ᠬᠤᠭ ᠯᠤᠪᠰᠢ ᠪᠠᠨ ᠴᠡᠪᠡᠷᠯᠡᠵᠦ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠠᠩᠬᠠᠷᠤᠨ᠂ ᠭᠠᠯ ᠤᠨᠲᠠᠷᠠᠭᠠᠬᠤ ᠰᠤᠪᠠᠭ ᠤᠨ ᠢᠯᠭᠤᠮ ᠨᠡᠪᠲᠡᠷᠡᠬᠦ ᠶᠢ ᠪᠠᠲᠤᠯᠠᠵᠤ᠂ ᠭᠠᠯ ᠤᠨᠲᠠᠷᠠᠭᠠᠬᠤ ᠲᠤᠨᠤᠭ ᠲᠦᠬᠦᠭᠡᠷᠦᠮᠵᠢ ᠶᠢ ᠪᠦᠷᠢᠨ ᠲᠦᠬᠦᠷ ᠪᠣᠯᠭᠠᠬᠤ ᠶᠢ ᠱᠠᠭᠠᠷᠳᠠᠵᠠᠢ᠃ ᠡᠭᠦᠨ ᠤ ᠬᠠᠮᠲᠤ᠂ ᠭᠠᠯ ᠤᠨᠲᠠᠷᠠᠭᠠᠬᠤ ᠠᠩᠭᠢ ᠶᠢᠨ ᠬᠢᠨ ᠪᠠᠰᠠ ᠨᠡᠶᠢᠭᠡᠮ ᠲᠤᠭᠤᠷᠢᠭ ᠤᠨ ︽ᠪᠢᠴᠢᠯ ᠭᠠᠯ ᠤᠨᠲᠠᠷᠠᠭᠠᠬᠤ ᠦᠷᠲᠡᠭᠡ︾ ᠳᠤ ᠰᠢᠨ᠎ᠡ ᠤᠭᠰᠠᠷᠠᠭᠰᠠᠨ ᠭᠠᠯ ᠤᠨᠲᠠᠷᠠᠭᠠᠬᠤ ᠲᠤᠨᠤᠭ ᠲᠦᠬᠦᠭᠡᠷᠦᠮᠵᠢ ᠶᠢᠨ ᠬᠡᠷᠡᠭᠯᠡᠯᠲᠡ ᠶᠢᠨ ᠲᠤᠬᠠᠢ ᠪᠤᠯᠪᠠᠰᠤᠷᠠᠯ ᠪᠠ ᠰᠤᠷᠢᠯᠲᠠ ᠬᠢᠵᠦ᠂ ᠡᠨᠡ ᠤᠳᠠᠭᠠᠨ ᠤ ᠪᠠᠶᠢᠴᠠᠭᠠᠯᠲᠠ ᠪᠠᠷ ᠳᠠᠮᠵᠢᠵᠦ᠂ ᠠᠮᠤᠷ ᠲᠦᠪᠰᠢᠨ ᠤ ᠭᠡᠮ ᠰᠤᠭᠤᠭ ᠢ ᠠᠷᠢᠯᠭᠠᠨ᠂ ᠰᠠᠭᠤᠭᠠᠯᠢ ᠠᠷᠠᠳ ᠤᠨ ᠦᠢᠯᠡᠳᠪᠦᠷᠢᠯᠡᠯ᠂ ᠠᠮᠢᠳᠤᠷᠠᠯ ᠤᠨ ᠠᠮᠤᠷ ᠲᠦᠪᠰᠢᠨ ᠤ ᠬᠡᠮᠵᠢᠶ᠎ᠡ ᠶᠢ ᠤᠯᠠᠮ ᠳᠡᠭᠡᠭᠰᠢᠯᠡᠭᠦᠯᠵᠦ᠂ ᠤᠯᠤᠰ ᠤᠨ ᠪᠠᠶᠠᠷ ᠤᠨ ᠬᠤᠭᠤᠴᠠᠭᠠᠨ ᠤ ᠠᠮᠤᠷ ᠲᠦᠪᠰᠢᠨ ᠨᠠᠶᠢᠷᠠᠮᠳᠠᠭᠤ ᠠᠭᠤᠷ ᠠᠮᠢᠰᠬᠤᠯ ᠢ ᠪᠠᠲᠤᠯᠠᠪᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号