ᠴᠠᠩ ᠴᠢᠩ ᠨᠡᠶᠢᠭᠡᠮ ᠲᠤᠭᠤᠷᠢᠭ ᠤᠯᠤᠰ ᠤᠨ ᠲᠤᠭ ᠮᠠᠨᠳᠤᠭᠤᠯᠤᠨ᠂ ᠤᠯᠤᠰ ᠤᠨ ᠪᠠᠶᠠᠷ ᠢ ᠪᠡᠯᠭᠡᠯᠡᠬᠦ ᠠᠵᠢᠯᠯᠠᠭᠠᠨ ᠦᠷᠨᠢᠭᠦᠯᠪᠡ
ᠨᠡᠶᠢᠲᠡᠯᠡᠭᠰᠡᠨ ᠴᠠᠭ᠄
2016-09-30
       ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 67 ᠵᠢᠯ ᠤᠨ ᠤᠢ ᠶᠢᠨ ᠪᠠᠶᠠᠷ ᠬᠦᠷᠴᠦ ᠢᠷᠡᠬᠦ ᠳᠠᠰᠢᠷᠠᠮ ᠢᠶᠠᠷ᠂ ᠨᠡᠶᠢᠭᠡᠮ ᠲᠤᠭᠤᠷᠢᠭ ᠤᠨ ᠤᠯᠤᠰ ᠢᠶᠠᠨ ᠬᠠᠶᠢᠷᠠᠯᠠᠬᠤ ᠦᠵᠡᠯ ᠤᠨ ᠰᠤᠷᠭᠠᠨ ᠬᠦᠮᠦᠵᠢᠯ ᠢ ᠴᠢᠩᠭᠠᠳᠬᠠᠨ᠂ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠦᠨᠳᠦᠰᠦᠲᠡᠨ ᠤ ᠤᠮᠤᠭᠰᠢᠯᠲᠤ ᠰᠡᠳᠬᠢᠯᠭᠡ ᠶᠢ ᠨᠡᠮᠡᠭᠳᠡᠭᠦᠯᠬᠦ ᠶᠢᠨ ᠲᠦᠯᠦᠭᠡ᠂ ᠤᠶᠢᠷ᠎ᠠ ᠳᠤ᠂ ᠴᠠᠩ ᠴᠢᠩ ᠨᠡᠶᠢᠭᠡᠮ ᠲᠤᠭᠤᠷᠢᠭ ᠰᠠᠭᠤᠭᠠᠯᠢ ᠠᠷᠠᠳ ᠤᠨ ᠲᠦᠯᠦᠭᠡᠯᠡᠭᠴᠢᠳ ᠪᠤᠯᠤᠨ ᠨᠠᠮ ᠤᠨ ᠭᠡᠰᠢᠭᠦᠨ ᠢ ᠵᠤᠬᠢᠶᠠᠨ ᠪᠠᠶᠢᠭᠤᠯᠵᠤ᠂ ᠬᠠᠷᠢᠶ᠎ᠠ ᠲᠤᠭᠤᠷᠢᠭ ᠤᠨ ᠰᠤᠷᠭᠠᠭᠤᠯᠢ ᠳᠤ ᠤᠯᠤᠰ ᠤᠨ ᠲᠤᠭ ᠮᠠᠨᠳᠤᠭᠤᠯᠬᠤ ᠶᠤᠰᠤᠯᠠᠯ ᠶᠠᠪᠤᠭᠳᠠᠭᠤᠯᠪᠠ᠃        ᠨᠡᠶᠢᠭᠡᠮ ᠲᠤᠭᠤᠷᠢᠭ ᠤᠨ ᠰᠠᠭᠤᠭᠠᠯᠢ ᠠᠷᠠᠳ᠂ ᠨᠠᠮ ᠤᠨ ᠭᠡᠰᠢᠭᠦᠨ ᠪᠤᠯᠤᠨ ᠨᠡᠶᠢᠭᠡᠮ ᠲᠤᠭᠤᠷᠢᠭ ᠤᠨ ᠨᠠᠰᠤᠨ ᠳᠤ ᠦᠯᠦ ᠬᠦᠷᠦᠭᠰᠡᠳ ᠨᠡᠶᠢᠲᠡ 700 ᠢᠯᠡᠭᠦᠦ ᠬᠦᠮᠦᠨ ᠲᠤᠭ ᠮᠠᠨᠳᠤᠭᠤᠯᠬᠤ ᠶᠤᠰᠤᠯᠠᠯ ᠳᠤ ᠤᠷᠤᠯᠴᠠᠪᠠ ᠃ ᠪᠦᠭᠦᠳᠡᠭᠡᠷ ᠤᠬᠠᠮᠰᠠᠷ ᠠᠴᠠ ᠪᠠᠨ ᠳᠡᠷᠢ ᠲᠡᠭᠰᠢ ᠡᠩᠨᠡᠨ ᠵᠢᠭᠰᠠᠵᠤ᠂ ᠲᠤᠭ ᠮᠠᠨᠳᠤᠭᠤᠯᠬᠤ ᠰᠦᠷ ᠵᠢᠪᠬᠤᠯᠠᠩᠲᠤ ᠭᠱᠠᠨ ᠢ ᠬᠦᠯᠢᠶᠡᠬᠦ ᠵᠠᠭᠤᠷ᠎ᠠ᠂ ᠬᠦᠮᠦᠨ ᠪᠦᠷᠢ ᠭᠠᠷ ᠲᠠᠭᠠᠨ ᠪᠢᠴᠢᠬᠠᠨ ᠤᠯᠤᠰ ᠤᠨ ᠲᠤᠭ ᠠᠳᠬᠤᠵᠤ᠂ ᠨᠢᠭᠤᠷ ᠲᠠᠭᠠᠨ ᠪᠠᠶᠠᠷ ᠤᠨ ᠮᠦᠰᠢᠶᠡᠯ᠂ ᠤᠮᠤᠭᠰᠢᠯᠲᠤ ᠢᠨᠢᠶᠡᠮᠰᠦᠭᠯᠡᠯ ᠲᠤᠳᠤᠷᠠᠭᠤᠯᠵᠤ ᠪᠠᠶᠢᠯ᠎ᠠ᠃ ᠦᠷᠯᠦᠭᠡᠨ ᠤ ᠨᠠᠢᠮᠠᠨ ᠴᠠᠭ ᠲᠤ᠂ ᠲᠠᠪᠤᠨ ᠤᠳᠤᠮᠲᠤ ᠤᠯᠠᠭᠠᠨ ᠲᠤᠭ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠠᠶᠠᠰ ᠤᠨ ᠳᠤᠮᠳᠠ ᠠᠯᠭᠤᠷ ᠮᠠᠨᠳᠤᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠶᠤᠰᠤᠯᠠᠵᠤ᠂ ᠨᠠᠮ ᠤᠨ ᠭᠡᠰᠢᠭᠦᠨ᠂ ᠰᠠᠭᠤᠭᠠᠯᠢ ᠠᠷᠠᠳ ᠰᠢᠷᠲᠡᠨ ᠬᠠᠷᠠᠬᠤ ᠶᠤᠰᠤᠯᠠᠯ ᠬᠢᠪᠡ᠃ ᠲᠠᠪᠤᠨ ᠤᠳᠦᠲᠦ ᠤᠯᠠᠭᠠᠨ ᠲᠤᠭ ᠦᠨᠳᠦᠷ ᠲᠤ ᠮᠠᠨᠳᠤᠬᠤ ᠳᠤ᠂ ᠬᠦᠮᠦᠨ ᠪᠦᠷᠢ ᠶᠢᠨ ᠬᠠᠯᠠᠭᠤᠨ ᠰᠡᠳᠬᠢᠯᠭᠡ ᠤᠷᠭᠢᠯᠤᠮ᠎ᠠ ᠪᠤᠯᠵᠤ᠂ ᠡᠬᠡ ᠤᠯᠤᠰ ᠲᠠᠭᠠᠨ ᠲᠦᠷᠦᠭᠰᠡᠨ ᠡᠳᠦᠷ ᠤᠨ ᠵᠦᠩᠨᠡᠯ ᠳᠡᠪᠰᠢᠭᠦᠯᠦᠨ᠂ ᠬᠠᠮᠲᠤᠪᠠᠷ ᠠᠭᠤᠤ ᠶᠡᠭᠡ ᠡᠬᠡ ᠤᠯᠤᠰ ᠤᠨ ᠢᠶᠠᠨ ᠠᠰᠤᠷᠤ ᠬᠦᠭᠵᠢᠯᠲᠡ ᠶᠢ ᠵᠦᠩᠨᠡᠨ ᠪᠡᠯᠭᠡᠳᠡᠪᠡ᠃        ᠡᠨᠡ ᠡᠳᠦᠷ ᠤᠨ ᠲᠤᠭ ᠮᠠᠨᠳᠤᠭᠤᠯᠬᠤ ᠶᠤᠰᠤᠯᠠᠯ ᠪᠤᠯ ᠴᠠᠩ ᠴᠢᠩ ᠨᠡᠶᠢᠭᠡᠮ ᠲᠤᠭᠤᠷᠢᠭ ᠤᠨ ᠪᠦᠬᠦ ᠨᠠᠮ ᠤᠨ ᠭᠡᠰᠢᠭᠦᠨ ︽ᠬᠤᠶᠠᠷ ᠢ ᠰᠤᠷᠤᠯᠴᠠᠨ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠢ ᠦᠷᠨᠢᠭᠦᠯᠵᠦ᠂ ᠵᠤᠷᠢᠭᠲᠠᠢ ᠪᠠᠷ ᠤᠯᠠᠨ ᠲᠦᠮᠡᠨ ᠤ ᠬᠢᠨᠠᠯᠲᠠ ᠶᠢ ᠬᠦᠯᠢᠶᠡᠵᠦ ᠪᠠᠶᠢᠬᠤ ᠶᠢᠨ ᠪᠤᠳᠠᠳᠤ ᠢᠯᠡᠷᠡᠯ ᠪᠤᠯᠤᠨ᠎ᠠ᠂ ᠴᠠᠩ ᠴᠢᠩ ᠨᠡᠶᠢᠭᠡᠮ ᠲᠤᠭᠤᠷᠢᠭ ᠤᠨ ᠦᠷᠭᠡᠨ ᠤᠯᠠᠨ ᠰᠠᠭᠤᠭᠠᠯᠢ ᠠᠷᠠᠳ ᠤᠨ ᠢᠳᠡᠪᠬᠢᠲᠡᠢ ᠤᠷᠤᠯᠴᠠᠯᠭ᠎ᠠ ᠳᠤᠤᠷ᠎ᠠ᠂ ᠨᠡᠶᠢᠭᠡᠮ ᠲᠤᠭᠤᠷᠢᠭ ᠤᠨ ᠮᠠᠷᠭᠠᠰᠢ ᠨᠡᠩ ᠭᠡᠭᠡᠨ ᠰᠠᠷᠠᠭᠤᠯ ᠪᠤᠯᠬᠤ ᠨᠢ ᠯᠠᠪᠲᠠᠢ︕
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号