︽ᠢᠨᠲ᠋ᠧᠷ ᠰᠦᠯᠵᠢᠶ᠎ᠠ + ᠬᠦᠢᠯᠭᠡᠭᠡᠨ︾ ᠤ ᠠᠵᠢᠯᠯᠠᠭᠠᠨ ᠤ ᠳᠥᠯᠥᠪᠯᠡᠭᠡ ᠶᠢ ᠬᠦᠨᠵᠡᠭᠡᠢ ᠭᠡᠷᠡᠭᠵᠢᠬᠦᠯᠬᠦ ᠠᠵᠢᠯ ᠤᠨ ᠳᠥᠰᠥᠯ ᠢ ᠲᠠᠷᠣᠮᠠᠯᠯᠠᠨ ᠶᠠᠪᠤᠭᠤᠯᠬᠠᠥ ᠲᠣᠬᠠᠢ ᠦᠪᠣᠷ ᠮᠤᠩᠭᠤᠯ ᠤᠨ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2017-01-23
                 ᠥᠪᠥᠷ ᠵᠠᠰᠠᠭ ᠠᠯᠪᠠᠨ ᠲᠠᠷᠬᠠᠭᠠᠭᠰᠠᠨ ︹2016︺ 100 ᠳ᠋ᠤᠭᠠᠷ ᠲᠤᠭᠠᠳᠤ                   2016 ᠣᠨ ᠤ 8 ᠳ᠋ᠣᠭᠠᠷ ᠰᠡᠷ᠎ᠠ ᠶᠢᠨ 10 ᠤ ᠡᠳᠣᠷ ᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠬᠠᠥ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠥ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄        ︽ᠦᠪᠤᠷ ᠮᠣᠩᠭᠤᠯ ᠤᠨ ᠦᠪᠡᠷᠳᠡᠬᠡᠨ ᠵᠠᠰᠬᠠᠥ ᠣᠷᠣᠨ ᠤ ︿ᠢᠨᠲ᠋ᠧᠷ ᠰᠦᠯᠵᠢᠶ᠎ᠠ + ᠬᠦᠢᠯᠭᠡᠭᠡᠨ﹀ ᠤ ᠠᠵᠢᠯᠯᠠᠭᠠᠨ ᠤ ᠳᠥᠯᠥᠪᠯᠡᠭᠡ ᠶᠢ ᠬᠦᠨᠵᠡᠭᠡᠢ ᠭᠡᠷᠡᠭᠵᠢᠬᠦᠯᠬᠦ ᠠᠵᠢᠯ ᠤᠨ ᠳᠥᠰᠥᠯ︾ ᠢ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠦᠭᠡᠳ᠂ ᠡᠳᠣᠭᠡ ᠳᠡᠨᠡᠷ ᠲᠤ ᠲᠠᠷᠣᠮᠠᠯᠯᠠᠨ ᠶᠠᠪᠤᠭᠤᠯᠥᠯ᠎ᠠ᠂ ᠪᠤᠳᠡᠳᠡᠢ ᠲᠠᠢ ᠪᠠᠨ ᠣᠶᠠᠯᠳᠣᠭᠤᠯᠵᠦ᠂ ᠬᠢᠨᠠᠮᠠᠭᠠᠢ ᠲᠣᠣᠱᠯᠠᠭᠤᠯᠥᠨ ᠨᠡᠶᠢᠳᠡᠪᠦᠷᠢᠵᠢᠭᠤᠯᠳᠣᠭᠠᠢ᠃ ᠦᠪᠤᠷ ᠮᠣᠩᠭᠤᠯ ᠤᠨ ᠦᠪᠡᠷᠳᠡᠬᠡᠨ ᠵᠠᠰᠬᠠᠥ ᠣᠷᠣᠨ ᠤ ︽ᠢᠨᠲ᠋ᠧᠷ ᠰᠦᠯᠵᠢᠶ᠎ᠠ + ᠬᠦᠢᠯᠭᠡᠭᠡᠨ︾ ᠤ ᠠᠵᠢᠯᠯᠠᠭᠠᠨ ᠤ ᠳᠥᠯᠥᠪᠯᠡᠭᠡ ᠶᠢ ᠬᠦᠨᠵᠡᠭᠡᠢ ᠭᠡᠷᠡᠭᠵᠢᠬᠦᠯᠬᠦ ᠠᠵᠢᠯ ᠤᠨ ᠳᠥᠰᠥᠯ ︽︿ᠢᠨᠲ᠋ᠧᠷ ᠰᠦᠯᠵᠢᠶ᠎ᠠ + ᠬᠦᠢᠯᠭᠡᠭᠡᠨ﹀ ᠤ ᠠᠵᠢᠯᠯᠠᠭᠠᠨ ᠤ ᠳᠥᠯᠥᠪᠯᠡᠭᠡ ᠶᠢ ᠬᠦᠨᠵᠡᠭᠡᠢ ᠭᠡᠷᠡᠭᠵᠢᠬᠦᠯᠬᠦ ᠲᠣᠬᠠᠢ ᠳᠥᠷᠥ ᠶᠢᠨ ᠶᠠᠪᠤᠳᠡᠯ ᠤᠨ ᠬᠤᠷᠢᠶ᠎ᠠ ᠶᠢᠨ ᠠᠯᠪᠠᠨ ᠳᠢᠩᠬᠢᠮ ᠤᠨ ᠰᠠᠨᠠᠯ︾ ︵ᠳᠥᠷᠥ ᠠᠯᠪᠠᠨ ᠲᠠᠷᠬᠠᠭᠠᠠᠠᠰᠠᠨ ︹2016︺ 24 ᠳ᠋ᠣᠭᠡᠷ ᠲᠣᠭᠠᠳᠣ︶ ᠤᠨ ᠵᠣᠷᠢᠭ ᠰᠠᠨᠠᠭ᠎ᠠ ᠶᠢ ᠲᠣᠣᠱᠯᠠᠭᠤᠯᠥᠨ ᠨᠡᠶᠢᠳᠡᠪᠦᠷᠢᠵᠢᠭᠤᠯᠵᠦ᠂ ︽ᠢᠨᠲ᠋ᠧᠷ ᠰᠦᠯᠵᠢᠶ᠎ᠠ + ᠬᠦᠢᠯᠭᠡᠭᠡᠨ︾ ᠤ ᠠᠵᠢᠯᠯᠠᠭᠠᠨ ᠤ ᠳᠥᠯᠥᠪᠯᠡᠭᠡ ᠶᠢ ᠬᠦᠨᠵᠡᠭᠡᠢ ᠭᠡᠷᠡᠭᠵᠢᠬᠦᠯᠥᠨ᠂ ᠪᠦᠬᠦ ᠣᠷᠣᠨ ᠤ ᠪᠤᠳᠡᠳᠣ ᠴᠣᠠᠠᠴᠠ ᠶᠢᠨ ᠬᠤᠳᠠᠯᠳᠣᠭᠠᠨ ᠤ ᠰᠦᠯᠵᠢᠶᠡᠨ ᠳᠡᠭᠡᠷ᠎ᠠ ᠪᠠ ᠰᠦᠯᠵᠢᠶᠡᠨ ᠠᠴᠠ ᠭᠠᠳᠠᠨᠠᠬᠢ ᠶᠢ ᠠᠭᠤᠰᠣᠯᠴᠠᠭᠤᠯᠥᠨ ᠬᠦᠭᠵᠢᠬᠦᠯᠬᠦ ᠶᠢ ᠣᠯᠡᠮ ᠨᠢᠭᠡ ᠠᠯᠬᠤᠮ ᠠᠬᠢᠭᠤᠯᠵᠦ᠂ ᠬᠠᠩᠭᠠᠯᠭ᠎ᠠ ᠭᠡᠷᠡᠭᠴᠡᠭᠡ ᠶᠢᠨ ᠬᠤᠶᠡᠷ ᠳᠡᠯ᠎ᠠ ᠠᠴᠠ ᠬᠦᠴᠣᠯᠠᠨ᠂ ᠠᠷᠡᠯᠵᠢᠶ᠎ᠠ ᠬᠤᠳᠠᠯᠳᠤᠭ᠎ᠠ ᠶᠢᠨ ᠬᠦᠢᠯᠭᠡᠭᠡᠨ ᠤ ᠭᠡᠯᠪᠡᠷᠢ ᠪᠠᠨ ᠬᠤᠪᠢᠷᠡᠭᠤᠯᠥᠨ ᠳᠡᠰ ᠳᠡᠪᠰᠢᠬᠦᠯᠬᠦ ᠶᠢ ᠳᠥᠷᠭᠡᠳᠭᠡᠵᠦ᠂ ᠠᠵᠦ ᠠᠬᠤᠢ ᠶᠢᠨ ᠬᠦᠭᠵᠢᠯᠳᠡ ᠶᠢᠨ ᠰᠢᠨ᠎ᠠ ᠬᠦᠳᠡᠯᠭᠡᠬᠦ ᠬᠦᠴᠣᠨ ᠢ ᠬᠦᠭᠵᠢᠭᠡᠨ᠂ ᠦᠪᠡᠷᠳᠡᠭᠡᠨ ᠵᠠᠰᠠᠬᠤ ᠣᠷᠣᠨ ᠤ ᠪᠤᠳᠡᠳᠡᠢ ᠲᠠᠢ ᠪᠠᠨ ᠣᠶᠠᠯᠳᠣᠭᠤᠯᠥᠨ᠂ ᠲᠣᠰ ᠳᠥᠰᠥᠯ ᠢ ᠲᠣᠠᠠᠳᠠᠭᠠᠪᠠ᠃        ᠨᠢᠭᠡ᠂ ︽ᠢᠨᠲ᠋ᠧᠷ ᠰᠦᠯᠵᠢᠶ᠎ᠠ + ᠬᠦᠢᠯᠭᠡᠭᠡᠨ︾ ᠤ ᠠᠵᠢᠯᠯᠠᠭᠠᠨ ᠤ ᠳᠥᠯᠥᠪᠯᠡᠭᠡ ᠶᠢ ᠬᠦᠨᠵᠡᠭᠡᠢ ᠭᠡᠷᠡᠭᠵᠢᠬᠦᠯᠬᠦ ᠶᠢᠨ ᠴᠢᠬᠤᠯᠡ ᠠᠴᠢ ᠬᠤᠯᠪᠤᠠᠠᠳᠡᠯ ᠢ ᠬᠦᠢᠴᠡᠳ ᠳᠡᠨᠢᠬᠤ ᠭᠡᠷᠡᠭᠳᠡᠢ        ︽ᠢᠨᠲ᠋ᠧᠷ ᠰᠦᠯᠵᠢᠶ᠎ᠠ + ᠬᠦᠢᠯᠭᠡᠭᠡᠨ︾ ᠨᠢ ᠶᠠᠭ ᠰᠠᠶᠢᠬᠠᠨ ᠳᠥᠮᠡᠨ ᠣᠯᠡᠨ ᠢᠶᠠᠷ ᠢᠶᠠᠨ ᠠᠳᠠᠯ ᠦᠢᠯᠡᠰ ᠴᠣᠠᠠᠴᠠᠯᠠᠨ᠂ ᠳᠦᠭ ᠳᠥᠮᠡᠨ ᠢᠶᠠᠷ ᠢᠶᠠᠨ ᠰᠢᠨ᠎ᠡ ᠶᠢ ᠡᠬᠦᠳᠬᠦ ᠬᠠᠮᠤᠭ ᠤᠨ ᠠᠮᠢᠵᠢᠷᠡᠯ ᠤᠨ ᠬᠦᠴᠣᠨ ᠲᠠᠢ ᠬᠦᠷᠢᠶ᠎ᠠ ᠴᠡᠷᠠᠭ᠎ᠠ ᠪᠤᠯᠵᠦ᠂ ᠰᠢᠨ᠎ᠠ ᠶᠢ ᠡᠬᠦᠳᠬᠦ ᠬᠦᠭᠵᠢᠯᠳᠡ ᠶᠢ ᠬᠦᠳᠦᠯᠥᠨ ᠳᠠᠭᠠᠭᠤᠯᠬᠤ᠂ ᠵᠤᠬᠢᠴᠠᠩᠭᠤᠢ ᠬᠦᠭᠵᠢᠯᠳᠡ ᠶᠢ ᠠᠬᠢᠭᠤᠯᠬᠤ᠂ ᠪᠤᠬᠢᠷᠳᠦᠯ ᠦᠭᠡᠢ ᠬᠦᠭᠵᠢᠯᠳᠡ ᠶᠢ ᠬᠦᠭᠵᠢᠭᠡᠬᠦ᠂ ᠨᠡᠭᠡᠭᠡᠨ ᠬᠦᠭᠵᠢᠬᠦᠯᠬᠦ ᠶᠢ ᠳᠥᠷᠭᠡᠳᠭᠡᠬᠦ᠂ ᠬᠠᠮᠳᠣᠪᠡᠷ ᠬᠦᠷᠳᠡᠬᠦ ᠬᠦᠭᠵᠢᠯᠳᠡ ᠶᠢ ᠪᠠᠶᠠᠯᠠᠬᠦᠯᠬᠦ᠂ ᠬᠦᠢᠯᠭᠡᠭᠡᠨ ᠤ ᠬᠤᠪᠢᠰᠬᠠᠯ ᠢ ᠠᠬᠢᠭᠤᠯᠬᠤ ᠴᠢᠬᠤᠯᠡ ᠠᠷᠭ᠎ᠠ ᠵᠠᠮ ᠪᠤᠯᠥᠠᠠᠰᠠᠨ ᠪᠠᠶᠢᠨ᠎ᠠ᠃ ︽ᠢᠨᠲ᠋ᠧᠷ ᠰᠦᠯᠵᠢᠶ᠎ᠠ + ᠬᠦᠢᠯᠭᠡᠭᠡᠨ︾ ᠤ ᠠᠵᠢᠯᠯᠠᠭᠠᠨ ᠤ ᠳᠥᠯᠥᠪᠯᠡᠭᠡ ᠶᠢ ᠬᠦᠨᠵᠡᠭᠡᠢ ᠭᠡᠷᠡᠭᠵᠢᠬᠦᠯᠬᠦ ᠨᠢ᠂ ᠬᠦᠢᠯᠭᠡᠭᠡᠨ ᠤ ᠮᠡᠳᠡᠭᠡ ᠵᠠᠩᠬᠢᠵᠢᠯᠳᠡ᠂ ᠪᠠᠷᠢᠮᠵᠢᠶᠡᠵᠢᠯᠳᠡ᠂ ᠡᠷᠴᠢᠮᠵᠢᠯᠳᠡ ᠶᠢᠨ ᠰᠢᠨ᠎ᠠ ᠶᠢ ᠡᠬᠦᠳᠣᠨ ᠬᠦᠭᠵᠢᠬᠦᠯᠬᠦ ᠶᠢ ᠠᠬᠢᠭᠤᠯᠬᠤ᠂ ᠬᠦᠢᠯᠭᠡᠭᠡᠨ ᠤ ᠣᠳᠣᠬᠢᠴᠢᠯᠠᠯᠳᠡ ᠶᠢᠨ ᠠᠬᠢᠴᠠ ᠶᠢ ᠳᠥᠷᠭᠡᠳᠭᠡᠵᠦ᠂ ᠦᠪᠡᠷ ᠤᠨ ᠦᠷᠲᠡᠭ ᠢ ᠪᠠᠭᠤᠷᠡᠭᠤᠯᠥᠨ ᠦᠷ᠎ᠠ ᠠᠰᠢᠭ ᠢ ᠨᠡᠮᠡᠭᠳᠡᠬᠦᠯᠬᠦ ᠶᠢ ᠪᠠᠶᠠᠯᠠᠬᠦᠯᠬᠦ ᠳᠤ ᠠᠰᠢᠠᠠᠳᠡᠢ︔ ᠪᠤᠳᠡᠳᠣ ᠴᠣᠠᠠᠴᠠ ᠶᠢᠨ ᠬᠤᠳᠠᠯᠳᠤᠭ᠎ᠠ ᠶᠢᠨ ᠭᠡᠯᠪᠡᠷᠢ ᠪᠠᠨ ᠬᠤᠪᠢᠷᠡᠭᠤᠯᠥᠨ ᠳᠡᠰ ᠳᠡᠪᠰᠢᠬᠦᠯᠬᠦ ᠶᠢ ᠠᠬᠢᠭᠤᠯᠬᠤ᠂ ᠭᠡᠷᠡᠭᠯᠡᠭᠡ ᠶᠢᠨ ᠰᠢᠨ᠎ᠠ ᠬᠦᠷᠢᠶ᠎ᠠ ᠴᠡᠷᠠᠭ᠎ᠠ ᠶᠢ ᠦᠷᠭᠡᠳᠭᠡᠬᠦ᠂ ᠠᠲᠠᠯ ᠦᠢᠯᠡᠰ ᠴᠣᠠᠠᠴᠠᠯᠠᠨ ᠠᠵᠢᠯ ᠣᠯᠭᠤᠬᠤ ᠶᠢ ᠠᠬᠢᠭᠤᠯᠬᠤ᠂ ᠠᠵᠦ ᠠᠬᠤᠢ ᠶᠢᠨ ᠬᠦᠭᠵᠢᠯᠳᠡ ᠶᠢᠨ ᠰᠢᠨ᠎ᠠ ᠬᠦᠳᠡᠯᠭᠡᠬᠦ ᠴᠢᠳᠡᠪᠦᠷᠢ ᠶᠢ ᠨᠡᠮᠡᠭᠳᠡᠬᠦᠯᠬᠦ ᠳᠤ ᠠᠰᠢᠠᠠᠳᠡᠢ ᠪᠠᠶᠢᠵᠦ᠂ ᠬᠦᠢᠯᠭᠡᠭᠡᠨ ᠤ ᠬᠦᠷᠢᠶ᠎ᠠ ᠴᠡᠷᠠᠭ᠎ᠠ ᠶᠢᠨ ᠲᠣᠠᠠᠳᠠᠭᠤᠨ ᠢᠶᠠᠷ ᠨᠡᠮᠡᠭᠳᠡᠬᠦ᠂ ᠭᠡᠷᠡᠭᠯᠡᠭᠡ ᠶᠢ ᠦᠷᠭᠡᠳᠭᠡᠬᠦ᠂ ᠳᠡᠪᠡᠭᠤᠯᠢᠭ ᠢ ᠴᠢᠩᠭᠠᠳᠬᠠᠬᠤ᠂ ᠲᠤᠳᠠᠭᠤᠳᠠᠯ ᠢ ᠨᠦᠬᠦᠪᠦᠷᠢᠯᠡᠬᠦ᠂ ᠦᠪᠡᠷ ᠤᠨ ᠦᠷᠲᠡᠭ ᠢ ᠪᠠᠭᠤᠷᠡᠭᠤᠯᠬᠤ᠂ ᠦᠷ᠎ᠠ ᠠᠰᠢᠭ ᠢ ᠳᠡᠭᠡᠭᠰᠢᠯᠡᠬᠦᠯᠬᠦ ᠶᠢᠨ ᠴᠢᠬᠤᠯᠡ ᠠᠷᠭ᠎ᠠ ᠭᠡᠮᠵᠢᠶ᠎ᠠ ᠪᠤᠯᠥᠨ᠎ᠠ᠃ ᠡᠯ᠎ᠠ ᠭᠠᠵᠡᠷ ᠣᠷᠣᠨ᠂ ᠡᠯ᠎ᠠ ᠰᠠᠯᠠᠭ᠎ᠠ ᠮᠦᠴᠢᠷ ᠤᠳ ︽ᠢᠨᠲ᠋ᠧᠷ ᠰᠦᠯᠵᠢᠶ᠎ᠠ + ᠬᠦᠢᠯᠭᠡᠭᠡᠨ︾ ᠤ ᠠᠵᠢᠯᠯᠠᠭᠠᠨ ᠤ ᠳᠥᠯᠥᠪᠯᠡᠭᠡ ᠶᠢ ᠬᠦᠨᠵᠡᠭᠡᠢ ᠭᠡᠷᠡᠭᠵᠢᠬᠦᠯᠬᠦ ᠶᠢᠨ ᠴᠢᠬᠤᠯᠡ ᠠᠴᠢ ᠬᠤᠯᠪᠤᠠᠠᠳᠡᠯ ᠢ ᠬᠦᠢᠴᠡᠳ ᠳᠡᠨᠢᠵᠦ᠂ ᠵᠤᠬᠢᠶᠡᠨ ᠪᠠᠶᠢᠭᠤᠯᠥᠯᠳᠡ ᠶᠢᠨ ᠣᠳᠣᠷᠢᠳᠣᠯᠭ᠎ᠠ ᠪᠠ ᠨᠢᠭᠡᠳᠦᠯᠳᠡᠢ ᠳᠥᠯᠥᠪᠯᠡᠨ ᠵᠤᠬᠢᠴᠠᠭᠤᠯᠬᠤ ᠪᠠᠨ ᠴᠢᠩᠭᠠᠳᠬᠠᠨ᠂ ᠡᠯ᠎ᠠ ᠵᠦᠢᠯ ᠤᠨ ᠳᠥᠷᠥ ᠶᠢᠨ ᠪᠤᠳᠣᠯᠭ᠎ᠠ ᠶᠢᠨ ᠠᠷᠭ᠎ᠠ ᠭᠡᠮᠵᠢᠶ᠎ᠠ ᠶᠢ ᠬᠢᠨᠠᠮᠠᠭᠠᠢ ᠨᠡᠶᠢᠳᠡᠪᠦᠷᠢᠵᠢᠭᠤᠯᠵᠦ᠂ ᠡᠬᠢ ᠪᠠᠶᠠᠯᠢᠭ ᠢ ᠲᠣᠬᠢᠷᠡᠭᠤᠯᠬᠤ ᠲᠤᠮᠳᠡᠬᠢ ᠵᠠᠬ᠎ᠠ ᠳᠡᠯᠭᠡᠬᠦᠷ ᠤᠨ ᠰᠢᠢᠳᠪᠦᠷᠢᠯᠡᠬᠦ ᠴᠢᠨᠡᠷᠳᠡᠢ ᠦᠢᠯᠡᠳᠣᠯ ᠪᠠ ᠵᠠᠰᠠᠭ ᠤᠨ ᠣᠷᠳᠣᠨ ᠤ ᠬᠦᠳᠦᠯᠥᠨ ᠵᠢᠯᠥᠭᠤᠳᠴᠥ ᠲᠤᠬᠢᠷᠡᠭᠤᠯᠥᠨ ᠡᠵᠡᠮᠳᠡᠬᠦ ᠦᠢᠯᠡᠳᠣᠯ ᠢ ᠰᠠᠶᠢᠳᠣᠷ ᠪᠠᠳᠡᠷᠡᠭᠤᠯᠥᠨ᠂ ᠣᠳᠣᠬᠠᠨ ᠤ ᠪᠠᠶᠢᠳᠡᠯ ᠳᠤ ᠰᠠᠭᠤᠷᠢᠯᠡᠵᠦ᠂ ᠠᠯᠥᠰ ᠭᠡᠳᠣ ᠳᠤ ᠠᠰᠢᠭ ᠬᠦᠷᠳᠡᠭᠡᠨ᠎ᠠ᠃ ᠡᠬᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠡᠷᠢᠯᠡᠯ ᠶᠣᠰᠣᠭᠠᠷ᠂ ᠵᠤᠬᠢᠴᠠᠯᠳᠣᠨ ᠬᠠᠮᠵᠢᠯᠴᠠᠬᠤ ᠶᠢ ᠴᠢᠩᠭᠠᠳᠬᠠᠵᠦ᠂ ᠠᠵᠢᠯ ᠤᠨ ᠬᠠᠷᠢᠭᠤᠴᠠᠯᠭ᠎ᠠ ᠶᠢ ᠨᠠᠶᠢᠳᠡᠪᠦᠷᠢᠵᠢᠭᠤᠯᠥᠨ᠂ ᠠᠵᠢᠯ ᠤᠨ ᠬᠠᠮᠳᠣᠷᠡᠯ ᠤᠨ ᠬᠦᠴᠣᠨ ᠢ ᠪᠦᠷᠢᠯᠳᠦᠬᠦᠯᠵᠦ᠂ ︽ᠢᠨᠲ᠋ᠧᠷ ᠰᠦᠯᠵᠢᠶ᠎ᠠ + ᠬᠦᠢᠯᠭᠡᠭᠡᠨ︾ ᠤ ᠠᠵᠢᠯᠯᠠᠭᠠᠨ ᠤ ᠳᠥᠯᠥᠪᠯᠡᠭᠡ ᠶᠢ ᠲᠤᠭᠲᠠᠭᠤᠨ ᠢᠶᠠᠷ ᠭᠡᠷᠡᠭᠵᠢᠬᠦᠯᠬᠦ ᠶᠢ ᠬᠠᠮᠵᠢᠯᠴᠠᠨ ᠠᠬᠢᠭᠤᠯᠥᠨ᠎ᠠ᠃        ᠬᠤᠶᠡᠷ᠂ ᠶᠡᠷᠦᠩᠭᠡᠢ ᠱᠠᠭᠠᠷᠳᠡᠯᠭ᠎ᠠ        ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠪᠤᠯᠥᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠣᠭᠠᠷ᠂ ᠳᠥᠷᠪᠡᠳᠣᠭᠡᠷ᠂ ᠲᠠᠪᠤᠳᠣᠭᠠᠷ ᠪᠦᠬᠦᠳᠠ ᠬᠤᠷᠡᠯ ᠤᠨ ᠵᠣᠷᠢᠭ ᠰᠠᠨᠠᠭ᠎ᠠ ᠶᠢ ᠪᠦᠬᠦ ᠳᠡᠯ᠎ᠠ ᠪᠠᠷ ᠲᠣᠣᠱᠯᠠᠭᠤᠯᠥᠨ᠂ ︽ᠰᠢᠨ᠎ᠡ ᠶᠢ ᠡᠬᠦᠳᠬᠦ᠂ ᠵᠤᠬᠢᠴᠠᠩᠭᠤᠢ᠂ ᠪᠤᠬᠢᠷᠳᠦᠯ ᠦᠭᠡᠢ᠂ ᠨᠡᠭᠡᠭᠡᠯᠳᠡ ᠲᠠᠢ᠂ ᠬᠠᠮᠳᠣᠪᠡᠷ ᠬᠦᠷᠳᠡᠬᠦ︾ ᠬᠦᠭᠵᠢᠯᠳᠡ ᠶᠢᠨ ᠣᠨᠣᠯᠵᠢᠬᠤᠨ ᠢ ᠪᠤᠢ ᠪᠤᠯᠭᠠᠬᠤ ᠪᠠ ᠲᠤᠤᠱᠯᠠᠭᠤᠯᠥᠨ ᠨᠡᠶᠢᠳᠡᠪᠦᠷᠢᠵᠢᠭᠤᠯᠵᠦ᠂ ︽ᠢᠨᠲ᠋ᠧᠷ ᠰᠦᠯᠵᠢᠶ᠎ᠠ +︾ ᠬᠦᠭᠵᠢᠯᠳᠡ ᠶᠢᠨ ᠬᠠᠨᠳᠣᠰᠢ ᠳᠤ ᠵᠤᠬᠢᠴᠠᠭᠤᠯᠥᠨ᠂ ︽ᠬᠦᠢᠯᠭᠡᠭᠡᠨ ᠤ ᠮᠡᠳᠡᠭᠡ ᠵᠠᠩᠬᠢᠵᠢᠯᠳᠡ᠂ ᠪᠠᠷᠢᠮᠵᠢᠶᠡᠵᠢᠯᠳᠡ᠂ ᠡᠷᠴᠢᠮᠵᠢᠯᠳᠡ ᠶᠢ ᠠᠬᠢᠭᠤᠯᠬᠤ︾ ᠪᠠᠷ ᠭᠤᠤᠯ ᠰᠢᠪᠳᠣᠯᠬᠤ ᠴᠢᠭᠯᠡᠯ ᠪᠤᠯᠭᠠᠵᠦ᠂ ᠢᠨᠲ᠋ᠧᠷ ᠰᠦᠯᠵᠢᠶ᠎ᠠ᠂ ᠪᠤᠳᠠᠰᠯᠢᠭ ᠬᠤᠯᠪᠤᠭᠠᠳᠤ ᠰᠦᠯᠵᠢᠶ᠎ᠠ᠂ ᠲᠣᠮᠥ ᠲᠤᠭ᠎ᠠ ᠪᠡᠷᠢᠮᠳᠡ᠂ ᠡᠬᠦᠯᠡᠨ ᠪᠤᠳᠣᠯᠳᠡ ᠵᠡᠷᠭᠡ ᠪᠠᠷ ᠮᠡᠷᠭᠡᠵᠢᠯ ᠤᠨ ᠲᠤᠯᠭᠠᠭᠤᠷᠢᠯᠡᠯ ᠪᠤᠯᠭᠠᠵᠦ᠂ ᠡᠯᠧᠺᠲᠷᠤᠨ ᠬᠤᠳᠠᠯᠳᠣᠭᠠᠨ ᠤ ᠶᠠᠪᠤᠳᠡᠯ ᠢᠶᠠᠷ ᠬᠤᠯᠪᠤᠭᠠᠰᠣ ᠪᠤᠯᠭᠠᠵᠦ᠂ ᠰᠢᠨ᠎ᠡ ᠡᠵᠡᠩᠨᠡᠯᠳᠡ ᠶᠢᠨ ᠪᠠᠶᠢᠳᠡᠯ᠂ ᠰᠢᠨ᠎ᠡ ᠵᠬᠠᠪᠤᠷ ᠢᠶᠠᠷ ᠬᠦᠴᠣᠯᠠᠴᠡ ᠪᠤᠯᠭᠠᠵᠦ᠂ ᠬᠦᠭᠵᠢᠯᠳᠡ ᠶᠢᠨ ᠠᠷᠭ᠎ᠠ ᠮᠠᠶ᠋ᠢᠭ ᠢᠶᠠᠨ ᠢᠳᠡᠪᠬᠢᠳᠡᠢ ᠬᠤᠪᠢᠷᠡᠭᠤᠯᠥᠨ᠂ ᠬᠠᠮ ᠠᠭᠤᠰᠣᠯᠴᠠᠯ᠂ ᠬᠠᠮ ᠳᠡᠪᠴᠠᠩ᠂ ᠬᠠᠮ ᠠᠷᠡᠯᠵᠢᠶ᠎ᠠ᠂ ᠬᠠᠮ ᠬᠦᠢᠯᠭᠡᠭᠡᠨ ᠤ ᠰᠢᠨ᠎ᠡ ᠪᠠᠶᠢᠷᠢᠰᠢᠯ ᠢ ᠪᠠᠶᠢᠭᠤᠯᠥᠨ᠂ ᠠᠷᠡᠯᠵᠢᠶ᠎ᠠ ᠬᠤᠳᠠᠯᠳᠤᠭ᠎ᠠ ᠶᠢᠨ ᠬᠦᠢᠯᠭᠡᠭᠡᠨ ᠤ ᠰᠢᠨ᠎ᠡ ᠬᠦᠭᠵᠢᠯᠳᠡ᠂ ᠰᠢᠨ᠎ᠡ ᠰᠢᠪᠳᠣᠯᠥᠯᠳᠡ᠂ ᠰᠢᠨ᠎ᠡ ᠦᠰᠦᠷᠦᠯᠳᠡ ᠶᠢ ᠪᠠᠶᠠᠯᠠᠬᠦᠯᠥᠨ᠎ᠠ᠃        ᠭᠤᠷᠪᠡ᠂ ᠭᠤᠤᠯ ᠡᠬᠦᠷᠭᠡ        ︵ᠨᠢᠭᠡ︶ ᠬᠦᠢᠯᠭᠡᠭᠡᠨ ᠤ ᠭᠡᠯᠪᠡᠷᠢ ᠪᠠᠨ ᠬᠤᠪᠢᠷᠡᠭᠤᠯᠥᠨ ᠳᠡᠰ ᠳᠡᠪᠰᠢᠬᠦᠯᠬᠦ ᠠᠵᠢᠯᠯᠠᠭ᠎ᠠ ᠶᠢ ᠭᠡᠷᠡᠭᠵᠢᠬᠦᠯᠥᠨ᠎ᠠ᠃ ᠣᠯᠠᠮᠵᠢᠯᠠᠯᠳᠣ ᠬᠦᠢᠯᠭᠡᠭᠡᠨ ᠤ ᠠᠵᠦ ᠠᠬᠤᠶᠢᠯᠠᠯ ᠤᠨ ᠭᠡᠷᠡᠭᠯᠡᠭᠴᠢᠳ ᠤᠨ ᠭᠡᠷᠡᠭᠴᠡᠭᠡ ᠱᠠᠭᠠᠷᠳᠡᠯᠭ᠎ᠠ ᠶᠢ ᠬᠠᠩᠭᠠᠬᠤ ᠪᠠᠷ ᠭᠤᠤᠯᠳᠡᠯᠭ᠎ᠠ ᠪᠤᠯᠭᠠᠬᠤ ᠶᠢ ᠵᠣᠷᠢᠠᠠᠵᠢᠭᠤᠯᠵᠦ᠂ ᠪᠦᠬᠦ ᠵᠠᠮ ᠮᠦᠷ ᠤᠨ ᠡᠵᠡᠩᠨᠡᠯᠳᠡ ᠶᠢ ᠦᠷᠨᠢᠬᠦᠯᠥᠨ᠂ ᠢᠨᠲ᠋ᠧᠷ ᠰᠦᠯᠵᠢᠶ᠎ᠠ᠂ ᠰᠢᠯᠵᠢᠮᠠᠯ ᠢᠨᠲ᠋ᠧᠷ ᠰᠦᠯᠵᠢᠶ᠎ᠠ᠂ ᠪᠤᠳᠠᠰᠯᠢᠭ ᠬᠤᠯᠪᠤᠭᠠᠳᠤ ᠰᠦᠯᠵᠢᠶ᠎ᠠ᠂ ᠲᠣᠮᠥ ᠲᠤᠭ᠎ᠠ ᠪᠡᠷᠢᠮᠳᠡ᠂ ᠡᠬᠦᠯᠡᠨ ᠪᠤᠳᠣᠯᠳᠡ ᠵᠡᠷᠭᠡ ᠮᠡᠳᠡᠭᠡ ᠵᠠᠩᠬᠢ ᠶᠢᠨ ᠮᠡᠷᠭᠡᠵᠢᠯ ᠢ ᠬᠦᠢᠴᠡᠳ ᠭᠡᠷᠡᠭᠯᠡᠨ᠂ ᠳᠡᠸᠡᠷ ᠪᠤᠯᠥᠨ ᠦᠢᠯᠡᠴᠢᠯᠡᠭᠡᠨ ᠤ ᠣᠨᠴᠠᠯᠢᠭ ᠢ ᠲᠤᠪᠤᠶᠢᠯᠭᠠᠵᠦ᠂ ᠰᠦᠯᠵᠢᠶᠡᠨ ᠳᠡᠭᠡᠷ᠎ᠠ ᠪᠠ ᠰᠦᠯᠵᠢᠶᠡᠨ ᠠᠴᠠ ᠭᠠᠳᠠᠨ᠎ᠠ ᠬᠠᠷᠢᠯᠴᠠᠨ ᠬᠦᠳᠡᠯᠥᠯᠴᠡᠵᠦ᠂ ᠪᠦᠬᠦ ᠳᠡᠯ᠎ᠠ ᠪᠠᠷ᠂ ᠦᠷᠬᠦᠯᠵᠢᠳᠡ ᠭᠡᠷᠡᠭᠯᠡᠭᠴᠢᠳ ᠤᠨ ᠭᠡᠷᠡᠭᠴᠡᠭᠡ ᠱᠠᠭᠠᠷᠳᠡᠯᠭ᠎ᠠ ᠶᠢ ᠬᠠᠨᠭ᠍ᠭᠠᠵᠦ᠂ ᠭᠡᠷᠡᠭᠯᠡᠭᠡ ᠶᠢᠨ ᠦᠪᠡᠷ ᠤᠨ ᠦᠷᠲᠡᠭ ᠢ ᠪᠠᠭᠤᠷᠡᠭᠤᠯᠥᠨ᠎ᠠ᠃ ︵ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠰᠣᠨᠢᠨ ᠮᠡᠳᠡᠭᠡ ᠭᠡᠪᠯᠡᠯ ᠷᠡᠳᠢᠤ᠋ ᠺᠢᠨᠤ᠋ ᠲᠤᠯᠸᠢᠰ ᠤᠨ ᠲᠣᠪᠴᠢᠶ᠎ᠠ᠂ ᠦᠪᠤᠷ ᠮᠣᠩᠭᠤᠯ ᠤᠨ ᠴᠢᠮᠡᠭᠡ ᠬᠤᠯᠪᠤᠭᠠᠨ ᠤ ᠬᠠᠮᠢᠶᠡᠷᠦᠯᠳᠡ ᠶᠢᠨ ᠲᠣᠪᠴᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶ ᠣᠶᠢᠯᠡᠭᠠᠬᠤ ᠮᠠᠶ᠋ᠢᠭ ᠤᠨ ᠭᠡᠷᠡᠭᠯᠡᠭᠡ ᠶᠢ ᠬᠦᠭᠵᠢᠬᠦᠯᠵᠦ᠂ ᠨᠦᠬᠦᠴᠡᠯ ᠲᠠᠢ ᠠᠵᠦ ᠠᠬᠤᠶᠢᠯᠠᠯ ᠢ ᠬᠦᠳᠦᠯᠥᠨ ᠵᠢᠯᠥᠭᠤᠳᠴᠥ ᠪᠠᠶᠢᠭᠠᠳ ᠣᠳᠣ ᠶᠢᠨ ᠪᠠᠶᠢᠭ᠎ᠠ ᠬᠤᠳᠠᠯᠳᠤᠭ᠎ᠠ ᠶᠢᠨ ᠪᠡᠯᠡᠳᠭᠡᠮᠵᠢ ᠪᠠᠨ ᠠᠰᠢᠠᠠᠯᠠᠨ᠂ ᠺᠠᠷᠲ᠋ᠥᠨ ᠵᠢᠷᠤᠭ᠂ ᠪᠠᠶᠢᠭᠠᠯᠢ᠂ ᠰᠣᠶᠣᠯ᠂ ᠦᠵᠡᠮᠵᠢ᠂ ᠦᠢᠯᠡᠴᠢᠯᠡᠭᠡᠨ ᠵᠡᠷᠭᠡ ᠬᠦᠴᠣᠨ ᠵᠦᠢᠯ ᠢ ᠰᠢᠬᠢᠳᠭᠡᠨ ᠣᠷᠣᠭᠤᠯᠵᠦ᠂ ᠬᠤᠳᠠᠯᠳᠤᠭ᠎ᠠ ᠶᠢᠨ ᠡᠵᠡᠩᠨᠡᠯᠳᠡ ᠶᠢᠨ ᠪᠠᠶᠢᠳᠡᠯ ᠢ ᠠᠲᠠᠯ ᠠᠬᠤᠢ ᠶᠢᠨ ᠪᠠᠶᠢᠳᠡᠯ ᠪᠤᠯᠥᠨ ᠭᠡᠷᠡᠭᠯᠡᠭᠴᠢᠳ ᠤᠨ ᠣᠷᠣᠯᠴᠠᠯᠭ᠎ᠠ᠂ ᠣᠶᠢᠯᠡᠭᠠᠯᠳᠡ ᠂ ᠳᠥᠷᠦᠭᠳᠡᠯ ᠯᠦᠭᠡ ᠠᠭᠤᠰᠣᠯᠴᠠᠭᠤᠯᠵᠦ᠂ ᠪᠠᠷᠠᠭ᠎ᠠ ᠬᠤᠳᠠᠯᠳᠣᠨ ᠠᠪᠠᠨ᠋ᠥ᠂ ᠢᠳᠡᠭᠡᠨ ᠣᠮᠳᠠᠭᠠᠨ᠂ ᠰᠠᠯᠡᠬᠦᠴᠡᠯ᠂ ᠬᠦᠳᠡᠯᠭᠡᠭᠡᠨ᠂ ᠵᠤᠭ᠎ᠠ ᠴᠡᠩᠭᠡᠯ᠂ ᠰᠣᠶᠣᠯ᠂ ᠪᠤᠯᠪᠠᠰᠣᠷᠡᠭᠤᠯᠥᠯ᠂ ᠪᠡᠶ᠎ᠠ ᠶᠢᠨ ᠲᠠᠮᠢᠷ᠂ ᠡᠷᠡᠬᠦᠯᠵᠢᠯ ᠵᠡᠷᠭᠡ ᠡᠵᠡᠩᠨᠡᠯᠳᠡ ᠶᠢᠨ ᠪᠠᠶᠢᠳᠡᠯ ᠤᠨ ᠴᠢᠳᠠᠮᠵᠢ ᠶᠢ ᠵᠦᠢ ᠵᠤᠬᠢᠰᠳᠡᠢ ᠪᠠᠶᠢᠷᠢᠯᠠᠭᠤᠯᠵᠦ᠂ ᠭᠡᠷᠡᠭᠯᠡᠭᠴᠢᠳ ᠯᠦᠭᠡ ᠶᠢᠨ ︽ᠴᠢᠩᠭ᠎ᠠ ᠵᠤᠯᠭᠠᠭᠤᠯᠥᠠᠠᠰᠠᠨ︾ ᠬᠤᠳᠠᠯᠳᠣᠭᠠᠨ ᠤ ᠪᠠᠶᠢᠷᠢᠰᠢᠯ ᠢ ᠪᠤᠢ ᠪᠤᠯᠭᠠᠨ᠂ ᠣᠶᠢᠯᠠᠭᠠᠬᠤ ᠮᠠᠶ᠋ᠢᠭ ᠤᠨ ᠭᠡᠷᠡᠭᠯᠡᠭᠡ ᠶᠢᠨ ᠰᠢᠨ᠎ᠡ ᠵᠬᠠᠪᠤᠷ ᠢ ᠪᠤᠢ ᠪᠤᠯᠭᠠᠨ᠎ᠠ᠃ ︵ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠰᠣᠶᠣᠯ ᠤᠨ ᠳᠢᠩᠬᠢᠮ᠂ ᠰᠣᠨᠢᠨ ᠮᠡᠳᠡᠭᠡ ᠭᠡᠪᠯᠡᠯ ᠷᠡᠳᠢᠤ᠋ ᠺᠢᠨᠤ᠋ ᠲᠤᠯᠸᠢᠰ ᠤᠨ ᠲᠣᠪᠴᠢᠶ᠎ᠠ᠂ ᠪᠡᠶ᠎ᠠ ᠶᠢᠨ ᠲᠠᠮᠢᠷ ᠤᠨ ᠲᠤᠪᠴᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶ ᠬᠠᠩᠭᠠᠯᠭ᠎ᠠ ᠶᠢᠨ ᠬᠡᠯᠬᠢᠶᠡᠰᠦ ᠳᠠᠬᠢ ᠬᠠᠮᠢᠶᠡᠷᠴᠥ ᠡᠵᠡᠮᠳᠡᠬᠦ ᠴᠢᠳᠡᠪᠦᠷᠢ ᠶᠢ ᠳᠡᠭᠡᠭᠰᠢᠯᠡᠬᠦᠯᠥᠨ᠂ ᠠᠷᠡᠯᠵᠢᠶ᠎ᠠ ᠬᠤᠳᠠᠯᠳᠤᠭ᠎ᠠ ᠶᠢᠨ ᠬᠦᠢᠯᠭᠡᠭᠡᠨ ᠤ ᠠᠵᠦ ᠠᠬᠤᠶᠢᠯᠠᠯ ᠤᠨ ᠮᠡᠳᠡᠭᠡ ᠵᠠᠩᠬᠢᠵᠢᠯᠳᠡ᠂ ᠲᠣᠣᠷ ᠰᠦᠯᠵᠢᠶᠡᠵᠢᠯᠳᠡ᠂ ᠣᠶᠣᠨᠵᠢᠯᠳᠡ ᠶᠢᠨ ᠮᠡᠷᠭᠡᠵᠢᠯ ᠢ ᠭᠡᠷᠡᠭᠯᠡᠬᠦ ᠶᠢ ᠳᠡᠮᠵᠢᠵᠦ᠂ ᠬᠠᠩᠭᠠᠯᠭ᠎ᠠ ᠶᠢᠨ ᠬᠡᠯᠬᠢᠶᠡᠰᠦ ᠶᠢ ᠬᠠᠮᠵᠢᠯᠴᠠᠨ ᠬᠠᠮᠢᠶᠡᠷᠬᠤ ᠪᠠ ᠲᠤᠬᠢᠯᠢᠠᠠᠵᠢᠭᠤᠯᠥᠨ ᠲᠠᠭᠠᠬᠤ ᠶᠢ ᠦᠷᠨᠢᠬᠦᠯᠵᠦ᠂ ᠬᠡᠯᠬᠢᠶᠠᠵᠢᠬᠦᠯᠥᠨ ᠡᠵᠡᠩᠨᠡᠬᠦ᠂ ᠣᠨᠴᠠ ᠵᠦᠪᠰᠢᠶᠡᠷᠡᠬᠦᠯᠥᠨ ᠡᠵᠡᠩᠨᠡᠬᠦ᠂ ᠬᠤᠳᠠᠯᠳᠣᠨ ᠠᠪᠬᠤ ᠬᠤᠯᠪᠤᠭ᠎ᠠ ᠵᠡᠷᠭᠡ ᠵᠤᠬᠢᠶᠡᠨ ᠪᠠᠶᠢᠭᠤᠯᠥᠯᠳᠡ ᠶᠢᠨ ᠭᠡᠯᠪᠡᠷᠢ ᠪᠠᠷ ᠳᠡᠮᠵᠢᠭᠤᠯᠥᠨ ᠦᠪᠡᠷ ᠤᠨ ᠦᠷᠲᠡᠭ ᠢ ᠪᠠᠭᠤᠷᠡᠭᠤᠯᠥᠨ ᠦᠷ᠎ᠠ ᠠᠰᠢᠭ ᠢᠶᠠᠨ ᠨᠡᠮᠡᠭᠳᠡᠬᠦᠯᠵᠦ᠂ ᠭᠡᠯᠪᠡᠷᠢ ᠪᠠᠨ ᠬᠤᠪᠢᠷᠡᠭᠤᠯᠥᠨ ᠳᠠᠰ ᠳᠡᠪᠰᠢᠬᠦᠯᠬᠦ ᠴᠢᠳᠡᠪᠦᠷᠢ ᠶᠢ ᠲᠡᠭᠡᠭᠰᠢᠯᠡᠬᠦᠯᠦᠨ᠎ᠡ᠃ ᠵᠢᠵᠢᠭᠯᠡᠨ ᠬᠤᠳᠠᠯᠳᠣᠬᠤ ᠠᠵᠦ ᠠᠬᠤᠶᠢᠯᠠᠯ ᠤᠨ ᠦᠪᠡᠷ ᠢᠶᠠᠨ ᠡᠵᠡᠩᠨᠡᠬᠦ ᠪᠠ ᠪᠡᠶ᠎ᠠ ᠪᠠᠨ ᠲᠠᠭᠠᠭᠠᠠᠠᠰᠠᠨ ᠨᠡᠷᠡᠳᠦ ᠳᠥᠷᠦᠯ ᠳᠡᠮᠳᠡᠭᠳᠦ ᠳᠡᠸᠡᠷ ᠤᠨ ᠬᠠᠷᠢᠴᠠᠯ ᠢᠶᠠᠨ ᠳᠡᠰᠣᠷᠡᠯᠳᠡ ᠦᠭᠡᠢ ᠲᠡᠭᠡᠭᠰᠢᠯᠡᠬᠦᠯᠬᠦ ᠶᠢ ᠠᠬᠢᠭᠤᠯᠥᠨ᠂ ︽ᠰᠤᠷᠮᠠᠭᠠᠢ ᠬᠤᠳᠠᠯᠳᠤᠬᠴᠢ ᠶᠢᠨ ᠲᠦᠷᠢᠮ︾ ᠵᠡᠷᠭᠡ ᠬᠤᠳᠠᠯᠳᠣᠭᠠᠨ ᠤ ᠵᠬᠠᠪᠤᠷ ᠢ ᠬᠦᠭᠵᠢᠬᠦᠯᠥᠨ᠎ᠠ᠃ ᠣᠯᠠᠮᠵᠢᠯᠠᠯᠳᠦ ᠪᠦᠭᠡᠮ ᠢᠶᠠᠷ ᠬᠤᠳᠠᠯᠳᠣᠬᠤ ᠠᠵᠦ ᠠᠬᠤᠶᠢᠯᠠᠯ ᠤᠨ ᠢᠨᠲ᠋ᠧᠷ ᠰᠦᠯᠵᠢᠶᠡᠵᠢᠯᠳᠡ ᠶᠢ ᠳᠥᠷᠭᠡᠳᠭᠡᠨ᠂ ᠦᠢᠯᠡᠳᠪᠦᠷᠢᠯᠡᠬᠦ ᠪᠠ ᠵᠢᠵᠢᠭᠯᠡᠨ ᠬᠤᠳᠠᠯᠳᠣᠬᠤ ᠬᠤᠶᠡᠷ ᠦᠵᠦᠬᠦᠷ ᠲᠡᠰᠢ ᠤᠷᠳᠤᠳᠬᠠᠵᠦ᠂ ᠳᠡᠸᠡᠷ ᠤᠨ ᠪᠦᠭᠡᠮ ᠢᠶᠠᠷ ᠬᠤᠳᠠᠯᠳᠣᠬᠤ ᠶᠢ ᠬᠠᠩᠭᠠᠯᠭ᠎ᠠ ᠶᠢᠨ ᠭᠡᠯᠬᠢᠶᠡᠰᠦ ᠶᠢᠨ ᠬᠠᠮᠢᠶᠡᠷᠦᠯᠳᠡ ᠦᠢᠯᠡᠴᠢᠯᠡᠭᠡᠨ ᠲᠡᠰᠢ ᠬᠤᠪᠢᠷᠡᠭᠤᠯᠬᠤ ᠶᠢ ᠪᠠᠶᠠᠯᠠᠬᠦᠯᠥᠨ᠎ᠠ᠃ ︵ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶ ᠬᠠᠭᠤᠴᠢᠨ ᠨᠡᠷᠡᠳᠣ ᠵᠡᠷᠭᠡ ᠣᠯᠠᠮᠵᠢᠯᠠᠯᠳᠣ ᠨᠡᠷᠡᠳᠣ ᠳᠥᠷᠦᠯ ᠳᠡᠮᠳᠡᠭᠳᠦ ᠶᠢᠨ ᠨᠦᠯᠥᠭᠡᠯᠡᠬᠦ ᠬᠦᠴᠣᠨ ᠢ ᠴᠢᠩᠭᠠᠷᠡᠭᠤᠯᠥᠨ᠂ ᠣᠯᠠᠮᠵᠢᠯᠠᠯᠳᠣ ᠨᠡᠷᠡᠳᠣ ᠳᠥᠷᠦᠯ ᠳᠡᠮᠳᠡᠭᠳᠦ ᠠᠵᠦ ᠠᠬᠤᠶᠢᠯᠠᠯ ᠤᠨ ᠢᠨᠲ᠋ᠧᠷ ᠰᠦᠯᠵᠢᠶ᠎ᠠ ᠶᠢ ᠭᠡᠷᠡᠭᠯᠡᠨ ᠨᠡᠷᠡᠳᠣ ᠳᠥᠷᠦᠯ ᠳᠡᠮᠳᠡᠭᠳᠦ ᠶᠢᠨ ᠦᠨ᠎ᠠ ᠴᠡᠨ᠎ᠠ ᠶᠢ ᠣᠯᠠᠮᠵᠢᠯᠠᠬᠤ ᠂ ᠣᠯᠠᠮᠵᠢᠯᠠᠯᠳᠣ ᠣᠷ᠎ᠡ ᠮᠡᠷᠭᠡᠰᠢᠯ ᠢ ᠣᠯᠠᠮᠵᠢᠯᠠᠨ ᠵᠠᠯᠭᠠᠮᠵᠢᠯᠠᠬᠤ᠂ ᠦᠨᠳᠣᠰᠣᠳᠡᠨ ᠤ ᠰᠣᠶᠣᠯ ᠢᠶᠠᠨ ᠪᠠᠳᠠᠷᠠᠭᠠᠬᠤ ᠶᠢ ᠵᠣᠷᠢᠠᠠᠵᠢᠭᠤᠯᠵᠦ᠂ ᠬᠠᠭᠤᠴᠢᠨ ᠨᠡᠷᠡᠳᠣ ᠵᠠᠭᠡᠯᠢ᠂ ᠦᠨᠳᠣᠰᠣᠳᠡᠨ ᠤ ᠳᠡᠸᠡᠷ ᠤᠨ ᠣᠨᠴᠠᠯᠢᠠᠠᠳᠣ ᠵᠠᠭᠡᠯᠢ ᠲᠤᠭᠤᠷᠢᠭ ᠢᠶᠠᠨ ᠪᠦᠬᠦ ᠣᠯᠥᠰ ᠤᠨ ᠨᠡᠷ᠎ᠠ ᠴᠣᠣᠳᠡᠢ ᠨᠡᠷᠡᠳᠣ ᠳᠥᠷᠦᠯ ᠳᠡᠮᠳᠡᠭᠳᠦ ᠶᠢᠨ ᠵᠢᠱᠢᠶ᠎ᠠ ᠦᠵᠡᠬᠦᠯᠬᠦ ᠲᠤᠭᠤᠷᠢᠭ ᠪᠤᠯᠭᠠᠨ ᠡᠬᠦᠳᠤᠨ ᠪᠠᠶᠢᠭᠤᠯᠬᠤ ᠶᠢ ᠠᠬᠢᠭᠤᠯᠥᠨ᠂ ᠰᠦᠯᠵᠢᠶᠡᠨ ᠳᠡᠭᠡᠷ᠎ᠠ ᠪᠠ ᠰᠦᠯᠵᠢᠶᠡᠨ ᠠᠴᠠ ᠭᠠᠳᠠᠨ᠎ᠠ ᠬᠠᠷᠢᠯᠴᠠᠨ ᠬᠦᠳᠡᠯᠥᠯᠴᠡᠵᠦ᠂ ᠦᠢᠯᠡᠳᠬᠦᠨ ᠪᠠ ᠦᠢᠯᠡᠴᠢᠯᠡᠭᠡ ᠪᠠᠨ ᠣᠨᠴᠠᠯᠢᠠᠠᠵᠢᠭᠤᠯᠬᠤ᠂ ᠵᠦᠷᠢᠶᠡᠵᠢᠬᠦᠯᠬᠦ᠂ ᠣᠨᠣᠪᠴᠢᠵᠢᠭᠤᠯᠬᠤ᠂ ᠲᠣᠭᠠᠴᠠᠵᠢᠭᠤᠯᠥᠨ ᠡᠵᠡᠩᠨᠡᠨ ᠪᠤᠷᠣᠯᠠᠭᠤᠯᠵᠦ ᠳᠡᠯᠭᠡᠷᠡᠬᠦᠯᠬᠦ ᠴᠢᠳᠡᠪᠦᠷᠢ ᠪᠠ ᠵᠠᠬ᠎ᠠ ᠳᠡᠯᠭᠡᠬᠦᠷ ᠤᠨ ᠦᠷᠢᠰᠦᠯᠳᠦᠬᠦ ᠬᠦᠴᠣᠨ ᠢ ᠲᠡᠭᠡᠭᠰᠢᠯᠡᠬᠦᠯᠥᠨ᠂ ᠬᠤᠳᠡ ᠪᠠᠯᠭᠠᠰᠣ ᠶᠢᠨ ᠬᠤᠳᠠᠯᠳᠤᠭ᠎ᠠ ᠶᠢ ᠬᠦᠭᠵᠢᠭᠡᠨ᠎ᠠ᠃ ︵ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠣᠷᠣᠨ ᠰᠠᠭᠤᠴᠠ ᠬᠤᠳᠡ ᠬᠥᠳᠡᠭᠡ ᠶᠢᠨ ᠪᠦᠳᠦᠭᠡᠨ ᠪᠠᠶᠢᠭᠤᠯᠥᠯᠳᠡ ᠶᠢᠨ ᠳᠢᠩᠬᠢᠮ᠂ ᠰᠣᠶᠣᠯ ᠤᠨ ᠳᠢᠩᠬᠢᠮ᠂ ᠶᠠᠰᠣ ᠴᠢᠨᠡᠷ ᠲᠤ ᠮᠡᠷᠭᠡᠵᠢᠯ ᠤᠨ ᠬᠢᠨᠠᠯᠳᠡ ᠳᠡᠯᠪᠢᠬᠤ ᠲᠤᠪᠴᠢᠶ᠎ᠠ᠂ ᠵᠢᠭᠤᠯᠴᠢᠯᠠᠯ ᠤᠨ ᠲᠤᠪᠴᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶ ᠳᠠᠸᠡᠷ ᠤᠨ ᠠᠷᠡᠯᠵᠢᠶ᠎ᠠ ᠶᠢᠨ ᠵᠠᠬ᠎ᠠ ᠳᠡᠯᠭᠡᠬᠦᠷ ᠤᠨ ᠵᠬᠠᠪᠤᠷ ᠤᠨ ᠰᠢᠨ᠎ᠡ ᠶᠢ ᠡᠬᠦᠳᠬᠦ ᠶᠢ ᠯᠠᠪᠳᠠᠭᠤᠨ ᠢᠶᠠᠷ ᠠᠬᠢᠭᠤᠯᠵᠦ ᠂ ᠳᠠᠸᠡᠷ ᠤᠨ ᠠᠷᠡᠯᠵᠢᠶ᠎ᠠ ᠶᠢᠨ ᠵᠠᠬ᠎ᠠ ᠳᠡᠯᠭᠡᠬᠦᠷ ᠢ ᠬᠦᠳᠦᠯᠥᠨ ᠵᠢᠯᠥᠭᠤᠳᠴᠥ ᠪᠠᠶᠢᠭᠠᠳ ᠢᠨᠲ᠋ᠧᠷ ᠰᠦᠯᠵᠢᠶ᠎ᠠ ᠪᠠᠷ ᠳᠡᠮᠵᠢᠭᠤᠯᠥᠨ ᠵᠠᠬ᠎ᠠ ᠳᠡᠯᠭᠡᠬᠦᠷ ᠤᠨ ᠡᠬᠢ ᠪᠠᠶᠠᠯᠢᠭ ᠢ ᠪᠦᠳᠦᠮᠵᠢᠳᠡᠢ ᠪᠦᠭᠡᠮᠨᠡᠷᠡᠬᠦᠯᠵᠦ᠂ ᠦᠢᠯᠡᠴᠢᠯᠡᠭᠡᠨ ᠤ ᠴᠢᠳᠠᠮᠵᠢ ᠪᠠᠨ ᠦᠷᠭᠡᠳᠭᠡᠨ᠂ ᠬᠦᠢᠯᠭᠡᠭᠡᠨ ᠤ ᠡᠮᠬᠢ ᠵᠢᠷᠦᠮ ᠢ ᠰᠢᠯᠤᠭᠤᠳᠬᠠᠵᠤ᠂ ᠰᠦᠯᠵᠢᠶᠡᠨ ᠳᠡᠭᠡᠷ᠎ᠠ ᠪᠠ ᠰᠦᠯᠵᠢᠶᠡᠨ ᠠᠴᠠ ᠭᠠᠳᠠᠨᠠᠬᠢ ᠶᠢ ᠵᠤᠯᠭᠠᠭᠤᠯᠥᠠᠠᠰᠠᠨ᠂ ᠳᠡᠸᠠᠷ ᠬᠢᠭᠡᠳ ᠮᠦᠡᠭᠬᠦᠨ ᠬᠦᠢᠯᠭᠡᠭᠡᠨ ᠢ ᠵᠤᠯᠭᠠᠭᠤᠯᠥᠠᠠᠰᠠᠨ᠂ ᠲᠣᠰ ᠭᠠᠵᠡᠷ ᠣᠷᠣᠨ ᠪᠤᠯᠥᠨ ᠭᠠᠳᠡᠷ ᠣᠷᠣᠨ ᠢ ᠵᠤᠯᠭᠠᠭᠤᠯᠥᠠᠠᠰᠠᠨ ᠣᠯᠡᠨ ᠲᠡᠰ ᠳᠡᠪᠬᠤᠷᠭᠠᠳᠦ ᠳᠡᠸᠡᠷ ᠤᠨ ᠵᠠᠬ᠎ᠠ ᠳᠡᠯᠭᠡᠬᠦᠷ ᠤᠨ ᠰᠢᠰᠲ᠋ᠧᠮᠵᠢ ᠶᠢ ᠪᠦᠷᠢᠯᠳᠦᠬᠦᠯᠵᠦ᠂ ᠭᠡᠯᠪᠡᠷᠢ ᠪᠠᠨ ᠬᠤᠪᠢᠷᠡᠭᠤᠯᠥᠨ ᠳᠡᠰ ᠳᠡᠪᠰᠢᠬᠦᠯᠬᠦ ᠪᠠᠷ ᠵᠠᠬ᠎ᠠ ᠳᠡᠯᠭᠡᠬᠦᠷ ᠤᠨ ᠪᠦᠳᠦᠴᠠ ᠶᠢ ᠰᠢᠯᠢᠳᠡᠭᠵᠢᠬᠦᠯᠬᠦ᠂ ᠶᠠᠰᠣ ᠴᠢᠨᠡᠷ ᠢ ᠳᠡᠭᠡᠭᠰᠢᠯᠡᠬᠦᠯᠥᠨ ᠦᠷ᠎ᠠ ᠠᠰᠢᠭ ᠢᠶᠠᠨ ᠨᠡᠮᠡᠭᠳᠡᠬᠦᠯᠬᠦ ᠶᠢ ᠪᠠᠶᠠᠯᠡᠬᠦᠯᠥᠨ᠂ ᠦᠢᠯᠡᠳᠪᠦᠷᠢᠯᠡᠯ ᠢ ᠬᠦᠳᠦᠯᠥᠨ ᠵᠢᠯᠥᠭᠤᠳᠬᠤ᠂ ᠭᠡᠷᠡᠭᠯᠡᠭᠡ ᠶᠢ ᠠᠬᠢᠭᠤᠯᠬᠤ ᠬᠤᠰᠢᠭᠤᠴᠢ ᠴᠢᠨᠡᠷᠳᠡᠢ ᠦᠢᠯᠡᠳᠣᠯ ᠢ ᠰᠠᠶᠢᠳᠣᠷ ᠪᠠᠳᠡᠷᠡᠭᠤᠯᠥᠨ᠎ᠠ᠃ ︵ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠣᠯᠥᠰ ᠤᠨ ᠭᠠᠵᠡᠷ ᠰᠢᠷᠦᠢ ᠡᠬᠢ ᠪᠠᠶᠠᠯᠢᠭ ᠤᠨ ᠳᠢᠩᠬᠢᠮ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶        ︵ᠬᠤᠶᠡᠷ︶ ᠬᠦᠢᠯᠭᠡᠭᠡᠨ ᠤ ᠰᠢᠨ᠎ᠡ ᠶᠢ ᠡᠬᠦᠳᠣᠨ ᠬᠦᠭᠵᠢᠬᠦᠯᠬᠦ ᠠᠵᠢᠯᠯᠠᠭᠠᠨ ᠢ ᠭᠡᠷᠡᠭᠵᠢᠬᠦᠯᠥᠨ᠎ᠡ᠃ ᠬᠤᠪᠢᠶᠡᠯᠴᠠᠨ ᠬᠦᠷᠳᠡᠬᠦ ᠠᠵᠦ ᠠᠬᠤᠢ ᠶᠢᠨ ᠰᠢᠨ᠎ᠡ ᠵᠬᠠᠪᠤᠷ ᠢ ᠵᠤᠷᠢᠬᠵᠢᠭᠤᠯᠤᠨ ᠬᠦᠭᠵᠢᠬᠦᠯᠵᠦ᠂ ᠪᠤᠳᠡᠳᠡᠢ ᠲᠠᠢ ᠪᠠᠨ ᠣᠶᠠᠯᠳᠣᠭᠤᠯᠥᠨ ᠵᠠᠰᠠᠭ ᠤᠨ ᠣᠷᠳᠣᠨ ᠤ ᠬᠠᠮᠢᠶᠡᠷᠦᠯᠳᠡ ᠪᠠ ᠦᠢᠯᠡᠴᠢᠯᠡᠭᠡᠨ ᠤ ᠰᠢᠨ᠎ᠡ ᠶᠢ ᠡᠬᠦᠳᠴᠥ᠂ ᠬᠢᠨᠡᠨ ᠬᠠᠮᠢᠶᠡᠷᠬᠤ ᠴᠢᠳᠡᠪᠦᠷᠢ ᠪᠠ ᠲᠣᠰᠬᠠᠶᠢᠵᠢᠯᠳᠡ ᠶᠢᠨ ᠬᠢᠷᠢ ᠭᠡᠮᠵᠢᠶ᠎ᠠ ᠪᠠᠨ ᠳᠡᠭᠡᠭᠰᠢᠯᠡᠬᠦᠯᠵᠦ᠂ ᠰᠢᠨ᠎ᠡ ᠪᠠᠷ ᠪᠤᠢ ᠪᠤᠯᠥᠠᠠᠰᠠᠨ ᠬᠦᠷᠢᠶ᠎ᠠ ᠴᠡᠷᠠᠭ᠎ᠠ ᠳᠤ ᠠᠵᠢᠯ ᠭᠡᠷᠩ ᠤᠨ ᠡᠮᠤᠨ᠎ᠠ ᠭᠠᠷ ᠳᠦᠷᠦᠬᠦ ᠴᠢᠨᠠᠷᠳᠡᠢ ᠪᠤᠶᠤ ᠬᠢᠵᠠᠭᠠᠷᠯᠠᠬᠤ ᠴᠢᠨᠡᠷᠳᠡᠢ ᠳᠥᠷᠥ ᠶᠢᠨ ᠪᠤᠳᠣᠯᠭ᠎ᠠ ᠭᠠᠷᠭᠠᠬᠤ ᠠᠴᠠ ᠵᠠᠶᠢᠯᠡᠰᠬᠢᠵᠦ᠂ ᠬᠤᠪᠢᠶᠡᠯᠴᠠᠨ ᠬᠦᠷᠲᠡᠬᠦ ᠠᠵᠦ ᠠᠬᠤᠢ ᠶᠢᠨ ᠪᠤᠶᠢᠵᠢᠯᠳᠡ ᠶᠢ ᠠᠬᠢᠭᠤᠯᠥᠨ᠂ ᠳᠥᠮᠡᠨ ᠣᠯᠡᠨ ᠢᠶᠠᠷ ᠢᠶᠠᠨ ᠠᠲᠠᠯ ᠦᠢᠯᠡᠰ ᠴᠣᠠᠠᠴᠠᠯᠠᠨ᠂ ᠳᠦᠭ ᠳᠥᠮᠡᠨ ᠢᠶᠠᠷ ᠢᠶᠠᠨ ᠰᠢᠨ᠎ᠡ ᠶᠢ ᠡᠬᠦᠳᠬᠦ ᠰᠢᠨ᠎ᠡ ᠠᠮᠢᠵᠢᠷᠡᠯ ᠤᠨ ᠬᠦᠴᠣᠨ ᠢ ᠬᠦᠭᠵᠢᠭᠡᠨ᠎ᠠ᠃ ᠠᠵᠦ ᠠᠬᠤᠶᠢᠯᠠᠯ ᠤᠨ ᠢᠨᠲ᠋ᠧᠷ ᠰᠦᠯᠵᠢᠶ᠎ᠠ ᠶᠢᠨ ᠳᠡᠪᠴᠠᠩ ᠢ ᠠᠰᠢᠠᠠᠯᠠᠨ ᠦᠯᠡᠳᠡᠭᠡᠯ ᠡᠬᠢ ᠪᠠᠶᠠᠯᠢᠭ ᠢᠶᠠᠨ ᠠᠮᠢᠯᠠᠭᠤᠯᠵᠦ ᠪᠠᠶᠢᠭᠠᠳ ᠰᠤᠯᠨ ᠰᠠᠯᠥᠩᠬᠠᠢ ᠦᠯᠡᠳᠡᠪᠦᠷᠢ ᠡᠬᠢ ᠪᠠᠶᠠᠯᠢᠭ ᠢᠶᠠᠨ ᠲᠦᠢᠯ ᠤᠨ ᠣᠨᠣᠪᠴᠢᠳᠡᠢ ᠲᠣᠬᠢᠷᠡᠭᠤᠯᠥᠨ᠂ ᠠᠰᠢᠠᠠᠯᠠᠬᠤ ᠦᠷ᠎ᠠ ᠪᠦᠳᠦᠮᠵᠢ ᠪᠠᠨ ᠳᠡᠭᠡᠭᠰᠢᠯᠡᠬᠦᠯᠵᠦ᠂ ᠦᠢᠯᠡᠳᠬᠦᠨ ᠪᠠ ᠦᠢᠯᠡᠴᠢᠯᠡᠭᠡ ᠶᠢᠨ ᠭᠡᠷᠡᠭᠯᠡᠭᠡ ᠳᠠᠬᠢ ᠰᠢᠨ᠎ᠡ ᠣᠷᠣᠨ ᠵᠠᠢ ᠰᠢᠨ᠎ᠡ ᠬᠦᠷᠢᠶ᠎ᠠ ᠴᠡᠷᠠᠭ᠎ᠠ ᠶᠢ ᠨᠡᠭᠡᠭᠡᠵᠦ᠂ ᠨᠡᠶᠢᠭᠡᠮ ᠤᠨ ᠠᠮᠢᠳᠣᠯᠢᠭ ᠢᠶᠠᠷ ᠠᠵᠢᠯ ᠤᠯᠭᠤᠬᠤ ᠪᠠᠨ ᠦᠷᠭᠡᠳᠭᠡᠬᠦ ᠶᠢ ᠵᠣᠷᠢᠠᠠᠵᠢᠭᠤᠯᠥᠨ ᠪᠠᠭᠳᠠᠭᠠᠨ᠎ᠠ᠃ ︵ᠦᠪᠡᠷᠳᠡᠭᠡᠨ ᠵᠠᠰᠬᠠᠥ ᠣᠷᠣᠨ ᠤ ᠨᠠᠮ ᠤᠨ ᠬᠤᠷᠢᠶ᠎ᠡ ᠶᠢᠨ ᠢᠨᠲ᠋ᠧᠷ ᠰᠦᠯᠵᠢᠶ᠎ᠠ ᠶᠢᠨ ᠮᠡᠳᠡᠭᠡ ᠵᠠᠩᠬᠢ ᠶᠢᠨ ᠠᠯᠪᠠᠨ ᠭᠡᠷ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠬᠦᠮᠦᠨ ᠤ ᠬᠦᠴᠣᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠳᠢᠩᠬᠢᠮ᠂ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠠᠵᠦ ᠦᠢᠯᠡᠳᠪᠦᠷᠢ ᠬᠤᠳᠠᠯᠳᠤᠭ᠎ᠠ ᠶᠢᠨ ᠲᠤᠪᠴᠢᠶ᠎ᠠ᠂ ᠵᠢᠭᠤᠯᠴᠢᠯᠠᠯ ᠤᠨ ᠲᠤᠪᠴᠢᠶ᠎ᠠ᠂ ᠦᠪᠤᠷ ᠮᠣᠩᠭᠤᠯ ᠤᠨ ᠰᠢᠥᠳᠡᠨ ᠤ ᠶᠠᠪᠤᠳᠡᠯ ᠤᠨ ᠬᠠᠮᠢᠶᠡᠷᠦᠯᠳᠡ ᠶᠢᠨ ᠲᠣᠪᠴᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶ ᠬᠠᠮᠵᠢᠯᠴᠠᠬᠤ ᠠᠵᠦ ᠠᠬᠤᠢ ᠶᠢᠨ ᠰᠢᠨ᠎ᠡ ᠵᠬᠠᠪᠤᠷ ᠢ ᠲᠠᠮᠵᠢᠨ ᠬᠦᠭᠵᠢᠬᠦᠯᠵᠦ᠂ ᠳᠥᠮᠡᠨ ᠣᠯᠡᠨ ᠢᠶᠠᠷ ᠢᠶᠠᠨ ᠠᠳᠡᠯ ᠦᠢᠯᠡᠰ ᠴᠣᠠᠠᠴᠠᠯᠠᠨ ᠰᠢᠨ᠎ᠠ ᠶᠢ ᠡᠬᠦᠳᠬᠦ᠂ ᠳᠥᠮᠡᠨ ᠣᠯᠡᠨ ᠢᠶᠠᠷ ᠢᠶᠠᠨ ᠳᠠᠭᠠᠭᠠᠴᠢᠯᠠᠬᠤ᠂ ᠳᠥᠮᠡᠨ ᠣᠯᠡᠨ ᠢᠶᠠᠷ ᠢᠶᠠᠨ ᠳᠡᠳᠬᠦᠬᠦ᠂ ᠳᠥᠮᠡᠨ ᠣᠯᠡᠨ ᠢᠶᠠᠷ ᠢᠶᠠᠨ ᠠᠷᠭ᠎ᠠ ᠣᠬᠠᠭᠠᠨ ᠭᠠᠷᠭᠠᠬᠤ ᠵᠡᠷᠭᠡ ᠭᠡᠯᠪᠡᠷᠢ ᠪᠠᠷ ᠳᠡᠮᠵᠢᠭᠤᠯᠥᠨ᠂ ᠠᠵᠦ ᠦᠢᠯᠡᠰ ᠤᠨ ᠬᠡᠯᠬᠢᠶᠡᠰᠦ᠂ ᠬᠠᠩᠭᠠᠯᠭ᠎ᠠ ᠶᠢᠨ ᠬᠡᠯᠬᠢᠶᠡᠰᠦ᠂ ᠦᠢᠯᠡᠴᠢᠯᠡᠭᠡᠨ ᠤ ᠬᠡᠯᠬᠢᠶᠡᠰᠦ ᠶᠢᠨ ᠲᠤᠭᠤᠷᠢᠨ ᠳᠤ ᠳᠡᠭᠡᠷ᠎ᠠ ᠲᠤᠤᠷᠠᠳᠤ ᠬᠡᠯᠬᠢᠶ᠎ᠠ ᠶᠢᠨ ᠠᠵᠦ ᠠᠬᠤᠶᠢᠯᠠᠯ᠂ ᠠᠲᠠᠯ ᠦᠢᠯᠡᠰ ᠴᠣᠠᠠᠴᠠᠯᠬᠠᠴᠢᠳ ᠤᠨ ᠬᠤᠭᠤᠷᠤᠨᠳᠦᠬᠢ ᠡᠭ᠍ᠴᠡ ᠬᠦᠨᠵᠡᠬᠡᠢ ᠬᠢᠭᠡᠳ ᠬᠦᠨᠳᠡᠯᠡᠨ ᠢᠶᠠᠷ ᠨᠢᠭᠡ ᠴᠣᠠᠠᠵᠢᠭᠤᠯᠥᠨ ᠬᠠᠮᠵᠢᠯᠴᠠᠬᠤ ᠬᠠᠷᠢᠴᠠᠭ᠎ᠠ ᠪᠠᠶᠢᠭᠤᠯᠵᠦ᠂ ᠨᠡᠶᠢᠭᠡᠮᠴᠢᠯᠡᠭᠰᠡᠨ ᠬᠠᠮᠵᠢᠯᠴᠠᠬᠤ ᠬᠢᠷᠢ ᠭᠡᠮᠵᠢᠶ᠎ᠠ ᠪᠠ ᠪᠡᠯᠡ ᠮᠦᠡᠭᠬᠦ ᠶᠢᠨ ᠬᠦᠢᠯᠭᠡᠭᠡᠨ᠂ ᠡᠳ᠋ ᠪᠤᠳᠡᠰ ᠤᠨ ᠬᠦᠢᠯᠭᠡᠭᠡᠨ᠂ ᠴᠢᠳᠡᠪᠦᠷᠢᠳᠡᠨ ᠤ ᠬᠦᠢᠯᠭᠡᠭᠡᠨ᠂ ᠮᠡᠷᠭᠡᠵᠢᠯ ᠤᠨ ᠬᠦᠢᠯᠭᠡᠭᠡᠨ ᠢ ᠰᠢᠯᠢᠳᠡᠭᠵᠢᠬᠦᠯᠦᠨ ᠲᠤᠬᠢᠷᠡᠭᠤᠯᠬᠤ ᠪᠠ ᠪᠦᠳᠦᠮᠵᠢᠳᠡᠢ ᠠᠰᠢᠠᠠᠯᠠᠬᠤ ᠶᠢ ᠳᠡᠭᠡᠭᠰᠢᠯᠡᠬᠦᠯᠦᠨ᠎ᠠ᠃ ︵ᠦᠪᠡᠷᠳᠡᠭᠡᠨ ᠵᠠᠰᠬᠠᠥ ᠣᠷᠣᠨ ᠤ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠰᠢᠨᠵᠢᠯᠡᠬᠦ ᠣᠬᠠᠭᠠᠨ ᠮᠡᠷᠭᠡᠵᠢᠯ ᠤᠨ ᠳᠢᠩᠬᠢᠮ᠂ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠰᠣᠨᠢᠨ ᠮᠡᠳᠡᠭᠡ ᠭᠡᠪᠯᠡᠯ ᠷᠡᠳᠢᠤ᠋ ᠺᠢᠨᠤ᠋ ᠲᠤᠯᠸᠢᠰ ᠤᠨ ᠲᠣᠪᠴᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶ ᠠᠵᠦ ᠦᠢᠯᠡᠳᠪᠦᠷᠢ ᠳᠡᠷᠢᠶᠡᠯᠡᠩ ᠬᠤᠳᠠᠯᠳᠤᠭ᠎ᠠ ᠵᠢᠭᠤᠯᠴᠢᠯᠠᠯ ᠤᠨ ᠠᠭᠤᠰᠣᠯᠴᠬᠠᠰᠠᠨ ᠰᠢᠨ᠎ᠡ ᠵᠬᠠᠪᠤᠷ ᠢ ᠶᠡᠭᠡᠪᠡᠷ ᠬᠦᠭᠵᠢᠬᠦᠯᠥᠨ᠎ᠠ᠃ ᠬᠦᠢᠯᠭᠡᠭᠡᠨ ᠤ ᠦᠢᠯᠡᠰ ᠬᠢᠭᠡᠳ ᠠᠵᠦ ᠦᠢᠯᠡᠳᠪᠦᠷᠢ᠂ ᠳᠡᠷᠢᠶᠡᠯᠡᠩ ᠮᠠᠯ ᠠᠵᠦ ᠠᠬᠤᠢ᠂ ᠵᠢᠭᠤᠯᠴᠢᠯᠠᠯ ᠤᠨ ᠦᠢᠯᠡᠰ ᠤᠨ ᠨᠡᠪᠴᠢᠨ ᠠᠭᠤᠰᠣᠯᠴᠠᠬᠤ ᠶᠢ ᠳᠦᠷᠭᠡᠳᠭᠡᠵᠦ᠂ ᠠᠵᠦ ᠦᠢᠯᠡᠰ ᠤᠨ ᠬᠠᠮᠳᠣᠷᠡᠨ ᠬᠦᠳᠡᠯᠥᠯᠴᠡᠬᠦ ᠪᠠᠷ ᠬᠦᠢᠯᠭᠡᠭᠡᠨ ᠤ ᠦᠢᠯᠡᠰ ᠢ ᠪᠤᠵᠠᠭᠠᠶᠢᠷᠡᠭᠤᠯᠥᠨ᠎ᠠ᠃ ᠠᠵᠦ ᠦᠢᠯᠡᠳᠪᠦᠷᠢ ᠬᠤᠳᠠᠯᠳᠤᠭ᠎ᠠ ᠬᠤᠯᠪᠤᠭᠠᠯᠠᠵᠦ᠂ ᠪᠤᠷᠣᠯᠠᠭᠤᠯᠭ᠎ᠠ ᠪᠠᠷ ᠦᠢᠯᠡᠳᠪᠦᠷᠢᠯᠡᠯ ᠢ ᠨᠡᠶᠢᠯᠡᠬᠦᠯᠥᠨ᠂ ᠬᠦᠢᠯᠭᠡᠭᠡᠨ ᠤ ᠦᠢᠯᠡᠰ ᠢᠶᠠᠷ ᠲᠤᠨᠤᠠᠠᠯᠠᠯ ᠦᠢᠯᠡᠳᠬᠦ ᠦᠢᠯᠡᠰ ᠤᠨ ᠦᠢᠯᠡᠴᠢᠯᠡᠭᠡᠨ ᠤ ᠴᠢᠳᠡᠪᠦᠷᠢ ᠪᠠ ᠬᠢᠷᠢ ᠭᠡᠮᠵᠢᠶ᠎ᠠ ᠶᠢ ᠳᠡᠭᠡᠭᠰᠢᠯᠡᠬᠦᠯᠥᠨ᠎ᠠ᠃ ᠳᠡᠷᠢᠶᠡᠯᠡᠩ ᠮᠠᠯ ᠠᠵᠦ ᠠᠬᠤᠢ ᠬᠤᠳᠠᠯᠳᠤᠭ᠎ᠠ ᠬᠤᠯᠪᠤᠭᠠᠯᠠᠨ᠂ ᠦᠢᠯᠡᠳᠪᠦᠷᠢᠯᠡᠯ ᠤᠨ ᠪᠦᠳᠦᠴᠡ ᠶᠢ ᠰᠢᠯᠢᠳᠡᠭᠵᠢᠬᠦᠯᠵᠦ᠂ ᠡᠳ᠋ᠰᠢᠬᠦᠯᠥᠨ ᠪᠤᠯᠪᠠᠰᠣᠷᠡᠭᠤᠯᠬᠤ ᠬᠢᠷᠢ ᠭᠡᠮᠵᠢᠶ᠎ᠠ ᠶᠢ ᠳᠡᠭᠡᠭᠰᠢᠯᠡᠬᠦᠯᠦᠨ᠂ ᠮᠡᠷᠭᠡᠵᠢᠯ ᠤᠨ ᠦᠢᠯᠡᠴᠢᠯᠡᠭᠡᠨ ᠢ ᠴᠢᠩᠭᠠᠷᠡᠭᠤᠯᠵᠦ᠂ ᠨᠡᠷᠡᠳᠣ ᠳᠦᠷᠦᠯ ᠳᠡᠮᠳᠡᠭᠳᠦ ᠪᠤᠶᠢᠵᠢᠭᠤᠯᠬᠤ ᠶᠢ ᠴᠢᠩᠭᠠᠳᠬᠠᠨ᠂ ᠡᠵᠡᠩᠨᠡᠯᠳᠡ ᠪᠤᠷᠣᠯᠠᠭᠤᠯᠥᠯᠳᠡ ᠶᠢᠨ ᠵᠬᠠᠪᠤᠷ ᠢ ᠰᠠᠶᠢᠵᠢᠷᠡᠭᠤᠯᠵᠦ᠂ ᠦᠢᠯᠡᠳᠪᠦᠷᠢᠯᠡᠬᠦ᠂ ᠡᠳ᠋ᠰᠢᠬᠦᠯᠬᠦ ᠪᠠ ᠳᠡᠭᠡᠭᠡᠪᠦᠷᠢᠯᠡᠬᠦ ᠵᠡᠷᠭᠡ ᠳᠡᠯ᠎ᠠ ᠠᠴᠠ ᠭᠠᠷᠳᠡᠨ᠂ ᠪᠦᠷᠢᠨ ᠪᠦᠳᠦᠨ ᠠᠵᠦ ᠦᠢᠯᠡᠰ ᠤᠨ ᠬᠡᠯᠬᠢᠶᠡᠰᠦ ᠶᠢ ᠪᠦᠷᠢᠯᠳᠦᠬᠦᠯᠵᠦ᠂ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠪᠦᠳᠦᠮᠵᠢᠳᠦ ᠭᠠᠷᠭᠠᠯᠳᠡ ᠶᠢ ᠠᠬᠢᠭᠤᠯᠥᠨ᠎ᠠ᠃ ᠬᠤᠳᠠᠯᠳᠤᠭ᠎ᠠ ᠵᠢᠭᠤᠯᠴᠢᠯᠠᠯ ᠬᠤᠯᠪᠤᠭᠠᠯᠠᠨ᠂ ᠵᠢᠭᠤᠯᠴᠢᠯᠡᠯ ᠤᠨ ᠦᠵᠡᠮᠵᠢ ᠶᠢᠨ ᠣᠷᠣᠨ ︵ᠲᠤᠭᠤᠷᠢᠭ︶ ᠤ ᠪᠠᠷᠠᠭ᠎ᠠ ᠬᠤᠳᠠᠯᠳᠣᠨ ᠠᠪᠠᠨ᠋ᠥ᠂ ᠢᠳᠡᠭᠡᠨ ᠣᠮᠳᠠᠭᠠᠨ᠂ ᠬᠤᠨᠤᠵᠦ ᠪᠠᠭᠤᠳᠠᠯᠯᠠᠬᠤ᠂ ᠵᠤᠭ᠎ᠠ ᠴᠠᠩᠭᠡᠯ᠂ ᠠᠮᠠᠷᠡᠵᠦ ᠰᠡᠯᠡᠬᠦᠴᠠᠬᠦ ᠵᠡᠷᠭᠡ ᠳᠦᠬᠦᠷᠵᠢᠬᠦᠯᠬᠦ ᠪᠡᠯᠡᠳᠭᠡᠮᠵᠢ ᠶᠢ ᠳᠡᠬᠦᠯᠳᠡᠷᠵᠢᠬᠦᠯᠵᠦ᠂ ᠬᠦᠢᠯᠭᠡᠭᠡᠨ ᠤ ᠦᠢᠯᠡᠰ ᠢᠶᠠᠷ ᠵᠢᠭᠤᠯᠴᠢᠯᠡᠯ ᠤᠨ ᠦᠢᠯᠡᠰ ᠤᠨ ᠬᠦᠭᠵᠢᠯᠳᠡ ᠶᠢ ᠠᠬᠢᠭᠤᠯᠬᠤ᠂ ᠵᠢᠭᠤᠯᠴᠢᠯᠡᠯ ᠤᠨ ᠦᠢᠯᠡᠰ ᠢᠶᠠᠷ ᠬᠦᠢᠯᠭᠡᠭᠡᠨ ᠤ ᠦᠢᠯᠡᠰ ᠤᠨ ᠬᠦᠭᠵᠢᠯᠳᠡ ᠶᠢ ᠳᠡᠶᠢᠴᠢᠯᠠᠬᠤ ᠬᠠᠷᠢᠯᠴᠠᠨ ᠬᠦᠳᠡᠯᠥᠯᠴᠡᠬᠦ ᠨᠦᠯᠥᠭᠡᠯᠡᠯ ᠢ ᠪᠤᠢ ᠪᠤᠯᠭᠠᠨ᠎ᠠ᠃ ︵ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠳᠡᠷᠢᠶᠡᠯᠡᠩ ᠮᠠᠯ ᠠᠵᠦ ᠠᠬᠤᠢ ᠶᠢᠨ ᠳᠢᠩᠬᠢᠮ᠂ ᠵᠢᠭᠤᠯᠴᠢᠯᠠᠯ ᠤᠨ ᠲᠤᠪᠴᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶ ᠡᠷᠴᠢᠮᠵᠢᠬᠦᠯᠥᠭᠰᠡᠨ ᠡᠵᠡᠩᠨᠡᠯᠳᠡ ᠶᠢᠨ ᠰᠢᠨ᠎ᠡ ᠵᠬᠠᠪᠤᠷ ᠢ ᠭᠤᠤᠯᠳᠡᠯᠭ᠎ᠠ ᠲᠠᠢ ᠬᠦᠭᠵᠢᠬᠦᠯᠦᠨ᠎ᠡ᠃ ᠬᠦᠢᠯᠭᠡᠭᠡᠨ ᠤ ᠠᠵᠦ ᠠᠬᠤᠶᠢᠯᠡᠯ᠂ ᠪᠠᠷᠡᠭᠠᠨ ᠤ ᠬᠦᠢᠯᠭᠡᠭᠡᠨ ᠤ ᠠᠵᠦ ᠠᠬᠤᠶᠢᠯᠠᠯ ᠤᠨ ᠪᠤᠵᠠᠭᠠᠶᠢᠷᠡᠨ ᠬᠦᠴᠦᠷᠭᠡᠭᠵᠢᠬᠦ ᠶᠢ ᠳᠡᠮᠵᠢᠵᠦ᠂ ᠨᠢᠭᠡ ᠪᠦᠯᠥᠭ ᠣᠯᠥᠰ ᠤᠨ ᠲᠤᠳᠣᠭᠠᠳᠣ ᠳᠤ ᠦᠷᠢᠰᠦᠯᠳᠦᠬᠦ ᠬᠦᠴᠣᠨ ᠲᠠᠢ ᠲᠣᠮᠥ ᠭᠡᠯᠪᠡᠷᠢ ᠶᠢᠨ ᠵᠢᠵᠢᠭᠯᠡᠨ ᠪᠤᠷᠣᠯᠠᠭᠤᠯᠬᠤ ᠬᠤᠳᠠᠯᠳᠤᠭ᠎ᠠ᠂ ᠪᠦᠭᠡᠮ ᠢᠶᠠᠷ ᠪᠤᠷᠣᠯᠠᠭᠤᠯᠬᠤ ᠬᠤᠳᠠᠯᠳᠤᠭ᠎ᠠ᠂ ᠭᠤᠷᠪᠠᠳᠡᠬᠢ ᠡᠳᠡᠭᠡᠳ ᠤᠨ ᠪᠠᠷᠡᠭᠠᠨ ᠤ ᠬᠦᠢᠯᠭᠡᠭᠡᠨ ᠤ ᠠᠵᠦ ᠠᠬᠤᠶᠢᠯᠠᠯ ᠢ ᠪᠤᠶᠢᠵᠢᠭᠤᠯᠵᠦ᠂ ᠲᠤᠮᠳᠡ ᠵᠢᠵᠢᠭ ᠠᠵᠦ ᠠᠬᠤᠶᠢᠯᠠᠯ ᠢ ᠬᠦᠳᠦᠯᠥᠨ ᠵᠢᠯᠥᠭᠤᠳᠴᠥ ᠪᠠᠶᠢᠭᠠᠳ ᠬᠤᠯᠪᠤᠭᠠᠯᠠᠨ ᠬᠤᠳᠠᠯᠳᠣᠨ ᠠᠪᠠᠨ᠋ᠥ᠂ ᠬᠠᠮᠳᠣᠪᠡᠷ ᠲᠣᠬᠢᠷᠡᠭᠤᠯᠥᠨ ᠬᠦᠷᠭᠡᠬᠦ᠂ ᠣᠨᠴᠠ ᠵᠦᠪᠰᠢᠶᠡᠷᠡᠨ ᠡᠵᠡᠩᠨᠡᠬᠦᠯᠬᠦ᠂ ᠳᠡᠪᠴᠠᠩ ᠢ ᠪᠦᠭᠡᠮᠨᠡᠷᠡᠬᠦᠯᠬᠦ ᠵᠡᠷᠭᠡ ᠠᠷᠭ᠎ᠠ ᠮᠠᠶ᠋ᠢᠭ ᠢᠶᠠᠷ ᠪᠦᠬᠦᠯᠢ ᠴᠣᠠᠠᠴᠠ ᠶᠢᠨ ᠦᠷᠢᠰᠦᠯᠳᠦᠬᠦ ᠬᠦᠴᠣᠨ ᠢ ᠲᠡᠭᠡᠭᠰᠢᠯᠡᠬᠦᠯᠥᠨ᠎ᠠ᠃ ︵ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶        ︵ᠭᠤᠷᠪᠡ︶ ᠤᠬᠠᠭᠠᠯᠢᠭ ᠬᠦᠢᠯᠭᠡᠭᠡᠨ ᠤ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠥᠯᠳᠡ ᠶᠢᠨ ᠠᠵᠢᠯᠯᠠᠭᠠᠨ ᠢ ᠭᠡᠷᠡᠭᠵᠢᠬᠦᠯᠥᠨ᠎ᠠ᠃ ᠳᠡᠭᠡᠳᠦ ᠬᠤᠷᠳᠦ ᠶᠢᠨ ᠦᠷᠭᠡᠨ ᠪᠦᠰᠡᠳᠦ ᠰᠦᠯᠵᠢᠶ᠎ᠠ ᠶᠢᠨ ᠪᠦᠳᠦᠭᠡᠨ ᠪᠠᠶᠢᠭᠤᠯᠥᠯᠳᠡ ᠪᠤᠯᠥᠨ ᠰᠢᠯᠵᠢᠮᠡᠯ ᠰᠦᠯᠵᠢᠶ᠎ᠠ ᠶᠢ ᠪᠦᠷᠢᠨ ᠪᠦᠷᠬᠦᠬᠦᠯᠬᠦ ᠠᠬᠢᠴᠠ ᠶᠢ ᠳᠥᠷᠭᠡᠳᠭᠡᠵᠦ᠂ ᠰᠦᠯᠵᠢᠶ᠎ᠠ ᠶᠢᠨ ᠬᠤᠷᠳᠣ ᠶᠢ ᠳᠦᠷᠭᠡᠳᠭᠡᠨ ᠰᠦᠢᠳᠭᠡᠯ ᠢ ᠪᠠᠭᠤᠷᠡᠭᠤᠯᠬᠤ ᠪᠠ ᠭᠤᠤᠯᠳᠡᠯᠭ᠎ᠠ ᠲᠠᠢ ᠣᠯᠡᠨ ᠨᠡᠶᠢᠲᠡ ᠶᠢᠨ ᠳᠡᠯᠡᠪᠡᠢ ᠭᠠᠵᠡᠷ ᠤᠨ ᠣᠳᠠᠰᠣ ᠦᠭᠡᠢ ᠬᠡᠰᠡᠭᠯᠡᠯ ᠰᠦᠯᠵᠢᠶ᠎ᠠ ᠶᠢ ᠪᠦᠷᠬᠦᠬᠦᠯᠬᠦ ᠶᠢᠨ ᠲᠠᠭᠠᠤ ᠰᠦᠢᠳᠭᠡᠯ ᠬᠤᠷᠢᠶᠠᠬᠤ ᠦᠭᠡᠢ ᠦᠢᠯᠡᠴᠢᠯᠡᠭᠡᠨ ᠢ ᠪᠠᠶᠠᠯᠠᠬᠦᠯᠬᠦ ᠶᠢ ᠠᠬᠢᠭᠤᠯᠵᠦ᠂ ᠭᠤᠤᠯᠳᠡᠯᠭ᠎ᠠ ᠲᠠᠢ ᠵᠠᠭᠡᠯᠢ ᠲᠤᠭᠤᠷᠢᠭ᠂ ᠬᠤᠳᠠᠯᠳᠣᠭᠠᠨ ᠤ ᠲᠥᠪ᠂ ᠣᠳᠣᠨ ᠳᠡᠰ ᠤᠨ ᠪᠠᠭᠤᠳᠡᠯ᠂ ᠨᠡᠶᠢᠭᠡᠮ ᠲᠤᠭᠤᠷᠢᠭ ᠤᠨ ᠦᠢᠯᠡᠴᠢᠯᠡᠭᠡᠨ ᠵᠡᠷᠭᠡ ᠳᠡᠯᠡᠪᠡᠢ ᠭᠠᠵᠡᠷ ᠤᠨ ᠣᠳᠠᠰᠣ ᠦᠭᠡᠢ ᠲᠣᠣᠷ ᠰᠦᠯᠵᠢᠶ᠎ᠠ ᠵᠢᠴᠢ ᠮᠠᠯᠵᠢᠬᠤ ᠳᠡᠷᠢᠶᠡᠯᠠᠬᠤ ᠣᠷᠣᠨ ᠤ ᠦᠷᠭᠡᠨ ᠪᠦᠰᠡᠳᠦ ᠰᠦᠯᠵᠢᠶ᠎ᠠ ᠵᠡᠷᠭᠡ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠥᠯᠳᠡ ᠶᠢ ᠲᠠᠶᠢᠢᠴᠢᠯᠠᠨ ᠰᠢᠯᠢᠳᠡᠭᠵᠢᠬᠦᠯᠵᠤ᠂ ︽ᠲᠤᠭᠠᠵᠢᠭᠤᠯᠬᠤ ᠵᠠᠭᠠᠭ︾ ᠢ ᠠᠷᠢᠯᠭᠠᠨ᠎ᠠ᠃ ︵ᠦᠪᠡᠷᠳᠡᠭᠡᠨ ᠵᠠᠰᠬᠠᠥ ᠣᠷᠣᠨ ᠤ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠦᠪᠤᠷ ᠮᠣᠩᠭᠤᠯ ᠤᠨ ᠴᠢᠮᠡᠭᠡ ᠬᠤᠯᠪᠤᠭᠠᠨ ᠤ ᠬᠠᠮᠢᠶᠡᠷᠦᠯᠳᠡ ᠶᠢᠨ ᠲᠣᠪᠴᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶ ᠬᠦᠢᠯᠭᠡᠭᠡᠨ ᠤ ᠰᠠᠭᠤᠷᠢ ᠪᠡᠯᠡᠳᠭᠡᠮᠵᠢ ᠶᠢᠨ ᠣᠷᠣᠨ ᠵᠠᠢ ᠶᠢᠨ ᠪᠠᠶᠢᠷᠢᠰᠢᠯ ᠢ ᠲᠣᠬᠢᠷᠡᠭᠤᠯᠥᠨ ᠰᠢᠯᠢᠳᠡᠭᠵᠢᠬᠦᠯᠵᠦ᠂ ᠪᠠᠷᠠᠭᠠᠨ ᠤ ᠬᠦᠢᠯᠭᠡᠭᠡᠨ ᠤ ᠰᠠᠭᠤᠷᠢᠨ ᠭᠠᠵᠡᠷ ︵ᠬᠦᠷᠢᠶᠡᠯᠡᠭ ᠲᠤᠭᠤᠷᠢᠭ︶᠂ ᠬᠤᠪᠢᠶᠡᠷᠢᠯᠡᠨ ᠦᠭᠬᠦ ᠲᠥᠪ᠂ ︽ᠬᠦᠮᠦᠷᠭᠡᠯᠡᠵᠦ ᠲᠤᠬᠢᠷᠡᠭᠤᠯᠬᠤ ᠶᠢ ᠨᠢᠭᠡ ᠴᠣᠠᠠᠴᠠᠵᠢᠭᠤᠯᠥᠠᠠᠰᠠᠨ︾ ᠳᠦᠷᠭᠡᠨ ᠬᠦᠷᠭᠡᠬᠦ ᠵᠦᠢᠯ ᠢ ᠰᠢᠢᠳᠪᠦᠷᠢᠯᠡᠬᠦ ᠲᠥᠪ᠂ ᠳᠡᠸᠡᠷ ᠤᠨ ᠠᠷᠠᠯᠵᠢᠶ᠎ᠠ ᠶᠢᠨ ᠵᠠᠬ᠎ᠠ ᠳᠡᠯᠭᠡᠬᠦᠷ᠂ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠪᠦᠭᠡᠮ ᠢᠶᠠᠷ ᠬᠤᠳᠠᠯᠳᠣᠬᠤ ᠵᠠᠬ᠎ᠠ ᠳᠡᠯᠭᠡᠬᠦᠷ᠂ ᠡᠴᠦᠰ ᠤᠨ ᠲᠤᠬᠢᠷᠡᠭᠤᠯᠥᠨ ᠬᠦᠷᠭᠡᠬᠦ ᠲᠣᠣᠷ ᠴᠡᠭ ᠪᠤᠯᠥᠨ ᠵᠢᠵᠢᠭᠯᠡᠨ ᠬᠤᠳᠠᠯᠳᠣᠬᠤ ᠦᠵᠤᠬᠦᠷ ᠤᠨ ᠲᠣᠣᠷ ᠴᠡᠭ ᠵᠡᠷᠭᠡ ᠨᠡᠶᠢᠲᠡ ᠶᠢᠨ ᠠᠰᠠᠷᠡᠮᠵᠢ ᠶᠢᠨ ᠴᠢᠨᠡᠷᠳᠡᠢ ᠪᠠ ᠣᠯᠡᠨ ᠨᠡᠶᠢᠲᠡ ᠶᠢᠨ ᠴᠢᠨᠡᠷᠳᠡᠢ ᠬᠦᠢᠯᠭᠡᠭᠡᠨ ᠤ ᠪᠡᠯᠡᠳᠭᠡᠮᠵᠢ ᠶᠢ ᠰᠢᠨᠵᠢᠯᠡᠬᠦ ᠣᠬᠠᠭᠠᠨᠴᠢ ᠪᠠᠷ ᠳᠥᠯᠥᠪᠵᠢᠬᠦᠯᠥᠨ ᠪᠠᠶᠢᠭᠤᠯᠵᠦ᠂ ᠬᠦᠢᠯᠭᠡᠭᠡᠨ ᠤ ᠰᠠᠭᠤᠷᠢ ᠪᠡᠯᠡᠳᠭᠡᠮᠵᠢ ᠶᠢᠨ ᠮᠡᠳᠡᠭᠡ ᠵᠠᠩᠬᠢᠵᠢᠭᠤᠯᠥᠨ ᠦᠭᠡᠷᠡᠴᠢᠯᠡᠬᠦ ᠡᠷᠴᠢᠮ ᠢ ᠴᠢᠩᠭᠠᠷᠡᠭᠤᠯᠥᠨ᠂ ᠤᠬᠠᠭᠠᠯᠢᠭ ᠬᠤᠳᠠᠯᠳᠣᠭᠠᠨ ᠤ ᠲᠤᠭᠤᠷᠢᠭ᠂ ᠣᠶᠣᠨᠴᠢ ᠪᠠᠷᠡᠭᠠᠨ ᠤ ᠬᠦᠢᠯᠭᠡᠭᠡᠨ᠂ ᠪᠠᠷᠡᠭᠠᠨ ᠤ ᠬᠦᠢᠯᠭᠡᠭᠡᠨ ᠤ ᠣᠶᠣᠨᠴᠢᠯᠬᠠᠰᠠᠨ ᠨᠡᠪᠳᠡᠷᠡᠬᠦ ᠵᠠᠮ ᠤᠨ ᠲᠣᠣᠷ ᠰᠦᠯᠵᠢᠶ᠎ᠠ᠂ ᠣᠶᠣᠨᠴᠢᠯᠬᠠᠰᠠᠨ ᠬᠦᠮᠦᠷᠭᠡᠯᠡᠯᠳᠡ᠂ ᠲᠣᠭᠠᠴᠠᠯᠬᠠᠰᠠᠨ ᠴᠣᠠᠠᠯᠠᠭ᠎ᠠ ᠦᠵᠡᠰᠬᠦᠯᠡᠩ ᠵᠡᠷᠭᠡ ᠶᠢᠨ ᠰᠢᠨ᠎ᠡ ᠶᠢ ᠡᠬᠦᠳᠣᠨ ᠭᠡᠷᠡᠭᠯᠡᠬᠦ ᠶᠢ ᠳᠡᠮᠵᠢᠵᠦ᠂ ᠣᠯᠡᠨ ᠳᠡᠰ ᠲᠠᠪᠬᠤᠷᠭ᠎ᠠ ᠶᠢᠨ ᠪᠠᠷᠡᠭᠠᠨ ᠤ ᠬᠦᠢᠯᠭᠡᠭᠡᠨ ᠤ ᠣᠯᠡᠨ ᠨᠡᠶᠢᠲᠡ ᠶᠢᠨ ᠮᠡᠳᠡᠭᠡ ᠵᠠᠩᠬᠢ ᠶᠢᠨ ᠦᠢᠯᠡᠴᠢᠯᠡᠭᠡᠨ ᠤ ᠳᠡᠪᠴᠠᠩ ᠢ ᠰᠢᠨᠵᠢᠯᠡᠬᠦ ᠣᠬᠠᠭᠠᠨᠴᠢ ᠪᠠᠷ ᠬᠦᠭᠵᠢᠬᠦᠯᠥᠨ᠂ ᠡᠯ᠎ᠠ ᠳᠥᠷᠦᠯ ᠤᠨ ᠪᠠᠷᠡᠭᠠᠨ ᠤ ᠬᠦᠢᠯᠭᠡᠭᠡᠨ ᠤ ᠡᠬᠢ ᠪᠠᠶᠠᠯᠢᠭ ᠢ ᠨᠡᠶᠢᠯᠡᠬᠦᠯᠵᠦ᠂ ᠪᠠᠷᠡᠭᠠᠨ ᠤ ᠬᠦᠢᠯᠭᠡᠭᠡᠨ ᠤ ᠦᠷ᠎ᠠ ᠠᠰᠢᠭ ᠢ ᠳᠡᠭᠡᠭᠰᠢᠯᠡᠬᠦᠯᠥᠨ᠂ ᠪᠠᠷᠡᠭᠠᠨ ᠤ ᠬᠦᠢᠯᠭᠡᠭᠡᠨ ᠤ ᠦᠪᠡᠷ ᠤᠨ ᠦᠷᠲᠡᠭ ᠢ ᠪᠠᠭᠤᠷᠡᠭᠤᠯᠥᠨ᠎ᠠ᠃ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠬᠦᠢᠯᠭᠡᠭᠡᠨ ᠤ ᠪᠦᠬᠦ ᠶᠠᠪᠤᠴᠠ ᠶᠢᠨ ᠬᠦᠯᠳᠡᠭᠡᠬᠦ ᠬᠡᠯᠬᠢᠶᠡᠰᠦ ᠶᠢᠨ ᠰᠢᠰᠲ᠋ᠧᠮ ᠢ ᠭᠤᠤᠯᠳᠡᠯᠭ᠎ᠠ ᠲᠠᠢ ᠪᠦᠳᠦᠭᠡᠨ ᠪᠠᠶᠢᠭᠤᠯᠥᠨ᠎ᠠ᠃ ︵ᠦᠪᠡᠷᠳᠡᠭᠡᠨ ᠵᠠᠰᠬᠠᠥ ᠣᠷᠣᠨ ᠤ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠡᠳ᠋ ᠤᠨ ᠵᠠᠰᠠᠭ ᠤᠨ ᠳᠢᠩᠬᠢᠮ᠂ ᠣᠯᠥᠰ ᠤᠨ ᠭᠠᠵᠡᠷ ᠰᠢᠷᠦᠢ ᠡᠬᠢ ᠪᠠᠶᠠᠯᠢᠭ ᠤᠨ ᠳᠢᠩᠬᠢᠮ᠂ ᠣᠷᠣᠨ ᠰᠠᠭᠤᠴᠠ ᠬᠤᠳᠡ ᠬᠦᠳᠡᠭᠡ ᠶᠢᠨ ᠪᠦᠳᠦᠭᠡᠨ ᠪᠠᠶᠢᠭᠤᠯᠥᠯᠳᠡ ᠶᠢᠨ ᠳᠢᠩᠬᠢᠮ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠳᠢᠩᠬᠢᠮ᠂ ᠳᠡᠷᠢᠶᠡᠯᠡᠩ ᠮᠠᠯ ᠠᠵᠦ ᠠᠬᠤᠢ ᠶᠢᠨ ᠳᠢᠩᠬᠢᠮ᠂ ᠶᠠᠰᠣ ᠴᠢᠨᠡᠷ ᠲᠤ ᠮᠡᠷᠭᠡᠵᠢᠯ ᠤᠨ ᠬᠢᠨᠡᠯᠳᠡ ᠳᠡᠯᠪᠢᠬᠤ ᠲᠤᠪᠴᠢᠶ᠎ᠠ᠂ ᠰᠣᠨᠢᠨ ᠮᠡᠳᠡᠭᠡ ᠭᠡᠪᠯᠡᠯ ᠷᠡᠳᠢᠤ᠋ ᠺᠢᠨᠤ᠋ ᠲᠤᠯᠸᠢᠰ ᠤᠨ ᠲᠣᠪᠴᠢᠶ᠎ᠠ᠂ ᠦᠪᠤᠷ ᠮᠣᠩᠭᠤᠯ ᠤᠨ ᠰᠢᠥᠳᠡᠨ ᠤ ᠶᠠᠪᠤᠳᠠᠯ ᠤᠨ ᠬᠠᠮᠢᠶᠡᠷᠦᠯᠳᠡ ᠶᠢᠨ ᠲᠣᠪᠴᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶ ᠡᠯᠧᠺᠲᠷᠤᠨ ᠬᠤᠳᠠᠯᠳᠣᠭᠠᠨ ᠤ ᠶᠠᠪᠤᠳᠡᠯ ᠪᠤᠯᠥᠨ ᠪᠠᠷᠡᠭᠠᠨ ᠤ ᠬᠦᠢᠯᠭᠡᠭᠡᠨ ᠤ ᠳᠥᠷᠭᠡᠨ ᠳᠡᠮᠵᠢᠭᠤᠯᠬᠤ ᠶᠢᠨ ᠬᠠᠮᠵᠢᠯᠴᠠᠨ ᠬᠦᠭᠵᠢᠬᠦᠯᠬᠦ ᠶᠢ ᠠᠬᠢᠭᠤᠯᠵᠦ᠂ ᠣᠯᠥᠰ ᠤᠨ ᠡᠯᠧᠺᠲᠷᠤᠨ ᠬᠤᠳᠠᠯᠳᠣᠭᠠᠨ ᠤ ᠶᠠᠪᠤᠳᠡᠯ ᠪᠤᠯᠥᠨ ᠪᠠᠷᠡᠭᠠᠨ ᠤ ᠬᠦᠢᠯᠭᠡᠭᠡᠨ ᠤ ᠳᠥᠷᠭᠡᠨ ᠳᠡᠮᠵᠢᠭᠤᠯᠬᠤ ᠶᠢᠨ ᠬᠠᠮᠵᠢᠯᠴᠠᠨ ᠬᠦᠭᠵᠢᠬᠦᠯᠬᠦ ᠲᠣᠷᠰᠢᠯᠳᠡ ᠶᠢᠨ ᠴᠡᠭ ᠢ ᠢᠳᠡᠪᠬᠢᠳᠡᠢ ᠪᠠᠷ ᠣᠯᠵᠦ ᠪᠠᠶᠢᠭᠠᠳ ᠳᠥᠷᠬᠡᠨ ᠳᠡᠮᠵᠢᠭᠤᠯᠬᠤ ᠳᠤ ᠲᠣᠰᠬᠠᠢ ᠭᠡᠷᠡᠭᠯᠡᠬᠦ ᠳᠡᠷᠬᠡ ᠬᠦᠰᠬᠡ ᠶᠢᠨ ᠬᠤᠳᠡ ᠳᠤ ᠨᠡᠪᠳᠡᠷᠡᠬᠦ ᠪᠠ ᠠᠵᠢᠯᠯᠠᠬᠤ ᠳᠤ ᠳᠦᠬᠦᠮ ᠦᠵᠡᠬᠦᠯᠵᠦ᠂ ᠡᠯᠧᠺᠲᠷᠤᠨ ᠬᠤᠳᠠᠯᠳᠣᠭᠠᠨ ᠤ ᠶᠠᠪᠤᠳᠡᠯ ᠤᠨ ᠳᠥᠷᠭᠡᠨ ᠬᠦᠭᠵᠢᠯᠳᠡ ᠳᠤ ᠵᠤᠬᠢᠴᠠᠬᠤ ᠪᠠᠷᠡᠭᠠᠨ ᠤ ᠬᠦᠢᠯᠭᠡᠭᠡᠨ ᠤ ᠳᠥᠷᠭᠡᠨ ᠳᠡᠮᠵᠢᠭᠤᠯᠬᠤ ᠶᠢᠨ ᠬᠠᠮᠢᠶᠡᠷᠦᠯᠳᠡ ᠪᠠ ᠦᠢᠯᠡᠴᠢᠯᠡᠭᠡᠨ ᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠵᠦ᠂ ᠡᠯᠧᠺᠲᠷᠤᠨ ᠬᠤᠳᠠᠯᠳᠤᠭ᠎ᠠ ᠶᠢᠨ ᠪᠠᠷᠡᠭᠠᠨ ᠤ ᠬᠦᠢᠯᠭᠡᠭᠡᠨ ᠤ ᠲᠣᠬᠢᠷᠡᠭᠤᠯᠥᠨ ᠬᠦᠷᠭᠡᠬᠦ ᠡᠵᠡᠩᠨᠡᠯᠳᠡ ᠶᠢᠨ ᠵᠬᠠᠪᠤᠷ ᠤᠨ ᠰᠢᠨ᠎ᠡ ᠡᠬᠦᠳᠦᠯᠳᠡ ᠶᠢ ᠬᠦᠳᠦᠯᠥᠨ ᠵᠢᠯᠥᠭᠤᠳᠴᠥ ᠪᠠᠶᠢᠭᠠᠳ ᠡᠯᠧᠺᠲᠷᠤᠨ ᠬᠤᠳᠠᠯᠳᠣᠭᠠᠨ ᠤ ᠶᠠᠪᠤᠳᠡᠯ ᠪᠤᠯᠥᠨ ᠪᠠᠷᠡᠭᠠᠨ ᠤ ᠬᠦᠢᠯᠭᠡᠭᠡᠨ ᠤ ᠳᠥᠷᠭᠡᠨ ᠳᠡᠮᠵᠢᠭᠤᠯᠬᠤ ᠶᠢᠨ ᠬᠠᠮᠵᠢᠯᠴᠠᠨ ᠬᠦᠭᠵᠢᠬᠦᠯᠬᠦ ᠲᠤᠠᠠᠳᠠᠴᠠ ᠶᠢ ᠪᠠᠶᠢᠭᠤᠯᠥᠨ᠎ᠠ᠃ ︵ᠦᠪᠦᠷ ᠮᠤᠩᠭᠤᠯ ᠤᠨ ᠰᠢᠥᠳᠡᠨ ᠤ ᠶᠠᠪᠤᠳᠡᠯ ᠤᠨ ᠬᠠᠮᠢᠶᠡᠷᠦᠯᠳᠡ ᠶᠢᠨ ᠲᠣᠪᠴᠢᠶ᠎ᠠ᠂ ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶ ᠬᠦᠢᠯᠭᠡᠭᠡᠨ ᠤ ᠰᠢᠨ᠎ᠡ ᠶᠢ ᠡᠬᠦᠳᠬᠦ ᠰᠠᠭᠤᠷᠢᠨ ᠭᠠᠵᠡᠷ ᠢ ᠳᠥᠷᠭᠡᠳᠭᠡᠨ ᠬᠦᠭᠵᠢᠬᠦᠯᠵᠦ᠂ ᠲᠤᠮᠳᠡ ᠵᠢᠵᠢᠭ ᠪᠢᠴᠢᠯ ᠠᠵᠦ ᠠᠬᠤᠶᠢᠯᠠᠯ ᠤᠨ ᠢᠨᠲ᠋ᠧᠷ ᠰᠦᠯᠵᠢᠶ᠎ᠠ ᠶᠢ ᠭᠡᠷᠡᠭᠯᠡᠨ ᠠᠲᠠᠯ ᠦᠢᠯᠡᠰ ᠴᠣᠠᠠᠴᠠᠯᠠᠨ ᠰᠢᠨ᠎ᠡ ᠶᠢ ᠡᠬᠦᠳᠬᠦ ᠳᠤ ᠪᠦᠭᠡᠮᠨᠡᠷᠡᠨ ᠳᠡᠩᠰᠡᠯᠠᠬᠤ᠂ ᠠᠵᠢᠯᠯᠠᠬᠤ ᠳᠡᠯᠡᠪᠡᠢ ᠭᠠᠵᠡᠷ᠂ ᠰᠠᠭᠤᠷᠢ ᠴᠢᠮᠡᠭᠡ ᠬᠤᠯᠪᠤᠭ᠎ᠠ᠂ ᠵᠦᠭᠡᠭᠡᠪᠦᠷᠢᠯᠡᠨ ᠡᠵᠡᠩᠨᠡᠬᠦ ᠶᠢ ᠵᠢᠯᠥᠭᠤᠳᠬᠤ᠂ ᠴᠢᠳᠡᠪᠦᠷᠢᠳᠡᠨ ᠤ ᠪᠤᠯᠪᠠᠰᠣᠷᠡᠭᠤᠯᠥᠯ᠂ ᠮᠡᠷᠭᠡᠵᠢᠯ ᠤᠨ ᠰᠣᠳᠣᠯᠥᠨ ᠨᠡᠭᠡᠭᠡᠬᠦ᠂ ᠵᠠᠮ ᠮᠦᠷ ᠢ ᠳᠡᠯᠭᠡᠷᠡᠬᠦᠯᠬᠦ᠂ ᠢᠳᠡᠭᠡᠮᠵᠢᠳᠦ ᠵᠢᠭᠡᠯᠡᠯᠭᠡ ᠶᠢᠨ ᠪᠡᠯᠡ ᠲᠣᠬᠢᠷᠡᠭᠤᠯᠭ᠎ᠠ᠂ ᠬᠦᠮᠦᠷᠭᠡᠯᠡᠨ ᠪᠠᠷᠠᠭ᠎ᠠ ᠬᠦᠢᠯᠭᠡᠭᠡᠬᠦ ᠵᠡᠷᠭᠡ ᠵᠦᠭᠡᠯᠡᠨ ᠲᠤᠨᠤᠭ ᠢ ᠨᠢᠭᠡ ᠴᠣᠠᠠᠴᠠᠵᠢᠭᠤᠯᠬᠤ ᠳᠤ ᠲᠤᠯᠭᠠᠭᠤᠷᠢᠯᠠᠬᠤ ᠦᠢᠯᠡᠴᠢᠯᠡᠭᠡᠨ ᠢ ᠬᠠᠩᠭᠠᠨ᠎ᠠ᠃ ︵ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠰᠢᠨᠵᠢᠯᠡᠬᠦ ᠣᠬᠠᠭᠠᠨ ᠮᠡᠷᠭᠡᠵᠢᠯ ᠤᠨ ᠳᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠳᠢᠩᠬᠢᠮ᠂ ᠠᠵᠦ ᠦᠢᠯᠡᠳᠪᠦᠷᠢ ᠬᠤᠳᠠᠯᠳᠤᠭ᠎ᠠ ᠶᠢᠨ ᠲᠤᠪᠴᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶        ︵ᠳᠥᠷᠪᠡ︶ ᠬᠦᠢᠯᠭᠡᠭᠡᠨ ᠢᠶᠠᠷ ᠭᠡᠷᠡᠭᠯᠡᠭᠡ ᠶᠢ ᠠᠬᠢᠭᠤᠯᠬᠤ ᠠᠵᠢᠯᠯᠠᠭᠠᠨ ᠢ ᠭᠡᠷᠡᠭᠵᠢᠬᠦᠯᠦᠨ᠎ᠡ᠃ ᠦᠢᠯᠡᠴᠢᠯᠡᠭᠡᠨ ᠤ ᠭᠡᠷᠡᠭᠯᠡᠭᠡ ᠶᠢᠨ ᠬᠠᠩᠭᠠᠯᠭ᠎ᠠ ᠶᠢ ᠨᠡᠮᠡᠭᠳᠡᠬᠦᠯᠵᠦ᠂ ᠡᠷᠡᠬᠦᠯ ᠮᠡᠨᠳᠦ ᠶᠢᠨ ᠬᠠᠮᠢᠶᠡᠷᠦᠯᠳᠡ᠂ ᠪᠡᠶ᠎ᠠ ᠴᠢᠬᠢᠷᠬᠠᠵᠢᠭᠤᠯᠥᠯᠳᠡ᠂ ᠳᠡᠭᠡᠳᠣ ᠳᠡᠰ ᠤᠨ ᠡᠮᠴᠢᠯᠡᠭᠡ᠂ ᠡᠷᠡᠬᠦᠯᠵᠢᠯ ᠤᠨ ᠰᠣᠪᠢᠯᠠᠯᠳᠡ ᠵᠡᠷᠭᠡ ᠡᠷᠡᠬᠦᠯ ᠮᠠᠨᠳᠦ ᠶᠢᠨ ᠦᠢᠯᠡᠴᠢᠯᠡᠭᠡᠨ᠂ ᠠᠮᠢᠳᠣᠷᠡᠯ ᠤᠨ ᠠᠰᠠᠷᠡᠨ ᠬᠠᠷᠡᠭᠠᠯᠵᠠᠬᠤ᠂ ᠣᠶᠣᠨ ᠰᠠᠨᠠᠭ᠎ᠠ ᠶᠢ ᠳᠡᠶᠢᠳᠬᠤᠷᠡᠭᠤᠯᠬᠤ᠂ ᠰᠣᠶᠣᠯ ᠤᠨ ᠦᠢᠯᠡᠴᠢᠯᠡᠭᠡᠨ᠂ ᠪᠠᠴᠢᠮ ᠠᠪᠤᠷᠡᠨ ᠲᠣᠰᠠᠯᠠᠬᠤ ᠵᠡᠷᠭᠡ ᠨᠠᠰᠣᠵᠢᠯ ᠤᠨ ᠦᠢᠯᠡᠴᠢᠯᠡᠭᠡᠨ᠂ ᠲᠤᠭᠤᠷᠢᠨ ᠵᠤᠭᠠᠴᠠᠬᠤ᠂ ᠰᠡᠯᠡᠬᠦᠴᠡᠬᠦ᠂ ᠠᠮᠠᠷᠡᠯᠳᠡ ᠬᠢᠬᠦ ᠵᠡᠷᠭᠡ ᠵᠢᠭᠤᠯᠴᠢᠯᠠᠯ ᠤᠨ ᠦᠢᠯᠡᠴᠢᠯᠡᠭᠡᠨ᠂ ᠰᠣᠶᠣᠯ ᠣᠷᠠᠯᠢᠭ᠂ ᠰᠣᠶᠣᠯ ᠤᠨ ᠪᠦᠳᠦᠭᠡᠯᠴᠢ ᠳᠥᠰᠥᠪᠯᠡᠯ᠂ ᠦᠢᠯᠡᠳᠬᠦᠨ ᠦᠢᠯᠡᠳᠬᠦ᠂ ᠣᠳᠬ᠎ᠠ ᠵᠤᠬᠢᠶᠡᠯ ᠤᠨ ᠵᠤᠬᠢᠶᠡᠯ ᠪᠦᠳᠦᠭᠡᠯ ᠵᠡᠷᠭᠡ ᠰᠣᠶᠣᠯ ᠤᠨ ᠦᠢᠯᠡᠴᠢᠯᠡᠭᠡᠨ᠂ ᠢᠳᠡᠭᠡᠨ ᠣᠮᠳᠠᠭᠠᠨ᠂ ᠬᠤᠨᠤᠵᠦ ᠪᠠᠭᠤᠳᠠᠯᠯᠠᠬᠤ᠂ ᠰᠡᠯᠪᠢᠨ ᠵᠠᠰᠠᠬᠤ᠂ ᠭᠡᠷᠡᠯ ᠵᠢᠷᠤᠭ ᠳᠡᠳᠠᠬᠤ᠂ ᠣᠬᠢᠶᠡᠵᠦ ᠪᠤᠳᠣᠬᠤ᠂ ᠦᠰᠦ ᠵᠢᠰᠦ ᠭᠤᠶᠤᠯᠠᠬᠤ᠂ ᠨᠢᠯᠬ᠎ᠠ ᠭᠡᠥᠭᠡᠳ ᠢ ᠰᠠᠭᠠᠳᠠᠭᠤᠯᠬᠤ᠂ ᠭᠡᠷ ᠠᠬᠤᠢ ᠶᠢᠨ ᠦᠢᠯᠡᠴᠢᠯᠡᠭᠡᠨ ᠵᠡᠷᠭᠡ ᠠᠮᠢᠳᠣᠷᠡᠯ ᠤᠨ ᠦᠨᠳᠣᠰᠥᠨ ᠦᠢᠯᠡᠴᠢᠯᠡᠭᠡᠨ ᠢ ᠬᠦᠭᠵᠢᠬᠦᠯᠬᠦ ᠶᠢ ᠵᠣᠷᠢᠠᠠᠵᠢᠭᠤᠯᠥᠨ᠎ᠠ᠃ ︵ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠦᠪᠯᠡᠯ᠂ ᠰᠣᠶᠣᠯ ᠤᠨ ᠳᠢᠩᠬᠢᠮ᠂ ᠠᠷᠠᠳ ᠤᠨ ᠶᠠᠪᠤᠳᠡᠯ ᠤᠨ ᠳᠢᠩᠬᠢᠮ᠂ ᠪᠡᠶ᠎ᠠ ᠶᠢᠨ ᠲᠠᠮᠢᠷ ᠤᠨ ᠲᠤᠪᠴᠢᠶ᠎ᠠ᠂ ᠵᠢᠭᠤᠯᠴᠢᠯᠠᠯ ᠤᠨ ᠲᠤᠪᠴᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶ ᠦᠨᠳᠣᠰᠣᠨ ᠭᠡᠷᠡᠭᠯᠡᠭᠡ ᠶᠢᠨ ᠠᠮᠥᠷ ᠳᠥᠪᠰᠢᠨ ᠢ ᠪᠠᠳᠣᠯᠠᠵᠦ᠂ ᠢᠳᠡᠭᠡᠨ ᠤ ᠵᠦᠢᠯ ᠤᠨ ᠦᠢᠯᠡᠳᠪᠦᠷᠢᠯᠡᠯ ᠡᠵᠡᠩᠨᠡᠯᠳᠡ ᠶᠢᠨ ᠵᠦᠪᠰᠢᠶᠡᠷᠡᠯ ᠤᠨ ᠳᠥᠷᠢᠮ ᠢ ᠭᠡᠷᠡᠭᠵᠢᠬᠦᠯᠥᠨ᠎ᠡ᠃ ︵ᠦᠪᠡᠷᠳᠡᠭᠡᠨ ᠵᠠᠰᠬᠠᠥ ᠣᠷᠣᠨ ᠤ ᠢᠳᠡᠭᠡᠨ ᠪᠠ ᠡᠮ ᠤᠨ ᠵᠦᠢᠯ ᠤᠨ ᠬᠢᠨᠡᠯᠳᠡ ᠬᠠᠮᠢᠶᠡᠷᠦᠯᠳᠡ ᠶᠢᠨ ᠲᠤᠪᠴᠢᠶ᠎ᠠ︶ ᠰᠦ᠂ ᠮᠢᠬ᠎ᠠ᠂ ᠠᠮᠥ ᠪᠤᠳᠠᠭ᠎ᠠ᠂ ᠲᠣᠰᠣ᠂ ᠠᠷᠢᠬᠢ ᠵᠡᠷᠭᠡ ᠳᠥᠷᠦᠯ ᠤᠨ ᠢᠳᠡᠭᠡᠨ ᠤ ᠵᠦᠢᠯ ᠢᠶᠠᠷ ᠭᠤᠤᠯᠳᠠᠯᠭ᠎ᠠ ᠪᠤᠯᠭᠠᠵᠦ᠂ ᠮᠦᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠥᠯᠳᠡ ᠶᠢᠨ ᠲᠣᠷᠰᠢᠯᠳᠡ ᠶᠢᠨ ᠴᠡᠭ ᠤᠨ ᠬᠦᠷᠢᠶ᠎ᠠ ᠭᠡᠪᠴᠢᠶ᠎ᠠ ᠶᠢ ᠦᠷᠭᠡᠳᠭᠡᠨ᠎ᠠ᠃ ᠰᠦ ᠵᠢᠴᠢ ᠴᠠᠭᠠᠨ ᠢᠳᠡᠭᠡ᠂ ᠦᠬᠡᠷ ᠬᠤᠨᠢ ᠢᠮᠠᠭ᠎ᠠ ᠶᠢᠨ ᠮᠢᠬ᠎ᠠ ᠵᠢᠴᠢ ᠪᠦᠳᠦᠭᠡᠭᠳᠡᠬᠦᠨ᠂ ᠳᠦᠮᠥᠰᠦ᠂ ᠬᠠᠷ᠎ᠠ ᠠᠷᠢᠬᠢ ᠵᠡᠷᠭᠡ ᠦᠪᠡᠷᠳᠡᠭᠡᠨ ᠵᠠᠰᠠᠬᠤ ᠣᠷᠣᠨ ᠤ ᠣᠨᠴᠠᠯᠢᠠᠠᠳᠦ ᠪᠦᠳᠦᠭᠡᠭᠳᠡᠬᠦᠨ ᠪᠤᠯᠥᠨ ᠢᠳᠡᠭᠡᠨ ᠤ ᠵᠦᠢᠯ ᠤᠨ ᠬᠠᠮᠢᠶ᠎ᠠ ᠪᠦᠬᠦᠢ ᠪᠦᠳᠦᠭᠡᠭᠳᠡᠬᠦᠨ ᠤ ᠶᠠᠰᠣ ᠴᠢᠨᠡᠷ ᠤᠨ ᠮᠦᠷᠳᠡᠨ ᠤᠬᠤᠴᠢᠯᠠᠬᠤ ᠰᠢᠰᠲ᠋ᠧᠮᠵᠢ ᠶᠢ ᠪᠠᠶᠢᠭᠤᠯᠬᠤ ᠶᠢ ᠠᠬᠢᠭᠤᠯᠥᠨ᠎ᠠ᠃ ︵ᠦᠪᠡᠷᠳᠡᠭᠡᠨ ᠵᠠᠰᠬᠠᠥ ᠣᠷᠣᠨ ᠤ ᠳᠡᠷᠢᠶᠡᠯᠡᠩ ᠮᠠᠯ ᠠᠵᠦ ᠠᠬᠤᠢ ᠶᠢᠨ ᠳᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠡᠯᠳᠡ ᠬᠠᠮᠢᠶᠡᠷᠦᠯᠳᠡ ᠶᠢᠨ ᠲᠤᠪᠴᠢᠶ᠎ᠠ᠂ ᠶᠠᠰᠣ ᠴᠢᠨᠡᠷ ᠲᠤ ᠮᠡᠷᠭᠡᠵᠢᠯ ᠤᠨ ᠬᠢᠨᠡᠯᠳᠡ ᠳᠡᠯᠪᠢᠬᠤ ᠲᠤᠪᠴᠢᠶ᠎ᠠ᠂ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠡᠳ᠋ ᠤᠨ ᠵᠠᠰᠠᠭ ᠤᠨ ᠳᠢᠩᠬᠢᠮ᠂ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠦᠪᠤᠷ ᠮᠣᠩᠭᠤᠯ ᠤᠨ ᠬᠢᠯᠢ ᠪᠠᠷ ᠣᠷᠣᠭᠤᠯᠵᠦ ᠭᠠᠷᠭᠠᠬᠤ ᠶᠢ ᠪᠠᠶᠢᠴᠠᠭᠠᠨ ᠰᠢᠯᠭᠠᠬᠤ ᠬᠢᠵᠢᠭ ᠪᠠᠶᠢᠴᠠᠭᠠᠬᠤ ᠲᠤᠪᠴᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶ ᠵᠠᠬ᠎ᠠ ᠳᠡᠯᠭᠡᠬᠦᠷ ᠤᠨ ᠪᠠᠴᠢᠮ ᠪᠠᠶᠢᠳᠡᠯ ᠢ ᠠᠷᠭᠠᠴᠠᠬᠤ ᠲᠤᠬᠢᠷᠡᠭᠤᠯᠭ᠎ᠠ ᠡᠵᠡᠮᠰᠢᠯ ᠤᠨ ᠬᠠᠮᠢᠶᠡᠷᠦᠯᠳᠡ ᠶᠢᠨ ᠰᠢᠰᠲ᠋ᠧᠮᠵᠢ ᠶᠢ ᠳᠡᠬᠦᠯᠳᠡᠷᠵᠢᠬᠦᠯᠵᠦ᠂ ᠨᠦᠭᠡᠴᠡᠯᠡᠬᠦ ᠵᠬᠠᠪᠤᠷ ᠤᠨ ᠰᠢᠨ᠎ᠡ ᠶᠢ ᠡᠬᠦᠳᠬᠦ ᠶᠢ ᠠᠬᠢᠭᠤᠯᠥᠨ᠂ ᠵᠠᠬ᠎ᠠ ᠳᠡᠯᠭᠡᠬᠦᠷ ᠤᠨ ᠪᠠᠴᠢᠮ ᠪᠠᠶᠢᠳᠡᠯ ᠢ ᠠᠷᠭᠠᠴᠠᠨ ᠬᠠᠩᠭᠠᠯᠭ᠎ᠠ ᠶᠢ ᠪᠠᠳᠣᠯᠠᠬᠤ ᠴᠢᠳᠡᠪᠦᠷᠢ ᠶᠢ ᠴᠢᠩᠭᠠᠷᠡᠭᠤᠯᠥᠨ᠎ᠠ᠃ ︵ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠡᠳ᠋ ᠤᠨ ᠵᠠᠰᠠᠭ ᠤᠨ ᠳᠢᠩᠬᠢᠮ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶ ᠣᠶᠣᠨᠴᠢ ᠭᠡᠷᠡᠭᠯᠡᠭᠡ ᠶᠢᠨ ᠬᠦᠷᠢᠶ᠎ᠠ ᠴᠡᠷᠠᠭ᠎ᠠ ᠶᠢ ᠦᠷᠭᠡᠳᠭᠡᠨ᠎ᠠ᠃ ᠭᠡᠷᠡᠭᠯᠡᠭᠡ ᠶᠢᠨ ᠰᠢᠨ᠎ᠡ ᠬᠠᠨᠳᠣᠰᠢ ᠳᠤ ᠵᠤᠬᠢᠴᠠᠭᠤᠯᠥᠨ᠂ ᠵᠠᠬ᠎ᠠ ᠳᠡᠯᠭᠡᠬᠦᠷ ᠤᠨ ᠪᠠᠶᠢᠳᠡᠯ ᠢ ᠣᠨᠣᠪᠴᠢᠳᠡᠢ ᠡᠵᠡᠮᠰᠢᠵᠦ᠂ ᠬᠡᠶᠢᠰᠪᠦᠷᠢᠯᠢᠭ ᠠᠬᠤᠢ᠂ ᠠᠬᠤᠶᠢᠢᠯᠠᠯ ᠴᠢᠩᠭᠠᠷᠡᠭᠤᠯᠭ᠎ᠠ ᠵᠡᠷᠭᠡ ᠬᠦᠮᠦᠨ ᠤ ᠬᠦᠴᠣᠨ ᠤ ᠣᠶᠣᠨᠴᠢ ᠰᠢᠨ᠎ᠡ ᠮᠡᠷᠭᠡᠵᠢᠯ ᠰᠢᠨ᠎ᠡ ᠦᠢᠯᠡᠴᠢᠯᠡᠭᠡᠨ ᠪᠤᠯᠥᠨ ᠡᠮᠥᠰᠴᠥ ᠵᠡᠬᠦᠵᠦ ᠪᠤᠯᠬᠤ᠂ ᠠᠮᠢᠳᠣᠷᠡᠯ ᠤᠨ ᠦᠢᠯᠡᠴᠢᠯᠡᠭᠡᠨ ᠤ ᠮᠠᠰᠢᠨ ᠬᠦᠮᠦᠨ ᠵᠡᠷᠭᠡ ᠣᠶᠣᠨᠴᠢᠯᠬᠠᠰᠠᠨ ᠦᠢᠯᠡᠳᠬᠦᠨ ᠢ ᠳᠡᠯᠭᠡᠷᠡᠬᠦᠯᠥᠨ ᠭᠡᠷᠡᠭᠯᠡᠬᠦ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠦ᠂ ᠣᠶᠣᠨᠴᠢᠯᠬᠠᠰᠠᠨ ᠦᠢᠯᠡᠳᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢᠨ ᠴᠢᠳᠡᠪᠦᠷᠢ ᠪᠠ ᠬᠢᠷᠢ ᠭᠡᠮᠵᠢᠶ᠎ᠠ ᠶᠢ ᠲᠡᠭᠡᠭᠰᠢᠯᠡᠬᠦᠯᠦᠨ᠎ᠡ᠃ ︵ᠦᠪᠡᠷᠳᠡᠭᠡᠨ ᠵᠠᠰᠬᠠᠥ ᠣᠷᠣᠨ ᠤ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠰᠢᠨᠵᠢᠯᠡᠬᠦ ᠣᠬᠠᠭᠠᠨ ᠮᠡᠷᠭᠡᠵᠢᠯ ᠤᠨ ᠳᠢᠩᠬᠢᠮ᠂ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶        ︵ᠲᠠᠪᠤ︶ ᠪᠤᠬᠢᠷᠳᠣᠯ ᠦᠭᠡᠢ ᠬᠦᠢᠯᠭᠡᠭᠡᠨ ᠪᠠ ᠭᠡᠷᠡᠭᠯᠡᠭᠡ ᠶᠢᠨ ᠠᠵᠢᠯᠯᠠᠭᠠᠨ ᠢ ᠭᠡᠷᠡᠭᠵᠢᠬᠦᠯᠦᠨ᠎ᠡ᠃ ᠪᠤᠬᠢᠷᠳᠦᠯ ᠦᠭᠡᠢ ᠦᠢᠯᠡᠳᠬᠦᠨ ᠤ ᠬᠦᠢᠯᠭᠡᠭᠡᠨ ᠤ ᠭᠤᠤᠯ ᠴᠣᠠᠠᠴᠠ ᠶᠢ ᠬᠦᠭᠵᠢᠬᠦᠯᠵᠦ᠂ ᠬᠦᠢᠯᠭᠡᠭᠡᠨ ᠤ ᠠᠵᠦ ᠠᠬᠤᠶᠢᠯᠠᠯ ᠤᠨ ᠪᠤᠬᠢᠷᠳᠦᠯ ᠦᠭᠡᠢ ᠬᠤᠳᠠᠯᠳᠣᠭᠠᠨ ᠤ ᠳᠡᠯᠡᠪᠤᠷ ᠤᠨ ᠲᠠᠯ᠎ᠠ ᠪᠠᠷ ᠬᠢ ᠣᠯᠥᠰ ᠪᠠ ᠠᠵᠢᠯ ᠳᠥᠷᠦᠯ ᠤᠨ ᠪᠡᠷᠢᠮᠵᠢᠶ᠎ᠠ ᠶᠢ ᠣᠬᠠᠮᠰᠡᠷ ᠠᠴᠠ ᠪᠠᠨ ᠭᠡᠷᠡᠭᠯᠡᠬᠦ ᠶᠢ ᠵᠣᠷᠢᠠᠠᠵᠢᠭᠤᠯᠵᠦ᠂ ᠨᠢᠭᠡ ᠪᠦᠯᠥᠭ ᠳᠡᠯᠭᠡᠬᠦᠷ ᠤᠨ ᠡᠨᠧᠷᠬᠢ ᠠᠷᠪᠢᠯᠠᠬᠤ ᠦᠭᠡᠷᠡᠴᠢᠯᠡᠯᠳᠡ᠂ ᠡᠨᠧᠷᠬᠢ ᠠᠷᠪᠢᠯᠠᠬᠤ ᠦᠢᠯᠡᠳᠬᠦᠨ ᠢ ᠪᠣᠷᠣᠯᠠᠭᠤᠯᠬᠤ ︵ᠭᠡᠷᠡᠭᠯᠡᠬᠦ︶ ᠪᠠ ᠬᠠᠶᠠᠭᠳᠠᠮᠠᠯ ᠡᠳ᠋ ᠢ ᠬᠤᠷᠢᠶᠡᠨ ᠠᠪᠠᠨ᠋ᠥ ᠶᠢᠨ ᠨᠢᠭᠡ ᠴᠣᠠᠠᠴᠠᠵᠢᠭᠤᠯᠥᠠᠠᠰᠠᠨ ᠪᠤᠬᠢᠷᠳᠦᠯ ᠦᠭᠡᠢ ᠬᠤᠳᠠᠯᠳᠣᠭᠠᠨ ᠤ ᠳᠡᠯᠡᠪᠤᠷ᠂ ᠵᠠᠬ᠎ᠠ ᠳᠡᠯᠭᠡᠬᠦᠷ᠂ ᠪᠠᠭᠤᠳᠡᠯ ᠵᠡᠷᠭᠡ ᠪᠤᠬᠢᠷᠳᠦᠯ ᠦᠭᠡᠢ ᠬᠦᠢᠯᠭᠡᠭᠡᠨ ᠤ ᠭᠤᠤᠯ ᠴᠣᠠᠠᠴᠠ ᠶᠢ ᠪᠤᠢ ᠪᠤᠯᠭᠠᠨ᠎ᠠ᠃ ᠪᠤᠬᠢᠷᠳᠦᠯ ᠦᠭᠡᠢ ᠦᠢᠯᠡᠳᠬᠦᠨ ᠤ ᠪᠤᠷᠣᠯᠠᠭᠤᠯᠭ᠎ᠠ ᠶᠢ ᠠᠬᠢᠭᠤᠯᠥᠨ᠂ ᠡᠯ᠎ᠠ ᠳᠥᠷᠦᠯ ᠤᠨ ᠬᠦᠢᠯᠭᠡᠭᠡᠨ ᠤ ᠠᠵᠦ ᠠᠬᠤᠶᠢᠯᠠᠯ ᠢ ᠲᠠᠮᠵᠢᠵᠦ ᠪᠠᠶᠢᠢᠭᠠᠳ ᠪᠤᠳᠡᠳᠣ ᠴᠣᠠᠠᠴᠠ ᠪᠠ ᠭᠡᠶᠢᠰᠪᠦᠷᠢ᠂ ᠰᠦᠯᠵᠢᠶᠡᠨ ᠳᠡᠭᠡᠷ᠎ᠠ ᠪᠠ ᠰᠦᠯᠵᠢᠶᠡᠨ ᠭᠠᠳᠠᠨᠠᠬᠢ ᠶᠢ ᠣᠶᠠᠯᠳᠣᠭᠤᠯᠥᠠᠠᠰᠠᠨ ᠪᠤᠬᠢᠷᠳᠦᠯ ᠦᠭᠡᠢ ᠦᠢᠯᠡᠳᠬᠦᠨ ᠤ ᠪᠤᠷᠣᠯᠠᠭᠤᠯᠭ᠎ᠠ ᠶᠢᠨ ᠲᠣᠰᠬᠠᠢ ᠲᠤᠭᠤᠷᠢᠭ ᠢ ᠨᠡᠭᠡᠭᠡᠨ ᠪᠠᠶᠢᠷᠢᠯᠠᠭᠤᠯᠵᠤ᠂ ᠭᠠᠷ ᠳᠡᠮᠵᠢᠠᠠᠰᠠᠨ ᠦᠢᠯᠡᠳᠬᠦᠨ ᠢ ᠰᠦᠯᠵᠢᠶᠡᠨ ᠳᠡᠭᠡᠷ᠎ᠠ ᠠᠷᠡᠯᠵᠢᠶᠡᠯᠠᠬᠤ ᠶᠢ ᠦᠷᠨᠢᠬᠦᠯᠥᠨ᠂ ᠠᠳᠡᠯᠢ ᠪᠤᠰᠣ ᠭᠤᠤᠯ ᠴᠣᠠᠠᠴᠠ ᠶᠢᠨ ᠣᠯᠡᠨ ᠶᠠᠩᠵᠦᠴᠢᠯᠬᠠᠰᠠᠨ ᠪᠤᠬᠢᠷᠳᠦᠯ ᠦᠭᠡᠢ ᠭᠡᠷᠡᠭᠯᠡᠭᠡ ᠶᠢᠨ ᠭᠡᠷᠡᠭᠴᠡᠭᠡ ᠱᠠᠭᠠᠷᠳᠡᠯᠭ᠎ᠠ ᠶᠢ ᠬᠠᠩᠭᠠᠨ᠎ᠠ᠃ ᠡᠨᠧᠷᠬᠢ ᠶᠢᠨ ᠬᠤᠷᠣᠠᠠᠳᠠᠯ ᠶᠡᠭᠡᠳᠡᠢ᠂ ᠪᠤᠬᠢᠷᠳᠦᠯ ᠶᠡᠭᠡᠳᠡᠢ᠂ ᠣᠷᠴᠢᠨ ᠲᠤᠭᠤᠷᠢᠨ ᠤ ᠳᠦᠭᠰᠢᠬᠦᠷᠢ ᠶᠡᠭᠡᠳᠡᠢ᠂ ᠬᠡᠳᠦ ᠪᠤᠭᠤᠳᠡᠯᠯᠬᠠᠰᠠᠨ ᠦᠢᠯᠡᠳᠬᠦᠨ ᠢ ᠵᠠᠬ᠎ᠠ ᠳᠡᠯᠭᠡᠬᠦᠷ ᠤᠨ ᠬᠦᠢᠯᠭᠡᠭᠡᠨ ᠪᠠ ᠭᠡᠷᠡᠭᠯᠡᠭᠡ ᠶᠢᠨ ᠭᠤᠬᠴᠤᠭ᠎ᠠ ᠳᠤ ᠤᠷᠤᠭᠤᠯᠬᠤ ᠶᠢ ᠨᠢ ᠬᠢᠵᠠᠭᠠᠷᠯᠠᠬᠤ ᠬᠠᠮᠢᠶ᠎ᠠ ᠪᠦᠬᠦᠢ ᠳᠥᠷᠥ ᠶᠢᠨ ᠪᠤᠳᠣᠯᠭ᠎ᠠ ᠶᠢ ᠨᠡᠶᠢᠳᠡᠪᠦᠷᠢᠵᠢᠭᠤᠯᠥᠨ᠂ ᠬᠦᠮᠦᠷᠭᠡᠯᠡᠵᠦ ᠲᠣᠬᠢᠷᠡᠭᠤᠯᠥᠨ ᠬᠦᠷᠭᠡᠬᠦ ᠪᠠ ᠪᠤᠭᠤᠳᠡᠯᠯᠠᠬᠤ ᠶᠢᠨ ᠪᠤᠬᠢᠷᠳᠦᠯ ᠦᠭᠡᠢ ᠬᠦᠭᠵᠢᠬᠦ ᠶᠢ ᠠᠬᠢᠭᠤᠯᠵᠦ᠂ ᠠᠷᠡᠯᠵᠢᠶ᠎ᠠ ᠬᠤᠳᠠᠯᠳᠤᠭ᠎ᠠ ᠶᠢᠨ ᠪᠠᠷᠡᠭᠠᠨ ᠤ ᠬᠦᠢᠯᠭᠡᠭᠡᠨ ᠤ ᠪᠤᠬᠢᠷᠳᠦᠯ ᠦᠭᠡᠢ ᠬᠦᠭᠵᠢᠬᠦ ᠬᠢᠷᠢ ᠭᠡᠮᠵᠢᠶ᠎ᠠ ᠶᠢ ᠳᠡᠭᠡᠭᠰᠢᠯᠡᠬᠦᠯᠥᠨ᠎ᠠ᠃ ︽ᠢᠨᠲ᠋ᠧᠷ ᠰᠦᠯᠵᠢᠶ᠎ᠠ + ᠬᠤᠷᠢᠶᠡᠨ ᠠᠪᠠᠨ᠋ᠥ︾ ᠵᠬᠠᠪᠤᠷ ᠤᠨ ᠰᠢᠨ᠎ᠡ ᠶᠢ ᠡᠬᠦᠳᠴᠥ᠂ ᠰᠦᠯᠵᠢᠶᠡᠨ ᠳᠡᠭᠡᠷ᠎ᠠ ᠬᠤᠷᠢᠶᠡᠨ ᠠᠪᠠᠨ᠋ᠥ ᠶᠢ ᠵᠣᠷᠢᠠᠠᠵᠢᠭᠤᠯᠥᠨ᠂ ᠲᠠᠬᠢᠨ ᠡᠬᠦᠰᠴᠤ ᠪᠤᠯᠬᠤ ᠡᠬᠢ ᠪᠠᠶᠠᠯᠢᠭ ᠢ ᠬᠤᠷᠢᠶᠡᠨ ᠠᠪᠠᠨ᠋ᠥ ᠲᠣᠣᠷ ᠰᠦᠯᠵᠢᠶ᠎ᠠ ᠪᠠ ᠬᠤᠭ ᠨᠣᠪᠰᠢ ᠶᠢ ᠴᠡᠪᠡᠷᠯᠡᠨ ᠳᠡᠭᠡᠭᠡᠪᠦᠷᠢᠯᠡᠵᠦ ᠰᠢᠢᠳᠪᠦᠷᠢᠯᠡᠬᠦ ᠲᠤᠤᠷ ᠰᠦᠯᠵᠢᠶ᠎ᠠ ᠶᠢ ᠵᠤᠯᠭᠠᠭᠤᠯᠥᠨ ᠠᠭᠤᠰᠣᠯᠴᠠᠭᠤᠯᠬᠤ᠂ ᠠᠷᠡᠯᠵᠢᠶ᠎ᠠ ᠬᠤᠳᠠᠯᠳᠤᠭ᠎ᠠ ᠶᠢᠨ ᠬᠦᠢᠯᠭᠡᠭᠡᠨ ᠤ ᠲᠤᠤᠷ ᠰᠦᠯᠵᠢᠶ᠎ᠠ ᠪᠤᠯᠥᠨ ᠪᠠᠷᠡᠭᠠᠨ ᠤ ᠰᠦᠷᠬᠡᠥ ᠬᠦᠢᠯᠭᠡᠭᠡᠨ ᠤ ᠰᠢᠰᠲ᠋ᠧᠮᠵᠢ ᠶᠢᠨ ᠬᠠᠮᠳᠣᠪᠡᠷ ᠡᠳ᠋ᠯᠡᠬᠦ ᠶᠢ ᠠᠬᠢᠭᠤᠯᠥᠨ᠎ᠠ᠃ ︽ᠪᠤᠬᠢᠷᠳᠦᠯ ᠦᠭᠡᠢ ᠦᠢᠯᠡᠳᠬᠦᠨ ᠢ ᠬᠤᠳᠠᠯᠳᠣᠭᠠᠨ ᠤ ᠳᠡᠯᠡᠪᠤᠷ ᠲᠤ ᠣᠷᠣᠭᠤᠯᠬᠤ᠂ ᠪᠤᠬᠢᠷᠳᠦᠯ ᠦᠭᠡᠢ ᠭᠡᠷᠡᠭᠯᠡᠭᠡ ᠶᠢ ᠨᠡᠶᠢᠭᠡᠮ ᠲᠤᠭᠤᠷᠢᠭ ᠲᠤ ᠣᠷᠣᠭᠤᠯᠬᠤ᠂ ᠪᠤᠬᠢᠷᠳᠦᠯ ᠦᠭᠡᠢ ᠪᠠᠷ ᠬᠤᠷᠢᠶᠡᠨ ᠠᠪᠠᠨ᠋ᠥ ᠶᠢ ᠰᠣᠷᠭᠠᠭᠤᠯᠢ ᠳᠤ ᠣᠷᠣᠭᠤᠯᠬᠤ︾ ᠭᠤᠤᠯ ᠰᠡᠳᠣᠪᠳᠦ ᠣᠬᠠᠭᠤᠯᠥᠯ ᠤᠨ ᠠᠵᠢᠯᠯᠠᠭ᠎ᠠ ᠶᠢ ᠦᠷᠨᠢᠬᠦᠯᠵᠦ᠂ ᠠᠷᠪᠢᠯᠡᠨ ᠭᠠᠮᠨᠠᠬᠤ ᠶᠢ ᠡᠷᠬᠢᠮᠨᠡᠬᠦ᠂ ᠰᠢᠨᠵᠢᠯᠡᠬᠦ ᠣᠬᠠᠭᠠᠨᠴᠢ᠂ ᠪᠤᠬᠢᠷᠳᠦᠯ ᠦᠭᠡᠢ ᠭᠡᠷᠡᠭᠯᠡᠭᠡ ᠶᠢᠨ ᠣᠨᠣᠯᠵᠢᠬᠤᠨ ᠪᠠ ᠠᠮᠢᠳᠣᠷᠡᠯ ᠤᠨ ᠠᠷᠭ᠎ᠠ ᠮᠠᠶ᠋ᠢᠭ ᠲᠠᠢ ᠪᠤᠯᠬᠤ ᠶᠢ ᠠᠬᠢᠭᠤᠯᠥᠨ᠎ᠠ᠃ ︵ᠦᠪᠡᠷᠳᠡᠭᠡᠨ ᠵᠠᠰᠬᠠᠥ ᠣᠷᠣᠨ ᠤ ᠨᠠᠮ ᠤᠨ ᠬᠤᠷᠢᠶ᠎ᠠ ᠶᠢᠨ ᠣᠬᠠᠭᠤᠯᠬᠤ ᠭᠡᠯᠳᠡᠰ᠂ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠰᠣᠷᠭᠠᠨ ᠬᠦᠮᠦᠵᠢᠯ ᠤᠨ ᠳᠢᠩᠬᠢᠮ᠂ ᠣᠯᠥᠰ ᠤᠨ ᠭᠠᠵᠡᠷ ᠰᠢᠷᠦᠢ ᠡᠬᠢ ᠪᠠᠶᠠᠯᠢᠭ ᠤᠨ ᠳᠢᠩᠬᠢᠮ᠂ ᠣᠷᠴᠢᠨ ᠲᠤᠭᠤᠷᠢᠨ ᠤ ᠬᠠᠮᠠᠭᠠᠯᠠᠯᠳᠡ ᠶᠢᠨ ᠳᠢᠩᠬᠢᠮ᠂ ᠣᠷᠣᠨ ᠰᠠᠭᠤᠴᠠ ᠬᠤᠳᠡ ᠬᠦᠳᠡᠭᠡ ᠶᠢᠨ ᠪᠦᠳᠦᠭᠡᠨ ᠪᠠᠶᠢᠭᠤᠯᠥᠯᠳᠡ ᠶᠢᠨ ᠳᠢᠩᠬᠢᠮ᠂ ᠶᠠᠰᠣ ᠴᠢᠨᠡᠷ ᠲᠤ ᠮᠡᠷᠭᠡᠵᠢᠯ ᠤᠨ ᠬᠢᠨᠡᠯᠳᠡ ᠳᠡᠯᠪᠢᠬᠤ ᠲᠤᠪᠴᠢᠶ᠎ᠠ᠂ ᠰᠣᠨᠢᠨ ᠮᠡᠳᠡᠭᠡ ᠭᠡᠪᠯᠡᠯ ᠷᠡᠳᠢᠤ᠋ ᠺᠢᠨᠤ᠋ ᠲᠤᠯᠸᠢᠰ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠯᠪᠤᠭᠠᠳᠦ ᠬᠤᠷᠰᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶        ︵ᠵᠢᠷᠭᠤᠭ᠎ᠠ︶ ᠡᠯᠧᠺᠲᠷᠤᠨ ᠬᠤᠳᠠᠯᠳᠣᠭᠠᠨ ᠤ ᠶᠠᠪᠤᠳᠡᠯ ᠢ ᠮᠠᠯᠵᠢᠬᠤ ᠳᠡᠷᠢᠶᠡᠯᠠᠬᠤ ᠣᠷᠣᠨ ᠳᠤ ᠣᠷᠣᠭᠤᠯᠬᠤ ᠠᠵᠢᠯᠯᠠᠭᠠᠨ ᠢ ᠭᠡᠷᠡᠭᠵᠢᠬᠦᠯᠦᠨ᠎ᠡ᠃ ᠡᠯᠧᠺᠲᠷᠤᠨ ᠬᠤᠳᠠᠯᠳᠣᠭᠠᠨ ᠤ ᠶᠠᠪᠤᠳᠡᠯ ᠢ ᠮᠠᠯᠵᠢᠬᠤ ᠳᠡᠷᠢᠶᠡᠯᠠᠬᠤ ᠣᠷᠣᠨ ᠳᠤ ᠣᠷᠣᠭᠤᠯᠬᠤ ᠶᠡᠷᠦᠩᠭᠡᠶᠢᠯᠡᠭᠰᠡᠨ ᠵᠢᠱᠢᠶ᠎ᠠ ᠦᠵᠡᠬᠦᠯᠬᠦ ᠶᠢ ᠦᠷᠬᠦᠯᠵᠢᠯᠡᠨ ᠦᠷᠨᠢᠬᠦᠯᠵᠦ᠂ ︽ᠵᠠᠰᠠᠭ ᠤᠨ ᠣᠷᠳᠣᠨ ᠭᠤᠤᠯᠯᠠᠬᠤ᠂ ᠵᠠᠰᠠᠭ ᠤᠨ ᠣᠷᠳᠣᠨ ᠬᠦᠳᠦᠯᠥᠨ ᠵᠢᠯᠥᠭᠤᠳᠬᠤ︾ ᠵᠠᠷᠴᠢᠮ ᠶᠣᠰᠣᠭᠠᠷ᠂ ᠡᠯ᠎ᠠ ᠳᠥᠷᠦᠯ ᠤᠨ ᠵᠠᠬ᠎ᠠ ᠳᠡᠯᠭᠡᠬᠦᠷ ᠤᠨ ᠭᠤᠤᠯ ᠴᠣᠠᠠᠴᠠ ᠶᠢᠨ ᠮᠠᠯᠵᠢᠬᠤ ᠳᠡᠷᠢᠶᠡᠯᠠᠬᠤ ᠣᠷᠣᠨ ᠤ ᠡᠯᠧᠺᠲᠷᠤᠨ ᠬᠤᠳᠠᠯᠳᠣᠭᠠᠨ ᠤ ᠶᠠᠪᠤᠳᠡᠯ ᠤᠨ ᠬᠦᠭᠵᠢᠯᠳᠡ ᠳᠤ ᠣᠷᠣᠯᠴᠠᠬᠤ ᠰᠠᠨᠠᠭᠠᠴᠢᠯᠠᠭᠠᠳᠣ ᠴᠢᠨᠡᠷ ᠪᠠ ᠪᠦᠳᠦᠭᠡᠯᠴᠢ ᠴᠢᠳᠠᠪᠤᠷᠢ ᠶᠢ ᠬᠦᠭᠵᠢᠭᠡᠵᠦ᠂ ᠰᠦᠯᠵᠢᠶᠡᠨ ᠳᠡᠭᠡᠷ᠎ᠠ ᠪᠠ ᠰᠦᠯᠵᠢᠶᠡᠨ ᠠᠴᠠ ᠭᠠᠳᠠᠨ᠎ᠠ ᠬᠠᠷᠢᠯᠴᠠᠨ ᠬᠦᠳᠡᠯᠥᠯᠴᠡᠨ ᠠᠭᠤᠰᠣᠯᠴᠬᠠᠰᠠᠨ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠰᠦᠯᠵᠢᠶᠡᠨ ᠳᠡᠭᠡᠷ᠎ᠠ᠂ ᠠᠵᠦ ᠦᠢᠯᠡᠳᠪᠦᠷᠢ ᠶᠢᠨ ᠦᠢᠯᠡᠳᠬᠦᠨ ᠢ ᠰᠦᠯᠵᠢᠶᠡᠨ ᠠᠴᠠ ᠭᠠᠳᠠᠨ᠎ᠠ ᠪᠤᠷᠣᠯᠠᠭᠤᠯᠬᠤ ᠬᠤᠣᠰ ᠴᠢᠭᠯᠡᠯ ᠣᠯᠡᠨ ᠵᠠᠮ ᠮᠦᠷ ᠢᠶᠠᠷ ᠬᠦᠢᠯᠭᠡᠭᠡᠬᠦ ᠰᠢᠰᠲ᠋ᠧᠮᠵᠢ ᠶᠢ ᠳᠥᠷᠭᠡᠳᠭᠡᠨ ᠪᠠᠶᠢᠭᠤᠯᠥᠨ᠎ᠠ᠃ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠲᠤᠤᠷ ᠰᠦᠯᠵᠢᠶ᠎ᠠ ᠪᠠᠷ ᠪᠤᠷᠣᠯᠠᠭᠤᠯᠬᠤ ᠶᠢ ᠠᠬᠢᠭᠤᠯᠵᠦ᠂ ᠵᠠᠬ᠎ᠠ ᠳᠡᠯᠭᠡᠬᠦᠷ ᠤᠨ ᠭᠡᠷᠡᠭᠴᠡᠭᠡ ᠱᠠᠭᠠᠷᠳᠡᠯᠭ᠎ᠠ ᠪᠠᠷ ᠣᠳᠣᠷᠢᠳᠣᠮᠵᠢ ᠪᠤᠯᠭᠠᠵᠦ᠂ ᠬᠤᠰᠢᠭᠤ ᠰᠢᠶᠡᠨ ᠤ ᠱᠠᠳᠣᠨ ᠤ ᠠᠷᠡᠳ ᠤᠨ ᠵᠠᠰᠠᠭ ᠤᠨ ᠣᠷᠳᠣᠨ ᠤ ᠬᠦᠳᠦᠯᠥᠨ ᠵᠢᠯᠥᠭᠤᠳᠬᠤ ᠦᠢᠯᠡᠳᠣᠯ ᠢ ᠪᠠᠳᠡᠷᠡᠭᠤᠯᠥᠨ᠂ ᠣᠨᠢᠨ ᠳᠡᠭᠡᠷ᠎ᠠ ᠨᠢ ᠬᠦᠴᠣᠯᠠᠵᠦ᠂ ᠪᠡᠯᠡ ᠣᠷᠣᠭᠤᠯᠥᠯᠳᠡ ᠂ ᠳᠥᠷᠥ ᠶᠢᠨ ᠪᠤᠳᠣᠯᠭ᠎ᠠ ᠶᠢ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠲᠤᠤᠷ ᠰᠦᠯᠵᠢᠶᠡᠨ ᠤ ᠪᠠᠷᠠᠭ᠎ᠠ ᠪᠠᠷ ᠬᠠᠩᠭᠠᠬᠤ ᠳᠡᠭᠡᠷ᠎ᠠ ᠳᠥᠪᠯᠡᠷᠡᠬᠦᠯᠥᠨ᠎ᠠ᠃ ᠡᠯᠧᠺᠲᠷᠤᠨ ᠬᠤᠳᠠᠯᠳᠣᠭᠠᠨ ᠤ ᠶᠠᠪᠤᠳᠡᠯ ᠤᠨ ᠠᠵᠦ ᠠᠬᠤᠶᠢᠯᠠᠯ ᠬᠢᠭᠡᠳ ᠣᠯᠠᠮᠵᠢᠯᠠᠯᠳᠣ ᠬᠦᠢᠯᠭᠡᠭᠡᠨ ᠤ ᠠᠵᠦ ᠠᠬᠤᠶᠢᠯᠠᠯ᠂ ᠰᠢᠨ᠎ᠡ ᠭᠡᠯᠪᠡᠷᠢ ᠶᠢᠨ ᠳᠡᠷᠢᠶᠡᠯᠡᠩ ᠮᠠᠯ ᠠᠵᠦ ᠠᠬᠤᠢ ᠶᠢᠨ ᠡᠵᠡᠩᠨᠡᠯᠳᠡ ᠶᠢᠨ ᠭᠤᠤᠯ ᠴᠣᠠᠠᠴᠠ ᠶᠢ ᠬᠦᠳᠦᠯᠥᠨ ᠵᠢᠯᠥᠭᠤᠳᠴᠥ ᠪᠠᠶᠢᠭᠠᠳ ᠣᠯᠡᠨ ᠵᠦᠢᠯ ᠤᠨ ᠭᠡᠯᠪᠡᠷᠢ ᠶᠢᠨ ᠬᠤᠯᠪᠤᠭᠠᠯᠠᠨ ᠡᠵᠡᠩᠨᠡᠵᠦ ᠬᠠᠮᠵᠢᠯᠴᠠᠬᠤ ᠬᠠᠷᠢᠴᠠᠭ᠎ᠠ ᠶᠢ ᠪᠠᠶᠢᠭᠤᠯᠵᠦ᠂ ᠣᠯᠡᠨ ᠴᠡᠭ ᠢᠶᠠᠷ ᠵᠤᠬᠢᠴᠠᠭᠤᠯᠵᠦ᠂ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠬᠦᠢᠯᠭᠡᠭᠡᠨ ᠤ ᠵᠠᠮ ᠮᠦᠷ ᠢ ᠦᠷᠭᠡᠳᠭᠡᠨ᠂ ᠮᠠᠯᠴᠢᠨ ᠳᠡᠷᠢᠶᠡᠴᠢᠨ ᠤ ᠣᠷᠣᠯᠭ᠎ᠠ ᠶᠢ ᠨᠡᠮᠡᠭᠳᠡᠬᠦᠯᠬᠦ ᠶᠢ ᠠᠬᠢᠭᠤᠯᠥᠨ᠎ᠠ᠃ ᠠᠵᠦ ᠦᠢᠯᠡᠳᠪᠦᠷᠢ ᠶᠢᠨ ᠦᠢᠯᠡᠳᠬᠦᠨ ᠢ ᠬᠦᠳᠡᠭᠡ ᠪᠠᠭᠤᠯᠭᠠᠬᠤ ᠳᠤ ᠳᠦᠬᠦᠮ ᠦᠵᠡᠬᠦᠯᠵᠦ᠂ ᠡᠯᠧᠺᠲᠷᠤᠨ ᠬᠤᠳᠠᠯᠳᠣᠭᠠᠨ ᠤ ᠶᠠᠪᠤᠳᠡᠯ ᠤᠨ ᠠᠵᠦ ᠠᠬᠤᠶᠢᠯᠠᠯ ᠤᠨ ᠮᠠᠯᠵᠢᠬᠤ ᠳᠡᠷᠢᠶᠡᠯᠠᠬᠤ ᠣᠷᠣᠨ ᠤ ᠭᠡᠷᠡᠭᠯᠡᠭᠡ ᠶᠢᠨ ᠵᠠᠬ᠎ᠠ ᠳᠡᠯᠭᠡᠬᠦᠷ ᠢᠶᠠᠨ ᠦᠷᠭᠡᠳᠭᠡᠬᠦ ᠶᠢ ᠵᠣᠷᠢᠠᠠᠵᠢᠭᠤᠯᠵᠦ᠂ ᠮᠠᠯᠵᠢᠬᠤ ᠳᠡᠷᠢᠶᠡᠯᠠᠬᠤ ᠣᠷᠣᠨ ᠤ ᠭᠡᠷᠡᠭᠯᠡᠭᠡᠨ ᠤ ᠵᠠᠩᠰᠢᠯ᠂ ᠴᠢᠳᠡᠪᠦᠷᠢ ᠪᠠ ᠭᠡᠷᠡᠭᠴᠡᠭᠡ ᠱᠠᠭᠠᠷᠳᠡᠯᠭ᠎ᠠ ᠶᠢᠨ ᠣᠨᠴᠠᠯᠢᠭ ᠲᠤ ᠴᠢᠭᠯᠡᠬᠦᠯᠥᠨ᠂ ᠬᠠᠩᠭᠠᠯᠭ᠎ᠠ ᠶᠢᠨ ᠳᠡᠯ᠎ᠠ ᠠᠴᠠ ᠳᠡᠸᠡᠷ ᠪᠠ ᠦᠢᠯᠡᠴᠢᠯᠡᠭᠡᠨ ᠤ ᠪᠦᠳᠦᠴᠡᠵᠢᠬᠦᠯᠥᠨ ᠵᠤᠬᠢᠴᠠᠭᠤᠯᠬᠤ ᠴᠢᠳᠡᠪᠦᠷᠢ ᠶᠢ ᠳᠡᠭᠡᠭᠰᠢᠯᠡᠬᠦᠯᠵᠦ᠂ ᠠᠵᠦ ᠦᠢᠯᠡᠳᠪᠦᠷᠢ ᠶᠢᠨ ᠦᠢᠯᠡᠳᠬᠦᠨ ᠢ ᠬᠦᠳᠡᠭᠡ ᠪᠠᠭᠤᠯᠭᠠᠬᠤ ᠶᠢ ᠳᠡᠶᠢᠴᠢᠯᠠᠨ᠂ ᠮᠠᠯᠴᠢᠨ ᠳᠡᠷᠢᠶᠡᠴᠢᠳ ᠢ ᠬᠠᠪᠰᠣᠷᠴᠥ ᠪᠠᠶᠢᠭᠠᠳ ᠦᠢᠯᠡᠳᠪᠦᠷᠢᠯᠡᠯ ᠤᠨ ᠦᠪᠡᠷ ᠤᠨ ᠦᠷᠲᠡᠭ ᠪᠠ ᠭᠡᠷᠡᠭᠯᠡᠭᠡ ᠶᠢᠨ ᠦᠪᠡᠷ ᠤᠨ ᠦᠷᠲᠡᠭ ᠢ ᠪᠠᠭᠤᠷᠡᠭᠤᠯᠥᠨ᠎ᠠ᠃ ᠬᠤᠳᠠᠯᠳᠣᠭᠠᠨ ᠤ ᠶᠠᠪᠤᠳᠡᠯ᠂ ᠬᠠᠩᠭᠠᠨ ᠪᠤᠷᠣᠯᠠᠭᠤᠯᠬᠤ᠂ ᠰᠢᠥᠳᠡᠨ ᠤ ᠶᠠᠪᠤᠳᠡᠯ᠂ ᠵᠠᠮ ᠬᠠᠷᠢᠯᠴᠠᠭ᠎ᠠ ᠳᠡᠭᠡᠭᠡᠪᠦᠷᠢ ᠵᠡᠷᠭᠡ ᠡᠯ᠎ᠠ ᠳᠥᠷᠦᠯ ᠤᠨ ᠵᠠᠬ᠎ᠠ ᠳᠡᠯᠭᠡᠬᠦᠷ ᠤᠨ ᠭᠤᠤᠯ ᠴᠣᠠᠠᠴᠠ ᠶᠢᠨ ᠮᠠᠯᠵᠢᠬᠤ ᠳᠡᠷᠢᠶᠡᠯᠠᠬᠤ ᠣᠷᠣᠨ ᠤ ᠪᠠᠷᠡᠭᠠᠨ ᠤ ᠬᠦᠢᠯᠭᠡᠭᠡᠨ ᠤ ᠡᠬᠢ ᠪᠠᠶᠠᠯᠢᠭ ᠢ ᠨᠡᠶᠢᠯᠡᠬᠦᠯᠬᠦ ᠶᠢ ᠵᠣᠷᠢᠠᠠᠵᠢᠭᠤᠯᠵᠦ᠂ ᠮᠠᠯᠵᠢᠬᠤ ᠳᠡᠷᠢᠶᠡᠯᠠᠬᠤ ᠣᠷᠣᠨ ᠤ ᠪᠠᠷᠡᠭᠠᠨ ᠤ ᠬᠦᠢᠯᠭᠡᠭᠡᠨ ᠤ ᠣᠯᠡᠨ ᠨᠡᠶᠢᠲᠡ ᠶᠢᠨ ᠦᠢᠯᠡᠴᠢᠯᠡᠭᠡᠨ ᠤ ᠲᠥᠪ ᠪᠤᠯᠥᠨ ᠲᠣᠰᠬᠤᠨ ᠤ ᠱᠠᠳᠣ ᠶᠢᠨ ᠲᠣᠣᠷ ᠴᠡᠭ ᠢ ᠪᠦᠳᠦᠭᠡᠨ ᠪᠠᠶᠢᠭᠤᠯᠬᠤ ᠪᠠ ᠦᠭᠡᠷᠡᠴᠢᠯᠡᠵᠦ᠂ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠬᠤᠳᠡ ᠣᠷᠣᠬᠤ ︽ᠬᠠᠮᠤᠭ ᠡᠬᠢᠨ ᠤ ᠨᠢᠭᠡ ᠺᠢᠯᠦᠮᠧᠲᠷ︾ ᠪᠠ ᠠᠵᠦ ᠦᠢᠯᠡᠳᠪᠦᠷᠢ ᠶᠢᠨ ᠦᠢᠯᠡᠳᠬᠦᠨ ᠢ ᠬᠦᠳᠡᠭᠡ ᠪᠠᠭᠤᠯᠭᠠᠬᠤ ︽ᠬᠠᠮᠤᠭ ᠡᠴᠦᠰ ᠤᠨ ᠨᠢᠭᠡ ᠺᠢᠯᠦᠮᠧᠲᠷ︾ ᠤᠨ ᠠᠰᠠᠭᠤᠳᠡᠯ ᠢ ᠦᠨᠡᠨᠬᠦ ᠰᠠᠶᠢᠳᠣᠷ ᠰᠢᠢᠳᠪᠦᠷᠢᠯᠡᠨ᠎ᠠ᠃ ︵ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠡᠳ᠋ ᠤᠨ ᠵᠠᠰᠠᠭ ᠤᠨ ᠳᠢᠩᠬᠢᠮ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠳᠢᠩᠬᠢᠮ᠂ ᠳᠡᠷᠢᠶᠡᠯᠡᠩ ᠮᠠᠯ ᠠᠵᠦ ᠠᠬᠤᠢ ᠶᠢᠨ ᠳᠢᠩᠬᠢᠮ᠂ ᠶᠠᠰᠣ ᠴᠢᠨᠡᠷ ᠲᠤ ᠮᠡᠷᠭᠡᠵᠢᠯ ᠤᠨ ᠬᠢᠨᠡᠯᠳᠡ ᠳᠡᠯᠪᠢᠬᠤ ᠲᠤᠪᠴᠢᠶ᠎ᠠ᠂ ᠵᠢᠭᠤᠯᠴᠢᠯᠠᠯ ᠤᠨ ᠲᠤᠪᠴᠢᠶ᠎ᠠ᠂ ᠬᠠᠩᠭᠠᠨ ᠪᠤᠷᠣᠯᠠᠭᠤᠯᠬᠤ ᠬᠤᠯᠪᠤᠭᠠᠳᠦ ᠬᠤᠷᠰᠢᠶ᠎ᠠ ᠂ ᠦᠪᠤᠷ ᠮᠣᠩᠭᠤᠯ ᠤᠨ ᠰᠢᠥᠳᠡᠨ ᠤ ᠶᠠᠪᠤᠳᠡᠯ ᠤᠨ ᠬᠠᠮᠢᠶᠡᠷᠦᠯᠳᠡ ᠶᠢᠨ ᠲᠤᠪᠴᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶        ︵ᠲᠤᠯᠤᠭ᠎ᠠ︶ ᠡᠯᠧᠺᠲᠷᠤᠨ ᠬᠤᠳᠠᠯᠳᠣᠭᠠᠨ ᠤ ᠶᠠᠪᠤᠳᠡᠯ ᠢ ᠨᠡᠶᠢᠭᠡᠮ ᠲᠤᠭᠤᠷᠢᠭ ᠲᠤ ᠣᠷᠣᠭᠤᠯᠬᠤ ᠠᠵᠢᠯᠯᠠᠭᠠᠨ ᠢ ᠭᠡᠷᠡᠭᠵᠢᠬᠦᠯᠦᠨ᠎ᠡ᠃ ᠨᠡᠶᠢᠭᠡᠮ ᠲᠤᠭᠤᠷᠢᠭ ᠤᠨ ᠲᠤᠤᠷ ᠰᠦᠯᠵᠢᠶᠡᠨ ᠤ ᠭᠡᠷᠡᠭᠯᠡᠭᠡ ᠶᠢᠨ ︽ᠪᠢᠴᠢᠯ ᠣᠷᠴᠢᠨ ᠲᠤᠭᠤᠷᠢᠨ︾ ᠢ ᠪᠤᠢ ᠪᠤᠯᠭᠠᠨ᠎ᠠ᠃ ᠡᠯᠧᠺᠲᠷᠤᠨ ᠬᠤᠳᠠᠯᠳᠣᠭᠠᠨ ᠤ ᠶᠠᠪᠤᠳᠡᠯ ᠤᠨ ᠵᠠᠮ ᠮᠦᠷ ᠢᠶᠠᠷ ᠳᠡᠮᠵᠢᠭᠤᠯᠥᠨ ᠨᠡᠶᠢᠭᠡᠮ ᠲᠤᠭᠤᠷᠢᠭ ᠤᠨ ᠬᠤᠳᠠᠯᠳᠣᠭᠠᠨ ᠤ ᠡᠬᠢ ᠪᠠᠶᠠᠯᠢᠭ ᠪᠤᠯᠥᠨ ᠠᠷᠡᠳ ᠲᠤ ᠳᠦᠬᠦᠮ ᠦᠵᠡᠬᠦᠯᠬᠦ ᠦᠢᠯᠡᠴᠢᠯᠡᠭᠡᠨ ᠤ ᠪᠡᠯᠡᠳᠭᠡᠮᠵᠢ ᠶᠢ ᠨᠡᠶᠢᠯᠡᠬᠦᠯᠬᠦ ᠶᠢ ᠳᠡᠮᠵᠢᠵᠦ᠂ ᠨᠡᠶᠢᠭᠡᠮ ᠲᠤᠭᠤᠷᠢᠭ ᠤᠨ ᠬᠤᠳᠠᠯᠳᠤᠭ᠎ᠠ ᠪᠤᠯᠥᠨ ᠬᠤᠳᠡ ᠶᠢᠨ ᠠᠷᠡᠳ ᠲᠤ ᠳᠦᠬᠦᠮ ᠦᠵᠡᠬᠦᠯᠬᠦ ᠦᠢᠯᠡᠴᠢᠯᠡᠭᠡᠨ᠂ ᠨᠡᠶᠢᠭᠡᠮ ᠲᠤᠭᠤᠷᠢᠭ ᠤᠨ ᠵᠠᠰᠠᠭ ᠤᠨ ᠶᠠᠪᠤᠳᠡᠯ᠂ ᠪᠠᠷᠡᠭᠠᠨ ᠤ ᠬᠦᠢᠯᠭᠡᠭᠡᠨ ᠤ ᠲᠤᠬᠢᠷᠡᠭᠤᠯᠥᠨ ᠬᠦᠷᠭᠡᠬᠦ ᠶᠢᠨ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠬᠦ ᠶᠢ ᠪᠠᠶᠠᠯᠠᠬᠦᠯᠵᠦ᠂ ᠨᠡᠶᠢᠭᠡᠮ ᠲᠤᠭᠤᠷᠢᠭ ᠤᠨ ᠬᠤᠳᠠᠯᠳᠣᠭᠠᠨ ᠤ ᠮᠡᠳᠡᠭᠡ ᠵᠠᠩᠬᠢᠵᠢᠯᠳᠡ᠂ ᠪᠠᠷᠢᠮᠵᠢᠶᠡᠵᠢᠯᠳᠡ᠂ ᠡᠷᠴᠢᠮᠵᠢᠯᠳᠡ ᠶᠢᠨ ᠬᠢᠷᠢ ᠭᠡᠮᠵᠢᠶ᠎ᠠ ᠶᠢ ᠳᠡᠭᠡᠭᠰᠢᠯᠡᠬᠦᠯᠥᠨ᠂ ᠨᠡᠶᠢᠭᠡᠮ ᠲᠤᠭᠤᠷᠢᠭ ᠤᠨ ᠰᠠᠭᠤᠭᠠᠯᠢ ᠠᠷᠡᠳ ᠤᠨ ᠠᠮᠢᠳᠣᠷᠡᠯ ᠤᠨ ᠴᠢᠨᠡᠷ ᠴᠢᠨᠰᠠᠭ᠎ᠠ ᠶᠢ ᠳᠡᠭᠡᠭᠰᠢᠯᠡᠬᠦᠯᠦᠨ᠎ᠠ᠃ ︵ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠣᠯᠥᠰ ᠤᠨ ᠭᠠᠵᠡᠷ ᠰᠢᠷᠦᠢ ᠡᠬᠢ ᠪᠠᠶᠠᠯᠢᠭ ᠤᠨ ᠳᠢᠩᠬᠢᠮ᠂ ᠣᠷᠣᠨ ᠰᠠᠭᠤᠴᠠ ᠬᠤᠳᠡ ᠬᠦᠳᠡᠭᠡ ᠶᠢᠨ ᠪᠦᠳᠦᠭᠡᠨ ᠪᠠᠶᠢᠭᠤᠯᠥᠯᠳᠡ ᠶᠢᠨ ᠳᠢᠩᠬᠢᠮ᠂ ᠶᠠᠰᠣ ᠴᠢᠨᠡᠷ ᠲᠤ ᠮᠡᠷᠭᠡᠵᠢᠯ ᠤᠨ ᠬᠢᠨᠡᠯᠳᠡ ᠳᠡᠯᠪᠢᠬᠤ ᠲᠤᠪᠴᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶ ︽ᠨᠢᠭᠡ ᠦᠷᠲᠡᠭᠡ ᠮᠠᠶ᠋ᠢᠭ︾ ᠤᠨ ᠠᠷᠡᠳ ᠲᠤ ᠳᠦᠬᠦᠮ ᠦᠵᠡᠬᠦᠯᠬᠦ ᠦᠢᠯᠡᠴᠢᠯᠡᠭᠡᠨ ᠤ ᠴᠢᠳᠠᠮᠵᠢ ᠶᠢ ᠳᠡᠬᠦᠯᠳᠡᠷᠵᠢᠬᠦᠯᠥᠨ᠂ ᠬᠠᠭᠤᠴᠢᠨ ᠰᠠᠭᠤᠭᠠᠯᠢ ᠲᠤᠭᠤᠷᠢᠭ ᠤᠨ ᠣᠳᠣ ᠶᠢᠨ ᠪᠠᠶᠢᠭ᠎ᠠ ᠡᠬᠢ ᠪᠠᠶᠠᠯᠢᠭ ᠢᠶᠠᠨ ᠠᠰᠢᠠᠠᠯᠠᠨ ᠣᠯᠡᠨ ᠳᠡᠰ ᠳᠠᠪᠬᠤᠷᠭ᠎ᠠ᠂ ᠣᠯᠡᠨ ᠭᠡᠯᠪᠡᠷᠢ ᠶᠢᠨ ᠠᠷᠡᠳ ᠲᠤ ᠳᠦᠬᠦᠮ ᠦᠵᠡᠬᠦᠯᠬᠦ ᠦᠢᠯᠡᠴᠢᠯᠡᠭᠡᠨ ᠤ ᠴᠡᠭ ᠢ ᠪᠤᠢ ᠪᠤᠯᠭᠠᠬᠤ ᠶᠢ ᠳᠡᠮᠵᠢᠵᠦ᠂ ᠭᠡᠳᠣ ᠳᠡᠯᠭᠡᠬᠦᠷ᠂ ᠲᠦᠬᠦᠮ ᠦᠵᠡᠬᠦᠯᠬᠦ ᠳᠡᠯᠭᠡᠬᠦᠷ᠂ ᠨᠡᠶᠢᠭᠡᠮ ᠲᠤᠭᠤᠷᠢᠭ ᠤᠨ ᠠᠲᠠᠯ ᠠᠬᠤᠢ ᠵᠡᠷᠭᠡ ᠶᠢᠨ ᠪᠠᠷᠡᠭᠠᠨ ᠤ ᠬᠦᠢᠯᠭᠡᠭᠡᠨ ᠤ ᠬᠤᠪᠢᠶᠡᠷᠢᠯᠡᠨ ᠦᠭᠬᠦ᠂ ᠳᠥᠷᠭᠡᠨ ᠬᠦᠷᠭᠡᠬᠦ ᠵᠦᠢᠯ ᠢ ᠦᠪᠡᠷ ᠢᠶᠠᠨ ᠣᠴᠢᠵᠦ ᠠᠪᠠᠨ᠋ᠥ᠂ ᠡᠯᠧᠺᠲᠷᠤᠨ ᠢᠶᠠᠷ ᠰᠦᠢᠳᠭᠡᠯ ᠲᠣᠰᠢᠶᠠᠬᠤ ᠵᠡᠷᠭᠡ ᠠᠷᠡᠳ ᠲᠤ ᠳᠦᠬᠦᠮ ᠦᠵᠡᠬᠦᠯᠬᠦ ᠦᠢᠯᠡᠴᠢᠯᠡᠭᠡᠨ ᠢ ᠠᠬᠢᠭᠤᠯᠥᠨ᠂ ᠢᠳᠡᠰᠢᠨ ᠨᠣᠭᠤᠭ᠎ᠠ ᠶᠢᠨ ᠵᠠᠬ᠎ᠠ ᠳᠡᠯᠭᠡᠬᠦᠷ᠂ ᠲᠦᠬᠦᠮ ᠦᠵᠡᠬᠦᠯᠬᠦ ᠳᠡᠯᠭᠡᠬᠦᠷ᠂ ᠪᠡᠯᠡᠨ ᠬᠤᠭᠤᠯᠨ ᠶᠢᠨ ᠭᠡᠷ᠂ ᠲᠤᠬᠢᠷᠡᠭᠤᠯᠥᠨ ᠬᠦᠷᠭᠡᠬᠦ ᠦᠷᠲᠡᠭᠡ᠂ ᠬᠤᠷᠢᠶᠡᠨ ᠠᠪᠠᠨ᠋ᠥ ᠴᠡᠭ ᠵᠢᠴᠢ ᠭᠡᠷ ᠠᠬᠤᠢ᠂ ᠨᠠᠰᠣᠳᠡᠨ ᠢ ᠠᠰᠠᠷᠠᠬᠤ᠂ ᠰᠣᠶᠣᠯ ᠵᠡᠷᠭᠡ ᠣᠯᠡᠨ ᠨᠡᠶᠢᠲᠡᠴᠢᠯᠡᠭᠰᠡᠨ ᠦᠢᠯᠡᠴᠢᠯᠡᠭᠡᠨ ᠤ ᠲᠤᠤᠷ ᠴᠡᠭ ᠢ ᠨᠢᠭᠡ ᠴᠣᠠᠠᠴᠠᠵᠢᠭᠤᠯᠥᠠᠠᠰᠠᠨ ᠨᠡᠶᠢᠭᠡᠮ ᠲᠤᠭᠤᠷᠢᠭ ᠤᠨ ᠡᠯᠧᠺᠲᠷᠤᠨ ᠬᠤᠳᠠᠯᠳᠣᠭᠠᠨ ᠤ ᠶᠠᠪᠤᠳᠡᠯ ᠤᠨ ᠶᠡᠷᠦᠩᠭᠡᠶᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠪᠠᠶᠢᠭᠤᠯᠬᠤ ᠶᠢ ᠵᠣᠷᠢᠠᠠᠵᠢᠭᠤᠯᠵᠦ᠂ ᠬᠤᠳᠡ ᠶᠢᠨ ᠰᠠᠭᠤᠭᠠᠯᠢ ᠠᠷᠡᠳ ᠤᠨ ᠠᠮᠢᠳᠣᠷᠡᠯ ᠤᠨ ᠳᠥᠬᠦᠮ ᠦᠵᠡᠬᠦᠯᠬᠦ ᠴᠢᠨᠡᠷ ᠪᠠ ᠬᠤᠳᠡ ᠶᠢᠨ ᠬᠦᠭᠵᠢᠯᠳᠡ ᠶᠢᠨ ᠦᠷᠢᠰᠦᠯᠳᠦᠬᠦ ᠬᠦᠴᠣᠨ ᠢ ᠳᠡᠭᠡᠭᠰᠢᠯᠡᠬᠦᠯᠦᠨ᠎ᠡ᠃ ︵ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠣᠯᠥᠰ ᠤᠨ ᠭᠠᠵᠡᠷ ᠰᠢᠷᠦᠢ ᠡᠬᠢ ᠪᠠᠶᠠᠯᠢᠭ ᠤᠨ ᠳᠢᠩᠬᠢᠮ᠂ ᠣᠷᠣᠨ ᠰᠠᠭᠤᠴᠠ ᠬᠤᠳᠡ ᠬᠦᠳᠡᠭᠡ ᠶᠢᠨ ᠪᠦᠳᠦᠭᠡᠨ ᠪᠠᠶᠢᠭᠤᠯᠥᠯᠳᠡ ᠶᠢᠨ ᠳᠢᠩᠬᠢᠮ᠂ ᠰᠣᠶᠣᠯ ᠤᠨ ᠳᠢᠩᠬᠢᠮ᠂ ᠰᠣᠨᠢᠨ ᠮᠡᠳᠡᠭᠡ ᠭᠡᠪᠯᠡᠯ ᠷᠡᠳᠢᠤ᠋ ᠺᠢᠨᠤ᠋ ᠲᠤᠯᠸᠢᠰ ᠤᠨ ᠲᠣᠪᠴᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶        ᠳᠥᠷᠪᠡ᠂ ᠪᠠᠳᠣᠯᠠᠭ᠎ᠠ ᠶᠢᠨ ᠠᠷᠭ᠎ᠠ ᠭᠡᠮᠵᠢᠶ᠎ᠠ        ︵ᠨᠢᠭᠡ︶ ᠬᠦᠢᠯᠭᠡᠭᠡᠨ ᠤ ᠪᠠᠳᠣᠯᠠᠭ᠎ᠠ ᠶᠢᠨ ᠳᠥᠷᠥ ᠶᠢᠨ ᠪᠤᠳᠣᠯᠭ᠎ᠠ ᠶᠢ ᠨᠡᠶᠢᠳᠡᠪᠦᠷᠢᠵᠢᠭᠤᠯᠥᠨ᠎ᠠ᠃ ︽ᠢᠨᠲ᠋ᠧᠷ ᠰᠦᠯᠵᠢᠶ᠎ᠠ + ᠬᠦᠢᠯᠭᠡᠭᠡᠨ︾ ᠤ ᠠᠵᠦ ᠠᠬᠤᠶᠢᠯᠠᠯ ᠤᠨ ︽ᠳᠡᠭᠡᠳᠣ ᠰᠢᠨ᠎ᠡ ᠮᠡᠷᠭᠡᠵᠢᠯ ᠤᠨ ᠠᠵᠦ ᠠᠬᠤᠶᠢᠯᠠᠯ︾ ᠢ ᠮᠡᠳᠡᠬᠦᠯᠥᠨ ᠭᠤᠶᠤᠴᠢᠯᠠᠵᠦ ᠨᠤᠳᠠᠯᠠᠨ ᠲᠤᠠᠠᠳᠠᠭᠠᠬᠤ ᠳᠥᠷᠥ ᠶᠢᠨ ᠪᠤᠳᠣᠯᠭ᠎ᠠ ᠶᠢ ᠨᠡᠶᠢᠳᠡᠪᠦᠷᠢᠵᠢᠭᠤᠯᠥᠨ᠎ᠠ᠃ ︵ᠦᠪᠡᠷᠳᠡᠭᠡᠨ ᠵᠠᠰᠬᠠᠥ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠳᠢᠩᠬᠢᠮ᠂ ᠡᠳ᠋ ᠤᠨ ᠵᠠᠰᠠᠭ ᠤᠨ ᠳᠢᠩᠬᠢᠮ᠂ ᠣᠷᠣᠨ ᠨᠣᠳᠤᠭ ᠤᠨ ᠭᠠᠶᠢᠯᠢ ᠶᠢᠨ ᠲᠤᠪᠴᠢᠶ᠎ᠠ᠂ ᠦᠪᠤᠷ ᠮᠣᠩᠭᠤᠯ ᠤᠨ ᠣᠯᠥᠰ ᠤᠨ ᠭᠠᠶᠢᠯᠢ ᠶᠢᠨ ᠲᠤᠪᠴᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶ ᠠᠵᠦ ᠦᠢᠯᠡᠳᠪᠦᠷᠢ ᠬᠤᠳᠠᠯᠳᠣᠭᠠᠨ ᠤ ᠠᠵᠦ ᠠᠬᠤᠶᠢᠯᠠᠯ ᠤᠨ ᠴᠠᠬᠢᠯᠭᠠᠨ ᠭᠡᠷᠡᠭᠯᠡᠬᠦ ᠳᠤ ᠠᠳᠡᠯᠢ ᠲᠤᠤᠷ ᠲᠤ ᠠᠳᠡᠯᠢ ᠦᠨ᠎ᠠ ᠲᠠᠢ ᠪᠠᠶᠢᠯᠭᠠᠬᠤ᠂ ᠦᠪᠦᠷ ᠮᠤᠩᠭᠤᠯ ᠤᠨ ᠪᠠᠷᠠᠭᠤᠨ ᠬᠡᠰᠡᠭ ᠤᠨ ᠭᠠᠵᠡᠷ ᠣᠷᠣᠨ ᠤ ᠬᠦᠯᠳᠡᠭᠡᠬᠦ ᠬᠡᠯᠬᠢᠶᠡᠳᠦ ᠪᠠᠷᠡᠭᠠᠨ ᠤ ᠬᠦᠢᠯᠭᠡᠭᠡᠨ ᠤ ᠬᠦᠯᠳᠡᠭᠡᠬᠦ ᠬᠦᠮᠦᠷᠭᠡ ᠶᠢᠨ ᠠᠵᠢᠯ ᠳᠥᠷᠦᠯ ᠳᠤ ᠬᠠᠷᠡᠭᠠᠯᠵᠠᠯᠳᠦ ᠴᠠᠬᠢᠯᠭᠠᠨ ᠤ ᠦᠨ᠎ᠠ ᠶᠢᠨ ᠳᠥᠷᠥ ᠶᠢᠨ ᠪᠤᠳᠣᠯᠭ᠎ᠠ ᠶᠢ ᠭᠡᠷᠡᠭᠵᠢᠬᠦᠯᠬᠦ ᠶᠢ ᠨᠡᠶᠢᠳᠡᠪᠦᠷᠢᠵᠢᠭᠤᠯᠥᠨ᠎ᠠ᠃ ︵ᠦᠪᠡᠷᠳᠡᠭᠡᠨ ᠵᠠᠰᠬᠠᠥ ᠣᠷᠣᠨ ᠤ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠬᠤᠳᠠᠯᠳᠣᠭᠠᠨ ᠤ ᠶᠠᠪᠤᠳᠡᠯ ᠤᠨ ᠳᠢᠩᠬᠢᠮ︶ ᠣᠯᠥᠰ ᠤᠨ ᠵᠠᠰᠠᠮᠠᠯ ᠵᠠᠮ ᠤᠨ ᠪᠠᠷᠡᠭᠠᠨ ᠤ ᠳᠡᠭᠡᠭᠡᠪᠦᠷᠢ ᠶᠢᠨ ᠳᠡᠷᠭᠡ ᠪᠠᠶᠢᠬᠤ ᠦᠭᠡᠢ ᠳᠠᠭᠠᠭᠠᠴᠢᠯᠠᠨ ᠳᠡᠭᠡᠭᠡᠪᠦᠷᠢᠯᠡᠬᠦ ᠬᠦᠮᠦᠨ ᠤ ᠲᠣᠷᠰᠢᠵᠤ ᠬᠢᠬᠦ ᠶᠢ ᠣᠯᠬᠤ ᠪᠠᠷ ᠴᠢᠷᠮᠡᠶᠢᠵᠦ᠂ ᠳᠡᠷᠭᠡ ᠪᠠᠶᠢᠬᠤ ᠦᠭᠡᠢ ᠳᠠᠭᠠᠭᠠᠴᠢᠯᠠᠨ ᠳᠡᠭᠡᠭᠡᠪᠦᠷᠢᠯᠡᠬᠦ ᠬᠦᠮᠦᠨ ᠤ ᠳᠡᠭᠡᠭᠡᠪᠦᠷᠢ ᠶᠢᠨ ᠲᠤᠬᠠᠶᠢᠯᠬᠠᠰᠠᠨ ᠠᠵᠢᠯ ᠢ ᠦᠷᠨᠢᠬᠦᠯᠥᠨ᠎ᠠ᠃ ︵ᠦᠪᠡᠷᠳᠡᠭᠡᠨ ᠵᠠᠰᠬᠠᠥ ᠣᠷᠣᠨ ᠤ ᠵᠠᠮ ᠬᠠᠷᠢᠯᠴᠠᠭ᠎ᠠ ᠳᠡᠭᠡᠭᠡᠪᠦᠷᠢ ᠶᠢᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ︶ ᠨᠡᠶᠢᠭᠡᠮ ᠲᠤᠭᠤᠷᠢᠭ ᠤᠨ ᠶᠡᠷᠦᠩᠭᠡᠢ ᠪᠡᠷᠢᠯᠭ᠎ᠠ ᠶᠢᠨ ᠳᠡᠯᠡᠪᠡᠢ ᠳᠠᠬᠢ ᠰᠢᠨ᠎ᠡ ᠪᠠᠷ ᠪᠠᠶᠢᠭᠤᠯᠥᠠᠠᠰᠠᠨ ᠨᠡᠶᠢᠭᠡᠮ ᠲᠤᠭᠤᠷᠢᠭ ᠤᠨ ᠬᠤᠳᠠᠯᠳᠤᠭ᠎ᠠ ᠪᠠ ᠶᠡᠷᠦᠩᠭᠡᠶᠢᠯᠡᠭᠰᠡᠨ ᠦᠢᠯᠡᠴᠢᠯᠡᠭᠡᠨ ᠤ ᠪᠡᠯᠡᠳᠭᠡᠮᠵᠢ ᠶᠢᠨ ᠳᠡᠯᠡᠪᠡᠢ ᠶᠢᠨ ᠡᠵᠡᠯᠡᠬᠦ ᠬᠠᠷᠢᠴᠠᠯ ᠢ 10% ᠠᠴᠠ ᠲᠤᠤᠷ᠎ᠠ ᠪᠠᠶᠢᠯᠭᠠᠬᠤ ᠦᠭᠡᠢ ᠪᠠᠶᠢᠬᠤ ᠳᠦᠷᠥ ᠶᠢᠨ ᠪᠤᠳᠣᠯᠭ᠎ᠠ ᠶᠢ ᠨᠡᠶᠢᠳᠡᠪᠦᠷᠢᠵᠢᠭᠤᠯᠵᠦ᠂ ᠣᠷᠢᠳᠡᠪᠡᠷ ᠬᠤᠳᠠᠯᠳᠣᠨ ᠠᠪᠴᠥ ᠳᠡᠷᠠᠭ᠎ᠠ ᠨᠢ ᠳᠥᠷᠢᠶᠡᠰᠦᠯᠡᠬᠦ᠂ ᠣᠷᠢᠳᠡᠪᠡᠷ ᠪᠠᠶᠢᠭᠤᠯᠵᠦ ᠳᠡᠷᠠᠭ᠎ᠠ ᠨᠢ ᠳᠥᠷᠢᠶᠡᠰᠦᠯᠡᠬᠦ ᠵᠡᠷᠭᠡ ᠠᠷᠭ᠎ᠠ ᠭᠡᠮᠵᠢᠶ᠎ᠠ ᠶᠢ ᠭᠡᠷᠡᠭᠯᠡᠬᠦ ᠶᠢ ᠵᠣᠷᠢᠠᠠᠵᠢᠭᠤᠯᠵᠦ᠂ ᠪᠤᠳᠡᠳᠣ ᠴᠣᠠᠠᠴᠠᠳᠤ ᠳᠡᠯᠭᠡᠬᠦᠷ ᠤᠨ ᠳᠥᠷᠢᠶᠡᠰᠦᠨ ᠮᠦᠡᠭᠬᠦ ᠶᠢ ᠪᠠᠭᠤᠷᠡᠭᠤᠯᠬᠤ ᠪᠠᠨ ᠬᠦᠳᠦᠯᠥᠨ ᠵᠢᠯᠥᠭᠤᠳᠴᠥ᠂ ᠨᠡᠶᠢᠭᠡᠮ ᠲᠤᠭᠤᠷᠢᠭ ᠤᠨ ᠢᠳᠡᠰᠢᠨ ᠨᠣᠭᠤᠭ᠎ᠠ ᠶᠢᠨ ᠵᠠᠬ᠎ᠠ ᠳᠡᠯᠭᠡᠬᠦᠷ᠂ ᠭᠡᠷ ᠠᠬᠤᠢ᠂ ᠲᠠᠬᠢᠨ ᠡᠬᠦᠰᠴᠤ ᠪᠤᠯᠬᠤ ᠡᠬᠢ ᠪᠠᠶᠠᠯᠢᠭ ᠢ ᠬᠤᠷᠢᠶᠡᠨ ᠠᠪᠠᠨ᠋ᠥ ᠵᠡᠷᠭᠡ ᠠᠷᠡᠳ ᠲᠤ ᠳᠥᠬᠦᠮ ᠦᠵᠡᠬᠦᠯᠬᠦ ᠦᠢᠯᠡᠴᠢᠯᠡᠭᠡᠨ ᠤ ᠪᠡᠯᠡᠳᠭᠡᠮᠵᠢ ᠶᠢᠨ ᠲᠣᠣᠷ᠎ᠠ ᠦᠪᠡᠷ ᠤᠨ ᠦᠷᠲᠡᠭ ᠲᠠᠢ ᠬᠠᠩᠭᠠᠯᠭ᠎ᠠ ᠶᠢ ᠪᠠᠳᠣᠯᠠᠵᠦ᠂ ᠰᠦᠯᠵᠢᠶᠡᠨ ᠳᠡᠭᠡᠷᠡᠬᠢ ᠠᠵᠦ ᠠᠬᠤᠶᠢᠯᠠᠯ ᠢ ᠬᠦᠳᠦᠯᠥᠨ ᠵᠢᠯᠥᠭᠤᠳᠴᠥ ᠪᠠᠶᠢᠭᠠᠳ ᠰᠦᠯᠵᠢᠶᠡᠨ ᠠᠴᠠ ᠭᠠᠳᠠᠨ᠎ᠠ ᠣᠴᠢᠵᠦ ᠪᠤᠳᠡᠳᠣ ᠴᠣᠠᠠᠴᠠᠳᠤ ᠳᠡᠯᠭᠡᠬᠦᠷ ᠨᠡᠭᠡᠭᠡᠨ ᠡᠷᠬᠢᠯᠡᠬᠦᠯᠵᠦ᠂ ᠰᠦᠯᠵᠢᠶᠡᠨ ᠳᠡᠭᠡᠷ᠎ᠠ ᠪᠠ ᠰᠦᠯᠵᠢᠶᠡᠨ ᠠᠴᠠ ᠭᠠᠳᠠᠨ᠎ᠠ ᠠᠭᠤᠰᠣᠯᠴᠠᠨ ᠬᠦᠭᠵᠢᠬᠦ ᠶᠢ ᠠᠬᠢᠭᠤᠯᠥᠨ᠎ᠠ᠃ ︵ᠦᠪᠡᠷᠳᠡᠭᠡᠨ ᠵᠠᠰᠬᠠᠥ ᠣᠷᠣᠨ ᠤ ᠣᠷᠣᠨ ᠰᠠᠭᠤᠴᠠ ᠬᠤᠳᠡ ᠬᠦᠳᠡᠭᠡ ᠶᠢᠨ ᠪᠦᠳᠦᠭᠡᠨ ᠪᠠᠶᠢᠭᠤᠯᠥᠯᠳᠡ ᠶᠢᠨ ᠳᠢᠩᠬᠢᠮ᠂ ᠡᠳ᠋ ᠤᠨ ᠵᠠᠰᠠᠭ ᠤᠨ ᠳᠢᠩᠬᠢᠮ ᠂ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠠᠷᠡᠳ ᠤᠨ ᠪᠠᠩᠬᠢ ᠶᠢᠨ ᠬᠦᠭᠡᠬᠤᠳᠡ ᠲᠥᠪ ᠰᠠᠯᠪᠦᠷᠢ ᠪᠠᠩᠬᠢ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶        ︵ᠬᠤᠶᠡᠷ︶ ᠡᠳ᠋ ᠤᠨ ᠵᠠᠰᠠᠭ ᠤᠨ ᠪᠡᠯᠡ ᠮᠦᠡᠭᠬᠦ ᠶᠢᠨ ᠬᠦᠳᠦᠯᠥᠨ ᠵᠢᠯᠥᠭᠤᠳᠴᠥ ᠳᠡᠶᠢᠴᠢᠯᠠᠬᠤ ᠦᠢᠯᠡᠳᠣᠯ ᠢ ᠪᠠᠳᠡᠷᠡᠭᠤᠯᠥᠨ᠎ᠠ᠃ ᠨᠦᠬᠦᠴᠡᠯ ᠲᠠᠢ ᠠᠶᠢᠮᠠᠭ ᠬᠤᠳᠡ ᠶᠢᠨ ︽ᠢᠨᠲ᠋ᠧᠷ ᠰᠦᠯᠵᠢᠶ᠎ᠠ + ᠬᠦᠢᠯᠭᠡᠭᠡᠨ︾ ᠤ ᠬᠦᠭᠵᠢᠯᠳᠡ ᠶᠢᠨ ᠰᠠᠭᠤᠷᠢ ᠮᠦᠡᠭᠬᠦ ᠪᠠᠶᠢᠭᠤᠯᠬᠤ ᠶᠢ ᠵᠣᠷᠢᠠᠠᠵᠢᠭᠤᠯᠵᠦ᠂ ᠨᠡᠶᠢᠭᠡᠮ ᠤᠨ ᠪᠡᠯᠡ ᠮᠦᠡᠭᠬᠦ ᠪᠤᠯᠥᠨ ᠮᠦᠡᠭᠬᠦᠨ ᠬᠦᠢᠯᠭᠡᠭᠡᠨ ᠤ ᠬᠦᠷᠦᠩᠭᠡ ᠶᠢ ᠬᠦᠳᠦᠯᠥᠨ ᠵᠢᠯᠥᠭᠤᠳᠴᠥ ᠪᠠᠶᠢᠭᠠᠳ ᠬᠦᠢᠯᠭᠡᠭᠡᠨ ᠤ ᠬᠦᠷᠢᠶ᠎ᠠ ᠴᠡᠷᠠᠭ᠎ᠠ ᠶᠢᠨ ᠢᠨᠲ᠋ᠧᠷ ᠰᠦᠯᠵᠢᠶ᠎ᠠ ᠵᠡᠷᠭᠡ ᠮᠡᠳᠡᠭᠡ ᠵᠠᠩᠬᠢ ᠶᠢᠨ ᠮᠡᠷᠭᠡᠵᠢᠯ ᠤᠨ ᠭᠡᠷᠡᠭᠯᠡᠯᠳᠡ ᠶᠢᠨ ᠣᠷᠣᠭᠤᠯᠥᠯᠳᠡ ᠶᠢ ᠨᠡᠮᠡᠭᠳᠡᠬᠦᠯᠵᠦ᠂ ︽ᠢᠨᠲ᠋ᠧᠷ ᠰᠦᠯᠵᠢᠶ᠎ᠠ + ᠬᠦᠢᠯᠭᠡᠭᠡᠨ︾ ᠤ ᠠᠵᠢᠯᠯᠠᠭᠠᠨ ᠤ ᠬᠦᠨᠵᠡᠭᠡᠢ ᠭᠡᠷᠡᠭᠵᠢᠬᠦᠯᠥᠭᠳᠡᠬᠦ ᠶᠢ ᠠᠬᠢᠭᠤᠯᠥᠨ᠂ ᠬᠦᠢᠯᠭᠡᠭᠡᠨ ᠤ ᠦᠪᠡᠷ ᠤᠨ ᠦᠷᠲᠡᠭ ᠢ ᠪᠠᠭᠤᠷᠡᠭᠤᠯᠵᠦ᠂ ᠬᠦᠢᠯᠭᠡᠭᠡᠨ ᠤ ᠦᠷ᠎ᠠ ᠠᠰᠢᠭ ᠢ ᠳᠡᠭᠡᠭᠰᠢᠯᠡᠬᠦᠯᠵᠦ᠂ ᠪᠦᠳᠦᠵᠢᠮᠳᠦ ᠬᠠᠩᠭᠠᠯᠭ᠎ᠠ ᠶᠢ ᠦᠷᠭᠡᠳᠭᠡᠨ᠎ᠠ᠃ ︵ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶        ︵ᠭᠤᠷᠪᠠ︶ ᠬᠦᠢᠯᠭᠡᠭᠡᠨ ᠤ ᠬᠦᠷᠢᠶ᠎ᠠ ᠴᠡᠷᠠᠭ᠎ᠠ ᠶᠢᠨ ᠣᠯᠡᠨ ᠨᠡᠶᠢᠲᠡ ᠶᠢᠨ ᠦᠢᠯᠡᠴᠢᠯᠡᠭᠡᠨ ᠤ ᠴᠢᠳᠡᠪᠦᠷᠢ ᠶᠢ ᠴᠢᠩᠭᠠᠷᠡᠭᠤᠯᠥᠨ᠎ᠠ᠃ ᠡᠯ᠎ᠠ ᠳᠥᠷᠦᠯ ᠤᠨ ᠬᠤᠳᠠᠯᠳᠣᠭᠠᠨ ᠤ ᠶᠠᠪᠤᠳᠡᠯ ᠤᠨ ᠣᠯᠡᠨ ᠨᠡᠶᠢᠲᠡ ᠶᠢᠨ ᠦᠢᠯᠡᠴᠢᠯᠡᠭᠡᠨ ᠤ ᠳᠡᠪᠴᠠᠩ ᠤᠨ ᠴᠢᠳᠠᠮᠵᠢ ᠶᠢ ᠲᠡᠭᠡᠭᠰᠢᠯᠡᠬᠦᠯᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠦᠢᠯᠡᠴᠢᠯᠡᠭᠡᠨ ᠤ ᠡᠬᠢ ᠪᠠᠶᠠᠯᠢᠭ ᠢ ᠵᠠᠯᠭᠠᠭᠤᠯᠵᠦ᠂ ᠬᠦᠢᠯᠭᠡᠭᠡᠨ ᠤ ᠬᠦᠷᠢᠶ᠎ᠠ ᠴᠡᠷᠠᠭ᠎ᠠ ᠳᠤ ᠳᠥᠷᠥ ᠶᠢᠨ ᠪᠤᠳᠣᠯᠭ᠎ᠠ ᠪᠠ ᠰᠠᠭᠤᠷᠢ ᠮᠡᠳᠡᠭᠡ ᠵᠠᠩᠬᠢ ᠶᠢᠨ ᠦᠢᠯᠡᠴᠢᠯᠡᠭᠡᠨ ᠬᠠᠩᠭᠠᠵᠦ᠂ ᠲᠤᠮᠳᠡ ᠵᠢᠵᠢᠭ ᠪᠢᠴᠢᠯ ᠠᠵᠦ ᠠᠬᠤᠶᠢᠯᠠᠯ ᠳᠤ ᠬᠤᠳᠠᠯᠳᠣᠭᠠᠨ ᠤ ᠶᠠᠪᠤᠳᠡᠯ ᠤᠨ ᠭᠡᠷᠡᠭᠯᠡᠭᠡᠨ ᠤ ᠦᠢᠯᠡᠴᠢᠯᠡᠭᠡᠨ ᠬᠠᠩᠭᠠᠨ᠎ᠠ᠃ ᠡᠯᠧᠺᠲᠷᠤᠨ ᠬᠤᠳᠠᠯᠳᠣᠭᠠᠨ ᠤ ᠶᠠᠪᠤᠳᠡᠯ ᠤᠨ ᠲᠤᠭ᠎ᠠ ᠪᠦᠷᠢᠳᠭᠡᠯ ᠤᠨ ᠳᠥᠷᠢᠮ ᠢ ᠪᠠᠶᠢᠭᠤᠯᠥᠨ ᠳᠡᠬᠦᠯᠳᠡᠷᠵᠢᠬᠦᠯᠵᠦ᠂ ᠡᠯᠧᠺᠲᠷᠤᠨ ᠬᠤᠳᠠᠯᠳᠣᠭᠠᠨ ᠤ ᠶᠠᠪᠤᠳᠡᠯ ᠤᠨ ᠲᠤᠭ᠎ᠠ ᠪᠦᠷᠢᠳᠭᠡᠯ ᠤᠨ ᠪᠦᠷᠬᠦᠴᠡ ᠶᠢᠨ ᠭᠡᠪᠴᠢᠶ᠎ᠠ ᠶᠢ ᠦᠷᠭᠡᠳᠭᠡᠵᠦ᠂ ᠲᠤᠭ᠎ᠠ ᠪᠦᠷᠢᠳᠭᠡᠯ ᠤᠨ ᠴᠠᠭ ᠲᠤᠬᠠᠶᠢᠳᠦ ᠴᠢᠨᠡᠷ ᠪᠠ ᠦᠨᠡᠨ ᠪᠤᠳᠡᠳᠣ ᠴᠢᠨᠡᠷ ᠢ ᠳᠡᠭᠡᠭᠰᠢᠯᠡᠬᠦᠯᠥᠨ᠎ᠠ᠃ ᠣᠯᠡᠨ ᠵᠠᠮ ᠮᠦᠷ ᠢᠶᠠᠷ ᠦᠨᠡᠨ ᠪᠤᠳᠡᠳᠡᠢ ᠵᠥᠪ ᠣᠨᠣᠪᠴᠢᠳᠡᠢ ᠠᠵᠦ ᠠᠬᠤᠶᠢᠯᠠᠯ᠂ ᠳᠡᠸᠡᠷ᠂ ᠵᠠᠬᠢᠶᠠᠯᠠᠭ᠎ᠠ ᠶᠢᠨ ᠬᠠᠭᠤᠳᠠᠰᠣ᠂ ᠭᠡᠷ᠎ᠠ᠂ ᠪᠠᠷᠡᠭᠠᠨ ᠤ ᠬᠦᠢᠯᠭᠡᠭᠡᠨ ᠤ ᠳᠡᠭᠡᠭᠡᠪᠦᠷᠢ ᠶᠢᠨ ᠬᠠᠭᠤᠳᠠᠰᠣ ᠵᠡᠷᠭᠡ ᠡᠯᠧᠺᠲᠷᠤᠨ ᠬᠤᠳᠠᠯᠳᠣᠭᠠᠨ ᠤ ᠶᠠᠪᠤᠳᠡᠯ ᠤᠨ ᠰᠠᠭᠤᠷᠢ ᠮᠡᠳᠡᠭᠡ ᠵᠠᠩᠬᠢ ᠶᠢᠨ ᠲᠤᠭ᠎ᠠ ᠪᠡᠷᠢᠮᠳᠡ ᠶᠢᠨ ᠬᠦᠮᠦᠷᠭᠡ ᠶᠢ ᠪᠠᠶᠢᠭᠤᠯᠵᠦ᠂ ᠤᠨᠴᠠᠭᠠᠢ ᠲᠣᠠᠠᠳᠠᠭᠠᠠᠠᠰᠠᠨ ᠬᠠᠮᠢᠶᠡᠷᠦᠯᠳᠡ ᠶᠢᠨ ᠭᠤᠤᠯ ᠴᠣᠠᠠᠴᠠ ᠳᠤ ᠬᠠᠦᠯᠢ ᠶᠣᠰᠣᠭᠠᠷ ᠮᠡᠳᠡᠭᠡ ᠵᠠᠩᠬᠢ ᠶᠢᠨ ᠯᠠᠪᠯᠠᠯᠭ᠎ᠠ ᠶᠢᠨ ᠦᠢᠯᠡᠴᠢᠯᠡᠭᠡᠨ ᠬᠠᠩᠭᠠᠵᠦ᠂ ᠡᠯᠧᠺᠲᠷᠤᠨ ᠬᠤᠳᠠᠯᠳᠣᠭᠠᠨ ᠤ ᠶᠠᠪᠤᠳᠡᠯ ᠤᠨ ᠵᠠᠬ᠎ᠠ ᠳᠡᠯᠭᠡᠬᠦᠷ ᠤᠨ ᠦᠨᠳᠣᠷ ᠦᠷ᠎ᠠ ᠪᠦᠳᠦᠮᠵᠢᠳᠡᠢ ᠪᠦᠭᠡᠳ ᠵᠢᠷᠦᠮᠵᠢᠭᠤᠨ ᠠᠵᠢᠯᠯᠠᠬᠤ ᠶᠢ ᠲᠤᠯᠭᠠᠭᠤᠷᠢᠯᠡᠨ᠎ᠠ᠃ ︵ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠲᠤᠭ᠎ᠠ ᠪᠦᠷᠢᠳᠭᠡᠯ ᠤᠨ ᠲᠤᠪᠴᠢᠶ᠎ᠠ᠂ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠠᠵᠦ ᠦᠢᠯᠡᠳᠪᠦᠷᠢ ᠬᠤᠳᠠᠯᠳᠤᠭ᠎ᠠ ᠶᠢᠨ ᠲᠤᠪᠴᠢᠶ᠎ᠠ᠂ ᠶᠠᠰᠣ ᠴᠢᠨᠡᠷ ᠲᠤ ᠮᠡᠷᠭᠡᠵᠢᠯ ᠤᠨ ᠬᠢᠨᠡᠯᠳᠡ ᠳᠡᠯᠪᠢᠬᠤ ᠲᠤᠪᠴᠢᠶ᠎ᠠ᠂ ᠦᠪᠤᠷ ᠮᠣᠩᠭᠤᠯ ᠤᠨ ᠰᠢᠥᠳᠡᠨ ᠤ ᠶᠠᠪᠤᠳᠡᠯ ᠤᠨ ᠬᠠᠮᠢᠶᠡᠷᠦᠯᠳᠡ ᠶᠢᠨ ᠲᠤᠪᠴᠢᠶ᠎ᠠ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ︶ ᠴᠢᠳᠡᠪᠦᠷᠢᠳᠡᠨ ᠤ ᠪᠤᠯᠪᠠᠰᠣᠷᠡᠭᠤᠯᠥᠯ ᠢ ᠴᠢᠩᠭᠠᠷᠡᠭᠤᠯᠵᠦ᠂ ᠬᠠᠮᠳᠣᠷᠡᠨ ᠰᠣᠷᠭᠠᠭᠤᠯᠢ ᠡᠷᠬᠢᠯᠡᠬᠦ ᠶᠢ ᠳᠡᠮᠵᠢᠨ᠂ ᠪᠤᠳᠡᠳᠡᠢ ᠪᠤᠯᠪᠠᠰᠣᠷᠡᠭᠤᠯᠬᠤ ᠮᠠᠶ᠋ᠢᠭ ᠤᠨ ᠡᠯᠧᠺᠲᠷᠤᠨ ᠬᠤᠳᠠᠯᠳᠣᠭᠠᠨ ᠤ ᠶᠠᠪᠤᠳᠡᠯ ᠤᠨ ᠴᠢᠳᠡᠪᠦᠷᠢᠳᠡᠨ ᠢ ᠬᠦᠮᠦᠵᠢᠬᠦᠯᠬᠦ ᠪᠠ ᠪᠤᠯᠪᠠᠰᠣᠷᠡᠭᠤᠯᠬᠤ ᠲᠤᠠᠠᠳᠡᠴᠠ ᠶᠢ ᠬᠠᠶᠢᠨ ᠰᠦᠪᠡᠭᠴᠢᠯᠠᠵᠦ᠂ ᠰᠣᠷᠭᠠᠭᠤᠯᠢ ᠪᠠ ᠠᠵᠦ ᠠᠬᠤᠶᠢᠯᠠᠯ ᠬᠤᠷᠰᠢᠬᠤ᠂ ᠬᠤᠳᠠᠯᠳᠤᠭ᠎ᠠ ᠪᠠ ᠰᠣᠷᠭᠠᠭᠤᠯᠢ ᠣᠶᠠᠯᠳᠣᠬᠤ ᠵᠡᠷᠭᠡ ᠴᠢᠳᠡᠪᠦᠷᠢᠳᠡᠨ ᠬᠦᠮᠦᠵᠢᠬᠦᠯᠬᠦ ᠵᠬᠠᠪᠤᠷ ᠢ ᠬᠦᠭᠵᠢᠬᠦᠯᠥᠨ᠎ᠠ᠃ ᠡᠯᠧᠺᠲᠷᠤᠨ ᠬᠤᠳᠠᠯᠳᠣᠭᠠᠨ ᠤ ᠶᠠᠪᠤᠳᠡᠯ ᠤᠨ ᠬᠦᠷᠢᠶᠡᠯᠡᠩ ᠲᠤᠭᠤᠷᠢᠭ ︵ᠰᠠᠭᠤᠷᠢᠨ ᠭᠠᠵᠡᠷ︶ ᠤᠨ ᠬᠤᠳᠠᠯᠳᠣᠭᠠᠨ ᠤ ᠶᠠᠪᠤᠳᠡᠯ ᠤᠨ ᠴᠢᠳᠡᠪᠦᠷᠢᠳᠡᠨ ᠤ ᠦᠷᠬᠦᠯᠵᠢᠯᠡᠭᠰᠡᠨ ᠰᠣᠷᠭᠠᠨ ᠬᠦᠮᠦᠵᠢᠯ ᠤᠨ ᠰᠠᠭᠤᠷᠢᠨ ᠭᠠᠵᠡᠷ ᠢ ᠡᠬᠦᠳᠣᠨ ᠪᠠᠶᠢᠭᠤᠯᠬᠤ ᠶᠢ ᠵᠣᠷᠢᠠᠠᠵᠢᠭᠤᠯᠥᠨ᠂ ᠴᠢᠳᠡᠪᠦᠷᠢᠳᠡᠨ ᠤ ᠦᠷᠬᠦᠯᠵᠢᠯᠡᠭᠰᠡᠨ ᠰᠣᠷᠭᠠᠨ ᠬᠦᠮᠦᠵᠢᠯ ᠢ ᠴᠢᠩᠭᠠᠳᠬᠠᠵᠦ᠂ ᠰᠦᠯᠵᠢᠶᠡᠨ ᠳᠡᠭᠡᠷ᠎ᠠ ᠪᠠ ᠰᠦᠯᠵᠢᠶᠡᠨ ᠠᠴᠠ ᠭᠠᠳᠠᠨ᠎ᠠ ᠬᠠᠷᠢᠯᠴᠠᠨ ᠬᠦᠳᠡᠯᠥᠯᠴᠡᠵᠦ ᠪᠤᠳᠡᠳᠡᠢ ᠠᠵᠢᠯᠯᠠᠬᠤ ᠴᠢᠳᠡᠪᠦᠷᠢ ᠶᠢ ᠳᠡᠭᠡᠭᠰᠢᠯᠡᠬᠦᠯᠥᠨ᠂ ᠬᠦᠢᠯᠭᠡᠭᠡᠨ ᠢ ᠮᠡᠳᠡᠬᠦ ᠮᠦᠷᠳᠡᠭᠡᠨ ᠪᠠᠰᠨ ᠪᠦᠳᠦᠭᠡᠯᠴᠢ ᠪᠠᠷ ᠳᠥᠰᠥᠪᠯᠡᠨ ᠰᠢᠨ᠎ᠡ ᠶᠢ ᠡᠬᠦᠳᠬᠦ ᠪᠠ ᠲᠣᠣᠷ ᠰᠦᠯᠵᠢᠶ᠎ᠠ ᠶᠢᠨ ᠵᠦᠭᠡᠭᠡᠪᠦᠷᠢᠯᠡᠨ ᠡᠵᠡᠩᠨᠡᠬᠦ ᠶᠢ ᠮᠡᠳᠡᠬᠦ ᠬᠠᠮ ᠴᠢᠳᠡᠪᠦᠷᠢᠳᠡᠨ ᠢ ᠬᠦᠮᠦᠵᠢᠬᠦᠯᠥᠨ᠎ᠠ᠃ ︵ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠰᠣᠷᠭᠠᠨ ᠬᠦᠮᠦᠵᠢᠯ ᠤᠨ ᠳᠢᠩᠬᠢᠮ᠂ ᠬᠦᠮᠦᠨ ᠤ ᠬᠦᠴᠣᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠳᠢᠩᠬᠢᠮ︶        ︵ᠳᠥᠷᠪᠡ︶ ᠬᠦᠢᠯᠭᠡᠭᠡᠨ ᠤ ᠳᠥᠷᠢᠮ ᠪᠤᠯᠤᠨ ᠪᠡᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠥᠨ ᠪᠦᠷᠢᠨᠰᠢᠬᠦᠯᠥᠨ᠎ᠠ᠃ ᠣᠯᠥᠰ ᠤᠨ ᠬᠤᠯᠪᠤᠠᠠᠳᠡᠯ ᠪᠦᠬᠦᠢ ᠬᠦᠢᠯᠭᠡᠭᠡᠨ ᠤ ᠪᠡᠯᠡᠳᠭᠡᠮᠵᠢ ᠶᠢᠨ ᠪᠦᠳᠦᠭᠡᠨ ᠪᠠᠶᠢᠭᠤᠯᠥᠯᠳᠡ ᠂ ᠳᠡᠸᠡᠷ ᠤᠨ ᠬᠦᠢᠯᠭᠡᠭᠡᠨ ᠤ ᠪᠠᠳᠣᠯᠠᠭ᠎ᠠ᠂ ᠬᠦᠢᠯᠭᠡᠭᠡᠨ ᠤ ᠡᠮᠬᠢ ᠳᠢᠭᠯᠢᠮ ᠢ ᠬᠠᠮᠠᠭᠠᠯᠠᠬᠤ᠂ ᠬᠦᠢᠯᠭᠡᠭᠡᠨ ᠤ ᠠᠵᠢᠯ ᠳᠥᠷᠦᠯ ᠤᠨ ᠬᠦᠭᠵᠢᠯᠳᠡ ᠵᠢᠴᠢ ᠬᠢᠨᠡᠯᠳᠡ ᠬᠠᠮᠢᠶᠡᠷᠦᠯᠳᠡ ᠵᠡᠷᠭᠡ ᠦᠨᠳᠣᠰᠣᠨ ᠳᠥᠷᠢᠮ ᠢ ᠲᠣᠣᠱᠯᠠᠭᠤᠯᠥᠨ ᠨᠡᠶᠢᠳᠡᠪᠦᠷᠢᠵᠢᠭᠤᠯᠵᠦ᠂ ᠲᠣᠰ ᠭᠠᠵᠡᠷ ᠣᠷᠣᠨ ᠤ ᠬᠦᠢᠯᠭᠡᠭᠡᠨ ᠤ ᠦᠢᠯᠡᠰ ᠤᠨ ᠬᠦᠭᠵᠢᠯᠳᠡ ᠳᠤ ᠲᠤᠬᠢᠷᠠᠬᠤ ᠳᠥᠷᠢᠮ ᠲᠤᠠᠠᠳᠠᠭᠠᠯ ᠢ ᠰᠣᠳᠣᠯᠥᠨ ᠲᠤᠠᠠᠳᠠᠭᠠᠵᠦ᠂ ᠬᠦᠢᠯᠭᠡᠭᠡᠨ ᠤ ᠠᠵᠦ ᠦᠢᠯᠡᠰ ᠤᠨ ᠬᠦᠭᠵᠢᠯᠳᠡ ᠳᠤ ᠳᠥᠷᠢᠮ ᠤᠨ ᠪᠠᠳᠣᠯᠠᠭ᠎ᠠ ᠬᠠᠩᠭᠠᠨ᠎ᠠ᠃ ᠣᠳᠣ ᠶᠢᠨ ᠭᠡᠷᠡᠭᠵᠢᠬᠦᠯᠵᠦ ᠪᠠᠶᠢᠭ᠎ᠠ ᠣᠷᠣᠨ ᠨᠣᠳᠤᠭ ᠤᠨ ᠴᠢᠨᠡᠷᠳᠡᠢ ᠳᠥᠷᠢᠮ ᠲᠤᠠᠠᠳᠠᠭᠠᠯ ᠪᠤᠯᠥᠨ ᠵᠢᠷᠦᠮᠵᠢᠯ ᠤᠨ ᠴᠢᠨᠡᠷᠳᠡᠢ ᠪᠢᠴᠢᠭ ᠮᠠᠲ᠋ᠧᠷᠢᠶᠠᠯ ᠳᠠᠬᠢ ᠢᠨᠲ᠋ᠧᠷ ᠰᠦᠯᠵᠢᠶ᠎ᠠ ᠶᠢᠨ ᠬᠦᠢᠯᠭᠡᠭᠡᠨ ᠤ ᠬᠦᠷᠢᠶ᠎ᠠ ᠴᠡᠷᠠᠭ᠎ᠠ ᠶᠢᠨ ᠰᠢᠨ᠎ᠡ ᠶᠢ ᠡᠬᠦᠳᠣᠨ ᠭᠡᠷᠡᠭᠯᠡᠬᠦ ᠪᠠ ᠬᠠᠮᠢᠶᠡᠷᠦᠯᠳᠡ ᠯᠤᠭ᠎ᠠ ᠬᠠᠷᠢᠯᠴᠠᠨ ᠦᠯᠥ ᠨᠡᠶᠢᠴᠡᠬᠦ ᠠᠭᠤᠯᠭ᠎ᠠ ᠶᠢ ᠡᠮᠬᠢᠯᠡᠵᠦ᠂ ᠵᠠᠰᠠᠪᠦᠷᠢ ᠣᠷᠣᠭᠤᠯᠥᠨ ᠳᠡᠬᠦᠯᠳᠡᠷᠵᠢᠬᠦᠯᠬᠦ ᠶᠢ ᠳᠥᠷᠭᠡᠳᠭᠡᠵᠦ᠂ ᠰᠦᠯᠵᠢᠶᠡᠨ ᠳᠡᠭᠡᠷ᠎ᠠ ᠪᠠ ᠰᠦᠯᠵᠢᠶᠡᠨ ᠠᠴᠠ ᠭᠠᠳᠠᠨᠠᠬᠢ ᠳᠥᠷᠢᠮ ᠢᠶᠠᠨ ᠨᠢᠭᠡᠳᠭᠡᠬᠦ ᠶᠢ ᠠᠬᠢᠭᠤᠯᠥᠨ᠎ᠠ᠃ ︵ᠬᠤᠯᠪᠤᠠᠠᠳᠡᠯ ᠪᠦᠬᠦᠢ ᠰᠠᠯᠠᠭ᠎ᠠ ᠮᠦᠴᠢᠷ ᠤᠳ ᠡᠬᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠡᠷᠢᠯᠡᠯ ᠶᠣᠰᠣᠭᠠᠷ ᠲᠣᠰ ᠲᠣᠰ ᠬᠠᠷᠢᠭᠤᠴᠠᠨ᠎ᠠ︶ ᠬᠦᠢᠯᠭᠡᠭᠡᠨ ᠤ ᠪᠡᠷᠢᠮᠵᠢᠶ᠎ᠠ ᠶᠢᠨ ᠬᠠᠮᠢᠶᠡᠷᠦᠯᠳᠡ ᠶᠢᠨ ᠰᠢᠰᠲ᠋ᠧᠮᠵᠢ ᠶᠢ ᠳᠡᠬᠦᠯᠳᠡᠷᠵᠢᠬᠦᠯᠵᠦ᠂ ᠪᠠᠷᠡᠭᠠᠨ ᠤ ᠬᠦᠢᠯᠭᠡᠭᠡᠨ᠂ ᠡᠯᠧᠺᠲᠷᠤᠨ ᠬᠤᠳᠠᠯᠳᠣᠭᠠᠨ ᠤ ᠶᠠᠪᠤᠳᠡᠯ᠂ ᠰᠠᠭᠤᠭᠠᠯᠢ ᠠᠷᠡᠳ ᠲᠤ ᠦᠢᠯᠡᠴᠢᠯᠡᠬᠦ ᠵᠡᠷᠭᠡ ᠭᠤᠤᠯᠳᠡᠯᠭ᠎ᠠ ᠲᠠᠢ ᠬᠦᠷᠢᠶ᠎ᠠ ᠴᠡᠷᠠᠭ᠎ᠠ ᠶᠢᠨ ᠣᠷᠣᠨ ᠨᠣᠳᠤᠭ ᠤᠨ ᠪᠡᠷᠢᠮᠵᠢᠶ᠎ᠠ ᠶᠢ ᠲᠤᠠᠠᠳᠠᠭᠠᠬᠤ ᠶᠢ ᠴᠢᠩᠭᠠᠳᠬᠠᠵᠦ᠂ ᠬᠦᠢᠯᠭᠡᠭᠡᠨ ᠤ ᠪᠡᠷᠢᠮᠵᠢᠶ᠎ᠠ ᠶᠢᠨ ᠭᠡᠷᠡᠭᠵᠢᠬᠦᠯᠵᠦ ᠭᠡᠷᠡᠭᠯᠡᠬᠦ ᠶᠢ ᠴᠢᠩᠭᠠᠷᠡᠭᠤᠯᠥᠨ᠂ ᠵᠠᠰᠠᠭ ᠤᠨ ᠣᠷᠳᠣᠨ ᠬᠦᠳᠦᠯᠥᠨ ᠵᠢᠯᠥᠭᠤᠳᠬᠤ᠂ ᠵᠠᠭᠤᠴᠢ ᠵᠤᠬᠢᠶᠡᠨ ᠪᠠᠶᠢᠭᠤᠯᠥᠯᠳᠡ ᠠᠬᠢᠭᠤᠯᠬᠤ᠂ ᠨᠢᠷᠦᠭᠤᠪᠴᠢ ᠠᠵᠦ ᠠᠬᠤᠶᠢᠯᠠᠯ ᠵᠢᠱᠢᠶ᠎ᠠ ᠦᠵᠡᠬᠦᠯᠥᠨ ᠭᠡᠷᠡᠭᠯᠡᠭᠰᠡᠨ ᠬᠦᠢᠯᠭᠡᠭᠡᠨ ᠤ ᠪᠠᠷᠢᠮᠵᠢᠶ᠎ᠠ ᠶᠢ ᠭᠡᠷᠡᠭᠵᠢᠬᠦᠯᠬᠦ ᠪᠠ ᠭᠡᠷᠡᠭᠯᠡᠬᠦ ᠲᠤᠠᠠᠳᠡᠴᠠ ᠶᠢ ᠪᠠᠶᠢᠭᠤᠯᠥᠨ᠂ ᠬᠦᠢᠯᠭᠡᠭᠡᠨ ᠤ ᠠᠵᠦ ᠠᠬᠤᠶᠢᠯᠠᠯ ᠤᠨ ᠪᠡᠷᠢᠮᠵᠢᠶ᠎ᠠ ᠶᠢ ᠭᠡᠷᠡᠭᠯᠡᠨ ᠵᠢᠷᠦᠮᠵᠢᠭᠤᠨ ᠠᠷᠡᠯᠵᠢᠶᠡᠯᠠᠬᠤ᠂ ᠦᠢᠯᠡᠴᠢᠯᠡᠬᠦ ᠪᠠ ᠬᠠᠮᠢᠶᠡᠷᠬᠤ ᠠᠵᠢᠯᠯᠠᠭ᠎ᠠ ᠶᠢ ᠠᠬᠢᠭᠤᠯᠥᠨ᠎ᠠ᠃ ︵ᠬᠤᠯᠪᠤᠠᠠᠳᠡᠯ ᠪᠦᠬᠦᠢ ᠰᠠᠯᠠᠭ᠎ᠠ ᠮᠦᠴᠢᠷ ᠤᠳ ᠡᠬᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠡᠷᠢᠯᠡᠯ ᠶᠣᠰᠣᠭᠠᠷ ᠲᠣᠰ ᠲᠣᠰ ᠬᠠᠷᠢᠭᠤᠴᠠᠨ᠎ᠠ︶        ︵ᠲᠠᠪᠤ︶ ᠦᠨᠡᠨᠴᠢ ᠢᠳᠡᠭᠡᠮᠵᠢᠳᠡᠢ ᠡᠵᠡᠩᠨᠡᠵᠦ ᠲᠥᠪ ᠭᠤᠤᠯᠴᠢ ᠪᠠᠷ ᠦᠷᠢᠰᠦᠯᠳᠦᠬᠦ ᠣᠷᠴᠢᠨ ᠲᠤᠭᠤᠷᠢᠨ ᠢ ᠪᠣᠢ ᠪᠤᠯᠭᠠᠨ᠎ᠠ᠃ ᠲᠣᠮᠥ ᠲᠤᠭ᠎ᠠ ᠪᠡᠷᠢᠮᠳᠡ ᠵᠡᠷᠭᠡ ᠮᠡᠳᠡᠭᠡ ᠵᠠᠩᠬᠢ ᠶᠢᠨ ᠮᠡᠷᠭᠡᠵᠢᠯ ᠤᠨ ᠰᠢᠨ᠎ᠡ ᠶᠢ ᠡᠬᠦᠳᠴᠥ ᠬᠢᠨᠡᠨ ᠬᠠᠮᠢᠶᠡᠷᠬᠤ ᠠᠷᠭ᠎ᠠ ᠪᠡᠷᠢᠯ ᠢ ᠭᠡᠷᠡᠭᠯᠡᠨ᠂ ᠠᠵᠢᠯ ᠭᠡᠷᠩ ᠤᠨ ᠲᠤᠮᠳᠡ ᠪᠠ ᠠᠵᠢᠯ ᠭᠡᠷᠩ ᠤᠨ ᠳᠡᠷᠠᠭ᠎ᠠ ᠬᠢᠨᠡᠨ ᠬᠠᠮᠢᠶᠡᠷᠬᠤ ᠶᠢ ᠴᠢᠩᠭᠠᠳᠬᠠᠵᠦ᠂ ︽ᠢᠨᠲ᠋ᠧᠷ ᠰᠦᠯᠵᠢᠶ᠎ᠠ + ᠬᠦᠢᠯᠭᠡᠭᠡᠨ︾ ᠤ ᠬᠦᠷᠢᠶ᠎ᠠ ᠴᠡᠷᠠᠭ᠎ᠠ ᠪᠠᠷ ᠬᠠᠭᠤᠷᠮᠠᠭ ᠮᠠᠭᠤ ᠳᠡᠸᠡᠷ ᠦᠢᠯᠡᠳᠣᠨ ᠪᠤᠷᠣᠯᠠᠭᠤᠯᠬᠤ᠂ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠠᠬᠦ ᠡᠷᠬᠡ ᠳᠤ ᠬᠠᠯᠳᠠᠬᠤ᠂ ᠬᠤᠳᠡᠯ ᠬᠠᠭᠤᠷᠮᠠᠭ ᠢᠶᠠᠷ ᠠᠷᠡᠯᠵᠢᠶᠡᠯᠠᠬᠤ ᠵᠢᠴᠢ ᠳᠡᠪᠴᠠᠩ ᠤᠨ ᠦᠢᠯᠡᠴᠢᠯᠡᠭᠡᠨ ᠤ ᠠᠵᠦ ᠠᠬᠤᠶᠢᠯᠠᠯ ᠤᠨ ᠬᠠᠦᠯᠢ ᠲᠣᠠᠠᠳᠠᠭᠠᠯ ᠠᠴᠠ ᠵᠦᠷᠢᠴᠡᠨ ᠡᠵᠡᠩᠨᠡᠯᠳᠡ ᠬᠢᠬᠦ ᠶᠢ ᠦᠮᠦᠭᠯᠡᠬᠦ᠂ ᠢᠯᠳᠡᠷ ᠬᠠᠶᠠᠬᠤ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠳᠡ ᠦᠭᠴᠥ᠂ ᠰᠠᠨᠠᠭ᠎ᠠ ᠠᠮᠥᠷ ᠬᠤᠳᠠᠯᠳᠤᠨ ᠠᠪᠴᠤ ᠬᠡᠷᠡᠭᠯᠡᠬᠦ᠂ ᠠᠮᠥᠷ ᠳᠥᠪᠰᠢᠨ ᠬᠤᠳᠠᠯᠳᠤᠨ ᠠᠪᠴᠤ ᠬᠡᠷᠡᠭᠯᠡᠬᠦ ᠳᠤ ᠪᠠᠳᠣᠯᠠᠭ᠎ᠠ ᠬᠠᠩᠭᠠᠨ᠎ᠠ᠃ ᠳᠡᠪᠴᠠᠩ ᠤᠨ ᠭᠡᠯᠪᠡᠷᠢ ᠶᠢᠨ ᠦᠢᠯᠡᠴᠢᠯᠡᠭᠡᠨ ᠤ ᠠᠵᠦ ᠠᠬᠤᠶᠢᠯᠠᠯ ᠤᠨ ᠮᠡᠷᠭᠡᠵᠢᠯ ᠤᠨ ᠠᠷᠭ᠎ᠠ ᠪᠠᠷᠢᠯ ᠢ ᠭᠡᠷᠡᠭᠯᠡᠨ ᠬᠠᠦᠯᠢ ᠲᠣᠠᠠᠳᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ ᠬᠢᠨᠡᠨ ᠰᠢᠨᠵᠢᠬᠦ᠂ ᠢᠯᠭᠠᠨ ᠳᠡᠨᠢᠬᠤ ᠪᠠ ᠰᠡᠷᠭᠡᠶᠢᠯᠡᠬᠦ ᠪᠠᠨ ᠴᠢᠩᠭᠠᠳᠬᠠᠬᠤ ᠶᠢ ᠵᠣᠷᠢᠠᠠᠵᠢᠭᠤᠯᠵᠦ᠂ ᠰᠠᠨᠠᠭᠠᠴᠢᠯᠠᠭ᠎ᠠ ᠠᠴᠠ ᠪᠠᠨ ᠬᠠᠦᠯᠢ ᠭᠡᠷᠡᠭᠵᠢᠬᠦᠯᠬᠦ ᠰᠠᠯᠠᠭ᠎ᠠ ᠮᠦᠴᠢᠷ ᠯᠦᠭᠡ ᠬᠤᠯᠪᠤᠭᠠᠯᠠᠨ ᠰᠡᠷᠭᠡᠶᠢᠯᠡᠵᠦ ᠡᠵᠡᠮᠳᠡᠬᠦ ᠲᠤᠠᠠᠳᠡᠴᠠ ᠶᠢ ᠪᠠᠶᠢᠭᠤᠯᠵᠦ᠂ ᠬᠠᠦᠯᠢᠵᠢᠠᠠᠰᠠᠨ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠪᠤᠢ ᠪᠤᠯᠭᠠᠨ᠎ᠠ᠃ ︵ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠠᠵᠦ ᠦᠢᠯᠡᠳᠪᠦᠷᠢ ᠬᠤᠳᠠᠯᠳᠤᠭ᠎ᠠ ᠶᠢᠨ ᠲᠤᠪᠴᠢᠶ᠎ᠠ᠂ ᠶᠠᠰᠣ ᠴᠢᠨᠡᠷ ᠲᠤ ᠮᠡᠷᠭᠡᠵᠢᠯ ᠤᠨ ᠬᠢᠨᠠᠯᠳᠡ ᠳᠡᠯᠪᠢᠬᠤ ᠲᠤᠪᠴᠢᠶ᠎ᠠ᠂ ᠢᠳᠡᠭᠡᠨ ᠪᠠ ᠡᠮ ᠤᠨ ᠵᠦᠢᠯ ᠤᠨ ᠬᠢᠨᠡᠯᠳᠡ ᠬᠠᠮᠢᠶᠡᠷᠦᠯᠳᠡ ᠶᠢᠨ ᠲᠣᠪᠴᠢᠶ᠎ᠠ︶ ᠬᠤᠳᠠᠯᠳᠣᠭᠠᠨ ᠤ ᠶᠠᠪᠣᠳᠡᠯ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠥᠯᠳᠡ ᠶᠢ ᠠᠬᠢᠭᠤᠯᠵᠦ᠂ ︽ᠲᠠᠪᠤᠨ ᠦᠨᠡᠮᠯᠠᠯ ᠢ ᠨᠡᠶᠢᠯᠡᠬᠦᠯᠥᠨ ᠨᠢᠭᠡ ᠪᠤᠯᠭᠠᠬᠤ᠂ ᠨᠢᠭᠡ ᠦᠨᠡᠮᠯᠠᠯ ᠳᠤ ᠨᠢᠭᠡ ᠨᠤᠮᠤᠷ ᠲᠠᠢ ᠪᠠᠶᠢᠯᠭᠠᠬᠤ︾ ᠳᠡᠩᠰᠡᠯᠠᠨ ᠲᠡᠮᠳᠡᠭᠯᠡᠬᠦ ᠳᠥᠷᠢᠮ ᠤᠨ ᠦᠭᠡᠷᠡᠴᠢᠯᠡᠯᠳᠡ ᠲᠠᠢ ᠣᠶᠠᠯᠳᠣᠭᠤᠯᠥᠨ᠂ ᠪᠦᠬᠦ ᠣᠯᠥᠰ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠬᠠᠮᠳᠣᠪᠡᠷ ᠡᠳ᠋ᠯᠡᠬᠦ ᠳᠡᠪᠴᠠᠩ ᠪᠤᠯᠥᠨ ᠠᠵᠦ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠢᠯᠡ ᠨᠡᠶᠢᠳᠡᠯᠡᠬᠦ ᠰᠢᠰᠲ᠋ᠧᠮ ᠢ ᠬᠦᠢᠴᠡᠳ ᠠᠰᠢᠠᠠᠯᠠᠨ᠂ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠬᠠᠮᠳᠣᠪᠡᠷ ᠡᠳ᠋ᠯᠡᠬᠦ ᠲᠤᠠᠠᠳᠡᠴᠠ ᠶᠢ ᠪᠦᠷᠢᠨᠰᠢᠬᠦᠯᠥᠨ᠎ᠠ᠃ ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠬᠦᠷᠢᠶ᠎ᠠ ᠴᠡᠷᠠᠭ᠎ᠠ ᠳᠠᠬᠢ ᠠᠵᠦ ᠠᠬᠤᠶᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠳᠡᠪᠴᠠᠩ ᠢ ᠪᠠᠶᠢᠭᠤᠯᠵᠦ᠂ ᠵᠠᠰᠠᠭ ᠵᠠᠬᠢᠷᠭᠠᠨ ᠤ ᠵᠦᠪᠰᠢᠶᠡᠷᠡᠯ ᠪᠠ ᠵᠠᠰᠠᠭ ᠵᠠᠬᠢᠷᠭᠠᠨ ᠤ ᠰᠢᠳᠭᠡᠯ ᠲᠤᠷᠭᠠᠭᠤᠯᠢ ᠶᠢᠨ ᠵᠦᠢᠯᠡᠰ ᠢ ᠪᠦᠬᠦ ᠳᠡᠯ᠎ᠠ ᠪᠠᠷ ᠡᠮᠬᠢᠯᠡᠵᠦ᠂ ᠵᠠᠰᠠᠭ ᠵᠠᠬᠢᠷᠭᠠᠨ ᠤ ᠵᠦᠪᠰᠢᠶᠡᠷᠡᠯ ᠪᠠ ᠵᠠᠰᠠᠭ ᠵᠠᠬᠢᠷᠭᠠᠨ ᠤ ᠰᠢᠳᠭᠡᠯ ᠲᠤᠷᠭᠠᠭᠤᠯᠢ ᠶᠢᠨ ᠮᠡᠳᠡᠭᠡ ᠵᠡᠩᠬᠢ ᠪᠠᠨ ᠢᠯᠡ ᠨᠡᠶᠢᠳᠡᠯᠡᠬᠦ ᠳᠥᠷᠢᠮ ᠢ ᠨᠡᠶᠢᠳᠡᠪᠦᠷᠢᠵᠢᠭᠤᠯᠥᠨ᠎ᠠ᠃ ᠠᠵᠢᠯ ᠳᠥᠷᠦᠯ ᠤᠨ ᠮᠡᠳᠡᠭᠡ ᠵᠠᠩᠬᠢ ᠶᠢᠨ ᠦᠨᠡᠯᠡᠯᠳᠡ ᠶᠢᠨ ᠪᠡᠷᠢᠮᠵᠢᠶ᠎ᠠ ᠵᠢᠴᠢ ᠵᠢᠷᠦᠮᠵᠢᠯ ᠢ ᠰᠦᠪᠡᠭᠴᠢᠯᠡᠨ ᠪᠠᠶᠢᠭᠤᠯᠵᠦ᠂ ᠬᠤᠳᠠᠯᠳᠣᠭᠠᠨ ᠤ ᠶᠠᠪᠤᠳᠡᠯ ᠤᠨ ᠬᠦᠷᠢᠶ᠎ᠡ ᠴᠡᠷᠠᠭ᠎ᠠ ᠳᠠᠬᠢ ᠠᠵᠦ ᠠᠬᠤᠶᠢᠯᠠᠯ ᠤᠳ ᠤᠨ ᠠᠵᠦ ᠠᠬᠤᠶᠢᠯᠠᠯ ᠤᠨ ᠦᠨᠡᠨᠴᠢ ᠢᠳᠡᠭᠡᠮᠵᠢᠳᠡᠢ ᠬᠠᠮᠢᠶᠡᠷᠦᠯᠳᠡ ᠶᠢᠨ ᠳᠥᠷᠢᠮ ᠢ ᠪᠠᠶᠢᠭᠤᠯᠬᠤ ᠶᠢ ᠠᠬᠢᠭᠤᠯᠥᠨ᠎ᠠ᠃ ︵ᠦᠪᠡᠷᠳᠡᠭᠡᠨ ᠵᠠᠰᠬᠠᠥ ᠣᠷᠣᠨ ᠤ ᠬᠤᠳᠠᠯᠳᠣᠭᠠᠨ ᠤ ᠶᠠᠪᠤᠳᠡᠯ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠠᠵᠦ ᠦᠢᠯᠡᠳᠪᠦᠷᠢ ᠬᠤᠳᠠᠯᠳᠤᠭ᠎ᠠ ᠶᠢᠨ ᠲᠤᠪᠴᠢᠶ᠎ᠠ᠂ ᠶᠠᠰᠣ ᠴᠢᠨᠡᠷ ᠲᠤ ᠮᠡᠷᠭᠡᠵᠢᠯ ᠤᠨ ᠬᠢᠨᠡᠯᠳᠡ ᠳᠡᠯᠪᠢᠬᠤ ᠲᠤᠪᠴᠢᠶ᠎ᠠ᠂ ᠠᠷᠡᠳ ᠤᠨ ᠪᠠᠩᠬᠢ ᠶᠢᠨ ᠬᠦᠭᠡᠬᠤᠳᠡ ᠲᠥᠪ ᠰᠠᠯᠪᠦᠷᠢ ᠪᠠᠩᠬᠢ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号