ᠦᠪᠡᠷᠲᠡᠭᠡᠨ ᠵᠠᠰᠠᠬᠤ ᠣᠷᠣᠨ ᠤ 2016 ᠣᠨ ᠤ ᠵᠠᠰᠠᠭ ᠢ ᠴᠤᠮᠬᠠᠳᠬᠠᠨ ᠡᠷᠬᠡ ᠶᠢ ᠳᠤᠷᠤᠭᠰᠢ ᠪᠠᠭᠤᠯᠭᠠᠵᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠤᠨ ᠦᠢᠯᠡᠴᠢᠯᠡᠭᠡ ᠶᠢ ᠰᠢᠯᠢᠳᠡᠭᠵᠢᠭᠦᠯᠬᠦ ᠦᠭᠡᠷᠡᠴᠢᠯᠡᠯᠲᠡ ᠶᠢᠨ ᠠᠵᠢᠯ ᠢ ᠠᠬᠢᠭᠤᠯᠬᠤ ᠲᠦᠰᠦᠯ ᠢ ᠳᠠᠷᠤᠮᠠᠯᠯᠠᠨ ᠶᠠᠪᠤᠭᠤᠯᠬᠤ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2017-01-06
                 ᠥᠪᠥᠷ ᠵᠠᠰᠠᠭ ᠲᠠᠷᠬᠠᠭᠠᠭᠰᠠᠨ ︹2016︺ 68 ᠳ᠋ᠤᠭᠠᠷ ᠲᠤᠭᠠᠳᠤ                   6 ᠳ᠋ᠤᠭᠠᠷ ᠰᠠᠷ᠎ᠠ ᠶᠢᠨ 9 ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄        2016 ᠣᠨ ᠤ 5 ᠳ᠋ᠤᠭᠠᠷ ᠰᠠᠷ᠎ᠠ ᠶᠢᠨ 9 ᠤ ᠡᠳᠦᠷ ᠤᠨ ᠪᠦᠬᠦ ᠤᠯᠤᠰ ᠤᠨ ᠵᠠᠰᠠᠭ ᠢ ᠴᠤᠮᠬᠠᠳᠬᠠᠨ ᠡᠷᠬᠡ ᠶᠢ ᠳᠤᠷᠤᠭᠰᠢ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠤᠨ ᠦᠢᠯᠡᠴᠢᠯᠡᠭᠡ ᠶᠢ ᠰᠢᠯᠢᠳᠡᠭᠵᠢᠭᠦᠯᠬᠦ ᠦᠭᠡᠷᠡᠴᠢᠯᠡᠯᠲᠡ ᠶᠢ ᠠᠬᠢᠭᠤᠯᠬᠤ ᠲᠧᠯᠸᠢᠰ ᠳ᠋ᠢᠶᠠᠩᠬᠤᠸᠠ ᠶᠢᠨ ᠬᠤᠷᠠᠯ ᠪᠣᠯᠣᠨ ︽2016 ᠣᠨ ᠤ ᠵᠠᠰᠠᠭ ᠢ ᠴᠤᠮᠬᠠᠳᠬᠠᠨ ᠡᠷᠬᠡ ᠶᠢ ᠳᠤᠷᠤᠭᠰᠢ ᠪᠠᠭᠤᠯᠭᠠᠵᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠤᠨ ᠦᠢᠯᠡᠴᠢᠯᠡᠭᠡ ᠶᠢ ᠰᠢᠯᠢᠳᠡᠭᠵᠢᠭᠦᠯᠬᠦ ᠦᠭᠡᠷᠡᠴᠢᠯᠡᠯᠲᠡ ᠶᠢ ᠠᠬᠢᠭᠤᠯᠬᠤ ᠠᠵᠢᠯ ᠤᠨ ᠭᠤᠣᠯᠳᠠᠯᠭ᠎ᠠ ᠶᠢ ᠳᠠᠷᠤᠮᠠᠯᠯᠠᠨ ᠶᠠᠪᠤᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ︹2016︺ 30 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠵᠠᠰᠠᠭ ᠢ ᠴᠤᠮᠬᠠᠳᠬᠠᠨ ᠡᠷᠬᠡ ᠶᠢ ᠳᠤᠷᠤᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠦᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠤᠨ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠲᠦᠷᠭᠡᠳᠭᠡᠨ ᠠᠬᠢᠭᠤᠯᠬᠤ ᠶᠢᠨ ᠲᠤᠰᠠᠳᠠ᠂ ᠡᠳᠦᠭᠡ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ 2016 ᠣᠨ ᠤ ᠵᠠᠰᠠᠭ ᠢ ᠴᠤᠮᠬᠠᠳᠬᠠᠨ ᠡᠷᠬᠡ ᠶᠢ ᠳᠤᠷᠤᠭᠰᠢ ᠪᠠᠭᠤᠯᠭᠠᠵᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠤᠨ ᠦᠢᠯᠡᠴᠢᠯᠡᠭᠡ ᠶᠢ ᠰᠢᠯᠢᠳᠡᠭᠵᠢᠭᠦᠯᠬᠦ ᠦᠭᠡᠷᠡᠴᠢᠯᠡᠯᠲᠡ ᠶᠢᠨ ᠠᠵᠢᠯ ᠢ ᠠᠬᠢᠭᠤᠯᠬᠤ ᠲᠦᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠬᠤ ᠶᠢᠨ ᠬᠠᠮᠲᠤ᠂ ᠳᠣᠣᠷᠠᠬᠢ ᠮᠡᠲᠦ ᠱᠠᠭᠠᠷᠳᠠᠯᠭ᠎ᠠ ᠳᠤᠷᠠᠳᠪᠠ᠂ ᠪᠤᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃        ᠨᠢᠭᠡ᠂ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ        ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢᠨ ᠦᠭᠡᠷᠡᠴᠢᠯᠡᠯᠲᠡ ᠶᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠤᠳᠤᠷᠢᠳᠤᠯᠭ᠎ᠠ ᠪᠠᠨ ᠴᠢᠩᠭᠠᠳᠬᠠᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠬᠠᠮᠢᠶ᠎ᠠ ᠪᠦᠬᠦᠢ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠠᠬᠢᠭᠤᠯᠬᠤ ᠶᠢᠨ ᠵᠣᠬᠢᠴᠠᠭᠤᠯᠬᠤ ᠳᠤᠭᠤᠶᠢᠯᠠᠩ ᠨᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢᠨ ᠦᠭᠡᠷᠡᠴᠢᠯᠡᠯᠲᠡ ᠶᠢᠨ ᠵᠣᠬᠢᠶᠠᠨ ᠪᠠᠶᠢᠭᠤᠯᠤᠨ ᠵᠣᠬᠢᠴᠠᠭᠤᠯᠬᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠭᠤᠣᠯᠳᠠᠯᠭ᠎ᠠ ᠲᠠᠢ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠪᠠᠶᠢᠷᠢᠯᠠᠭᠤᠯᠵᠤ᠂ ᠠᠵᠢᠯ ᠤᠨ ᠳᠤᠮᠳᠠ ᠣᠷᠤᠰᠢᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠳᠡᠭᠡᠳᠦ ᠳᠤᠤᠷᠡᠳᠦ ᠱᠠᠲᠦ ᠬᠠᠮᠲᠤᠷᠠᠨ ᠬᠦᠳᠡᠯᠦᠯᠴᠡᠵᠦ᠂ ᠬᠦᠨᠳᠡᠯᠡᠨ ᠢᠶᠠᠷ ᠵᠣᠬᠢᠴᠠᠭᠤᠯᠤᠨ᠂ ᠬᠠᠮᠲᠤᠪᠠᠷ ᠠᠬᠢᠭᠤᠯᠤᠭᠰᠠᠨ ᠠᠵᠢᠯ ᠤᠨ ᠪᠠᠶᠢᠷᠢᠰᠢᠯ ᠢ ᠪᠣᠢ ᠪᠣᠯᠭᠠᠬᠤ ᠬᠡᠷᠡᠭᠲᠡᠢ᠃        ᠬᠤᠶᠠᠷ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠤᠨ᠎ᠠ        ᠤᠯᠤᠰ ᠪᠠ ᠦᠪᠡᠷᠲᠡᠭᠡᠨ ᠵᠠᠰᠠᠬᠤ ᠣᠷᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢᠨ ᠦᠭᠡᠷᠡᠴᠢᠯᠡᠯᠲᠡ ᠶᠢ ᠠᠬᠢᠭᠤᠯᠬᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ᠲᠤᠰ ᠪᠡᠶ᠎ᠡ ᠶᠢᠨ ᠪᠣᠲᠠᠲᠠᠢ ᠲᠠᠢ ᠪᠠᠨ ᠤᠶᠠᠯᠳᠤᠭᠤᠯᠤᠨ᠂ ᠬᠠᠷᠠᠯᠲᠠ ᠶᠢᠨ ᠡᠭᠦᠷᠭᠡ ᠪᠠᠨ ᠳᠤᠲᠤᠷᠬᠠᠶᠢᠯᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢᠨ ᠦᠭᠡᠷᠡᠴᠢᠯᠡᠯᠲᠡ ᠶᠢᠨ ᠡᠬᠡ ᠳᠠᠩᠰᠠ ᠶᠢ ᠪᠠᠶᠢᠭᠤᠯᠤᠨ᠂ ᠦᠭᠡᠷᠡᠴᠢᠯᠡᠯᠲᠡ ᠨᠢᠭᠡᠪᠦᠷᠢ ᠶᠢᠨ ᠴᠠᠭ ᠬᠤᠭᠤᠴᠠᠭ᠎ᠠ᠂ ᠶᠠᠪᠤᠴᠠ ᠶᠢᠨ ᠵᠢᠷᠤᠭ ᠢ ᠲᠤᠳᠤᠷᠬᠠᠶᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠭᠡᠨ᠂ ᠬᠦᠳᠡᠯᠦᠩᠭᠦᠢ ᠪᠠᠷ ᠲᠣᠬᠢᠷᠠᠭᠤᠯᠵᠤ᠂ ᠬᠠᠰᠤᠵᠦ ᠬᠦᠴᠦᠨ ᠦᠭᠡᠢ ᠪᠤᠯᠭᠠᠬᠤ ᠶᠢ ᠪᠡᠶᠡᠯᠡᠭᠦᠯᠬᠦ ᠶᠢᠨ ᠬᠠᠮᠲᠤ᠂ ᠡᠭᠦᠷᠭᠡ ᠶᠢ ᠨᠢᠭᠡᠳ ᠨᠢᠭᠡ ᠪᠠᠷ ᠪᠣᠲᠠᠲᠠᠢ ᠬᠤᠪᠢᠶᠠᠷᠢᠯᠠᠵᠦ᠂ ᠬᠦᠮᠦᠨ ᠨᠢᠭᠡᠪᠦᠷᠢ ᠳᠤ ᠬᠦᠷᠲᠡᠯ᠎ᠡ ᠪᠣᠲᠠᠲᠠᠶᠢᠵᠢᠭᠤᠯᠤᠨ᠂ ᠡᠯ᠎ᠡ ᠵᠦᠢᠯ ᠤᠨ ᠡᠭᠦᠷᠭᠡ ᠶᠢ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃        ᠭᠤᠷᠪᠠ᠂ ᠲᠥᠷᠥ ᠶᠢᠨ ᠪᠣᠳᠣᠯᠭ᠎ᠠ ᠶᠢ ᠲᠦᠷᠦᠯ ᠬᠤᠪᠢᠶᠠᠨ ᠬᠡᠷᠡᠭᠵᠢᠭᠦᠯᠬᠦ ᠶᠢ ᠴᠢᠬᠤᠯᠠᠴᠢᠯᠠᠨ᠎ᠠ        ᠨᠢᠭᠡᠲᠦᠯᠲᠡᠢ ᠲᠦᠯᠦᠪᠯᠡᠨ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠡᠵᠡᠮᠳᠡᠨ᠂ ᠲᠦᠢᠯ ᠤᠨ ᠣᠨᠣᠪᠴᠢᠲᠠᠢ ᠪᠠᠷ ᠠᠬᠢᠭᠤᠯᠵᠤ᠂ ᠴᠢᠭᠯᠡᠯ ᠨᠢ ᠲᠤᠳᠤᠷᠬᠠᠢ᠂ ᠵᠠᠮ ᠮᠥᠷ ᠨᠢ ᠲᠤᠳᠤ ᠦᠭᠡᠷᠡᠴᠢᠯᠡᠯᠲᠡ ᠶᠢᠨ ᠵᠦᠢᠯᠡᠰ ᠢ ᠬᠡᠷᠡᠭᠵᠢᠭᠦᠯᠬᠦ ᠪᠠᠨ ᠲᠦᠷᠭᠡᠳᠭᠡᠨ ᠠᠬᠢᠭᠤᠯᠬᠤ ᠬᠡᠷᠡᠭᠲᠡᠢ︔ ᠤᠷᠢᠳᠠᠪᠠᠷ ᠲᠣᠷᠰᠢᠯᠲᠠ ᠶᠢᠨ ᠴᠡᠭ ᠦᠷᠨᠢᠭᠦᠯᠬᠦ ᠴᠢᠬᠤᠯᠠᠲᠠᠢ ᠦᠭᠡᠷᠡᠴᠢᠯᠡᠯᠲᠡ ᠶᠢᠨ ᠡᠭᠦᠷᠭᠡ ᠳᠤ ᠲᠣᠷᠰᠢᠯᠲᠠ ᠶᠢᠨ ᠴᠡᠭ ᠤᠨ ᠠᠵᠢᠯ ᠢ ᠱᠠᠯᠠᠪᠳᠠᠨ ᠡᠬᠢᠯᠡᠭᠦᠯᠬᠦ ᠬᠡᠷᠡᠭᠲᠡᠢ︔ ᠤᠯᠤᠰ ᠤᠨ ᠳᠡᠭᠡᠳᠦ ᠳᠡᠰ ᠤᠨ ᠵᠢᠷᠤᠭ ᠲᠦᠯᠦᠪᠯᠡᠭᠡ ᠬᠢᠬᠦ ᠴᠢᠬᠤᠯᠠᠲᠠᠢ ᠦᠭᠡᠷᠡᠴᠢᠯᠡᠯᠲᠡ ᠶᠢᠨ ᠵᠦᠢᠯᠡᠰ ᠢ ᠤᠯᠤᠰ ᠪᠠ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠣᠶᠢᠯᠠᠭᠠᠯᠴᠠᠨ ᠵᠠᠯᠭᠠᠯᠳᠤᠭᠤᠯᠬᠤ ᠪᠠᠨ ᠴᠢᠩᠭᠠᠳᠬᠠᠵᠤ᠂ ᠪᠠᠶᠢᠴᠠᠭᠠᠨ ᠰᠤᠳᠤᠯᠬᠤ ᠵᠡᠷᠭᠡ ᠰᠠᠭᠤᠷᠢ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃          ᠳᠥᠷᠪᠡ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ        ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢᠨ ᠦᠭᠡᠷᠡᠴᠢᠯᠡᠯᠲᠡ ᠶᠢᠨ ᠳᠤᠮᠳᠠ ᠤᠷᠤᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠬᠢᠨᠠᠮᠠᠭᠠᠢ ᠡᠮᠬᠢᠯᠡᠵᠦ᠂ ᠪᠠᠶᠢᠴᠠᠭᠠᠨ ᠰᠤᠳᠤᠯᠬᠤ ᠪᠠᠨ ᠴᠢᠩᠭᠠᠳᠬᠠᠨ᠂ ᠠᠰᠠᠭᠤᠳᠠᠯ ᠤᠨ ᠵᠠᠩᠬᠢᠯᠠᠭ᠎ᠠ ᠶᠢ ᠣᠨᠣᠪᠴᠢᠲᠠᠢ ᠡᠷᠢᠵᠦ᠂ ᠴᠢᠭᠯᠡᠭᠦᠯᠬᠦ ᠴᠢᠨᠠᠷᠲᠠᠢ ᠰᠢᠢᠳᠪᠦᠷᠢᠯᠡᠬᠦ ᠠᠷᠭ᠎ᠠ ᠶᠢ ᠳᠤᠷᠠᠳᠤᠨ᠂ ︽ᠪᠠᠭᠤᠯᠭᠠᠬᠤ︾ ᠶᠢᠨ ᠵᠣᠬᠢᠴᠠᠭᠤᠯᠬᠤ ᠴᠢᠨᠠᠷ ᠢ ᠴᠢᠩᠭᠠᠳᠬᠠᠵᠤ᠂ ︽ᠬᠠᠮᠢᠶᠠᠷᠬᠤ︾ ᠶᠢᠨ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠂ ︽ᠦᠢᠯᠡᠴᠢᠯᠡᠬᠦ︾ ᠶᠢᠨ ᠰᠠᠨᠠᠭᠠᠴᠢᠯᠠᠭᠠᠲᠤ ᠴᠢᠨᠠᠷ ᠢ ᠨᠡᠮᠡᠭᠳᠡᠭᠦᠯᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠠᠶᠢᠮᠠᠭ ᠬᠤᠲᠠ ᠶᠢᠨ ᠲᠣᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠣᠯᠣᠨ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠲᠣᠨᠤᠭ ᠲᠥᠭᠦᠭᠡᠷᠦᠮᠵᠢ᠂ ᠵᠠᠷᠤᠳᠠᠯ ᠵᠡᠷᠭᠡ ᠲᠠᠯ᠎ᠠ ᠪᠠᠷ ᠬᠢ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠳᠤ ᠣᠷᠤᠰᠢᠵᠤ ᠪᠠᠶᠢᠭ᠎ᠠ ᠪᠤᠳᠠᠳᠤ ᠠᠰᠠᠭᠤᠳᠠᠯ ᠢ ᠨᠢᠭᠡᠳ ᠨᠢᠭᠡ ᠪᠠᠷ ᠰᠤᠳᠤᠯᠤᠨ ᠰᠢᠢᠳᠪᠦᠷᠢᠯᠡᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠠᠵᠢᠯ ᠳᠤ ᠬᠦᠴᠦᠲᠡᠢ ᠪᠠᠲᠤᠯᠠᠭ᠎ᠠ ᠶᠢ ᠬᠠᠩᠭᠠᠬᠤ ᠬᠡᠷᠡᠭᠲᠡᠢ᠃        ᠲᠠᠪᠤ᠂ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠨ᠎ᠠ        ᠦᠪᠡᠷᠲᠡᠭᠡᠨ ᠵᠠᠰᠠᠬᠤ ᠣᠷᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠶᠢ ᠠᠬᠢᠭᠤᠯᠬᠤ ᠶᠢᠨ ᠵᠣᠬᠢᠴᠠᠭᠤᠯᠬᠤ ᠳᠤᠭᠤᠶᠢᠯᠠᠩ ᠨᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠶᠢᠨ ᠦᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠰᠢᠮᠳᠠᠭᠤᠯᠤᠨ ᠪᠠᠶᠢᠴᠠᠭᠠᠬᠤ ᠶᠢ ᠴᠠᠭ ᠲᠤᠨᠢ ᠲᠣᠬᠢᠷᠠᠭᠤᠯᠤᠨ ᠦᠷᠨᠢᠭᠦᠯᠵᠦ᠂ ᠠᠵᠢᠯ ᠳᠠᠭᠠᠨ ᠢᠳᠡᠪᠬᠢᠲᠠᠢ ᠪᠦᠭᠡᠳ ᠰᠠᠨᠠᠭᠠᠴᠢᠯᠠᠭ᠎ᠠ ᠲᠠᠢ᠂ ᠠᠵᠢᠯ ᠤᠨ ᠦᠷ᠎ᠡ ᠪᠦᠲᠦᠮᠵᠢ ᠪᠠᠷ ᠢᠯᠡᠷᠬᠡᠢ ᠭᠠᠵᠠᠷ ᠣᠷᠣᠨ ᠪᠠ ᠰᠠᠯᠠᠭ᠎ᠠ ᠮᠦᠴᠢᠷ ᠢ ᠮᠡᠳᠡᠭᠡᠯᠡᠨ ᠰᠠᠶᠢᠰᠢᠶᠠᠵᠤ᠂ ᠠᠵᠢᠯ ᠢ ᠨᠠᠶᠢᠳᠠᠪᠤᠷᠢᠵᠢᠭᠤᠯᠤᠭᠰᠠᠨ ᠨᠢ ᠬᠦᠴᠦᠨ ᠦᠭᠡᠢ ᠪᠠᠶᠢᠪᠠᠯ ᠬᠠᠤᠯᠢ ᠲᠣᠭᠲᠠᠭᠠᠯ ᠶᠤᠰᠤᠭᠠᠷ ᠴᠢᠩᠭ᠎ᠠ ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃        ᠳᠠᠭᠠᠯᠳᠤᠭᠤᠯᠤᠯ        ᠬᠦᠰᠦᠨᠦᠭᠲᠦ 1 http://mgl.nmg.gov.cn/Themes/MenkCms_Home/img/BigPC/nzf20166801.jpg        ᠬᠦᠰᠦᠨᠦᠭᠲᠦ 2 http://mgl.nmg.gov.cn/Themes/MenkCms_Home/img/BigPC/nzf20166802.jpg        ᠬᠦᠰᠦᠨᠦᠭᠲᠦ 3http://mgl.nmg.gov.cn/Themes/MenkCms_Home/img/BigPC/nzf20166803.jpg        ᠬᠦᠰᠦᠨᠦᠭᠲᠦ 4 http://mgl.nmg.gov.cn/Themes/MenkCms_Home/img/BigPC/nzf20166804.jpg        ᠬᠦᠰᠦᠨᠦᠭᠲᠦ 5 http://mgl.nmg.gov.cn/Themes/MenkCms_Home/img/BigPC/nzf20166805.jpg        ᠬᠦᠰᠦᠨᠦᠭᠲᠦ 6 http://mgl.nmg.gov.cn/Themes/MenkCms_Home/img/BigPC/nzf20166806.jpg        ᠬᠦᠰᠦᠨᠦᠭᠲᠦ 7 http://mgl.nmg.gov.cn/Themes/MenkCms_Home/img/BigPC/nzf20166807.jpg        ᠬᠦᠰᠦᠨᠦᠭᠲᠦ 8 http://mgl.nmg.gov.cn/Themes/MenkCms_Home/img/BigPC/nzf20166808.jpg  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号