ᠰᠠᠭᠤᠷᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ ᠰᠤᠷᠭᠠᠨ ᠬᠥᠮᠥᠵᠢᠯ ᠢ ᠴᠢᠨᠠᠷᠯᠢᠭ ᠲᠡᠩᠴᠡᠭᠦᠷᠢᠲᠡᠢ ᠬᠦᠭᠵᠢᠭᠦᠯᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2017-01-09
ᠰᠤᠷᠪᠤᠯᠵᠢᠯᠠᠭᠰᠠᠨ ᠴᠠᠭ᠄        2016 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨᠡᠬᠢ 10 ᠴᠠᠭ ᠰᠤᠷᠪᠤᠯᠵᠢᠯᠠᠭᠰᠠᠨ ᠵᠣᠴᠢᠨ᠄        ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠯᠢ ᠶᠦᠨ ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄        ᠳ᠋ᠦᠩᠱᠧᠩ ᠲᠣᠭᠤᠷᠢᠭ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠢᠮᠠᠭᠲᠠ ᠪᠠᠷᠢᠮᠲᠠᠯᠠᠨ ᠂ ︽12 · 5︾ ᠶᠢᠨ ᠬᠤᠭᠤᠴᠠᠭᠠᠨ ᠳᠤ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ ᠵᠠᠷᠤᠳᠠᠯ ᠤᠨ ᠵᠠᠷᠤᠯᠭ᠎ᠠ ᠶᠢᠨ ᠪᠦᠬᠦ ᠲᠤᠭ᠎ᠠ ᠨᠢ 46.78 ᠳ᠋ᠦᠩᠰᠢᠭᠤᠷ ᠲᠥᠭᠦᠷᠢᠭ ᠲᠤ ᠬᠦᠷᠴᠦ᠂ ᠰᠤᠷᠭᠠᠨ ᠬᠥᠮᠦᠵᠢᠯ ᠤᠨ ᠰᠠᠭᠤᠷᠢ ᠲᠠᠰᠤᠷᠠᠯᠲᠠ ᠦᠭᠡᠢ ᠪᠦᠷᠢᠨᠰᠢᠵᠦ᠂ ᠪᠠᠭᠰᠢ ᠶᠢᠨ ᠡᠩᠨᠡᠭᠡᠨ ᠤ ᠬᠦᠴᠦᠨ ᠤᠯᠠᠮ ᠢᠶᠠᠷ ᠴᠢᠩᠭᠠᠷᠠᠵᠤ᠂ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠮᠠᠰᠢ ᠶᠡᠬᠡᠪᠡᠷ ᠳᠡᠭᠡᠭᠰᠢᠯᠡᠪᠡ᠃ ᠤᠳᠤ ᠪᠠᠶᠢᠭ᠎ᠠ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠬᠡᠦᠬᠡᠳ ᠤᠨ ᠴᠡᠴᠡᠷᠯᠢᠭ 118 ᠪᠠᠶᠢᠵᠤ᠂ ᠰᠤᠷᠭᠠᠭᠤᠯᠢ ︵ᠬᠡᠦᠬᠡᠳ ᠤᠨ ᠴᠡᠴᠡᠷᠯᠢᠭ︶ ᠳᠤ ᠪᠠᠶᠢᠭ᠎ᠠ ᠰᠤᠷᠤᠭᠴᠢ ᠪᠣᠯᠤᠨ ᠬᠡᠦᠬᠡᠳ 77037 ᠪᠤᠢ᠃ ᠡᠭᠦᠨ ᠳᠤ᠂ ᠠᠯᠪᠠᠨ ᠠᠴᠠ ᠡᠷᠬᠢᠯᠡᠭᠰᠡᠨ ᠰᠤᠷᠭᠠᠭᠤᠯᠢ ᠨᠢ 73᠂ ᠵᠢᠩᠬᠢᠨᠢ ᠪᠠᠭᠰᠢ ᠠᠵᠢᠯᠳᠠᠨ 5123 ᠬᠥᠮᠦᠨ ᠪᠠᠶᠢᠭ᠎ᠠ︔ ᠠᠷᠠᠳ ᠠᠴᠠ ᠡᠷᠬᠢᠯᠡᠭᠰᠡᠨ ᠰᠤᠷᠭᠠᠭᠤᠯᠢ ᠨᠢ 45᠂ ᠪᠠᠭᠰᠢ ᠠᠵᠢᠯᠳᠠᠨ 1662 ᠬᠥᠮᠦᠨ ᠪᠤᠢ᠃                  ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ ᠬᠥᠲᠥᠯᠥᠭᠴᠢ᠄        ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ᠂ ᠰᠤᠷᠭᠠᠨ ᠬᠥᠮᠦᠵᠢᠯ ᠪᠣᠯ ᠪᠠᠭᠠᠴᠤᠳ ᠬᠡᠦᠬᠡᠳ ᠤᠨ ᠡᠷᠡᠭᠦᠯ ᠢᠶᠠᠷ ᠤᠢᠰᠦᠠ ᠪᠤᠶᠢᠵᠢᠬᠤ ᠳᠤ ᠬᠤᠯᠪᠣᠭᠳᠠᠵᠤ᠂ ︽ᠬᠡᠦᠭᠡᠳ ᠤᠳ ᠲᠤ ᠴᠢᠨᠠᠷ ᠰᠠᠶᠢᠲᠠᠶ ᠰᠤᠷᠭᠠᠨ ᠬᠥᠮᠦᠵᠢᠯ ᠬᠦᠷᠲᠡᠭᠡᠬᠦ︾ ᠪᠣᠯ ᠭᠡᠷ ᠤᠨ ᠠᠬᠠᠮᠠᠳ ᠨᠢᠭᠡᠪᠦᠷᠢ ᠶᠢᠨ ᠬᠦᠰᠡᠯ ᠡᠷᠡᠮᠡᠯᠵᠡᠯ ᠪᠣᠯᠣᠨ ᠰᠡᠳᠬᠢᠯ ᠤᠨ ᠳᠠᠭᠤᠨ ᠪᠣᠯᠣᠨ᠎ᠠ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠨᠢ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠢ ᠭᠤᠣᠯᠴᠢ ᠪᠠᠷ ᠬᠦᠷᠲᠡᠭᠡᠬᠦ ᠶᠢ ᠠᠬᠢᠭᠤᠯᠬᠤ ᠶᠢᠨ ᠵᠠᠩᠭᠢᠯᠠᠭ᠎ᠠ ᠮᠥᠨ᠂ ᠡᠶᠢᠮᠦ ᠠᠴᠠ ᠦᠢ ᠣᠯᠠᠨ ᠭᠡᠷ ᠪᠦᠯᠢ ᠶᠢᠨ ᠠᠩᠬᠠᠷᠤᠯ ᠢ ᠶᠡᠬᠡᠳᠡ ᠲᠠᠲᠠᠵᠤ ᠪᠠᠶᠢᠨ᠎ᠠ᠃ ᠥᠨᠥᠳᠦᠷ ᠤᠨ ᠮᠠᠨ ᠤ ᠫᠷᠦᠭᠷᠡᠮ ᠤᠨ ᠵᠣᠴᠢᠨ ᠪᠣᠯ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠯᠢ ᠶᠦᠨ ᠪᠣᠯᠣᠨ᠎ᠠ ᠂ ᠯᠢ ᠳᠠᠷᠤᠭ᠎ᠠ ᠠᠴᠠ ᠥᠷᠭᠡᠨ ᠣᠯᠠᠨ ᠰᠦᠯᠵᠢᠶᠡᠨ ᠠᠨᠳᠠ ᠨᠠᠷ ᠲᠤ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠥᠭᠡᠷᠡᠴᠢᠯᠡᠯᠲᠡ ᠶᠢᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠬᠤ ᠪᠣᠯᠤᠨ᠎ᠠ᠃ ᠯᠢ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ︕ ᠯᠢ ᠶᠦᠨ᠄        ᠰᠦᠯᠵᠢᠶᠡᠨ ᠠᠨᠳᠠ ᠨᠠᠷ ᠲᠠ ᠪᠦᠭᠦᠨ ᠰᠠᠶᠢᠨ ᠪᠠᠶᠢᠵᠠᠭᠠᠨ᠎ᠠ ᠤᠤ︕ ︽ᠳᠤᠮᠳᠠᠳᠤ ᠤᠯᠤᠰ ᠥᠪᠥᠷ ᠮᠣᠩᠭᠤᠯ ᠰᠦᠯᠵᠢᠶ᠎ᠡ︾ ᠪᠠᠷ ᠳᠠᠮᠵᠢᠭᠠᠳ ᠤᠯᠡᠠ ᠲᠠᠢ ᠰᠠᠨᠠᠯ ᠢᠶᠠᠨ ᠰᠤᠯᠢᠯᠴᠠᠬᠤ ᠪᠣᠯᠣᠭᠰᠠᠨ ᠳᠠᠭᠠᠨ ᠮᠠᠰᠢ ᠪᠠᠶᠠᠷᠲᠠᠢ ᠪᠠᠶᠢᠨ᠎ᠠ᠂ ᠰᠦᠯᠵᠢᠶᠡᠨ ᠤ ᠠᠨᠳᠠ ᠨᠠᠷ ᠳ᠋ᠦᠩᠱᠧᠩ ᠤᠨ ᠰᠤᠷᠭᠠᠨ ᠬᠥᠮᠦᠵᠢᠯ ᠳᠤ ᠢᠯᠡᠭᠦᠬᠡᠨ ᠣᠶᠢᠯᠠᠭᠠᠯᠲᠠ ᠲᠠᠢ ᠪᠣᠯᠵᠤ᠂ ᠮᠠᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠪᠠᠨ ᠳᠡᠪᠰᠢᠭᠦᠯᠬᠦ ᠶᠢ ᠬᠦᠰᠡᠵᠦ ᠪᠠᠶᠢᠨ᠎ᠠ᠃ ᠬᠥᠲᠥᠯᠥᠭᠴᠢ᠄        ᠳ᠋ᠦᠩᠱᠧᠩ ᠲᠣᠭᠤᠷᠢᠭ ᠪᠣᠯ ᠣᠷᠳᠣᠰ ᠬᠤᠲᠠ ᠶᠢᠨ ᠲᠥᠪ ᠲᠣᠭᠤᠷᠢᠭ ᠲᠠᠬᠢ ᠭᠤᠣᠯ ᠬᠤᠲᠠ ᠶᠢᠨ ᠲᠣᠭᠤᠷᠢᠭ ᠪᠣᠯᠣᠨ᠎ᠠ᠂ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠨᠢ ᠴᠦ ᠰᠦᠯᠵᠢᠶᠡᠨ ᠤ ᠨᠠᠶᠢᠵᠠ ᠨᠠᠷ ᠤᠨ ᠠᠩᠬᠠᠷᠤᠯ ᠢ ᠲᠣᠩ ᠶᠡᠭᠡ ᠲᠠᠲᠠᠵᠤ ᠪᠠᠶᠢᠳᠠᠭ᠂ ᠲᠠ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖ ᠯᠢ ᠶᠦᠨ᠄        ᠳ᠋ᠦᠩᠱᠧᠩ ᠲᠣᠭᠤᠷᠢᠭ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ︽12 · 5︾ ᠶᠢᠨ ᠬᠤᠭᠤᠴᠠᠭᠠᠨ ᠳᠤ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ ᠵᠠᠷᠤᠳᠠᠯ ᠳᠤ 46.78 ᠳ᠋ᠦᠩᠰᠢᠭᠤᠷ ᠲᠥᠭᠦᠷᠢᠭ ᠵᠠᠷᠤᠴᠠᠭᠤᠯᠤᠭᠠᠳ᠂ ᠰᠤᠷᠭᠠᠨ ᠬᠥᠮᠦᠵᠢᠯ ᠤᠨ ᠰᠠᠭᠤᠷᠢ ᠲᠦᠬᠦᠭᠡᠷᠦᠮᠵᠢ ᠲᠠᠰᠤᠷᠠᠯᠲᠠ ᠦᠭᠡᠢ ᠪᠦᠷᠢᠨᠰᠢᠵᠦ᠂ ᠪᠠᠭᠰᠢ ᠶᠢᠨ ᠡᠩᠨᠡᠭᠡᠨ ᠤ ᠬᠦᠴᠦᠨ ᠤᠯᠠᠮ ᠠᠴᠠ ᠤᠯᠠᠮ ᠴᠢᠩᠭᠠᠷᠠᠨ᠂ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠮᠠᠰᠢ ᠶᠡᠬᠡᠪᠡᠷ ᠳᠡᠭᠡᠭᠰᠢᠯᠡᠵᠡᠢ᠃ ᠤᠳᠤ ᠪᠠᠶᠢᠭ᠎ᠠ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠬᠡᠦᠬᠡᠳ ᠤᠨ ᠴᠡᠴᠡᠷᠯᠢᠭ 118 ᠪᠠᠶᠢᠵᠤ᠂ ᠰᠤᠷᠭᠠᠭᠤᠯᠢ ︵ᠬᠡᠦᠬᠡᠳ ᠤᠨ ᠴᠡᠴᠡᠷᠯᠢᠭ︶ ᠳᠤ ᠪᠠᠶᠢᠭ᠎ᠠ ᠰᠤᠷᠤᠭᠴᠢ ᠪᠣᠯᠤᠨ ᠬᠡᠦᠬᠡᠳ 77037 ᠪᠤᠢ᠃ ᠡᠭᠦᠨ ᠳᠤ᠂ ᠠᠯᠪᠠᠨ ᠠᠴᠠ ᠡᠷᠬᠢᠯᠡᠭᠰᠡᠨ ᠰᠤᠷᠭᠠᠭᠤᠯᠢ 73᠂ ᠵᠢᠩᠬᠢᠨᠢ ᠪᠠᠭᠰᠢ ᠠᠵᠢᠯᠳᠠᠨ 5123 ᠬᠥᠮᠦᠨ ᠪᠠᠶᠢᠭ᠎ᠠ︔ ᠠᠷᠠᠳ ᠠᠴᠠ ᠡᠷᠬᠢᠯᠡᠭᠰᠡᠨ ᠰᠤᠷᠭᠠᠭᠤᠯᠢ 45᠂ ᠪᠠᠭᠰᠢ ᠠᠵᠢᠯᠳᠠᠨ 1662 ᠬᠥᠮᠦᠨ ᠪᠤᠢ᠃ ︽12 · 5︾ ᠶᠢᠨ ᠬᠤᠭᠤᠴᠠᠭᠠᠨ ᠳᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠭᠤᠷᠪᠠᠨ ᠵᠢᠯ ᠳᠤ ᠬᠡᠦᠬᠡᠳ ᠤᠨ ᠴᠡᠴᠡᠷᠯᠢᠭ ᠲᠤ ᠣᠷᠣᠬᠤ ᠨᠤᠷᠮ᠎ᠠ ᠨᠢᠭᠡᠨᠲᠡ 91.91% ᠳᠤ ᠬᠦᠷᠪᠡ︔ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ︽ᠶᠢᠰᠦᠨ ᠵᠢᠯ ᠤᠨ ᠠᠯᠪᠠᠨ ᠵᠢᠷᠦᠮ ᠤᠨ ᠰᠤᠷᠭᠠᠨ ᠬᠥᠮᠥᠵᠢᠯ ᠢ ᠴᠢᠨᠠᠷᠯᠢᠭ ᠲᠦᠭᠡᠮᠡᠯᠵᠢᠭᠦᠯᠬᠦ︾ ᠶᠢ ᠪᠡᠶᠡᠯᠡᠭᠦᠯᠦᠭᠰᠡᠨ ᠬᠤᠰᠢᠭᠤ ᠲᠣᠭᠤᠷᠢᠭ ᠪᠣᠯᠣᠭᠰᠠᠨ ᠤ ᠳᠠᠷᠠᠭ᠎ᠠ᠂ 2015 ᠣᠨ ᠳᠤ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠢ ᠭᠦᠨᠵᠡᠭᠡᠶᠢᠷᠡᠭᠦᠯᠦᠭᠰᠡᠨ ᠲᠣᠭᠤᠷᠢᠭ ᠪᠣᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠨᠢ ᠣᠳᠣ ᠶᠠᠭ ᠦᠨᠳᠦᠰᠦᠨ ᠲᠡᠩᠴᠡᠭᠦᠷᠢ ᠠᠴᠠ ᠪᠠᠨ ᠴᠢᠨᠠᠷ ᠰᠠᠶᠢᠲᠠᠶ ᠲᠡᠩᠴᠡᠭᠦᠷᠢ ᠵᠦᠭ ᠤᠷᠤᠭᠰᠢᠯᠠᠵᠤ ᠪᠠᠶᠢᠨ᠎ᠠ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠠᠯ᠎ᠠ ᠪᠠᠷ᠂ ᠳ᠋ᠦᠩᠱᠧᠩ ᠲᠣᠭᠤᠷᠢᠭ ᠤᠨ ᠳ᠋ᠦᠩ ᠯᠢᠶᠠᠨ ᠤᠳᠤ ᠦᠶ᠎ᠡ ᠶᠢᠨ ᠳᠤᠮᠳᠠᠳᠤ ᠰᠤᠷᠭᠠᠭᠤᠯᠢ ᠨᠢ 2012 ᠣᠨ ᠳᠤ ︽ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ︾ ᠪᠠᠷ ᠨᠡᠷᠡᠶᠢᠳᠦᠭᠳᠡᠪᠡ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠦᠨᠳᠦᠰᠦᠲᠡᠨ ᠤ ᠰᠤᠷᠭᠠᠨ ᠬᠥᠮᠦᠵᠢᠯ ᠴᠦ ᠲᠣᠭᠲᠠᠭᠤᠨ ᠢᠶᠠᠷ ᠳᠡᠭᠡᠭᠰᠢᠯᠡᠵᠡᠶ᠃ ᠬᠡᠯᠡᠯᠭᠡᠨ ᠦᠭᠡᠢ᠂ ᠡᠨᠡ ᠨᠢ ᠮᠠᠰᠢ ᠶᠡᠭᠡ ᠬᠡᠮᠵᠢᠶᠡᠨ ᠳᠡᠭᠡᠷ᠎ᠡ ᠪᠠᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠲᠠᠰᠤᠷᠠᠯᠲᠠ ᠦᠭᠡᠢ ᠭᠦᠨᠵᠡᠭᠡᠶᠢᠷᠡᠯᠲᠡ ᠠᠰᠢᠭ ᠬᠦᠷᠲᠡᠭᠰᠡᠨ ᠶᠠᠪᠤᠳᠠᠯ ᠪᠤᠯᠬᠤ ᠶᠤᠮ᠃ ᠬᠥᠲᠥᠯᠥᠭᠴᠢ᠄        ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠣᠯᠠᠨ ᠵᠦᠢᠯ ᠤᠨ ᠠᠷᠭ᠎ᠠ ᠬᠡᠮᠵᠢᠶ᠎ᠡ ᠨᠢ ᠵᠥᠪᠬᠡᠨ ᠣᠷᠳᠣᠰ ᠬᠤᠲᠠ ᠳᠤ ᠲᠡᠷᠢᠭᠦᠯᠡᠵᠦ ᠪᠠᠶᠢᠬᠤ ᠪᠢᠰᠢ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠦᠬᠦ ᠤᠯᠤᠰ ᠲᠤ ᠴᠥᠮ ᠲᠡᠷᠢᠭᠦᠯᠡᠵᠦ ᠪᠠᠶᠢᠨ᠎ᠠ᠃ ᠲᠠ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠠᠨᠢᠯᠴᠠᠭᠤᠯᠵᠤ ᠥᠭᠭᠦᠨ᠎ᠡ ᠦᠦ︖ ᠯᠢ ᠶᠦᠨ᠄        ᠡᠩ ᠲᠡᠷᠢᠭᠦᠨ ᠳᠤ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠬᠡᠷᠡᠭᠵᠢᠭᠦᠯᠪᠡ᠂ ᠳ᠋ᠦᠩᠱᠧᠩ ᠲᠣᠭᠤᠷᠢᠭ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠰᠤᠷᠭᠠᠭᠤᠯᠢ ᠶᠢᠨ ᠲᠣᠭᠤᠷᠢᠭ ᠤᠨ ᠳᠦᠷᠢᠮ ᠢ ᠬᠠᠮᠤᠭ ᠤᠨ ᠲᠡᠷᠢᠭᠦᠨ ᠳᠤ ᠲᠤᠷᠰᠢᠨ ᠬᠡᠷᠡᠭᠵᠢᠭᠦᠯᠵᠦ᠂ ᠬᠠᠮᠢᠶᠠᠷᠬᠤ ᠡᠷᠬᠢᠯᠡᠬᠦ ᠬᠢᠨᠠᠬᠤ ᠶᠢ ᠰᠠᠯᠭᠠᠬᠤ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠵᠤ᠂ ᠲᠤᠰᠬᠠᠢ ᠬᠠᠷᠢᠭᠤᠴᠠᠯᠭᠠᠲᠤ ᠰᠤᠷᠭᠠᠭᠤᠯᠢ ᠪᠠᠶᠢᠴᠠᠭᠠᠭᠴᠢ 1 ᠬᠥᠮᠦᠨ᠂ ᠨᠡᠶᠢᠭᠡᠮ ᠤᠨ ᠲᠤᠰᠢᠶᠠᠯ ᠬᠠᠪᠰᠤᠷᠭᠠᠵᠤ ᠪᠠᠶᠢᠭ᠎ᠠ ᠰᠤᠷᠭᠠᠭᠤᠯᠢ ᠪᠠᠶᠢᠴᠠᠭᠠᠭᠴᠢ 2 ᠬᠥᠮᠦᠨ ᠲᠣᠬᠢᠷᠠᠭᠤᠯᠵᠤ᠂ ︽ᠵᠠᠰᠠᠭ ᠤᠨ ᠣᠷᠳᠣᠨ ᠰᠤᠷᠭᠠᠨ ᠬᠥᠮᠦᠵᠢᠯ ᠢ ᠬᠠᠮᠢᠶᠠᠷᠴᠤ᠂ ᠰᠤᠷᠭᠠᠭᠤᠯᠢ ᠰᠤᠷᠭᠠᠨ ᠬᠥᠮᠦᠵᠢᠯ ᠢ ᠡᠷᠬᠢᠯᠡᠵᠦ᠂ ᠨᠡᠶᠢᠭᠡᠮ ᠰᠤᠷᠭᠠᠨ ᠬᠥᠮᠦᠵᠢᠯ ᠢ ᠦᠨᠡᠯᠡᠬᠦ︾ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠪᠡ᠃ ᠳᠠᠷᠠᠭ᠎ᠠ ᠳᠤᠨᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠠᠵᠢᠯᠲᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠪᠠ᠂ ᠰᠤᠷᠭᠠᠭᠤᠯᠢ ᠴᠡᠴᠡᠷᠯᠢᠭ ᠤᠨ ᠵᠠᠬᠢᠷᠤᠯ ᠤᠨ ᠬᠠᠷᠢᠭᠤᠴᠠᠬᠤ ᠳᠦᠷᠢᠮ᠂ ᠲᠤᠰᠢᠶᠠᠯ ᠤᠨ ᠳᠡᠰ ᠤᠨ ᠳᠦᠷᠢᠮ᠂ ᠪᠠᠭᠰᠢ ᠠᠵᠢᠯᠲᠠᠨ ᠢ ᠤᠷᠢᠨ ᠬᠡᠷᠡᠭᠯᠡᠬᠦ ᠳᠦᠷᠢᠮ ᠪᠣᠯᠤᠨ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠳᠦᠷᠢᠮ᠂ ᠰᠤᠷᠭᠠᠭᠤᠯᠢ ᠴᠡᠴᠡᠷᠯᠢᠭ ᠤᠨ ᠵᠠᠬᠢᠷᠤᠯ᠂ ᠪᠠᠭᠰᠢ ᠶᠢ ᠰᠣᠯᠢᠯᠴᠠᠭᠤᠯᠤᠨ ᠡᠭᠡᠯᠵᠢᠯᠡᠭᠦᠯᠬᠦ ᠲᠦᠷᠢᠮ ᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠬᠠᠮᠤᠭ ᠤᠨ ᠲᠡᠷᠢᠭᠦᠨ ᠳᠤ ᠬᠡᠷᠡᠭᠵᠢᠭᠦᠯᠵᠦ᠂ ︽ᠳ᠋ᠦᠩᠱᠧᠩ ᠤᠨ ᠰᠤᠷᠭᠠᠨ ᠬᠥᠮᠦᠵᠢᠯ ᠤᠨ ᠣᠨᠴᠠᠭᠠᠶ ᠱᠠᠩᠨᠠᠯ︾ ᠢ ᠪᠠᠶᠢᠭᠤᠯᠵᠤ᠂ ᠳ᠋ᠦᠩᠱᠧᠩ ᠤᠨ ᠰᠤᠷᠭᠠᠨ ᠬᠥᠮᠦᠵᠢᠯ ᠤᠨ ᠦᠢᠯᠡᠰ ᠤᠨ ᠨᠢᠭᠲᠠᠷᠠᠯ ᠤᠨ ᠬᠦᠴᠦᠨ ᠪᠠ ᠤᠷᠢᠶᠠᠯᠠᠬᠤ ᠬᠦᠴᠦᠨ ᠢ ᠴᠢᠩᠭᠠᠷᠠᠭᠤᠯᠵᠤ᠂ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠳ ᠤᠨ ᠵᠣᠷᠢᠭ ᠲᠡᠭᠦᠯᠳᠡᠷ ᠢᠶᠠᠷ ᠤᠷᠤᠭᠰᠢᠯᠠᠬᠤ ᠢ ᠨᠢ ᠵᠣᠷᠢᠭᠵᠢᠭᠤᠯᠵᠤ᠂ ᠤᠯᠤᠰ ᠲᠦᠷᠦ ᠪᠠ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠳ᠋ᠦᠩᠱᠧᠩ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠭᠦᠯᠬᠦ ᠶᠢ ᠲᠦᠷᠬᠡᠨ ᠠᠬᠢᠭᠤᠯᠵᠤ ᠂ ᠨᠡᠶᠢᠭᠡᠮ ᠳᠠᠶᠠᠭᠠᠷ ᠲᠤ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠣᠯᠭᠠᠪᠠ᠃ ᠡᠭᠦᠨ ᠤ ᠬᠠᠮᠲᠤ᠂ ᠬᠡᠪ ᠪᠣᠯᠪᠠᠰᠤᠷᠠᠯ ᠤᠨ ᠰᠤᠷᠭᠠᠨ ᠬᠥᠮᠦᠵᠢᠯ ᠢ ᠴᠢᠩᠭᠠᠳᠬᠠᠵᠤ᠂ ᠰᠤᠷᠭᠠᠭᠤᠯᠢ ᠶᠢᠨ ᠭᠠᠳᠠᠨᠠᠬᠢ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠦᠢᠯᠡᠰ ᠢ ᠬᠥᠭᠵᠢᠭᠦᠯᠵᠦ᠂ ᠭᠤᠸ᠎ᠠ ᠰᠠᠶᠢᠬᠠᠨ ᠤ ᠬᠥᠮᠦᠵᠢᠯ ᠢ ᠶᠡᠬᠡᠪᠡᠷ ᠬᠥᠭᠵᠢᠭᠦᠯᠪᠡ︔ ᠬᠢᠴᠢᠶᠡᠯ ᠪᠠ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠤᠷᠪᠠᠨ ᠱᠠᠲᠤᠨ ᠤ ᠬᠢᠴᠢᠶᠡᠯ ᠤᠨ ᠰᠢᠰᠲ᠋ᠧᠮᠵᠢ᠂ ︽ᠭᠡᠷ ᠤᠨ ᠠᠬᠠᠮᠠᠳ ᠰᠤᠷᠭᠠᠭᠤᠯᠢ ᠨᠡᠶᠢᠭᠡᠮ︾ ᠭᠤᠷᠪᠠ ᠶᠢ ᠨᠢᠭᠡ ᠴᠤᠭᠴᠠᠵᠢᠭᠤᠯᠤᠭᠰᠠᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠠᠶᠢᠭᠤᠯᠵᠤ᠂ ︽ᠣᠶᠣᠨᠲᠤ ᠰᠤᠷᠭᠠᠭᠤᠯᠢ ᠶᠢᠨ ᠬᠦᠷᠢᠶ᠎ᠡ︾ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠤᠷᠤᠭᠴᠢᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠤᠯᠠᠮ ᠢᠯᠡᠳᠲᠡ ᠳᠡᠭᠡᠭᠰᠢᠯᠡᠭᠦᠯᠪᠡ᠃ ᠬᠥᠲᠥᠯᠥᠭᠴᠢ᠄        ᠰᠤᠷᠭᠠᠭᠤᠯᠢ ᠶᠢᠨ ᠲᠣᠭᠤᠷᠢᠭ ᠤᠨ ᠲᠦᠷᠢᠮ ᠨᠢ ᠤᠯᠠᠨ ᠳᠤ ᠠᠪᠴᠤ ᠬᠡᠯᠡᠪᠡᠯ ᠰᠢᠨ᠎ᠡ ᠬᠡᠷᠡᠭ ᠪᠣᠳᠠᠰ ᠪᠣᠯᠣᠨ᠎ᠠ᠂ ᠯᠢ ᠳᠠᠷᠤᠭ᠎ᠠ ᠲᠠ ᠳ᠋ᠦᠩᠱᠧᠩ ᠲᠣᠭᠤᠷᠢᠭ ᠤᠨ ᠰᠤᠷᠭᠠᠭᠤᠯᠢ ᠶᠢᠨ ᠲᠣᠭᠤᠷᠢᠭ ᠤᠨ ᠲᠦᠷᠢᠮ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠶᠠᠷᠢᠭᠠᠳ ᠥᠭᠭᠦᠨ᠎ᠡ ᠦᠦ︖ ᠯᠢ ᠶᠦᠨ᠄        ᠪᠢᠳᠠ ᠭᠦᠢᠴᠡᠳ ᠪᠠᠶᠢᠴᠠᠭᠠᠨ ᠰᠣᠳᠣᠯᠠᠭᠠᠳ ᠨᠤᠲᠠᠯᠠᠭᠰᠠᠨ ᠤ ᠰᠠᠭᠤᠷᠢᠨ ᠳᠡᠭᠡᠷ᠎ᠡ᠂ ︽ᠳ᠋ᠦᠩᠱᠧᠩ ᠲᠣᠭᠤᠷᠢᠭ ᠤᠨ ᠰᠤᠷᠭᠠᠭᠤᠯᠢ ᠶᠢᠨ ᠲᠣᠭᠤᠷᠢᠭ ᠤᠨ ᠲᠦᠷᠢᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠲᠤᠭᠲᠠᠭᠠᠪᠠ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠣᠳᠠᠲᠤ ᠪᠠᠶᠢᠳᠠᠯ ᠢ ᠦᠨᠳᠦᠰᠦᠯᠡᠨ ᠂ ᠳ᠋ᠦᠩᠱᠧᠩ ᠲᠣᠭᠤᠷᠢᠭ ᠢ ᠳᠥᠷᠪᠡᠨ ᠶᠡᠭᠡ ᠰᠤᠷᠭᠠᠭᠤᠯᠢ ᠶᠢᠨ ᠲᠣᠭᠤᠷᠢᠭ ᠪᠣᠯᠭᠠᠨ ᠬᠤᠪᠢᠶᠠᠵᠤ᠂ ᠰᠤᠷᠭᠠᠭᠤᠯᠢ ᠶᠢᠨ ᠲᠣᠭᠤᠷᠢᠭ ᠳᠣᠲᠣᠷ᠎ᠠ ᠶᠣᠰᠣ ᠮᠣᠷᠠᠯ ᠤᠨ ᠬᠥᠮᠦᠵᠢᠯ ᠤᠨ ᠠᠵᠢᠯ᠂ ᠪᠠᠭᠰᠢ ᠨᠠᠷ ᠢ ᠪᠣᠯᠪᠠᠰᠤᠷᠠᠭᠤᠯᠬᠤ᠂ ᠬᠢᠴᠢᠶᠡᠯ ᠤᠨ ᠡᠬᠢ ᠪᠠᠶᠠᠯᠢᠭ᠂ ᠵᠢᠭᠠᠨ ᠰᠤᠷᠭᠠᠬᠤ ᠡᠬᠢ ᠪᠠᠶᠠᠯᠢᠭ᠂ ᠵᠠᠷᠤᠳᠠᠯ ᠬᠡᠷᠡᠭᠯᠡᠬᠦ᠂ ᠬᠢᠨᠠᠨ ᠰᠢᠯᠭᠠᠵᠤ ᠦᠨᠡᠯᠡᠬᠦ ︽ᠵᠢᠷᠭᠤᠭ᠎ᠠ ᠶᠢ ᠨᠢᠭᠡ ᠴᠤᠭᠴᠠᠵᠢᠭᠤᠯᠬᠤ︾ ᠶᠢ ᠲᠤᠷᠰᠢᠨ ᠬᠡᠷᠡᠭᠵᠢᠭᠦᠯᠪᠡ᠃ ᠣᠳᠣᠬᠠᠨ ᠳᠤ᠂ ᠲᠤᠷᠰᠢᠯᠲᠠ ᠶᠢᠨ ᠳᠤᠮᠳᠠᠳᠤ ᠰᠤᠷᠭᠠᠭᠤᠯᠢ ᠪᠣᠯᠣᠨ ᠸᠧᠨ ᠳ᠋ᠧ ᠳᠤᠮᠳᠠᠳᠤ ᠰᠤᠷᠭᠠᠭᠤᠯᠢ ᠵᠡᠷᠭᠡ 7 ᠪᠦᠯᠦᠭ ᠰᠤᠷᠭᠠᠭᠤᠯᠢ ᠶᠢᠨ ︽ᠨᠢᠭᠡ ᠰᠤᠷᠭᠠᠭᠤᠯᠢ ᠬᠤᠶᠠᠷ ᠭᠠᠵᠠᠷ︾ ᠰᠤᠷᠭᠠᠭᠤᠯᠢ ᠡᠷᠬᠢᠯᠡᠬᠦ᠂ ᠶᠢᠰᠦᠨ ᠵᠢᠯ ᠤᠨ ᠲᠤᠤᠱᠲᠤ ᠳᠦᠷᠢᠮ ᠢᠶᠠᠷ ᠰᠤᠷᠭᠠᠭᠤᠯᠢ ᠡᠷᠬᠢᠯᠡᠬᠦ᠂ ᠴᠢᠨᠠᠷ ᠰᠠᠶᠢᠲᠠᠶ ᠰᠤᠷᠭᠠᠭᠤᠯᠢ ᠳᠤ ᠬᠤᠪᠢᠶᠠᠷᠢ ᠰᠤᠷᠭᠠᠭᠤᠯᠢ ᠪᠠᠶᠢᠭᠤᠯᠬᠤ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ 6 ᠬᠡᠦᠬᠡᠳ ᠤᠨ ᠴᠡᠴᠡᠷᠯᠢᠭ ᠲᠤ ᠬᠤᠪᠢᠶᠠᠷᠢ ᠬᠦᠷᠢᠶᠡᠯᠡᠩ ᠪᠠᠶᠢᠭᠤᠯᠬᠤ ᠠᠵᠢᠯ ᠢ ᠨᠢᠭᠡᠨᠲᠡ ᠪᠡᠶᠡᠯᠡᠭᠦᠯᠪᠡ᠃ ᠨᠢᠭᠡ ᠵᠢᠯ ᠤᠨ ᠲᠤᠷᠰᠢᠬᠢ ᠰᠢᠮᠳᠠᠭᠤᠯᠤᠨ ᠵᠢᠯᠣᠭᠤᠳᠴᠤ ᠦᠨᠡᠯᠡᠭᠰᠡᠨ ᠦᠷ᠎ᠡ ᠳ᠋ᠦᠩ ᠢ ᠦᠨᠳᠦᠰᠦᠯᠡᠪᠡᠯ᠂ ᠤᠤᠯ ᠤᠨ ᠨᠥᠬᠦᠴᠡᠯ ᠢᠶᠠᠷ ᠬᠠᠷᠢᠴᠠᠩᠭᠤᠶ ᠪᠠᠭᠤᠷᠠᠢ ᠰᠤᠷᠭᠠᠭᠤᠯᠢ᠂ ᠰᠢᠨ᠎ᠡ ᠪᠠᠷ ᠪᠠᠶᠢᠭᠤᠯᠤᠭᠰᠠᠨ ᠰᠤᠷᠭᠠᠭᠤᠯᠢ ᠶᠢᠨ ᠰᠤᠷᠭᠠᠨ ᠬᠥᠮᠦᠵᠢᠭᠦᠯᠬᠦ ᠪᠠ ᠵᠢᠭᠠᠨ ᠰᠤᠷᠭᠠᠬᠤ ᠶᠠᠰᠤ ᠴᠢᠨᠠᠷ ᠤᠨ ᠳᠡᠭᠡᠭᠰᠢᠯᠡᠯᠲᠡ ᠢᠯᠡᠷᠬᠡᠢ ᠲᠦᠷᠭᠡᠳᠦᠭᠰᠡᠨ ᠪᠠᠶᠢᠨ᠎ᠠ᠃ ᠤᠳᠤ ᠶᠠᠭ ᠭᠠᠭᠴᠠ ᠨᠡᠷᠡᠲᠦ ᠰᠤᠷᠭᠠᠭᠤᠯᠢ ᠣᠯᠠᠨ ᠬᠤᠪᠢᠶᠠᠷᠢ ᠰᠤᠷᠭᠠᠭᠤᠯᠢ ᠶᠢ ᠲᠡᠳᠬᠦᠬᠦ ᠰᠤᠷᠭᠠᠭᠤᠯᠢ ᠡᠷᠬᠢᠯᠡᠬᠦ ᠬᠡᠯᠪᠡᠷᠢ ᠶᠢ ᠬᠠᠶᠢᠨ ᠰᠦᠪᠡᠭᠴᠢᠯᠡᠨ ᠲᠤᠷᠰᠢᠨ ᠬᠡᠷᠡᠭᠵᠢᠭᠦᠯᠵᠦ᠂ ᠡᠭᠦᠨ ᠤ ᠬᠠᠮᠲᠤ ᠰᠤᠷᠭᠠᠭᠤᠯᠢ ᠶᠢᠨ ᠲᠣᠭᠤᠷᠢᠭ ᠢ ᠰᠠᠯᠭᠠᠨ ᠬᠤᠪᠢᠶᠠᠷᠢᠯᠠᠬᠤ ᠶᠢᠨ ᠰᠢᠨᠵᠢᠯᠡᠬᠦ ᠤᠬᠠᠭᠠᠨᠴᠢ ᠴᠢᠨᠠᠷ ᠢ ᠤᠯᠠᠮ ᠨᠢᠭᠡ ᠠᠯᠬᠤᠮ ᠰᠢᠯᠭᠠᠨ ᠪᠠᠲᠤᠯᠠᠵᠤ᠂ ᠴᠡᠴᠡᠷᠯᠢᠭ ᠪᠠᠭ᠎ᠠ ᠰᠤᠷᠭᠠᠭᠤᠯᠢ ᠠᠩᠬ᠎ᠠ ᠳᠤᠮᠳᠠᠳᠤ ᠶᠢ ᠵᠣᠯᠭᠠᠭᠤᠯᠬᠤ ᠰᠤᠷᠭᠠᠨ ᠬᠥᠮᠥᠵᠢᠯ ᠢ ᠴᠢᠩᠭᠠᠳᠬᠠᠵᠤ᠂ ᠰᠤᠷᠭᠠᠭᠤᠯᠢ ᠶᠢᠨ ᠲᠣᠭᠤᠷᠢᠭ ᠤᠨ ᠺᠤᠮᠢᠰ ᠢ ᠪᠠᠶᠢᠭᠤᠯᠵᠤ᠂ ᠰᠤᠷᠭᠠᠭᠤᠯᠢ ᠶᠢᠨ ᠲᠣᠭᠤᠷᠢᠭ ᠲᠣᠲᠣᠷᠠᠬᠢ ᠬᠥᠮᠦᠨ᠂ ᠡᠳ᠋᠂ ᠪᠣᠳᠠᠰ ᠵᠡᠷᠭᠡ ᠰᠤᠷᠭᠠᠨ ᠬᠥᠮᠦᠵᠢᠯ ᠤᠨ ᠡᠯ᠎ᠡ ᠲᠦᠷᠦᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠵᠠᠬᠢᠷᠤᠨ ᠲᠣᠬᠢᠷᠠᠭᠤᠯᠵᠤ᠂ ︽ᠪᠦᠯᠬᠦᠮᠴᠢᠯᠡᠨ ᠬᠥᠭᠵᠢᠭᠦᠯᠬᠦ᠂ ᠬᠤᠯᠪᠤᠭᠠᠯᠠᠨ ᠲᠦᠯᠬᠢᠨ ᠠᠬᠢᠭᠤᠯᠬᠤ᠂ ︿421﹀ ᠪᠠᠷ ᠪᠠᠶᠢᠷᠢᠯᠠᠭᠤᠯᠵᠤ᠂ ᠴᠡᠴᠡᠷᠯᠢᠭ ᠪᠠᠭ᠎ᠠ ᠰᠤᠷᠭᠠᠭᠤᠯᠢ ᠠᠩᠬ᠎ᠠ ᠳᠤᠮᠳᠠᠳᠤ ᠶᠢ ᠵᠣᠯᠭᠠᠭᠤᠯᠬᠤ︾ ᠪᠦᠷᠢᠨ ᠪᠦᠲᠦᠨ ᠰᠤᠷᠭᠠᠭᠤᠯᠢ ᠶᠢᠨ ᠲᠣᠭᠤᠷᠢᠭ ᠤᠨ ᠲᠦᠷᠢᠮ ᠤᠨ ᠬᠠᠮᠢᠶᠠᠷᠤᠯᠲᠠ ᠶᠢᠨ ᠪᠠᠶᠢᠭᠤᠯᠤᠯ ᠪᠣᠯᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠤᠭᠤᠷᠣᠨᠳᠣᠬᠢ ᠰᠤᠷᠭᠠᠭᠤᠯᠢ ᠡᠷᠭᠢᠯᠡᠬᠦ ᠵᠥᠷᠢᠶ᠎ᠡ ᠶᠢ ᠲᠠᠰᠤᠷᠠᠯᠳᠠ ᠦᠭᠡᠢ ᠪᠠᠭᠠᠰᠬᠠᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠦᠷ᠎ᠡ ᠠᠰᠢᠭ ᠢ ᠬᠠᠮᠤᠭ ᠤᠨ ᠶᠡᠭᠡ ᠪᠠᠷ ᠪᠠᠳᠠᠷᠠᠭᠤᠯᠬᠤ ᠪᠠ ᠰᠢᠨ᠎ᠡ ᠪᠠᠷ ᠪᠠᠶᠢᠭᠤᠯᠤᠭᠰᠠᠨ ᠰᠤᠷᠭᠠᠭᠤᠯᠢ ᠶᠢ ᠲᠦᠷᠭᠡᠨ ᠪᠤᠶᠢᠵᠢᠭᠤᠯᠬᠤ ᠶᠢ ᠠᠬᠢᠭᠤᠯᠵᠤ ᠪᠠᠶᠢᠨ᠎ᠠ ᠭᠦᠲᠦᠯᠦᠭᠴᠢ᠄        ᠯᠢ ᠳᠠᠷᠤᠭ᠎ᠠ ᠡ᠂ ᠰᠤᠷᠭᠠᠭᠤᠯᠢ ᠶᠢᠨ ᠲᠣᠭᠤᠷᠢᠭ ᠤᠨ ᠳᠦᠷᠢᠮ ᠠᠴᠠ ᠭᠠᠳᠠᠨ᠎ᠠ ᠳ᠋ᠦᠩᠱᠧᠩ ᠲᠣᠭᠤᠷᠢᠭ ᠤᠨ ᠲᠠᠷᠠᠭᠠᠴᠢ ᠶᠢᠨ ᠠᠯᠬᠤᠮ ᠳᠤ ᠪᠠᠰᠠ ᠶᠠᠮᠠᠷ ᠶᠠᠮᠠᠷ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠠᠪᠬᠤ ᠪᠤᠢ︖ ᠯᠢ ᠶᠦᠨ᠄        ᠡᠨᠡ ᠵᠢᠯ ᠠᠴᠠ ᠨᠠᠰᠢ᠂ ᠢᠳᠡᠪᠬᠢᠲᠡᠶ ᠪᠡᠯᠡᠳᠬᠡᠬᠦ ᠪᠠ ᠲᠡᠮᠡᠴᠡᠨ ᠤᠯᠬᠤ ᠪᠠᠷ ᠳᠠᠮᠵᠢᠨ᠂ ᠳ᠋ᠦᠩᠱᠧᠩ ᠲᠣᠭᠤᠷᠢᠭ ᠨᠢᠭᠡᠨᠲᠡ ᠣᠷᠳᠣᠰ ᠬᠤᠲᠠ ᠶᠢᠨ ᠨᠠᠮ ᠤᠨ ᠬᠤᠷᠢᠶ᠎ᠠ᠂ ᠬᠤᠳᠡ ᠶᠢᠨ ᠵᠠᠰᠠᠭ ᠤᠨ ᠣᠷᠳᠣᠨ ᠳᠤ ︽ᠪᠦᠬᠦ ᠬᠤᠲᠠ ᠶᠢᠨ ᠰᠠᠭᠤᠷᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠷᠰᠢᠯᠲᠠ ᠶᠢᠨ ᠲᠤᠭᠤᠷᠢᠭ︾ ᠢᠶᠠᠷ ᠲᠤᠭᠲᠠᠭᠠᠭᠳᠠᠪᠠ᠃ ᠳᠠᠷᠠᠭᠠᠴᠢ ᠶᠢᠨ ᠠᠯᠬᠤᠮ ᠳᠤ᠂ ᠳ᠋ᠦᠩᠱᠧᠩ ᠲᠣᠭᠤᠷᠢᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠬᠤ᠂ ᠬᠠᠮᠢᠶᠠᠷᠤᠯᠲᠠ ᠶᠢᠨ ᠪᠠᠶᠢᠭᠤᠯᠤᠯ᠂ ᠠᠵᠢᠯᠲᠠᠨ ᠤ ᠬᠠᠮᠢᠶᠠᠷᠬᠤ ᠳᠦᠷᠢᠮ᠂ ᠰᠤᠷᠤᠭᠴᠢ ᠡᠯᠰᠡᠬᠦ ᠳᠦᠷᠢᠮ ᠪᠠ ᠰᠤᠷᠭᠠᠨ ᠬᠥᠮᠦᠵᠢᠯ ᠵᠢᠭᠠᠨ ᠰᠤᠷᠭᠠᠯᠲᠠ ᠪᠠᠷ ᠭᠤᠣᠯ ᠪᠣᠯᠭᠠᠭᠰᠠᠨ ᠰᠠᠭᠤᠷᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ᠂ ᠰᠤᠷᠭᠠᠭᠤᠯᠢ ᠪᠠᠨ ᠬᠠᠤᠯᠢ ᠶᠤᠰᠤᠭᠠᠷ ᠵᠠᠰᠠᠬᠤ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠤᠷᠭᠠᠭᠤᠯᠢ ᠶᠢᠨ ᠳᠦᠷᠢᠮ ᠢ ᠵᠠᠰᠠᠪᠤᠷᠢᠯᠠᠨ ᠲᠣᠭᠲᠠᠭᠠᠬᠤ ᠶᠢ ᠲᠦᠷᠭᠡᠳᠬᠡᠵᠦ᠂ ᠡᠯ᠎ᠡ ᠲᠦᠷᠦᠯ ᠤᠨ ᠪᠠᠶᠢᠭᠤᠯᠤᠯ ᠤᠨ ᠰᠢᠰᠲ᠋ᠧᠮ ᠢ ᠪᠦᠷᠢᠨᠰᠢᠭᠦᠯᠵᠦ᠂ ᠤᠳᠤ ᠦᠶ᠎ᠡ ᠶᠢᠨ ᠰᠤᠷᠭᠠᠭᠤᠯᠢ ᠶᠢᠨ ᠳᠦᠷᠢᠮ ᠢ ᠪᠠᠶᠢᠭᠤᠯᠤᠨ᠎ᠠ︔ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠶᠡᠷᠦᠩᠬᠡᠶᠢᠯᠡᠨ ᠦᠨᠡᠯᠡᠬᠦ ᠰᠢᠰᠲ᠋ᠧᠮ ᠢ ᠪᠦᠷᠢᠨᠰᠢᠭᠦᠯᠵᠦ᠂ ᠰᠤᠷᠭᠠᠨ ᠬᠥᠮᠦᠵᠢᠯ ᠢ ᠬᠢᠨᠠᠨ ᠵᠢᠯᠣᠭᠤᠳᠬᠤ ᠪᠠ ᠦᠨᠡᠯᠡᠨ ᠵᠢᠱᠢᠵᠦ ᠬᠢᠨᠠᠨ ᠰᠢᠯᠭᠠᠬᠤ ᠠᠵᠢᠯ ᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠦᠨ᠎ᠡ︔ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠰᠤᠷᠭᠠᠭᠤᠯᠢ ᠶᠢᠨ ᠬᠦᠭᠵᠢᠯᠲᠡ ᠳᠤ ᠦᠢᠯᠡᠴᠢᠯᠡᠬᠦ ᠠᠵᠢᠯ ᠤᠨ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠬᠠᠮᠢᠶᠠᠷᠬᠤ ᠬᠡᠯᠪᠡᠷᠢ︾ ᠠᠴᠠ ︽ᠦᠢᠯᠡᠴᠢᠯᠡᠭᠡᠨ ᠤ ᠬᠡᠯᠪᠡᠷᠢ︾ ᠪᠣᠯᠭᠠᠨ ᠬᠤᠪᠢᠷᠠᠭᠤᠯᠤᠨ᠎ᠠ᠃ ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ᠂ ᠤᠷᠤᠨ ᠲᠤᠭᠠᠨ ᠤ ᠤᠨᠤᠯᠵᠢᠬᠤᠨ ᠢ ᠠᠯᠬᠤᠮ ᠠᠯᠬᠤᠮ ᠢᠶᠠᠷ ᠰᠤᠯᠠᠷᠠᠭᠤᠯᠵᠤ᠂ ᠪᠠᠭᠰᠢ ᠶᠢᠨ ᠦᠷ᠎ᠡ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠲᠣᠭᠲᠠᠴᠠ ᠶᠢ ᠰᠢᠯᠢᠳᠡᠭᠵᠢᠭᠦᠯᠵᠦ᠂ ᠵᠢᠩᠬᠢᠨᠢ ᠳᠡᠭᠡᠳᠦ ᠳᠡᠰ ᠤᠨ ᠪᠠᠭᠰᠢ ᠶᠢ ᠰᠢᠯᠭᠠᠨ ᠤᠷᠢᠬᠤ ᠠᠵᠢᠯ ᠢ ᠪᠡᠯᠡᠳᠬᠡᠨ ᠥᠷᠨᠢᠭᠦᠯᠵᠦ᠂ ᠰᠢᠯᠢᠳᠡᠭ ᠰᠤᠷᠭᠠᠨ ᠬᠥᠮᠦᠵᠢᠯ ᠤᠨ ᠴᠢᠳᠠᠪᠤᠷᠢᠲᠠᠨ ᠢ ᠡᠯᠰᠡᠨ ᠤᠷᠢᠬᠤ ᠡᠷᠴᠢᠮ ᠢ ᠨᠡᠮᠡᠭᠳᠡᠭᠦᠯᠵᠦ᠂ ᠨᠡᠷᠡᠲᠦ ᠪᠠᠭᠰᠢ᠂ ᠨᠡᠷᠡᠲᠦ ᠰᠤᠷᠭᠠᠭᠤᠯᠢ ᠶᠢᠨ ᠵᠠᠬᠢᠷᠤᠯ᠂ ᠨᠡᠷᠡᠲᠦ ᠰᠤᠷᠭᠠᠭᠤᠯᠢ ︽ᠭᠤᠷᠪᠠᠨ ᠨᠡᠷᠡᠲᠦ︾ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ︔ ᠰᠤᠷᠭᠠᠭᠤᠯᠢ ᠶᠢᠨ ᠵᠠᠬᠢᠷᠤᠯ ᠢ ᠢᠯᠠ ᠪᠠᠷ ᠰᠤᠩᠭᠤᠨ ᠤᠷᠢᠵᠦ ᠲᠤᠮᠢᠯᠠᠬᠤ ᠳᠦᠷᠢᠮ᠂ ᠲᠤᠰᠢᠶᠠᠯ ᠤᠨ ᠬᠤᠭᠤᠴᠠᠭᠠᠨ ᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ᠂ ᠰᠤᠷᠭᠠᠭᠤᠯᠢ ᠶᠢᠨ ᠵᠠᠬᠢᠷᠤᠯ᠂ ᠪᠠᠭᠰᠢ ᠪᠤᠯᠵᠤ ᠪᠤᠯᠬᠤ ᠪᠠ ᠤᠬᠤᠷᠢᠨ ᠭᠠᠷᠴᠤ ᠪᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠰᠤᠷᠤᠭᠴᠢ ᠡᠯᠰᠡᠬᠦ ᠰᠢᠯᠭᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ᠂ ᠠᠳᠠᠯᠢ ᠬᠤᠲᠠᠨ ᠳᠤ ᠠᠳᠠᠯᠢ ᠲᠡᠭᠰᠢ ᠪᠠᠷ ᠰᠤᠷᠭᠠᠭᠤᠯᠢ ᠳᠤ ᠣᠷᠣᠬᠤ ᠬᠡᠦᠬᠡᠳ ᠤᠨ ᠴᠡᠴᠡᠷᠯᠢᠭ ᠲᠤ ᠣᠷᠣᠬᠤ ᠲᠦᠷᠦ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠎ᠠ︔ ᠬᠡᠰᠡᠭ ᠰᠤᠷᠭᠠᠭᠤᠯᠢ ᠳᠤ ᠰᠤᠷᠤᠯᠴᠠᠬᠤ ᠱᠠᠲᠤᠨ ᠤ ᠨᠡᠪᠲᠡᠷᠡᠭᠦᠯᠦᠨ ᠬᠥᠮᠦᠵᠢᠭᠦᠯᠬᠦ ᠵᠠᠭᠪᠤᠷ ᠢ ᠬᠡᠷᠡᠭᠵᠢᠭᠦᠯᠵᠦ᠂ ᠣᠨᠴᠠ ᠴᠢᠳᠠᠪᠤᠷᠢᠲᠠᠶ ᠰᠤᠷᠤᠭᠴᠢ ᠶᠢ ᠠᠳᠠᠯᠢ ᠰᠢᠰᠲ᠋ᠧᠮ ᠢᠶᠠᠷ ᠨᠢ ᠰᠤᠷᠭᠠᠭᠤᠯᠢ ᠳᠤ ᠳᠡᠪᠰᠢᠭᠦᠯᠬᠦ ᠠᠷᠭ᠎ᠠ ᠶᠢ ᠲᠤᠷᠰᠢᠨ ᠬᠡᠷᠡᠭᠵᠢᠭᠦᠯᠦᠨ᠎ᠡ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠤᠯᠪᠠᠰᠤᠷᠠᠭᠤᠯᠤᠯ ᠤᠨ ᠵᠠᠮ ᠢ ᠦᠷᠭᠡᠳᠬᠡᠨ᠎ᠡ︔ ᠦᠨᠳᠦᠰᠦᠲᠡᠨ ᠤ ᠰᠤᠷᠭᠠᠭᠤᠯᠢ ᠶᠢ ᠣᠷᠣᠨ ᠨᠤᠲᠤᠭ ᠤᠨ ᠣᠨᠴᠠᠯᠢᠭ ᠪᠠ ᠦᠨᠳᠦᠰᠦᠲᠡᠨ ᠤ ᠣᠨᠴᠠᠯᠢᠭ ᠲᠠᠢ ᠡᠷᠬᠢᠯᠡᠬᠦ ᠶᠢ ᠨᠢ ᠵᠤᠷᠢᠭᠵᠢᠭᠤᠯᠤᠨ᠎ᠠ᠃ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠬᠤ ᠶᠢ ᠲᠦᠯᠬᠢᠨ ᠠᠬᠢᠭᠤᠯᠬᠤ ᠲᠠᠯ᠎ᠠ ᠪᠠᠷ᠂ ᠣᠷᠳᠣᠰ ᠬᠤᠲᠠ ᠶᠢᠨ ᠲᠥᠪ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠴᠢᠯᠡᠭᠡ ᠶᠢ ᠨᠢᠭᠡ ᠴᠤᠭᠴᠠᠵᠢᠭᠤᠯᠬᠤ ᠱᠠᠭᠠᠷᠳᠠᠯᠭ᠎ᠠ ᠪᠠᠷ᠂ ᠬᠢᠶᠠ ᠪᠠᠭᠰᠢ ᠰᠢᠨ᠎ᠡ ᠲᠣᠭᠤᠷᠢᠭ᠂ ᠡᠵᠡᠨ ᠬᠤᠷᠤᠭ᠎ᠠ ᠬᠤᠰᠢᠭᠤ ᠯᠤᠭ᠎ᠠ ᠶᠢᠨ ᠰᠤᠷᠭᠠᠨ ᠬᠥᠮᠦᠵᠢᠯ ᠤᠨ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠲᠥᠪ ᠲᠣᠭᠤᠷᠢᠭ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠦᠷ᠎ᠡ ᠠᠰᠢᠭ ᠢ ᠬᠠᠮᠤᠭ ᠤᠨ ᠶᠡᠭᠡ ᠪᠠᠷ ᠪᠠᠳᠠᠷᠠᠭᠤᠯᠤᠨ᠎ᠠ︔ ︽ᠬᠥᠬᠡᠬᠤᠲᠠ ᠪᠤᠭᠤᠲᠤ ᠤᠷᠳᠤᠰ ︾ ᠬᠠᠮᠵᠢᠯᠴᠠᠨ ᠬᠦᠭᠵᠢᠬᠦ ᠳᠤ ᠰᠠᠭᠤᠷᠢᠯᠠᠵᠤ᠂ ᠰᠤᠷᠭᠠᠨ ᠬᠥᠮᠦᠵᠢᠯ ᠤᠨ ᠤᠯᠠᠨ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠦᠷᠨᠢᠭᠦᠯᠦᠨ᠎ᠡ︔ ᠪᠤᠭᠤᠲᠤ ᠬᠤᠲᠠ ᠶᠢᠨ ᠴᠢᠩᠱᠠᠨ ᠲᠣᠭᠤᠷᠢᠭ᠂ ᠴᠦᠩᠴᠢᠩ ᠬᠤᠲᠠ ᠶᠢᠨ ᠱᠠ ᠫᠢᠩ ᠪᠠ ᠲᠣᠭᠤᠷᠢᠭ᠂ ᠦᠷᠦᠮᠴᠢ ᠬᠤᠲᠠ ᠶᠢᠨ ᠰᠠᠶᠢᠪᠠᠭ ᠲᠣᠭᠤᠷᠢᠭ ᠵᠢᠴᠢ ᠰᠢᠶᠠᠩᠭᠠᠩ ᠣᠣᠮᠧᠨ ᠲᠠᠶᠢᠸᠠᠨ ᠯᠤᠭ᠎ᠠ ᠶᠢᠨ ᠰᠤᠷᠭᠠᠨ ᠬᠥᠮᠦᠵᠢᠯ ᠤᠨ ᠰᠤᠯᠢᠯᠴᠠᠭ᠎ᠠ ᠪᠠᠨ ᠦᠷᠭᠡᠳᠬᠡᠵᠦ᠂ ᠬᠠᠮᠲᠤ ᠪᠠᠷ ᠠᠰᠢᠭ ᠬᠦᠷᠲᠡᠨ ᠬᠦᠭᠵᠢᠬᠦ ᠪᠠᠷ ᠴᠢᠷᠮᠠᠶᠢᠨ᠎ᠠ᠃ ᠬᠥᠲᠥᠯᠥᠭᠴᠢ᠄        ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠲᠠᠯ᠎ᠠ ᠪᠠᠷ ᠡᠷᠡᠰ ᠰᠢᠭᠤᠷᠬᠠᠢ ᠤᠷᠤᠭᠰᠢᠯᠠᠵᠤ ᠪᠠᠶᠢᠭ᠎ᠠ ᠪᠠᠶᠢᠳᠠᠯ ᠢ ᠤᠯᠵᠤ ᠮᠡᠳᠡᠯ᠎ᠡ᠃ ᠮᠢᠨᠦ ᠪᠣᠳᠣᠬᠤ ᠪᠠᠷ᠂ ᠰᠦᠯᠵᠢᠶᠡᠨ ᠤ ᠠᠨᠳᠠ ᠨᠠᠷ ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠤᠨ ᠢᠷᠡᠭᠡᠳᠦᠶ ᠶᠢᠨ ᠲᠥᠯᠥᠪᠵᠢᠭᠦᠯᠭᠡ ᠪᠠ ᠬᠥᠭᠵᠢᠯᠲᠡ ᠶᠢᠨ ᠬᠠᠷᠠᠯᠲᠠ ᠶᠢ ᠨᠡᠩ ᠢᠯᠡᠭᠦᠦ ᠮᠡᠳᠡᠵᠦ ᠠᠪᠤᠶ᠎ᠠ ᠭᠡᠵᠦ ᠪᠣᠳᠣᠵᠤ ᠪᠠᠶᠢᠬ᠎ᠠ᠂ ᠤᠴᠢᠷ ᠨᠢ ᠡᠨᠡ ᠨᠢ ᠬᠡᠤᠬᠡᠳ ᠤᠳ ᠤᠨ ᠰᠤᠷᠭᠠᠭᠤᠯᠢ ᠳᠤ ᠣᠷᠣᠬᠤ ᠠᠰᠠᠭᠤᠳᠠᠯ ᠲᠠᠢ ᠬᠤᠯᠪᠣᠭᠳᠠᠵᠤ ᠪᠠᠶᠢᠳᠠᠭ᠃ ᠯᠢ ᠳᠠᠷᠤᠭ᠎ᠠ ᠲᠠ ᠪᠦᠬᠦᠯᠢ ᠴᠤᠭᠴᠠ ᠪᠠᠷ ᠨᠢ ᠲᠠᠨᠢᠯᠴᠠᠭᠤᠯᠵᠤ ᠦᠭᠭᠦᠨᠡᠦ︖ ᠯᠢ ᠶᠦᠨ᠄        ᠳ᠋ᠦᠩᠱᠧᠩ ᠲᠣᠭᠤᠷᠢᠭ ᠰᠤᠷᠭᠠᠨ ᠬᠥᠮᠦᠵᠢᠯ ᠤᠨ ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ 41 ᠳᠤᠮᠳᠠᠳᠤ ᠰᠤᠷᠭᠠᠭᠤᠯᠢ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ᠦᠭᠡᠷᠴᠢᠯᠡᠵᠦ ᠦᠷᠭᠡᠳᠬᠡᠨ ᠪᠠᠶᠢᠭᠤᠯᠬᠤ ᠪᠠᠷ ᠲᠦᠯᠦᠪᠯᠡᠵᠦ ᠪᠠᠶᠢᠨ᠎ᠠ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠷᠭᠡᠳᠬᠡᠨ ᠬᠥᠭᠵᠢᠭᠦᠯᠵᠦ᠂ ᠴᠡᠴᠡᠷᠯᠢᠭ ᠲᠤ ᠤᠷᠤᠬᠤ ᠲᠦᠷᠦ ᠶᠢᠨ ᠪᠤᠳᠤᠯᠭ᠎ᠠ ᠶᠢ ᠭᠠᠷᠳᠠᠨ ᠲᠤᠬᠢᠷᠠᠭᠤᠯᠵᠤ᠂ ︽ᠤᠷᠤᠨ ᠰᠠᠭᠤᠴᠠ ᠲᠠᠢ ᠪᠠᠶᠢᠭᠠᠳ ᠳ᠋ᠦᠩᠱᠧᠩ ᠤᠨ ᠡᠷᠦᠬᠡ ᠠᠮᠠ ᠶᠢᠨ ᠳᠠᠩᠰᠠ ᠦᠭᠡᠢ ᠬᠡᠦᠬᠡᠳ︾ ᠵᠡᠷᠭᠡ ᠬᠡᠦᠬᠡᠳ ᠤᠨ ᠴᠡᠴᠡᠷᠯᠢᠭ ᠲᠤ ᠣᠷᠣᠬᠤ ᠳᠤ ᠠᠳᠠᠯᠢ ᠬᠠᠷᠠᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢ ᠦᠷᠬᠦᠯᠵᠢᠯᠡᠨ ᠬᠡᠷᠡᠭᠵᠢᠭᠦᠯᠵᠦ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠨᠡᠶᠢᠳᠡᠮ ᠠᠰᠢᠭ ᠬᠦᠷᠲᠡᠭᠡᠬᠦ ᠲᠡᠩᠴᠡᠭᠦᠷᠢᠲᠦ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ︽ᠤᠨᠴᠠᠯᠢᠬᠲᠤ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢ ᠳᠡᠭᠡᠭᠰᠢᠯᠡᠭᠦᠯᠬᠦ ᠢᠨᠵᠧᠨᠧᠷᠢᠩ︾ ᠢ ᠡᠬᠢᠯᠡᠭᠦᠯᠵᠦ᠂ ᠰᠤᠷᠭᠠᠭᠤᠯᠢ ᠶᠢᠨ ᠵᠦᠷᠢᠶᠡᠲᠤ ᠬᠦᠭᠵᠢᠯᠲᠡ᠂ ᠤᠨᠴᠠᠯᠢᠭᠲᠤ ᠬᠦᠭᠵᠢᠯᠲᠡ ᠪᠠ ᠨᠡᠷᠡᠳᠤ ᠲᠡᠮᠳᠡᠭᠲᠦ ᠬᠦᠭᠵᠢᠯᠲᠡ ᠶᠢ ᠠᠬᠢᠭᠤᠯᠤᠨ᠎ᠠ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ᠣᠨᠴᠠᠯᠢᠭ ᠪᠦᠬᠦᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠤᠷᠤᠭᠴᠢᠳ ᠲᠤ ᠣᠨᠴᠠᠯᠢᠭ ᠪᠦᠬᠦᠢ᠂ ᠤᠯᠠᠨ ᠶᠠᠩᠵᠤ᠂ ᠪᠦᠬᠦ ᠲᠠᠯ᠎ᠠ ᠶᠢᠨ ᠬᠦᠭᠵᠢᠯᠲᠡ ᠶᠢ ᠤᠯᠭᠤᠨ᠎ᠠ︔ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠢᠴᠢᠶᠡᠯ᠂ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠶᠢ ᠲᠤᠬᠢᠷᠠᠭᠤᠯᠵᠤ᠂ ︽ᠬᠤᠤᠰ ᠬᠢᠷᠢ ᠬᠡᠮ ᠲᠠᠢ ᠪᠠᠭᠰᠢ ᠶᠢᠨ ᠬᠡᠯᠪᠡᠷᠢ︾ ᠶᠢᠨ ᠪᠠᠭᠰᠢ ᠶᠢᠨ ᠬᠠᠷᠢᠴᠠᠯ ᠢ ᠨᠡᠮᠡᠭᠳᠡᠭᠦᠯᠵᠦ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠨ᠂ ︽ᠵᠠᠬᠢᠶᠠᠯᠠᠭ᠎ᠠ ᠶᠢᠨ ᠬᠡᠯᠪᠡᠷᠢ ᠶᠢᠨ ᠬᠦᠮᠦᠵᠢᠭᠦᠯᠦᠯ︾ ᠤᠨ ᠰᠢᠰᠲ᠋ᠧᠮ ᠢ ᠪᠠᠶᠢᠭᠤᠯᠤᠨ ᠴᠢᠩᠭᠠᠳᠬᠠᠵᠤ᠂ ᠰᠣᠳᠣᠨ ᠲᠤᠰᠬᠠᠶ ᠮᠡᠷᠭᠡᠵᠢᠯ ᠢ ᠪᠤᠢ ᠪᠤᠯᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠨᠡᠶᠢᠴᠡᠬᠦ ᠲᠤᠰᠬᠠᠶ ᠮᠡᠷᠭᠡᠵᠢᠯ ᠤᠨ ᠬᠡᠯᠪᠡᠷᠢ᠂ ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠢ ᠬᠦᠮᠦᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠨᠥᠬᠦᠴᠡᠯ ᠢ ᠤᠷᠢᠳᠠᠪᠠᠷ ᠪᠠᠲᠤᠯᠠᠬᠤ ᠪᠠ ᠰᠠᠶᠢᠵᠢᠷᠠᠭᠤᠯᠵᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠤ ᠰᠤᠷᠭᠠᠭᠤᠯᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠲᠤ ᠤᠷᠬᠦᠯᠵᠢᠯᠡᠨ ᠠᠮᠢᠳᠤᠷᠠᠯ ᠤᠨ ᠨᠥᠬᠦᠪᠥᠷᠢ ᠤᠯᠭᠤᠨ᠎ᠠ᠃ ᠰᠤᠷᠭᠠᠭᠤᠯᠢ ᠶᠢᠨ ᠰᠤᠷᠭᠠᠨ ᠬᠦᠮᠦᠵᠢᠯ ᠢᠶᠠᠷ ᠭᠤᠣᠯ ᠪᠣᠯᠭᠠᠭᠰᠠᠨ᠂ ᠭᠡᠷ ᠪᠦᠯᠢ ᠶᠢᠨ ᠬᠦᠮᠦᠵᠢᠯ ᠢᠶᠠᠷ ᠬᠤᠯᠪᠣᠭ᠎ᠠ ᠪᠤᠯᠭᠠᠭᠰᠠᠨ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠢᠶᠠᠷ ᠨᠥᠬᠦᠪᠥᠷᠢ ᠪᠤᠯᠭᠠᠭᠰᠠᠨ᠂ ᠤᠯᠠᠨ ᠤᠯᠤᠰ ᠤᠨ ᠰᠤᠷᠭᠠᠨ ᠬᠥᠮᠦᠵᠢᠯ ᠢᠶᠠᠷ ᠦᠷᠭᠡᠳᠬᠡᠯ ᠪᠤᠯᠭᠠᠭᠰᠠᠨ᠂ ᠬᠡᠪᠴᠢᠶ᠎ᠡ ᠨᠢ ᠲᠤᠬᠢᠲᠠᠢ᠂ ᠪᠦᠲᠦᠴᠡ ᠨᠢ ᠵᠣᠬᠢᠰᠲᠠᠶ᠂ ᠭᠤᠯᠳᠤ ᠵᠤᠯᠭᠠᠭᠤᠯᠤᠯᠲᠠ ᠲᠠᠢ᠂ ᠬᠥᠨᠳᠡᠯᠡᠨ ᠨᠡᠪᠲᠡᠷᠡᠯ ᠲᠠᠢ ᠤᠳᠤ ᠦᠢᠶ᠎ᠡ ᠶᠢᠨ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠰᠤᠷᠭᠠᠨ ᠬᠥᠮᠦᠵᠢᠯ ᠢ ᠴᠢᠨᠠᠷ ᠰᠠᠶᠢᠲᠠᠶ ᠲᠡᠩᠴᠡᠭᠦᠷᠢᠲᠡᠶ ᠬᠦᠭᠵᠢᠭᠦᠯᠬᠦ ᠶᠢ ᠠᠬᠢᠭᠤᠯᠵᠤ᠂ ᠠᠷᠠᠳ ᠣᠯᠠᠨ ᠳᠤ ᠴᠢᠨᠠᠷ ᠰᠠᠶᠢᠲᠠᠶ᠂ ᠰᠤᠩᠭᠤᠯᠲᠠ ᠲᠠᠢ ᠰᠤᠷᠭᠠᠨ ᠬᠦᠮᠦᠵᠢᠯ ᠤᠨ ᠦᠢᠯᠡᠴᠢᠯᠡᠭᠡ ᠬᠦᠷᠲᠡᠭᠡᠨ᠎ᠡ᠃ ᠬᠥᠲᠥᠯᠥᠭᠴᠢ᠄        ᠵᠠ ᠰᠡᠶᠢᠠ ᠪᠤᠯᠤᠯ᠎ᠠ᠂ ᠯᠢ ᠳᠠᠷᠤᠭ᠎ᠠ ᠶᠢᠨ ︽ᠳᠤᠮᠳᠠᠳᠤ ᠤᠯᠤᠰ ᠥᠪᠥᠷ ᠮᠣᠩᠭᠤᠯ ᠤᠨ ᠰᠦᠯᠵᠢᠶ᠎ᠡ︾ ᠶᠢᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠫᠷᠦᠭᠷᠡᠮ ᠳᠤ ᠤᠷᠤᠯᠴᠠᠭᠰᠠᠨ ᠳᠤ ᠲᠠᠯᠠᠷᠬᠠᠵᠤ ᠪᠠᠶᠢᠨ᠎ᠠ᠃ ᠪᠢᠲᠡ ᠪᠠᠰᠠ ᠳ᠋ᠦᠩᠱᠧᠩ ᠲᠣᠭᠤᠷᠢᠭ ᠰᠤᠷᠭᠠᠨ ᠬᠥᠮᠦᠵᠢᠯ ᠤᠨ ᠤᠯᠠᠮ ᠠᠴᠠ ᠤᠯᠠᠮ ᠰᠠᠶᠢᠨ ᠡᠷᠬᠢᠯᠡᠵᠦ᠂ ᠨᠡᠩ ᠤᠯᠠᠨ ᠬᠡᠤᠬᠡᠳ ᠢ ᠴᠢᠨᠠᠷ ᠰᠠᠶᠢᠲᠠᠶ ᠰᠤᠷᠭᠠᠨ ᠬᠥᠮᠦᠵᠢᠯ ᠤᠨ ᠬᠠᠮᠠᠭᠠᠯᠠᠯ ᠬᠥᠮᠦᠵᠢᠯ ᠳᠣᠣᠷ᠎ᠠ ᠢᠳᠡᠷᠡᠭᠦᠨ ᠢᠶᠠᠷ ᠦᠰᠦᠨ ᠪᠤᠶᠢᠵᠢᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠦ ᠦᠵᠡᠭᠰᠡᠨ ᠳᠤ ᠲᠠᠯᠠᠷᠬᠠᠯ᠎ᠠ᠂ ᠳᠠᠷᠠᠭᠠᠴᠢ ᠶᠢᠨ ᠬᠤᠭᠤᠴᠠᠭᠠᠨ ᠤ ᠫᠷᠦᠭᠷᠡᠮ ᠳᠤ ᠪᠠᠶᠠᠷᠲᠠᠢ ᠵᠤᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号