ᠲᠢᠶᠧ ᠨᠠᠨ ᠨᠡᠶᠢᠭᠡᠮ ᠳᠤᠭᠤᠷᠢᠭ ᠦᠨᠳᠦᠷ ᠨᠠᠰᠤᠳᠠᠳ ᠢ ᠬᠠᠯᠠᠮᠵᠢᠯᠠᠬᠤ ᠠᠵᠢᠯᠯᠠᠭᠠᠨ ᠦᠷᠨᠢᠭᠦᠯᠵᠡᠢ
ᠨᠡᠶᠢᠲᠡᠯᠡᠭᠰᠡᠨ ᠴᠠᠭ᠄
2017-11-22
       ᠤᠢᠢᠷ᠎ᠠ ᠳᠤ᠂ ᠬᠤᠩ ᠱᠠᠨ ᠳᠤᠭᠤᠷᠢᠭ ᠤᠨ ᠲᠢᠶᠧ ᠨᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠢᠶᠧ ᠨᠠᠨ ᠨᠡᠶᠢᠭᠡᠮ ᠳᠤᠭᠤᠷᠢᠭ 80 ᠨᠠᠰᠤᠨ ᠠᠴᠠ ᠳᠡᠭᠡᠭᠰᠢᠬᠢ ᠨᠠᠰᠤᠳᠠᠶᠢᠴᠤᠳ ᠢ ᠬᠠᠯᠠᠮᠵᠢᠯᠠᠵᠤ᠂ ᠦᠨᠳᠦᠷ ᠨᠠᠰᠤᠨ ᠤ ᠨᠦᠬᠦᠪᠦᠷᠢ ᠳᠠᠷᠬᠠᠭᠠᠨ ᠦᠭᠴᠠᠢ᠃ ᠳᠤᠰ ᠨᠡᠶᠢᠭᠡᠮ ᠳᠤᠭᠤᠷᠢᠭ ᠤᠨ ᠠᠩᠬᠠᠳᠠᠭᠴᠢ ᠪᠦᠯᠦᠭ ᠦᠨᠳᠦᠷ ᠨᠠᠰᠤᠨ ᠤ ᠨᠦᠬᠦᠪᠦᠷᠢ ᠶᠢ ᠡᠷᠡᠮᠡᠯᠵᠡᠭᠰᠡᠨ 70 ᠭᠠᠷᠤᠢ ᠬᠦᠮᠦᠨ ᠴᠦᠮ ᠵᠦᠪᠰᠢᠶᠡᠷᠡᠭᠳᠡᠵᠦ᠂ ᠨᠡᠶᠢᠭᠡᠮ ᠳᠤᠭᠤᠷᠢᠭ ᠤᠨ ᠠᠵᠢᠯᠳᠠᠨ ᠠᠴᠠ ᠨᠠᠰᠤᠳᠠᠶᠢᠴᠤᠳ ᠲᠤ ᠨᠦᠬᠦᠪᠦᠷᠢ ᠮᠦᠩᠭᠦ ᠤᠯᠬᠤ ᠪᠠᠩᠬᠢ ᠶᠢᠨ ᠺᠠᠷᠲ ᠤᠨ ᠭᠠᠷᠳᠠᠮ ᠢ ᠶᠠᠭᠠᠷᠠᠯᠳᠠᠢ ᠭᠦᠢᠴᠡᠳᠭᠡᠵᠦ᠂ ᠬᠦᠮᠦᠨ ᠪᠦᠷᠢ ᠶᠢᠨ ᠰᠠᠷ᠎ᠠ ᠪᠦᠷᠢ ᠶᠢᠨ 100 ᠳᠦᠭᠦᠷᠢᠭ ᠤᠨ ᠬᠠᠯᠠᠮᠵᠢᠯᠠᠯ ᠤᠨ ᠵᠤᠭᠤᠰ ᠢ ᠨᠢ ᠭᠠᠷᠳᠠᠭᠤᠯᠵᠠᠢ᠃        ᠨᠠᠰᠤᠳᠠᠶᠢᠴᠤᠳ ᠲᠤ ᠡᠨᠡᠬᠦ ᠬᠠᠯᠠᠮᠵᠢᠯᠠᠯ ᠤᠨ ᠮᠦᠩᠭᠦ ᠶᠢ ᠴᠠᠭ ᠳᠠᠷᠤᠢ ᠳᠤᠨᠢ ᠤᠯᠭᠤᠬᠤ ᠶᠢ ᠪᠠᠳᠤᠯᠠᠬᠤ ᠶᠢᠨ ᠳᠦᠯᠦᠭᠡ ᠲᠶ᠋ᠶᠧ ᠨᠠᠨ ᠨᠡᠶᠢᠭᠡᠮ ᠳᠤᠭᠤᠷᠢᠭ ᠨᠢ ᠸᠢᠴᠠᠲ ᠢᠶᠠᠷ ᠳᠠᠮᠵᠢᠭᠤᠯᠬᠤ ᠬᠡᠯᠪᠡᠷᠢ ᠪᠠᠷ ᠦᠷᠭᠡᠨ ᠤᠬᠠᠭᠤᠯᠤᠭᠰᠠᠨ ᠪᠠᠶᠢᠨ᠎ᠠ᠃ ᠡᠨᠡᠬᠦ ᠶᠠᠪᠤᠴᠠ ᠳᠤ ᠨᠡᠶᠢᠭᠡᠮ ᠳᠤᠭᠤᠷᠢᠭ ᠤᠨ ᠠᠵᠢᠯᠳᠠᠳ ᠰᠠᠭᠤᠭᠠᠯᠢ ᠳᠤᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠢᠯᠳᠠᠳ ᠪᠠ ᠤᠰᠤ ᠴᠠᠬᠢᠯᠭᠠᠨ ᠤ ᠰᠦᠢᠳᠭᠡᠯ ᠬᠤᠷᠢᠶᠠᠭᠴᠢ ᠪᠠᠷ ᠬᠠᠷᠢᠯᠴᠠᠭᠤᠯᠬᠤ ᠵᠡᠷᠭᠡ ᠤᠯᠠᠨ ᠠᠷᠭ᠎ᠠ ᠪᠠᠷᠢᠯ ᠢᠶᠠᠷ ᠳᠠᠮᠵᠢᠭᠤᠯᠤᠨ ᠡᠨᠡᠬᠦ ᠠᠷᠠᠳ ᠤᠯᠠᠨ ᠳᠤ ᠠᠰᠢᠭ ᠬᠦᠷᠳᠡᠭᠡᠬᠦ ᠠᠵᠢᠯ ᠢ ᠨᠦᠬᠦᠪᠦᠷᠢ ᠡᠷᠡᠮᠡᠯᠵᠡᠭᠰᠡᠨ ᠨᠠᠰᠤᠳᠠᠨ ᠪᠤᠯᠭᠠᠨ ᠳᠤ ᠨᠠᠶᠢᠳᠠᠪᠤᠷᠢᠵᠢᠭᠤᠯᠬᠤ ᠶᠢ ᠪᠠᠳᠤᠯᠠᠭᠰᠠᠨ ᠪᠠᠶᠢᠨ᠎ᠠ᠃        ᠤᠢᠢᠯᠠᠭᠠᠭᠰᠠᠨ ᠢᠶᠠᠷ᠂ ᠲᠢᠶᠧ ᠨᠠᠨ ᠨᠡᠶᠢᠭᠡᠮ ᠳᠤᠭᠤᠷᠢᠭ ᠨᠢ ᠠᠩᠬᠠᠳᠠᠭᠴᠢ ᠪᠦᠯᠦᠭ ᠦᠨᠳᠦᠷ ᠨᠠᠰᠤᠨ ᠤ ᠨᠦᠬᠦᠪᠦᠷᠢ ᠶᠢ ᠡᠷᠡᠮᠡᠯᠵᠡᠭᠰᠡᠨ ᠬᠦᠮᠦᠰ ᠤᠨ ᠨᠦᠬᠦᠪᠦᠷᠢ ᠶᠢᠨ ᠮᠦᠩᠭᠦ ᠶᠢ ᠭᠠᠷᠳᠠᠭᠤᠯᠬᠤ ᠠᠵᠢᠯ ᠢ ᠰᠠᠶᠢᠳᠤᠷ ᠬᠢᠭᠰᠡᠨ ᠰᠠᠭᠤᠷᠢᠨ ᠳᠡᠭᠡᠷ᠎ᠡ ᠬᠤᠶᠠᠳᠤᠭᠠᠷ ᠪᠦᠯᠦᠭ ᠢ ᠡᠷᠡᠮᠡᠯᠵᠡᠬᠦ ᠠᠵᠢᠯ ᠢ ᠨᠡᠩ ᠰᠠᠶᠢᠳᠤᠷ ᠬᠢᠬᠦ ᠪᠠᠷ ᠴᠢᠷᠮᠠᠶᠢᠵᠤ ᠪᠤᠢ᠃
 
ᠢᠷᠡᠯᠲᠡ᠄ ᠤᠯᠠᠭᠠᠨᠬᠠᠳᠠ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号