ᠵᠡᠭᠦᠨ ᠬᠤᠲᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠤᠲᠠ ᠶᠢᠨ ᠳᠦᠷᠢ ᠳᠦᠷᠬᠦ ᠶᠢ ᠰᠠᠶᠢᠵᠢᠷᠠᠭᠤᠯᠬᠤ ᠲᠤᠰᠬᠠᠢ ᠠᠵᠢᠯᠯᠠᠭᠠᠨ ᠦᠷᠨᠢᠭᠦᠯᠪᠡ
ᠨᠡᠶᠢᠲᠡᠯᠡᠭᠰᠡᠨ ᠴᠠᠭ᠄
2017-11-07
       ᠤᠶᠢᠷ᠎ᠠ ᠶᠢᠨ ᠡᠳᠦᠷ᠂ ᠤᠯᠠᠭᠠᠨᠬᠠᠳᠠ ᠬᠤᠲᠠ ᠶᠢᠨ ᠤᠯᠤᠰ ᠤᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠦᠯᠦᠭᠡ᠂ ᠬᠤᠩ ᠱᠠᠨ ᠲᠤᠭᠤᠷᠢᠭ ᠤᠨ ᠵᠡᠭᠦᠨ ᠬᠤᠲᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠤᠲᠠ ᠶᠢᠨ ᠦᠵᠡᠮᠵᠢ ᠬᠤᠲᠠ ᠶᠢᠨ ᠳᠦᠷᠢ ᠳᠦᠷᠬᠦ ᠶᠢ ᠰᠠᠶᠢᠵᠢᠷᠠᠭᠤᠯᠬᠤ ᠲᠤᠰᠬᠠᠢ ᠠᠵᠢᠯᠯᠠᠭᠠᠨ ᠦᠷᠨᠢᠭᠦᠯᠵᠦ᠂ ᠴᠡᠪᠡᠷ ᠲᠡᠭᠰᠢ᠂ ᠡᠮᠬᠢ ᠵᠢᠷᠦᠮ ᠲᠠᠢ᠂ ᠭᠤᠶᠤ ᠰᠠᠶᠢᠬᠠᠨ ᠬᠤᠲᠠ ᠬᠦᠳᠡᠭᠡ ᠶᠢᠨ ᠤᠷᠴᠢᠨ ᠲᠤᠭᠤᠷᠢᠨ ᠢ ᠪᠦᠬᠦ ᠬᠦᠴᠦᠨ ᠢᠶᠠᠷ ᠪᠠᠶᠢᠭᠤᠯᠬᠤ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠵᠠᠢ᠃        ᠵᠡᠭᠦᠨ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠨᠢ ᠵᠡᠭᠡᠯᠢ ᠭᠤᠳᠤᠮᠵᠢ ᠵᠠᠮ ᠤᠨ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠲᠤᠭᠲᠠᠭᠰᠠᠨ ᠴᠠᠭ ᠲᠤ ᠲᠤᠭᠲᠠᠭᠰᠠᠨ ᠭᠠᠵᠠᠷ ᠢ ᠴᠠᠭᠳᠠᠨ ᠪᠠᠶᠢᠴᠠᠭᠠᠵᠤ᠂ ᠵᠠᠮ ᠤᠨ ᠬᠤᠶᠠᠷ ᠬᠠᠵᠠᠭᠤ ᠶᠢᠨ ᠳᠡᠯᠭᠡᠭᠦᠷ ᠤᠨ ᠵᠠᠮ ᠳᠡᠭᠡᠷ᠎ᠡ ᠳᠤᠷ᠎ᠠ ᠪᠠᠷ ᠢᠶᠠᠨ ᠡᠳ᠋ ᠪᠤᠳᠠᠰ ᠤᠪᠤᠭᠠᠯᠠᠨ ᠲᠠᠯᠪᠢᠭᠰᠠᠨ 90 ᠭᠠᠷᠤᠢ ᠬᠡᠷᠡᠭ ᠢ ᠰᠢᠢᠳᠪᠦᠷᠢᠯᠡᠵᠦ᠂ ᠪᠠᠷᠢᠯᠭ᠎ᠠ᠂ ᠡᠭᠦᠳᠡ ᠴᠤᠩᠬᠤᠨ ᠳᠡᠭᠡᠷ᠎ᠡ ᠨᠠᠭᠠᠭᠰᠠᠨ 76 ᠵᠠᠷ ᠪᠠ ᠭᠡᠷ ᠤᠨ ᠭᠠᠳᠠᠨᠠᠬᠢ ᠳ᠋ᠧᠩ ᠤᠨ 28 ᠬᠠᠶᠢᠷᠴᠠᠭ ᠢ ᠠᠷᠢᠯᠭᠠᠨ ᠴᠡᠪᠡᠷᠯᠡᠵᠦ᠂ ᠵᠠᠮ ᠢ ᠡᠵᠡᠯᠡᠨ ᠡᠵᠡᠩᠨᠡᠯᠲᠡ ᠬᠢᠬᠦ 65 ᠬᠡᠷᠡᠭ ᠪᠠ ᠳᠤᠷ᠎ᠠ ᠪᠠᠷ ᠢᠶᠠᠨ ᠡᠵᠡᠩᠨᠡᠯᠲᠡ ᠬᠢᠭᠰᠡᠨ ᠲᠡᠨᠦᠭᠦᠯ ᠬᠤᠳᠠᠯᠳᠤᠭᠠᠴᠢᠨ ᠢ 30 ᠭᠠᠷᠤᠢ ᠤᠳᠠᠭ᠎ᠠ ᠪᠠᠶᠢᠴᠠᠭᠠᠨ ᠰᠢᠳᠬᠡᠪᠡ᠃        ᠵᠡᠭᠦᠨ ᠬᠤᠲᠠ ᠵᠡᠭᠡᠯᠢ ᠭᠤᠳᠤᠮᠵᠢ ᠶᠢᠨ ᠬᠤᠲᠠ ᠶᠢᠨ ᠬᠠᠮᠢᠶᠠᠷᠤᠯᠲᠠ ᠶᠢᠨ ᠶᠡᠭᠡ ᠠᠩᠭᠢ ᠬᠤᠩ ᠴᠢ ᠵᠠᠮ᠂ ᠬᠤᠩ ᠹᠧᠩ ᠵᠠᠮ ᠤᠨ ᠵᠠᠬ᠎ᠠ ᠳᠡᠯᠭᠡᠭᠦᠷ ᠵᠢᠴᠢ ᠤᠶᠢᠷ᠎ᠠ ᠬᠠᠪᠢ ᠪᠠᠷ ᠪᠠᠶᠢᠴᠠᠭᠠᠯᠲᠠ ᠬᠢᠬᠦ ᠡᠷᠴᠢᠮ ᠢᠶᠠᠨ ᠴᠢᠩᠭᠠᠷᠠᠭᠤᠯᠵᠤ᠂ ᠲᠤᠬᠠᠢ ᠶᠢᠨ ᠲᠠᠯᠠᠪᠤᠷ ᠲᠤ ᠵᠠᠮ ᠡᠵᠡᠯᠡᠨ ᠡᠵᠡᠩᠨᠡᠯᠲᠡ ᠬᠢᠬᠦ ᠠᠵᠢᠯᠯᠠᠭ᠎ᠠ ᠶᠢ ᠳᠦᠷᠢᠮᠵᠢᠭᠦᠯᠵᠦ᠂ ᠲᠡᠨᠦᠭᠦᠯ ᠬᠤᠳᠠᠯᠳᠤᠭᠠᠴᠢᠨ ᠢ ᠲᠦᠷ ᠴᠠᠭ ᠤᠨ ᠵᠠᠬ᠎ᠠ ᠳᠡᠯᠭᠡᠭᠦᠷ ᠲᠤ ᠲᠤᠬᠢᠷᠠᠭᠤᠯᠤᠨ᠂ ᠬᠠᠤᠯᠢ ᠳᠦᠷᠢᠮ ᠢ ᠵᠦᠷᠢᠴᠡᠨ ᠡᠵᠡᠩᠨᠡᠯᠲᠡ ᠬᠢᠭᠰᠡᠨ ᠠᠵᠢᠯᠯᠠᠭ᠎ᠠ ᠶᠢ ᠨᠢᠭᠡ ᠶᠢ ᠢᠯᠡᠷᠡᠭᠦᠯᠪᠡᠯ ᠨᠢᠭᠡ ᠶᠢ ᠰᠢᠳᠬᠡᠵᠦ᠂ ᠬᠤᠲᠠ ᠶᠢᠨ ᠳᠦᠷᠢ ᠳᠦᠷᠬᠦ ᠶᠢ ᠰᠠᠶᠢᠵᠢᠷᠠᠭᠤᠯᠬᠤ ᠲᠤᠰᠬᠠᠢ ᠠᠵᠢᠯᠯᠠᠭᠠᠨ ᠤ ᠦᠷ᠎ᠡ ᠪᠦᠲᠦᠮᠵᠢ ᠶᠢ ᠪᠠᠲᠤᠯᠠᠵᠠᠢ᠃        ᠸᠧᠢ ᠰᠢᠩ ᠵᠠᠮ ᠤᠨ ᠬᠤᠶᠠᠷ ᠬᠠᠵᠠᠭᠤ ᠪᠠᠷ ᠤᠪᠤᠭᠠᠯᠠᠭᠰᠠᠨ ᠪᠠᠷᠢᠯᠭ᠎ᠠ ᠶᠢᠨ ᠮᠠᠲ᠋ᠧᠷᠢᠶᠠᠯ᠂ ᠬᠠᠭᠤᠴᠢᠨ ᠲᠡᠷᠭᠡᠨ ᠬᠦᠷᠳᠦ᠂ ᠬᠠᠶᠠᠭᠳᠠᠮᠠᠯ ᠪᠤᠳᠠᠰ ᠤᠶᠢᠷ᠎ᠠ ᠬᠠᠪᠢ ᠶᠢᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠶᠡᠬᠡᠪᠡᠷ ᠨᠦᠯᠦᠭᠡᠯᠡᠵᠦ ᠪᠠᠶᠢᠭ᠎ᠠ ᠳᠤ ᠴᠢᠭᠯᠡᠭᠦᠯᠦᠨ᠂ ᠬᠠᠭᠤᠴᠢᠨ ᠬᠦᠷᠳᠦ᠂ ᠴᠢᠯᠠᠭᠤᠨ ᠮᠠᠲ᠋ᠧᠷᠢᠶᠠᠯ᠂ ᠬᠠᠶᠠᠭᠳᠠᠮᠠᠯ ᠪᠤᠳᠠᠰ ᠤᠳ ᠢ ᠪᠦᠬᠦᠨ ᠢ ᠠᠷᠢᠯᠭᠠᠨ ᠰᠢᠯᠵᠢᠭᠦᠯᠬᠦ ᠶᠢ ᠱᠠᠭᠠᠷᠳᠠᠭᠰᠠᠨ ᠤ ᠬᠠᠮᠲᠤ ᠴᠡᠪᠡᠷᠯᠡᠭᠴᠢ ᠲᠤᠬᠢᠷᠠᠭᠤᠯᠵᠠᠢ᠃ ᠨᠡᠶᠢᠭᠡᠮ ᠲᠤᠭᠤᠷᠢᠭ ᠤᠨ ᠠᠰᠠᠷ ᠤᠨ ᠡᠮᠦᠨ᠎ᠡ ᠬᠤᠶᠢᠨᠠᠬᠢ ᠨᠤᠭᠤᠭᠠᠷᠠᠭᠤᠯᠤᠯᠲᠠ᠂ ᠠᠰᠠᠷ ᠤᠨ ᠭᠤᠳᠤᠮᠵᠢ ᠶᠢ ᠪᠦᠬᠦ ᠲᠠᠯ᠎ᠠ ᠪᠠᠷ ᠪᠠᠶᠢᠴᠠᠭᠠᠵᠤ᠂ ᠨᠡᠶᠢᠲᠡ 6 ᠲᠡᠷᠭᠡ ᠬᠤᠭ ᠨᠤᠪᠰᠢ ᠶᠢ ᠴᠡᠪᠡᠷᠯᠡᠭᠰᠡᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号