11 ᠰᠠᠷ᠎ᠠ ᠶᠢᠨ 1 ᠤ ᠡᠳᠦᠷ ᠠᠴᠠ ᠡᠬᠢᠯᠡᠨ ᠤᠯᠠᠭᠠᠨᠬᠠᠳᠠ ᠶᠢᠨ ᠲᠦᠷᠭᠡᠨ ᠵᠠᠮ ᠪᠦᠬᠦ ᠤᠯᠤᠰ ᠤᠨ ETC ᠰᠦᠯᠵᠢᠶᠡᠨ ᠳᠤ ᠨᠡᠪᠲᠡᠷᠡᠯ᠎ᠡ
ᠨᠡᠶᠢᠲᠡᠯᠡᠭᠰᠡᠨ ᠴᠠᠭ᠄
2017-11-07
       11 ᠰᠠᠷ᠎ᠠ ᠶᠢᠨ 1 ᠤ ᠡᠳᠦᠷ ᠠᠴᠠ ᠡᠬᠢᠯᠡᠵᠦ᠂ ᠮᠠᠨ ᠤ ᠬᠤᠲᠠ ᠶᠢᠨ ᠦᠪᠦᠷ ᠮᠤᠩᠭᠤᠯ ᠤᠷᠤᠨ ᠳᠤ ᠨᠡᠪᠲᠡᠷᠡᠬᠦ ETC ᠺᠠᠷᠲ ︵ᠲᠡᠷᠭᠡ ᠵᠤᠭᠰᠤᠭᠠᠬᠤ ᠦᠭᠡᠢ ᠪᠠᠷ ᠡᠯᠧᠺᠲᠷᠤᠨ ᠰᠦᠢᠳᠬᠡᠯ ᠬᠤᠷᠢᠶᠠᠬᠤ ᠰᠢᠰᠲ᠋ᠧᠮ︶ ᠢ ᠵᠢᠩᠬᠢᠨᠢ ᠪᠠᠷ ᠡᠬᠢᠯᠡᠨ ᠬᠡᠷᠡᠭᠵᠢᠭᠦᠯᠬᠦ ᠶᠢᠨ ᠬᠠᠮᠲᠤ ᠪᠦᠬᠦ ᠤᠯᠤᠰ ᠤᠨ ᠲᠦᠷᠭᠡᠨ ᠵᠠᠮ ᠤᠨ ᠰᠦᠯᠵᠢᠶᠡᠵᠢᠭᠦᠯᠦᠨ ᠰᠦᠢᠳᠬᠡᠯ ᠬᠤᠷᠢᠶᠠᠬᠤ ᠰᠢᠰᠲ᠋ᠧᠮ ᠳᠤ ᠤᠷᠤᠭᠤᠯᠵᠤ᠂ ᠬᠤᠲᠠ ᠶᠢᠨ ᠠᠷᠠᠳ ᠰᠦᠢᠳᠬᠡᠯ ᠬᠤᠷᠢᠶᠠᠬᠤ ᠦᠷᠲᠡᠭᠡ ᠪᠠᠷ ᠦᠩᠭᠡᠷᠡᠬᠦ ᠳᠡᠭᠡᠨ ᠲᠡᠷᠭᠡ ᠪᠠᠨ ᠵᠤᠭᠰᠤᠭᠠᠵᠤ ᠰᠦᠢᠳᠬᠡᠯ ᠲᠤᠰᠢᠶᠠᠬᠤ ᠴᠢᠬᠤᠯᠠ ᠦᠭᠡᠢ ᠪᠤᠯᠵᠠᠢ᠃        ᠤᠶᠢᠷ᠎ᠠ ᠶᠢᠨ ᠬᠡᠳᠦᠨ ᠰᠠᠷ᠎ᠠ ᠳᠤ᠂ ᠮᠠᠨ ᠤ ᠬᠤᠲᠠ ᠰᠦᠯᠵᠢᠶᠡᠵᠢᠭᠦᠯᠦᠨ ᠰᠦᠢᠳᠬᠡᠯ ᠬᠤᠷᠢᠶᠠᠬᠤ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠵᠤ᠂ ᠲᠦᠷᠭᠡᠨ ᠵᠠᠮ ᠳᠤ ᠰᠦᠢᠳᠬᠡᠯ ᠬᠤᠷᠢᠶᠠᠬᠤ ᠰᠢᠰᠲ᠋ᠧᠮ᠂ ᠬᠢᠨᠠᠨ ᠡᠵᠡᠮᠰᠢᠬᠦ ᠰᠢᠰᠲ᠋ᠧᠮ᠂ ᠴᠢᠮᠡᠭᠡ ᠬᠤᠯᠪᠤᠭᠠᠨ ᠤ ᠰᠢᠰᠲ᠋ᠧᠮ ᠢ ᠰᠦᠯᠵᠢᠶᠡᠵᠢᠭᠦᠯᠦᠨ ᠵᠠᠰᠠᠨ ᠦᠭᠡᠷᠡᠴᠢᠯᠡᠬᠦ ᠪᠠ ETC ᠶᠢᠨ ᠪᠦᠲᠦᠭᠡᠨ ᠪᠠᠶᠢᠭᠤᠯᠤᠯᠲᠠ ᠬᠢᠵᠦ᠂ 11 ᠰᠠᠷ᠎ᠠ ᠶᠢᠨ 1 ᠤ ᠡᠳᠦᠷ ᠤᠨ 8 ᠴᠠᠭ ᠠᠴᠠ ᠡᠬᠢᠯᠡᠨ ᠤᠯᠠᠭᠠᠨᠬᠠᠳᠠ ᠶᠢ ᠪᠠᠭᠲᠠᠭᠠᠭᠰᠠᠨ ᠦᠪᠦᠷ ᠮᠤᠩᠭᠤᠯ ᠤᠨ ᠵᠡᠭᠦᠨ ᠬᠡᠰᠡᠭ ᠤᠨ ᠠᠶᠢᠮᠠᠭ ᠬᠤᠲᠠ ᠶᠢᠨ ᠲᠦᠷᠭᠡᠨ ᠵᠠᠮ ᠢ ETC ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠦᠯᠵᠢᠶᠡᠵᠢᠭᠦᠯᠦᠯᠲᠡ ᠳᠤ ᠤᠷᠤᠭᠤᠯᠵᠠᠢ᠂ ᠡᠨᠡ  ᠨᠢ ETC ᠮᠠᠨ ᠤᠷᠤᠨ ᠤ ᠪᠦᠬᠦᠶᠢᠯᠡ ᠠᠶᠢᠮᠠᠭ ᠬᠤᠲᠠ ᠶᠢ ᠪᠦᠷᠬᠦᠵᠦ᠂ ᠮᠠᠨ ᠤ ᠤᠷᠤᠨ ᠪᠦᠬᠦ ᠤᠯᠤᠰ ᠤᠨ ᠲᠦᠷᠭᠡᠨ ᠵᠠᠮ ᠤᠨ ᠰᠦᠯᠵᠢᠶᠡᠵᠢᠭᠦᠯᠦᠨ ᠰᠦᠢᠳᠬᠡᠯ ᠬᠤᠷᠢᠶᠠᠬᠤ ᠰᠢᠰᠲ᠋ᠧᠮ ᠳᠤ ᠪᠦᠷᠢᠮᠦᠰᠦᠨ ᠤᠷᠤᠭᠰᠠᠨ ᠢ ᠪᠡᠯᠭᠡᠳᠡᠵᠡᠢ᠃        ᠤᠳᠤᠬᠠᠨ ᠳᠤ ᠮᠠᠨ ᠤ ᠬᠤᠲᠠ ᠶᠢᠨ ᠬᠡᠪᠴᠢᠶᠡᠨ ᠳᠤ ᠲᠦᠷᠭᠡᠨ ᠵᠠᠮ ᠤᠨ ᠰᠦᠢᠳᠬᠡᠯ ᠬᠤᠷᠢᠶᠠᠬᠤ ᠦᠷᠲᠡᠭᠡ 24 ᠪᠠᠶᠢᠳᠠᠭ᠂ ᠲᠤᠰ ᠤᠳᠠᠭ᠎ᠠ ETC ᠰᠢᠭᠤᠳ ᠨᠡᠪᠲᠡᠷᠡᠬᠦ ᠵᠠᠮ ᠢ ᠨᠡᠶᠢᠲᠡ 48 ᠪᠠᠶᠢᠭᠤᠯᠵᠠᠢ᠃ ᠤᠶᠢᠯᠠᠭᠠᠭᠰᠠᠨ ᠢᠶᠠᠷ᠂ ᠤᠯᠠᠮᠵᠢᠯᠠᠯᠲᠤ ᠰᠦᠢᠳᠬᠡᠯ ᠬᠤᠷᠢᠶᠠᠬᠤ ᠦᠷᠲᠡᠭᠡ ᠪᠠᠷ ᠨᠢᠭᠡ ᠲᠡᠷᠭᠡ ᠦᠩᠭᠡᠷᠡᠬᠦ ᠳᠤ ᠪᠠᠷᠤᠭ 20-120 ᠰᠧᠺᠦ᠋ᠨ᠋ᠳ᠋ ᠵᠠᠷᠤᠴᠠᠭᠤᠯᠵᠤ᠂ ETC ᠵᠠᠮ ᠢᠶᠠᠷ ᠦᠩᠭᠡᠷᠡᠬᠦ ᠳᠤ ᠵᠦᠪᠬᠡᠨ 2-3 ᠰᠧᠺᠦ᠋ᠨ᠋ᠳ᠋ ᠬᠡᠷᠡᠭᠰᠡᠨ᠎ᠡ᠃        ᠬᠡᠷᠡᠭᠯᠡᠭᠴᠢᠳ ᠤᠨ ETC ᠺᠡᠷᠲ ᠠᠪᠬᠤ ᠳᠤ ᠳᠦᠭᠦᠮ ᠦᠵᠡᠭᠦᠯᠬᠦ ᠶᠢᠨ ᠲᠦᠯᠦᠭᠡ ᠮᠠᠨ ᠤ ᠬᠤᠲᠠ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠤᠩ ᠱᠠᠨ᠂ ᠰᠦᠩ ᠱᠠᠨ᠂ ᠠᠷᠤ ᠬᠤᠷᠴᠢᠨ᠂ ᠯᠢᠨᠰᠢ ᠵᠡᠷᠭᠡ 13 ᠬᠤᠪᠢᠶᠠᠷᠢ ᠪᠠᠩᠬᠢ᠂ ᠳᠤᠮᠳᠠᠳᠤ ᠤᠯᠤᠰ ᠤᠨ ᠰᠢᠤᠳᠠᠨ ᠤ ᠪᠠᠩᠬᠢ ᠶᠢᠨ ᠤᠯᠠᠭᠠᠨᠬᠠᠳᠠ ᠳᠠᠬᠢ ᠬᠤᠪᠢᠶᠠᠷᠢ ᠪᠠᠩᠬᠢ ᠶᠢᠨ ᠡᠵᠡᠩᠨᠡᠯᠲᠡ ᠶᠢᠨ ᠲᠢᠢᠩᠬᠢᠮ᠂ ᠵᠤᠤ ᠤᠳᠠ ᠬᠤᠪᠢᠶᠠᠷᠢ ᠪᠠᠩᠬᠢ᠂ ᠮᠦᠯᠠᠨ ᠵᠡᠭᠡᠯᠢ ᠶᠢᠨ ᠬᠤᠪᠢᠶᠠᠷᠢ ᠪᠠᠩᠬᠢ ᠵᠡᠷᠭᠡ 18 ᠪᠠᠩᠬᠢ ᠳᠤ ETC ᠶᠢᠨ ᠲᠤᠬᠠᠶᠢᠯᠠᠭᠰᠠᠨ ᠠᠵᠢᠯ ᠤᠨ ᠴᠡᠭ ᠲᠤᠬᠢᠷᠠᠭᠤᠯᠵᠤ᠂ ᠬᠡᠷᠡᠭᠯᠡᠭᠴᠢᠳ ᠲᠤ ᠭᠤᠶᠤᠴᠢᠯᠠᠬᠤ᠂ ᠤᠭᠰᠠᠷᠠᠬᠤ᠂ ᠺᠠᠷᠲ ᠲᠠᠭᠠᠨ ᠵᠤᠭᠤᠰ ᠤᠷᠤᠭᠤᠯᠬᠤ᠂ ᠰᠡᠯᠪᠢᠨ ᠵᠠᠰᠠᠬᠤ ᠵᠡᠷᠭᠡ ᠦᠢᠯᠡᠴᠢᠯᠡᠭᠡ ᠬᠠᠩᠭᠠᠵᠤ ᠪᠤᠢ᠃ ᠨᠢᠭᠡᠨᠲᠡ ETC ᠺᠠᠷᠲ ᠢᠶᠠᠨ ᠭᠠᠷᠳᠠᠭᠰᠠᠨ ᠬᠡᠷᠡᠭᠯᠡᠭᠴᠢᠳ ᠭᠠᠷ ᠤᠲᠠᠰᠤᠨ ᠳᠠᠬᠢ ︽ᠴᠠᠩ ᠵᠢᠶᠧ ᠶᠦᠨ︾ APP ᠢᠶᠠᠷ ᠺᠠᠷᠲ ᠲᠠᠭᠠᠨ ᠵᠤᠭᠤᠰ ᠤᠷᠤᠭᠤᠯᠵᠤ ᠪᠤᠯᠤᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号