| ᠬᠤᠩ ᠱᠠᠨ ᠲᠤᠭᠤᠷᠢᠭ ᠪᠤᠯ ᠤᠯᠠᠭᠠᠨᠬᠠᠳᠠ ᠬᠤᠲᠠ ᠶᠢᠨ ᠤᠯᠤᠰ ᠲᠦᠷᠦ᠂ ᠠᠵᠤ ᠠᠬᠤᠢ᠂ ᠰᠤᠶᠤᠯ ᠤᠨ | ᠲᠦᠪ ᠤᠨ ᠨᠢᠭᠡ ᠪᠠᠶᠢᠵᠤ᠂ ᠤᠮᠠᠷᠠᠲᠦ ᠤᠷᠤᠨ ᠪᠤᠯᠤᠨ ᠵᠡᠭᠦᠨ ᠬᠤᠶᠢᠲᠤ ᠤᠷᠤᠨ ᠬᠤᠶᠠᠷ ᠶᠡᠭᠡ ᠠᠵᠤ ᠠᠬᠤᠢ ᠶᠢᠨ | ᠤᠷᠤᠨ ᠤ ᠠᠭᠤᠯᠵᠠᠷ ᠲᠤ ᠤᠷᠤᠰᠢᠵᠤ᠂ ᠪᠡᠭᠡᠵᠢᠩ᠂ ᠲᠢᠶᠠᠨᠵᠢᠨ᠂ ᠮᠦᠭᠳᠡᠨ ᠪᠤᠯᠤᠨ ᠪᠦᠸᠧᠬᠠᠢ ᠲᠠᠩᠭᠢᠰ ᠤᠨ ᠡᠷᠭᠢ | ᠳᠠᠭᠠᠤ ᠬᠤᠲᠠ ᠠᠴᠠ ᠪᠦᠷ 500 ᠭᠠᠷᠤᠢ ᠺᠢᠯᠦᠮᠧᠲᠷ ᠵᠠᠶᠢᠲᠠᠢ ᠪᠠᠶᠢᠵᠤ᠂ ᠪᠦᠸᠧᠬᠠᠢ ᠲᠠᠩᠭᠢᠰ ᠢ ᠲᠤᠭᠤᠷᠢᠭᠰᠠᠨ | ᠠᠵᠤ ᠠᠬᠤᠢ ᠶᠢᠨ ᠲᠤᠭᠤᠷᠢᠭ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠵᠡᠭᠦᠨ ᠬᠤᠶᠢᠲᠤ᠂ ᠤᠮᠠᠷᠠᠲᠦ | ᠤᠷᠤᠨ ᠪᠤᠯᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠤᠮᠳᠠ ᠪᠠᠷᠠᠭᠤᠨ ᠬᠡᠰᠡᠭ ᠤᠨ ᠭᠠᠵᠠᠷ | ᠤᠷᠤᠨ ᠤ ᠴᠢᠬᠤᠯᠠ ᠵᠠᠮ ᠬᠠᠷᠢᠯᠴᠠᠭᠠᠨ ᠤ ᠬᠦᠢᠰᠦ ᠪᠤᠯᠤᠨ᠎ᠠ᠃ ᠪᠦᠬᠦ ᠲᠤᠭᠤᠷᠢᠭ ᠤᠨ ᠶᠡᠷᠦᠩᠬᠡᠢ ᠲᠠᠯᠠᠪᠠᠢ 506 | ᠲᠡᠭᠰᠢ ᠳᠦᠷᠪᠡᠯᠵᠢᠨ ᠺᠢᠯᠦᠮᠧᠲᠷ᠃ 2 ᠪᠠᠯᠭᠠᠰᠤ᠂ 11 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 27 | ᠵᠠᠰᠠᠭ ᠵᠠᠬᠢᠷᠭᠠᠨ ᠤ ᠲᠤᠰᠬᠤᠨ᠂ 55 ᠨᠡᠶᠢᠭᠡᠮ ᠲᠤᠭᠤᠷᠢᠭ ᠢ ᠬᠠᠷᠢᠶᠠᠯᠠᠨ᠎ᠠ᠃ ᠪᠠᠶᠢᠩᠭᠤ ᠶᠢᠨ ᠰᠠᠭᠤᠭᠠᠯᠢ ᠠᠷᠠᠳ | 45.78 ᠲᠦᠮᠡᠨ ᠬᠦᠮᠦᠨ ᠪᠤᠢ᠃ | 2016 ᠤᠨ ᠳᠤ᠂ ᠬᠤᠩ ᠱᠠᠨ ᠲᠤᠭᠤᠷᠢᠭ ᠤᠨ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ | ᠦᠷᠲᠡᠭ 326.96 ᠳ᠋ᠦᠩᠰᠢᠭᠤᠷ ᠲᠦᠭᠦᠷᠢᠭ ᠢ ᠪᠡᠶᠡᠯᠡᠭᠦᠯᠪᠡ᠃ ᠲᠤᠭᠲᠠᠮᠠᠯ ᠬᠦᠷᠦᠩᠭᠡ ᠶᠢᠨ ᠪᠡᠯᠡ | ᠤᠷᠤᠭᠤᠯᠤᠯᠲᠠ 175.67 ᠳ᠋ᠦᠩᠰᠢᠭᠤᠷ ᠲᠦᠭᠦᠷᠢᠭ᠂ ᠳᠡᠭᠡᠷ᠎ᠡ ᠵᠢᠯ ᠠᠴᠠ 15% ᠨᠡᠮᠡᠭᠳᠡᠪᠡ︔ ᠨᠡᠶᠢᠭᠡᠮ ᠤᠨ | ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 140.29 ᠳ᠋ᠦᠩᠰᠢᠭᠤᠷ ᠲᠦᠭᠦᠷᠢᠭ ᠢ | ᠪᠡᠶᠡᠯᠡᠭᠦᠯᠵᠦ᠂ ᠳᠡᠭᠡᠷ᠎ᠡ ᠵᠢᠯ ᠠᠴᠠ 10.2% ᠨᠡᠮᠡᠭᠳᠡᠪᠡ︔ ᠤᠯᠠᠨ ᠨᠡᠶᠢᠲᠡ ᠶᠢᠨ ᠡᠳ᠋ ᠤᠨ ᠵᠠᠰᠠᠭ ᠤᠨ | ᠲᠦᠰᠦᠪ ᠤᠨ ᠤᠷᠤᠯᠭ᠎ᠠ 23.13 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠠᠴᠠ 7% | ᠨᠡᠮᠡᠭᠳᠡᠪᠡ︔ ᠪᠦᠬᠦ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ | 29757 ᠲᠦᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠠᠴᠠ 8.6% ᠨᠡᠮᠡᠭᠳᠡᠪᠡ︔ ᠬᠤᠲᠠ ᠪᠠᠯᠭᠠᠰᠤᠨ ᠤ | ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ 30520 | ᠲᠦᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠠᠴᠠ 8.9% ᠨᠡᠮᠡᠭᠳᠡᠪᠡ︔ ᠬᠦᠳᠡᠭᠡ ᠲᠤᠰᠬᠤᠨ ᠮᠠᠯᠵᠢᠬᠤ ᠤᠷᠤᠨ ᠤ | ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ 16147 | ᠲᠦᠭᠦᠷᠢᠭ ᠢ ᠪᠡᠶᠡᠯᠡᠭᠦᠯᠵᠦ᠂ ᠳᠡᠭᠡᠷ᠎ᠡ ᠵᠢᠯ ᠠᠴᠠ 7.7% ᠨᠡᠮᠡᠭᠳᠡᠪᠡ᠃ | ᠬᠤᠩ ᠱᠠᠨ ᠲᠤᠭᠤᠷᠢᠭ ᠤᠷᠢᠳ ᠬᠤᠵᠢᠳ ᠪᠦᠬᠦ ᠤᠯᠤᠰ ᠤᠨ ︽ᠬᠤᠶᠠᠷ ᠢ ᠬᠦᠷᠢᠶᠡᠯᠡᠬᠦ ᠵᠢᠱᠢᠶᠡᠴᠢ | ᠲᠤᠭᠤᠷᠢᠭ︾᠂ ︽ᠠᠷᠪᠠᠨ ᠰᠤᠳᠤᠨ ᠡᠷᠡᠭᠦᠯ ᠬᠠᠮᠠᠭᠠᠯᠠᠯ ᠤᠨ ᠬᠤᠲᠠ︾᠂ ︽ᠰᠢᠨᠵᠢᠯᠡᠭᠡ ᠮᠡᠷᠭᠡᠵᠢᠯ ᠤᠨ | ᠳᠠᠪᠰᠢᠯᠲᠠ ᠶᠢᠨ ᠲᠡᠷᠢᠭᠦᠨ ᠤ ᠬᠤᠲᠠ ᠲᠤᠭᠤᠷᠢᠭ︾᠂ ᠠᠩᠬᠠᠳᠤᠭᠠᠷ ᠤᠳᠠᠭᠠᠨ ᠤ ︽ᠳᠤᠮᠳᠠᠳᠤ ᠤᠯᠤᠰ ᠤᠨ | ᠲᠠᠪᠢᠨ ᠡᠷᠦᠬᠡ ᠤᠷᠴᠢᠨ ᠲᠤᠭᠤᠷᠢᠨ ᠳᠤ ᠪᠡᠯᠡ ᠤᠷᠤᠭᠤᠯᠤᠭᠰᠠᠨ ᠦᠨᠡᠨᠴᠢ ᠠᠮᠤᠷ ᠲᠦᠪᠰᠢᠨ ᠤᠷᠤᠨ︾᠂ | ᠵᠠᠯᠭᠠᠭ᠎ᠠ ᠪᠠᠷ ᠳᠦᠷᠪᠡ ᠤᠳᠠᠭ᠎ᠠ ︽ᠪᠦᠬᠦ ᠤᠯᠤᠰ ᠤᠨ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠭᠰᠡᠨ | ᠵᠠᠰᠠᠯᠲᠠ ᠶᠢᠨ ᠴᠠᠩ ᠠᠨ ᠬᠤᠨᠳᠠᠭᠠᠲᠤ︾᠂ ᠦᠪᠡᠷᠲᠡᠭᠡᠨ ᠵᠠᠰᠠᠬᠤ ᠤᠷᠤᠨ ᠤ ︽ᠶᠢᠰᠦᠨ ᠤᠳᠤᠨ ᠳᠡᠰ ᠤᠨ | ᠪᠤᠯᠪᠠᠰᠤᠨ ᠬᠤᠲᠠ︾ ᠵᠡᠷᠭᠡ ᠢᠷᠠᠭᠤ ᠠᠯᠳᠠᠷ ᠬᠦᠷᠲᠡᠪᠡ᠃ 2016 ᠤᠨ ᠳᠤ ᠬᠤᠩ ᠱᠠᠨ ᠲᠤᠭᠤᠷᠢᠭ ᠠᠮᠵᠢᠯᠲᠠ | ᠲᠠᠢ ᠪᠠᠷ ᠤᠯᠤᠰ ᠤᠨ ︽13᠂ 5︾ ᠤᠨ ᠲᠦᠯᠦᠪᠵᠢᠭᠦᠯᠭᠡ ᠶᠢᠨ ᠦᠢᠯᠡᠴᠢᠯᠡᠭᠡᠨ ᠤ ᠦᠢᠯᠡᠰ ᠤᠨ | ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠤᠷᠤᠨ ᠪᠤᠯᠵᠤ᠂ ᠬᠤᠩ ᠱᠠᠨ ᠪᠠᠷᠠᠭᠠᠨ | ᠭᠦᠢᠯᠭᠡᠭᠡᠨ ᠤ ᠬᠦᠷᠢᠶᠡᠯᠡᠩ ᠲᠤᠭᠤᠷᠢᠭ ᠠᠩᠬᠠᠳᠤᠭᠠᠷ ᠪᠦᠯᠦᠭ ︽ᠤᠯᠤᠰ ᠤᠨ ᠵᠢᠱᠢᠶ᠎ᠡ ᠦᠵᠡᠭᠦᠯᠬᠦ ᠪᠠᠷᠠᠭᠠᠨ | ᠭᠦᠢᠯᠭᠡᠭᠡᠨ ᠤ ᠬᠦᠷᠢᠶᠡᠯᠡᠩ ᠲᠤᠭᠤᠷᠢᠭ︾ ᠤᠨ ᠡᠩᠨᠡᠭᠡᠨ ᠳᠤ ᠵᠢᠭᠰᠠᠵᠤ᠂ ᠡᠭᠦᠯᠡᠨ ᠪᠤᠳᠤᠯᠲᠠ ᠶᠢᠨ ᠲᠦᠮᠡᠨ | ᠤᠯᠠᠨ ᠢᠶᠠᠷ ᠢᠶᠠᠨ ᠦᠢᠯᠡᠰ ᠪᠤᠰᠬᠠᠬᠤ ᠤᠷᠤᠨ ᠵᠠᠢ ᠪᠤᠯᠤᠨ ᠬᠠᠮᠲᠤᠷᠠᠯᠴᠠᠨ ᠦᠢᠯᠡᠰ ᠪᠤᠰᠬᠠᠬᠤ ᠨᠡᠪᠴᠢᠯᠡᠭᠦᠷ ᠤᠨ | ᠤᠷᠤᠨ ᠵᠠᠢ ᠨᠢ ᠤᠯᠤᠰ ᠤᠨ ᠳᠡᠰ ᠤᠨ ᠲᠦᠮᠡᠨ ᠤᠯᠠᠨ ᠢᠶᠠᠷ ᠢᠶᠠᠨ ᠦᠢᠯᠡᠰ ᠪᠤᠰᠬᠠᠬᠤ ᠤᠷᠤᠨ ᠵᠠᠢ ᠪᠤᠯᠪᠠ᠃ |