ᠦᠪᠡᠷᠳᠡᠭᠡᠨ ᠵᠠᠰᠬᠠᠥ ᠣᠷᠣᠨ ᠤ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠦᠪᠯᠡᠯ ᠵᠡᠷᠭᠡ ᠰᠠᠯᠠᠭ᠎ᠠ ᠮᠦᠴᠢᠷ ᠤᠨ ᠡᠮᠴᠢᠯᠡᠭᠡ ᠡᠷᠡᠬᠦᠯ ᠬᠠᠮᠠᠭᠠᠯᠠᠯ ᠬᠢᠭᠡᠳ ᠨᠠᠰᠣᠵᠢᠯ ᠤᠨ ᠦᠢᠯᠡᠴᠢᠯᠡᠬᠡᠨ ᠢ ᠬᠠᠷᠢᠯᠴᠠᠨ ᠣᠶᠠᠯᠳᠣᠭᠤᠯᠬᠤ ᠶᠢ ᠠᠬᠢᠭᠤᠯᠬᠤ ᠶᠢᠨ ᠭᠡᠷᠡᠭᠵᠢᠬᠦᠯᠬᠦ ᠰᠠᠨᠠᠯ ᠢ ᠣᠯᠠᠮᠵᠢᠯᠠᠨ ᠶᠠᠪᠤᠭᠤᠯᠬᠤ ᠲᠣᠬᠠᠢ ᠦᠪᠣᠷ ᠮᠤᠩᠭᠤᠯ ᠤᠨ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2017-02-15
                 ᠥᠪᠥᠷ ᠵᠠᠰᠠᠭ ᠠᠯᠪᠠᠨ ᠲᠠᠷᠬᠠᠭᠠᠭᠰᠠᠨ ︹2016︺ 121 ᠳ᠋ᠤᠭᠡᠷ ᠲᠤᠭᠠᠳᠤ                   9 ᠳ᠋ᠦ᠋ᠭᠡᠷ ᠰᠠᠷ᠎ᠠ ᠶᠢᠨ 9 ᠤ ᠡᠳᠦᠷ ᠡᠯ᠎ᠡ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ᠂ ᠦᠪᠡᠷᠳᠡᠭᠡᠨ ᠵᠠᠰᠬᠠᠥ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠥ ᠠᠵᠦ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄        ᠦᠪᠡᠷᠳᠡᠭᠡᠨ ᠵᠠᠰᠬᠠᠥ ᠣᠷᠣᠨ ᠤ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠦᠪᠯᠡᠯ᠂ ᠠᠷᠡᠳ ᠤᠨ ᠶᠠᠪᠤᠳᠡᠯ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠳᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠳᠢᠩᠬᠢᠮ᠂ ᠣᠯᠥᠰ ᠤᠨ ᠭᠠᠵᠡᠷ ᠰᠢᠷᠦᠢ ᠡᠬᠢ ᠪᠠᠶᠠᠯᠢᠭ ᠤᠨ ᠳᠢᠩᠬᠢᠮ᠂ ᠣᠷᠣᠨ ᠰᠠᠭᠤᠴᠠ ᠬᠤᠳᠡ ᠬᠦᠳᠡᠭᠡ ᠶᠢᠨ ᠪᠦᠳᠦᠭᠡᠨ ᠪᠠᠶᠢᠭᠤᠯᠥᠯᠳᠡ ᠶᠢᠨ ᠳᠢᠩᠬᠢᠮ᠂ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠨᠠᠰᠣᠳᠡᠶᠢᠴᠣᠳ ᠤᠨ ᠠᠵᠢᠯ ᠤᠨ ᠠᠯᠪᠠᠨ ᠭᠡᠷ ᠤᠨ ︽ᠡᠮᠴᠢᠯᠡᠭᠡ ᠡᠷᠡᠬᠦᠯ ᠬᠠᠮᠠᠭᠠᠯᠠᠯ ᠬᠢᠭᠡᠳ ᠨᠠᠰᠣᠵᠢᠯ ᠤᠨ ᠦᠢᠯᠡᠴᠢᠯᠡᠬᠡᠨ ᠢ ᠬᠠᠷᠢᠯᠴᠠᠨ ᠣᠶᠠᠯᠳᠣᠭᠤᠯᠬᠤ ᠶᠢ ᠠᠬᠢᠭᠤᠯᠬᠤ ᠲᠣᠬᠠᠢ ᠭᠡᠷᠡᠭᠵᠢᠬᠦᠯᠬᠦ ᠰᠠᠨᠠᠯ︾ ᠢ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠬᠦᠯᠦᠭᠡᠳ᠂ ᠡᠳᠣᠭᠡ ᠳᠡᠨᠡᠷ ᠲᠤ ᠣᠯᠠᠮᠵᠢᠯᠠᠨ ᠶᠠᠪᠤᠭᠤᠯᠥᠯ᠎ᠠ᠂ ᠬᠢᠨᠠᠮᠠᠭᠠᠢ ᠲᠣᠣᠱᠯᠠᠭᠤᠯᠥᠨ ᠭᠡᠷᠡᠭᠵᠢᠬᠦᠯᠳᠣᠭᠡᠢ᠃                  ᠡᠮᠴᠢᠯᠡᠭᠡ ᠡᠷᠡᠬᠦᠯ ᠬᠠᠮᠠᠭᠠᠯᠠᠯ ᠬᠢᠭᠡᠳ ᠨᠠᠰᠣᠵᠢᠯ ᠤᠨ ᠦᠢᠯᠡᠴᠢᠯᠡᠬᠡᠨ ᠢ                  ᠬᠠᠷᠢᠯᠴᠠᠨ ᠣᠶᠠᠯᠳᠣᠭᠤᠯᠬᠤ ᠶᠢ ᠠᠬᠢᠭᠤᠯᠬᠤ ᠲᠤᠬᠠᠢ ᠭᠡᠷᠡᠭᠵᠢᠬᠦᠯᠬᠦ ᠰᠠᠨᠠᠯ        ᠦᠪᠡᠷᠳᠡᠭᠡᠨ ᠵᠠᠰᠬᠠᠥ ᠣᠷᠣᠨ ᠤ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠦᠪᠯᠡᠯ᠂        ᠠᠷᠡᠳ ᠤᠨ ᠶᠠᠪᠤᠳᠡᠯ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ        ᠵᠠᠰᠠᠭ ᠤᠨ ᠳᠢᠩᠬᠢᠮ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ        ᠳᠢᠩᠬᠢᠮ᠂ ᠣᠯᠥᠰ ᠤᠨ ᠭᠠᠵᠡᠷ ᠰᠢᠷᠦᠢ ᠡᠬᠢ ᠪᠠᠶᠠᠯᠢᠭ ᠤᠨ ᠳᠢᠩᠬᠢᠮ᠂ ᠣᠷᠣᠨ ᠰᠠᠭᠤᠴᠠ        ᠬᠤᠳᠡ ᠬᠦᠳᠡᠭᠡ ᠶᠢᠨ ᠪᠦᠳᠦᠭᠡᠨ ᠪᠠᠶᠢᠭᠤᠯᠥᠯᠳᠡ ᠶᠢᠨ ᠳᠢᠩᠬᠢᠮ᠂ ᠠᠵᠦ ᠠᠬᠤᠢ ᠪᠠ        ᠮᠡᠳᠡᠭᠡ ᠵᠠᠩᠬᠢᠵᠢᠯᠳᠡ ᠶᠢᠨ ᠵᠦᠪᠯᠡᠯ᠂ ᠨᠠᠰᠣᠳᠡᠶᠢᠴᠣᠳ ᠤᠨ ᠠᠵᠢᠯ ᠤᠨ ᠠᠯᠪᠠᠨ ᠭᠡᠷ        ︽ᠨᠠᠰᠣᠵᠢᠯ ᠤᠨ ᠦᠢᠯᠡᠴᠢᠯᠡᠭᠡᠨ ᠤ ᠦᠢᠯᠡᠰ ᠢ ᠳᠥᠷᠭᠡᠳᠭᠡᠨ ᠬᠦᠭᠵᠢᠬᠦᠯᠬᠦ ᠲᠣᠬᠠᠢ ᠳᠥᠷᠥ ᠶᠢᠨ ᠶᠠᠪᠤᠳᠡᠯ ᠤᠨ ᠬᠤᠷᠢᠶ᠎ᠠ ᠶᠢᠨ ᠰᠠᠨᠠᠯ ᠤᠳ︾ ︵ᠳᠥᠷᠥ ᠲᠠᠷᠬᠠᠭᠠᠠᠠᠰᠠᠨ ︹2013︺ 35 ᠳ᠋ᠣᠭᠠᠷ ᠲᠣᠭᠠᠳᠣ︶᠂ ︽ᠡᠷᠡᠬᠦᠯᠵᠢᠯ ᠤᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠠᠬᠢᠭᠤᠯᠬᠤ ᠲᠣᠬᠠᠢ ᠳᠥᠷᠥ ᠶᠢᠨ ᠶᠠᠪᠤᠳᠡᠯ ᠤᠨ ᠬᠤᠷᠢᠶ᠎ᠠ ᠶᠢᠨ ᠰᠠᠨᠠᠯ ᠤᠳ︾ ︵ᠳᠥᠷᠥ ᠲᠠᠷᠬᠠᠭᠠᠠᠠᠰᠠᠨ ︹2013︺ 40 ᠳ᠋ᠣᠭᠡᠷ ᠲᠣᠭᠠᠳᠣ︶᠂ ︽ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠦᠪᠯᠡᠯ ᠵᠡᠷᠭᠡ ᠰᠠᠯᠠᠭ᠎ᠠ ᠮᠦᠴᠢᠷ ᠤᠨ ᠡᠮᠴᠢᠯᠡᠭᠡ ᠡᠷᠡᠬᠦᠯ ᠬᠠᠮᠠᠭᠠᠯᠠᠯ ᠬᠢᠭᠡᠳ ᠨᠠᠰᠣᠵᠢᠯ ᠤᠨ ᠦᠢᠯᠡᠴᠢᠯᠡᠬᠡᠨ ᠢ ᠬᠠᠷᠢᠯᠴᠠᠨ ᠣᠶᠠᠯᠳᠣᠭᠤᠯᠬᠤ ᠶᠢ ᠠᠬᠢᠭᠤᠯᠬᠤ ᠶᠢᠨ ᠵᠢᠯᠥᠭᠤᠳᠬᠤ ᠰᠠᠨᠠᠯ ᠢ ᠣᠯᠠᠮᠵᠢᠯᠠᠨ ᠶᠠᠪᠤᠭᠤᠯᠬᠤ ᠲᠣᠬᠠᠢ ᠳᠥᠷᠥ ᠶᠢᠨ ᠶᠠᠪᠤᠳᠡᠯ ᠤᠨ ᠬᠤᠷᠢᠶ᠎ᠠ ᠶᠢᠨ ᠮᠡᠳᠡᠭᠳᠡᠯ︾ ︵ᠳᠥᠷᠥ ᠲᠠᠷᠬᠠᠭᠠᠠᠠᠰᠠᠨ ︹2015︺ 84 ᠳ᠋ᠣᠭᠡᠷ ᠲᠣᠭᠠᠳᠣ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠡᠯᠭ᠎ᠠ ᠶᠢ ᠲᠣᠣᠱᠯᠠᠭᠤᠯᠥᠨ ᠨᠡᠶᠢᠳᠡᠪᠦᠷᠢᠵᠢᠭᠤᠯᠵᠦ᠂ ᠪᠦᠬᠦ ᠣᠷᠣᠨ ᠤ ᠡᠮᠴᠢᠯᠡᠭᠡ ᠡᠷᠡᠬᠦᠯ ᠬᠠᠮᠠᠭᠠᠯᠠᠯ ᠬᠢᠭᠡᠳ ᠨᠠᠰᠣᠵᠢᠯ ᠤᠨ ᠦᠢᠯᠡᠴᠢᠯᠡᠭᠡᠨ ᠢ ᠬᠠᠷᠢᠯᠴᠠᠨ ᠣᠶᠠᠯᠳᠣᠭᠤᠯᠬᠤ ᠶᠢ ᠣᠯᠡᠮ ᠨᠢᠭᠡ ᠠᠯᠬᠤᠮ ᠠᠬᠢᠭᠤᠯᠬᠤ ᠶᠢᠨ ᠲᠣᠰᠠᠳᠡ᠂ ᠡᠳᠦᠭᠡ ᠲᠣᠣᠷᠡᠬᠢ ᠮᠡᠳᠣ ᠰᠠᠨᠠᠯ ᠢ ᠲᠣᠷᠡᠳᠪᠡ᠃        ᠨᠢᠭᠡ᠂ ᠡᠮᠴᠢᠯᠡᠭᠡ ᠡᠷᠡᠬᠦᠯ ᠬᠠᠮᠠᠭᠠᠯᠠᠯ ᠬᠢᠭᠡᠳ ᠨᠠᠰᠣᠵᠢᠯ ᠤᠨ ᠦᠢᠯᠡᠴᠢᠯᠡᠭᠡᠨ ᠢ ᠬᠠᠷᠢᠯᠴᠠᠨ ᠣᠶᠠᠯᠳᠣᠭᠤᠯᠬᠤ ᠶᠢ ᠠᠬᠢᠭᠤᠯᠬᠤ ᠶᠢᠨ ᠴᠢᠬᠤᠯᠡ ᠠᠴᠢ ᠬᠤᠯᠪᠤᠠᠠᠳᠡᠯ ᠢ ᠬᠦᠢᠴᠡᠳ ᠳᠡᠨᠢᠬᠤ ᠭᠡᠷᠡᠭᠳᠡᠢ        2015 ᠣᠨ ᠤ ᠰᠠᠬᠦᠯᠴᠢ ᠪᠤᠯᠳᠡᠯ᠎ᠠ᠂ ᠪᠦᠬᠦ ᠣᠷᠣᠨ ᠤ 60 ᠨᠠᠰᠣᠨ ᠠᠴᠠ ᠳᠡᠭᠡᠭᠰᠢᠬᠢ ᠨᠠᠰᠣᠳᠡᠶᠢᠴᠣᠳ ᠤᠨ ᠬᠦᠮᠦᠨ ᠠᠮᠠ ᠶᠢᠨ ᠲᠤᠭ᠎ᠠ ᠭᠡᠮᠵᠢᠶ᠎ᠠ 410 ᠳᠥᠮᠡ ᠳᠤ ᠬᠦᠷᠴᠥ᠂ ᠪᠦᠬᠦ ᠣᠷᠣᠨ ᠤ ᠶᠡᠷᠦᠩᠭᠡᠢ ᠬᠦᠮᠦᠨ ᠠᠮᠠ ᠶᠢᠨ 16.8% ᠶᠢ ᠡᠵᠡᠯᠡᠪᠡ︔ 80 ᠨᠠᠰᠣᠨ ᠠᠴᠠ ᠳᠡᠭᠡᠭᠰᠢᠬᠢ ᠦᠨᠳᠣᠷ ᠨᠠᠰᠣᠳᠡᠢ ᠨᠠᠰᠣᠳᠡᠶᠢᠴᠣᠳ ᠤᠨ ᠲᠤᠭ᠎ᠠ ᠭᠡᠮᠵᠢᠶ᠎ᠠ 52.77 ᠳᠥᠮᠡ ᠳᠤ ᠬᠦᠷᠴᠥ᠂ ᠨᠠᠰᠣᠳᠡᠶᠢᠴᠣᠳ ᠤᠨ ᠲᠤᠭ᠎ᠠ ᠭᠡᠮᠵᠢᠶ᠎ᠠ ᠶᠢᠨ 12.9% ᠶᠢ ᠡᠵᠡᠯᠡᠵᠦ᠂ ᠡᠷᠡᠬᠦᠯᠵᠢᠯ ᠨᠠᠰᠣᠵᠢᠯ ᠤᠨ ᠦᠢᠯᠡᠴᠢᠯᠡᠭᠡᠨ ᠤ ᠭᠡᠷᠡᠭᠴᠡᠭᠡ ᠱᠠᠭᠠᠷᠳᠡᠯᠭ᠎ᠠ ᠡᠳᠣᠷ ᠢᠷᠡᠬᠦᠶ᠎ᠠ ᠳᠥᠷᠭᠡᠨ ᠨᠡᠮᠡᠭᠳᠡᠵᠦ᠂ ᠨᠠᠰᠣᠵᠢᠯ ᠤᠨ ᠦᠢᠯᠡᠴᠢᠯᠡᠭᠡᠨ ᠤ ᠲᠤᠮᠳᠡᠬᠢ ᠡᠮᠴᠢᠯᠡᠭᠡ ᠡᠷᠡᠬᠦᠯ ᠬᠠᠮᠠᠭᠠᠯᠠᠯ ᠤᠨ ᠭᠡᠷᠡᠭᠴᠡᠭᠡ ᠱᠠᠭᠠᠷᠳᠡᠯᠭ᠎ᠠ ᠡᠳᠣᠷ ᠢᠷᠡᠬᠦᠶ᠎ᠠ ᠲᠤᠯᠭᠠᠮ᠎ᠠ ᠪᠤᠯᠪᠡ᠃ ᠡᠮᠴᠢᠯᠡᠭᠡ ᠡᠷᠡᠬᠦᠯ ᠬᠠᠮᠠᠭᠠᠯᠠᠯ ᠬᠢᠭᠡᠳ ᠨᠠᠰᠣᠵᠢᠯ ᠤᠨ ᠦᠢᠯᠡᠴᠢᠯᠡᠭᠡᠨ ᠢ ᠬᠠᠷᠢᠯᠴᠠᠨ ᠣᠶᠠᠯᠳᠣᠭᠤᠯᠬᠤ ᠶᠢ ᠳᠥᠷᠭᠡᠳᠭᠡᠨ ᠠᠬᠢᠭᠤᠯᠵᠦ᠂ ᠡᠷᠡᠬᠦᠯᠵᠢᠯ ᠤᠨ ᠠᠵᠦ ᠦᠢᠯᠡᠰ ᠤᠨ ᠬᠦᠭᠵᠢᠯᠳᠡ ᠶᠢ ᠠᠬᠢᠭᠤᠯᠥᠨ᠂ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠪᠤᠯᠥᠨ ᠨᠠᠰᠣᠵᠢᠯ ᠬᠠᠷᠡᠭᠠᠯᠵᠠᠨ ᠠᠰᠠᠷᠠᠬᠤ ᠦᠢᠯᠡᠴᠢᠯᠡᠭᠡᠨ ᠤ ᠰᠢᠰᠲ᠋ᠧᠮᠵᠢ ᠶᠢᠨ ᠣᠷᠣᠭᠤᠯᠥᠯᠳᠡ ᠪᠠᠨ ᠨᠡᠮᠡᠭᠳᠡᠬᠦᠯᠬᠦ ᠨᠢ᠂ ᠬᠠᠩᠭᠠᠯᠭ᠎ᠠ ᠶᠢᠨ ᠳᠡᠯ᠎ᠠ ᠳᠠᠬᠢ ᠦᠭᠡᠷᠡᠴᠢᠯᠡᠯᠳᠡ ᠶᠢ ᠨᠡᠶᠢᠳᠡᠪᠦᠷᠢᠵᠢᠭᠤᠯᠬᠤ ᠶᠢᠨ ᠨᠢᠭᠡᠨ ᠴᠢᠬᠤᠯᠡ ᠠᠷᠭ᠎ᠠ ᠭᠡᠮᠵᠢᠶ᠎ᠠ ᠪᠤᠯᠥᠨ᠎ᠠ᠂ ᠠᠷᠡᠳ ᠤᠨ ᠠᠮᠢᠳᠣᠷᠡᠯ ᠤᠨ ᠴᠢᠬᠤᠯᠡ ᠶᠡᠭᠡ ᠠᠰᠠᠭᠤᠳᠡᠯ ᠪᠤᠯᠥᠨ᠎ᠠ᠂ ᠬᠦᠮᠦᠨ ᠠᠮᠠ ᠶᠢᠨ ᠤᠷᠳᠤ ᠨᠠᠰᠣᠯᠠᠬᠤ ᠶᠢ ᠢᠳᠡᠪᠬᠢᠳᠡᠢ ᠪᠠᠷ ᠠᠷᠭᠠᠴᠠᠬᠤ ᠶᠢᠨ ᠦᠨᠢ ᠣᠳᠠᠭᠠᠨ ᠤ ᠠᠷᠭ᠎ᠠ ᠪᠤᠳᠣᠯᠭ᠎ᠠ ᠪᠤᠯᠥᠨ᠎ᠠ᠂ ᠮᠠᠨ ᠤ ᠣᠷᠣᠨ ᠤ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠡᠯ ᠲᠣᠣᠷᠡᠬᠢ ᠴᠢᠬᠤᠯᠡ ᠠᠵᠦ ᠠᠬᠤᠢ ᠶᠢᠨ ᠨᠡᠮᠡᠭᠳᠡᠯ ᠤᠨ ᠴᠡᠭ ᠪᠤᠯᠥᠨ᠎ᠠ᠃ ᠡᠮᠴᠢᠯᠡᠭᠡ ᠡᠷᠡᠬᠦᠯ ᠬᠠᠮᠠᠭᠠᠯᠠᠯ ᠬᠢᠭᠡᠳ ᠨᠠᠰᠣᠵᠢᠯ ᠤᠨ ᠦᠢᠯᠡᠴᠢᠯᠡᠭᠡᠨ ᠢ ᠬᠠᠷᠢᠯᠴᠠᠨ ᠣᠶᠠᠯᠳᠣᠭᠤᠯᠬᠤ ᠶᠢ ᠳᠥᠷᠭᠡᠳᠭᠡᠨ ᠠᠬᠢᠭᠤᠯᠬᠤ ᠨᠢ᠂ ᠨᠠᠰᠣᠳᠡᠶᠢᠴᠣᠳ ᠢ ᠠᠰᠠᠷᠠᠬᠤ ᠭᠠᠵᠡᠷ ᠤᠨ ᠣᠷᠣᠵᠦ ᠰᠠᠭᠤᠬᠤ ᠨᠣᠷᠮ᠎ᠠ ᠶᠢ ᠳᠡᠭᠡᠭᠰᠢᠯᠡᠬᠦᠯᠬᠦ᠂ ᠡᠮᠨᠡᠯᠭᠡ ᠶᠢᠨ ᠬᠤᠷᠢᠶ᠎ᠠ ᠶᠢᠨ ᠡᠪᠡᠳᠴᠢᠳᠡᠨ ᠤ ᠣᠷᠦ ᠶᠢᠨ ᠲᠠᠷᠤᠭᠠᠰᠤ ᠶᠢ ᠬᠦᠩᠭᠡᠷᠡᠬᠦᠯᠬᠦ᠂ ᠡᠮᠴᠢᠯᠡᠭᠡᠨ ᠤ ᠳᠠᠭᠠᠳᠬᠠᠯ ᠤᠨ ᠡᠬᠦᠷᠭᠡᠯᠡᠯ ᠢ ᠪᠠᠭᠤᠷᠡᠭᠤᠯᠬᠤ᠂ ᠡᠮᠴᠢᠯᠡᠭᠡ ᠡᠷᠡᠬᠦᠯ ᠬᠠᠮᠠᠭᠠᠯᠠᠯ ᠬᠢᠭᠡᠳ ᠨᠠᠰᠣᠵᠢᠯ ᠤᠨ ᠦᠢᠯᠡᠴᠢᠯᠡᠭᠡᠨ ᠤ ᠡᠬᠢ ᠪᠠᠶᠠᠯᠢᠭ ᠢ ᠠᠮᠢᠯᠠᠭᠤᠯᠬᠤ ᠳᠤ ᠠᠰᠢᠠᠠᠳᠡᠢ︔ ᠨᠠᠰᠣᠳᠡᠶᠢᠴᠣᠳ ᠤᠨ ᠣᠯᠡᠨ ᠳᠡᠰ ᠳᠡᠪᠬᠤᠷᠭ᠎ᠠ᠂ ᠣᠯᠡᠨ ᠶᠠᠩᠵᠦ ᠶᠢᠨ ᠡᠷᠡᠬᠦᠯᠵᠢᠯ ᠨᠠᠰᠣᠵᠢᠯ ᠤᠨ ᠦᠢᠯᠡᠴᠢᠯᠡᠬᠡᠨ ᠤ ᠭᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠳᠤ ᠠᠰᠢᠠᠠᠳᠡᠢ︔ ᠡᠮᠴᠢᠯᠡᠭᠡ ᠡᠷᠡᠬᠦᠯ ᠬᠠᠮᠠᠭᠠᠯᠠᠯ ᠤᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠥᠨ᠂ ᠡᠮᠴᠢᠯᠡᠭᠡᠨ ᠤ ᠦᠭᠡᠷᠡᠴᠢᠯᠡᠯᠳᠡ ᠶᠢᠨ ᠠᠵᠢᠯ ᠤᠨ ᠠᠭᠤᠯᠤᠬᠳᠠᠬᠤᠨ ᠢ ᠪᠠᠶᠠᠯᠢᠠᠠᠵᠢᠭᠤᠯᠬᠤ ᠳᠤ ᠠᠰᠢᠠᠠᠳᠡᠢ︔ ᠲᠣᠳᠣᠭᠠᠳᠣ ᠭᠡᠷᠡᠭᠴᠡᠭᠡ ᠶᠢ ᠣᠯᠡᠮ ᠨᠢᠭᠡ ᠠᠯᠬᠤᠮ ᠦᠷᠭᠡᠳᠭᠡᠬᠦ᠂ ᠭᠡᠷᠡᠭᠯᠡᠭᠡ ᠶᠢ ᠳᠡᠶᠢᠴᠢᠯᠠᠬᠤ᠂ ᠠᠵᠢᠯ ᠣᠯᠭᠤᠯᠳᠡ ᠶᠢ ᠨᠡᠮᠡᠭᠳᠡᠬᠦᠯᠬᠦ ᠳᠤ ᠠᠰᠢᠠᠠᠳᠡᠢ ᠪᠠᠶᠢᠵᠦ᠂ ᠠᠵᠦ ᠠᠬᠤᠢ ᠶᠢᠨ ᠬᠦᠭᠵᠢᠯᠳᠡ᠂ ᠨᠡᠶᠢᠭᠡᠮ ᠤᠨ ᠡᠶ᠎ᠡ ᠵᠤᠬᠢᠴᠡᠯ ᠢ ᠠᠬᠢᠭᠤᠯᠥᠨ᠂ ᠲᠣᠠᠠᠳᠠᠭᠤᠨ ᠢᠶᠠᠷ ᠨᠡᠮᠡᠭᠳᠡᠬᠦᠯᠬᠦ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠣᠬᠢᠷᠡᠭᠤᠯᠬᠤ᠂ ᠠᠷᠡᠳ ᠤᠨ ᠠᠮᠢᠳᠣᠷᠡᠯ ᠳᠤ ᠠᠰᠢᠭ ᠬᠦᠷᠳᠡᠭᠡᠬᠦ ᠶᠢ ᠠᠬᠢᠭᠤᠯᠵᠦ᠂ ᠡᠷᠡᠬᠦᠯ ᠡᠩᠬᠡ ᠦᠪᠤᠷ ᠮᠤᠩᠭᠤᠯ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠳᠤ ᠲᠦᠢᠯ ᠤᠨ ᠴᠢᠬᠤᠯᠡ ᠠᠴᠢ ᠬᠤᠯᠪᠤᠠᠠᠳᠡᠯ ᠲᠠᠢ ᠶᠤᠮ᠃        ᠬᠤᠶᠡᠷ᠂ ᠦᠨᠳᠣᠰᠣᠨ ᠵᠠᠷᠴᠢᠮ ᠪᠠ ᠬᠦᠭᠵᠢᠯᠳᠡ ᠶᠢᠨ ᠬᠠᠷᠡᠯᠳᠡ        ︵ᠨᠢᠭᠡ︶ ᠦᠨᠳᠣᠰᠣᠨ ᠵᠠᠷᠴᠢᠮ᠃        ᠵᠠᠰᠠᠭ ᠤᠨ ᠣᠷᠳᠣᠨ ᠬᠦᠳᠦᠯᠥᠨ ᠵᠢᠯᠥᠭᠤᠳᠴᠥ᠂ ᠵᠠᠬ᠎ᠠ ᠳᠡᠯᠭᠡᠬᠦᠷ ᠢᠶᠠᠷ ᠬᠦᠳᠡᠯᠭᠡᠬᠦᠷ ᠪᠤᠯᠭᠠᠨ᠎ᠠ᠃ ᠵᠠᠰᠠᠭ ᠤᠨ ᠣᠷᠳᠣᠨ ᠤ ᠬᠦᠳᠦᠯᠥᠨ ᠵᠢᠯᠥᠭᠤᠳᠬᠤ ᠦᠢᠯᠡᠳᠣᠯ ᠢ ᠢᠳᠡᠪᠬᠢᠳᠡᠢ ᠪᠠᠷ ᠪᠠᠳᠡᠷᠡᠭᠤᠯᠵᠦ᠂ ᠡᠯ᠎ᠠ ᠰᠠᠯᠠᠭ᠎ᠠ ᠮᠦᠴᠢᠷ ᠤᠨ ᠡᠬᠦᠷᠭᠡ ᠴᠢᠳᠡᠪᠦᠷᠢ ᠡᠬᠦᠷᠭᠡ ᠬᠠᠷᠢᠭᠤᠴᠠᠯᠭ᠎ᠠ ᠶᠢ ᠨᠢᠭᠡᠳᠦᠯᠳᠡᠢ ᠳᠥᠯᠥᠪᠯᠡᠨ᠂ ᠲᠣᠰ ᠲᠣᠰ ᠤᠨ ᠡᠬᠦᠷᠭᠡ ᠬᠠᠷᠢᠭᠤᠴᠠᠯᠭ᠎ᠠ ᠪᠠᠨ ᠡᠬᠦᠷᠭᠡᠯᠡᠬᠦ᠂ ᠨᠢᠠᠠᠳᠡ ᠬᠠᠮᠵᠢᠯᠴᠠᠬᠤ᠂ ᠦᠨᠳᠣᠷ ᠦᠷ᠎ᠠ ᠪᠦᠳᠦᠮᠵᠢ ᠲᠠᠢ ᠪᠠᠷ ᠠᠵᠢᠯᠯᠠᠭᠤᠯᠬᠤ ᠠᠵᠢᠯ ᠤᠨ ᠲᠤᠠᠠᠳᠡᠴᠠ ᠶᠢ ᠪᠠᠶᠢᠭᠤᠯᠥᠨ᠎ᠠ᠃ ᠵᠠᠬ᠎ᠠ ᠳᠡᠯᠭᠡᠬᠦᠷ ᠤᠨ ᠭᠡᠷᠡᠭᠴᠡᠭᠡ ᠱᠠᠭᠠᠷᠳᠡᠯᠭ᠎ᠠ ᠪᠠᠷ ᠬᠦᠳᠡᠯᠭᠡᠬᠦᠷ ᠬᠦᠴᠣᠨ ᠪᠤᠯᠭᠠᠵᠦ᠂ ᠡᠬᠢ ᠪᠠᠶᠠᠯᠢᠭ ᠢ ᠲᠤᠬᠢᠷᠡᠭᠤᠯᠬᠤ ᠲᠤᠮᠳᠡᠬᠢ ᠵᠠᠬ᠎ᠠ ᠳᠡᠯᠭᠡᠬᠦᠷ ᠤᠨ ᠰᠢᠢᠳᠪᠦᠷᠢᠯᠡᠬᠦ ᠴᠢᠨᠡᠷᠳᠡᠢ ᠦᠢᠯᠡᠳᠣᠯ ᠢ ᠬᠦᠢᠴᠡᠳ ᠪᠠᠳᠡᠷᠡᠭᠤᠯᠥᠨ᠂ ᠨᠡᠶᠢᠭᠡᠮ ᠤᠨ ᠬᠦᠴᠣᠨ ᠢ ᠬᠦᠳᠦᠯᠥᠨ ᠵᠢᠯᠥᠭᠤᠳᠴᠥ ᠪᠠᠶᠢᠭᠠᠳ ᠡᠮᠴᠢᠯᠡᠭᠡ ᠨᠠᠰᠣᠵᠢᠯ ᠢ ᠣᠶᠠᠯᠳᠣᠭᠤᠯᠬᠤ ᠦᠢᠯᠡᠴᠢᠯᠡᠭᠡᠨ ᠤ ᠦᠢᠯᠡᠰ ᠲᠤ ᠣᠷᠣᠯᠴᠠᠭᠤᠯᠵᠦ᠂ ᠵᠠᠰᠠᠭ ᠤᠨ ᠣᠷᠳᠣᠨ ᠬᠦᠳᠦᠯᠥᠨ ᠵᠢᠯᠥᠭᠤᠳᠬᠤ᠂ ᠵᠠᠬ᠎ᠠ ᠳᠡᠯᠭᠡᠬᠦᠷ ᠢᠶᠠᠷ ᠬᠦᠳᠡᠯᠭᠡᠬᠦᠷ ᠪᠤᠯᠭᠠᠬᠤ᠂ ᠣᠯᠡᠨ ᠳᠡᠯ᠎ᠠ ᠠᠴᠠ ᠣᠷᠣᠯᠴᠬᠠᠰᠠᠨ ᠡᠮᠴᠢᠯᠡᠭᠡ ᠨᠠᠰᠣᠵᠢᠯ ᠢ ᠣᠶᠠᠯᠳᠣᠭᠤᠯᠬᠤ ᠬᠦᠭᠵᠢᠯᠳᠡ ᠶᠢᠨ ᠰᠢᠨ᠎ᠡ ᠪᠠᠶᠢᠷᠢᠰᠢᠯ ᠤᠨ ᠰᠢᠨ᠎ᠡ ᠶᠢ ᠡᠬᠦᠳᠣᠨ᠎ᠠ᠃        ᠦᠨᠳᠣᠰᠣᠨ ᠪᠠᠶᠢᠳᠠᠯ ᠢ ᠪᠠᠳᠣᠯᠠᠵᠦ᠂ ᠭᠤᠤᠯᠳᠡᠯᠭ᠎ᠠ ᠶᠢ ᠲᠤᠪᠤᠶᠢᠯᠭᠠᠨ᠎ᠠ᠃ ᠡᠮᠴᠢᠯᠡᠭᠡ ᠡᠷᠡᠬᠦᠯ ᠬᠠᠮᠠᠭᠠᠯᠠᠯ ᠬᠢᠭᠡᠳ ᠨᠠᠰᠣᠵᠢᠯ ᠤᠨ ᠦᠢᠯᠡᠴᠢᠯᠡᠭᠡᠨ ᠠᠭᠤᠰᠣᠯᠴᠠᠨ ᠬᠦᠭᠵᠢᠬᠦ ᠶᠢ ᠣᠯᠡᠮ ᠨᠢᠭᠡ ᠠᠯᠬᠤᠮ ᠠᠬᠢᠭᠤᠯᠵᠦ᠂ ᠬᠦᠮᠦᠨ ᠨᠢᠭᠡᠪᠦᠷᠢ ᠡᠷᠡᠬᠦᠯᠵᠢᠯ ᠨᠠᠰᠣᠵᠢᠯ ᠤᠨ ᠦᠢᠯᠡᠴᠢᠯᠡᠭᠡᠨ ᠬᠦᠷᠳᠡᠬᠦ ᠶᠢ ᠦᠨᠡᠨᠬᠦ ᠪᠠᠳᠣᠯᠠᠨ᠂ ᠲᠥᠭᠡᠮᠡᠯ ᠴᠢᠨᠠᠷᠳᠡᠢ ᠦᠢᠯᠡᠴᠢᠯᠡᠭᠡᠨ ᠪᠠ ᠦᠪᠡᠷᠮᠢᠴᠠ ᠦᠢᠯᠡᠴᠢᠯᠡᠭᠡᠨ ᠤ ᠵᠤᠬᠢᠴᠠᠩᠭᠤᠢ ᠬᠦᠭᠵᠢᠬᠦ ᠶᠢ ᠠᠬᠢᠭᠤᠯᠥᠨ᠂ ᠦᠨᠳᠣᠷ ᠨᠠᠰᠣᠳᠡᠢ᠂ ᠭᠠᠭᠴᠠᠭᠠᠷ ᠰᠠᠭᠤᠭ᠎ᠠ᠂ ᠴᠢᠲᠠᠯ ᠳᠡᠩᠭᠡᠭᠡ ᠪᠠᠨ ᠠᠯᠳ᠋ᠬᠠᠰᠠᠨ ᠪᠤᠶᠤ ᠬᠠᠭᠠᠰ ᠠᠯᠳ᠋ᠬᠠᠰᠠᠨ ᠵᠡᠷᠭᠡ ᠬᠦᠴᠢᠷᠳᠡᠯᠳᠡᠢ ᠨᠠᠰᠣᠳᠠᠶᠢᠴᠣᠳ ᠤᠨ ᠨᠡᠶᠢᠲᠡ ᠴᠣᠠᠠᠴᠠ ᠪᠠᠷ ᠭᠤᠤᠯᠳᠡᠯᠭ᠎ᠠ ᠪᠤᠯᠭᠠᠵᠦ᠂ ᠨᠠᠰᠣᠵᠢᠯ ᠤᠨ ᠪᠠᠳᠣᠯᠠᠭ᠎ᠠ ᠶᠢᠨ ᠳᠥᠷᠢᠮ ᠢ ᠪᠠᠶᠢᠭᠤᠯᠥᠨ ᠳᠡᠬᠦᠯᠳᠡᠷᠵᠢᠬᠦᠯᠵᠦ᠂ ᠣᠨᠴᠠ ᠬᠦᠴᠢᠷᠳᠡᠯᠳᠡᠢ ᠨᠠᠰᠣᠳᠡᠶᠢᠴᠣᠳ ᠤᠨ ᠡᠷᠡᠬᠦᠯᠵᠢᠯ ᠨᠠᠰᠣᠵᠢᠯ ᠤᠨ ᠦᠢᠯᠡᠴᠢᠯᠡᠭᠡᠨ ᠤ ᠭᠡᠷᠡᠭᠴᠡᠭᠡ ᠱᠠᠭᠠᠷᠳᠡᠯᠭ᠎ᠠ ᠶᠢ ᠬᠦᠴᠣᠯᠠᠨ ᠪᠠᠳᠣᠯᠠᠨ᠎ᠠ᠃        ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠲᠣᠠᠠᠳᠡᠴᠠ ᠳᠤ ᠰᠢᠨ᠎ᠡ ᠶᠢ ᠡᠬᠦᠳᠣᠨ᠎ᠠ᠃ ᠪᠠᠶᠢᠭᠤᠯᠥᠯ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠵᠠᠰᠠᠭ ᠤᠨ ᠣᠷᠳᠣᠨ ᠤ ᠡᠬᠦᠷᠭᠡ ᠴᠢᠳᠡᠪᠦᠷᠢ ᠪᠠᠨ ᠬᠤᠪᠢᠷᠡᠭᠤᠯᠬᠤ ᠶᠢ ᠳᠥᠷᠭᠡᠳᠭᠡᠨ᠂ ᠪᠠᠳᠣᠯᠠᠭ᠎ᠠ ᠶᠢᠨ ᠠᠷᠭ᠎ᠠ ᠬᠡᠯᠪᠡᠷᠢ ᠳᠤ ᠰᠢᠨ᠎ᠡ ᠶᠢ ᠡᠬᠦᠳᠴᠥ᠂ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠣᠨ ᠠᠪᠠᠨ᠋ᠥ ᠶᠢ ᠢᠳᠡᠪᠬᠢᠳᠡᠢ ᠠᠬᠢᠭᠤᠯᠥᠨ᠂ ᠡᠯ᠎ᠠ ᠳᠥᠷᠦᠯ ᠤᠨ ᠦᠢᠯᠡᠴᠢᠯᠡᠭᠡᠨ ᠤ ᠭᠤᠤᠯ ᠴᠣᠠᠠᠴᠠ ᠶᠢᠨ ᠳᠡᠯᠳᠡ ᠬᠦᠴᠣᠨ ᠪᠠ ᠠᠮᠢᠵᠢᠷᠡᠯ ᠤᠨ ᠬᠦᠴᠣᠨ ᠢ ᠬᠦᠭᠵᠢᠭᠡᠵᠦ᠂ ᠡᠮᠴᠢᠯᠡᠭᠡ ᠨᠠᠰᠤᠵᠢᠯ ᠢ ᠣᠶᠠᠯᠳᠣᠭᠤᠯᠬᠤ ᠦᠷ᠎ᠠ ᠪᠦᠳᠦᠮᠵᠢ ᠪᠠ ᠬᠢᠷᠢ ᠭᠡᠮᠵᠢᠶ᠎ᠠ ᠶᠢ ᠳᠡᠭᠡᠭᠰᠢᠯᠡᠬᠦᠯᠥᠨ᠎ᠠ᠃ ᠰᠠᠯᠠᠭ᠎ᠠ ᠮᠦᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠳᠥᠷᠥ ᠶᠢᠨ ᠪᠤᠳᠣᠯᠭ᠎ᠠ ᠪᠠᠷ ᠬᠦᠳᠦᠯᠥᠨ ᠵᠢᠯᠥᠭᠤᠳᠬᠤ᠂ ᠦᠢᠯᠡᠴᠢᠯᠡᠭᠡᠨ ᠢ ᠬᠢᠨᠡᠨ ᠬᠠᠮᠢᠶᠡᠷᠬᠤ ᠵᠡᠷᠭᠡ ᠠᠵᠢᠯ ᠤᠨ ᠰᠢᠰᠲ᠋ᠧᠮᠵᠢᠲᠤ ᠴᠢᠨᠡᠷ ᠪᠠ ᠵᠤᠬᠢᠴᠠᠯᠳᠦ ᠴᠢᠨᠡᠷ ᠢ ᠳᠡᠭᠡᠭᠰᠢᠯᠡᠬᠦᠯᠵᠦ᠂ ᠡᠮᠴᠢᠯᠡᠭᠡ ᠨᠠᠰᠣᠵᠢᠯ ᠤᠨ ᠠᠭᠤᠰᠣᠯᠴᠠᠨ ᠬᠦᠭᠵᠢᠬᠦ ᠶᠢ ᠠᠬᠢᠭᠤᠯᠥᠨ᠎ᠠ᠃        ᠣᠨᠴᠠᠯᠢᠭ ᠢᠶᠠᠨ ᠲᠤᠪᠤᠶᠢᠯᠭᠠᠵᠦ᠂ ᠦᠢᠯᠡᠴᠢᠯᠡᠬᠡᠨ ᠢ ᠰᠢᠯᠢᠳᠡᠭᠵᠢᠬᠦᠯᠥᠨ᠎ᠠ᠃ ᠮᠣᠩᠭᠤᠯ ᠡᠮ ᠡᠮᠨᠡᠯᠭᠡ᠂ ᠬᠢᠳᠡᠳ ᠡᠮ ᠡᠮᠨᠡᠯᠭᠡ ᠶᠢᠨ ᠨᠠᠰᠣᠵᠢᠯ᠂ ᠡᠷᠡᠬᠦᠯᠵᠢᠯ ᠵᠡᠷᠭᠡ ᠳᠡᠯ᠎ᠠ ᠶᠢᠨ ᠦᠪᠡᠷᠮᠢᠴᠠ ᠳᠡᠪᠡᠭᠤᠯᠢᠭ ᠢ ᠬᠦᠢᠴᠡᠳ ᠪᠠᠳᠡᠷᠡᠭᠤᠯᠵᠦ᠂ ᠨᠠᠰᠥᠳᠡᠶᠢᠴᠣᠳ ᠤᠨ ᠡᠷᠡᠬᠦᠯᠵᠢᠯ ᠨᠠᠰᠣᠵᠢᠯ ᠤᠨ ᠦᠢᠯᠡᠴᠢᠯᠡᠭᠡᠨ ᠤ ᠭᠡᠷᠡᠭᠴᠡᠭᠡ ᠱᠠᠭᠠᠷᠳᠡᠯᠭ᠎ᠠ ᠳᠤ ᠰᠠᠭᠤᠷᠢᠯᠡᠨ᠂ ᠡᠮᠴᠢᠯᠡᠭᠡ ᠨᠠᠰᠣᠵᠢᠯ ᠤᠨ ᠦᠢᠯᠡᠴᠢᠯᠡᠭᠡᠨ ᠤ ᠬᠠᠷᠡᠯᠳᠡ᠂ ᠡᠬᠦᠷᠭᠡ ᠴᠢᠳᠡᠪᠦᠷᠢ ᠪᠤᠯᠥᠨ ᠵᠬᠠᠪᠤᠷ ᠢ ᠣᠨᠣᠪᠴᠢᠳᠡᠢ ᠪᠠᠶᠢᠷᠢᠯᠠᠨ ᠲᠣᠠᠠᠳᠠᠭᠠᠵᠦ᠂ ᠬᠠᠷᠡᠯᠳᠡ ᠲᠠᠢ᠂ ᠡᠬᠦᠷᠭᠡ ᠲᠠᠢ᠂ ᠳᠥᠯᠥᠪᠵᠢᠬᠦᠯᠭᠡ ᠲᠠᠢ ᠪᠠᠷ ᠨᠠᠰᠣᠳᠡᠶᠢᠴᠣᠳ ᠲᠤ ᠡᠮᠴᠢᠯᠡᠭᠡ ᠪᠠ ᠨᠠᠰᠣᠵᠢᠯ ᠢ ᠬᠠᠷᠢᠯᠴᠠᠨ ᠠᠭᠤᠰᠣᠯᠴᠠᠭᠤᠯᠥᠠᠠᠰᠠᠨ ᠰᠢᠯᠢᠳᠡᠭ ᠦᠢᠯᠡᠴᠢᠯᠡᠭᠡ ᠬᠠᠩᠭᠠᠨ᠎ᠠ᠃        ︵ᠬᠤᠶᠡᠷ︶ ᠬᠦᠭᠵᠢᠯᠳᠡ ᠶᠢᠨ ᠬᠠᠷᠡᠯᠳᠡ        2017 ᠣᠨ ᠪᠤᠯᠳᠡᠯ᠎ᠠ᠂ ᠡᠮᠴᠢᠯᠡᠭᠡ ᠨᠠᠰᠣᠵᠢᠯ ᠢ ᠣᠶᠠᠯᠳᠣᠭᠤᠯᠥᠠᠠᠰᠠᠨ ᠠᠵᠢᠯ ᠤᠨ ᠳᠥᠷᠭᠡᠳᠭᠡᠨ ᠠᠬᠢᠭᠤᠯᠬᠤ ᠪᠤᠳᠡᠳᠡᠢ ᠳᠥᠯᠥᠪᠵᠢᠬᠦᠯᠭᠡ ᠪᠠ ᠭᠡᠷᠡᠭᠵᠢᠬᠦᠯᠬᠦ ᠳᠥᠰᠥᠯ ᠢ ᠲᠣᠠᠠᠳᠠᠭᠠᠨ ᠨᠡᠶᠢᠳᠡᠯᠡᠵᠦ᠂ ᠲᠣᠷᠰᠢᠯᠳᠡ ᠶᠢᠨ ᠴᠡᠭ ᠤᠨ ᠠᠵᠢᠯ ᠢ ᠢᠳᠡᠪᠬᠢᠳᠡᠢ ᠪᠠᠷ ᠦᠷᠨᠢᠬᠦᠯᠥᠨ᠂ ᠭᠡᠷᠡᠭᠴᠡᠭᠡ ᠱᠠᠭᠠᠷᠳᠡᠯᠭ᠎ᠠ ᠳᠤ ᠨᠡᠶᠢᠴᠡᠭᠰᠡᠨ ᠲᠣᠰᠬᠠᠶᠢᠵᠢᠠᠠᠰᠠᠨ ᠡᠮᠴᠢᠯᠡᠭᠡ ᠨᠠᠰᠣᠵᠢᠯ ᠢ ᠣᠶᠠᠯᠳᠣᠭᠤᠯᠥᠠᠠᠰᠠᠨ ᠴᠢᠳᠡᠪᠦᠷᠢᠳᠡᠨ ᠢ ᠪᠤᠯᠪᠠᠰᠣᠷᠡᠭᠤᠯᠬᠤ ᠳᠥᠷᠢᠮ ᠢ ᠠᠩᠬ᠎ᠠ ᠠᠯᠬᠤᠮ ᠪᠦᠷᠢᠯᠳᠦᠬᠦᠯᠵᠦ᠂ ᠨᠢᠭᠡ ᠪᠦᠯᠥᠭ ᠡᠮᠴᠢᠯᠡᠭᠡ ᠡᠷᠡᠬᠦᠯ ᠬᠠᠮᠠᠭᠠᠯᠠᠯ ᠪᠠ ᠨᠠᠰᠣᠵᠢᠯ ᠤᠨ ᠦᠢᠯᠡᠴᠢᠯᠡᠭᠡᠨ ᠤ ᠬᠢᠷᠢ ᠴᠢᠳᠠᠮᠵᠢ ᠪᠠ ᠴᠢᠳᠡᠪᠦᠷᠢ ᠲᠠᠢ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠪᠤᠶᠤ ᠨᠠᠰᠣᠵᠢᠯ ᠤᠨ ᠪᠠᠶᠢᠭᠤᠯᠥᠮᠵᠢ ᠶᠢ ᠪᠠᠶᠢᠭᠤᠯᠥᠨ᠎ᠠ᠃ 80% ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠥᠮᠵᠢ ᠨᠢ ᠨᠠᠰᠣᠳᠡᠶᠢᠴᠣᠳ ᠤᠨ ᠦᠢᠯᠡᠴᠢᠯᠡᠭᠡᠨ ᠤ ᠰᠠᠭᠠᠳ ᠦᠭᠡᠢ ᠨᠡᠪᠳᠡᠷᠡᠬᠦ ᠵᠠᠮ ᠢ ᠨᠡᠭᠡᠭᠡᠵᠦ᠂ 50% ᠠᠴᠠ ᠳᠡᠭᠡᠭᠰᠢᠬᠢ ᠨᠠᠰᠣᠵᠢᠯ ᠤᠨ ᠪᠠᠶᠢᠭᠤᠯᠥᠮᠵᠢ ᠨᠢ ᠠᠳᠡᠯᠢ ᠪᠤᠰᠣ ᠭᠡᠯᠪᠡᠷᠢ ᠪᠠᠷ ᠣᠷᠣᠵᠦ ᠰᠠᠭᠤᠬᠰᠠᠨ ᠨᠠᠰᠣᠳᠡᠶᠢᠴᠣᠳ ᠲᠤ ᠡᠮᠴᠢᠯᠡᠭᠡ ᠡᠷᠡᠬᠦᠯ ᠬᠠᠮᠠᠭᠠᠯᠠᠯ᠂ ᠡᠷᠡᠬᠦᠯᠵᠢᠯ ᠰᠣᠪᠢᠯᠠᠯᠳᠡ ᠶᠢᠨ ᠦᠢᠯᠡᠴᠢᠯᠡᠭᠡᠨ ᠬᠠᠩᠭᠠᠵᠦ ᠳᠡᠶᠢᠯᠥᠭᠰᠡᠨ ᠪᠠᠶᠢᠬᠤ ᠭᠡᠷᠡᠭᠳᠡᠢ᠃ ᠦᠨᠳᠣᠰᠣᠨ ᠱᠠᠳᠣᠨ ᠤ ᠡᠮᠴᠢᠯᠡᠭᠡᠨ ᠤ ᠪᠠᠶᠢᠭᠤᠯᠥᠮᠵᠢ ᠨᠢ ᠭᠡᠷ ᠲᠡᠭᠡᠨ ᠰᠠᠭᠤᠵᠦ ᠪᠠᠶᠢᠭ᠎ᠠ ᠨᠠᠰᠣᠳᠡᠶᠢᠴᠣᠳ ᠲᠤ ᠭᠡᠷ ᠲᠤᠨᠢ ᠬᠦᠷᠴᠥ ᠦᠢᠯᠡᠴᠢᠯᠡᠭᠡᠨ ᠬᠠᠩᠭᠠᠬᠤ ᠴᠢᠳᠡᠪᠦᠷᠢ ᠪᠠᠨ ᠢᠯᠡᠳᠳᠡ ᠳᠡᠭᠡᠭᠰᠢᠯᠡᠬᠦᠯᠵᠦ᠂ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠭᠡᠷ᠎ᠠ ᠲᠣᠠᠠᠳᠠᠬᠤ ᠬᠠᠮᠤᠷᠠᠯᠳᠠ ᠶᠢᠨ ᠨᠣᠷᠮ᠎ᠠ ᠶᠢ 60% ᠠᠴᠠ ᠳᠡᠭᠡᠭᠰᠢ ᠳᠤ ᠬᠦᠷᠦᠬᠦᠯᠥᠨ᠎ᠠ᠃        2020 ᠣᠨ ᠪᠤᠯᠳᠡᠯ᠎ᠠ᠂ ᠦᠪᠡᠷᠳᠡᠬᠡᠨ ᠵᠠᠰᠬᠠᠥ ᠣᠷᠣᠨ ᠤ ᠪᠤᠳᠡᠳᠡᠢ ᠲᠠᠢ ᠨᠡᠶᠢᠴᠡᠭᠰᠡᠨ ᠡᠮᠴᠢᠯᠡᠭᠡ ᠨᠠᠰᠣᠵᠢᠯ ᠢ ᠣᠶᠠᠯᠳᠣᠭᠤᠯᠥᠠᠠᠰᠠᠨ ᠪᠠᠶᠢᠭᠤᠯᠥᠯ ᠲᠣᠠᠠᠳᠡᠴᠠ ᠪᠠ ᠳᠥᠷᠥ ᠶᠢᠨ ᠪᠤᠳᠣᠯᠭ᠎ᠠ ᠬᠠᠦᠯᠢ ᠲᠣᠠᠠᠳᠠᠭᠠᠯ ᠤᠨ ᠰᠢᠰᠲ᠋ᠧᠮᠵᠢ ᠶᠢ ᠦᠨᠳᠣᠰᠣᠨ ᠳᠡᠭᠡᠨ ᠪᠠᠶᠢᠭᠤᠯᠵᠦ᠂ ᠡᠮᠴᠢᠯᠡᠭᠡ ᠨᠠᠰᠣᠵᠢᠯ ᠢ ᠣᠶᠠᠯᠳᠣᠭᠤᠯᠥᠠᠠᠰᠠᠨ ᠦᠢᠯᠡᠴᠢᠯᠡᠭᠡᠨ ᠤ ᠴᠢᠳᠡᠪᠦᠷᠢ ᠶᠢ ᠶᠡᠭᠡ ᠭᠡᠮᠵᠢᠶ᠎ᠠ ᠪᠠᠷ ᠳᠡᠭᠡᠭᠰᠢᠯᠡᠬᠦᠯᠥᠨ᠂ ᠨᠠᠰᠣᠳᠡᠶᠢᠴᠣᠳ ᠤᠨ ᠡᠷᠡᠬᠦᠯᠵᠢᠯ ᠤᠨ ᠬᠠᠮᠢᠶᠡᠷᠦᠯᠳᠡ ᠶᠢᠨ ᠬᠢᠷᠢ ᠭᠡᠮᠵᠢᠶ᠎ᠠ ᠶᠢ ᠢᠯᠡᠳᠳᠡ ᠲᠡᠭᠡᠭᠰᠢᠯᠡᠬᠦᠯᠵᠦ᠂ ᠪᠦᠬᠦ ᠣᠷᠣᠨ ᠤ ᠡᠮᠴᠢᠯᠡᠭᠡ ᠡᠷᠡᠬᠦᠯ ᠬᠠᠮᠠᠭᠠᠯᠠᠯ ᠪᠠ ᠨᠠᠰᠣᠵᠢᠯ ᠤᠨ ᠦᠢᠯᠡᠴᠢᠯᠡᠭᠡᠨ ᠤ ᠡᠬᠢ ᠪᠠᠶᠠᠯᠢᠭ ᠢ ᠡᠮᠬᠢ ᠵᠢᠷᠦᠮ ᠲᠠᠢ ᠪᠠᠷ ᠬᠠᠮᠳᠣᠪᠡᠷ ᠬᠦᠷᠲᠡᠭᠰᠡᠨ᠂ ᠬᠤᠳᠡ ᠬᠦᠳᠡᠭᠡ ᠶᠢ ᠬᠠᠮᠤᠷᠤᠭᠰᠠᠨ᠂ ᠴᠢᠳᠠᠮᠵᠢ ᠨᠢ ᠵᠦᠢ ᠵᠤᠬᠢᠰᠳᠡᠢ᠂ ᠭᠡᠪᠴᠢᠶ᠎ᠠ ᠶᠢ ᠨᠢ ᠲᠣᠬᠢᠷᠡᠮᠵᠢᠳᠡᠢ ᠪᠤᠯᠭᠠᠨ᠎ᠠ᠃ ᠪᠦᠬᠦ ᠣᠷᠣᠨ ᠤ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠶᠢᠨ ᠨᠠᠰᠣᠳᠡᠶᠢᠴᠣᠳ ᠤᠨ ᠦᠢᠯᠡᠴᠢᠯᠡᠭᠡᠨ ᠤ ᠰᠠᠭᠠᠳ ᠦᠭᠡᠢ ᠨᠡᠪᠳᠡᠷᠡᠬᠦ ᠵᠠᠮ ᠢ ᠨᠡᠭᠡᠭᠡᠭᠰᠡᠨ ᠨᠣᠷᠮ᠎ᠠ ᠶᠢ 100% ᠳᠤ ᠬᠦᠷᠦᠬᠦᠯᠵᠦ᠂ ᠭᠡᠷ ᠪᠦᠯᠢ ᠶᠢᠨ ᠡᠮᠴᠢ ᠶᠢᠨ ᠭᠡᠷ᠎ᠠ ᠲᠣᠠᠠᠳᠠᠬᠤ ᠦᠢᠯᠡᠴᠢᠯᠡᠭᠡᠨ ᠢ ᠪᠦᠷᠢᠨ ᠪᠦᠷᠬᠦᠬᠦᠯᠬᠦ ᠶᠢ ᠪᠠᠶᠠᠯᠠᠬᠦᠯᠵᠦ᠂ ᠨᠠᠰᠣᠵᠢᠯ ᠤᠨ ᠪᠠᠶᠢᠭᠤᠯᠥᠮᠵᠢ ᠪᠦᠬᠦᠨ ᠨᠢ ᠴᠦᠮ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠬᠠᠨᠭ᠍ᠭᠠᠬᠤ ᠪᠤᠯᠭᠠᠵᠦ᠂ ᠮᠣᠩᠭᠤᠯ ᠡᠮ ᠡᠮᠨᠡᠯᠬᠡ ᠬᠢᠳᠡᠳ ᠡᠮ ᠡᠮᠨᠡᠯᠬᠡ ᠶᠢᠨ ᠡᠷᠡᠬᠦᠯᠵᠢᠯ ᠨᠠᠰᠣᠵᠢᠯ ᠤᠨ ᠦᠢᠯᠡᠴᠢᠯᠡᠭᠡᠨ ᠤ ᠳᠡᠪᠴᠠᠩ ᠤᠨ ᠴᠢᠳᠠᠮᠵᠢ ᠶᠢ ᠣᠯᠡᠮ ᠨᠢᠭᠡ ᠠᠯᠬᠤᠮ ᠳᠡᠬᠦᠯᠳᠡᠷᠵᠢᠬᠦᠯᠦᠨ᠎ᠠ᠃        ᠭᠤᠷᠪᠡ᠂ ᠭᠤᠤᠯ ᠡᠬᠦᠷᠭᠡ        ︵ᠭᠤᠷᠪᠡ︶ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠬᠢᠭᠡᠳ ᠨᠠᠰᠣᠵᠢᠯ ᠤᠨ ᠪᠠᠶᠢᠭᠤᠯᠥᠮᠵᠢ ᠶᠢᠨ ᠬᠠᠮᠳᠣᠷᠡᠯᠴᠠᠬᠤ ᠲᠤᠠᠠᠳᠡᠴᠠ ᠶᠢ ᠪᠠᠶᠢᠭᠤᠯᠥᠨ ᠳᠡᠬᠦᠯᠳᠡᠷᠵᠢᠬᠦᠯᠦᠨ᠎ᠠ᠃ ᠨᠠᠰᠣᠵᠢᠯ ᠤᠨ ᠪᠠᠶᠢᠭᠤᠯᠥᠮᠵᠢ ᠨᠢ ᠦᠢᠷ᠎ᠠ ᠬᠠᠪᠢ ᠶᠢᠨ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠯᠤᠭ᠎ᠠ ᠣᠯᠡᠨ ᠵᠦᠢᠯ ᠤᠨ ᠭᠡᠯᠪᠡᠷᠢ ᠶᠢᠨ ᠭᠡᠯᠡᠯᠴᠡᠭᠡᠷ ᠤᠨ ᠬᠠᠮᠳᠣᠷᠡᠯᠴᠠᠭ᠎ᠠ ᠦᠷᠨᠢᠬᠦᠯᠬᠦ ᠶᠢ ᠵᠣᠷᠢᠠᠠᠵᠢᠭᠤᠯᠵᠦ᠂ ᠬᠠᠷᠢᠯᠴᠠᠨ ᠠᠰᠢᠭ ᠬᠦᠷᠲᠡᠵᠦ ᠬᠠᠷᠢᠯᠴᠠᠨ ᠬᠠᠷᠨᠭᠠᠯᠵᠠᠯ ᠦᠵᠡᠬᠦᠯᠬᠦ ᠵᠠᠷᠴᠢᠮ ᠢᠶᠠᠷ ᠬᠠᠮᠵᠢᠯᠴᠠᠬᠤ ᠲᠤᠠᠠᠳᠡᠴᠠ ᠶᠢ ᠪᠠᠶᠢᠭᠤᠯᠥᠨ ᠪᠦᠷᠢᠨᠰᠢᠬᠦᠯᠵᠦ᠂ ᠬᠤᠶᠡᠷ ᠡᠳᠡᠭᠡᠳ ᠤᠨ ᠬᠠᠷᠢᠭᠤᠴᠠᠯᠭ᠎ᠠ ᠶᠢ ᠲᠤᠳᠣᠷᠬᠠᠶᠢᠯᠠᠨ᠎ᠠ᠃ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠨᠢ ᠨᠠᠰᠣᠵᠢᠯ ᠤᠨ ᠪᠠᠶᠢᠭᠤᠯᠥᠮᠵᠢ ᠯᠤᠭ᠎ᠠ ᠪᠤᠯᠵᠤᠨ ᠡᠮᠨᠡᠬᠦᠯᠬᠦ ᠰᠠᠭᠠᠳ ᠦᠭᠡᠢ ᠨᠡᠪᠳᠡᠷᠡᠬᠦ ᠵᠠᠮ ᠢ ᠨᠡᠭᠡᠭᠡᠨ᠂ ᠣᠷᠣᠵᠦ ᠰᠠᠭᠤᠠᠠᠰᠠᠨ ᠨᠠᠰᠣᠳᠡᠶᠢᠴᠣᠳ ᠲᠤ ᠲᠤᠭᠤᠷᠢᠨ ᠡᠮᠴᠢᠯᠡᠭᠡ ᠬᠢᠬᠦ᠂ ᠡᠷᠡᠬᠦᠯᠵᠢᠯ ᠤᠨ ᠬᠠᠮᠢᠶᠡᠷᠦᠯᠳᠡ ᠂ ᠡᠷᠡᠬᠦᠯ ᠮᠠᠨᠳᠣ ᠶᠢᠨ ᠯᠠᠪᠯᠠᠯᠭ᠎ᠠ᠂ ᠪᠤᠯᠵᠤᠨ ᠡᠮᠨᠡᠬᠦᠯᠬᠦ᠂ ᠳᠥᠷᠭᠡᠨ ᠡᠮᠨᠡᠵᠦ ᠪᠠᠴᠢᠮ ᠠᠪᠤᠷᠡᠯᠳᠡ ᠬᠢᠬᠦ ᠵᠢᠴᠢ ᠮᠣᠩᠭᠤᠯ ᠡᠮ ᠡᠮᠨᠡᠯᠭᠡ ᠬᠢᠳᠡᠳ ᠡᠮ ᠡᠮᠨᠡᠯᠭᠡ ᠶᠢᠨ ᠪᠡᠶ᠎ᠡ ᠰᠣᠪᠢᠯᠠᠬᠤ ᠡᠷᠡᠬᠦᠯ ᠮᠠᠨᠳᠣ ᠵᠡᠷᠭᠡ ᠦᠢᠯᠡᠴᠢᠯᠡᠭᠡᠨ ᠬᠠᠨᠭ᠍ᠭᠠᠵᠦ᠂ ᠣᠷᠣᠵᠦ ᠰᠠᠭᠤᠠᠠᠰᠠᠨ ᠨᠠᠰᠣᠳᠡᠶᠢᠴᠣᠳ ᠤᠨ ᠳᠠᠷᠦ᠋ᠢᠬᠠᠨ ᠦᠷ᠎ᠠ ᠪᠦᠳᠦᠮᠵᠢᠳᠡᠢ ᠡᠮᠴᠢᠯᠡᠭᠡ ᠠᠪᠤᠷᠡᠯᠳᠡ ᠵᠠᠰᠠᠯᠳᠡ ᠬᠢᠯᠬᠡᠬᠦ ᠶᠢ ᠦᠨᠡᠨᠬᠦ ᠪᠠᠳᠣᠯᠠᠨ᠎ᠠ᠃ ᠨᠠᠰᠣᠵᠢᠯ ᠤᠨ ᠪᠠᠶᠢᠭᠤᠯᠥᠮᠵᠢ ᠶᠢᠨ ᠳᠣᠳᠣᠭᠠᠳᠣ ᠳᠠᠭᠠᠨ ᠪᠠᠶᠢᠷᠢᠯᠠᠭᠤᠯᠥᠠᠠᠰᠠᠨ ᠨᠦᠬᠦᠴᠡᠯ ᠪᠦᠷᠢᠯᠳᠦᠬᠦᠯᠥᠭᠰᠡᠨ ᠡᠮᠴᠢᠯᠡᠬᠡᠨ ᠤ ᠪᠠᠶᠢᠭᠤᠯᠥᠮᠵᠢ ᠶᠢ ᠡᠮᠨᠡᠯᠭᠡ ᠶᠢᠨ ᠬᠤᠷᠢᠶ᠎ᠠ ᠶᠢᠨ ᠡᠮᠨᠡᠨ ᠵᠠᠰᠬᠠᠥ ᠪᠠᠷ ᠬᠦᠯᠢᠶᠡᠨ ᠠᠪᠤᠠᠠᠰᠠᠨ ᠨᠠᠰᠣᠳᠡᠶᠢᠴᠣᠳ ᠤᠨ ᠰᠡᠬᠦᠯᠴᠢ ᠶᠢᠨ ᠬᠤᠭᠤᠴᠠᠭᠠᠨ ᠤ ᠡᠷᠡᠬᠦᠯᠵᠢᠯ ᠰᠣᠪᠢᠯᠠᠯᠳᠡ ᠶᠢᠨ ᠭᠠᠵᠡᠷ ᠪᠤᠯᠭᠠᠵᠦ ᠪᠤᠯᠥᠨ᠎ᠠ᠃ ᠬᠤᠶᠠᠳᠣᠭᠠᠷ ᠳᠡᠰ ᠠᠴᠠ ᠳᠡᠭᠡᠭᠰᠢᠬᠢ ᠶᠡᠷᠦᠩᠭᠡᠶᠢᠯᠡᠭᠰᠡᠨ ᠡᠮᠨᠡᠯᠭᠡ ᠶᠢᠨ ᠬᠤᠷᠢᠶ᠎ᠠ ︵ᠮᠣᠩᠭᠤᠯ ᠬᠢᠳᠡᠳ ᠡᠮᠴᠢᠯᠡᠭᠡᠨ ᠤ ᠡᠮᠨᠡᠯᠭᠡ ᠶᠢᠨ ᠬᠤᠷᠢᠶ᠎ᠠ᠂ ᠲᠣᠷᠣᠠᠠᠰᠢ ᠠᠳᠡᠯᠢ︶ ᠨᠢ ᠨᠠᠰᠣᠵᠢᠯ ᠤᠨ ᠪᠠᠶᠢᠭᠤᠯᠥᠮᠵᠢ ᠯᠤᠭ᠎ᠠ ᠰᠢᠰᠲ᠋ᠧᠮ ᠢᠶᠠᠷ ᠢᠶᠠᠨ ᠲᠣᠰᠠᠯᠬᠠᠥ᠂ ᠬᠤᠷᠰᠢᠯᠴᠠᠨ ᠬᠠᠮᠳᠣᠪᠡᠷ ᠪᠠᠶᠢᠭᠤᠯᠬᠤ ᠶᠢ ᠵᠣᠷᠢᠠᠠᠵᠢᠭᠤᠯᠥᠨ᠎ᠠ᠃ ᠡᠮᠴᠢᠯᠡᠭᠡ ᠨᠠᠰᠣᠵᠢᠯ ᠤᠨ ᠬᠤᠯᠪᠤᠭᠠᠳᠣ ᠴᠣᠠᠠᠴᠠ ᠶᠢ ᠪᠠᠶᠢᠭᠤᠯᠬᠤ ᠵᠡᠷᠭᠡ ᠣᠯᠡᠨ ᠵᠦᠢᠯ ᠤᠨ ᠠᠷᠭ᠎ᠠ ᠬᠡᠯᠪᠡᠷᠢ ᠪᠠᠷ ᠳᠡᠮᠵᠢᠭᠤᠯᠥᠨ᠂ ᠡᠮᠴᠢᠯᠡᠭᠡ᠂ ᠡᠷᠡᠬᠦᠯᠵᠢᠯ᠂ ᠨᠠᠰᠣᠵᠢᠯ ᠪᠠ ᠰᠣᠪᠢᠯᠡᠯᠳᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ᠂ ᠨᠠᠰᠣᠳᠡᠶᠢᠴᠣᠳ ᠲᠤ ᠡᠮᠴᠢᠯᠡᠭᠡᠨ ᠤ ᠬᠤᠭᠤᠴᠠᠭᠠᠨ ᠳᠠᠭᠠᠨ ᠡᠮᠨᠡᠯᠭᠡ ᠳᠤ ᠰᠠᠭᠤᠬᠤ᠂ ᠡᠷᠡᠬᠦᠯᠵᠢᠯ ᠤᠨ ᠬᠤᠭᠤᠴᠠᠭᠠᠨ ᠳᠤ ᠰᠣᠪᠢᠯᠠᠬᠤ᠂ ᠲᠣᠠᠠᠳᠠᠪᠦᠷᠢᠵᠢᠭᠤᠯᠬᠤ ᠬᠤᠭᠤᠴᠠᠭᠠᠨ ᠳᠤ ᠠᠮᠢᠳᠣᠷᠡᠯ ᠢ ᠨᠢ ᠬᠠᠷᠡᠭᠠᠯᠵᠠᠬᠤ ᠵᠢᠴᠢ ᠨᠠᠰᠤ ᠡᠴᠦᠰᠯᠡᠬᠦ ᠳᠤ ᠬᠠᠯᠠᠮᠵᠢᠯᠠᠯ ᠦᠵᠡᠬᠦᠯᠬᠦ ᠶᠢ ᠨᠢᠭᠡ ᠴᠣᠠᠠᠴᠠᠵᠢᠭᠤᠯᠥᠠᠠᠰᠠᠨ ᠡᠮᠴᠢᠯᠡᠭᠡ ᠨᠠᠰᠣᠵᠢᠯ ᠣᠶᠠᠯᠳᠣᠬᠰᠠᠨ ᠦᠢᠯᠡᠴᠢᠯᠡᠭᠡᠨ ᠢ ᠬᠠᠩᠭᠠᠨ᠎ᠠ᠃ ︵ᠦᠪᠡᠷᠳᠡᠭᠡᠨ ᠵᠠᠰᠬᠠᠥ ᠣᠷᠣᠨ ᠤ ᠠᠷᠡᠳ ᠤᠨ ᠶᠠᠪᠣᠳᠡᠯ ᠤᠨ ᠳᠢᠩᠬᠢᠮ᠂ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠦᠪᠯᠡᠯ ᠵᠡᠷᠭᠡ ᠰᠠᠯᠠᠭ᠎ᠠ ᠮᠦᠴᠢᠷ ᠤᠳ ᠡᠬᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶        ︵ᠳᠥᠷᠪᠡ︶ ᠨᠠᠰᠣᠵᠢᠯ ᠤᠨ ᠪᠠᠶᠢᠭᠤᠯᠥᠮᠵᠢ ᠶᠢᠨ ᠡᠮᠴᠢᠯᠡᠭᠡᠨ ᠤ ᠦᠢᠯᠡᠴᠢᠯᠡᠭᠡ ᠦᠷᠨᠢᠬᠦᠯᠬᠦ ᠶᠢ ᠳᠡᠮᠵᠢᠨ᠎ᠠ᠃ ᠨᠠᠰᠣᠵᠢᠯ ᠤᠨ ᠪᠠᠶᠢᠭᠤᠯᠥᠮᠵᠢ ᠨᠢ ᠪᠤᠳᠡᠳᠡᠢ ᠪᠠᠶᠢᠳᠡᠯ ᠢᠶᠠᠨ ᠦᠨᠳᠣᠰᠣᠯᠡᠨ᠂ ᠬᠠᠮᠢᠶ᠎ᠠ ᠪᠦᠬᠦᠢ ᠲᠣᠠᠠᠳᠠᠭᠠᠯ ᠶᠣᠰᠣᠭᠠᠷ ᠨᠠᠰᠣᠳᠡᠶᠢᠴᠣᠳ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ᠂ ᠡᠷᠡᠬᠦᠯᠵᠢᠯ ᠤᠨ ᠡᠮᠨᠡᠯᠭᠡ ᠶᠢᠨ ᠬᠤᠷᠢᠶ᠎ᠠ᠂ ᠰᠣᠪᠢᠯᠡᠯᠳᠡ ᠶᠢᠨ ᠬᠦᠷᠢᠶᠡᠯᠡᠩ᠂ ᠮᠣᠩᠭᠤᠯ ᠬᠢᠳᠡᠳ ᠡᠮᠴᠢᠯᠡᠭᠡᠨ ᠤ ᠡᠮᠨᠡᠯᠭᠡ ᠶᠢᠨ ᠬᠤᠷᠢᠶ᠎ᠠ᠂ ᠨᠠᠰᠤ ᠡᠴᠦᠰᠯᠡᠬᠦ ᠳᠤ ᠬᠠᠷᠡᠭᠠᠯᠵᠠᠯ ᠦᠵᠡᠬᠦᠯᠬᠦ ᠪᠠᠶᠢᠭᠤᠯᠥᠮᠵᠢ ᠵᠡᠷᠭᠡ ᠶᠢ ᠡᠷᠬᠢᠯᠡᠬᠦ ᠪᠠᠷ ᠭᠤᠶᠤᠴᠢᠯᠠᠵᠦ ᠪᠤᠯᠬᠤ ᠪᠦᠭᠡᠳ ᠪᠠᠰᠠ ᠲᠣᠳᠣᠭᠠᠳᠥ ᠳᠠᠭᠠᠨ ᠡᠮᠨᠡᠯᠭᠡ ᠶᠢᠨ ᠳᠠᠰᠤᠭ ᠪᠤᠶᠤ ᠰᠣᠪᠢᠯᠡᠯᠳᠡ ᠶᠢᠨ ᠦᠷᠲᠡᠭᠡ ᠪᠠᠶᠢᠭᠤᠯᠵᠦ᠂ ᠨᠠᠰᠣᠵᠢᠯ ᠤᠨ ᠪᠠᠶᠢᠭᠤᠯᠥᠮᠵᠢ ᠶᠢᠨ ᠦᠨᠳᠣᠰᠣᠨ ᠡᠮᠴᠢᠯᠡᠭᠡᠨ ᠤ ᠦᠢᠯᠡᠴᠢᠯᠡᠭᠡ ᠶᠢᠨ ᠴᠢᠳᠡᠪᠦᠷᠢ ᠪᠠᠨ ᠳᠡᠭᠡᠭᠰᠢᠯᠡᠬᠦᠯᠵᠦ ᠪᠤᠯᠥᠨ᠎ᠠ᠃ ᠨᠠᠰᠣᠵᠢᠯ ᠤᠨ ᠪᠠᠶᠢᠭᠤᠯᠥᠮᠵᠢ ᠶᠢᠨ ᠪᠠᠶᠢᠷᠢᠯᠡᠭᠤᠯᠥᠠᠠᠰᠠᠨ ᠡᠮᠴᠢᠯᠡᠭᠡᠨ ᠤ ᠪᠠᠶᠢᠭᠤᠯᠥᠮᠵᠢ ᠨᠢ ᠣᠯᠥᠰ ᠤᠨ ᠬᠠᠦᠯᠢ ᠴᠠᠭᠠᠵᠠ ᠬᠠᠦᠯᠢ ᠲᠤᠠᠠᠳᠠᠭᠠᠯ ᠪᠠ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠤᠯᠪᠤᠠᠠᠳᠡᠯ ᠪᠦᠬᠦᠢ ᠲᠣᠠᠠᠳᠠᠭᠠᠯ ᠳᠤ ᠨᠡᠶᠢᠴᠠᠵᠦ᠂ ᠡᠮᠴᠢᠯᠡᠭᠡᠨ ᠤ ᠪᠠᠶᠢᠭᠤᠯᠥᠮᠵᠢ ᠶᠢᠨ ᠦᠨᠳᠣᠰᠣᠨ ᠪᠡᠷᠢᠮᠵᠢᠶ᠎ᠠ ᠳᠤ ᠨᠡᠶᠢᠴᠡᠬᠦ ᠶᠢᠨ ᠬᠠᠮᠳᠣ᠂ ᠲᠣᠠᠠᠳᠠᠭᠠᠯ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠵᠦᠪᠰᠢᠶᠡᠷᠡᠨ ᠣᠷᠣᠭᠤᠯᠬᠤ ᠪᠠ ᠬᠠᠮᠢᠶᠡᠷᠦᠯᠳᠡ ᠶᠢ ᠭᠡᠷᠡᠭᠵᠢᠬᠦᠯᠵᠦ᠂ ᠬᠠᠦᠯᠢ ᠲᠣᠠᠠᠳᠠᠭᠠᠯ ᠶᠣᠰᠣᠭᠠᠷ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢ ᠦᠷᠨᠢᠬᠦᠯᠥᠨ᠎ᠠ᠃ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠰᠠᠯᠠᠭ᠎ᠠ ᠮᠦᠴᠢᠷ ᠤᠳ ᠳᠥᠷᠥ ᠶᠢᠨ ᠪᠤᠳᠣᠯᠭ᠎ᠠ ᠶᠢᠨ ᠳᠥᠯᠥᠪᠵᠢᠬᠦᠯᠭᠡ ᠶᠢᠨ ᠳᠡᠮᠵᠢᠯᠬᠡ ᠪᠠ ᠮᠡᠷᠭᠡᠵᠢᠯ ᠤᠨ ᠵᠢᠯᠥᠭᠤᠳᠣᠯᠭ᠎ᠠ ᠶᠢᠨ ᠡᠷᠴᠢᠮ ᠢᠶᠠᠨ ᠴᠢᠩᠭᠠᠷᠡᠭᠤᠯᠵᠦ᠂ ᠨᠠᠰᠣᠵᠢᠯ ᠤᠨ ᠪᠠᠶᠢᠭᠤᠯᠥᠮᠵᠢ ᠶᠢᠨ ᠡᠮᠴᠢᠯᠡᠭᠡᠨ ᠤ ᠪᠠᠶᠢᠭᠤᠯᠥᠮᠵᠢ ᠪᠠᠶᠢᠭᠤᠯᠬᠤ ᠶᠢ ᠣᠷᠣᠨ ᠪᠦᠰᠡ ᠶᠢᠨ ᠡᠷᠡᠬᠦᠯ ᠬᠠᠮᠠᠭᠠᠯᠠᠯ ᠤᠨ ᠳᠥᠯᠥᠪᠵᠢᠭᠦᠯᠭᠡ ᠳᠤ ᠣᠷᠣᠭᠤᠯᠵᠦ᠂ ᠣᠷᠢᠳᠡᠪᠡᠷ ᠬᠢᠨᠠᠨ ᠬᠠᠷᠭᠤᠭᠤᠯᠵᠦ ᠬᠢᠨᠡᠨ ᠵᠦᠪᠰᠢᠶᠡᠷᠡᠨ᠎ᠠ᠃ ᠠᠵᠢᠯ ᠡᠷᠬᠢᠯᠡᠬᠦ ᠶᠡᠭᠡ ᠡᠮᠴᠢ ᠶᠢᠨ ᠨᠠᠰᠣᠵᠢᠯ ᠤᠨ ᠪᠠᠶᠢᠭᠤᠯᠥᠮᠵᠢ ᠶᠢᠨ ᠪᠠᠶᠢᠷᠢᠯᠠᠭᠤᠯᠥᠠᠠᠰᠠᠨ ᠡᠮᠴᠢᠯᠡᠭᠡᠨ ᠤ ᠪᠠᠶᠢᠭᠤᠯᠥᠮᠵᠢ ᠳᠤ ᠣᠴᠢᠵᠦ ᠣᠯᠡᠨ ᠴᠡᠭ ᠲᠤ ᠠᠵᠢᠯ ᠡᠷᠬᠢᠯᠡᠬᠦ ᠶᠢ ᠵᠣᠷᠢᠠᠠᠵᠢᠭᠤᠯᠵᠦ᠂ ᠨᠠᠰᠤᠵᠢᠯ ᠤᠨ ᠪᠠᠶᠢᠭᠤᠯᠤᠮᠵᠢ ᠳᠤ ᠬᠠᠮᠢᠶ᠎ᠠ ᠪᠦᠬᠦᠢ ᠲᠣᠰᠬᠠᠢ ᠠᠵᠢᠯ ᠤᠨ ᠣᠨᠴᠠ ᠮᠡᠷᠭᠡᠵᠢᠯ ᠲᠠᠢ ᠶᠡᠭᠡ ᠡᠮᠴᠢ ᠵᠢᠴᠢ ᠲᠣᠰᠬᠠᠢ ᠮᠡᠷᠭᠡᠵᠢᠯ ᠤᠨ ᠠᠵᠢᠯᠳᠡᠨ ᠤ ᠡᠪᠡᠳᠴᠢᠨ ᠰᠡᠷᠭᠡᠶᠢᠯᠡᠬᠦ᠂ ᠰᠢᠮ᠎ᠡ ᠳᠡᠵᠢᠭᠡᠯ ᠂ ᠮᠣᠩᠭᠤᠯ ᠬᠢᠳᠡᠳ ᠡᠮᠴᠢᠯᠡᠭᠡᠨ ᠤ ᠬᠠᠷᠠᠭᠠᠯᠵᠠᠵᠦ ᠰᠣᠪᠢᠯᠠᠬᠤ ᠵᠡᠷᠭᠡ ᠣᠨᠣᠰᠢᠯᠡᠨ ᠡᠮᠴᠢᠯᠡᠬᠦ ᠪᠤᠰᠣ ᠠᠵᠢᠯᠯᠠᠭ᠎ᠠ ᠲᠠᠢ ᠡᠷᠡᠬᠦᠯᠵᠢᠯ ᠤᠨ ᠦᠢᠯᠡᠴᠢᠯᠡᠭᠡ ᠵᠢᠷᠦᠮᠵᠢᠭᠤᠨ ᠦᠷᠨᠢᠬᠦᠯᠬᠦ ᠶᠢ ᠳᠡᠮᠵᠢᠨ᠎ᠠ᠃ ᠨᠠᠰᠣᠵᠢᠯ ᠤᠨ ᠪᠠᠶᠢᠭᠤᠯᠥᠮᠵᠢ ᠶᠢᠨ ᠪᠠᠶᠢᠷᠢᠯᠡᠭᠤᠯᠥᠠᠠᠰᠠᠨ ᠡᠮᠴᠢᠯᠡᠭᠡᠨ ᠤ ᠪᠠᠶᠢᠭᠤᠯᠥᠮᠵᠢ ᠨᠢ᠂ ᠨᠦᠬᠦᠴᠡᠯ ᠳᠤ ᠨᠡᠶᠢᠴᠡᠭᠰᠡᠨ ᠪᠠᠶᠢᠪᠡᠯ ᠲᠣᠠᠠᠳᠠᠭᠠᠯ ᠶᠣᠰᠣᠭᠠᠷ ᠬᠤᠳᠡ ᠬᠦᠳᠡᠭᠡ ᠶᠢᠨ ᠦᠨᠳᠣᠰᠣᠨ ᠡᠮᠴᠢᠯᠡᠭᠡᠨ ᠤ ᠳᠠᠭᠠᠳᠬᠠᠯ ᠤᠨ ᠲᠣᠠᠠᠳ᠋ᠬᠠᠰᠠᠨ ᠬᠦᠷᠢᠶ᠎ᠠ ᠭᠡᠪᠴᠢᠶ᠎ᠠ ᠳᠤ ᠣᠷᠣᠭᠤᠯᠵᠦ ᠪᠤᠯᠥᠨ᠎ᠠ᠃ ︵ᠦᠪᠡᠷᠳᠡᠭᠡᠨ ᠵᠠᠰᠬᠠᠥ ᠣᠷᠣᠨ ᠤ ᠠᠷᠡᠳ ᠤᠨ ᠶᠠᠪᠣᠳᠡᠯ ᠤᠨ ᠳᠢᠩᠬᠢᠮ᠂ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠦᠪᠯᠡᠯ᠂ ᠬᠦᠮᠦᠨ ᠤ ᠬᠦᠴᠣᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠳᠢᠩᠬᠢᠮ ᠵᠡᠷᠭᠡ ᠰᠠᠯᠠᠭ᠎ᠠ ᠮᠦᠴᠢᠷ ᠤᠳ ᠡᠬᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶        ︵ᠲᠠᠪᠤ︶ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠢ ᠨᠡᠶᠢᠭᠡᠮ ᠲᠤᠭᠤᠷᠢᠭ᠂ ᠭᠡᠷ ᠪᠦᠯᠢ ᠬᠦᠷᠳᠡᠯ᠎ᠠ ᠤᠷᠳᠤᠳᠬᠠᠬᠤ ᠶᠢ ᠠᠬᠢᠭᠤᠯᠥᠨ᠎ᠠ᠃ ᠡᠯ᠎ᠠ ᠳᠥᠷᠦᠯ ᠤᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠬᠦ ᠳᠤ ᠬᠦᠢᠴᠡᠳ ᠳᠥᠰᠢᠭᠯᠡᠨ᠂ ᠦᠨᠳᠣᠰᠣᠨ ᠱᠠᠳᠣᠨ ᠤ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠬᠢᠭᠡᠳ ᠨᠡᠶᠢᠭᠡᠮ ᠲᠤᠭᠤᠷᠢᠭ ᠤᠨ ᠨᠠᠰᠣᠵᠢᠯ ᠤᠨ ᠦᠢᠯᠡᠴᠢᠯᠡᠭᠡᠨ ᠤ ᠪᠠᠶᠢᠭᠤᠯᠥᠮᠵᠢ ᠶᠢᠨ ᠵᠠᠪᠰᠡᠷ ᠦᠭᠡᠢ ᠵᠤᠯᠭᠠᠭᠤᠯᠬᠤ ᠶᠢ ᠪᠠᠶᠠᠯᠠᠬᠦᠯᠥᠨ᠎ᠠ᠃ ᠦᠨᠳᠣᠰᠣᠨ ᠱᠠᠳᠣᠨ ᠤ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠶᠢ ᠵᠤᠷᠢᠬᠵᠢᠭᠤᠯᠵᠦ ᠪᠠᠶᠢᠭᠠᠳ ᠨᠡᠶᠢᠭᠡᠮ ᠲᠤᠭᠤᠷᠢᠭ ᠤᠨ ᠦᠨᠳᠣᠷ ᠨᠠᠰᠣᠳᠡᠢ᠂ ᠬᠦᠨᠳᠦ ᠡᠪᠡᠳᠴᠢᠨ ᠲᠠᠢ᠂ ᠴᠢᠲᠡᠯ ᠳᠡᠩᠭᠡᠭᠡ ᠪᠠᠨ ᠠᠯᠳ᠋ᠬᠠᠰᠠᠳ ᠪᠠ ᠬᠠᠭᠠᠰ ᠠᠯᠳ᠋ᠬᠠᠰᠠᠳ ᠵᠢᠴᠢ ᠳᠥᠯᠥᠪᠯᠡᠭᠡᠳᠦ ᠦᠷᠡᠵᠢᠯ ᠤᠨ ᠤᠨᠴᠠᠭᠠᠢ ᠭᠡᠷ ᠪᠦᠯᠢ ᠵᠡᠷᠭᠡ ᠬᠦᠲᠡᠯᠵᠦ ᠪᠠᠷᠢᠬᠤ ᠨᠢ ᠳᠦᠬᠦᠮ ᠦᠭᠡᠢ ᠪᠤᠶᠤ ᠦᠨᠡᠨᠬᠦ ᠬᠦᠴᠢᠷᠳᠡᠯᠳᠡᠢ ᠨᠠᠰᠣᠳᠡᠶᠢᠴᠣᠳ ᠲᠤ ᠲᠣᠠᠠᠳᠠᠮᠠᠯ ᠬᠤᠭᠤᠴᠠᠭ᠎ᠠ ᠲᠠᠢ ᠪᠠᠷ ᠪᠡᠶ᠎ᠠ ᠶᠢᠨ ᠪᠠᠶᠢᠴᠠᠭᠠᠯᠳᠡ ᠬᠢᠬᠦ᠂ ᠭᠡᠷ ᠲᠤᠨᠢ ᠬᠦᠷᠴᠦ ᠲᠣᠭᠤᠷᠢᠨ ᠡᠮᠴᠢᠯᠡᠬᠦ᠂ ᠭᠡᠷ ᠪᠦᠯᠢ ᠶᠢᠨ ᠡᠪᠡᠳᠴᠢᠳᠡᠨ ᠤ ᠣᠷᠥ ᠭᠠᠷᠭᠠᠬᠤ᠂ ᠨᠡᠶᠢᠭᠡᠮ ᠲᠤᠭᠤᠷᠢᠭ ᠤᠨ ᠰᠣᠪᠢᠯᠠᠯᠳᠡ ᠬᠢᠬᠦ᠂ ᠡᠷᠡᠬᠦᠯᠵᠢᠯ ᠤᠨ ᠬᠠᠮᠢᠶᠡᠷᠦᠯᠳᠡ ᠬᠢᠬᠦ ᠵᠡᠷᠭᠡ ᠰᠠᠭᠤᠷᠢ ᠡᠷᠡᠬᠦᠯᠵᠢᠯ ᠤᠨ ᠦᠢᠯᠡᠴᠢᠯᠡᠭᠡ ᠬᠠᠨᠭ᠍ᠭᠠᠵᠦ᠂ ᠨᠠᠰᠣᠳᠡᠶᠢᠴᠣᠳ ᠤᠨ ᠭᠡᠷ ᠪᠦᠯᠢ ᠯᠦᠭᠡ ᠦᠢᠯᠡᠴᠢᠯᠡᠭᠡᠨ ᠤ ᠭᠡᠷ᠎ᠠ ᠲᠣᠠᠠᠳᠠᠬᠤ ᠬᠠᠷᠢᠴᠠᠭ᠎ᠠ ᠪᠠᠶᠢᠭᠤᠯᠵᠦ᠂ ᠦᠷᠬᠦᠯᠵᠢᠯᠡᠯᠳᠦ ᠴᠢᠨᠡᠷᠳᠡᠢ ᠡᠷᠡᠬᠦᠯᠵᠢᠯ ᠤᠨ ᠬᠠᠮᠢᠶᠡᠷᠦᠯᠳᠡ ᠪᠠ ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠃ ᠭᠡᠷ ᠲᠡᠭᠡᠨ ᠰᠠᠭᠤᠵᠦ ᠪᠠᠶᠢᠭ᠎ᠠ ᠨᠠᠰᠣᠳᠡᠶᠢᠴᠣᠳ ᠲᠤ ᠬᠠᠩᠭᠠᠠᠠᠰᠠᠨ ᠡᠮᠴᠢᠯᠡᠭᠡ ᠪᠠ ᠰᠣᠪᠢᠯᠠᠯᠳᠡ ᠶᠢᠨ ᠦᠢᠯᠡᠴᠢᠯᠡᠭᠡᠨ ᠤ ᠳᠦᠷᠦᠯ ᠵᠦᠢᠯ ᠢ ᠵᠢᠷᠦᠮᠵᠢᠭᠤᠯᠵᠦ᠂ ᠲᠣᠠᠠᠳᠠᠭᠠᠯ ᠳᠤ ᠨᠡᠶᠢᠴᠡᠭᠰᠡᠨ ᠡᠮᠴᠢᠯᠡᠭᠡᠨ ᠤ ᠵᠠᠷᠣᠳᠡᠯ ᠢ ᠡᠮᠴᠢᠯᠡᠭᠡᠨ ᠤ ᠳᠠᠭᠠᠳᠬᠠᠯ ᠢᠶᠠᠷ ᠦᠭᠬᠦ ᠬᠦᠷᠢᠶ᠎ᠠ ᠭᠡᠪᠴᠢᠶ᠎ᠠ ᠳᠤ ᠣᠷᠣᠭᠤᠯᠥᠨ᠎ᠠ᠃ ᠦᠨᠳᠣᠰᠣᠨ ᠣᠯᠡᠨ ᠨᠡᠶᠢᠲᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠲᠠᠢ ᠣᠶᠠᠯᠳᠣᠭᠤᠯᠥᠨ᠂ ᠨᠠᠰᠣᠳᠡᠶᠢᠴᠣᠳ ᠲᠤ ᠡᠷᠡᠬᠦᠯᠵᠢᠯ ᠤᠨ ᠳᠡᠩᠰᠡ ᠡᠪᠭᠡᠮᠡᠯ ᠪᠠᠶᠢᠭᠤᠯᠥᠨ ᠦᠭᠴᠥ᠂ 2020 ᠣᠨ ᠪᠤᠯᠳᠡᠯ᠎ᠠ 65 ᠨᠠᠰᠣᠨ ᠠᠴᠠ ᠳᠡᠭᠡᠭᠰᠢᠬᠢ ᠨᠠᠰᠣᠳᠡᠶᠢᠴᠣᠳ ᠲᠤ ᠡᠷᠡᠬᠦᠯᠵᠢᠯ ᠤᠨ ᠬᠠᠮᠢᠶᠡᠷᠦᠯᠳᠡ ᠶᠢᠨ ᠨᠣᠷᠮ᠎ᠠ ᠶᠢ 70% ᠠᠴᠠ ᠳᠡᠭᠡᠭᠰᠢ ᠳᠤ ᠬᠦᠷᠦᠬᠦᠯᠥᠨ᠎ᠠ᠃ ᠦᠨᠳᠣᠰᠣᠨ ᠱᠠᠳᠣᠨ ᠤ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠥᠯᠳᠡ ᠶᠢ ᠴᠢᠩᠭᠠᠳᠬᠠᠵᠦ᠂ ᠭᠡᠷ ᠪᠦᠯᠢ ᠶᠢᠨ ᠡᠮᠴᠢ ᠪᠠ ᠨᠠᠰᠣᠳᠡᠶᠢᠴᠣᠳ ᠤᠨ ᠭᠡᠷ ᠪᠦᠯᠢ ᠯᠦᠭᠡ ᠦᠢᠯᠡᠴᠢᠯᠡᠭᠡᠨ ᠤ ᠭᠡᠷ᠎ᠠ ᠲᠣᠠᠠᠳᠠᠬᠤ ᠶᠢ ᠦᠷᠨᠢᠬᠦᠯᠵᠦ᠂ ᠭᠡᠷ ᠪᠦᠯᠢ ᠶᠢᠨ ᠡᠪᠡᠳᠴᠢᠳᠡᠨ ᠤ ᠣᠷᠦ ᠶᠢ ᠪᠠᠶᠢᠭᠤᠯᠥᠨ᠂ ᠡᠮᠴᠢᠯᠡᠭᠡ ᠰᠣᠪᠢᠯᠠᠯᠳᠡ ᠡᠷᠡᠬᠦᠯᠵᠢᠯ ᠢ ᠭᠡᠷ ᠪᠦᠯᠢ ᠳᠤ ᠣᠷᠣᠭᠤᠯᠬᠤ ᠶᠢ ᠠᠬᠢᠭᠤᠯᠵᠦ᠂ 90% ᠠᠴᠠ ᠳᠡᠭᠡᠭᠰᠢᠬᠢ ᠨᠠᠰᠣᠳᠡᠶᠢᠴᠣᠳ ᠢ ᠨᠡᠶᠢᠭᠡᠮ ᠲᠤᠭᠤᠷᠢᠭ ᠪᠤᠯᠥᠨ ᠭᠡᠷ ᠪᠦᠯᠢ ᠳᠡᠭᠡᠨ ᠰᠠᠭᠤᠵᠦ ᠠᠰᠠᠷᠠᠨ ᠰᠣᠪᠢᠯᠠᠬᠤ ᠳᠤᠨᠢ ᠲᠣᠰᠬᠠᠢ ᠮᠡᠷᠭᠡᠵᠢᠯ ᠤᠨ ᠡᠮᠴᠢᠯᠡᠭᠡ᠂ ᠰᠣᠪᠢᠯᠡᠯᠳᠡ᠂ ᠡᠷᠡᠬᠦᠯ ᠮᠠᠨᠳᠣ᠂ ᠡᠷᠡᠬᠦᠯᠵᠢᠯ ᠵᠡᠷᠭᠡ ᠦᠢᠯᠡᠴᠢᠯᠡᠭᠡᠨ ᠬᠦᠷᠲᠡᠬᠦ ᠶᠢ ᠠᠬᠢᠭᠤᠯᠥᠨ᠎ᠠ᠃ ᠭᠡᠷ ᠲᠡᠭᠡᠨ ᠰᠠᠭᠤᠵᠦ ᠪᠠᠶᠢᠭ᠎ᠠ ᠨᠠᠰᠣᠳᠡᠶᠢᠴᠣᠳ ᠤᠨ ᠡᠮᠨᠡᠬᠦᠯᠬᠦ ᠳᠤ ᠰᠠᠭᠠᠳ ᠦᠭᠡᠢ ᠨᠡᠪᠳᠡᠷᠡᠬᠦ ᠵᠠᠮ᠂ ᠠᠯᠥᠰ ᠡᠵᠡᠮᠰᠢᠯᠳᠦ ᠡᠮᠴᠢᠯᠡᠭᠡ᠂ ᠪᠤᠯᠵᠤᠨ ᠣᠨᠣᠰᠢᠯᠠᠨ ᠡᠮᠨᠡᠬᠦᠯᠬᠦ᠂ ᠬᠤᠣᠰ ᠴᠢᠭᠯᠡᠯ ᠢᠶᠠᠷ ᠰᠢᠯᠵᠢᠬᠦᠯᠥᠨ ᠡᠮᠨᠡᠬᠦᠯᠬᠦ ᠵᠡᠷᠭᠡ ᠦᠢᠯᠡᠴᠢᠯᠡᠭᠡ ᠶᠢ ᠰᠠᠶᠢᠳᠣᠷ ᠬᠢᠨ᠎ᠠ᠃ ︵ᠦᠪᠡᠷᠳᠡᠭᠡᠨ ᠵᠠᠰᠬᠠᠥ ᠣᠷᠣᠨ ᠤ ᠠᠷᠡᠳ ᠤᠨ ᠶᠠᠪᠣᠳᠡᠯ ᠤᠨ ᠳᠢᠩᠬᠢᠮ᠂ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠦᠪᠯᠡᠯ᠂ ᠬᠦᠮᠦᠨ ᠤ ᠬᠦᠴᠣᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠳᠢᠩᠬᠢᠮ ᠵᠡᠷᠭᠡ ᠰᠠᠯᠠᠭ᠎ᠠ ᠮᠦᠴᠢᠷ ᠤᠳ ᠡᠬᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶        ︵ᠵᠢᠷᠭᠤᠭ᠎ᠠ︶ ᠨᠡᠶᠢᠭᠡᠮ ᠤᠨ ᠬᠦᠴᠣᠨ ᠤ ᠡᠮᠴᠢᠯᠡᠭᠡ ᠨᠠᠰᠣᠵᠢᠯ ᠢ ᠣᠶᠠᠯᠳᠣᠭᠤᠯᠥᠠᠠᠰᠠᠨ ᠪᠠᠶᠢᠭᠤᠯᠥᠮᠵᠢ ᠡᠷᠬᠢᠯᠡᠬᠦ ᠶᠢ ᠵᠣᠷᠢᠠᠠᠵᠢᠭᠤᠯᠥᠨ᠎ᠠ᠃ ᠨᠡᠶᠢᠭᠡᠮ ᠤᠨ ᠬᠦᠴᠣᠨ ᠤ ᠪᠤᠳᠡᠳᠡᠢ ᠭᠡᠷᠡᠭᠴᠡᠭᠡ ᠱᠠᠭᠠᠷᠳᠡᠯᠭ᠎ᠠ ᠪᠠᠨ ᠦᠨᠳᠣᠰᠣᠯᠡᠵᠦ ᠪᠠᠶᠢᠭᠠᠳ᠂ ᠵᠠᠬ᠎ᠠ ᠳᠡᠯᠭᠡᠬᠦᠷᠵᠢᠬᠦᠯᠥᠨ ᠠᠵᠢᠯᠯᠠᠭᠤᠯᠬᠤ ᠠᠷᠭ᠎ᠠ ᠬᠡᠯᠪᠡᠷᠢ ᠪᠠᠷ ᠳᠡᠮᠵᠢᠭᠤᠯᠥᠨ ᠡᠮᠴᠢᠯᠡᠭᠡ ᠨᠠᠰᠣᠵᠢᠯ ᠢ ᠣᠶᠠᠯᠳᠣᠭᠤᠯᠬᠤ ᠪᠠᠶᠢᠭᠤᠯᠥᠮᠵᠢ ᠵᠢᠴᠢ ᠨᠠᠰᠣᠳᠡᠶᠢᠴᠣᠳ ᠤᠨ ᠡᠷᠡᠬᠦᠯᠵᠢᠯ᠂ ᠨᠠᠰᠣᠳᠡᠶᠢᠴᠣᠳ ᠢ ᠰᠣᠪᠢᠯᠠᠬᠤ ᠵᠡᠷᠭᠡ ᠲᠣᠰᠬᠠᠢ ᠡᠮᠴᠢᠯᠡᠭᠡᠨ ᠤ ᠪᠠᠶᠢᠭᠤᠯᠥᠮᠵᠢ ᠡᠷᠬᠢᠯᠡᠬᠦ ᠶᠢ ᠵᠣᠷᠢᠠᠠᠵᠢᠭᠤᠯᠥᠨ᠎ᠠ᠃ ᠠᠯᠪᠠᠨ ᠤ ᠪᠠ ᠬᠤᠪᠢ ᠬᠦᠮᠦᠨ ᠬᠠᠮᠳᠤᠷᠠᠨ ᠡᠵᠡᠩᠨᠡᠬᠦ ︵PPP ᠵᠬᠠᠪᠤᠷ︶᠂ ᠤᠨᠴᠠᠭᠠᠢ ᠵᠦᠪᠰᠢᠶᠡᠷᠡᠬᠦᠯᠥᠨ ᠡᠵᠡᠩᠨᠡᠬᠦ᠂ ᠠᠯᠪᠠᠨ ᠠᠴᠠ ᠪᠠᠶᠢᠭᠤᠯᠥᠨ ᠠᠷᠠᠳ ᠠᠴᠠ ᠡᠵᠡᠩᠨᠡᠬᠦ᠂ ᠠᠷᠡᠳ ᠠᠴᠠ ᠡᠷᠬᠢᠯᠡᠨ ᠠᠯᠪᠠᠡ ᠠᠴᠠ ᠬᠠᠪᠰᠣᠷᠬᠤ ᠵᠡᠷᠭᠡ ᠵᠬᠠᠪᠤᠷ ᠢᠶᠠᠷ ᠳᠡᠮᠵᠢᠭᠤᠯᠥᠨ᠂ ᠨᠡᠶᠢᠭᠡᠮ ᠤᠨ ᠬᠦᠴᠣᠨ ᠤ ᠣᠯᠵᠠᠪᠤᠷᠢ ᠦᠭᠡᠢ ᠡᠮᠴᠢᠯᠡᠭᠡ ᠨᠠᠰᠣᠵᠢᠯ ᠢ ᠣᠶᠠᠯᠳᠣᠭᠤᠯᠥᠠᠠᠰᠠᠨ ᠪᠠᠶᠢᠭᠤᠯᠥᠮᠵᠢ ᠡᠷᠬᠢᠯᠡᠬᠦ ᠶᠢ ᠳᠡᠮᠵᠢᠨ᠎ᠠ᠃ ᠠᠵᠦ ᠠᠬᠤᠶᠢᠯᠠᠯ ᠢ ᠲᠠᠮᠵᠢᠵᠦ ᠪᠠᠶᠢᠭᠠᠳ ᠨᠠᠰᠣᠳᠡᠶᠢᠴᠣᠳ ᠤᠨ ᠣᠷᠢᠳᠴᠢᠯᠡᠨ ᠰᠡᠷᠭᠡᠶᠢᠯᠡᠬᠦ ᠪᠠ ᠡᠷᠡᠬᠦᠯ ᠮᠠᠨᠳᠣ᠂ ᠡᠮᠴᠢᠯᠡᠭᠡ ᠡᠷᠡᠬᠦᠯ ᠬᠠᠮᠠᠭᠠᠯᠠᠯ᠂ ᠡᠷᠡᠬᠦᠯᠵᠢᠯ ᠤᠨ ᠰᠣᠪᠢᠯᠠᠯᠳᠡ᠂ ᠠᠮᠢᠳᠣᠷᠡᠯ ᠢ ᠬᠠᠷᠠᠭᠠᠯᠵᠠᠬᠤ᠂ ᠣᠶᠣᠨ ᠰᠠᠨᠠᠭ᠎ᠠ ᠶᠢ ᠳᠡᠶᠢᠳᠬᠤᠷᠡᠭᠤᠯᠬᠤ᠂ ᠡᠷᠡᠬᠦᠯᠵᠢᠯ ᠤᠨ ᠬᠠᠮᠢᠶᠡᠷᠦᠯᠳᠡ᠂ ᠨᠠᠰᠤ ᠡᠴᠦᠰᠯᠡᠬᠦ ᠶᠢᠨ ᠬᠠᠷᠡᠭᠠᠯᠵᠠᠯ ᠦᠵᠡᠬᠦᠯᠬᠦ ᠵᠡᠷᠭᠡ ᠭᠡᠷᠡᠭᠴᠡᠭᠡ ᠱᠠᠭᠠᠷᠳᠡᠯᠭ᠎ᠠ ᠶᠢᠨ ᠲᠤᠭᠤᠷᠢᠨ ᠳᠤ᠂ ᠠᠮᠥᠷ ᠳᠥᠪᠰᠢᠨ ᠦᠷ᠎ᠠ ᠪᠦᠳᠦᠮᠵᠢ ᠲᠠᠢ ᠢᠳᠡᠭᠡᠨ ᠪᠠ ᠡᠮ ᠤᠨ ᠵᠦᠢᠯ᠂ ᠡᠷᠡᠬᠦᠯᠵᠢᠯ ᠤᠨ ᠬᠠᠪᠰᠣᠷᠣᠮᠵᠢ ᠪᠠᠭᠠᠵᠢ ᠭᠡᠷᠡᠭᠰᠡᠯ᠂ ᠡᠳᠣᠷ ᠲᠣᠳᠤᠮ ᠤᠨ ᠠᠰᠠᠷᠡᠨ ᠬᠠᠷᠡᠭᠠᠯᠵᠠᠯ᠂ ᠰᠣᠶᠣᠯ ᠴᠡᠩᠭᠡᠯ ᠵᠡᠷᠭᠡ ᠨᠠᠰᠣᠳᠡᠶᠢᠴᠣᠳ ᠤᠨ ᠡᠳ᠋ᠯᠡᠯ ᠭᠡᠷᠡᠭᠰᠡᠯ ᠪᠠ ᠦᠢᠯᠡᠴᠢᠯᠡᠭᠡᠨ ᠤ ᠦᠢᠯᠡᠳᠬᠦᠨ ᠢ ᠢᠳᠡᠪᠬᠢᠳᠡᠢ ᠪᠠᠷ ᠨᠡᠭᠡᠭᠡᠨ ᠬᠦᠭᠵᠢᠬᠦᠯᠦᠨ᠎ᠠ᠃ ᠡᠮᠴᠢᠯᠡᠭᠡ ᠡᠷᠡᠬᠦᠯ ᠬᠠᠮᠠᠭᠠᠯᠠᠯ ᠪᠠ ᠨᠠᠰᠣᠵᠢᠯ ᠤᠨ ᠳᠥᠯᠥᠪᠵᠢᠬᠦᠯᠭᠡ ᠶᠢ ᠲᠣᠠᠠᠳᠠᠭᠠᠬᠤ ᠳᠠᠭᠠᠨ ᠨᠡᠶᠢᠭᠡᠮ ᠤᠨ ᠬᠦᠴᠣᠨ ᠤ ᠡᠮᠴᠢᠯᠡᠭᠡ ᠨᠠᠰᠣᠵᠢᠯ ᠣᠶᠠᠯᠳᠣᠭᠤᠯᠤᠬᠰᠠᠨ ᠪᠠᠶᠢᠭᠤᠯᠥᠮᠵᠢ ᠡᠷᠬᠢᠯᠡᠬᠦ ᠣᠷᠣᠨ ᠵᠠᠢ ᠶᠢ ᠦᠯᠡᠳᠡᠭᠡᠵᠦ᠂ ᠬᠢᠨᠡᠨ ᠵᠦᠪᠰᠢᠶᠡᠷᠡᠬᠦ ᠳᠡᠰ ᠲᠠᠷᠠᠭᠠᠯᠠᠯ ᠢ ᠲᠣᠪᠴᠢᠯᠠᠨ᠂ ᠬᠤᠯᠪᠤᠠᠠᠳᠡᠯ ᠪᠦᠬᠦᠢ ᠮᠡᠳᠡᠭᠡ ᠵᠠᠩᠬᠢ ᠶᠢ ᠢᠯᠡ ᠪᠤᠯᠭᠠᠨ᠎ᠠ᠃ ᠬᠢᠨᠡᠨ ᠵᠦᠪᠰᠢᠶᠡᠷᠡᠬᠦ ᠲᠠᠯ᠎ᠠ ᠶᠢᠨ ᠠᠵᠢᠯ ᠢ ᠡᠮᠬᠢᠯᠡᠨ ᠨᠡᠶᠢᠯᠡᠭᠦᠯᠵᠦ ᠬᠢᠨᠡᠨ ᠵᠦᠪᠰᠢᠶᠡᠷᠡᠬᠦ ᠴᠠᠭ ᠤᠨ ᠬᠢᠵᠠᠭᠠᠷ ᠢ ᠪᠤᠭᠤᠨᠢᠰᠬᠠᠵᠦ᠂ ᠨᠡᠶᠢᠭᠡᠮ ᠤᠨ ᠬᠦᠴᠣᠨ ᠤ ᠡᠮᠴᠢᠯᠡᠭᠡ ᠨᠠᠰᠣᠵᠢᠯ ᠤᠶᠠᠯᠳᠤᠭᠤᠯᠤᠬᠰᠠᠨ ᠪᠠᠶᠢᠭᠤᠯᠥᠮᠵᠢ ᠡᠷᠬᠢᠯᠡᠬᠦ ᠳᠤ ᠨᠢᠭᠡ ᠯᠠ ᠦᠷᠲᠡᠭᠡ ᠮᠠᠶ᠋ᠢᠭ ᠤᠨ ᠦᠢᠯᠡᠴᠢᠯᠡᠭᠡ ᠬᠠᠩᠭᠠᠨ᠎ᠠ᠃ ︽ᠬᠤᠷᠢᠭ᠎ᠠ ᠦᠭᠡᠢ ᠪᠤᠯ ᠵᠦᠪᠰᠢᠶᠡᠷᠡᠨ ᠣᠷᠣᠭᠤᠯᠬᠤ︾ ᠵᠠᠷᠴᠢᠮ ᠶᠣᠰᠣᠭᠠᠷ᠂ ᠳᠥᠯᠥᠪᠵᠢᠬᠦᠯᠭᠡ ᠶᠢᠨ ᠨᠦᠬᠦᠴᠡᠯ ᠪᠠ ᠣᠷᠣᠭᠤᠯᠬᠤ ᠶᠢ ᠵᠦᠪᠰᠢᠶᠡᠷᠡᠬᠦ ᠬᠢᠷᠢ ᠴᠢᠳᠠᠮᠵᠢ ᠳᠤ ᠨᠡᠶᠢᠴᠡᠭᠰᠡᠨ ᠪᠦᠬᠦᠨ ᠢ ᠶᠠᠮᠠᠷ ᠨᠢᠭᠡᠨ ᠣᠴᠢᠷ ᠰᠢᠯᠳᠠᠭᠠᠨ ᠢᠶᠠᠷ ᠬᠢᠵᠠᠭᠠᠷᠯᠡᠵᠦ ᠪᠤᠯᠬᠤ ᠦᠭᠡᠢ᠃ ︵ᠦᠪᠡᠷᠳᠡᠭᠡᠨ ᠵᠠᠰᠬᠠᠥ ᠣᠷᠣᠨ ᠤ ᠠᠷᠡᠳ ᠤᠨ ᠶᠠᠪᠣᠳᠡᠯ ᠤᠨ ᠳᠢᠩᠬᠢᠮ᠂ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠦᠪᠯᠡᠯ᠂ ᠡᠳ᠋ ᠤᠨ ᠵᠠᠰᠠᠭ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠣᠯᠥᠰ ᠤᠨ ᠭᠠᠵᠡᠷ ᠰᠢᠷᠦᠢ ᠡᠬᠢ ᠪᠠᠶᠠᠯᠢᠭ ᠤᠨ ᠳᠢᠩᠬᠢᠮ᠂ ᠣᠷᠣᠨ ᠰᠠᠭᠤᠴᠠ ᠬᠤᠳᠡ ᠬᠦᠳᠡᠭᠡ ᠶᠢᠨ ᠪᠦᠳᠦᠭᠡᠨ ᠪᠠᠶᠢᠭᠤᠯᠥᠯᠳᠡ ᠶᠢᠨ ᠳᠢᠩᠬᠢᠮ ᠵᠡᠷᠭᠡ ᠰᠠᠯᠠᠭ᠎ᠠ ᠮᠦᠴᠢᠷ ᠤᠳ ᠡᠬᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶        ︵ᠲᠤᠯᠤᠭ᠎ᠠ︶ ᠡᠮᠴᠢᠯᠡᠭᠡ ᠡᠷᠡᠬᠦᠯ ᠬᠠᠮᠠᠭᠠᠯᠠᠯ ᠬᠢᠭᠡᠳ ᠨᠠᠰᠣᠵᠢᠯ ᠤᠨ ᠦᠢᠯᠡᠴᠢᠯᠡᠭᠡᠨ ᠢ ᠠᠭᠤᠰᠣᠯᠴᠠᠭᠤᠯᠥᠨ ᠬᠦᠭᠵᠢᠬᠦᠯᠬᠦ ᠶᠢ ᠵᠣᠷᠢᠠᠠᠵᠢᠭᠤᠯᠥᠨ᠎ᠠ᠃ ᠣᠷᠣᠨ ᠨᠣᠳᠤᠭ ᠢ ᠵᠣᠷᠢᠬᠵᠢᠭᠤᠯᠤᠨ ᠣᠯᠡᠨ ᠵᠦᠢᠯ ᠤᠨ ᠭᠡᠯᠪᠡᠷᠢ ᠶᠢ ᠠᠪᠴᠥ ᠪᠠᠶᠢᠭᠠᠳ ᠡᠮᠴᠢᠯᠡᠭᠡ ᠡᠷᠡᠬᠦᠯ ᠬᠠᠮᠠᠭᠠᠯᠠᠯ ᠬᠢᠭᠡᠳ ᠨᠠᠰᠣᠵᠢᠯ ᠤᠨ ᠦᠢᠯᠡᠴᠢᠯᠡᠭᠡᠨ ᠢ ᠠᠭᠤᠰᠣᠯᠴᠠᠭᠤᠯᠥᠨ ᠬᠦᠭᠵᠢᠬᠦᠯᠬᠦ ᠶᠢ ᠪᠠᠶᠠᠯᠠᠬᠦᠯᠤᠨ᠎ᠡ᠃ ᠡᠮᠴᠢᠯᠡᠭᠡ ᠡᠷᠡᠬᠦᠯ ᠬᠠᠮᠠᠭᠠᠯᠠᠯ ᠬᠢᠭᠡᠳ ᠨᠠᠰᠣᠵᠢᠯ ᠤᠨ ᠦᠢᠯᠡᠴᠢᠯᠡᠭᠡᠨ ᠤ ᠡᠬᠢ ᠪᠠᠶᠠᠯᠢᠭ ᠤᠨ ᠪᠠᠶᠢᠷᠢᠰᠢᠯ ᠢ ᠨᠢᠭᠡᠳᠦᠯᠳᠡᠢ ᠳᠥᠯᠥᠪᠯᠡᠨ᠂ ᠨᠠᠰᠣᠳᠡᠶᠢᠴᠣᠳ ᠤᠨ ᠡᠪᠡᠳᠴᠢᠨ ᠤ ᠡᠮᠨᠡᠯᠭᠡ ᠶᠢᠨ ᠬᠤᠷᠢᠶ᠎ᠠ᠂ ᠡᠷᠡᠬᠦᠯᠵᠢᠯ ᠤᠨ ᠡᠮᠨᠡᠯᠭᠡ ᠶᠢᠨ ᠬᠤᠷᠢᠶ᠎ᠠ᠂ ᠰᠣᠪᠢᠯᠠᠯᠳᠡ ᠶᠢᠨ ᠬᠦᠷᠢᠶᠡᠯᠡᠩ᠂ ᠨᠠᠰᠤ ᠡᠴᠦᠰᠯᠡᠬᠦ ᠳᠤ ᠬᠠᠷᠡᠭᠠᠯᠵᠠᠯ ᠦᠵᠡᠬᠦᠯᠬᠦ ᠪᠠᠶᠢᠭᠤᠯᠥᠮᠵᠢ ᠶᠢᠨ ᠪᠦᠳᠦᠭᠡᠨ ᠪᠠᠶᠢᠭᠤᠯᠥᠯᠳᠡ ᠶᠢ ᠭᠤᠤᠯᠳᠡᠯᠭ᠎ᠠ ᠲᠠᠢ ᠴᠢᠩᠭᠠᠳᠬᠠᠵᠦ᠂ ᠠᠯᠪᠠᠡ ᠠᠴᠠ ᠪᠠᠶᠢᠭᠤᠯᠥᠠᠠᠰᠠᠨ ᠡᠮᠨᠡᠯᠭᠡ ᠶᠢᠨ ᠬᠤᠷᠢᠶ᠎ᠠ ᠶᠢᠨ ᠡᠬᠢ ᠪᠠᠶᠠᠯᠢᠭ ᠡᠯᠪᠡᠭ ᠳᠡᠯᠪᠡᠭ ᠭᠠᠵᠡᠷ ᠣᠷᠣᠨ ᠨᠢ ᠭᠡᠰᠡᠭ ᠠᠯᠪᠠᠡ ᠠᠴᠠ ᠪᠠᠶᠢᠭᠤᠯᠥᠠᠠᠰᠠᠨ ᠡᠮᠨᠡᠯᠭᠡ ᠶᠢᠨ ᠬᠤᠷᠢᠶ᠎ᠠ ᠶᠢ ᠡᠷᠡᠬᠦᠯᠵᠢᠯ᠂ ᠨᠠᠰᠣᠳᠡᠶᠢᠴᠣᠳ ᠢ ᠰᠣᠪᠢᠯᠠᠬᠤ ᠵᠡᠷᠭᠡ ᠦᠷᠬᠦᠯᠵᠢᠯᠡᠯᠳᠦ ᠴᠢᠨᠡᠷᠳᠡᠢ ᠡᠮᠴᠢᠯᠡᠭᠡ ᠶᠢᠨ ᠪᠠᠶᠢᠭᠤᠯᠥᠮᠵᠢ ᠳᠡᠰᠢ ᠢᠳᠡᠪᠬᠢᠳᠡᠢ ᠪᠦᠭᠡᠳ ᠯᠠᠪᠳᠠᠭᠤᠨ ᠢᠶᠠᠷ ᠬᠤᠪᠢᠷᠡᠭᠤᠯᠵᠦ ᠪᠤᠯᠥᠨ᠎ᠠ᠃ ᠶᠡᠷᠦᠩᠭᠡᠶᠢᠯᠡᠭᠰᠡᠨ ᠡᠮᠨᠡᠯᠭᠡ ᠶᠢᠨ ᠬᠤᠷᠢᠶ᠎ᠠ ᠨᠢ ᠨᠠᠰᠥ ᠠᠬᠢᠨ᠋ᠠᠰᠠᠨ ᠡᠪᠡᠳᠴᠢᠳᠡᠨ ᠳᠤ ᠦᠢᠯᠡᠴᠢᠯᠡᠬᠦ ᠴᠢᠳᠡᠪᠦᠷᠢ ᠪᠠᠨ ᠳᠡᠭᠡᠭᠰᠢᠯᠡᠬᠦᠯᠵᠦ᠂ ᠨᠦᠬᠦᠴᠡᠯ ᠲᠠᠢ ᠬᠤᠶᠠᠳᠣᠭᠠᠷ ᠳᠡᠰ ᠠᠴᠠ ᠳᠡᠭᠡᠭᠰᠢᠬᠢ ᠶᠡᠷᠦᠩᠭᠡᠶᠢᠯᠡᠭᠰᠡᠨ ᠡᠮᠨᠡᠯᠭᠡ ᠶᠢᠨ ᠬᠤᠷᠢᠶ᠎ᠠ ᠨᠢ ᠨᠠᠰᠣᠳᠡᠶᠢᠴᠣᠳ ᠤᠨ ᠡᠪᠡᠳᠴᠢᠨ ᠤ ᠡᠮᠴᠢᠯᠡᠭᠡᠨ ᠤ ᠰᠠᠯᠠᠭ᠎ᠠ ᠨᠡᠭᠡᠭᠡᠵᠦ᠂ ᠨᠠᠰᠣᠳᠡᠶᠢᠴᠣᠳ ᠤᠨ ᠣᠳᠠᠭᠠᠨ ᠴᠢᠨᠡᠷᠳᠡᠢ ᠡᠪᠡᠳᠴᠢᠨ ᠢ ᠰᠡᠷᠭᠡᠶᠢᠯᠡᠨ ᠵᠠᠰᠬᠠᠥ ᠪᠠ ᠡᠷᠡᠬᠦᠯᠵᠢᠯ ᠰᠣᠪᠢᠯᠠᠯᠳᠡ ᠶᠢᠨ ᠬᠠᠮᠢᠶ᠎ᠠ ᠪᠦᠬᠦᠢ ᠠᠵᠢᠯ ᠢ ᠰᠠᠶᠢᠳᠣᠷ ᠬᠢᠨ᠎ᠠ᠃ ᠦᠨᠳᠣᠰᠣᠨ ᠱᠠᠳᠣᠨ ᠤ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠨᠢ ᠡᠷᠡᠬᠦᠯᠵᠢᠯ᠂ ᠰᠣᠪᠢᠯᠠᠯᠳᠡ ᠶᠢᠨ ᠣᠷᠦ ᠶᠢᠨ ᠬᠠᠷᠢᠴᠡᠯ ᠢᠶᠠᠨ ᠳᠡᠭᠡᠭᠰᠢᠯᠡᠬᠦᠯᠵᠦ᠂ ᠭᠡᠷᠡᠭᠴᠡᠭᠡ ᠱᠠᠭᠠᠷᠳᠡᠯᠭ᠎ᠠ ᠪᠠᠨ ᠦᠨᠳᠣᠰᠣᠯᠡᠨ ᠨᠠᠰᠣᠳᠡᠶᠢᠴᠣᠳ ᠢ ᠠᠰᠠᠷᠡᠨ ᠰᠣᠪᠢᠯᠠᠬᠤ᠂ ᠨᠠᠰᠤ ᠡᠴᠦᠰᠯᠡᠬᠦ ᠳᠤ ᠬᠠᠷᠡᠭᠠᠯᠵᠠᠯ ᠦᠵᠡᠬᠦᠯᠬᠦ ᠡᠪᠡᠳᠴᠢᠳᠡᠨ ᠤ ᠣᠷᠦ ᠨᠡᠮᠡᠬᠦ ᠶᠢ ᠵᠣᠷᠢᠠᠠᠵᠢᠭᠤᠯᠥᠨ᠎ᠠ᠃ ᠨᠠᠰᠣᠳᠡᠶᠢᠴᠣᠳ ᠤᠨ ᠡᠮᠴᠢᠯᠡᠭᠡᠨ ᠤ ᠦᠢᠯᠡᠴᠢᠯᠡᠭᠡ ᠶᠢᠨ ᠬᠠᠷᠡᠭᠠᠯᠵᠠᠯ ᠤᠨ ᠳᠥᠷᠥ ᠶᠢᠨ ᠪᠤᠳᠣᠯᠭ᠎ᠠ ᠶᠢ ᠪᠦᠬᠦ ᠳᠡᠯ᠎ᠠ ᠪᠠᠷ ᠨᠠᠶᠢᠳᠡᠪᠦᠷᠢᠵᠢᠭᠤᠯᠵᠦ᠂ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠨᠢ ᠨᠠᠰᠣᠳᠡᠶᠢᠴᠣᠳ ᠤᠨᠴᠠᠭᠠᠶᠢᠯᠠᠨ ᠦᠨᠳᠣᠷ ᠨᠠᠰᠣᠳᠡᠢ᠂ ᠬᠦᠨᠳᠣ ᠡᠪᠡᠳᠴᠢᠨ ᠲᠠᠢ᠂ ᠴᠢᠲᠡᠯ ᠳᠡᠩᠭᠡᠭᠡ ᠪᠠᠨ ᠠᠯᠳ᠋ᠬᠠᠰᠠᠨ ᠵᠢᠴᠢ ᠭᠡᠰᠡᠭ ᠠᠯᠳ᠋ᠬᠠᠰᠠᠨ ᠨᠠᠰᠣᠳᠡᠶᠢᠴᠣᠳ ᠲᠤ ᠳ᠋ᠣᠭᠠᠷᠯᠠᠬᠤ᠂ ᠡᠮᠨᠡᠬᠦᠯᠬᠦ᠂ ᠰᠢᠯᠵᠢᠬᠦᠯᠥᠨ ᠡᠮᠨᠡᠬᠦᠯᠬᠦ᠂ ᠡᠮ ᠠᠪᠠᠨ᠋ᠥ᠂ ᠰᠦᠢᠳᠭᠡᠯ ᠲᠣᠰᠢᠶᠠᠬᠤ᠂ ᠶᠡᠷᠦᠩᠭᠡᠶᠢᠯᠡᠭᠰᠡᠨ ᠤᠨᠤᠰᠢᠯᠠᠵᠦ ᠡᠮᠴᠢᠯᠡᠬᠦ ᠵᠡᠷᠭᠡ ᠶᠢᠨ ᠡᠮᠨᠡᠬᠦᠯᠬᠦ ᠳᠤᠨᠢ ᠳᠦᠬᠦᠮ ᠦᠵᠡᠬᠦᠯᠬᠦ ᠦᠢᠯᠡᠴᠢᠯᠡᠭᠡ ᠬᠠᠩᠭᠠᠵᠦ᠂ ᠬᠤᠪᠢ ᠬᠦᠮᠦᠨ ᠤ ᠭᠡᠷᠡᠭᠴᠡᠭᠡ ᠱᠠᠭᠠᠷᠳᠡᠯᠭ᠎ᠠ ᠶᠣᠰᠣᠭᠠᠷ ᠲᠣᠠᠠᠳᠠᠮᠠᠯ ᠬᠤᠭᠤᠴᠠᠭ᠎ᠠ ᠲᠠᠢ ᠪᠠᠷ ᠪᠡᠶ᠎ᠠ ᠶᠢᠨ ᠪᠠᠶᠢᠴᠠᠭᠠᠯᠳᠡ᠂ ᠰᠡᠳᠬᠢᠴᠠ ᠶᠢᠨ ᠡᠷᠡᠬᠦᠯᠵᠢᠯ᠂ ᠣᠷᠢᠳᠴᠢᠯᠡᠨ ᠰᠡᠷᠭᠡᠶᠢᠯᠡᠬᠦ ᠪᠠ ᠡᠮᠴᠢᠯᠡᠭᠡᠨ ᠤ ᠦᠢᠯᠡᠴᠢᠯᠡᠭᠡ ᠬᠠᠩᠭᠠᠨ᠎ᠠ᠃ ᠡᠯ᠎ᠠ ᠱᠠᠳᠣᠨ ᠤ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠪᠠ ᠡᠮᠨᠡᠯᠭᠡ ᠶᠢᠨ ᠠᠵᠢᠯ ᠤᠨ ᠰᠠᠶᠢᠨ ᠲᠣᠷᠡᠴᠣᠳ ᠲᠣᠠᠠᠳᠠᠮᠠᠯ ᠬᠤᠭᠤᠴᠠᠭ᠎ᠠ ᠲᠠᠢ ᠪᠠᠷ ᠨᠠᠰᠣᠳᠡᠶᠢᠴᠣᠳ ᠲᠤ ᠠᠯᠪᠠᠨ ᠵᠢᠷᠦᠮ ᠤᠨ ᠡᠮᠴᠢᠯᠡᠭᠡ ᠦᠷᠨᠢᠬᠦᠯᠬᠦ ᠶᠢ ᠵᠣᠷᠢᠠᠠᠵᠢᠭᠤᠯᠥᠨ᠎ᠠ᠃ ᠡᠮᠴᠢᠯᠡᠭᠡ᠂ ᠨᠠᠰᠣᠵᠢᠯ᠂ ᠰᠣᠪᠢᠯᠠᠯᠳᠡ᠂ ᠡᠷᠡᠬᠦᠯᠵᠢᠯ ᠢ ᠠᠭᠤᠰᠣᠯᠴᠠᠭᠤᠯᠥᠨ ᠬᠦᠭᠵᠢᠬᠦᠯᠬᠦ ᠶᠢ ᠠᠬᠢᠭᠤᠯᠵᠦ᠂ ᠣᠯᠡᠨ ᠵᠦᠢᠯ ᠤᠨ ᠭᠡᠯᠪᠡᠷᠢ ᠪᠠᠷ ᠡᠮᠴᠢᠯᠡᠭᠡ ᠨᠠᠰᠣᠵᠢᠯ ᠤᠨ ᠬᠤᠯᠪᠤᠭᠠᠳᠣ ᠴᠣᠠᠠᠴᠠ ᠶᠢ ᠪᠠᠶᠢᠭᠤᠯᠥᠨ᠎ᠠ᠃ ᠨᠠᠰᠣᠳᠡᠶᠢᠴᠣᠳ ᠤᠨ ᠡᠮᠴᠢᠯᠡᠭᠡᠨ ᠤ ᠪᠠᠳᠣᠯᠠᠭ᠎ᠠ ᠶᠢᠨ ᠰᠢᠰᠲ᠋ᠧᠮᠵᠢ ᠶᠢ ᠠᠯᠬᠤᠮ ᠠᠯᠬᠤᠮ ᠢᠶᠠᠷ ᠳᠡᠬᠦᠯᠳᠡᠷᠵᠢᠬᠦᠯᠥᠨ᠂ ᠨᠠᠰᠣᠳᠡᠶᠢᠴᠣᠳ ᠤᠨ ᠡᠷᠡᠬᠦᠯᠵᠢᠯ ᠢ ᠬᠠᠮᠢᠶᠡᠷᠬᠤ ᠪᠠ ᠡᠷᠲᠡ ᠠᠴᠠ ᠣᠷᠢᠳᠴᠢᠯᠡᠨ ᠰᠡᠷᠭᠡᠶᠢᠯᠡᠬᠦ ᠶᠢ ᠴᠢᠩᠭᠠᠳᠬᠠᠵᠦ᠂ ᠨᠠᠰᠣᠳᠡᠶᠢᠴᠣᠳ ᠤᠨ ᠦᠨᠳᠣᠰᠣᠨ ᠡᠮᠴᠢᠯᠡᠭᠡᠨ ᠤ ᠭᠡᠷᠡᠭᠴᠡᠭᠡ ᠱᠠᠭᠠᠷᠳᠡᠯᠭ᠎ᠠ ᠶᠢ ᠪᠠᠳᠣᠯᠠᠨ᠎ᠠ᠃ ︵ᠦᠪᠡᠷᠳᠡᠭᠡᠨ ᠵᠠᠰᠬᠠᠥ ᠣᠷᠣᠨ ᠤ ᠠᠷᠡᠳ ᠤᠨ ᠶᠠᠪᠣᠳᠡᠯ ᠤᠨ ᠳᠢᠩᠬᠢᠮ᠂ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠦᠪᠯᠡᠯ᠂ ᠬᠦᠮᠦᠨ ᠤ ᠬᠦᠴᠣᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠳᠢᠩᠬᠢᠮ ᠵᠡᠷᠭᠡ ᠰᠠᠯᠠᠭ᠎ᠠ ᠮᠦᠴᠢᠷ ᠤᠳ ᠡᠬᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶        ︵ᠨᠠᠢᠮᠠ︶ ᠮᠣᠩᠭᠤᠯ ᠡᠮ ᠡᠮᠨᠡᠯᠭᠡ ᠬᠢᠳᠡᠳ ᠡᠮ ᠡᠮᠨᠡᠯᠭᠡ ᠶᠢᠨ ᠣᠨᠴᠠᠯᠢᠭ ᠲᠠᠢ ᠡᠮᠴᠢᠯᠡᠭᠡ ᠨᠠᠰᠣᠵᠢᠯ ᠢ ᠣᠶᠠᠯᠳᠣᠭᠤᠯᠥᠠᠠᠰᠠᠨ ᠦᠢᠯᠡᠴᠢᠯᠡᠭᠡᠨ ᠢ ᠦᠷᠨᠢᠬᠦᠯᠥᠨ᠎ᠠ᠃ ᠮᠣᠩᠭᠤᠯ ᠬᠢᠳᠡᠳ ᠡᠮᠨᠡᠯᠭᠡ ᠶᠢᠨ ᠡᠮᠴᠢᠯᠡᠭᠡ᠂ ᠪᠡᠶ᠎ᠠ ᠰᠣᠪᠢᠯᠠᠯᠳᠡ᠂ ᠡᠷᠡᠬᠦᠯ ᠮᠠᠨᠳᠣ᠂ ᠡᠷᠡᠬᠦᠯᠵᠢᠯ ᠢ ᠡᠮᠴᠢᠯᠡᠭᠡ ᠨᠠᠰᠣᠵᠢᠯ ᠢ ᠣᠶᠠᠯᠳᠣᠭᠤᠯᠬᠤ ᠪᠦᠬᠦ ᠶᠠᠪᠤᠴᠠ ᠳᠤ ᠠᠭᠤᠰᠣᠯᠴᠠᠭᠤᠯᠵᠦ᠂ ᠮᠣᠩᠭᠤᠯ ᠬᠢᠳᠡᠳ ᠡᠮᠴᠢᠯᠡᠭᠡᠨ ᠤ ᠡᠮᠨᠡᠯᠭᠡ ᠶᠢᠨ ᠬᠤᠷᠢᠶ᠎ᠠ ᠶᠢᠨ ᠨᠠᠰᠣᠳᠡᠶᠢᠴᠣᠳ ᠤᠨ ᠡᠪᠡᠳᠴᠢᠨ ᠤ ᠡᠮᠴᠢᠯᠡᠭᠡᠨ ᠤ ᠰᠠᠯᠠᠭ᠎ᠠ ᠨᠡᠭᠡᠭᠡᠬᠦ ᠶᠢ ᠵᠣᠷᠢᠠᠠᠵᠢᠭᠤᠯᠥᠨ᠂ ᠨᠠᠰᠣᠳᠡᠶᠢᠴᠣᠳ ᠤᠨ ᠡᠪᠡᠳᠴᠢᠨ ᠤ ᠣᠷᠦ ᠶᠢ ᠨᠡᠮᠡᠭᠳᠡᠬᠦᠯᠵᠦ᠂ ᠮᠣᠩᠭᠤᠯ ᠬᠢᠳᠡᠳ ᠡᠮ ᠡᠮᠨᠡᠯᠭᠡ ᠶᠢᠨ ᠡᠷᠡᠬᠦᠯᠵᠢᠯ ᠨᠠᠰᠣᠵᠢᠯ ᠤᠨ ᠠᠭᠤᠯᠭ᠎ᠠ ᠪᠠᠷ ᠪᠠᠶᠠᠯᠢᠭ ᠦᠢᠯᠡᠴᠢᠯᠡᠭᠡᠨ ᠬᠠᠩᠭᠠᠨ᠎ᠠ᠃ ᠮᠣᠩᠭᠤᠯ ᠬᠢᠳᠡᠳ ᠡᠮᠴᠢᠯᠡᠭᠡᠨ ᠤ ᠡᠮᠨᠡᠯᠭᠡ ᠶᠢᠨ ᠬᠤᠷᠢᠶ᠎ᠠ ᠬᠢᠭᠡᠳ ᠨᠠᠰᠣᠵᠢᠯ ᠤᠨ ᠪᠠᠶᠢᠭᠤᠯᠥᠮᠵᠢ ᠶᠢᠨ ᠬᠤᠭᠤᠷᠣᠨᠳᠣ ᠪᠠᠨ ᠬᠠᠮᠳᠣᠷᠡᠯᠴᠠᠭ᠎ᠠ ᠦᠷᠨᠢᠬᠦᠯᠬᠦ ᠶᠢ ᠠᠬᠢᠭᠤᠯᠥᠨ᠂ ᠪᠡᠶ᠎ᠠ ᠰᠣᠪᠢᠯᠠᠯᠳᠡ ᠡᠷᠡᠬᠦᠯ ᠮᠠᠨᠳᠣ᠂ ᠨᠠᠰᠣᠵᠢᠯ ᠡᠷᠡᠬᠦᠯᠵᠢᠯ ᠵᠡᠷᠭᠡ ᠦᠢᠯᠡᠴᠢᠯᠡᠭᠡᠨ ᠢ ᠢᠳᠡᠪᠬᠢᠳᠡᠢ ᠪᠠᠷ ᠦᠷᠨᠢᠬᠦᠯᠥᠨ᠎ᠠ᠃ ᠭᠤᠷᠪᠠᠳᠣᠭᠠᠷ ᠳᠡᠰ ᠤᠨ ᠮᠣᠩᠭᠤᠯ ᠬᠢᠳᠡᠳ ᠡᠮᠴᠢᠯᠡᠭᠡᠨ ᠤ ᠡᠮᠨᠡᠯᠭᠡ ᠶᠢᠨ ᠬᠤᠷᠢᠶ᠎ᠠ ᠨᠢ ᠶᠠᠳᠠᠬᠤ ᠳᠠᠭᠠᠨ ᠨᠡᠯᠢᠶᠡᠳ ᠶᠡᠭᠡ ᠭᠡᠪᠴᠢᠶᠡᠨ ᠤ 2 ᠨᠠᠰᠣᠵᠢᠯ ᠤᠨ ᠪᠠᠶᠢᠭᠤᠯᠥᠮᠵᠢ ᠯᠤᠭ᠎ᠠ ᠬᠠᠮᠳᠣᠷᠡᠯᠴᠠᠬᠤ ᠬᠠᠷᠢᠴᠠᠭ᠎ᠠ ᠪᠠᠶᠢᠭᠤᠯᠵᠦ᠂ ᠮᠣᠩᠭᠤᠯ ᠬᠢᠳᠡᠳ ᠡᠮᠴᠢᠯᠡᠭᠡᠨ ᠤ ᠡᠮᠨᠡᠯᠭᠡ ᠶᠢᠨ ᠬᠤᠷᠢᠶ᠎ᠠ ᠳᠤ ᠳᠥᠰᠢᠭᠯᠡᠨ ᠮᠣᠩᠭᠤᠯ ᠬᠢᠳᠡᠳ ᠡᠮᠨᠡᠯᠭᠡ ᠶᠢᠨ ᠡᠮᠴᠢᠯᠡᠭᠡ ᠨᠠᠰᠣᠵᠢᠯ ᠢ ᠣᠶᠠᠯᠳᠣᠭᠤᠯᠬᠤ ᠪᠠᠶᠢᠭᠤᠯᠥᠮᠵᠢ ᠶᠢ 5 ᠠᠴᠠ 10 ᠪᠠᠶᠢᠭᠤᠯᠥᠨ᠎ᠠ᠃ ᠬᠤᠶᠠᠳᠣᠭᠠᠷ ᠳᠡᠰ ᠤᠨ ᠮᠣᠩᠭᠤᠯ ᠬᠢᠳᠡᠳ ᠡᠮᠴᠢᠯᠡᠭᠡᠨ ᠤ ᠡᠮᠨᠡᠯᠭᠡ ᠶᠢᠨ ᠬᠤᠷᠢᠶ᠎ᠠ ᠨᠢ ᠶᠠᠳᠠᠬᠤ ᠳᠠᠭᠠᠨ 1 ᠨᠠᠰᠣᠵᠢᠯ ᠤᠨ ᠪᠠᠶᠢᠭᠤᠯᠥᠮᠵᠢ ᠯᠤᠭ᠎ᠠ ᠬᠠᠮᠳᠣᠷᠡᠯᠴᠠᠬᠤ ᠬᠠᠷᠢᠴᠠᠭ᠎ᠠ ᠪᠠᠶᠢᠭᠤᠯᠥᠨ᠎ᠠ᠃ ᠨᠠᠰᠣᠵᠢᠯ ᠤᠨ ᠪᠠᠶᠢᠭᠤᠯᠥᠮᠵᠢ ᠨᠢ ᠮᠣᠩᠭᠤᠯ ᠬᠢᠳᠡᠳ ᠡᠮ ᠡᠮᠨᠡᠯᠭᠡ ᠶᠢᠨ ᠡᠷᠡᠬᠦᠯᠵᠢᠯ ᠤᠨ ᠬᠠᠮᠢᠶᠡᠷᠦᠯᠳᠡ ᠶᠢᠨ ᠣᠨᠣᠯᠵᠢᠬᠤᠨ ᠢ ᠠᠭᠤᠰᠣᠯᠴᠠᠭᠤᠯᠥᠠᠠᠰᠠᠨ ᠨᠠᠰᠣᠳᠡᠶᠢᠴᠣᠳ ᠤᠨ ᠡᠮᠴᠢᠯᠡᠭᠡ᠂ ᠰᠣᠪᠢᠯᠠᠯᠳᠡ᠂ ᠪᠡᠶ᠎ᠠ ᠰᠣᠪᠢᠯᠡᠯᠳᠡ᠂ ᠡᠷᠡᠬᠦᠯᠵᠢᠯ᠂ ᠡᠪᠡᠳᠴᠢᠯᠡᠬᠦ ᠠᠴᠠ ᠤᠷᠢᠳᠠ ᠰᠡᠷᠭᠡᠶᠢᠯᠡᠨ ᠵᠠᠰᠬᠠᠥ ᠦᠢᠯᠡᠴᠢᠯᠡᠭᠡᠨ ᠦᠷᠨᠢᠬᠦᠯᠬᠦ ᠶᠢ ᠵᠣᠷᠢᠠᠠᠵᠢᠭᠤᠯᠥᠨ᠎ᠠ᠃ ᠨᠡᠶᠢᠭᠡᠮ ᠲᠤᠭᠤᠷᠢᠭ ᠪᠤᠯᠥᠨ ᠭᠡᠷ ᠲᠡᠭᠡᠨ ᠰᠠᠭᠤᠠᠠᠰᠠᠨ ᠨᠠᠰᠣᠳᠡᠶᠢᠴᠣᠳ ᠤᠨ ᠮᠣᠩᠭᠤᠯ ᠬᠢᠳᠡᠳ ᠡᠮ ᠡᠮᠨᠡᠯᠭᠡ ᠶᠢᠨ ᠡᠷᠡᠬᠦᠯᠵᠢᠯ ᠨᠠᠰᠣᠵᠢᠯ ᠤᠨ ᠦᠢᠯᠡᠴᠢᠯᠡᠭᠡᠨ ᠢ ᠬᠦᠭᠵᠢᠬᠦᠯᠥᠨ᠎ᠠ᠃ ᠨᠠᠰᠣᠵᠢᠯ ᠪᠡᠶ᠎ᠠ ᠰᠣᠪᠢᠯᠠᠯᠳᠡ᠂ ᠠᠮᠢ ᠠᠬᠤᠢ ᠶᠢᠨ ᠵᠤᠰᠠᠯᠡᠩ᠂ ᠬᠠᠯᠠᠭᠤᠨ ᠷᠡᠰᠢᠶᠡᠨ ᠡᠷᠡᠬᠦᠯ ᠮᠠᠨᠳᠣ᠂ ᠰᠡᠯᠡᠬᠦᠴᠡᠯ ᠠᠮᠠᠷᠡᠯᠳᠡ᠂ ᠡᠷᠡᠬᠦᠯᠵᠢᠯ ᠵᠤᠭᠠᠴᠠᠯ ᠤᠨ ᠣᠨᠴᠠᠯᠢᠭ ᠲᠠᠢ ᠮᠣᠩᠭᠤᠯ ᠬᠢᠳᠡᠳ ᠡᠮ ᠡᠮᠨᠡᠯᠭᠡ ᠶᠢᠨ ᠡᠷᠡᠬᠦᠯᠵᠢᠯ ᠨᠠᠰᠣᠵᠢᠯ ᠪᠡᠶ᠎ᠠ ᠰᠣᠪᠢᠯᠠᠯᠳᠡ ᠶᠢᠨ ᠣᠨᠴᠠᠯᠢᠠᠠᠳᠣ ᠠᠵᠦ ᠦᠢᠯᠡᠰ ᠢ ᠰᠢᠨᠵᠢᠯᠡᠨ ᠪᠠᠶᠢᠭᠤᠯᠵᠦ᠂ ᠨᠠᠰᠣᠳᠡᠶᠢᠴᠣᠳ ᠲᠤ ᠣᠯᠡᠨ ᠶᠠᠩᠵᠦ ᠶᠢᠨ ᠡᠮᠴᠢᠯᠡᠭᠡ ᠨᠠᠰᠣᠵᠢᠯ ᠤᠨ ᠦᠢᠯᠡᠴᠢᠯᠡᠭᠡ ᠬᠠᠩᠭᠠᠨ᠎ᠠ᠃ ︵ᠦᠪᠡᠷᠳᠡᠭᠡᠨ ᠵᠠᠰᠬᠠᠥ ᠣᠷᠣᠨ ᠤ ᠠᠷᠡᠳ ᠤᠨ ᠶᠠᠪᠣᠳᠡᠯ ᠤᠨ ᠳᠢᠩᠬᠢᠮ᠂ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠦᠪᠯᠡᠯ ᠵᠡᠷᠭᠡ ᠰᠠᠯᠠᠭ᠎ᠠ ᠮᠦᠴᠢᠷ ᠤᠳ ᠡᠬᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶        ᠳᠥᠷᠪᠡ᠂ ᠪᠠᠳᠣᠯᠠᠭ᠎ᠠ ᠶᠢᠨ ᠠᠷᠭ᠎ᠠ ᠭᠡᠮᠵᠢᠶ᠎ᠠ        ︵ᠶᠢᠰᠦ︶ ᠪᠡᠯᠡ ᠣᠷᠣᠭᠤᠯᠥᠯᠳᠡ ᠪᠡᠯᠡ ᠲᠣᠬᠢᠷᠡᠭᠤᠯᠭ᠎ᠠ ᠪᠠ ᠡᠳ᠋ ᠤᠨ ᠵᠠᠰᠠᠭ ᠭᠠᠶᠢᠯᠢ ᠦᠨ᠎ᠠ ᠬᠠᠨᠭ᠍ᠰᠢ ᠶᠢᠨ ᠳᠥᠷᠥ ᠶᠢᠨ ᠪᠤᠳᠣᠯᠭ᠎ᠠ ᠶᠢ ᠳᠡᠬᠦᠯᠳᠡᠷᠵᠢᠬᠦᠯᠦᠨ᠎ᠠ᠃ ︽ᠡᠷᠡᠬᠦᠯᠵᠢᠯ ᠤᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠠᠬᠢᠭᠤᠯᠬᠤ ᠲᠣᠬᠠᠢ ᠦᠪᠤᠷ ᠮᠣᠩᠭᠤᠯ ᠤᠨ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠤ ᠭᠡᠷᠡᠭᠵᠢᠬᠦᠯᠬᠦ ᠰᠠᠨᠠᠯ︾ ︵ᠦᠪᠤᠷ ᠵᠠᠰᠠᠭ ᠲᠠᠷᠬᠠᠭᠠᠠᠠᠰᠠᠨ ︹2015︺ 14 ᠳ᠋ᠣᠭᠡᠷ ᠲᠤᠭᠠᠳᠣ︶᠂ ︽ᠨᠠᠰᠣᠵᠢᠯ ᠤᠨ ᠦᠢᠯᠡᠴᠢᠯᠡᠭᠡᠨ ᠤ ᠦᠢᠯᠡᠰ ᠢ ᠳᠥᠷᠭᠡᠳᠭᠡᠨ ᠬᠦᠭᠵᠢᠬᠦᠯᠬᠦ ᠲᠣᠬᠠᠢ ᠦᠪᠤᠷ ᠮᠣᠩᠭᠤᠯ ᠤᠨ ᠦᠪᠡᠷᠳᠡᠭᠡᠨ ᠵᠠᠰᠬᠠᠥ ᠣᠷᠣᠨ ᠤ ᠠᠷᠡᠳ ᠤᠨ ᠵᠠᠰᠠᠭ ᠤᠨ ᠣᠷᠳᠣᠨ ᠤ ᠭᠡᠷᠡᠭᠵᠢᠬᠦᠯᠬᠦ ᠰᠠᠨᠠᠯ︾ ︵ᠦᠪᠤᠷ ᠵᠠᠰᠠᠭ ᠲᠠᠷᠬᠠᠭᠠᠠᠠᠰᠠᠨ ︹2014︺ 57 ᠳ᠋ᠣᠭᠠᠷ ᠲᠤᠭᠠᠳᠣ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠡᠯᠭ᠎ᠠ ᠶᠢ ᠦᠨᠳᠣᠰᠣᠯᠡᠨ᠂ ᠨᠦᠬᠦᠴᠡᠯ ᠳᠤ ᠨᠡᠶᠢᠴᠡᠬᠦ ᠡᠮᠴᠢᠯᠡᠭᠡ ᠨᠠᠰᠣᠵᠢᠯ ᠢ ᠣᠶᠠᠯᠳᠣᠭᠤᠯᠬᠤ ᠪᠠᠶᠢᠭᠤᠯᠥᠮᠵᠢ ᠳᠤ ᠲᠣᠠᠠᠳᠠᠭᠠᠯ ᠶᠣᠰᠣᠭᠠᠷ ᠬᠠᠮᠢᠶ᠎ᠠ ᠪᠦᠬᠦᠢ ᠳᠡᠮᠵᠢᠬᠦ ᠳᠦᠷᠦ ᠶᠢᠨ ᠪᠤᠳᠣᠯᠭ᠎ᠠ ᠶᠢ ᠰᠠᠶᠢᠳᠣᠷ ᠨᠡᠶᠢᠳᠡᠪᠦᠷᠢᠵᠢᠭᠤᠯᠥᠨ᠎ᠠ᠃ ᠵᠠᠬ᠎ᠠ ᠳᠡᠯᠭᠡᠬᠦᠷᠵᠢᠬᠦᠯᠥᠨ ᠪᠡᠯᠡ ᠲᠣᠬᠢᠷᠡᠭᠤᠯᠭ᠎ᠠ ᠬᠢᠬᠦ ᠵᠠᠮ ᠮᠦᠷ ᠢ ᠦᠷᠭᠡᠳᠭᠡᠵᠦ᠂ ᠵᠠᠰᠠᠭ ᠤᠨ ᠣᠷᠳᠣᠨ ᠪᠠ ᠨᠡᠶᠢᠭᠡᠮ ᠤᠨ ᠬᠦᠷᠦᠩᠭᠡ ᠬᠠᠮᠳᠣᠷᠡᠯᠴᠬᠠᠰᠠᠨ ︵PPP︶ ᠪᠡᠯᠡ ᠣᠷᠣᠭᠤᠯᠥᠯᠳᠡ ᠪᠡᠯᠡ ᠲᠣᠬᠢᠷᠡᠭᠤᠯᠭ᠎ᠠ ᠶᠢᠨ ᠵᠬᠠᠪᠤᠷ ᠢ ᠰᠦᠪᠡᠭᠴᠢᠯᠠᠨ᠎ᠠ᠃ ᠡᠯ᠎ᠠ ᠳᠦᠷᠦᠯ ᠤᠨ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠶᠢ ᠬᠦᠳᠦᠯᠥᠨ ᠵᠢᠯᠥᠭᠤᠳᠴᠥ ᠪᠠᠶᠢᠭᠠᠳ ᠮᠦᠡᠭᠬᠦᠨ ᠬᠦᠢᠯᠭᠡᠭᠡᠨ ᠤ ᠨᠡᠷᠡᠳᠬᠦᠨ ᠪᠠ ᠦᠢᠯᠡᠴᠢᠯᠡᠭᠡᠨ ᠤ ᠠᠷᠭ᠎ᠠ ᠬᠡᠯᠪᠡᠷᠢ ᠳᠤ ᠰᠢᠨ᠎ᠡ ᠶᠢ ᠡᠬᠦᠳᠴᠥ᠂ ᠡᠮᠴᠢᠯᠡᠭᠡ ᠨᠠᠰᠣᠵᠢᠯ ᠢ ᠣᠶᠠᠯᠳᠣᠭᠤᠯᠬᠤ ᠬᠦᠷᠢᠶ᠎ᠠ ᠴᠡᠷᠠᠭ᠎ᠠ ᠳᠤ ᠮᠦᠡᠭᠬᠦᠨ ᠬᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠡᠭᠤᠯᠥᠨ᠎ᠠ᠃ ᠨᠦᠬᠦᠴᠡᠯ ᠲᠠᠢ ᠭᠠᠵᠡᠷ ᠣᠷᠣᠨ ᠨᠢ ᠮᠦᠡᠭᠬᠦᠨ ᠬᠦᠢᠯᠭᠡᠭᠡᠨ ᠪᠤᠯᠥᠨ ᠠᠵᠦ ᠦᠢᠯᠡᠰ ᠤᠨ ᠬᠦᠷᠦᠩᠬᠡ ᠬᠠᠮᠳᠣᠪᠡᠷ ᠪᠡᠯᠡ ᠴᠣᠠᠠᠯᠠᠭᠤᠯᠥᠠᠠᠰᠠᠨ ᠡᠷᠡᠬᠦᠯᠵᠢᠯ ᠤᠨ ᠠᠵᠦ ᠦᠢᠯᠡᠰ ᠤᠨ ᠪᠡᠯᠡ ᠣᠷᠣᠭᠤᠯᠬᠤ ᠰᠠᠭᠤᠷᠢ ᠮᠦᠡᠭᠬᠦ ᠪᠠᠷ ᠳᠡᠮᠵᠢᠭᠤᠯᠥᠨ ᠡᠮᠴᠢᠯᠡᠭᠡ ᠨᠠᠰᠣᠵᠢᠯ ᠢ ᠣᠶᠠᠯᠳᠣᠭᠤᠯᠥᠨ ᠬᠦᠭᠵᠢᠬᠦᠯᠬᠦ ᠶᠢ ᠳᠠᠮᠵᠢᠨ᠎ᠠ᠃ ᠨᠡᠶᠢᠭᠡᠮ ᠤᠨ ᠠᠰᠠᠷᠡᠮᠵᠢ ᠶᠢᠨ ᠠᠵᠢᠯ ᠦᠢᠯᠡᠰ ᠲᠤ ᠭᠡᠷᠡᠭᠯᠡᠬᠦ ᠱᠠᠩᠨᠠᠯᠳᠤ ᠰᠣᠭᠤᠯᠤᠭ᠎ᠠ ᠶᠢᠨ ᠨᠡᠶᠢᠲᠡ ᠶᠢᠨ ᠠᠰᠠᠷᠡᠮᠵᠢ ᠶᠢᠨ ᠮᠦᠡᠭᠬᠦ ᠪᠠᠷ ᠡᠮᠴᠢᠯᠡᠭᠡ ᠨᠠᠰᠣᠵᠢᠯ ᠢ ᠣᠶᠠᠯᠳᠣᠭᠤᠯᠬᠤ ᠦᠢᠯᠡᠴᠢᠯᠡᠭᠡᠨ ᠦᠷᠨᠢᠬᠦᠯᠬᠦ ᠶᠢ ᠵᠤᠬᠢᠰᠳᠡᠢ ᠪᠠᠷ ᠳᠡᠮᠵᠢᠨ᠎ᠡ᠃ ᠬᠠᠮᠢᠶ᠎ᠠ ᠪᠦᠬᠦᠢ ᠡᠮᠴᠢᠯᠡᠭᠡ ᠡᠷᠡᠬᠦᠯ ᠬᠠᠮᠠᠭᠠᠯᠠᠯ ᠪᠠ ᠡᠷᠡᠬᠦᠯᠵᠢᠯ ᠨᠠᠰᠣᠵᠢᠯ ᠤᠨ ᠦᠢᠯᠡᠴᠢᠯᠡᠭᠡᠨ ᠤ ᠲᠣᠰᠬᠠᠢ ᠪᠡᠯᠡ ᠮᠦᠡᠭᠬᠦ ᠶᠢ ᠨᠢᠭᠡᠳᠦᠯᠳᠡᠢ ᠳᠥᠯᠥᠪᠯᠡᠨ ᠨᠡᠶᠢᠯᠡᠬᠦᠯᠵᠦ᠂ ᠣᠷᠣᠭᠤᠯᠥᠯᠳᠡ ᠶᠢᠨ ᠲᠤᠠᠠᠳᠡᠴᠠ ᠪᠠ ᠠᠷᠭ᠎ᠠ ᠬᠡᠯᠪᠡᠷᠢ ᠳᠤ ᠰᠢᠨ᠎ᠡ ᠶᠢ ᠡᠬᠦᠳᠴᠥ᠂ ᠡᠮᠴᠢᠯᠡᠭᠡ ᠨᠠᠰᠣᠵᠢᠯ ᠢ ᠣᠶᠠᠯᠳᠣᠭᠤᠯᠤᠬᠰᠠᠨ ᠢ ᠳᠡᠮᠵᠢᠬᠦ ᠡᠷᠴᠢᠮ ᠢᠶᠠᠨ ᠴᠢᠩᠭᠠᠷᠡᠭᠤᠯᠥᠨ᠎ᠠ᠃ ᠵᠠᠰᠠᠭ ᠤᠨ ᠣᠷᠳᠣᠨ ᠡᠮᠴᠢᠯᠡᠭᠡ ᠡᠷᠡᠬᠦᠯ ᠬᠠᠮᠠᠭᠠᠯᠠᠯ ᠪᠠ ᠡᠷᠡᠬᠦᠯᠵᠢᠯ ᠤᠨ ᠦᠢᠯᠡᠴᠢᠯᠡᠭᠡ ᠬᠤᠳᠠᠯᠳᠣᠨ ᠠᠪᠠᠨ᠋ᠥ ᠶᠢ ᠳᠥᠷᠭᠡᠳᠭᠡᠨ ᠠᠬᠢᠭᠤᠯᠵᠦ᠂ ᠦᠢᠯᠡᠴᠢᠯᠡᠭᠡ ᠬᠤᠳᠠᠯᠳᠣᠨ ᠠᠪᠠᠨ᠋ᠥ ᠬᠦᠷᠢᠶ᠎ᠠ ᠭᠡᠪᠴᠢᠶ᠎ᠠ ᠪᠠᠨ ᠠᠯᠬᠤᠮ ᠠᠯᠬᠤᠮ ᠢᠶᠠᠷ ᠦᠷᠭᠡᠳᠭᠡᠨ᠂ ᠦᠢᠯᠡᠴᠢᠯᠡᠭᠡ ᠬᠤᠳᠠᠯᠳᠣᠨ ᠠᠪᠠᠨ᠋ᠥ ᠠᠭᠤᠯᠭ᠎ᠠ ᠪᠠᠨ ᠳᠡᠬᠦᠯᠳᠡᠷᠵᠢᠬᠦᠯᠵᠦ᠂ ᠡᠮᠴᠢᠯᠡᠭᠡ ᠨᠠᠰᠣᠵᠢᠯ ᠢ ᠣᠶᠠᠯᠳᠣᠭᠤᠯᠬᠤ ᠦᠢᠯᠡᠴᠢᠯᠡᠭᠡᠨ ᠤ ᠦᠷ᠎ᠠ ᠠᠰᠢᠭ ᠪᠠ ᠬᠢᠷᠢ ᠭᠡᠮᠵᠢᠶ᠎ᠠ ᠪᠠᠨ ᠲᠡᠭᠡᠭᠰᠢᠯᠡᠬᠦᠯᠦᠨ᠎ᠡ᠃ ︵ᠦᠪᠡᠷᠳᠡᠭᠡᠨ ᠵᠠᠰᠬᠠᠥ ᠣᠷᠣᠨ ᠤ ᠠᠷᠡᠳ ᠤᠨ ᠶᠠᠪᠣᠳᠡᠯ ᠤᠨ ᠳᠢᠩᠬᠢᠮ᠂ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠦᠪᠯᠡᠯ᠂ ᠡᠳ᠋ ᠤᠨ ᠵᠠᠰᠠᠭ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ ᠵᠡᠷᠭᠡ ᠰᠠᠯᠠᠭ᠎ᠠ ᠮᠦᠴᠢᠷ ᠤᠳ ᠡᠬᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶        ︵ᠠᠷᠪᠠ︶ ᠭᠡᠷᠡᠭᠯᠡᠬᠦ ᠭᠠᠵᠡᠷ ᠢ ᠳᠥᠯᠥᠪᠵᠢᠬᠦᠯᠬᠦ ᠪᠠ ᠬᠠᠮᠢᠶ᠎ᠠ ᠪᠦᠬᠦᠢ ᠳᠥᠷᠥ ᠶᠢᠨ ᠪᠤᠳᠣᠯᠭ᠎ᠠ ᠶᠢ ᠨᠡᠶᠢᠳᠡᠪᠦᠷᠢᠵᠢᠭᠤᠯᠬᠤ ᠶᠢ ᠰᠠᠶᠢᠳᠣᠷ ᠬᠢᠨ᠎ᠠ᠃ ᠡᠮᠴᠢᠯᠡᠭᠡ ᠨᠠᠰᠣᠵᠢᠯ ᠢ ᠣᠶᠠᠯᠳᠣᠭᠤᠯᠬᠤ ᠦᠢᠯᠡᠴᠢᠯᠡᠭᠡᠨ ᠤ ᠪᠡᠯᠡᠳᠭᠡᠮᠵᠢ ᠶᠢᠨ ᠪᠦᠳᠦᠭᠡᠨ ᠪᠠᠶᠢᠭᠤᠯᠥᠯᠳᠡ ᠳᠤ ᠭᠡᠷᠡᠭᠯᠡᠬᠦ ᠭᠠᠵᠡᠷ ᠢ ᠲᠣᠬᠠᠢ ᠶᠢᠨ ᠭᠠᠵᠡᠷ ᠤᠨ ᠭᠠᠵᠡᠷ ᠰᠢᠷᠦᠢ ᠠᠰᠢᠠᠠᠯᠠᠬᠤ ᠶᠡᠷᠦᠩᠭᠡᠢ ᠳᠥᠯᠥᠪᠵᠢᠬᠦᠯᠭᠡ ᠳᠤ ᠣᠷᠣᠭᠤᠯᠬᠤ ᠶᠢᠨ ᠬᠠᠮᠳᠣ ᠣᠯᠥᠰ ᠤᠨ ᠦᠮᠴᠢᠯᠡᠯᠳᠦ ᠪᠦᠳᠦᠭᠡᠨ ᠪᠠᠶᠢᠭᠤᠯᠥᠯᠳᠡ ᠳᠤ ᠭᠡᠷᠡᠭᠯᠡᠬᠦ ᠭᠠᠵᠡᠷ ᠤᠨ ᠬᠠᠩᠭᠠᠯᠭ᠎ᠠ ᠶᠢᠨ ᠳᠥᠯᠥᠪᠯᠡᠭᠡ ᠳᠤ ᠣᠷᠢᠳᠡᠪᠡᠷ ᠲᠣᠬᠢᠷᠡᠭᠤᠯᠥᠨ᠎ᠠ᠃ ᠰᠣᠯᠡ ᠪᠠᠶᠢᠭ᠎ᠠ ᠭᠠᠵᠡᠷ ᠢ ᠬᠠᠦᠯᠢ ᠶᠣᠰᠣᠭᠠᠷ ᠰᠢᠢᠳᠪᠦᠷᠢᠯᠡᠭᠰᠡᠨ ᠤ ᠳᠡᠷᠠᠭ᠎ᠠ ᠵᠠᠰᠠᠭ ᠤᠨ ᠣᠷᠳᠣᠨ ᠠᠴᠠ ᠬᠤᠷᠢᠶᠡᠨ ᠠᠪᠤᠠᠠᠰᠠᠨ ᠪᠠᠶᠢᠪᠡᠯ᠂ ᠳᠥᠯᠥᠪᠵᠢᠬᠦᠯᠥᠭᠰᠡᠨ ᠭᠡᠷᠡᠭᠯᠡᠯᠳᠡ ᠨᠢ ᠱᠠᠭᠠᠷᠳᠡᠯᠭ᠎ᠠ ᠳᠤ ᠨᠠᠶᠢᠴᠡᠭᠰᠡᠨ ᠪᠤᠯ᠂ ᠡᠮᠴᠢᠯᠡᠭᠡ ᠨᠠᠰᠣᠵᠢᠯ ᠢ ᠣᠶᠠᠯᠳᠣᠭᠤᠯᠬᠤ ᠦᠢᠯᠡᠴᠢᠯᠡᠭᠡᠨ ᠤ ᠪᠡᠯᠡᠳᠭᠡᠮᠵᠢ ᠳᠤ ᠭᠡᠷᠡᠭᠯᠡᠬᠦ ᠭᠠᠵᠡᠷ ᠲᠤ ᠣᠷᠢᠳᠡᠪᠡᠷ ᠭᠡᠷᠡᠭᠯᠡᠵᠦ ᠪᠤᠯᠬᠤ ᠶᠢᠨ ᠬᠠᠮᠳᠣ᠂ ᠣᠯᠥᠰ ᠤᠨ ᠦᠮᠴᠢᠯᠡᠯᠳᠦ ᠪᠦᠳᠦᠭᠡᠨ ᠪᠠᠶᠢᠭᠤᠯᠥᠯᠳᠡ ᠳᠤ ᠭᠡᠷᠡᠭᠯᠡᠬᠦ ᠭᠠᠵᠡᠷ ᠤᠨ ᠬᠠᠩᠭᠠᠯᠭ᠎ᠠ ᠶᠢᠨ ᠳᠥᠯᠥᠪᠯᠡᠭᠡ ᠳᠤ ᠣᠷᠣᠭᠤᠯᠥᠨ᠎ᠠ᠃ ᠡᠮᠴᠢᠯᠡᠭᠡ ᠨᠠᠰᠣᠵᠢᠯ ᠢ ᠣᠶᠠᠯᠳᠣᠭᠤᠯᠬᠤ ᠪᠠᠶᠢᠭᠤᠯᠥᠮᠵᠢ ᠨᠢ ᠨᠠᠰᠣᠵᠢᠯ ᠤᠨ ᠪᠠᠶᠢᠭᠤᠯᠥᠮᠵᠢ ᠶᠢᠨ ᠵᠦᠪᠰᠢᠶᠡᠷᠡᠯ ᠢ ᠣᠯᠥᠠᠠᠰᠠᠨ ᠭᠡᠰᠡᠭ ᠨᠢ ᠦᠪᠤᠷ ᠵᠠᠰᠠᠭ ᠲᠠᠷᠬᠠᠭᠠᠠᠠᠰᠠᠨ ︹ 2014︺ 57 ᠳ᠋ᠣᠭᠠᠷ ᠲᠣᠭᠠᠳᠣ ᠪᠢᠴᠢᠭ ᠮᠠᠲ᠋ᠧᠷᠢᠶᠠᠯ ᠤᠨ ᠣᠰᠦ᠂ ᠴᠠᠬᠢᠯᠭᠠᠨ᠂ ᠰᠢᠲᠠᠮᠠᠭᠠᠢ ᠬᠡᠢ᠂ ᠲᠤᠯᠠᠭᠠᠯᠠᠯᠭ᠎ᠠ ᠳᠤ ᠭᠡᠷᠡᠭᠯᠡᠬᠦ ᠵᠡᠷᠭᠡ ᠳᠡᠳᠬᠦᠨ ᠳᠡᠮᠵᠢᠬᠦ ᠳᠥᠷᠥ ᠶᠢᠨ ᠪᠤᠳᠣᠯᠭ᠎ᠠ ᠶᠢ ᠬᠦᠷᠲᠡᠨ᠎ᠡ᠃ ᠨᠠᠰᠣᠵᠢᠯ ᠤᠨ ᠪᠠᠶᠢᠭᠤᠯᠥᠮᠵᠢ ᠶᠢᠨ ᠲᠣᠳᠣᠭᠠᠳᠣ ᠳᠠᠭᠠᠨ ᠪᠠᠶᠢᠷᠢᠯᠡᠭᠤᠯᠥᠠᠠᠰᠠᠨ ᠡᠮᠴᠢᠯᠡᠭᠡᠨ ᠤ ᠪᠠᠶᠢᠭᠤᠯᠥᠮᠵᠢ ᠨᠢ᠂ ᠨᠡᠶᠢᠭᠡᠮ ᠤᠨ ᠡᠷᠬᠢᠯᠡᠭᠰᠡᠨ ᠠᠢ ᠳᠤ ᠬᠠᠷᠢᠶᠠᠯᠬᠠᠳᠠᠪᠠᠯ᠂ ︽ᠨᠡᠶᠢᠭᠡᠮ ᠤᠨ ᠡᠮᠴᠢᠯᠡᠭᠡᠨ ᠡᠷᠬᠢᠯᠡᠬᠦ ᠶᠢ ᠠᠬᠢᠭᠤᠯᠵᠦ ᠳᠥᠷᠭᠡᠳᠭᠡᠨ ᠬᠦᠭᠵᠢᠬᠦᠯᠬᠦ ᠳᠥᠷᠥ ᠶᠢᠨ ᠪᠤᠳᠣᠯᠭ᠎ᠠ ᠶᠢᠨ ᠠᠷᠭ᠎ᠠ ᠭᠡᠮᠵᠢᠶ᠎ᠠ ᠨᠦᠭᠦᠳ ᠢ ᠲᠠᠷᠣᠮᠠᠯᠯᠠᠨ ᠶᠠᠪᠤᠭᠤᠯᠬᠤ ᠲᠤᠬᠠᠢ ᠳᠥᠷᠥ ᠶᠢᠨ ᠶᠠᠪᠤᠳᠡᠯ ᠤᠨ ᠬᠤᠷᠢᠶ᠎ᠠ ᠶᠢᠨ ᠠᠯᠪᠠᠨ ᠳᠢᠩᠬᠢᠮ ᠤᠨ ᠮᠡᠳᠡᠭᠳᠡᠯ︾ ︵ᠳᠥᠷᠥ ᠠᠯᠪᠠᠨ ᠲᠠᠷᠬᠠᠭᠠᠠᠠᠰᠠᠨ ︹ 2015︺ 45 ᠳ᠋ᠣᠭᠠᠷ ᠲᠣᠭᠠᠳᠣ︶ ᠤᠨ ᠬᠠᠮᠢᠶ᠎ᠠ ᠪᠦᠬᠦᠢ ᠲᠣᠠᠠᠳᠠᠭᠠᠯ ᠶᠣᠰᠣᠭᠠᠷ ᠳᠦᠷᠦ ᠶᠢᠨ ᠪᠤᠳᠣᠯᠭ᠎ᠠ ᠶᠢᠨ ᠳᠡᠳᠬᠦᠮᠵᠢ ᠶᠢ ᠬᠦᠷᠲᠡᠨ᠎ᠠ᠃ ︵ᠦᠪᠡᠷᠳᠡᠭᠡᠨ ᠵᠠᠰᠬᠠᠥ ᠣᠷᠣᠨ ᠤ ᠣᠯᠥᠰ ᠤᠨ ᠭᠠᠵᠡᠷ ᠰᠢᠷᠦᠢ ᠡᠬᠢ ᠪᠠᠶᠠᠯᠢᠭ ᠤᠨ ᠳᠢᠩᠬᠢᠮ᠂ ᠣᠷᠣᠨ ᠰᠠᠭᠤᠴᠠ ᠬᠤᠳᠡ ᠬᠦᠳᠡᠭᠡ ᠶᠢᠨ ᠪᠦᠳᠦᠭᠡᠨ ᠪᠠᠶᠢᠭᠤᠯᠥᠯᠳᠡ ᠶᠢᠨ ᠳᠢᠩᠬᠢᠮ᠂ ᠠᠷᠡᠳ ᠤᠨ ᠶᠠᠪᠣᠳᠡᠯ ᠤᠨ ᠳᠢᠩᠬᠢᠮ᠂ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠦᠪᠯᠡᠯ᠂ ᠡᠳ᠋ ᠤᠨ ᠵᠠᠰᠠᠭ ᠤᠨ ᠳᠢᠩᠬᠢᠮ ᠵᠡᠷᠭᠡ ᠰᠠᠯᠠᠭ᠎ᠠ ᠮᠦᠴᠢᠷ ᠤᠳ ᠡᠬᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶        ︵ᠠᠷᠪᠠᠨ ᠨᠢᠭᠡ︶ ᠴᠢᠳᠡᠪᠦᠷᠢᠳᠡᠨ ᠤ ᠡᠩᠨᠡᠭᠡ ᠶᠢᠨ ᠪᠠᠶᠢᠭᠤᠯᠥᠯᠳᠡ ᠶᠢ ᠴᠢᠩᠭᠠᠳᠬᠠᠨ᠎ᠠ᠃ ᠨᠠᠰᠣᠳᠡᠶᠢᠴᠣᠳ ᠤᠨ ᠠᠨᠠᠭᠠᠬᠤ ᠣᠬᠠᠭᠠᠨ᠂ ᠡᠷᠡᠬᠦᠯᠵᠢᠯ᠂ ᠰᠣᠪᠢᠯᠠᠯᠳᠡ ᠶᠢᠨ ᠴᠢᠳᠡᠪᠦᠷᠢᠳᠡᠨ ᠢ ᠪᠠᠴᠢᠮ ᠭᠡᠷᠡᠭᠰᠡᠬᠦ ᠶᠢᠨ ᠲᠤᠳ᠋ᠬᠠᠳᠠᠵᠦ ᠪᠦᠬᠦᠢ ᠴᠢᠳᠡᠪᠦᠷᠢᠳᠡᠨ ᠢᠶᠠᠷ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠠᠵᠢᠯᠳᠡᠨ ᠤ ᠪᠤᠯᠪᠠᠰᠣᠷᠡᠭᠤᠯᠥᠯ ᠤᠨ ᠳᠥᠯᠥᠪᠵᠢᠬᠦᠯᠭᠡ ᠳᠤ ᠣᠷᠣᠭᠤᠯᠥᠨ᠎ᠠ᠃ ᠳᠡᠭᠡᠳᠣ ᠵᠡᠷᠭᠡ ᠶᠢᠨ ᠰᠣᠷᠭᠠᠭᠤᠯᠢ ᠪᠠ ᠲᠤᠮᠳᠡ ᠵᠠᠷᠭᠡ ᠶᠢᠨ ᠠᠵᠢᠯ ᠮᠡᠷᠭᠡᠵᠢᠯ ᠤᠨ ᠰᠣᠷᠭᠠᠭᠤᠯᠢ ᠶᠢᠨ ᠬᠠᠮᠢᠶ᠎ᠠ ᠪᠦᠬᠦᠢ ᠲᠣᠰᠬᠠᠢ ᠮᠡᠷᠭᠡᠵᠢᠯ ᠤᠨ ᠬᠢᠴᠢᠶᠡᠯ ᠨᠡᠮᠡᠵᠦ ᠪᠠᠶᠢᠷᠢᠯᠡᠭᠤᠯᠬᠤ ᠶᠢ ᠳᠡᠮᠵᠢᠵᠦ᠂ ᠬᠤᠯᠪᠤᠠᠠᠳᠡᠯ ᠪᠦᠬᠦᠢ ᠳᠡᠭᠡᠳᠣ ᠰᠣᠷᠭᠠᠭᠤᠯᠢ ᠶᠢ ᠬᠦᠳᠦᠯᠥᠨ ᠵᠢᠯᠥᠭᠤᠳᠴᠥ ᠪᠠᠶᠢᠭᠠᠳ ᠬᠠᠮᠢᠶ᠎ᠠ ᠪᠦᠬᠦᠢ ᠲᠣᠰᠬᠠᠢ ᠮᠡᠷᠭᠡᠵᠢᠯ ᠤᠨ ᠴᠢᠳᠡᠪᠦᠷᠢᠳᠡᠨ ᠢ ᠬᠦᠮᠦᠵᠢᠬᠦᠯᠬᠦ ᠭᠡᠪᠴᠢᠶ᠎ᠠ ᠶᠢ ᠵᠦᠢ ᠵᠤᠬᠢᠰᠳᠡᠢ ᠲᠣᠠᠠᠳᠠᠭᠠᠨ᠎ᠠ᠃ ᠶᠡᠭᠡ ᠡᠮᠴᠢ ᠶᠢᠨ ᠣᠯᠡᠨ ᠴᠡᠭ ᠲᠤ ᠠᠵᠢᠯ ᠡᠷᠬᠢᠯᠡᠬᠦ ᠳᠥᠷᠢᠮ ᠢ ᠳᠡᠬᠦᠯᠳᠡᠷᠵᠢᠬᠦᠯᠵᠦ᠂ ᠡᠮᠴᠢ ᠰᠣᠪᠢᠯᠬᠠᠴᠢᠳ ᠡᠮᠴᠢᠯᠡᠭᠡ ᠨᠠᠰᠣᠵᠢᠯ ᠢ ᠣᠶᠠᠯᠳᠣᠭᠤᠯᠬᠤ ᠪᠠᠶᠢᠭᠤᠯᠥᠮᠵᠢ ᠳᠤ ᠣᠴᠢᠵᠦ ᠠᠵᠢᠯ ᠡᠷᠬᠢᠯᠡᠬᠦ ᠶᠢ ᠵᠣᠷᠢᠠᠠᠵᠢᠭᠤᠯᠥᠨ᠎ᠠ᠃ ᠴᠢᠳᠡᠪᠦᠷᠢᠳᠡᠨ ᠤ ᠰᠣᠯᠢᠯᠴᠠᠭ᠎ᠠ ᠶᠢᠨ ᠬᠠᠷᠰᠢ ᠰᠠᠭᠠᠳ ᠢ ᠠᠷᠢᠯᠭᠠᠵᠦ᠂ ᠴᠢᠳᠡᠪᠦᠷᠢᠳᠡᠨ ᠤ ᠡᠮᠬᠢ ᠵᠢᠷᠦᠮ ᠲᠠᠢ ᠰᠢᠯᠵᠢᠬᠦ ᠶᠢ ᠠᠬᠢᠭᠤᠯᠥᠨ᠎ᠠ᠃ ᠨᠢᠭᠡᠨ ᠰᠠᠯᠠᠭ᠎ᠠ ᠶᠡᠷᠦᠩᠭᠡᠶᠢᠯᠡᠭᠰᠡᠨ ᠲᠤᠰᠬᠠᠶᠢᠯᠠᠭᠰᠠᠨ ᠠᠵᠢᠯ ᠤᠨ ᠬᠡᠪ ᠴᠢᠨᠡᠷ ᠢᠶᠠᠷ ᠴᠠᠭᠠᠷᠬᠠᠰᠠᠨ ᠰᠣᠪᠢᠯᠬᠠᠴᠢᠳ ᠤᠨ ᠡᠩᠨᠡᠭᠡ ᠶᠢ ᠪᠤᠶᠢᠵᠢᠭᠤᠯᠵᠦ᠂ ᠨᠠᠰᠣᠳᠡᠶᠢᠴᠣᠳ ᠤᠨ ᠰᠡᠳᠬᠢᠴᠠ ᠶᠢᠨ ᠡᠷᠡᠬᠦᠯᠵᠢᠯ ᠤᠨ ᠠᠵᠢᠯ ᠢ ᠡᠳᠣᠷ ᠲᠤᠳᠣᠮ ᠤᠨ ᠪᠤᠯᠭᠠᠬᠤ ᠪᠠ ᠨᠡᠩ ᠲᠤᠬᠢᠯᠢᠬ ᠪᠣᠯᠭᠠᠨ᠎ᠠ᠃ ᠮᠡᠷᠭᠡᠵᠢᠯ ᠤᠨ ᠴᠣᠯᠡ ᠰᠢᠯᠭᠠᠨ ᠲᠤᠠᠠᠳᠠᠭᠠᠬᠤ᠂ ᠲᠣᠰᠬᠠᠢ ᠠᠵᠢᠯ ᠤᠨ ᠮᠡᠷᠭᠡᠵᠢᠯ ᠤᠨ ᠪᠤᠯᠪᠠᠰᠣᠷᠡᠭᠤᠯᠥᠯ ᠪᠠ ᠦᠷᠬᠦᠯᠵᠢᠯᠡᠭᠰᠡᠨ ᠠᠨᠠᠭᠠᠬᠤ ᠤᠬᠠᠭᠠᠨ ᠤ ᠰᠣᠷᠭᠠᠨ ᠬᠦᠮᠦᠵᠢᠯ ᠵᠡᠷᠭᠡ ᠳᠡᠯ᠎ᠠ ᠶᠢᠨ ᠳᠥᠷᠢᠮ ᠢ ᠵᠤᠯᠭᠠᠭᠤᠯᠬᠤ ᠶᠢ ᠰᠠᠶᠢᠳᠣᠷ ᠬᠢᠵᠦ᠂ ᠨᠠᠰᠣᠵᠢᠯ ᠤᠨ ᠪᠠᠶᠢᠭᠤᠯᠥᠮᠵᠢ ᠪᠠ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠳᠠᠬᠢ ᠡᠮᠨᠡᠯᠭᠡ ᠶᠢᠨ ᠠᠵᠢᠯᠳᠡᠨ ᠳᠤ ᠠᠳᠡᠯᠢ ᠲᠡᠭᠰᠢ ᠪᠠᠷ ᠬᠠᠨᠳᠣᠨ᠎ᠠ᠃ ︵ᠦᠪᠡᠷᠳᠡᠭᠡᠨ ᠵᠠᠰᠬᠠᠥ ᠣᠷᠣᠨ ᠤ ᠠᠷᠡᠳ ᠤᠨ ᠶᠠᠪᠣᠳᠡᠯ ᠤᠨ ᠳᠢᠩᠬᠢᠮ᠂ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠦᠪᠯᠡᠯ᠂ ᠬᠦᠮᠦᠨ ᠤ ᠬᠦᠴᠣᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠳᠢᠩᠬᠢᠮ ᠵᠡᠷᠭᠡ ᠰᠠᠯᠠᠭ᠎ᠠ ᠮᠦᠴᠢᠷ ᠤᠳ ᠡᠬᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶        ︵ᠠᠷᠪᠠᠨ ᠬᠤᠶᠡᠷ︶ ᠣᠯᠡᠨ ᠳᠡᠰ ᠳᠡᠪᠬᠤᠷᠭ᠎ᠠ ᠶᠢᠨ ᠣᠷᠳᠣ ᠬᠤᠭᠤᠴᠠᠭ᠎ᠠ ᠪᠠᠷ ᠬᠠᠷᠡᠭᠠᠯᠵᠠᠨ ᠠᠰᠠᠷᠡᠵᠦ ᠪᠠᠳᠣᠯᠠᠬᠤ ᠰᠢᠰᠲ᠋ᠧᠮᠵᠢ ᠶᠢ ᠪᠠᠶᠢᠭᠤᠯᠥᠨ᠎ᠠ᠃ ᠰᠣᠪᠢᠯᠠᠵᠦ ᠪᠠᠳᠣᠯᠠᠬᠤ ᠪᠠ ᠳᠠᠭᠠᠳᠬᠠᠯ ᠤᠨ ᠳᠥᠷᠢᠮ ᠢ ᠢᠳᠡᠪᠬᠢᠳᠡᠢ ᠰᠦᠪᠡᠭᠴᠢᠯᠡᠵᠦ᠂ ᠣᠷᠳᠣ ᠬᠤᠭᠤᠴᠠᠭ᠎ᠠ ᠪᠠᠷ ᠬᠠᠷᠡᠭᠠᠯᠵᠠᠨ ᠠᠰᠠᠷᠡᠵᠦ ᠪᠠᠳᠣᠯᠠᠬᠤ ᠠᠵᠢᠯ ᠦᠷᠨᠢᠬᠦᠯᠬᠦ ᠶᠢ ᠰᠦᠪᠡᠭᠴᠢᠯᠡᠨ᠂ ᠣᠷᠳᠣ ᠬᠤᠭᠤᠴᠠᠭᠠᠨ ᠤ ᠵᠠᠷᠤᠳᠠᠯ ᠲᠦᠯᠦᠪᠦᠷᠢ ᠲᠠᠢ ᠰᠣᠪᠢᠯᠠᠯᠳᠡ ᠶᠢᠨ ᠳᠠᠭᠠᠳᠬᠠᠯ ᠢ ᠪᠠᠭᠳᠠᠭᠠᠠᠠᠰᠠᠨ ᠨᠠᠰᠤᠳᠠᠶᠢᠢᠴᠤᠳ ᠤᠨ ᠣᠯᠡᠨ ᠵᠦᠢᠯ ᠤᠨ ᠰᠣᠪᠢᠯᠠᠯᠳᠡ ᠶᠢᠨ ᠳᠠᠭᠠᠳᠬᠠᠯ ᠤᠨ ᠨᠡᠷᠡᠳᠬᠦᠨ ᠢ ᠨᠡᠭᠡᠭᠡᠵᠦ ᠂ ᠣᠯᠡᠨ ᠡᠰᠢᠵᠢᠭ᠍ᠰᠡᠨ ᠳᠠᠭᠠᠳᠬᠠᠯ ᠤᠨ ᠪᠡᠯᠡ ᠴᠣᠠᠠᠯᠠᠭᠤᠯᠬᠤ ᠵᠬᠠᠪᠤᠷ ᠢ ᠰᠦᠪᠡᠭᠴᠢᠯᠡᠨ᠂ ᠨᠠᠰᠣᠳᠡᠶᠢᠴᠣᠳ ᠤᠨ ᠣᠷᠳᠣ ᠬᠤᠭᠤᠴᠭ᠎ᠠ ᠪᠠᠷ ᠰᠣᠪᠢᠯᠠᠬᠤ ᠦᠢᠯᠡᠴᠢᠯᠡᠭᠡᠨ ᠤ ᠭᠡᠷᠡᠭᠴᠡᠭᠡ ᠱᠠᠭᠠᠷᠳᠡᠯᠭ᠎ᠠ ᠶᠢ ᠪᠠᠳᠣᠯᠠᠨ᠎ᠠ᠃ ᠣᠷᠳᠣ ᠬᠤᠭᠤᠴᠠᠭ᠎ᠠ ᠪᠠᠷ ᠬᠠᠷᠡᠭᠠᠯᠵᠠᠨ ᠠᠰᠠᠷᠠᠬᠤ ᠳᠥᠷᠦᠯ ᠵᠦᠢᠯ ᠤᠨ ᠠᠭᠤᠯᠥᠨᠨᠳᠠᠬᠤᠨ᠂ ᠦᠢᠯᠡᠴᠢᠯᠡᠭᠡᠨ ᠤ ᠪᠡᠷᠢᠮᠵᠢᠶ᠎ᠠ ᠵᠢᠴᠢ ᠶᠠᠰᠣ ᠴᠢᠨᠡᠷ ᠢ ᠦᠨᠡᠯᠡᠬᠦ ᠵᠡᠷᠭᠡ ᠠᠵᠢᠯ ᠳᠥᠷᠦᠯ ᠤᠨ ᠵᠢᠷᠦᠮᠵᠢᠯ ᠪᠠ ᠪᠠᠶᠢᠭᠤᠯᠥᠯ ᠲᠤᠠᠠᠳᠠᠴᠠ ᠶᠢ ᠪᠠᠶᠢᠭᠤᠯᠥᠨ ᠪᠦᠷᠢᠨᠰᠢᠬᠦᠯᠵᠦ᠂ ᠭᠡᠷ ᠲᠡᠭᠡᠨ ᠰᠠᠭᠤᠬᠤ᠂ ᠨᠡᠶᠢᠭᠡᠮ ᠲᠤᠭᠤᠷᠢᠭ ᠠᠴᠠ ᠲᠣᠰᠬᠠᠢ ᠠᠵᠢᠯ ᠤᠨ ᠪᠠᠶᠢᠭᠤᠯᠥᠮᠵᠢ ᠬᠦᠷᠳᠡᠯᠡᠬᠢ ᠨᠡᠯᠢᠶᠡᠳ ᠪᠦᠷᠢᠨ ᠳᠡᠬᠦᠯᠳᠡᠷ ᠲᠣᠰᠬᠠᠢ ᠠᠵᠢᠯ ᠤᠨ ᠬᠠᠷᠡᠭᠠᠯᠵᠠᠨ ᠠᠰᠠᠷᠡᠵᠦ ᠦᠢᠯᠡᠴᠢᠯᠡᠬᠦ ᠰᠢᠰᠲ᠋ᠧᠮᠵᠢ ᠪᠠᠶᠢᠭᠤᠯᠬᠤ ᠶᠢ ᠰᠦᠪᠡᠭᠴᠢᠯᠠᠨ᠎ᠠ᠃ ᠲᠠᠯ᠎ᠠ ᠰᠠ ᠮᠦᠴᠢ ᠶᠢᠨ ᠶᠡᠷᠦᠩᠭᠡᠶᠢᠯᠡᠭᠰᠡᠨ ᠰᠤᠷᠢᠯᠭ᠎ᠠ᠂ ᠳᠡᠨᠢᠨ ᠮᠡᠳᠡᠬᠦ ᠮᠡᠳᠡᠷᠡᠯ ᠤᠨ ᠴᠢᠳᠠᠮᠵᠢ ᠶᠢᠨ ᠡᠷᠡᠬᠦᠯᠵᠢᠯ ᠤᠨ ᠰᠤᠷᠢᠯᠭ᠎ᠠ᠂ ᠡᠳᠣᠷ ᠲᠤᠳᠣᠮ ᠤᠨ ᠠᠮᠢᠳᠣᠷᠡᠯ ᠤᠨ ᠴᠢᠳᠡᠪᠦᠷᠢ ᠶᠢ ᠰᠢᠯᠭᠠᠨ ᠲᠣᠠᠠᠳᠠᠭᠠᠬᠤ ᠵᠡᠷᠭᠡ ᠮᠣᠩᠭᠤᠯ ᠬᠢᠳᠡᠳ ᠡᠮᠨᠡᠯᠭᠡ ᠶᠢᠨ ᠡᠷᠡᠬᠦᠯᠵᠢᠯ ᠤᠨ ᠳᠥᠷᠦᠯ ᠵᠦᠢᠯ ᠢ ᠦᠨᠳᠣᠰᠣᠨ ᠡᠮᠴᠢᠯᠡᠭᠡᠨ ᠤ ᠪᠠᠳᠣᠯᠠᠭ᠎ᠠ ᠶᠢᠨ ᠬᠦᠷᠢᠶ᠎ᠠ ᠭᠡᠪᠴᠢᠶ᠎ᠠ ᠳᠤ ᠣᠷᠣᠭᠤᠯᠥᠨ᠂ ᠴᠢᠲᠡᠯ ᠳᠡᠩᠭᠡᠭᠡ ᠪᠠᠨ ᠠᠯᠳ᠋ᠬᠠᠰᠠᠨ ᠪᠠ ᠬᠠᠭᠠᠰ ᠠᠯᠳ᠋ᠬᠠᠰᠠᠨ ᠨᠠᠰᠣᠳᠡᠶᠢᠴᠣᠳ ᠤᠨ ᠵᠠᠰᠠᠯᠳᠡ ᠶᠢᠨ ᠴᠢᠨᠡᠷᠳᠡᠢ ᠡᠷᠡᠬᠦᠯᠵᠢᠯ ᠳᠤ ᠵᠤᠬᠢᠬᠤ ᠪᠠᠳᠣᠯᠠᠭ᠎ᠠ ᠬᠠᠩᠭᠠᠨ᠎ᠠ ᠃ ᠨᠠᠰᠣᠳᠡᠶᠢᠴᠣᠳ ᠤᠨ ᠰᠡᠳᠬᠢᠴᠠ ᠶᠢᠨ ᠡᠷᠡᠬᠦᠯ ᠮᠠᠨᠳᠣ ᠶᠢᠨ ᠠᠵᠢᠯ ᠢ ᠡᠳᠣᠷ ᠲᠤᠳᠣᠮ ᠤᠨ ᠵᠦᠪᠯᠡᠬᠦ ᠵᠦᠢᠯ ᠳᠤ ᠣᠷᠣᠭᠤᠯᠵᠦ᠂ ᠴᠢᠭᠯᠡᠬᠦᠯᠬᠦ ᠴᠢᠨᠡᠷᠳᠡᠢ ᠰᠡᠳᠬᠢᠴᠠ ᠶᠢᠨ ᠡᠷᠡᠬᠦᠯ ᠮᠡᠨᠳᠤ ᠶᠢᠨ ᠳᠡᠶᠢᠯᠥᠮᠵᠢ᠂ ᠰᠡᠳᠬᠢᠴᠠ ᠶᠢᠨ ᠬᠠᠪᠰᠣᠷᠣᠨ ᠵᠢᠯᠥᠭᠤᠳᠬᠤ ᠠᠵᠢᠯᠯᠠᠭ᠎ᠠ ᠶᠢ ᠦᠷᠨᠢᠬᠦᠯᠵᠦ᠂ ᠨᠠᠰᠣᠳᠡᠶᠢᠴᠣᠳ ᠤᠨ ᠦᠪᠡᠷ ᠢᠶᠠᠨ ᠰᠡᠳᠬᠢᠴᠠ ᠪᠠᠨ ᠰᠢᠯᠥᠭᠤᠳᠬᠠᠬᠤ ᠦᠵᠡᠯ ᠣᠬᠠᠮᠰᠡᠷ ᠪᠠ ᠴᠢᠳᠡᠪᠦᠷᠢ ᠶᠢ ᠲᠡᠭᠡᠭᠰᠢᠯᠡᠬᠦᠯᠦᠨ᠎ᠡ᠃ ᠨᠠᠰᠣᠳᠡᠶᠢᠴᠣᠳ ᠤᠨ ᠰᠡᠳᠬᠢᠴᠠ ᠶᠢᠨ ᠡᠷᠡᠬᠦᠯ ᠴᠢᠬᠢᠷᠠᠭ ᠤᠨ ᠬᠦᠮᠦᠵᠢᠯ ᠢ ᠦᠷᠨᠢᠬᠦᠯᠵᠦ᠂ ᠨᠠᠰᠣᠳᠡᠶᠢᠴᠣᠳ ᠤᠨ ᠰᠡᠳᠬᠢᠴᠠ ᠶᠢᠨ ᠡᠷᠡᠬᠦᠯ ᠴᠢᠬᠢᠷᠠᠭ ᠤᠨ ᠰᠣᠳᠣᠯᠭᠠᠨ ᠪᠠ ᠦᠷ᠎ᠠ ᠪᠦᠳᠦᠮᠵᠢᠳᠡᠢ ᠵᠠᠰᠠᠯᠳᠡ ᠶᠢ ᠴᠢᠩᠭᠠᠳᠬᠠᠨ᠂ ᠨᠠᠰᠣᠳᠡᠶᠢᠴᠣᠳ ᠤᠨ ᠰᠡᠳᠬᠢᠴᠠ ᠶᠢᠨ ᠡᠷᠡᠬᠦᠯ ᠴᠢᠬᠢᠷᠠᠭ ᠤᠨ ᠠᠵᠢᠯ ᠢ ᠲᠣᠰᠬᠠᠶᠢᠵᠢᠭᠤᠯᠬᠤ ᠪᠠ ᠵᠢᠷᠦᠮᠵᠢᠭᠤᠯᠬᠤ ᠶᠢ ᠠᠯᠬᠤᠮ ᠠᠯᠬᠤᠮ ᠢᠶᠠᠷ ᠠᠬᠢᠭᠤᠯᠥᠨ᠎ᠠ᠃ 12349 ᠠᠷᠡᠳ ᠲᠤ ᠳᠦᠬᠦᠮ ᠦᠵᠡᠬᠦᠯᠵᠦ ᠨᠠᠰᠣᠳᠡᠶᠢᠴᠣᠳ ᠲᠤ ᠦᠢᠯᠡᠴᠢᠯᠡᠬᠦ ᠲᠥᠪ ᠤᠨ ᠪᠦᠳᠦᠭᠡᠨ ᠪᠠᠶᠢᠭᠤᠯᠥᠯᠳᠡ ᠶᠢ ᠴᠢᠩᠭᠠᠳᠬᠠᠵᠦ᠂ ᠨᠠᠰᠣᠳᠡᠶᠢᠴᠣᠳ ᠲᠤ ᠣᠯᠡᠨ ᠶᠠᠩᠵᠦ ᠶᠢᠨ ᠨᠠᠰᠣᠵᠢᠯ ᠤᠨ ᠦᠢᠯᠡᠴᠢᠯᠡᠭᠡᠨ ᠬᠠᠩᠭᠠᠵᠦ᠂ ᠰᠡᠳᠬᠢᠴᠠ ᠶᠢᠨ ᠡᠮᠵᠢᠭ ᠵᠡᠷᠭᠡ ᠡᠯ᠎ᠠ ᠳᠥᠷᠦᠯ ᠤᠨ ᠨᠠᠰᠣᠵᠢᠯ ᠤᠨ ᠬᠦᠴᠢᠷ ᠠᠰᠠᠭᠤᠳᠡᠯ ᠢ ᠰᠢᠢᠳᠪᠦᠷᠢᠯᠡᠨ᠎ᠠ᠃ ︵ᠦᠪᠡᠷᠳᠡᠭᠡᠨ ᠵᠠᠰᠬᠠᠥ ᠣᠷᠣᠨ ᠤ ᠬᠦᠮᠦᠨ ᠤ ᠬᠦᠴᠣᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠳᠢᠩᠬᠢᠮ᠂ ᠡᠳ᠋ ᠤᠨ ᠵᠠᠰᠠᠭ ᠤᠨ ᠳᠢᠩᠬᠢᠮ᠂ ᠠᠷᠡᠳ ᠤᠨ ᠶᠠᠪᠣᠳᠡᠯ ᠤᠨ ᠳᠢᠩᠬᠢᠮ᠂ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠦᠪᠯᠡᠯ ᠵᠡᠷᠭᠡ ᠰᠠᠯᠠᠭ᠎ᠠ ᠮᠦᠴᠢᠷ ᠤᠳ ᠡᠬᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶        ︵ᠠᠷᠪᠠᠨ ᠭᠤᠷᠪᠠ︶ ᠮᠡᠳᠡᠭᠡ ᠵᠠᠩᠬᠢ ᠶᠢᠨ ᠳᠡᠪᠴᠠᠩ ᠤᠨ ᠪᠠᠳᠣᠯᠠᠭ᠎ᠠ ᠶᠢ ᠳᠡᠬᠦᠯᠳᠡᠷᠵᠢᠬᠦᠯᠥᠨ᠎ᠠ᠃ ︽ᠢᠨᠲ᠋ᠧᠷ ᠰᠦᠯᠵᠢᠶ᠎ᠠ + ᠡᠮᠴᠢᠯᠡᠭᠡ ᠨᠠᠰᠣᠵᠢᠯ ᠢ ᠣᠶᠠᠯᠳᠣᠭᠤᠯᠬᠤ︾ ᠦᠢᠯᠡᠴᠢᠯᠡᠭᠡᠨ ᠤ ᠳᠡᠪᠴᠠᠩ ᠤᠨ ᠮᠡᠳᠡᠭᠡ ᠵᠠᠩᠬᠢ ᠶᠢᠨ ᠬᠠᠮᠢᠶᠡᠷᠦᠯᠳᠡ ᠶᠢᠨ ᠰᠢᠰᠲ᠋ᠧᠮ ᠢ ᠪᠠᠶᠢᠭᠤᠯᠥᠨ ᠳᠡᠬᠦᠯᠳᠡᠷᠵᠢᠬᠦᠯᠵᠦ᠂ ᠡᠮᠴᠢᠯᠡᠭᠡ ᠨᠠᠰᠣᠵᠢᠯ ᠢ ᠣᠶᠠᠯᠳᠣᠭᠤᠯᠬᠤ ᠮᠡᠳᠡᠭᠡ ᠵᠠᠩᠬᠢ ᠶᠢᠨ ᠳᠡᠪᠴᠠᠩ ᠤᠨ ᠲᠤᠭ᠎ᠠ ᠪᠡᠷᠢᠮᠳᠡ ᠶᠢ ᠪᠠᠷᠢᠮᠵᠢᠶᠡᠵᠢᠭᠤᠯᠬᠤ ᠪᠠ ᠮᠡᠳᠡᠭᠡ ᠵᠠᠩᠬᠢ ᠶᠢ ᠬᠠᠮᠳᠣᠪᠡᠷ ᠬᠦᠷᠲᠡᠬᠦ ᠶᠢ ᠠᠬᠢᠭᠤᠯᠵᠦ᠂ ᠨᠢᠭᠡᠳᠦᠯᠳᠡᠢ ᠲᠤᠭ᠎ᠠ ᠪᠡᠷᠢᠮᠳᠡ ᠶᠢᠨ ᠰᠣᠯᠢᠯᠴᠠᠭ᠎ᠠ ᠶᠢᠨ ᠬᠠᠮᠳᠣᠪᠡᠷ ᠬᠦᠷᠲᠡᠬᠦ ᠬᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠵᠦ᠂ ᠨᠠᠰᠣᠳᠡᠶᠢᠴᠣᠳ ᠤᠨ ᠡᠮᠨᠡᠬᠦᠯᠬᠦ᠂ ᠡᠮ ᠬᠤᠳᠠᠯᠳᠣᠨ ᠠᠪᠠᠨ᠋ᠥ᠂ ᠣᠨᠣᠰᠢᠯᠡᠨ ᠡᠮᠨᠡᠬᠦᠯᠬᠦ᠂ ᠵᠣᠷ᠂ ᠡᠮᠴᠢᠯᠡᠭᠡᠨ ᠤ ᠵᠠᠷᠣᠳᠡᠯ ᠢ ᠴᠠᠭ ᠲᠣᠬᠠᠢ ᠳᠤᠨᠢ ᠰᠦᠯᠵᠢᠶ᠎ᠡ ᠪᠠᠷ ᠬᠤᠯᠪᠤᠭᠠᠯᠠᠵᠦ ᠳᠡᠰᠣᠯᠡᠨ ᠪᠤᠳᠤᠬᠤ᠂ ᠮᠦᠡᠭᠬᠦᠨ ᠬᠦᠢᠯᠭᠡᠭᠡᠨ ᠤ ᠰᠦᠯᠵᠢᠶ᠎ᠠ ᠬᠤᠯᠪᠤᠭᠠᠯᠠᠨ ᠰᠦᠯᠵᠢᠶ᠎ᠡ ᠪᠠᠷ ᠮᠦᠡᠭᠬᠦᠨ ᠬᠦᠢᠯᠭᠡᠭᠡᠨ ᠤ ᠦᠢᠯᠡᠴᠢᠯᠡᠭᠡ ᠬᠢᠬᠦ ᠵᠡᠷᠭᠡ ᠴᠢᠳᠠᠮᠵᠢ ᠶᠢ ᠪᠠᠶᠠᠯᠠᠬᠦᠯᠵᠦ᠂ ᠨᠡᠶᠢᠭᠡᠮ ᠤᠨ ᠪᠡᠯᠡ ᠣᠷᠣᠭᠤᠯᠥᠯᠳᠡ ᠶᠢ ᠠᠷᠪᠢᠯᠠᠨ᠂ ᠠᠵᠢᠯ ᠤᠨ ᠦᠷ᠎ᠠ ᠪᠦᠳᠦᠮᠵᠢ ᠶᠢ ᠳᠡᠭᠡᠭᠰᠢᠯᠡᠬᠦᠯᠵᠦ᠂ ᠡᠮᠴᠢᠯᠡᠭᠡ ᠨᠠᠰᠣᠵᠢᠯ ᠢ ᠣᠶᠠᠯᠳᠣᠭᠤᠯᠬᠤ ᠠᠵᠢᠯ ᠢ ᠦᠷᠨᠢᠬᠦᠯᠬᠦ ᠳᠤ ᠮᠡᠳᠡᠭᠡ ᠵᠠᠩᠬᠢ ᠪᠠ ᠮᠡᠷᠭᠡᠵᠢᠯ ᠤᠨ ᠲᠤᠯᠭᠠᠭᠤᠷᠢᠯᠡᠯ ᠬᠠᠩᠭᠠᠨ᠎ᠠ᠃ ︵ᠦᠪᠡᠷᠳᠡᠭᠡᠨ ᠵᠠᠰᠬᠠᠥ ᠣᠷᠣᠨ ᠤ ᠠᠵᠦ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ᠂ ᠠᠷᠡᠳ ᠤᠨ ᠶᠠᠪᠣᠳᠡᠯ ᠤᠨ ᠳᠢᠩᠬᠢᠮ᠂ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠦᠪᠯᠡᠯ᠂ ᠨᠠᠰᠣᠳᠡᠶᠢᠴᠣᠳ ᠤᠨ ᠠᠵᠢᠯ ᠤᠨ ᠠᠯᠪᠠᠡ ᠭᠡᠷ ᠵᠡᠷᠭᠡ ᠰᠠᠯᠠᠭ᠎ᠠ ᠮᠦᠴᠢᠷ ᠤᠳ ᠡᠬᠦᠷᠭᠡ ᠬᠠᠷᠢᠭᠤᠴᠠᠯᠭ᠎ᠠ ᠶᠣᠰᠣᠭᠠᠷ ᠲᠣᠰ ᠲᠣᠰ ᠬᠠᠷᠢᠭᠤᠴᠠᠨ᠎ᠠ︶        ᠲᠠᠪᠤ᠂ ᠵᠤᠬᠢᠶᠡᠨ ᠪᠠᠶᠢᠭᠤᠯᠥᠨ ᠭᠡᠷᠡᠭᠵᠢᠬᠦᠯᠬᠦ        ︵ᠠᠷᠪᠠᠨ ᠳᠥᠷᠪᠡ︶ ᠵᠤᠬᠢᠶᠡᠨ ᠪᠠᠶᠢᠭᠤᠯᠥᠯᠳᠡ ᠶᠢᠨ ᠣᠳᠣᠷᠢᠳᠣᠯᠭ᠎ᠠ ᠪᠠᠨ ᠴᠢᠩᠭᠠᠳᠬᠠᠨ᠎ᠠ᠃ ᠡᠯ᠎ᠠ ᠭᠠᠵᠡᠷ ᠣᠷᠣᠨ᠂ ᠡᠯ᠎ᠠ ᠬᠤᠯᠪᠤᠠᠠᠳᠡᠯ ᠪᠦᠬᠦᠢ ᠰᠠᠯᠠᠭ᠎ᠠ ᠮᠦᠴᠢᠷ ᠤᠳ ᠠᠷᠡᠳ ᠤᠨ ᠠᠮᠢᠳᠣᠷᠡᠯ ᠢ ᠪᠠᠳᠣᠯᠠᠬᠤ᠂ ᠨᠠᠰᠣᠳᠡᠳ ᠢ ᠬᠦᠨᠳᠣᠳᠭᠡᠨ ᠨᠠᠰᠣᠳᠡᠳ ᠢ ᠬᠠᠶᠢᠷᠡᠯᠠᠬᠤ᠂ ᠨᠡᠶᠢᠭᠡᠮ ᠤᠨ ᠡᠶ᠎ᠡ ᠵᠤᠬᠢᠴᠠᠯ ᠲᠠᠢ ᠬᠦᠭᠵᠢᠯᠳᠡ ᠶᠢ ᠠᠬᠢᠭᠤᠯᠬᠤ ᠳᠡᠭᠡᠳᠤ ᠬᠡᠮᠵᠢᠶ᠎ᠡ ᠠᠴᠠ ᠡᠮᠴᠢᠯᠡᠭᠡ ᠨᠠᠰᠣᠵᠢᠯ ᠣᠶᠠᠯᠳᠣᠭᠤᠯᠤᠬᠰᠠᠨ ᠠᠵᠦ ᠦᠢᠯᠡᠰ ᠢ ᠬᠦᠭᠵᠢᠬᠦᠯᠬᠦ ᠶᠢᠨ ᠴᠢᠬᠤᠯᠡ ᠠᠴᠢ ᠬᠤᠯᠪᠤᠠᠠᠳᠡᠯ ᠢ ᠬᠦᠢᠴᠡᠳ ᠳᠡᠨᠢᠵᠦ᠂ ᠵᠠᠰᠠᠭ ᠤᠨ ᠣᠷᠳᠣᠨ ᠢᠶᠠᠷ ᠭᠤᠣᠯ ᠣᠳᠣᠷᠢᠳᠤᠮᠵᠢ ᠪᠣᠯᠭᠠᠵᠤ᠂ ᠰᠠᠯᠠᠭ᠎ᠠ ᠮᠦᠴᠢᠷ ᠬᠠᠮᠵᠢᠯᠴᠠᠭᠰᠠᠨ ᠣᠳᠣᠷᠢᠳᠬᠤ ᠲᠤᠠᠠᠳᠡᠴᠠ ᠶᠢ ᠪᠠᠶᠢᠭᠤᠯᠥᠨ᠂ ᠠᠵᠢᠯ ᠤᠨ ᠡᠬᠦᠷᠭᠡ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠵᠦ᠂ ᠡᠮᠴᠢᠯᠡᠭᠡ ᠨᠠᠰᠣᠵᠢᠯ ᠢ ᠣᠶᠠᠯᠳᠣᠭᠤᠯᠬᠤ ᠠᠵᠢᠯ ᠢ ᠨᠠᠰᠣᠵᠢᠯ ᠤᠨ ᠦᠢᠯᠡᠴᠢᠯᠡᠭᠡᠨ ᠤ ᠦᠢᠯᠡᠰ ᠢ ᠬᠦᠭᠵᠢᠬᠦᠯᠬᠦ ᠶᠢᠨ ᠴᠢᠬᠤᠯᠡ ᠠᠭᠤᠯᠭ᠎ᠠ ᠪᠤᠯᠭᠠᠨ ᠪᠤᠳᠡᠳᠡᠢ ᠪᠦᠬᠡᠳ ᠰᠠᠶᠢᠳᠣᠷ ᠠᠳᠬᠤᠵᠦ᠂ ᠦᠷ᠎ᠠ ᠪᠦᠳᠦᠮᠵᠢ ᠭᠠᠷᠭᠠᠬᠤ ᠭᠡᠷᠡᠭᠳᠡᠢ᠃ ᠡᠯ᠎ᠠ ᠬᠤᠯᠪᠤᠠᠠᠳᠡᠯ ᠪᠦᠬᠦᠢ ᠰᠠᠯᠠᠭ᠎ᠠ ᠮᠦᠴᠢᠷ ᠨᠢ ᠵᠤᠬᠢᠴᠠᠯᠳᠣᠨ ᠬᠠᠮᠵᠢᠯᠴᠠᠬᠤ ᠪᠠᠨ ᠴᠢᠩᠭᠠᠳᠬᠠᠵᠦ᠂ ᠬᠠᠮᠢᠶ᠎ᠠ ᠪᠦᠬᠦᠢ ᠳᠥᠷᠥ ᠶᠢᠨ ᠪᠤᠳᠣᠯᠭ᠎ᠠ ᠶᠢᠨ ᠠᠷᠭ᠎ᠠ ᠭᠡᠮᠵᠢᠶ᠎ᠠ ᠶᠢ ᠨᠡᠶᠢᠳᠡᠪᠦᠷᠢᠵᠢᠭᠤᠯᠥᠨ ᠳᠡᠬᠦᠯᠳᠡᠷᠵᠢᠬᠦᠯᠵᠦ᠂ ᠡᠮᠴᠢᠯᠡᠭᠡ ᠨᠠᠰᠣᠵᠢᠯ ᠢ ᠣᠶᠠᠯᠳᠣᠭᠤᠯᠬᠤ ᠠᠵᠢᠯ ᠢ ᠬᠠᠮᠳᠣᠪᠡᠷ ᠠᠬᠢᠭᠤᠯᠬᠤ ᠭᠡᠷᠡᠭᠳᠡᠢ᠃        ︵ᠠᠷᠪᠠᠨ ᠲᠠᠪᠤ︶ ᠲᠣᠷᠰᠢᠯᠳᠡ ᠶᠢᠨ ᠴᠡᠭ ᠤᠨ ᠵᠢᠱᠢᠶ᠎ᠠ ᠦᠵᠡᠬᠦᠯᠬᠦ ᠶᠢ ᠰᠠᠶᠢᠳᠣᠷ ᠠᠳᠬᠤᠨ᠎ᠠ᠃ ᠦᠪᠡᠷᠳᠡᠭᠡᠨ ᠵᠠᠰᠬᠠᠥ ᠣᠷᠣᠨ ᠤ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ ᠤᠨ ᠵᠦᠪᠯᠡᠯ᠂ ᠠᠷᠡᠳ ᠤᠨ ᠶᠠᠪᠣᠳᠡᠯ ᠤᠨ ᠳᠢᠩᠬᠢᠮ᠂ ᠬᠦᠭᠵᠢᠬᠦᠯᠥᠯᠳᠡ ᠦᠭᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠭ ᠤᠨ ᠳᠢᠩᠬᠢᠮ᠂ ᠬᠦᠮᠦᠨ ᠤ ᠬᠦᠴᠣᠨ ᠤ ᠡᠬᠢ ᠪᠠᠶᠠᠯᠢᠭ ᠨᠡᠶᠢᠭᠡᠮ ᠤᠨ ᠪᠠᠳᠣᠯᠠᠭ᠎ᠠ ᠶᠢᠨ ᠳᠢᠩᠬᠢᠮ᠂ ᠣᠯᠥᠰ ᠤᠨ ᠭᠠᠵᠡᠷ ᠰᠢᠷᠦᠢ ᠡᠬᠢ ᠪᠠᠶᠠᠯᠢᠭ ᠤᠨ ᠳᠢᠩᠬᠢᠮ ᠵᠡᠷᠭᠡ ᠰᠠᠯᠠᠭ᠎ᠠ ᠮᠦᠴᠢᠷ ᠤᠳ ᠨᠢᠠᠠᠳᠡ ᠵᠤᠬᠢᠴᠠᠯᠳᠣᠨ᠂ ᠣᠯᠥᠰ ᠪᠠ ᠦᠪᠡᠷᠳᠡᠭᠡᠨ ᠵᠠᠰᠬᠠᠥ ᠣᠷᠣᠨ ᠤ ᠡᠮᠴᠢᠯᠡᠭᠡ ᠨᠠᠰᠣᠵᠢᠯ ᠢ ᠣᠶᠠᠯᠳᠣᠭᠤᠯᠬᠤ᠂ ᠨᠠᠰᠣᠵᠢᠯ ᠤᠨ ᠬᠠᠷᠡᠭᠠᠯᠵᠠᠨ ᠠᠰᠠᠷᠠᠬᠤ ᠲᠤᠷᠰᠢᠯᠳᠡ ᠶᠢᠨ ᠴᠡᠭ ᠤᠨ ᠳᠥᠷᠦᠯ ᠵᠦᠢᠯ ᠢ ᠠᠬᠢᠭᠤᠯᠬᠤ ᠳᠠᠭᠠᠨ᠂ ᠡᠮᠴᠢᠯᠡᠭᠡ ᠨᠠᠰᠣᠵᠢᠯ ᠢ ᠣᠶᠠᠯᠳᠣᠭᠤᠯᠬᠤ ᠭᠡᠯᠪᠡᠷᠢ ᠶᠢᠨ ᠪᠠᠶᠢᠭᠤᠯᠥᠮᠵᠢ ᠶᠢ ᠪᠠᠶᠢᠭᠤᠯᠬᠤ ᠪᠡᠷᠢᠮᠵᠢᠶ᠎ᠠ᠂ ᠦᠢᠯᠡᠴᠢᠯᠡᠭᠡᠨ ᠢ ᠵᠢᠷᠦᠮᠵᠢᠭᠤᠯᠬᠤ ᠵᠡᠷᠭᠡ ᠣᠷᠣᠨ ᠨᠣᠳᠤᠭ ᠤᠨ ᠪᠠᠷᠢᠮᠵᠢᠶ᠎ᠠ ᠶᠢ ᠨᠠᠷᠢᠯᠢᠠᠠᠵᠢᠭᠤᠯᠤᠨ ᠲᠡᠬᠦᠯᠳᠡᠷᠵᠢᠬᠦᠯᠵᠦ᠂ ᠦᠪᠡᠷᠳᠡᠭᠡᠨ ᠵᠠᠰᠬᠠᠥ ᠣᠷᠣᠨ᠂ ᠠᠶᠢᠮᠠᠭ ᠬᠤᠳᠡ᠂ ᠬᠤᠰᠢᠭᠤ ᠰᠢᠶᠡᠨ ︵ᠬᠤᠳᠡ᠂ ᠲᠤᠭᠤᠷᠢᠭ︶ ᠪᠤᠯᠥᠨ ᠨᠡᠶᠢᠭᠡᠮ ᠲᠤᠭᠤᠷᠢᠭ ᠳᠥᠷᠪᠡᠨ ᠱᠠᠳᠣ ᠬᠤᠯᠪᠤᠭᠠᠯᠠᠨ ᠬᠦᠳᠡᠯᠥᠯᠴᠡᠭᠰᠡᠨ ᠡᠮᠴᠢᠯᠡᠭᠡ ᠨᠠᠰᠣᠵᠢᠯ ᠤᠨ ᠣᠶᠠᠯᠳᠣᠭᠤᠯᠤᠬᠰᠠᠨ ᠵᠬᠠᠪᠤᠷ ᠢ ᠪᠠᠶᠢᠭᠤᠯᠬᠤ ᠭᠡᠷᠡᠭᠳᠡᠢ᠃ ︽13 · 5︾ ᠶᠢᠨ ᠳᠥᠯᠥᠪᠵᠢᠬᠦᠯᠭᠡ ᠶᠢᠨ ᠬᠤᠭᠤᠴᠠᠭᠠᠨ ᠳᠤ᠂ ᠪᠦᠬᠦ ᠣᠷᠣᠨ ᠳᠤ ᠣᠯᠥᠰ ᠤᠨ ᠳᠡᠰ ᠤᠨ ᠡᠮᠴᠢᠯᠡᠭᠡ ᠨᠠᠰᠣᠵᠢᠯ ᠢ ᠣᠶᠠᠯᠳᠣᠭᠤᠯᠬᠤ ᠵᠢᠱᠢᠶ᠎ᠡ ᠦᠵᠡᠬᠦᠯᠬᠦ ᠭᠠᠵᠡᠷ ᠣᠷᠣᠨ ᠢ 3᠂ ᠣᠯᠥᠰ ᠤᠨ ᠳᠡᠰ ᠤᠨ ᠡᠮᠴᠢᠯᠡᠭᠡ ᠨᠠᠰᠣᠵᠢᠯ ᠢ ᠣᠶᠠᠯᠳᠣᠭᠤᠯᠬᠤ ᠵᠢᠱᠢᠶ᠎ᠡ ᠦᠵᠡᠬᠦᠯᠬᠦ ᠳᠥᠷᠦᠯ ᠵᠦᠢᠯ ᠢ 10᠂ ᠦᠪᠡᠷᠳᠡᠭᠡᠨ ᠵᠠᠰᠬᠠᠥ ᠣᠷᠣᠨ ᠤ ᠳᠡᠰ ᠤᠨ ᠡᠮᠴᠢᠯᠡᠭᠡ ᠨᠠᠰᠣᠵᠢᠯ ᠢ ᠣᠶᠠᠯᠳᠣᠭᠤᠯᠬᠤ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ 30᠂ ᠠᠶᠢᠮᠠᠭ ᠬᠤᠳᠡ ᠶᠢᠨ ᠳᠡᠰ ᠤᠨ ᠡᠮᠴᠢᠯᠡᠭᠡ ᠨᠠᠰᠣᠵᠢᠯ ᠢ ᠣᠶᠠᠯᠳᠣᠭᠤᠯᠬᠤ ᠵᠢᠱᠢᠶ᠎ᠡ ᠦᠵᠡᠬᠦᠯᠬᠦ ᠪᠠᠶᠢᠭᠤᠯᠥᠮᠵᠢ ᠶᠢ 100᠂ ᠨᠡᠶᠢᠭᠡᠮ ᠲᠤᠭᠤᠷᠢᠭ ᠤᠨ ᠡᠮᠴᠢᠯᠡᠭᠡ ᠨᠠᠰᠣᠵᠢᠯ ᠢ ᠣᠶᠠᠯᠳᠣᠭᠤᠯᠬᠤ ᠵᠢᠱᠢᠶ᠎ᠡ ᠦᠵᠡᠬᠦᠯᠬᠦ ᠲᠥᠪ ᠢ 200 ᠡᠬᠦᠳᠣᠨ ᠪᠠᠶᠢᠭᠤᠯᠥᠨ᠎ᠠ᠃ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ᠂ ᠠᠷᠡᠳ ᠤᠨ ᠶᠠᠪᠤᠳᠡᠯ ᠤᠨ ᠰᠠᠯᠠᠭ᠎ᠠ ᠮᠦᠴᠢᠷ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠯᠦᠭᠡ ᠬᠠᠮᠵᠢᠯᠴᠠᠨ᠂ ᠲᠣᠷᠰᠢᠯᠭ᠎ᠠ ᠪᠠ ᠠᠷᠭ᠎ᠠ ᠪᠡᠷᠢᠯ ᠢ ᠴᠠᠭ ᠲᠣᠬᠠᠢ ᠳᠤᠨᠢ ᠳ᠋ᠦᠩᠨᠡᠨ ᠳᠡᠯᠭᠡᠷᠡᠬᠦᠯᠵᠦ᠂ ᠬᠠᠮᠢᠶ᠎ᠠ ᠪᠦᠬᠦᠢ ᠳᠥᠷᠥ ᠶᠢᠨ ᠪᠤᠳᠣᠯᠭ᠎ᠠ ᠶᠢᠨ ᠠᠷᠭ᠎ᠠ ᠭᠡᠮᠵᠢᠶ᠎ᠠ ᠶᠢ ᠳᠡᠬᠦᠯᠳᠡᠷᠵᠢᠬᠦᠯᠬᠦ ᠭᠡᠷᠡᠭᠳᠡᠢ᠃        ︵ᠠᠷᠪᠠᠨ ᠵᠢᠷᠭᠤᠭ᠎ᠠ︶ ᠰᠢᠯᠭᠠᠨ ᠬᠢᠨᠡᠵᠦ ᠰᠢᠮᠳᠡᠭᠤᠯᠥᠨ ᠪᠠᠶᠢᠴᠠᠭᠠᠬᠤ ᠶᠢ ᠴᠢᠩᠳᠡᠯᠡᠨ᠎ᠠ᠃ ᠡᠯ᠎ᠠ ᠭᠠᠵᠡᠷ ᠣᠷᠣᠨ᠂ ᠡᠯ᠎ᠠ ᠬᠤᠯᠪᠤᠠᠠᠳᠡᠯ ᠪᠦᠬᠦᠢ ᠰᠠᠯᠠᠭ᠎ᠠ ᠮᠦᠴᠢᠷ ᠤᠳ ᠡᠮᠴᠢᠯᠡᠭᠡ ᠨᠠᠰᠣᠵᠢᠯ ᠢ ᠣᠶᠠᠯᠳᠣᠭᠤᠯᠬᠤ ᠳᠥᠷᠥ ᠶᠢᠨ ᠪᠤᠳᠣᠯᠭ᠎ᠠ ᠶᠢ ᠨᠠᠶᠢᠳᠡᠪᠦᠷᠢᠵᠢᠭᠤᠯᠥᠠᠠᠰᠠᠨ ᠪᠠᠶᠢᠳᠡᠯ᠂ ᠡᠮᠴᠢᠯᠡᠭᠡ ᠨᠠᠰᠣᠵᠢᠯ ᠢ ᠣᠶᠠᠯᠳᠣᠭᠤᠯᠬᠤ ᠦᠢᠯᠡᠴᠢᠯᠡᠭᠡᠨ ᠤ ᠪᠦᠷᠬᠦᠯᠲᠡ ᠶᠢᠨ ᠨᠣᠷᠮ᠎ᠠ᠂ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠥᠮᠵᠢ ᠪᠤᠯᠥᠨ ᠨᠠᠰᠣᠵᠢᠯ ᠤᠨ ᠪᠠᠶᠢᠭᠤᠯᠥᠮᠵᠢ ᠶᠢ ᠵᠠᠪᠰᠡᠷ ᠦᠭᠡᠢ ᠵᠤᠯᠭᠠᠭᠤᠯᠥᠠᠠᠰᠠᠨ ᠭᠡᠮᠵᠢᠶ᠎ᠠ᠂ ᠨᠠᠰᠣᠳᠡᠶᠢᠴᠣᠳ ᠢ ᠰᠣᠪᠢᠯᠠᠬᠤ ᠦᠢᠯᠡᠴᠢᠯᠡᠭᠡᠨ ᠤ ᠶᠠᠰᠣ ᠴᠢᠨᠡᠷ᠂ ᠨᠠᠰᠣᠳᠡᠶᠢᠴᠣᠳ ᠤᠨ ᠰᠡᠳᠬᠢᠯ ᠬᠠᠨᠣᠮᠵᠢᠳᠡᠢ ᠪᠠᠶᠢᠬᠤ ᠭᠡᠮᠵᠢᠶ᠎ᠠ ᠵᠡᠷᠭᠡ ᠪᠠᠷ ᠭᠤᠤᠯ ᠬᠦᠢᠴᠡᠳᠭᠡᠯ ᠲᠤᠭ᠎ᠠ ᠪᠤᠯᠭᠠᠠᠠᠰᠠᠨ ᠰᠢᠯᠭᠠᠨ ᠬᠢᠨᠡᠵᠦ ᠦᠨᠡᠯᠡᠨ ᠵᠢᠱᠢᠬᠦ ᠰᠢᠰᠲ᠋ᠧᠮᠵᠢ ᠶᠢ ᠪᠠᠶᠢᠭᠤᠯᠵᠦ᠂ ᠰᠢᠨᠵᠢᠯᠡᠬᠦ ᠣᠬᠠᠭᠠᠨᠴᠢ ᠪᠦᠬᠡᠳ ᠵᠢᠷᠦᠮᠵᠢᠠᠠᠰᠠᠨ ᠡᠮᠴᠢᠯᠡᠭᠡ ᠨᠠᠰᠣᠵᠢᠯ ᠣᠶᠠᠯᠳᠣᠭᠤᠯᠤᠬᠰᠠᠨ ᠢ ᠪᠦᠷᠢᠳᠭᠡᠨ ᠪᠠᠶᠢᠴᠠᠭᠠᠬᠤ ᠳᠥᠷᠢᠮ ᠪᠠ ᠮᠡᠳᠡᠭᠡ ᠵᠠᠩᠬᠢ ᠶᠢᠨ ᠬᠠᠮᠢᠶᠡᠷᠦᠯᠳᠡ ᠶᠢᠨ ᠳᠥᠷᠢᠮ ᠢ ᠪᠠᠶᠢᠭᠤᠯᠵᠦ᠂ ᠰᠠᠯᠠᠭ᠎ᠠ ᠮᠦᠴᠢᠷ ᠤᠨ ᠪᠦᠷᠢᠳᠬᠡᠬᠦ ᠳᠥᠷᠢᠮ ᠢ ᠳᠡᠬᠦᠯᠳᠡᠷᠵᠢᠬᠦᠯᠬᠦ ᠭᠡᠷᠡᠭᠳᠡᠢ᠃ ᠡᠷᠡᠬᠦᠯ ᠬᠠᠮᠠᠭᠠᠯᠠᠯ ᠳᠥᠯᠥᠪᠯᠡᠭᠡᠳᠦ ᠦᠷᠡᠵᠢᠯ᠂ ᠠᠷᠡᠳ ᠤᠨ ᠶᠠᠪᠤᠳᠡᠯ ᠤᠨ ᠰᠠᠯᠠᠭ᠎ᠠ ᠮᠦᠴᠢᠷ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠯᠦᠭᠡ ᠬᠠᠮᠵᠢᠯᠴᠠᠨ᠂ ᠡᠮᠴᠢᠯᠡᠭᠡ ᠨᠠᠰᠣᠵᠢᠯ ᠢ ᠤᠶᠠᠯᠳᠤᠭᠤᠯᠤᠬᠰᠠᠨ ᠠᠵᠢᠯ ᠳᠤ ᠰᠢᠮᠳᠡᠭᠤᠯᠥᠨ ᠪᠠᠶᠢᠴᠠᠭᠠᠬᠤ ᠶᠢ ᠴᠢᠩᠭᠠᠳᠬᠠᠨ᠂ ᠣᠷᠣᠨ ᠨᠣᠳᠤᠭ ᠤᠨ ᠠᠵᠢᠯ ᠤᠨ ᠠᠬᠢᠴᠠ ᠶᠢᠨ ᠪᠠᠶᠢᠳᠡᠯ ᠢᠶᠠᠨ ᠲᠣᠠᠠᠳᠠᠮᠠᠯ ᠬᠤᠭᠤᠴᠠᠭ᠎ᠠ ᠲᠠᠢ ᠪᠠᠷ ᠮᠡᠳᠡᠭᠡᠯᠡᠵᠦ᠂ ᠡᠯ᠎ᠠ ᠵᠦᠢᠯ ᠤᠨ ᠳᠥᠷᠥ ᠶᠢᠨ ᠪᠤᠳᠣᠯᠭ᠎ᠠ ᠶᠢᠨ ᠠᠷᠭ᠎ᠠ ᠭᠡᠮᠵᠢᠶ᠎ᠠ ᠶᠢ ᠨᠠᠶᠢᠳᠠᠪᠤᠷᠢᠵᠢᠭᠤᠯᠤᠨ ᠪᠤᠳᠡᠳᠡᠶᠢᠵᠢᠭᠤᠯᠬᠤ ᠶᠢ ᠦᠨᠡᠨᠬᠦ ᠪᠠᠳᠣᠯᠠᠬᠤ ᠭᠡᠷᠡᠭᠳᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号