2017 ᠣᠨ ᠤ ᠤᠯᠠᠭᠠᠨᠬᠠᠳᠠ ᠬᠤᠲᠠ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠨᠦᠬᠦᠪᠦᠷᠢ ᠶᠢᠨ ᠲᠥᠷᠦ ᠶᠢᠨ ᠪᠣᠳᠣᠯᠭ᠎ᠠ
ᠨᠡᠶᠢᠲᠡᠯᠡᠭᠰᠡᠨ ᠴᠠᠭ᠄
2017-02-28
        2017 ᠣᠨ ᠳᠤ ᠣᠣᠯ ᠤᠨ ᠰᠢᠨ᠎ᠡ ᠮᠠᠶ᠋ᠢᠭ ᠤᠨ ᠮᠠᠯᠵᠢᠬᠤ ᠲᠠᠷᠢᠶᠠᠯᠠᠬᠤ ᠤᠷᠤᠨ ᠤ ᠬᠤᠷᠰᠢᠭᠰᠠᠨ ᠡᠮᠨᠡᠯᠭᠡ ᠪᠠ ᠬᠤᠲᠠ ᠪᠠᠯᠭᠠᠰᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠢ ᠨᠡᠶᠢᠯᠡᠬᠦᠯᠦᠭᠡᠳ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠪᠤᠯᠭᠠᠪᠠ᠃        ᠨᠢᠭᠡ᠂ ᠡᠮᠨᠡᠯᠭᠡ ᠳᠤ ᠰᠠᠭᠤᠨ ᠡᠮᠴᠢᠯᠡᠭᠦᠯᠬᠦ ᠨᠦᠬᠦᠪᠦᠷᠢ ᠶᠢᠨ ᠲᠥᠷᠦ ᠶᠢᠨ ᠪᠣᠳᠣᠯᠭ᠎ᠠ᠄ ᠨᠢᠭᠡ ᠵᠢᠯ ᠤᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠡᠮᠨᠡᠯᠭᠡ ᠳᠤ ᠰᠠᠭᠤᠨ ᠡᠮᠴᠢᠯᠡᠬᠦᠯᠬᠦ ᠡᠮ ᠡᠮᠨᠡᠯᠭᠡ ᠶᠢᠨ ᠰᠦᠢᠳᠬᠡᠯ ᠤᠨ ᠬᠠᠮᠤᠭ ᠦᠨᠳᠦᠷ ᠣᠯᠭᠤᠬᠤ ᠬᠡᠮᠵᠢᠶ᠎ᠡ ᠨᠢ 12 ᠲᠦᠮᠡᠨ ᠲᠦᠭᠦᠷᠢᠭ᠂ ᠪᠣᠳᠠᠳᠠᠢ ᠣᠯᠭᠤᠬᠤ ᠬᠠᠷᠢᠴᠠᠯ ᠨᠢ᠄
       ᠬᠤᠶᠠᠷ᠂ ᠡᠭᠦᠳᠡᠨ ᠡᠮᠨᠡᠯᠭᠡ ᠶᠢᠨ ᠨᠦᠬᠦᠪᠦᠷᠢ ᠶᠢᠨ ᠲᠥᠷᠦ ᠶᠢᠨ ᠪᠣᠳᠣᠯᠭ᠎ᠠ᠄        ᠡᠭᠦᠳᠡᠨ ᠡᠮᠨᠡᠯᠭᠡ ᠶᠢᠨ ᠡᠪᠡᠳᠴᠢᠨ ᠤ ᠪᠠᠶᠢᠳᠠᠯ ᠢ ᠠᠵᠢᠭᠯᠠᠬᠤ ᠪᠠ ᠠᠷᠬᠠᠭ ᠡᠪᠡᠳᠴᠢᠨ ᠬᠡᠬᠦ ᠬᠤᠶᠠᠷ ᠲᠦᠷᠦᠯ ᠬᠤᠪᠢᠶᠠᠨ᠎ᠠ᠃ ᠡᠭᠦᠳᠡᠨ ᠡᠮᠨᠡᠯᠭᠡ ᠶᠢᠨ ᠠᠷᠬᠠᠭ ᠡᠪᠡᠳᠴᠢᠨ ᠳᠤ ᠪᠠᠭᠲᠠᠬᠤ ᠨᠢ᠄ 1. ᠰᠦᠷᠢᠶ᠎ᠡ ᠡᠪᠡᠳᠴᠢᠨ︔ 2. ᠲᠠᠷᠢᠬᠢᠨ ᠤ ᠴᠢᠰᠤ ᠬᠠᠷᠪᠣᠯᠲᠠ ᠶᠢᠨ ᠦᠯᠡᠳᠡᠭᠰᠡᠨ ᠡᠪᠡᠳᠴᠢᠨ︔ 3. ᠡᠯᠢᠭᠡ ᠬᠠᠳᠠᠭᠤᠷᠠᠬᠤ ᠡᠪᠡᠳᠴᠢᠨ︔ 4. ᠴᠢᠰᠤ ᠨᠡᠪᠴᠢᠭᠦᠯᠬᠦ ᠵᠠᠰᠠᠯ᠂ ᠴᠠᠭᠠᠨ ᠴᠣᠷᠣᠢ ᠨᠡᠪᠴᠢᠭᠦᠯᠬᠦ ᠵᠠᠰᠠᠯ︔ 5. ᠬᠤᠣᠷᠲᠤ ᠬᠠᠪᠤᠳᠠᠷ ᠤᠨ ᠰᠠᠴᠣᠷᠠᠭ ᠵᠠᠰᠠᠯ ᠪᠠ ᠬᠢᠮᠢ ᠶᠢᠨ ᠵᠠᠰᠠᠯ︔ 6. ᠴᠢᠰᠤ ᠭᠤᠭᠤᠵᠢᠮᠠᠳᠠᠭᠠᠢ ᠡᠪᠡᠳᠴᠢᠨ︔ 7. ᠡᠷᠬᠡᠲᠡᠨ ︵ᠬᠠᠷ᠎ᠠ ᠪᠦᠭᠡᠷ᠎ᠡ᠂ ᠡᠯᠢᠭᠡ᠂ ᠵᠢᠷᠦᠬᠡ︶ ᠰᠢᠯᠵᠢᠬᠦᠯᠦᠭᠰᠡᠨ ᠤ ᠲᠠᠷᠠᠭᠠᠬᠢ ᠡᠪᠡᠳᠴᠢᠨ ᠢ ᠡᠰᠡᠷᠭᠦᠴᠡᠬᠦ ᠴᠢᠳᠠᠯ ᠢ ᠨᠡᠮᠡᠭᠳᠡᠬᠦᠯᠬᠦ ᠵᠠᠰᠠᠯ︔ 8. ᠵᠥᠪᠰᠢᠶᠡᠷᠡᠯ ᠢᠶᠠᠷ ᠣᠨᠳᠣᠣ ᠭᠠᠵᠠᠷ ᠤᠨ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠳᠤ ᠡᠮᠴᠢᠯᠡᠬᠦᠯᠦᠭᠰᠡᠨ ᠰᠠᠴᠦᠷᠠᠭ ᠵᠠᠰᠠᠯ ᠪᠠ ᠴᠢᠰᠤ ᠨᠡᠪᠴᠢᠭᠦᠯᠬᠦ ᠵᠠᠰᠠᠯ ᠤᠨ ᠵᠠᠷᠣᠳᠠᠯ︔ 9. ᠴᠢᠰᠤᠨ ᠰᠣᠳᠠᠯ ᠤᠨ ᠲᠤᠯᠤᠭᠤᠷ ᠤᠨ ᠮᠡᠰᠡ ᠵᠠᠰᠠᠯ ᠬᠢᠭᠰᠡᠨ ᠤ ᠲᠠᠷᠠᠭᠠᠬᠢ ᠨᠢᠭᠡ ᠵᠢᠯ ᠤᠨ ᠳᠣᠲᠤᠷᠠᠬᠢ ᠡᠭᠡᠳᠡᠵᠦ ᠪᠦᠭᠡᠮᠨᠡᠷᠡᠬᠦ ᠶᠢ ᠡᠰᠡᠷᠭᠦᠴᠡᠬᠦ ᠵᠠᠰᠠᠯ︔ 10. ᠲᠠᠬᠢᠨ ᠡᠭᠦᠰᠬᠦ ᠬᠠᠷᠰᠢᠯᠠᠬᠤ ᠴᠢᠨᠠᠷᠳᠠᠢ ᠴᠢᠰᠤ ᠳᠤᠲᠠᠬᠤ ᠡᠪᠡᠳᠴᠢᠨ︔ 11. ᠰᠢᠰᠲ᠋ᠧᠮᠲᠦ ᠣᠯᠠᠭᠠᠨ ᠲᠣᠯᠪᠤᠲᠤ ᠴᠢᠨ᠋ᠸ᠎ᠠ ᠶᠢᠨ ᠶᠠᠷ᠎ᠠ︔ 12. ᠬᠠᠲᠠᠬᠤ ᠴᠢᠨᠠᠷᠳᠠᠢ ᠨᠡᠶᠢᠯᠢᠭ ᠡᠪᠡᠳᠴᠢᠨ︔ 13. ᠠᠷᠠᠰᠤ ᠬᠠᠳᠠᠭᠤᠷᠠᠬᠤ ᠡᠪᠡᠳᠴᠢᠨ ︔ 14. ᠬᠥᠰᠢᠬᠦ ᠴᠢᠨᠠᠷᠳᠠᠢ ᠭᠤᠣᠯ ᠨᠢᠷᠣᠭᠤ ᠶᠢᠨ ᠥᠷᠪᠢᠰᠦᠯ︔ 15. ᠬᠡᠷᠡᠬᠦ ᠴᠢᠨᠠᠷᠳᠠᠢ ᠥᠶ᠎ᠡ ᠬᠡᠰᠢᠭᠦᠦ ᠶᠢᠨ ᠦᠷᠪᠢᠰᠦᠯ︔ 16. I ᠬᠡᠯᠪᠡᠷᠢᠲᠦ ᠰᠢᠬᠢᠷ ᠰᠢᠵᠢᠩ ᠡᠪᠡᠳᠴᠢᠨ ᠪᠠ ᠰᠢᠬᠢᠷ ᠰᠢᠵᠢᠩ ᠡᠪᠡᠳᠴᠢᠨ ᠤ ᠲᠠᠪᠬᠤᠴᠠᠯ ᠡᠪᠡᠳᠴᠢᠨ︔ 17. ᠪᠠᠮᠪᠠᠢ ᠪᠣᠯᠴᠢᠷᠬᠠᠢ ᠶᠢᠨ ᠠᠵᠢᠯᠯᠠᠭ᠎ᠠ ᠬᠡᠲᠦᠷᠡᠬᠦ ᠡᠪᠡᠳᠴᠢᠨ︔ 18. ᠳᠤᠮᠳᠠ ᠴᠢᠮᠦᠭᠡᠨ ᠲᠣᠯᠣᠭᠠᠢ ᠶᠢᠨ ᠦᠬᠦᠵᠢᠯ︔ 19. ᠤᠨᠠᠳᠠᠭ ᠡᠪᠡᠳᠴᠢᠨ︔ 20. ᠤᠳᠠᠭᠠᠨ ᠴᠢᠨᠠᠷᠳᠠᠢ ᠪᠦᠭᠯᠡᠷᠡᠬᠦ ᠴᠢᠨᠠᠷᠳᠠᠢ ᠠᠭᠤᠰᠬᠢᠨ ᠡᠪᠡᠳᠴᠢᠨ︔ 21. ᠠᠭᠤᠰᠬᠢ ᠵᠢᠷᠦᠬᠡᠨ ᠡᠪᠡᠳᠴᠢᠨ︔ 22. ᠴᠡᠴᠡᠷᠡᠭᠡ ᠡᠪᠡᠳᠴᠢᠨ︔ 23. ᠬᠠᠷ᠎ᠠ ᠪᠦᠭᠡᠷ᠎ᠡ ᠶᠢᠨ ᠡᠪᠡᠳᠴᠢᠨ ᠤ ᠨᠡᠶᠢᠯᠡᠭ ᠭᠡᠮ︔ 24. ᠮᠡᠳᠡᠷᠡᠯ ᠤᠨ ᠡᠪᠡᠳᠴᠢᠨ᠃        ᠭᠤᠷᠪᠠ᠂ ᠡᠮᠨᠡᠯᠭᠡ ᠰᠢᠯᠵᠢᠨ ᠡᠮᠴᠢᠯᠡᠭᠦᠯᠬᠦ ᠲᠦᠷᠦ ᠶᠢᠨ ᠪᠣᠳᠣᠯᠭ᠎ᠠ        ᠲᠠᠭᠠᠳᠬᠠᠯ ᠳᠤ ᠣᠷᠣᠭᠰᠠᠨ ᠬᠦᠮᠦᠰ ᠬᠤᠲᠠ ᠶᠢᠨ ᠭᠠᠳᠠᠨᠠᠬᠢ ᠡᠮᠨᠡᠯᠬᠡ ᠳᠤ ᠰᠢᠯᠵᠢᠨ ᠡᠮᠴᠢᠯᠡᠭᠦᠯᠬᠦ ᠴᠢᠬᠤᠯᠠᠳᠠᠢ ᠪᠣᠯ ᠡᠮ ᠡᠮᠨᠡᠯᠭᠡ ᠶᠢᠨ ᠲᠠᠭᠠᠳᠬᠠᠯ ᠤᠨ ᠲᠣᠪᠴᠢᠶᠠᠨ ᠳᠤ ᠬᠦᠷᠴᠦ ᠡᠮᠨᠡᠯᠭᠡ ᠰᠢᠯᠵᠢᠬᠦ ᠭᠠᠷ ᠭᠦᠢᠴᠡᠳᠬᠡᠯ ᠣᠷᠢᠳᠴᠢᠯᠠᠨ ᠬᠢᠨ᠎ᠡ᠂ ᠣᠨᠳᠣᠣ ᠭᠠᠵᠠᠷ ᠰᠢᠯᠵᠢᠨ ᠡᠮᠴᠢᠯᠡᠬᠦᠯᠬᠦ ᠳᠤ ᠵᠦᠪᠬᠡᠨ ᠪᠡᠭᠡᠵᠢᠩ᠂ ᠮᠦᠭᠳᠡᠨ ᠬᠤᠶᠠᠷ ᠭᠠᠵᠠᠷ ᠤᠨ ᠭᠤᠷᠪᠠᠳᠣᠭᠠᠷ ᠲᠡᠰ ᠠᠴᠠ ᠲᠡᠭᠡᠭᠰᠢᠬᠢ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶ᠎ᠠ᠂ ᠲᠢᠶᠠᠨᠵᠢᠨ ᠬᠤᠲᠠ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ᠂ ᠲᠢᠶᠠᠨᠵᠢᠨ ᠬᠤᠲᠠ ᠶᠢᠨ ᠴᠢᠰᠤᠨ ᠤ ᠡᠪᠡᠳᠴᠢᠨ ᠤ ᠡᠮᠨᠡᠯᠭᠡ ᠶᠢᠨ ᠬᠤᠷᠢᠶ᠎ᠠ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠦᠪᠦᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠪᠠ ᠦᠪᠦᠷ ᠮᠣᠩᠭᠤᠯ ᠤᠨ ᠣᠯᠠᠨ ᠣᠯᠣᠰ ᠤᠨ ᠮᠣᠩᠭᠤᠯ ᠡᠮᠨᠡᠯᠭᠡ ᠶᠢᠨ ᠬᠤᠷᠢᠶ᠎ᠠ ᠳᠤ ᠡᠮᠴᠢᠯᠡᠭᠦᠯᠵᠦ ᠪᠣᠯᠤᠨ᠎ᠠ᠃ ᠬᠡᠣᠬᠡᠳ ᠢᠶᠠᠨ ᠲᠠᠭᠠᠵᠣ ᠣᠨᠳᠣᠣ ᠭᠠᠵᠠᠷ ᠰᠠᠭᠤᠵᠦ ᠪᠠᠶᠢᠭ᠎ᠠ ᠲᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ᠂ ᠭᠠᠳᠠᠭᠰᠢ ᠭᠠᠷᠴᠤ ᠬᠦᠴᠦ ᠶᠠᠪᠤᠵᠤ ᠪᠠᠶᠢᠭ᠎ᠠ ᠬᠦᠮᠦᠰ᠂ ᠪᠠᠴᠢᠮ ᠠᠪᠤᠷᠠᠯᠲᠠ ᠪᠠᠷ ᠬᠤᠲᠠ ᠶᠢᠨ ᠭᠠᠳᠠᠨᠠᠬᠢ ᠡᠮᠨᠡᠯᠭᠡ ᠳᠤ ᠰᠠᠭᠤᠨ ᠡᠮᠴᠢᠯᠡᠬᠦᠯᠦᠭᠰᠡᠳ ᠴᠠᠭ ᠲᠣᠬᠠᠢ ᠳᠤ ᠨᠢ ᠤᠲᠠᠰᠤ ᠠᠪᠴᠤ ᠲᠤᠭᠤᠷᠢᠭ ᠤᠨ ᠡᠮᠨᠡᠯᠭᠡ ᠶᠢᠨ ᠲᠠᠭᠠᠳᠬᠠᠯ ᠤᠨ ᠲᠤᠪᠴᠢᠶ᠎ᠠ ᠶᠢᠨ ᠠᠵᠢᠯᠲᠠᠨ ᠠᠴᠠ ᠯᠠᠪᠯᠠᠨ ᠠᠰᠠᠭᠤᠬᠤ ᠬᠡᠷᠡᠭᠳᠡᠢ᠃          ᠳᠥᠷᠪᠡ᠂ ᠰᠢᠨ᠎ᠡ ᠭᠠᠷᠣᠭᠰᠠᠨ ᠨᠢᠯᠬ᠎ᠠ ᠬᠡᠣᠬᠡᠳ ᠭᠤᠷᠪᠠᠨ ᠰᠠᠷ᠎ᠠ ᠶᠢᠨ ᠳᠣᠲᠤᠷ᠎ᠠ ᠰᠦᠢᠳᠬᠡᠯ ᠬᠤᠷᠢᠶᠠᠬᠤ ᠬᠤᠭᠤᠴᠠᠭᠠᠨ ᠤ ᠬᠢᠵᠠᠭᠠᠷᠯᠠᠯ ᠦᠭᠡᠢ᠂ ᠡᠷᠦᠬᠡ ᠠᠮᠠ ᠶᠢᠨ ᠲᠡᠪᠳᠡᠷ ᠢᠶᠠᠨ ᠠᠪᠴᠦ ᠡᠴᠢᠭᠡ ᠡᠬᠡ ᠶᠢᠨ ᠬᠢᠨᠢ ᠲᠠᠭᠠᠳᠬᠠᠯ ᠳᠤ ᠣᠷᠣᠯᠴᠠᠭᠰᠠᠨ ᠭᠠᠵᠠᠷ ᠤᠨ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠬᠦᠷᠴᠦ ᠲᠠᠭᠠᠳᠬᠠᠯ  ᠳᠤ ᠣᠷᠣᠯᠴᠠᠬᠤ ᠭᠠᠷ ᠭᠦᠢᠴᠡᠳᠬᠡᠯ ᠢ ᠭᠦᠢᠴᠡᠳᠬᠡᠵᠦ᠂ ᠲᠣᠰ ᠵᠢᠯ ᠤᠨ ᠳᠠᠭᠠᠳᠬᠠᠯ ᠳᠤ ᠣᠷᠣᠯᠴᠠᠬᠤ ᠰᠦᠢᠳᠬᠡᠯ ᠢ  ᠨᠢ ᠭᠡᠯᠳᠦᠷᠢᠬᠦᠯᠬᠦ ᠶᠢᠨ ᠬᠠᠮᠲᠤ ᠲᠦᠷᠦᠭᠰᠡᠨ ᠡᠳᠦᠷ ᠠᠴᠠ ᠪᠠᠨ ᠡᠬᠢᠯᠡᠨ ᠲᠣᠰ ᠵᠢᠯ ᠤᠨ ᠰᠠᠭᠤᠭᠠᠯᠢ ᠠᠷᠠᠳ ᠤᠨ ᠦᠨᠳᠦᠰᠦᠨ ᠡᠮᠨᠡᠯᠭᠡ ᠶᠢᠨ ᠲᠠᠭᠠᠳᠬᠠᠯ ᠤᠨ ᠬᠠᠷᠠᠭᠠᠯᠵᠠᠯ ᠢ ᠬᠦᠷᠲᠡᠵᠦ᠂ ᠲᠠᠷᠠᠭ᠎ᠠ ᠵᠢᠯ ᠠᠴᠠ ᠨᠢ ᠬᠡᠪ ᠤᠨ ᠶᠣᠰᠣᠭᠠᠷ ᠲᠠᠭᠠᠳᠬᠠᠯ ᠳᠤ ᠣᠷᠣᠯᠴᠠᠭᠰᠠᠨ ᠰᠦᠢᠳᠬᠡᠯ ᠲᠣᠰᠢᠶᠠᠨ᠎ᠠ᠃
 
ᠢᠷᠡᠯᠲᠡ᠄ ᠬᠡᠰᠢᠭᠲᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号