ᠦᠪᠡᠷᠳᠡᠭᠡᠨ ᠵᠠᠰᠠᠬᠤ ᠣᠷᠣᠨ ᠤ ᠳᠡᠰ ᠤᠨ ᠬᠤᠶᠠᠳᠤᠭᠠᠷ ᠪᠦᠯᠦᠭ ᠤᠨ ᠲᠡᠣᠬᠡ ᠰᠤᠶᠤᠯ ᠤᠨ ᠵᠡᠭᠡᠯᠢ ᠲᠤᠭᠤᠷᠢᠭ ᠤᠨ ᠨᠡᠷᠡᠰ ᠢ ᠨᠡᠶᠢᠳᠡᠯᠡᠬᠦ ᠲᠤᠬᠠᠢ ᠥᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2017-02-03
                 ᠥᠪᠥᠷ ᠵᠠᠰᠠᠭ ᠥᠰᠥᠭ ︹2016︺ 135 ᠳ᠋ᠤᠭᠠᠷ ᠲᠤᠭᠠᠳᠤ                   2016 ᠣᠨ ᠤ 7 ᠳ᠋ᠤᠭᠠᠷ ᠰᠠᠷ᠎ᠠ ᠶᠢᠨ 17 ᠤ ᠡᠳᠤᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠳᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄        ᠮᠠᠨ ᠤ ᠣᠷᠤᠨ ᠤ ᠰᠢᠯᠢᠳᠡᠭ ᠲᠡᠣᠬᠡ ᠰᠣᠶᠣᠯ ᠤᠨ ᠦᠯᠡᠳᠡᠭᠳᠡᠯ ᠢ ᠨᠡᠩ ᠰᠠᠶᠢᠳᠤᠷ ᠬᠠᠮᠠᠭᠠᠯᠠᠵᠤ᠂ ᠲᠡᠣᠬᠡ ᠰᠣᠶᠣᠯ ᠤᠨ ᠦᠯᠡᠳᠡᠭᠳᠡᠯ ᠢ ᠬᠠᠮᠠᠭᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠬᠦ ᠶᠢᠨ ᠲᠣᠰᠠᠳᠠ᠂ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠠᠴᠠ ᠦᠪᠡᠷᠳᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠢᠩᠬᠢᠮ᠂ ᠲᠡᠤᠬᠡ ᠶᠢᠨ ᠲᠤᠷᠠᠰᠬᠠᠯᠳᠤ ᠵᠦᠢᠯ ᠤᠨ ᠲᠤᠪᠴᠢᠶ᠎ᠠ ᠶᠢᠨ ᠲᠣᠭᠳᠠᠭᠠᠭᠰᠠᠨ ᠪᠣᠭᠤᠳᠤ ᠬᠤᠳᠠ ᠶᠢᠨ ᠳ᠋ᠦᠩ ᠾᠧ ᠳᠤᠭᠤᠷᠢᠭ ᠤᠨ ᠬᠤᠶᠢᠳᠤ ᠬᠢᠷ᠎ᠠ ᠳᠠᠬᠢ ᠰᠠᠨ ᠭᠤᠸᠠᠨ ᠮᠢᠶᠤᠤ ᠰᠦᠮ᠎ᠡ ᠶᠢᠨ ᠣᠯᠠᠮᠵᠢᠯᠠᠯᠳᠤ ᠵᠡᠭᠡᠯᠢ ᠲᠤᠭᠤᠷᠢᠭ ᠵᠡᠷᠭᠡ 4 ᠵᠡᠭᠡᠯᠢ ᠲᠤᠭᠤᠷᠢᠭ ᠢ ᠦᠪᠡᠷᠳᠡᠭᠡᠨ ᠵᠠᠰᠠᠬᠤ ᠣᠷᠣᠨ ᠤ ᠳᠡᠰ ᠤᠨ ᠬᠤᠶᠠᠳᠤᠭᠠᠷ ᠪᠦᠯᠦᠭ ᠤᠨ ᠵᠡᠭᠡᠯᠢ ᠲᠤᠭᠤᠷᠢᠭ ᠪᠤᠯᠭᠠᠬᠤ ᠪᠠᠷ ᠡᠳᠤᠭᠡ ᠨᠡᠶᠢᠳᠡᠯᠡᠪᠡ᠃        ᠡᠯ᠎ᠡ ᠬᠤᠯᠪᠤᠭᠳᠠᠯ ᠪᠦᠬᠦᠢ ᠭᠠᠵᠠᠷ ᠣᠷᠤᠨ᠂ ᠰᠠᠯᠠᠭ᠎ᠠ ᠮᠦᠴᠢᠷ ᠤᠳ ︽ᠪᠦᠭᠦᠳᠠ ᠨᠠᠶᠢᠷᠠᠮᠳᠠᠬᠤ ᠲᠤᠮᠳᠠᠳᠤ ᠠᠷᠠᠳ ᠣᠯᠣᠰ ᠤᠨ ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠬᠠᠤᠯᠢ︾᠂ ︽ᠲᠡᠣᠬᠡ ᠰᠣᠶᠣᠯ ᠤᠨ ᠨᠡᠷᠡᠳᠤ ᠬᠤᠲᠠ ᠨᠡᠷᠡᠳᠤ ᠪᠠᠯᠭᠠᠰᠤ ᠨᠡᠷᠡᠳᠤ ᠲᠣᠰᠬᠤᠨ ᠢ ᠬᠠᠮᠠᠭᠠᠯᠠᠬᠤ ᠳᠦᠷᠢᠮ︾᠂ ︽ᠥᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠬᠤᠳᠠ ᠬᠦᠳᠡᠭᠡ ᠶᠢᠨ ᠲᠦᠯᠦᠪᠵᠢᠭᠦᠯᠭᠡ ᠶᠢᠨ ᠳᠦᠷᠢᠮ︾ ᠵᠡᠷᠭᠡ ᠬᠠᠤᠯᠢ ᠲᠦᠷᠢᠮ ᠬᠠᠣᠯᠢ ᠲᠤᠭᠳᠠᠭᠠᠯ ᠤᠨ ᠬᠤᠯᠪᠣᠭᠳᠠᠯ ᠪᠦᠬᠦᠢ ᠲᠣᠭᠳᠠᠭᠠᠯ ᠶᠣᠰᠤᠭᠠᠷ᠂ ᠬᠠᠮᠠᠭᠠᠯᠠᠬᠤ ᠲᠦᠯᠦᠪᠵᠢᠭᠦᠯᠭᠡ ᠶᠢ ᠬᠠᠤᠯᠢ ᠶᠣᠰᠣᠭᠠᠷ ᠨᠠᠶᠢᠷᠠᠭᠤᠯᠤᠨ ᠵᠤᠬᠢᠶᠠᠵᠤ᠂ ᠬᠠᠮᠠᠭᠠᠯᠠᠨ ᠬᠠᠮᠢᠶᠠᠷᠬᠤ ᠠᠵᠢᠯ ᠤᠨ ᠲᠤᠭᠳᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠤ᠂ ᠦᠪᠡᠷᠳᠡᠭᠡᠨ ᠵᠠᠰᠠᠬᠤ ᠣᠷᠣᠨ ᠤ ᠲᠡᠰ ᠤᠨ ᠲᠡᠣᠬᠡ ᠰᠣᠶᠣᠯ ᠤᠨ ᠵᠡᠭᠡᠯᠢ ᠲᠤᠭᠤᠷᠢᠭ ᠢ ᠬᠠᠮᠠᠭᠠᠯᠠᠬᠤ ᠠᠵᠢᠯ ᠢ ᠯᠠᠪᠳᠠᠭᠤᠨ ᠪᠠᠳᠤᠲᠠᠢ ᠰᠠᠶᠢᠳᠤᠷ ᠬᠢᠬᠦ ᠬᠡᠷᠡᠭᠲᠡᠢ᠃ ᠲᠡᠣᠬᠡ ᠰᠣᠶᠣᠯ ᠤᠨ ᠵᠡᠭᠡᠯᠢ ᠲᠤᠭᠤᠷᠢᠭ ᠤᠨ ᠰᠠᠭᠤᠷᠢ ᠪᠡᠯᠡᠳᠭᠡᠮᠵᠢ ᠪᠣᠯᠣᠨ ᠬᠦᠮᠦᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠢᠳᠡᠪᠬᠢᠲᠠᠢ ᠰᠠᠶᠢᠵᠢᠷᠠᠭᠤᠯᠤᠨ᠂ ᠵᠡᠭᠡᠯᠢ ᠲᠤᠭᠤᠷᠢᠭ ᠤᠨ ᠠᠮᠢᠵᠢᠷᠠᠯ ᠤᠨ ᠬᠦᠴᠦᠨ ᠢ ᠬᠦᠭᠵᠢᠭᠡᠵᠦ᠂ ᠵᠡᠭᠡᠯᠢ ᠲᠤᠭᠤᠷᠢᠭ ᠤᠨ ᠦᠵᠡᠮᠵᠢ ᠲᠦᠷᠰᠦ ᠶᠢ ᠦᠷᠭᠦᠯᠵᠢᠯᠡᠭᠦᠯᠦᠨ᠂ ᠮᠠᠨ ᠤ ᠣᠷᠤᠨ ᠤ ᠲᠡᠣᠬᠡ ᠰᠣᠶᠣᠯ ᠤᠨ ᠵᠡᠭᠡᠯᠢ ᠲᠤᠭᠤᠷᠢᠭ ᠤᠨ ᠬᠠᠮᠠᠭᠠᠯᠠᠬᠤ ᠠᠵᠢᠯ ᠢ ᠠᠬᠢᠭᠤᠯᠤᠨ ᠰᠢᠨ᠎ᠡ ᠱᠠᠳᠣᠨ ᠳᠤ ᠬᠦᠷᠦᠭᠦᠯᠵᠦ᠂ ᠦᠨᠳᠦᠰᠦᠳᠡᠨ ᠤ ᠰᠣᠶᠣᠯ ᠢᠶᠠᠷ ᠣᠷᠣᠨ ᠢᠶᠠᠨ ᠬᠦᠴᠦᠷᠭᠡᠭᠵᠢᠭᠦᠯᠬᠦ ᠪᠦᠳᠦᠭᠡᠨ ᠪᠠᠶᠢᠭᠤᠯᠤᠯᠳᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠠᠢ᠃        ᠳᠠᠭᠠᠯᠳᠤᠭᠤᠯᠤᠯ᠄ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠳᠡᠰ ᠤᠨ ᠬᠤᠶᠠᠳᠤᠭᠠᠷ ᠪᠦᠯᠦᠭ ᠤᠨ ᠲᠡᠣᠬᠡ ᠰᠤᠶᠤᠯ ᠤᠨ ᠵᠡᠭᠡᠯᠢ ᠲᠤᠭᠤᠷᠢᠭ ᠤᠨ ᠨᠡᠷᠡᠰ        ᠪᠣᠭᠤᠳᠤ ᠬᠤᠳᠠ ᠶᠢᠨ ᠳ᠋ᠦᠩ ᠾᠧ ᠳᠤᠭᠤᠷᠢᠭ ᠤᠨ ᠬᠤᠶᠢᠳᠤ ᠬᠢᠷ᠎ᠠ ᠳᠠᠬᠢ ᠰᠠᠨ ᠭᠤᠸᠠᠨ ᠮᠢᠶᠤᠤ ᠰᠦᠮ᠎ᠡ ᠶᠢᠨ ᠣᠯᠠᠮᠵᠢᠯᠠᠯᠳᠤ ᠵᠡᠭᠡᠯᠢ ᠲᠤᠭᠤᠷᠢᠭ        ᠪᠣᠭᠤᠳᠤ ᠬᠤᠳᠠ ᠶᠢᠨ ᠬᠦᠨᠳᠡᠯᠡᠨ ᠲᠣᠭᠤᠷᠢᠭ ᠤᠨ ᠪᠣᠯᠣᠳ ᠲᠡᠮᠦᠷ 32 # ᠬᠦᠷᠰᠢ ᠵᠡᠭᠡᠯᠢ        ᠬᠦᠯᠦᠨ ᠪᠤᠶᠢᠷ ᠬᠤᠳᠠ ᠶᠢᠨ ᠵᠠᠯᠠᠨ ᠠᠶᠢᠯ ᠬᠤᠳᠠ ᠶᠢᠨ ᠲᠤᠮᠳᠠᠳᠤ ᠲᠤᠷᠤᠨᠠᠳᠤ ᠶᠢᠨ ᠲᠡᠮᠣᠷ ᠵᠠᠮ ᠤᠨ ᠠᠵᠤ ᠦᠢᠯᠡᠳᠪᠦᠷᠢ ᠶᠢᠨ ᠦᠪ ᠤᠨ ᠲᠡᠣᠬᠡ ᠰᠤᠶᠤᠯ ᠤᠨ ᠵᠡᠭᠡᠯᠢ ᠲᠤᠭᠤᠷᠢᠭ        ᠬᠦᠯᠦᠨ ᠪᠤᠶᠢᠷ ᠬᠤᠳᠠ ᠶᠢᠨ ᠵᠠᠯᠠᠨ ᠠᠶᠢᠯ ᠬᠤᠳᠠ ᠶᠢᠨ ᠲᠤᠮᠳᠠᠳᠤ ᠲᠤᠷᠤᠨᠠᠳᠤ ᠶᠢᠨ ᠲᠡᠮᠣᠷ ᠵᠠᠮ ᠤᠨ ᠵᠠᠩ ᠦᠢᠯᠡ ᠲᠡᠣᠬᠡ ᠰᠤᠶᠤᠯ ᠤᠨ ᠵᠡᠭᠡᠯᠢ ᠲᠤᠭᠤᠷᠢᠭ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号