2017 ᠤᠨ ᠳᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠦᠬᠦ ᠤᠯᠤᠰ ᠲᠤ ᠨᠡᠶᠢᠳᠡᠮ ᠲᠤᠬᠢᠷᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2017-02-08
       ᠤᠶᠢᠯᠠᠭᠠᠭᠰᠠᠨ ᠢᠶᠠᠷ᠂ 2016 ᠤᠨ ᠤ ᠡᠴᠦᠰ ᠪᠤᠯᠲᠠᠯ᠎ᠠ᠂ ᠮᠠᠨ ᠤ ᠤᠯᠤᠰ ᠲᠤ 9.72 ᠳ᠋ᠦᠩᠰᠢᠭᠤᠷ ᠬᠦᠮᠦᠨ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠪᠤᠯᠵᠤ᠂ ᠤᠯᠠᠩᠬᠢ ᠭᠠᠵᠠᠷ ᠲᠤ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠡᠮᠨᠡᠯᠭᠡ ᠶᠢᠨ ᠬᠤᠷᠢᠶ᠎ᠠ ᠳᠤ ᠳ᠋ᠤᠭᠠᠷᠯᠠᠵᠤ ᠡᠮᠨᠡᠭᠦᠯᠬᠦ᠂ ᠮᠦᠩᠭᠦᠨ ᠭᠦᠢᠯᠭᠡᠭᠡᠨ ᠤ ᠬᠡᠷᠡᠭᠯᠡᠭᠡᠨ ᠵᠡᠷᠭᠡ ᠤᠯᠠᠨ ᠵᠦᠢᠯ ᠤᠨ ᠬᠡᠷᠡᠭᠴᠡᠭᠡ ᠶᠢ ᠬᠠᠩᠭᠠᠵᠤ ᠴᠢᠳᠠᠬᠤ ᠪᠤᠯᠤᠭᠰᠠᠨ ᠪᠠᠶᠢᠨ᠎ᠠ᠃ 2017 ᠤᠨ ᠳᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠪᠦᠬᠦ ᠤᠯᠤᠰ ᠲᠤ ᠨᠡᠶᠢᠳᠡᠮ ᠲᠤᠬᠢᠷᠠᠬᠤ ᠶᠢ ᠦᠨᠳᠦᠰᠦᠨ ᠳᠡᠭᠡᠨ ᠪᠡᠶᠡᠯᠡᠭᠦᠯᠬᠦ ᠪᠤᠯᠤᠨ᠎ᠠ᠃        2016 ᠤᠨ ᠤ ᠡᠴᠦᠰ ᠪᠤᠯᠲᠠᠯ᠎ᠠ᠂ ᠦᠨᠳᠦᠰᠦᠨ ᠨᠠᠰᠤᠵᠢᠯ᠂ ᠦᠨᠳᠦᠰᠦᠨ ᠡᠮᠨᠡᠯᠭᠡ᠂ ᠠᠵᠢᠯ ᠠᠯᠳᠠᠬᠤ ᠂ ᠠᠵᠢᠯ ᠠᠴᠠ ᠪᠤᠯᠤᠭᠰᠠᠨ ᠭᠡᠮᠲᠦᠯ᠂ ᠬᠦᠩᠭᠡᠵᠢᠯ ᠤᠨ ᠳᠠᠭᠠᠳᠬᠠᠯ ᠵᠡᠷᠭᠡ ᠲᠠᠪᠤᠨ ᠲᠦᠷᠦᠯ ᠤᠨ ᠰᠠᠭᠤᠷᠢ ᠮᠦᠩᠭᠦᠨ ᠤ ᠶᠡᠷᠦᠩᠬᠡᠢ ᠤᠷᠤᠯᠭ᠎ᠠ 5.3 ᠲᠦᠮᠡᠨ ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠤ  ᠬᠢ ᠠᠴᠠ 14.7% ᠨᠡᠮᠡᠭᠳᠡᠵᠦ᠂ ᠶᠡᠷᠦᠩᠬᠡᠢ ᠵᠠᠷᠤᠯᠭ᠎ᠠ 4.7 ᠲᠦᠮᠡᠨ ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 19.3% ᠨᠡᠮᠡᠭᠳᠡᠪᠡ᠃ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠬᠦᠮᠦᠨ ᠤ ᠲᠤᠭ᠎ᠠ 9.72 ᠳ᠋ᠦᠩᠰᠢᠭᠤᠷ ᠬᠦᠷᠴᠦ᠂ ᠵᠢᠱᠢᠯᠲᠡ ᠪᠠᠷ 2017 ᠤᠨ ᠤ ᠵᠢᠯ ᠤᠨ ᠡᠴᠦᠰ ᠲᠤ ᠨᠡᠶᠢᠭᠡᠮ ᠤᠨ ᠪᠠᠲᠤᠯᠠᠭ᠎ᠠ ᠶᠢᠨ ᠺᠠᠷᠲ ᠲᠠᠢ ᠬᠦᠮᠦᠨ ᠤ ᠲᠤᠭ᠎ᠠ 10 ᠳ᠋ᠦᠩᠰᠢᠭᠤᠷ ᠢ ᠳᠠᠪᠠᠭ᠋ᠤ ᠪᠤᠯᠤᠨ᠎ᠠ᠃        ᠤᠶᠢᠯᠠᠭᠠᠭᠰᠠᠨ ᠢᠶᠠᠷ᠂ ᠳᠠᠷᠠᠭᠠᠴᠢ ᠶᠢᠨ ᠠᠯᠬᠤᠮ ᠳᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠬᠠᠮᠢᠶ᠎ᠠ ᠪᠦᠬᠦᠢ ᠰᠠᠯᠠᠭ᠎ᠠ ᠮᠦᠴᠢᠷ᠂ ᠤᠨᠴᠠᠭᠠᠶᠢᠯᠠᠨ ᠲᠤᠲᠤᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ᠂ ᠡᠳ᠋ ᠤᠨ ᠵᠠᠰᠠᠭ ᠵᠡᠷᠭᠡ ᠰᠠᠯᠠᠭ᠎ᠠ ᠮᠦᠴᠢᠷ  ᠯᠦᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠷᠠᠳ ᠲᠦᠮᠡᠨ ᠳᠤ ᠨᠡᠩ ᠳᠦᠭᠦᠮ ᠳᠦᠲᠡ ᠦᠢᠯᠡᠴᠢᠯᠡᠭᠡᠨ ᠬᠠᠩᠭᠠᠬᠤ ᠪᠤᠯᠤᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号