ᠮᠠᠨ ᠤ ᠬᠤᠲᠠ ᠬᠦᠨᠳᠦ ᠡᠪᠡᠳᠴᠢᠨ ᠤ ᠳᠠᠭᠠᠳᠬᠠᠯ ᠤᠨ ᠰᠢᠨ᠎ᠡ ᠲᠦᠷᠦ ᠶᠢᠨ ᠪᠤᠳᠤᠯᠭ᠎ᠠ ᠶᠢ ᠡᠬᠢᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2017-02-08
                  ᠡᠨᠡ ᠵᠢᠯ ᠬᠠᠮᠤᠭ ᠤᠯᠠᠨ ᠳᠠᠭᠠᠨ 25 ᠲᠦᠮᠡᠨ ᠲᠦᠭᠦᠷᠢᠭ ᠳᠠᠩᠰᠠᠨ ᠠᠴᠠ ᠲᠠᠶᠢᠯᠠᠵᠤ ᠪᠤᠯᠤᠨ᠎ᠠ        ᠤᠶᠢᠷ᠎ᠠ ᠳᠤ᠂ ᠰᠤᠷᠪᠤᠯᠵᠢᠯᠠᠭᠴᠢ ᠬᠤᠲᠠ ᠶᠢᠨ ᠨᠡᠶᠢᠭᠡᠮ ᠤᠨ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠤᠪᠴᠢᠶᠠᠨ ᠠᠴᠠ ᠤᠶᠢᠯᠠᠭᠠᠭᠰᠠᠨ ᠢᠶᠠᠷ᠂ 2017 ᠤᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠦᠨᠳᠦ ᠡᠪᠡᠳᠴᠢᠨ ᠤ ᠡᠮᠨᠡᠯᠭᠡ ᠶᠢᠨ ᠳᠠᠭᠠᠳᠬᠠᠯ ᠤᠨ ᠰᠢᠨ᠎ᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠪᠡ᠃ ᠰᠢᠨ᠎ᠡ ᠲᠦᠷᠦ ᠶᠢᠨ ᠪᠤᠳᠤᠯᠭ᠎ᠠ ᠨᠢ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠤ ᠦᠨᠳᠦᠰᠦᠨ ᠡᠮᠨᠡᠯᠭᠡ ᠶᠢᠨ ᠳᠠᠭᠠᠳᠬᠠᠯ ᠳᠤ ᠤᠷᠤᠯᠴᠠᠭᠰᠠᠳ ᠢ ᠬᠠᠮᠤᠷᠴᠤ᠂ ᠡᠨᠡ ᠵᠢᠯ ᠬᠠᠮᠤᠭ ᠤᠯᠠᠨ ᠳᠠᠭᠠᠨ 25 ᠲᠦᠮᠡᠨ ᠲᠦᠭᠦᠷᠢᠭ ᠳᠠᠩᠰᠠᠨ ᠠᠴᠠ ᠲᠠᠶᠢᠯᠠᠵᠤ᠂ ᠨᠢᠳᠤᠨᠤᠨ ᠵᠢᠯ ᠲᠠᠢ ᠠᠳᠠᠯᠢᠳᠬᠠᠪᠠᠯ 10 ᠲᠦᠮᠡᠨ ᠲᠦᠭᠦᠷᠢᠭ ᠨᠡᠮᠡᠭᠳᠡᠭᠰᠡᠨ ᠪᠠᠶᠢᠨ᠎ᠠ᠃        ︽ᠰᠢᠨ᠎ᠡ ᠲᠦᠷᠦ ᠶᠢᠨ ᠪᠤᠳᠤᠯᠭ᠎ᠠ︾ ᠳᠤ ᠲᠤᠭᠲᠠᠭᠠᠭᠰᠠᠨ ᠢᠶᠠᠷ᠂ 2017 ᠤᠨ ᠳᠤ ᠮᠠᠨ ᠤ ᠬᠤᠲᠠ ᠶᠢᠨ ᠬᠤᠲᠠ ᠪᠠᠯᠭᠠᠰᠤ ᠶᠢᠨ ᠠᠵᠢᠯᠲᠠᠨ ᠠᠵᠢᠯᠴᠢᠨ ᠪᠠ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠪᠡᠯᠡ ᠮᠦᠩᠭᠦ ᠴᠤᠭᠯᠠᠭᠤᠯᠬᠤ ᠪᠠᠷᠢᠮᠵᠢᠶ᠎ᠠ ᠨᠢ ᠲᠤᠰ ᠲᠤᠰ 60 ᠲᠦᠭᠦᠷᠢᠭ ᠪᠠ 45 ᠲᠦᠭᠦᠷᠢᠭ ᠪᠠᠶᠢᠵᠤ᠂ ᠪᠠᠲᠤᠯᠠᠬᠤ ᠬᠦᠷᠢᠶ᠎ᠡ ᠬᠡᠪᠴᠢᠶ᠎ᠠ ᠨᠢ ᠲᠤᠭᠲᠠᠭᠠᠯ ᠳᠤ ᠨᠡᠶᠢᠴᠡᠭᠰᠡᠨ ᠡᠮᠴᠢᠯᠡᠭᠡᠨ ᠤ ᠰᠦᠢᠳᠬᠡᠯ᠂ ᠳᠠᠷᠤᠢ ᠦᠪᠦᠷ ᠮᠤᠩᠭᠤᠯ ᠤᠷᠤᠨ ᠤ ᠨᠢᠭᠡᠲᠦᠯᠲᠡᠢ ᠬᠠᠮᠢᠶᠠᠷᠤᠯᠲᠠ ᠳᠤ ᠪᠠᠶᠢᠭ᠎ᠠ ᠬᠤᠲᠠ ᠪᠠᠯᠭᠠᠰᠤ ᠶᠢᠨ ᠦᠨᠳᠦᠰᠦᠨ ᠡᠮᠨᠡᠯᠭᠡ ᠶᠢᠨ ᠳᠠᠭᠠᠳᠬᠠᠯ ᠤᠨ ︽ᠡᠮ ᠤᠨ ᠭᠠᠷᠴᠠᠭ︾᠂ ︽ᠤᠨᠤᠰᠢᠯᠠᠨ ᠡᠮᠨᠡᠬᠦ ᠲᠦᠷᠦᠯ ᠵᠦᠢᠯ︾ ᠪᠠ ︽ᠡᠮᠨᠡᠯᠭᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢᠨ ᠪᠠᠷᠢᠮᠵᠢᠶ᠎ᠠ︾ ᠳᠤ ᠲᠤᠭᠲᠠᠭᠠᠭᠰᠠᠨ ᠡᠮᠨᠡᠯᠭᠡ ᠳᠤ ᠰᠠᠭᠤᠵᠤ ᠡᠮᠨᠡᠭᠦᠯᠬᠦ ᠰᠦᠢᠳᠬᠡᠯ ᠢ ᠪᠠᠭᠲᠠᠭᠠᠨ᠎ᠠ᠃ 2017 ᠤᠨ ᠳᠤ ᠬᠤᠲᠠ ᠪᠠᠯᠭᠠᠰᠤ ᠶᠢᠨ ᠠᠵᠢᠯᠲᠠᠨ ᠪᠠ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠡᠮᠨᠡᠯᠭᠡ ᠶᠢᠨ ᠳᠠᠭᠠᠳᠬᠠᠯ ᠲᠤᠰᠢᠶᠠᠬᠤ ᠪᠠᠷᠢᠮᠵᠢᠶ᠎ᠠ ᠨᠢ ᠲᠤᠰ ᠲᠤᠰ 3 ᠲᠦᠮᠡᠨ ᠲᠦᠭᠦᠷᠢᠭ ᠪᠠ 2 ᠲᠦᠮᠡᠨ ᠲᠦᠭᠦᠷᠢᠭ ᠪᠠᠶᠢᠵᠤ᠂ ᠬᠤᠪᠢ ᠬᠦᠮᠦᠨ ᠤ ᠵᠠᠷᠤᠴᠠᠭᠤᠯᠤᠭᠰᠠᠨ ᠡᠮᠨᠡᠯᠭᠡ ᠶᠢᠨ ᠰᠦᠢᠳᠬᠡᠯ ᠤᠨ 10 ᠲᠦᠮᠡᠨ ᠲᠦᠭᠦᠷᠢᠭ ︵10 ᠲᠦᠮᠡᠨ ᠲᠦᠭᠦᠷᠢᠭ ᠢ ᠪᠠᠭᠲᠠᠭᠠᠨ᠎ᠠ︶ ᠠᠴᠠ ᠳᠤᠷᠤᠭᠰᠢᠬᠢ ᠬᠡᠰᠡᠭ ᠲᠤ 50% ᠪᠠᠷ ᠨᠦᠬᠦᠪᠦᠷᠢ ᠦᠭᠴᠦ᠂ 10 ᠲᠦᠮᠡᠨ ᠲᠦᠭᠦᠷᠢᠭ ᠠᠴᠠ ᠳᠡᠭᠡᠭᠰᠢ᠂ 20 ᠲᠦᠮᠡᠨ ᠲᠦᠭᠦᠷᠢᠭ ︵20 ᠲᠦᠮᠡᠨ ᠲᠦᠭᠦᠷᠢᠭ ᠢ ᠪᠠᠭᠲᠠᠭᠠᠨ᠎ᠠ︶ ᠠᠴᠠ ᠳᠤᠷᠤᠭᠰᠢᠬᠢ ᠬᠡᠰᠡᠭ ᠲᠤ 60% ᠪᠠᠷ ᠨᠦᠬᠦᠪᠦᠷᠢ ᠦᠭᠴᠦ᠂ 20 ᠲᠦᠮᠡᠨ ᠲᠦᠭᠦᠷᠢᠭ ᠠᠴᠠ ᠳᠡᠭᠡᠭᠰᠢ᠂ 25 ᠲᠦᠮᠡᠨ ᠲᠦᠭᠦᠷᠢᠭ ︵25 ᠲᠦᠮᠡᠨ ᠲᠦᠭᠦᠷᠢᠭ ᠢ ᠪᠠᠭᠲᠠᠭᠠᠨ᠎ᠠ︶ ᠠᠴᠠ ᠳᠤᠷᠤᠭᠰᠢᠬᠢ ᠬᠡᠰᠡᠭ ᠲᠤ 70% ᠪᠠᠷ ᠨᠦᠬᠦᠪᠦᠷᠢ ᠦᠭᠭᠦᠨ᠎ᠡ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号