︽ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠲᠤᠬᠠᠢ︾ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ
ᠨᠡᠶᠢᠲᠡᠯᠡᠭᠰᠡᠨ ᠴᠠᠭ᠄
2017-03-10
ᠡᠯ᠎ᠡ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠶᠠᠮᠤᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶᠢᠭᠤᠯᠤᠮᠵᠢ᠄        ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠪᠤᠯ ᠤᠯᠤᠰ ᠤᠨ ᠰᠤᠷᠭᠠᠨ ᠬᠦᠮᠦᠵᠢᠯ ᠤᠨ ᠦᠨᠳᠦᠰᠦᠨ ᠲᠦᠷᠢᠮ ᠪᠤᠯᠤᠨ᠎ᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢᠨ ᠲᠤᠬᠠᠢ ᠪᠦᠬᠦ ᠲᠠᠯ᠎ᠠ ᠪᠠᠷ ᠪᠠᠶᠢᠷᠢᠯᠠᠭᠤᠯᠤᠯᠳᠠ ᠬᠢᠭᠰᠡᠨ ᠪᠦᠭᠡᠳ ᠡᠨᠡ ᠵᠢᠯ ᠤᠨ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠳᠤ ᠴᠤ ᠲᠤᠳᠤᠷᠬᠠᠢ ᠱᠠᠭᠠᠷᠳᠠᠯᠭ᠎ᠠ ᠲᠤᠷᠠᠳᠤᠭᠰᠠᠨ ᠪᠢᠯᠡ᠃ ᠦᠭᠡᠷᠡᠴᠢᠯᠡᠯᠳᠡ ᠨᠡᠭᠡᠭᠡᠯᠳᠡ ᠬᠢᠭᠰᠡᠨ 30 ᠭᠠᠷᠤᠢ ᠵᠢᠯ ᠤᠨ ᠲᠤᠷᠰᠢ᠂ ᠮᠠᠨ ᠤ ᠤᠯᠤᠰ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠢ ᠲᠠᠰᠤᠷᠠᠯᠳᠠ ᠦᠭᠡᠢ ᠦᠭᠡᠷᠡᠴᠢᠯᠡᠨ ᠲᠡᠬᠦᠯᠳᠡᠷᠵᠢᠬᠦᠯᠦᠭᠡᠳ ᠰᠢᠯᠭᠠᠯᠳᠠ ᠬᠢᠵᠤ ᠰᠤᠷᠤᠭᠴᠢ ᠡᠯᠰᠡᠬᠦ ᠲᠠᠯ᠎ᠠ ᠪᠠᠷ ᠨᠡᠯᠢᠶᠡᠳ ᠲᠡᠬᠦᠯᠳᠡᠷᠵᠢᠭᠰᠡᠨ ᠰᠢᠰᠲ᠋ᠧᠮ ᠢ ᠠᠩᠬ᠎ᠠ ᠠᠯᠬᠤᠮ ᠪᠦᠷᠢᠯᠳᠤᠬᠦᠯᠵᠤ᠂ ᠰᠤᠷᠤᠭᠴᠢ ᠶᠢᠨ ᠦᠰᠦᠯᠳᠡ ᠪᠤᠶᠢᠵᠢᠯᠳᠠ᠂ ᠤᠯᠤᠰ ᠠᠴᠠ ᠴᠢᠳᠠᠪᠤᠷᠢᠳᠠᠨ ᠢ ᠰᠤᠩᠭᠤᠬᠤ ᠪᠠ ᠨᠡᠶᠢᠭᠡᠮ ᠤᠨ ᠡᠷᠭᠡ ᠲᠡᠭᠰᠢ ᠳᠤ ᠲᠡᠦᠭᠡᠳᠤ ᠴᠢᠨᠠᠷᠳᠠᠢ ᠬᠤᠪᠢ ᠨᠡᠮᠡᠷᠢ ᠪᠠᠨ ᠦᠵᠡᠬᠦᠯᠦᠨ᠂ ᠲᠡᠭᠡᠳᠤ ᠵᠡᠷᠭᠡ ᠶᠢᠨ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ᠂ ᠠᠷᠠᠳ ᠢᠷᠭᠡᠳ ᠤᠨ ᠬᠡᠪ ᠪᠤᠯᠪᠠᠰᠤᠷᠠᠯ ᠢ ᠲᠡᠭᠡᠭᠰᠢᠯᠡᠬᠦᠯᠬᠦ᠂ ᠤᠯᠤᠰ ᠤᠨ ᠤᠳᠤᠬᠢᠴᠢᠯᠠᠭᠰᠠᠨ ᠪᠦᠳᠦᠭᠡᠨ ᠪᠠᠶᠢᠭᠤᠯᠤᠯᠳᠠ ᠳᠤ ᠦᠢᠯᠡᠴᠢᠯᠡᠬᠦ ᠳᠤ ᠤᠷᠤᠯᠠᠭᠤᠯᠵᠤ ᠪᠤᠯᠤᠰᠢ ᠦᠭᠡᠢ ᠴᠢᠬᠤᠯᠠ ᠦᠢᠯᠡᠳᠦᠯ ᠦᠵᠡᠬᠦᠯᠦᠭᠰᠡᠨ ᠪᠠᠶᠢᠨ᠎ᠠ᠃ ᠡᠨᠡᠬᠦ ᠲᠦᠷᠢᠮ ᠨᠢ ᠤᠯᠤᠰ ᠤᠨ ᠪᠠᠶᠢᠳᠠᠯ ᠲᠠᠢ ᠶᠡᠷᠦᠩᠭᠡᠢ ᠳᠡᠭᠡᠨ ᠨᠡᠶᠢᠴᠡᠵᠤ᠂ ᠡᠷᠭᠡ ᠰᠦᠷᠳᠤ ᠴᠢᠨᠠᠷ ᠪᠤᠯᠤᠨ ᠡᠷᠭᠡ ᠲᠡᠭᠰᠢ ᠴᠢᠨᠠᠷ ᠢᠶᠠᠷ ᠢᠶᠠᠨ ᠨᠡᠶᠢᠭᠡᠮ ᠨᠡᠶᠢᠳᠡ ᠳᠤ ᠮᠡᠳᠡᠷᠡᠭᠳᠡᠭᠰᠡᠨ ᠶᠤᠮ᠂ ᠬᠡᠪᠡᠴᠤ ᠪᠠᠰᠠ ᠵᠠᠷᠢᠮ ᠲᠠᠯ᠎ᠠ ᠪᠠᠷ ᠨᠡᠶᠢᠭᠡᠮ ᠤᠨ ᠲᠤᠰᠬᠠᠯ ᠢᠶᠠᠷ ᠴᠢᠩᠭ᠎ᠠ ᠠᠰᠠᠭᠤᠳᠠᠯ ᠴᠤ ᠤᠷᠤᠰᠢᠵᠤ ᠪᠤᠢ᠂ ᠭᠤᠤᠯᠳᠠᠭᠤ ᠵᠦᠪᠬᠡᠨ ᠰᠢᠯᠭᠠᠯᠳᠠ ᠶᠢᠨ ᠬᠤᠪᠢ ᠪᠠᠷ ᠰᠤᠷᠤᠭᠴᠢ ᠶᠢᠨ ᠪᠦᠬᠦ ᠲᠠᠯ᠎ᠠ ᠶᠢᠨ ᠬᠦᠭᠵᠢᠯᠳᠡ ᠶᠢ ᠨᠦᠯᠦᠭᠡᠯᠡᠵᠤ ᠨᠢᠭᠡ ᠰᠢᠯᠭᠠᠯᠳᠠ ᠪᠠᠷ ᠨᠠᠰᠤᠨ ᠲᠤᠷᠰᠢᠬᠢ ᠶᠢ ᠲᠤᠭᠳᠠᠭᠠᠬᠤ ᠪᠤᠯᠤᠭᠰᠠᠨ ᠠᠴᠠ ᠰᠤᠷᠤᠭᠴᠢᠳ ᠤᠨ ᠰᠤᠷᠤᠯᠭ᠎ᠠ ᠶᠢᠨ ᠲᠠᠷᠤᠭᠠᠰᠤ ᠲᠡᠩᠳᠡᠬᠦᠦ ᠬᠦᠨᠳᠤ ᠪᠠᠶᠢᠬᠤ᠂ ᠤᠷᠤᠨ ᠪᠦᠰᠡ᠂ ᠬᠤᠳᠠ ᠬᠦᠳᠡᠭᠡ ᠶᠢᠨ ᠰᠤᠷᠤᠭᠴᠢ ᠶᠢᠨ ᠰᠤᠷᠭᠠᠭᠤᠯᠢ ᠳᠤ ᠤᠷᠤᠬᠤ ᠨᠦᠬᠦᠴᠡᠯ ᠲᠤᠬᠢᠶᠠᠯ ᠵᠦᠷᠢᠶ᠎ᠡ ᠲᠠᠢ ᠪᠠᠶᠢᠬᠤ᠂ ᠲᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠰᠤᠷᠭᠠᠭᠤᠯᠢ ᠰᠤᠩᠭᠤᠬᠤ ᠦᠵᠡᠭᠳᠡᠯ ᠲᠤᠪᠤᠶᠢᠮ᠎ᠠ ᠪᠠᠶᠢᠬᠤ᠂ ᠬᠤᠳᠠᠯ ᠬᠠᠭᠤᠷᠮᠠᠭ ᠢᠶᠠᠷ ᠬᠤᠪᠢ ᠨᠡᠮᠡᠬᠦ᠂ ᠲᠦᠷᠢᠮ ᠲᠤᠭᠳᠠᠭᠠᠯ ᠢ ᠵᠦᠷᠢᠴᠡᠨ ᠰᠤᠷᠤᠭᠴᠢ ᠡᠯᠰᠡᠬᠦ ᠦᠵᠡᠭᠳᠡᠯ ᠴᠤ ᠬᠠᠶᠠ ᠭᠠᠷᠴᠤ ᠪᠠᠶᠢᠨ᠎ᠠ᠃ ᠨᠡᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠤ ᠪᠠᠶᠢᠷᠢᠯᠠᠭᠤᠯᠤᠯᠳᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ ᠤᠳᠤ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠲᠤᠬᠠᠢ ᠲᠤᠤᠷᠠᠬᠢ ᠮᠡᠳᠤ ᠬᠡᠷᠡᠭᠵᠢᠬᠦᠯᠬᠦ ᠰᠠᠨᠠᠯ ᠢ ᠨᠡᠶᠢᠳᠡᠯᠡᠪᠡ᠃        ᠨᠢᠭᠡ᠂ ᠶᠡᠷᠦᠩᠭᠡᠢ ᠱᠠᠭᠠᠷᠳᠠᠯᠭ᠎ᠠ        ︵ᠨᠢᠭᠡ︶ ᠵᠢᠯᠤᠭᠤᠳᠬᠤ ᠦᠵᠡᠯ ᠰᠠᠨᠠᠭ᠎ᠠ        ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠤᠨ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠰᠤᠷᠭᠠᠨ ᠬᠦᠮᠦᠵᠢᠯ ᠤᠨ ᠴᠢᠭᠯᠡᠯᠳᠡ ᠶᠢ ᠪᠦᠬᠦ ᠲᠠᠯ᠎ᠠ ᠪᠠᠷ ᠲᠤᠤᠱᠯᠠᠭᠤᠯᠤᠨ᠂ ᠶᠤᠰᠤ ᠰᠤᠷᠳᠠᠬᠤᠨ ᠢᠶᠠᠷ ᠬᠦᠮᠦᠨ ᠢ ᠬᠦᠮᠦᠵᠢᠬᠦᠯᠬᠦ ᠶᠢ ᠪᠠᠷᠢᠮᠳᠠᠯᠠᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠤᠯᠠᠨ ᠲᠠᠯ᠎ᠠ ᠶᠢᠨ ᠴᠢᠳᠠᠪᠤᠷᠢ ᠲᠠᠢ ᠦᠨᠳᠦᠷ ᠬᠡᠪ ᠴᠢᠨᠠᠷ ᠪᠦᠬᠦᠢ ᠴᠢᠳᠠᠪᠤᠷᠢᠳᠠᠨ ᠢ ᠬᠡᠷᠡᠭᠰᠡᠬᠦ ᠱᠠᠭᠠᠷᠳᠠᠯᠭ᠎ᠠ ᠳᠤ ᠵᠤᠬᠢᠴᠠᠭᠤᠯᠤᠨ᠂ ᠰᠤᠷᠤᠭᠴᠢ ᠶᠢᠨ ᠡᠷᠡᠬᠦᠯ ᠴᠢᠬᠢᠷᠠᠭ ᠬᠦᠭᠵᠢᠯᠳᠡ ᠶᠢ ᠠᠬᠢᠭᠤᠯᠬᠤ ᠳᠤ ᠲᠤᠰᠠᠳᠠᠢ᠂ ᠡᠯ᠎ᠡ ᠲᠦᠷᠦᠯ ᠤᠨ ᠴᠢᠳᠠᠪᠤᠷᠢᠳᠠᠨ ᠢ ᠰᠢᠨᠵᠢᠯᠡᠬᠦ ᠤᠬᠠᠭᠠᠨᠴᠢ ᠪᠠᠷ ᠰᠤᠩᠭᠤᠨ ᠰᠢᠯᠭᠠᠷᠠᠭᠤᠯᠬᠤ ᠪᠠ ᠨᠡᠶᠢᠭᠡᠮ ᠤᠨ ᠡᠷᠭᠡ ᠲᠡᠭᠰᠢ ᠶᠢ ᠬᠠᠮᠠᠭᠠᠯᠠᠬᠤ ᠡᠬᠦᠳᠡᠨ ᠠᠴᠠ ᠭᠠᠷᠳᠠᠵᠤ᠂ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠩᠨᠡᠨ᠂ ᠠᠰᠠᠭᠤᠳᠠᠯ ᠢ ᠬᠦᠳᠦᠯᠦᠨ ᠵᠢᠯᠤᠭᠤᠳᠬᠤ ᠶᠢ ᠲᠤᠪᠤᠶᠢᠯᠭᠠᠵᠤ᠂ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠠᠷᠠᠳ ᠤᠯᠠᠨ ᠤ ᠰᠡᠳᠬᠢᠯ ᠳᠤ ᠬᠠᠨᠤᠮᠵᠢᠳᠠᠢ ᠰᠤᠷᠭᠠᠨ ᠬᠦᠮᠦᠵᠢᠯ ᠢ ᠰᠠᠶᠢᠳᠤᠷ ᠡᠷᠬᠢᠯᠡᠵᠤ᠂ ᠬᠦᠮᠦᠨ ᠤ ᠬᠦᠴᠦᠨ ᠤ ᠡᠬᠢ ᠪᠠᠶᠠᠯᠢᠭ ᠢᠶᠠᠷ ᠬᠦᠴᠦᠷᠭᠡᠭ ᠤᠯᠤᠰ ᠢ ᠪᠠᠶᠢᠭᠤᠯᠬᠤ ᠳᠤ ᠬᠦᠴᠦᠨ ᠪᠦᠬᠦᠢ ᠪᠠᠳᠤᠯᠠᠭ᠎ᠠ ᠬᠠᠩᠭᠠᠬᠤ ᠶᠢᠨ ᠲᠦᠯᠦᠭᠡ᠂ ︽ᠬᠤᠶᠠᠷ ᠨᠢᠭᠡ ᠵᠠᠭᠤᠨ ᠵᠢᠯ︾ ᠤᠨ ᠲᠡᠮᠡᠴᠡᠬᠦ ᠬᠠᠷᠠᠯᠳᠠ ᠪᠤᠯᠤᠨ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠮᠠᠨᠳᠤᠯᠳᠠ ᠶᠢᠨ ᠲᠤᠮᠳᠠᠳᠤ ᠶᠢᠨ ᠵᠠᠬᠦᠳᠤ ᠶᠢ ᠲᠡᠷᠭᠡᠯᠰᠢᠬᠦᠯᠬᠦ ᠳᠤ ᠬᠦᠴᠦᠨ ᠪᠦᠬᠦᠢ ᠴᠢᠳᠠᠪᠤᠷᠢᠳᠠᠨ ᠤ ᠲᠡᠮᠵᠢᠯᠭᠡ ᠬᠠᠩᠭᠠᠨ᠎ᠠ᠃        ︵ᠬᠤᠶᠠᠷ︶ ᠦᠨᠳᠦᠰᠦᠨ ᠵᠠᠷᠴᠢᠮ        ᠬᠦᠮᠦᠨ ᠢ ᠬᠦᠮᠦᠵᠢᠬᠦᠯᠬᠦ ᠪᠠᠷ ᠦᠨᠳᠦᠰᠦ ᠪᠤᠯᠭᠠᠬᠤ ᠶᠢ ᠪᠠᠷᠢᠮᠳᠠᠯᠠᠨ᠂ ᠰᠤᠷᠭᠠᠨ ᠬᠦᠮᠦᠵᠢᠯ ᠤᠨ ᠵᠢᠮ᠎ᠡ ᠬᠠᠤᠯᠢ ᠶᠢ ᠵᠢᠷᠤᠮᠯᠠᠨ᠎ᠠ᠃ ᠰᠤᠷᠤᠭᠴᠢ ᠶᠢᠨ ᠡᠷᠡᠬᠦᠯ ᠴᠢᠬᠢᠷᠠᠭ ᠢᠶᠠᠷ ᠦᠰᠦᠨ ᠪᠤᠶᠢᠵᠢᠬᠤ ᠶᠢ ᠠᠬᠢᠭᠤᠯᠬᠤ ᠪᠠᠷ ᠦᠭᠡᠷᠡᠴᠢᠯᠡᠯᠳᠡ ᠶᠢᠨ ᠬᠠᠷᠠᠭ᠎ᠠ ᠪᠠ ᠵᠤᠭᠰᠤᠴᠠ ᠪᠤᠯᠭᠠᠵᠤ᠂ ᠬᠡᠰᠡᠭ ᠲᠠᠯ᠎ᠠ ᠶᠢ ᠬᠦᠭᠡᠭᠡᠴᠡᠯᠳᠦᠭᠰᠡᠨ ᠰᠢᠯᠭᠠᠯᠳᠠ ᠶᠢ ᠠᠷᠭᠠᠴᠠᠬᠤ ᠰᠤᠷᠭᠠᠨ ᠬᠦᠮᠦᠵᠢᠯ ᠤᠨ ᠬᠠᠨᠳᠤᠰᠢ ᠶᠢ ᠬᠤᠪᠢᠷᠠᠭᠤᠯᠤᠨ᠂ ᠬᠦᠮᠦᠨ ᠬᠦᠮᠦᠵᠢᠬᠦᠯᠬᠦ ᠵᠦᠪ ᠤᠨᠤᠪᠴᠢᠳᠠᠢ ᠬᠦᠳᠦᠯᠤᠮᠵᠢ ᠶᠢ ᠪᠠᠷᠢᠮᠳᠠᠯᠠᠵᠤ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠦᠢᠯᠡᠳᠦᠯᠭᠡᠵᠢᠬᠦᠯᠦᠨ᠂ ᠬᠡᠪ ᠴᠢᠨᠠᠷ ᠤᠨ ᠰᠤᠷᠭᠠᠨ ᠬᠦᠮᠦᠵᠢᠯ ᠢ ᠬᠦᠨᠵᠡᠭᠡᠢ ᠠᠬᠢᠭᠤᠯᠵᠤ᠂ ᠶᠤᠰᠤ ᠰᠤᠷᠳᠠᠬᠤᠨ᠂ ᠤᠶᠤᠨ ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠶᠢᠬᠠᠨ ᠵᠡᠷᠭᠡ ᠪᠦᠬᠦ ᠲᠠᠯ᠎ᠠ ᠪᠠᠷ ᠬᠦᠭᠵᠢᠭᠰᠡᠨ ᠨᠡᠶᠢᠭᠡᠮ ᠵᠢᠷᠦᠮ ᠤᠨ ᠪᠦᠳᠦᠭᠡᠨ ᠪᠠᠶᠢᠭᠤᠯᠤᠭᠴᠢᠳ ᠪᠤᠯᠤᠨ ᠵᠠᠯᠭᠠᠮᠵᠢᠯᠠᠭᠴᠢᠳ ᠢ ᠬᠦᠮᠦᠵᠢᠬᠦᠯᠦᠨ᠎ᠡ᠃ ᠲᠦᠷᠢᠮ ᠲᠤᠭᠳᠠᠭᠠᠯ ᠢ ᠲᠡᠬᠦᠯᠳᠡᠷᠵᠢᠬᠦᠯᠦᠨ᠂ ᠡᠷᠭᠡ ᠲᠡᠭᠰᠢ ᠲᠦᠪ ᠭᠤᠤᠯᠴᠢ ᠶᠢ ᠪᠠᠳᠤᠯᠠᠬᠤ ᠲᠡᠭᠡᠷ᠎ᠡ ᠬᠦᠴᠦ ᠪᠠᠨ ᠲᠠᠯᠪᠢᠨ᠎ᠠ᠃ ᠡᠷᠭᠡ ᠲᠡᠭᠰᠢ ᠲᠦᠪ ᠭᠤᠤᠯᠴᠢ ᠶᠢ ᠠᠬᠢᠭᠤᠯᠬᠤ ᠪᠠᠷ ᠦᠭᠡᠷᠡᠴᠢᠯᠡᠯᠳᠡ ᠶᠢᠨ ᠦᠨᠳᠦᠰᠦᠨ ᠦᠷᠳᠡᠭ ᠤᠨ ᠴᠢᠭᠯᠡᠯ ᠪᠤᠯᠭᠠᠨ᠂ ᠬᠤᠷᠸ᠎ᠠ ᠲᠤᠬᠢᠷᠠᠭᠤᠯᠭ᠎ᠠ ᠶᠢ ᠴᠢᠩᠭᠠᠳᠬᠠᠵᠤ᠂ ᠬᠠᠤᠯᠢ ᠴᠠᠭᠠᠵᠠ ᠬᠠᠤᠯᠢ ᠲᠤᠭᠳᠠᠭᠠᠯ ᠢ ᠲᠡᠬᠦᠯᠳᠡᠷᠵᠢᠬᠦᠯᠦᠨ᠂ ᠪᠠᠶᠢᠭᠤᠯᠤᠮᠵᠢ ᠶᠢᠨ ᠲᠤᠭᠳᠠᠴᠠ ᠶᠢ ᠲᠡᠬᠦᠯᠳᠡᠷᠵᠢᠬᠦᠯᠵᠤ᠂ ᠰᠢᠯᠭᠠᠯᠳᠠ ᠬᠢᠵᠤ ᠰᠤᠷᠤᠭᠴᠢ ᠡᠯᠰᠡᠬᠦ ᠠᠵᠠ ᠲᠤᠬᠢᠶᠠᠯ ᠨᠢ ᠡᠷᠭᠡ ᠲᠡᠭᠰᠢ᠂ ᠲᠡᠰ ᠲᠠᠷᠠᠭᠠᠯᠠᠯ ᠨᠢ ᠢᠯᠡ ᠲᠤᠳᠤ᠂ ᠦᠷ᠎ᠡ ᠳ᠋ᠦᠩ ᠨᠢ ᠲᠦᠪ ᠭᠤᠤᠯᠴᠢ ᠪᠠᠶᠢᠬᠤ ᠶᠢ ᠦᠨᠡᠨᠬᠦ ᠪᠠᠳᠤᠯᠠᠨ᠎ᠠ᠃        ᠰᠢᠨᠵᠢᠯᠡᠬᠦ ᠤᠬᠠᠭᠠᠨᠴᠢ ᠪᠦᠭᠡᠳ ᠦᠨᠳᠦᠷ ᠪᠦᠳᠦᠮᠵᠢᠳᠡᠢ ᠪᠠᠶᠢᠬᠤ ᠶᠢ ᠢᠯᠡᠷᠡᠬᠦᠯᠦᠨ᠂ ᠰᠤᠩᠭᠤᠨ ᠰᠢᠯᠭᠠᠷᠠᠭᠤᠯᠬᠤ ᠲᠦᠪᠰᠢᠨ ᠢ ᠲᠡᠭᠡᠭᠰᠢᠯᠡᠬᠦᠯᠦᠨ᠎ᠡ᠃ ᠰᠤᠷᠤᠭᠴᠢ ᠶᠢᠨ ᠰᠤᠩᠭᠤᠯᠳᠠ ᠬᠢᠬᠦ ᠡᠷᠭᠡ ᠶᠢ ᠨᠡᠮᠡᠭᠳᠡᠬᠦᠯᠦᠨ᠂ ᠰᠢᠨᠵᠢᠯᠡᠬᠦ ᠤᠬᠠᠭᠠᠨᠴᠢ ᠪᠠᠷ ᠴᠢᠳᠠᠪᠤᠷᠢᠳᠠᠨ ᠢ ᠰᠤᠩᠭᠤᠬᠤ ᠶᠢ ᠠᠬᠢᠭᠤᠯᠵᠤ᠂ ᠵᠠᠰᠠᠭ ᠤᠨ ᠤᠷᠳᠤᠨ ᠤ ᠬᠢᠨᠠᠯᠳᠠ ᠲᠠᠯᠪᠢᠬᠤ ᠲᠤᠭᠳᠠᠴᠠ ᠶᠢ ᠲᠡᠬᠦᠯᠳᠡᠷᠵᠢᠬᠦᠯᠦᠨ᠂ ᠰᠢᠯᠭᠠᠯᠳᠠ ᠬᠢᠵᠤ ᠰᠤᠷᠤᠭᠴᠢ ᠡᠯᠰᠡᠬᠦ ᠠᠵᠢᠯ ᠤᠨ ᠦᠨᠳᠦᠷ ᠦᠷ᠎ᠡ ᠪᠦᠳᠦᠮᠵᠢᠳᠠᠢ᠂ ᠡᠮᠬᠢ ᠲᠠᠷᠠᠭ᠎ᠠ ᠲᠠᠢ ᠶᠠᠪᠤᠭᠳᠠᠬᠤ ᠶᠢ ᠪᠠᠳᠤᠯᠠᠨ᠎ᠠ᠃        ᠨᠢᠭᠡᠳᠦᠯᠳᠡᠢ ᠲᠦᠯᠦᠪᠵᠢᠬᠦᠯᠬᠦ ᠶᠢ ᠴᠢᠩᠭᠠᠳᠬᠠᠨ᠂ ᠢᠳᠡᠪᠬᠢᠳᠡᠢ ᠪᠦᠭᠡᠳ ᠯᠠᠪᠳᠠᠭᠤᠨ ᠢᠶᠠᠷ ᠠᠬᠢᠭᠤᠯᠤᠨ᠎ᠠ ᠃ ᠰᠠᠭᠤᠷᠢ ᠰᠤᠷᠭᠠᠨ ᠬᠦᠮᠦᠵᠢᠯ ᠠᠴᠠ ᠠᠪᠤᠭᠠᠳ ᠲᠡᠭᠡᠳᠤ ᠵᠡᠷᠭᠡ ᠶᠢᠨ ᠰᠤᠷᠭᠠᠨ ᠬᠦᠮᠦᠵᠢᠯ ᠬᠦᠷᠳᠡᠯ᠎ᠡ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢ ᠵᠢᠷᠤᠭᠯᠠᠨ ᠲᠦᠯᠦᠪᠯᠡᠵᠤ᠂ ᠡᠩ ᠤᠨ ᠰᠤᠷᠭᠠᠨ ᠬᠦᠮᠦᠵᠢᠯ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ ᠦᠷᠬᠦᠯᠵᠢᠯᠡᠭᠰᠡᠨ ᠰᠤᠷᠭᠠᠨ ᠬᠦᠮᠦᠵᠢᠯ ᠬᠤᠭᠤᠷᠤᠨᠳᠤ ᠪᠠᠨ ᠵᠠᠯᠭᠠᠯᠳᠤᠨ ᠠᠭᠤᠰᠤᠯᠴᠠᠬᠤ ᠶᠢ ᠠᠬᠢᠭᠤᠯᠤᠨ᠂ ᠰᠢᠯᠭᠠᠯᠳᠠ ᠬᠢᠬᠦ᠂ ᠰᠤᠷᠤᠭᠴᠢ ᠡᠯᠰᠡᠬᠦ ᠪᠠ ᠬᠠᠮᠢᠶᠠᠷᠤᠯᠳᠠ ᠶᠢᠨ ᠲᠦᠷᠢᠮ ᠤᠨ ᠶᠡᠷᠦᠩᠭᠡᠶᠢᠯᠡᠭᠰᠡᠨ ᠦᠭᠡᠷᠡᠴᠢᠯᠡᠯᠳᠡ ᠶᠢ ᠨᠢᠭᠡᠳᠦᠯᠳᠡᠢ ᠲᠦᠯᠦᠪᠵᠢᠬᠦᠯᠦᠨ ᠬᠡᠷᠡᠭᠵᠢᠬᠦᠯᠵᠤ᠂ ᠤᠷᠢᠳᠠᠪᠡᠷ ᠲᠤᠷᠰᠢᠯᠳᠡ ᠶᠢᠨ ᠠᠵᠢᠯ ᠢ ᠶᠠᠪᠤᠭᠳᠠᠭᠤᠯᠤᠨ ᠲᠠᠷᠠᠭ᠎ᠠ ᠨᠢ ᠠᠯᠭᠤᠷ ᠢᠶᠠᠷ ᠠᠬᠢᠭᠤᠯᠤᠨ᠎ᠠ᠃        ︵ᠭᠤᠷᠪᠠ︶ ᠶᠡᠷᠦᠩᠭᠡᠢ ᠬᠠᠷᠠᠯᠳᠠ        2014 ᠤᠨ ᠳᠤ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠳᠡ ᠶᠢᠨ ᠲᠤᠷᠰᠢᠯᠳᠠ ᠶᠢᠨ ᠴᠡᠭ ᠤᠨ ᠠᠵᠢᠯ ᠢ ᠬᠢᠵᠤ᠂ 2017 ᠤᠨ ᠪᠤᠯᠬᠤ ᠳᠤ ᠪᠦᠬᠦ ᠲᠠᠯ᠎ᠠ ᠪᠠᠷ ᠠᠬᠢᠭᠤᠯᠤᠨ᠂ 2020 ᠤᠨ ᠪᠤᠯᠬᠤ ᠳᠤ ᠲᠤᠮᠳᠠᠳᠤ ᠤᠯᠤᠰ ᠤᠨ ᠤᠨᠴᠠᠯᠢᠭ ᠲᠠᠢ ᠤᠳᠤ ᠦᠶ᠎ᠡ ᠶᠢᠨ ᠰᠤᠷᠭᠠᠨ ᠬᠦᠮᠦᠵᠢᠯ ᠤᠨ ᠰᠢᠯᠭᠠᠯᠳᠠ ᠬᠢᠵᠤ ᠰᠤᠷᠤᠭᠴᠢ ᠡᠯᠰᠡᠬᠦ ᠲᠦᠷᠢᠮ ᠢ ᠦᠨᠳᠦᠰᠦᠨ ᠳᠡᠭᠡᠨ ᠪᠠᠶᠢᠭᠤᠯᠵᠤ᠂ ᠲᠦᠷᠦᠯ ᠬᠤᠪᠢᠶᠠᠨ ᠰᠢᠯᠭᠠᠬᠤ᠂ ᠶᠡᠷᠦᠩᠭᠡᠶᠢᠯᠡᠨ ᠦᠨᠡᠯᠡᠬᠦ᠂ ᠤᠯᠠᠨ ᠠᠷᠭ᠎ᠠ ᠬᠡᠯᠪᠡᠷᠢ ᠪᠠᠷ ᠰᠤᠷᠤᠭᠴᠢ ᠡᠯᠰᠡᠬᠦ ᠵᠠᠭᠪᠤᠷ ᠢ ᠪᠤᠢ ᠪᠤᠯᠭᠠᠨ᠂ ᠡᠷᠭᠡ ᠲᠡᠭᠰᠢ ᠶᠢ ᠠᠬᠢᠭᠤᠯᠤᠨ᠂ ᠰᠢᠨᠵᠢᠯᠡᠬᠦ ᠤᠬᠠᠭᠠᠨᠴᠢ ᠪᠠᠷ ᠴᠢᠳᠠᠪᠤᠷᠢᠳᠠᠨ ᠢ ᠰᠤᠩᠭᠤᠵᠤ᠂ ᠡᠷᠴᠢᠮᠯᠢᠭ᠌ ᠬᠢᠨᠠᠯᠳᠠ ᠲᠠᠯᠪᠢᠭᠰᠠᠨ ᠪᠠᠶᠢᠭᠤᠯᠤᠮᠵᠢ ᠶᠢᠨ ᠲᠤᠭᠳᠠᠴᠠ ᠶᠢ ᠲᠡᠬᠦᠯᠳᠡᠷᠵᠢᠬᠦᠯᠦᠨ᠂ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠨ ᠬᠦᠮᠦᠵᠢᠯ ᠬᠠᠷᠢᠯᠴᠠᠨ ᠵᠠᠯᠭᠠᠯᠳᠤᠨ ᠤᠶᠠᠯᠳᠤᠵᠤ᠂ ᠰᠤᠷᠤᠯᠴᠠᠭᠰᠠᠨ ᠬᠢᠷᠢ ᠪᠦᠳᠦᠮᠵᠢ ᠶᠢ ᠮᠡᠳᠡᠷᠡᠭᠰᠡᠨ ᠨᠠᠰᠤᠨ ᠲᠤᠷᠰᠢᠳᠠ ᠰᠤᠷᠤᠯᠴᠠᠬᠤ ᠡᠯ᠎ᠡ ᠵᠦᠢᠯ ᠤᠨ ︽ᠵᠦᠷᠢᠯᠢᠭ ᠬᠦᠬᠦᠷᠭᠡ︾ ᠶᠢ ᠪᠠᠶᠢᠭᠤᠯᠤᠨ᠎ᠠ᠃        ᠬᠤᠶᠠᠷ᠂ ᠭᠤᠤᠯ ᠡᠬᠦᠷᠭᠡ ᠪᠠ ᠠᠷᠭ᠎ᠠ ᠪᠠᠷᠢᠯ        ︵ᠨᠢᠭᠡ︶ ᠰᠤᠷᠤᠭᠴᠢ ᠡᠯᠰᠡᠬᠦ ᠲᠦᠯᠦᠪᠯᠡᠭᠡ ᠶᠢ ᠬᠤᠪᠢᠶᠠᠷᠢᠯᠠᠬᠤ ᠠᠷᠭ᠎ᠠ ᠶᠢ ᠬᠠᠯᠠᠨ ᠰᠠᠶᠢᠵᠢᠷᠠᠭᠤᠯᠤᠨ᠎ᠠ᠃        1. ᠲᠤᠮᠳᠠᠳᠤ ᠪᠠᠷᠠᠭᠤᠨ ᠬᠡᠰᠡᠭ ᠤᠨ ᠭᠠᠵᠠᠷ ᠤᠷᠤᠨ ᠪᠤᠯᠤᠨ ᠬᠦᠮᠦᠨ ᠠᠮᠠ ᠪᠠᠷ ᠤᠯᠠᠨ ᠮᠤᠵᠢ ᠶᠢᠨ ᠨᠢᠭᠡᠳᠦᠯᠳᠡᠢ ᠰᠢᠯᠭᠠᠯᠳᠠ ᠶᠢᠨ ᠰᠤᠷᠤᠭᠴᠢ ᠡᠯᠰᠡᠬᠦ ᠨᠤᠷᠮ᠎ᠠ ᠶᠢ ᠲᠡᠭᠡᠭᠰᠢᠯᠡᠬᠦᠯᠦᠨ᠎ᠡ᠃ ᠰᠤᠷᠤᠭᠴᠢ ᠶᠢᠨ ᠢᠷᠡᠯᠳᠡ ᠠᠷᠪᠢᠨ ᠪᠠ ᠰᠤᠷᠭᠠᠭᠤᠯᠢ ᠡᠷᠬᠢᠯᠡᠬᠦ ᠨᠦᠬᠦᠴᠡᠯ᠂ ᠲᠡᠬᠦᠰᠦᠭᠰᠡᠨ ᠰᠤᠷᠤᠭᠴᠢ ᠶᠢᠨ ᠠᠵᠢᠯ ᠤᠯᠬᠤ ᠪᠠᠶᠢᠳᠠᠯ ᠵᠡᠷᠭᠡ ᠡᠯᠧᠮᠧᠨ᠋ᠲ ᠢ ᠶᠡᠷᠦᠩᠭᠡᠶᠢᠯᠡᠨ ᠪᠤᠳᠤᠯᠬᠢᠯᠠᠵᠤ᠂ ᠤᠯᠤᠰ ᠤᠨ ᠰᠤᠷᠤᠭᠴᠢ ᠡᠯᠰᠡᠬᠦ ᠲᠦᠯᠦᠪᠯᠡᠭᠡ ᠶᠢ ᠲᠤᠭᠳᠠᠭᠠᠬᠤ ᠠᠷᠭ᠎ᠠ ᠪᠠᠷᠢᠯ ᠢ ᠲᠡᠬᠦᠯᠳᠡᠷᠵᠢᠬᠦᠯᠦᠨ᠂ ᠲᠡᠭᠡᠳᠤ ᠵᠡᠷᠭᠡ ᠶᠢᠨ ᠰᠤᠷᠭᠠᠭᠤᠯᠢ ᠶᠢ ᠱᠠᠯᠠᠪᠳᠠᠭᠤᠯᠤᠨ ᠰᠤᠷᠤᠭᠴᠢ ᠡᠯᠰᠡᠬᠦ ᠲᠦᠯᠦᠪᠯᠡᠭᠡ ᠶᠢ ᠡᠷᠡᠰ ᠢᠶᠠᠷ ᠬᠡᠷᠡᠭᠵᠢᠬᠦᠯᠬᠦ ᠶᠢ ᠱᠠᠭᠠᠷᠳᠠᠨ᠎ᠠ᠃ ᠲᠤᠮᠳᠠ ᠪᠠᠷᠠᠭᠤᠨ ᠬᠡᠰᠡᠭ ᠤᠨ ᠭᠠᠵᠠᠷ ᠤᠷᠤᠨ ᠤ ᠰᠤᠷᠤᠭᠴᠢ ᠡᠯᠰᠡᠬᠦ ᠶᠢ ᠲᠡᠮᠵᠢᠬᠦ ᠬᠠᠮᠵᠢᠯᠴᠠᠭ᠎ᠠ ᠶᠢᠨ ᠲᠦᠯᠦᠪᠯᠡᠭᠡ ᠶᠢ ᠦᠷᠬᠦᠯᠵᠢᠯᠡᠨ ᠬᠡᠷᠡᠭᠵᠢᠬᠦᠯᠵᠤ᠂ ᠵᠠᠬᠦᠨ ᠭᠡᠰᠡᠭ ᠤᠨ ᠭᠠᠵᠠᠷ ᠤᠷᠤᠨ ᠤ ᠲᠡᠭᠡᠳᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠳᠤ ᠲᠤᠮᠳᠠᠳᠤ ᠪᠠᠷᠠᠭᠤᠨ ᠭᠡᠰᠡᠭ ᠤᠨ ᠭᠠᠵᠠᠷ ᠤᠷᠤᠨ ᠠᠴᠠ ᠰᠤᠷᠤᠭᠴᠢ ᠡᠯᠰᠡᠬᠦ ᠲᠤᠭ᠎ᠠ ᠶᠢ ᠲᠤᠰᠬᠠᠢ ᠲᠤᠬᠢᠷᠠᠭᠤᠯᠤᠨ᠎ᠠ᠃ ᠰᠤᠷᠭᠠᠨ ᠬᠦᠮᠦᠵᠢᠯ ᠤᠨ ᠶᠠᠮᠤᠨ ᠳᠤ ᠬᠠᠷᠢᠶᠠᠯᠠᠭᠳᠠᠵᠤ ᠪᠠᠶᠢᠭ᠎ᠠ ᠲᠡᠭᠡᠳᠤ ᠵᠡᠷᠭᠡ ᠶᠢᠨ ᠰᠤᠷᠭᠠᠭᠤᠯᠢ ᠢᠯᠡ ᠪᠠᠷ ᠰᠤᠷᠤᠭᠴᠢ ᠡᠯᠰᠡᠬᠦ ᠲᠤᠭ᠎ᠠ ᠶᠢ ᠬᠤᠪᠢᠶᠠᠷᠢᠯᠠᠬᠤ ᠵᠠᠷᠴᠢᠮ ᠪᠠ ᠠᠷᠭ᠎ᠠ ᠪᠠᠷ ᠮᠤᠵᠢ ᠬᠤᠪᠶᠠᠨ ᠰᠤᠷᠤᠭᠴᠢ ᠡᠯᠰᠡᠬᠦ ᠲᠦᠯᠦᠪᠯᠡᠭᠡ ᠪᠠᠨ ᠵᠤᠬᠢᠰᠳᠠᠢ ᠲᠤᠭᠳᠠᠭᠠᠵᠤ᠂ ᠬᠠᠷᠢᠶᠠᠯᠠᠭᠳᠠᠬᠤ ᠭᠠᠵᠠᠷ ᠤᠷᠤᠨ ᠤ ᠰᠤᠷᠤᠭᠴᠢ ᠶᠢ ᠡᠯᠰᠡᠬᠦ ᠲᠤᠭ᠎ᠠ ᠶᠢ ᠡᠷᠡᠰ ᠬᠢᠵᠠᠭᠠᠷᠯᠠᠨ᠎ᠠ᠃ 2017 ᠤᠨ ᠪᠤᠯᠬᠤ ᠳᠤ ᠰᠤᠷᠤᠭᠴᠢ ᠡᠯᠰᠡᠬᠦ ᠨᠤᠷᠮ᠎ᠠ ᠪᠠᠷ ᠬᠠᠮᠤᠭ ᠤᠨ ᠲᠤᠤᠷ᠎ᠠ ᠮᠤᠵᠢ ᠶᠢ ᠪᠦᠬᠦ ᠤᠯᠤᠰ ᠤᠨ ᠲᠡᠭᠰᠢᠳᠭᠡᠭᠰᠡᠨ ᠲᠦᠪᠰᠢᠨ ᠤ ᠵᠦᠷᠢᠶ᠎ᠡ ᠠᠴᠠ 2013 ᠤᠨ ᠳᠤ ᠵᠠᠭᠤᠨ ᠤ ᠬᠠᠷᠢᠴᠠᠯ ᠢᠶᠠᠷ 6 ᠬᠤᠪᠢ ᠪᠠᠶᠢᠭᠰᠠᠨ ᠢ ᠵᠠᠭᠤᠨ ᠤ ᠬᠠᠷᠢᠴᠠᠯ ᠢᠶᠠᠷ 4 ᠬᠤᠪᠢ ᠪᠤᠯᠭᠠᠨ᠎ᠠ᠃        2. ᠬᠦᠳᠡᠭᠡ ᠲᠤᠰᠬᠤᠨ ᠤ ᠰᠤᠷᠤᠭᠴᠢ ᠶᠢᠨ ᠭᠤᠤᠯᠳᠠᠯᠭ᠎ᠠ ᠲᠠᠢ ᠶᠡᠭᠡ ᠰᠤᠷᠭᠠᠭᠤᠯᠢ ᠳᠤ ᠤᠷᠤᠬᠤ ᠲᠤᠭ᠎ᠠ ᠶᠢ ᠨᠡᠮᠡᠭᠳᠡᠬᠦᠯᠦᠨ᠎ᠡ᠃ ᠤᠯᠤᠰ ᠠᠴᠠ ᠬᠦᠳᠡᠭᠡ ᠲᠤᠰᠬᠤᠨ ᠤ ᠶᠠᠳᠠᠭᠤ ᠬᠦᠴᠢᠷᠳᠠᠢ ᠭᠠᠵᠠᠷ ᠤᠷᠤᠨ ᠳᠤ ᠬᠠᠨᠳᠤᠯᠭ᠎ᠠ ᠲᠠᠢ ᠪᠠᠷ ᠰᠤᠷᠤᠭᠴᠢ ᠡᠯᠰᠡᠬᠦ ᠲᠤᠰᠬᠠᠢ ᠲᠦᠯᠦᠪᠯᠡᠭᠡ ᠶᠢ ᠦᠷᠬᠦᠯᠵᠢᠯᠡᠨ ᠬᠡᠷᠡᠭᠵᠢᠬᠦᠯᠵᠤ᠂ ᠭᠤᠤᠯᠳᠠᠯᠭ᠎ᠠ ᠲᠠᠢ ᠶᠡᠭᠡ ᠰᠤᠷᠭᠠᠭᠤᠯᠢ ᠨᠤᠭᠤᠳ ᠶᠠᠳᠠᠭᠤ ᠬᠦᠴᠢᠷᠳᠡᠢ ᠭᠠᠵᠠᠷ ᠤᠷᠤᠨ ᠳᠤ ᠬᠠᠨᠳᠤᠭᠤᠯᠤᠨ ᠬᠠᠨᠳᠤᠯᠭ᠎ᠠ ᠲᠠᠢ ᠪᠠᠷ ᠰᠤᠷᠤᠭᠴᠢ ᠡᠯᠰᠡᠨ᠎ᠡ᠃ ᠰᠤᠷᠭᠠᠨ ᠬᠦᠮᠦᠵᠢᠯ ᠤᠨ ᠶᠠᠮᠤᠨ ᠳᠤ ᠬᠠᠷᠢᠶᠠᠯᠠᠭᠳᠠᠵᠤ ᠪᠠᠶᠢᠭ᠎ᠠ ᠲᠡᠭᠡᠳᠤ ᠵᠡᠷᠭᠡ ᠶᠢᠨ ᠰᠤᠷᠭᠠᠭᠤᠯᠢ᠂ ᠮᠤᠵᠢ ᠳᠤ ᠬᠠᠷᠢᠶᠠᠯᠠᠭᠳᠠᠵᠤ ᠪᠠᠶᠢᠭ᠎ᠠ ᠭᠤᠤᠯᠳᠠᠯᠭ᠎ᠠ ᠲᠠᠢ ᠲᠡᠭᠡᠳᠤ ᠵᠡᠷᠭᠡ ᠶᠢᠨ ᠰᠤᠷᠭᠠᠭᠤᠯᠢ ᠵᠤᠬᠢᠬᠤ ᠬᠠᠷᠢᠴᠠᠯ ᠪᠦᠬᠦᠢ ᠰᠤᠷᠤᠭᠴᠢ ᠡᠯᠰᠡᠬᠦ ᠤᠷᠤᠨ ᠲᠤᠭ᠎ᠠ ᠭᠠᠷᠭᠠᠵᠤ ᠪᠤᠶᠢᠳᠠ ᠪᠦᠭᠯᠡᠬᠦᠦ᠂ ᠶᠠᠳᠠᠭᠤ ᠬᠦᠴᠢᠷᠳᠠᠢ᠂ ᠦᠨᠳᠦᠰᠦᠳᠡᠨ ᠤ ᠭᠠᠵᠠᠷ ᠤᠷᠤᠨ ᠤ ᠬᠦᠳᠡᠭᠡ ᠲᠤᠰᠬᠤᠨ ᠤ ᠰᠢᠯᠢᠳᠡᠭ ᠰᠤᠷᠤᠭᠴᠢ ᠶᠢ ᠡᠯᠰᠡᠨ᠎ᠡ᠃ 2017 ᠤᠨ ᠪᠤᠯᠬᠤ ᠳᠤ ᠶᠠᠳᠠᠭᠤ ᠬᠦᠴᠢᠷᠳᠡᠢ ᠭᠠᠵᠠᠷ ᠤᠷᠤᠨ ᠤ ᠬᠦᠳᠡᠭᠡ ᠲᠤᠰᠬᠤᠨ ᠤ ᠰᠤᠷᠤᠭᠴᠢ ᠶᠢᠨ ᠭᠤᠤᠯᠳᠠᠯᠭ᠎ᠠ ᠲᠠᠢ ᠲᠡᠭᠡᠳᠤ ᠵᠡᠷᠭᠡ ᠶᠢᠨ ᠰᠤᠷᠭᠠᠭᠤᠯᠢ ᠳᠤ ᠤᠷᠤᠬᠤ ᠲᠤᠭ᠎ᠠ ᠶᠢ ᠮᠡᠳᠡᠭᠳᠡᠮ᠎ᠡ ᠨᠡᠮᠡᠭᠳᠡᠬᠦᠯᠦᠨ᠂ ᠬᠦᠳᠡᠭᠡ ᠲᠤᠰᠬᠤᠨ ᠤ ᠰᠤᠷᠤᠭᠴᠢ ᠶᠢᠨ ᠭᠤᠤᠯᠳᠠᠯᠭ᠎ᠠ ᠲᠠᠢ ᠲᠡᠭᠡᠳᠤ ᠵᠡᠷᠭᠡ ᠶᠢᠨ ᠰᠤᠷᠭᠠᠭᠤᠯᠢ ᠳᠤ ᠤᠷᠤᠬᠤ ᠶᠢ ᠪᠠᠳᠤᠯᠠᠬᠤ ᠤᠷᠳᠤ ᠬᠤᠭᠤᠴᠠᠭᠠᠳᠤ ᠲᠤᠭᠳᠠᠴᠠ ᠶᠢ ᠪᠤᠢ ᠪᠤᠯᠭᠠᠨ᠎ᠠ᠃        3. ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠠᠷᠭ᠎ᠠ ᠶᠢ ᠲᠡᠬᠦᠯᠳᠡᠷᠵᠢᠬᠦᠯᠦᠨ᠂ ᠰᠤᠷᠭᠠᠭᠤᠯᠢ ᠰᠤᠩᠭᠤᠬᠤ ᠠᠰᠠᠭᠤᠳᠠᠯ ᠢ ᠰᠢᠢᠳᠪᠦᠷᠢᠯᠡᠨ᠎ᠡ᠃ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠬᠦᠷᠢ ᠲᠠᠢ ᠬᠦᠭᠵᠢᠯᠳᠡ ᠶᠢ ᠠᠬᠢᠭᠤᠯᠤᠨ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠬᠦᠷᠳᠡᠬᠦ ᠰᠤᠷᠤᠭᠴᠢ ᠶᠢ ᠰᠢᠯᠭᠠᠬᠤ ᠦᠭᠡᠢ ᠪᠠᠷ ᠰᠤᠷᠭᠠᠭᠤᠯᠢ ᠳᠤ ᠤᠷᠤᠭᠤᠯᠬᠤ ᠪᠤᠳᠠᠳᠠᠢ ᠠᠷᠭ᠎ᠠ ᠶᠢ ᠲᠡᠬᠦᠯᠳᠡᠷᠵᠢᠬᠦᠯᠦᠨ᠂ ᠰᠤᠷᠬᠤ ᠲᠤᠭᠤᠷᠢᠭ ᠤᠨ ᠲᠦᠷᠢᠮ ᠪᠤᠯᠤᠨ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠢᠵᠢᠯ ᠲᠦᠷᠦᠯ ᠢᠶᠠᠷ ᠰᠤᠷᠤᠭᠴᠢ ᠡᠯᠰᠡᠬᠦ ᠲᠦᠷᠢᠮ ᠢ ᠬᠡᠷᠡᠭᠵᠢᠬᠦᠯᠦᠨ᠎ᠡ᠃ ᠦᠨᠳᠦᠷ ᠲᠤᠮᠳᠠᠳᠤ ᠶᠢᠨ ᠱᠠᠳᠤᠨ ᠤ ᠰᠤᠷᠭᠠᠭᠤᠯᠢ ᠶᠢᠨ ᠰᠢᠯᠭᠠᠯᠳᠠ ᠬᠢᠵᠤ ᠰᠤᠷᠤᠭᠴᠢ ᠡᠯᠰᠡᠬᠦ ᠠᠷᠭ᠎ᠠ ᠶᠢ ᠬᠠᠯᠠᠨ ᠰᠠᠶᠢᠵᠢᠷᠠᠭᠤᠯᠤᠨ᠎ᠠ᠃ ᠡᠩ ᠤᠨ ᠰᠢᠯᠢᠳᠡᠭ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠪᠤᠯᠤᠨ ᠲᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠲᠤᠭ᠎ᠠ ᠶᠢ ᠤᠷᠤᠨ ᠲᠤᠭᠤᠷᠢᠭ ᠤᠨ ᠠᠩᠬ᠎ᠠ ᠵᠡᠷᠭᠡ ᠶᠢᠨ ᠲᠤᠮᠳᠠᠳᠤ ᠰᠤᠷᠭᠠᠭᠤᠯᠢ ᠨᠤᠭᠤᠳ ᠲᠤ ᠵᠤᠬᠢᠰᠳᠠᠢ ᠬᠤᠪᠢᠶᠠᠷᠢᠯᠠᠨ ᠦᠭᠬᠦ ᠠᠷᠭ᠎ᠠ ᠶᠢ ᠬᠡᠷᠡᠭᠵᠢᠬᠦᠯᠦᠨ᠎ᠡ᠃ ᠬᠤᠳᠠ ᠤᠷᠤᠭᠰᠠᠨ ᠬᠦᠯᠦᠰᠦᠨ ᠠᠵᠢᠯᠴᠢᠨ ᠤ ᠲᠠᠭᠠᠵᠤ ᠢᠷᠡᠭᠰᠡᠨ ᠦᠷ᠎ᠡ ᠬᠡᠦᠭᠡᠳ ᠤᠨ ᠰᠤᠷᠭᠠᠭᠤᠯᠢ ᠳᠤ ᠤᠷᠤᠬᠤ ᠪᠠ ᠰᠤᠷᠭᠠᠭᠤᠯᠢ ᠲᠡᠪᠰᠢᠬᠦ ᠰᠢᠯᠭᠠᠯᠳᠠ ᠶᠢᠨ ᠲᠦᠷᠦ ᠶᠢᠨ ᠪᠤᠳᠤᠯᠭ᠎ᠠ ᠪᠠ ᠠᠷᠭ᠎ᠠ ᠪᠠᠷᠢᠯ ᠢ ᠴᠢᠨᠠᠭᠰᠢᠳᠠ ᠲᠡᠬᠦᠯᠳᠡᠷᠵᠢᠬᠦᠯᠵᠤ ᠬᠡᠷᠡᠭᠵᠢᠬᠦᠯᠦᠨ᠎ᠡ᠃        ︵ᠬᠤᠶᠠᠷ︶ ᠰᠢᠯᠭᠠᠯᠳᠠ ᠶᠢᠨ ᠬᠡᠯᠪᠡᠷᠢ ᠪᠤᠯᠤᠨ ᠠᠭᠤᠯᠭ᠎ᠠ ᠶᠢ ᠦᠭᠡᠷᠡᠴᠢᠯᠡᠨ᠎ᠡ        1. ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠳᠠ ᠶᠢ ᠲᠡᠬᠦᠯᠳᠡᠷᠵᠢᠬᠦᠯᠦᠨ᠎ᠡ᠃ ᠰᠤᠷᠤᠯᠭ᠎ᠠ ᠶᠢᠨ ᠲᠦᠪᠰᠢᠨ ᠤ ᠰᠢᠯᠭᠠᠯᠳᠠ ᠪᠤᠯ ᠭᠤᠤᠯᠳᠠᠭᠤ ᠰᠤᠷᠤᠭᠴᠢ ᠶᠢᠨ ᠰᠤᠷᠤᠯᠴᠠᠭᠰᠠᠨ ᠬᠢᠷᠢ ᠬᠡᠮᠵᠢᠶ᠎ᠡ ᠶᠢ ᠰᠢᠯᠭᠠᠭᠰᠠᠨ ᠪᠠᠶᠢᠴᠠᠭᠠᠯᠳᠠ ᠪᠤᠯᠤᠨ᠎ᠠ᠂ ᠡᠨᠡ ᠨᠢ ᠰᠤᠷᠤᠭᠴᠢ ᠶᠢᠨ ᠲᠡᠬᠦᠰᠬᠦ ᠪᠠ ᠰᠤᠷᠭᠠᠭᠤᠯᠢ ᠲᠡᠪᠰᠢᠬᠦ ᠳᠤ ᠴᠢᠬᠤᠯᠠ ᠬᠡᠷᠡᠴᠢ ᠪᠠᠷᠢᠮᠳᠠ ᠪᠤᠯᠬᠤ ᠶᠤᠮ᠃ ᠰᠢᠯᠭᠠᠯᠳᠠ ᠶᠢᠨ ᠬᠦᠷᠢᠶ᠎ᠡ ᠬᠡᠪᠴᠢᠶ᠎ᠡ ᠨᠢ ᠤᠯᠤᠰ ᠤᠨ ᠲᠤᠭᠳᠠᠭᠠᠭᠰᠠᠨ ᠪᠤᠢ ᠪᠦᠬᠦᠢ ᠰᠤᠷᠤᠯᠴᠠᠬᠤ ᠬᠢᠴᠢᠶᠠᠯ ᠲᠦᠷᠦᠯ ᠢ ᠪᠠᠭᠳᠠᠭᠠᠵᠤ᠂ ᠰᠤᠷᠤᠭᠴᠢᠳ ᠢ ᠬᠦᠳᠦᠯᠦᠨ ᠵᠢᠯᠤᠭᠤᠳᠴᠤ ᠬᠢᠴᠢᠶᠠᠯ ᠪᠦᠬᠦᠨ ᠢ ᠬᠢᠨᠠᠮᠠᠭᠠᠢ ᠰᠤᠷᠤᠯᠴᠠᠭᠤᠯᠤᠨ᠂ ᠬᠦᠨᠳᠤ ᠨᠤᠴᠢᠳᠠᠢ ᠪᠠᠷ ᠬᠢᠴᠢᠶᠠᠯ ᠭᠤᠯᠤᠬᠤ ᠠᠴᠠ ᠵᠠᠶᠢᠯᠠᠰᠬᠢᠯᠭᠡᠨ᠎ᠡ᠃ ᠰᠤᠷᠤᠯᠭ᠎ᠠ ᠶᠢᠨ ᠲᠦᠪᠰᠢᠨ ᠤ ᠰᠢᠯᠭᠠᠯᠳᠠ ᠶᠢ ᠮᠤᠵᠢ ᠶᠢᠨ ᠱᠠᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠠᠴᠠ ᠤᠯᠤᠰ ᠤᠨ ᠬᠢᠴᠢᠶᠡᠯᠡᠯᠭᠡ ᠶᠢᠨ ᠪᠠᠷᠢᠮᠵᠢᠶ᠎ᠠ ᠪᠤᠯᠤᠨ ᠰᠢᠯᠭᠠᠯᠳᠠ ᠶᠢᠨ ᠱᠠᠭᠠᠷᠳᠠᠯᠭ᠎ᠠ ᠪᠠᠷ ᠵᠤᠬᠢᠶᠠᠨ ᠪᠠᠶᠢᠭᠤᠯᠵᠤ ᠶᠠᠪᠤᠭᠳᠠᠭᠤᠯᠤᠨ᠂ ᠰᠢᠯᠭᠠᠯᠳᠠ ᠨᠢ ᠠᠮᠤᠷ ᠲᠦᠪᠰᠢᠨ ᠪᠦᠭᠡᠳ ᠡᠮᠬᠢ ᠲᠠᠷᠠᠭ᠎ᠠ ᠲᠠᠢ᠂ ᠬᠢᠷᠢ ᠪᠦᠳᠦᠮᠵᠢ ᠨᠢ ᠦᠨᠡᠨ ᠪᠤᠳᠠᠳᠠᠢ ᠢᠳᠡᠭᠡᠮᠵᠢᠳᠡᠢ ᠪᠠᠶᠢᠬᠤ ᠶᠢ ᠪᠠᠳᠤᠯᠠᠨ᠎ᠠ᠃ ᠡᠯ᠎ᠡ ᠭᠠᠵᠠᠷ ᠤᠷᠤᠨ ᠡᠷᠬᠡᠪᠰᠢ ᠬᠢᠴᠢᠶᠡᠯᠡᠯᠭᠡ ᠶᠢᠨ ᠠᠬᠢᠴᠠ ᠪᠤᠯᠤᠨ ᠰᠢᠯᠭᠠᠯᠳᠠ ᠶᠢᠨ ᠴᠠᠭ ᠢᠶᠠᠨ ᠵᠦᠢ ᠵᠤᠬᠢᠰᠳᠠᠢ ᠲᠤᠬᠢᠷᠠᠭᠤᠯᠵᠤ᠂ ᠠᠳᠠᠯᠢ ᠨᠢᠭᠡ ᠬᠢᠴᠢᠶᠡᠯ ᠲᠦᠷᠦᠯ ᠤᠨ ᠰᠢᠯᠭᠠᠯᠳᠠ ᠶᠢ ᠬᠤᠶᠠᠷ ᠤᠳᠠᠭ᠎ᠠ ᠤᠷᠤᠯᠴᠠᠵᠤ ᠪᠤᠯᠬᠤ ᠰᠤᠷᠤᠭᠴᠢ ᠳᠤ ᠦᠨᠡᠨᠬᠦ ᠨᠦᠬᠦᠴᠡᠯ ᠪᠦᠷᠢᠯᠳᠤᠬᠦᠯᠵᠤ ᠪᠠᠶᠢᠭᠠᠳ ᠠᠵᠠ ᠲᠤᠬᠢᠶᠠᠯ ᠬᠠᠩᠭᠠᠨ ᠦᠭᠬᠦ ᠬᠡᠷᠡᠭᠳᠡᠢ᠃ 2014 ᠤᠨ ᠳᠤ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠳᠠ ᠶᠢ ᠲᠡᠬᠦᠯᠳᠡᠷᠵᠢᠬᠦᠯᠬᠦ ᠲᠤᠬᠠᠢ ᠵᠢᠯᠤᠭᠤᠳᠬᠤ ᠰᠠᠨᠠᠯ ᠢ ᠨᠡᠶᠢᠳᠡᠯᠡᠨ᠎ᠡ᠃        2. ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠶᠡᠷᠦᠩᠭᠡᠢ ᠬᠡᠪ ᠴᠢᠨᠠᠷ ᠤᠨ ᠦᠨᠡᠯᠡᠯᠳᠡ ᠶᠢ ᠲᠦᠷᠢᠮᠵᠢᠬᠦᠯᠦᠨ᠎ᠡ᠃ ᠶᠡᠷᠦᠩᠭᠡᠢ ᠬᠡᠪ ᠴᠢᠨᠠᠷ ᠤᠨ ᠦᠨᠡᠯᠡᠯᠳᠡ ᠨᠢ ᠭᠤᠤᠯᠳᠠᠭᠤ ᠰᠤᠷᠤᠭᠴᠢ ᠶᠢᠨ ᠶᠤᠰᠤ ᠰᠤᠷᠳᠠᠬᠤᠨ᠂ ᠤᠶᠦᠨ ᠤᠬᠠᠭᠠᠨ᠂ ᠪᠡᠶ᠎ᠡ ᠮᠠᠬᠠᠪᠤᠳ᠂ ᠭᠤᠸ᠎ᠠ ᠰᠠᠶᠢᠬᠠᠨ ᠵᠡᠷᠭᠡ ᠪᠦᠬᠦ ᠲᠠᠯ᠎ᠠ ᠶᠢᠨ ᠬᠦᠭᠵᠢᠯᠳᠡ ᠶᠢᠨ ᠪᠠᠶᠢᠳᠠᠯ ᠢ ᠲᠤᠰᠬᠠᠵᠤ᠂ ᠰᠤᠷᠤᠭᠴᠢ ᠶᠢᠨ ᠲᠡᠬᠦᠰᠬᠦ ᠪᠠ ᠰᠤᠷᠭᠠᠭᠤᠯᠢ ᠲᠡᠪᠰᠢᠬᠦ ᠳᠤ ᠴᠢᠬᠤᠯᠠ ᠯᠠᠪᠯᠠᠯᠳᠠ ᠪᠤᠯᠬᠤ ᠶᠤᠮ᠃ ᠰᠤᠷᠤᠭᠴᠢ ᠶᠢᠨ ᠶᠡᠷᠦᠩᠭᠡᠢ ᠬᠡᠪ ᠴᠢᠨᠠᠷ ᠤᠨ ᠲᠦᠷᠢᠮᠵᠢᠭᠰᠡᠨ ᠲᠡᠩᠰᠠ ᠡᠪᠬᠡᠮᠡᠯ ᠢ ᠪᠠᠶᠢᠭᠤᠯᠵᠤ᠂ ᠰᠤᠷᠤᠭᠴᠢ ᠶᠢᠨ ᠦᠰᠦᠯᠳᠡ ᠪᠤᠶᠢᠵᠢᠯᠳᠡ ᠶᠢᠨ ᠶᠠᠪᠤᠴᠠ ᠳᠠᠬᠢ ᠲᠤᠪᠤᠶᠢᠮ᠎ᠠ ᠢᠯᠡᠷᠡᠯ ᠢ ᠪᠤᠰᠤᠳᠴᠢ ᠪᠠᠷ ᠲᠡᠮᠳᠡᠭᠯᠡᠨ᠂ ᠨᠡᠶᠢᠭᠡᠮ ᠤᠨ ᠬᠠᠷᠢᠭᠤᠴᠠᠯᠭᠠᠳᠤ ᠰᠡᠳᠬᠢᠯᠭᠡ᠂ ᠪᠦᠳᠦᠭᠡᠯᠴᠢ ᠵᠤᠷᠢᠭ ᠰᠠᠨᠠᠭ᠎ᠠ ᠪᠤᠯᠤᠨ ᠦᠢᠯᠡᠳᠦᠯᠭᠡ ᠶᠢᠨ ᠴᠢᠳᠠᠪᠤᠷᠢ ᠶᠢ ᠴᠢᠬᠤᠯᠠᠴᠢᠯᠠᠨ᠎ᠠ᠃ ᠡᠬᠦᠨ ᠳᠤ ᠭᠤᠤᠯᠳᠠᠭᠤ ᠰᠤᠷᠤᠭᠴᠢ ᠶᠢᠨ ᠦᠵᠡᠯ ᠰᠠᠨᠠᠭ᠎ᠠ ᠶᠤᠰᠤ ᠰᠤᠷᠳᠠᠬᠤᠨ᠂ ᠰᠤᠷᠤᠯᠭ᠎ᠠ ᠶᠢᠨ ᠲᠦᠪᠰᠢᠨ᠂ ᠪᠡᠶ᠎ᠡ ᠰᠡᠳᠬᠢᠴᠡ ᠶᠢᠨ ᠡᠷᠡᠬᠦᠯ ᠴᠢᠬᠢᠷᠠᠭ᠂ ᠲᠤᠷ᠎ᠠ ᠪᠠᠬ᠎ᠠ ᠦᠪᠡᠷᠮᠢᠴᠡ ᠴᠢᠳᠠᠪᠤᠷᠢ᠂ ᠨᠡᠶᠢᠭᠡᠮ ᠤᠨ ᠦᠢᠯᠡᠳᠦᠯᠭᠡ ᠵᠡᠷᠭᠡ ᠠᠭᠤᠯᠭ᠎ᠠ ᠶᠢ ᠪᠠᠭᠳᠠᠭᠠᠨ᠎ᠠ᠃ ᠲᠡᠰ ᠲᠠᠷᠠᠭᠠᠯᠠᠯ ᠢ ᠴᠢᠩᠳᠠᠯᠠᠨ᠂ ᠬᠢᠨᠠᠯᠳᠠ ᠲᠠᠯᠪᠢᠬᠤ ᠶᠢ ᠴᠢᠩᠭᠠᠳᠬᠠᠵᠤ᠂ ᠢᠯᠡ ᠲᠤᠳᠤ ᠶᠢ ᠪᠠᠳᠤᠯᠠᠨ᠂ ᠠᠭᠤᠯᠭ᠎ᠠ ᠨᠢ ᠦᠨᠡᠨ ᠪᠤᠳᠠᠳᠠᠢ ᠵᠦᠪ ᠤᠨᠤᠪᠴᠢᠳᠠᠢ ᠪᠠᠶᠢᠬᠤ ᠶᠢ ᠪᠠᠳᠤᠯᠠᠨ᠎ᠠ᠃ 2014 ᠤᠨ ᠳᠤ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠭᠴᠢ ᠶᠢᠨ ᠶᠡᠷᠦᠩᠭᠡᠢ ᠬᠡᠪ ᠴᠢᠨᠠᠷ ᠢ ᠦᠨᠡᠯᠡᠬᠦ ᠶᠢ ᠲᠦᠷᠢᠮᠵᠢᠬᠦᠯᠬᠦ ᠲᠤᠬᠠᠢ ᠵᠢᠯᠤᠭᠤᠳᠬᠤ ᠰᠠᠨᠠᠯ ᠢ ᠨᠡᠶᠢᠳᠡᠯᠡᠨ᠎ᠡ᠃ ᠡᠯ᠎ᠡ ᠮᠤᠵᠢ ︵ᠦᠪᠡᠷᠳᠡᠭᠡᠨ ᠵᠠᠰᠠᠬᠤ ᠤᠷᠤᠨ᠂ ᠬᠤᠳᠠ︶ ᠶᠡᠷᠦᠩᠭᠡᠢ ᠬᠡᠪ ᠴᠢᠨᠠᠷ ᠢ ᠦᠨᠡᠯᠡᠬᠦ ᠦᠨᠳᠦᠰᠦᠨ ᠱᠠᠭᠠᠷᠳᠠᠯᠭ᠎ᠠ ᠶᠢ ᠲᠤᠭᠳᠠᠭᠠᠭᠰᠠᠨ ᠤ ᠲᠠᠷᠠᠭ᠎ᠠ ᠰᠤᠷᠭᠠᠭᠤᠯᠢ ᠶᠢ ᠵᠤᠬᠢᠶᠠᠨ ᠪᠠᠶᠢᠭᠤᠯᠵᠤ ᠬᠡᠷᠡᠭᠵᠢᠬᠦᠯᠦᠨ᠎ᠡ᠃        3. ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠲᠦᠷᠦᠯ ᠬᠤᠪᠢᠶᠠᠨ ᠰᠢᠯᠭᠠᠯᠳᠠ ᠬᠢᠬᠦ ᠶᠢ ᠲᠦᠷᠭᠡᠳᠭᠡᠨ ᠠᠬᠢᠭᠤᠯᠤᠨ᠎ᠠ᠃ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠰᠢᠯᠭᠠᠯᠳᠠ ᠬᠢᠵᠤ ᠰᠤᠷᠤᠭᠴᠢ ᠡᠯᠰᠡᠬᠦ ᠶᠢ ᠡᠩ ᠤᠨ ᠲᠡᠭᠡᠳᠤ ᠵᠡᠷᠭᠡ ᠶᠢᠨ ᠰᠤᠷᠭᠠᠭᠤᠯᠢ ᠠᠴᠠ ᠬᠠᠷᠢᠴᠠᠩᠭᠤᠢ ᠪᠠᠷ ᠰᠠᠯᠭᠠᠵᠤ᠂ ︽ᠰᠤᠶᠤᠯ ᠤᠨ ᠬᠡᠪ ᠴᠢᠨᠠᠷ + ᠮᠡᠷᠭᠡᠵᠢᠯ ᠴᠢᠳᠠᠪᠤᠷᠢ︾ ᠶᠢ ᠦᠨᠡᠯᠡᠬᠦ ᠠᠷᠭ᠎ᠠ ᠶᠢ ᠬᠡᠷᠡᠭᠵᠢᠬᠦᠯᠦᠨ᠎ᠡ᠃ ᠲᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ ᠲᠡᠬᠦᠰᠦᠭᠰᠡᠨ ᠰᠤᠷᠤᠭᠴᠢ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠳᠤ ᠤᠷᠤᠬᠤ ᠳᠤ ᠰᠤᠶᠤᠯ ᠤᠨ ᠰᠠᠭᠤᠷᠢ ᠮᠡᠳᠡᠯᠭᠡ ᠪᠤᠯᠤᠨ ᠮᠡᠷᠭᠡᠵᠢᠯ ᠴᠢᠳᠠᠪᠤᠷᠢ ᠶᠢ ᠤᠶᠠᠯᠳᠤᠭᠤᠯᠤᠭᠰᠠᠨ ᠬᠢᠨᠠᠨ ᠰᠢᠯᠭᠠᠯᠳᠠ ᠳᠤ ᠤᠷᠤᠯᠴᠠᠨ᠎ᠠ᠃ ᠡᠩ ᠤᠨ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠠᠴᠠ ᠲᠡᠬᠦᠰᠦᠭᠰᠡᠨ ᠰᠤᠷᠤᠭᠴᠢ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠠᠴᠠ ᠲᠡᠬᠦᠰᠦᠭᠰᠡᠨ ᠰᠤᠷᠤᠭᠴᠢ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠳᠤ ᠤᠷᠤᠬᠤ ᠳᠤ ᠮᠡᠷᠭᠡᠵᠢᠯ ᠴᠢᠳᠠᠪᠤᠷᠢ ᠶᠢᠨ ᠬᠢᠨᠠᠨ ᠰᠢᠯᠭᠠᠯᠳᠠ ᠳᠤ ᠤᠷᠤᠯᠴᠠᠵᠤ᠂ ᠰᠤᠶᠤᠯ ᠤᠨ ᠬᠡᠪ ᠴᠢᠨᠠᠷ ᠤᠨ ᠬᠢᠷᠢ ᠪᠦᠳᠦᠮᠵᠢ ᠶᠢ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠳᠠ ᠶᠢᠨ ᠬᠢᠷᠢ ᠪᠦᠳᠦᠮᠵᠢ ᠪᠠᠷ ᠤᠷᠤᠯᠠᠭᠤᠯᠤᠨ᠂ ᠶᠡᠷᠦᠩᠭᠡᠢ ᠬᠡᠪ ᠴᠢᠨᠠᠷ ᠤᠨ ᠦᠨᠡᠯᠡᠯᠳᠡ ᠶᠢᠨ ᠬᠢᠨᠠᠨ ᠰᠢᠯᠭᠠᠯᠳᠠ ᠳᠤ ᠤᠷᠤᠯᠴᠠᠨ᠎ᠠ᠃ ᠰᠤᠷᠤᠭᠴᠢᠳ ᠨᠢᠭᠡᠳᠦᠯᠳᠡᠢ ᠰᠢᠯᠭᠠᠯᠳᠠ ᠪᠠᠷ ᠲᠠᠮᠵᠢᠨ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠴᠤ ᠤᠷᠤᠵᠤ ᠪᠤᠯᠤᠨ᠎ᠠ᠃ 2015 ᠤᠨ ᠪᠤᠯᠬᠤ ᠳᠤ ᠲᠦᠷᠦᠯ ᠬᠤᠪᠢᠶᠠᠭᠰᠠᠨ ᠰᠢᠯᠭᠠᠯᠳᠠ ᠪᠠᠷ ᠲᠠᠮᠵᠢᠨ ᠡᠯᠰᠡᠳᠡᠭᠰᠡᠨ ᠰᠤᠷᠤᠭᠴᠢ ᠶᠢᠨ ᠲᠤᠭ᠎ᠠ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠶᠢᠨ ᠶᠡᠷᠦᠩᠭᠡᠢ ᠲᠤᠭᠠᠨ ᠤ ᠬᠠᠭᠠᠰ ᠤᠷᠴᠢᠮ ᠢ ᠡᠵᠡᠯᠡᠨ᠎ᠡ᠂ 2017 ᠤᠨ ᠪᠤᠯᠬᠤ ᠳᠤ ᠡᠨᠡ ᠨᠢ ᠲᠡᠭᠡᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠡᠯᠰᠡᠬᠦ ᠭᠤᠤᠯ ᠠᠷᠭ᠎ᠠ ᠵᠠᠮ ᠪᠤᠯᠤᠨ᠎ᠠ᠃        4. ᠲᠡᠭᠡᠳᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠦᠯᠳᠡᠢ ᠰᠢᠯᠭᠠᠯᠳᠠ ᠶᠢᠨ ᠠᠭᠤᠯᠭ᠎ᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ᠃ ᠲᠡᠭᠡᠳᠤ ᠵᠡᠷᠭᠡ ᠶᠢᠨ ᠰᠤᠷᠭᠠᠭᠤᠯᠢ ᠶᠢᠨ ᠴᠢᠳᠠᠪᠤᠷᠢᠳᠠᠨ ᠢ ᠰᠤᠩᠭᠤᠨ ᠰᠢᠯᠭᠠᠷᠠᠭᠤᠯᠬᠤ ᠱᠠᠭᠠᠷᠳᠠᠯᠭ᠎ᠠ ᠪᠤᠯᠤᠨ ᠤᠯᠤᠰ ᠤᠨ ᠬᠢᠴᠢᠶᠡᠯᠡᠯᠭᠡ ᠶᠢᠨ ᠪᠠᠷᠢᠮᠵᠢᠶ᠎ᠡ ᠶᠢ ᠦᠨᠳᠦᠰᠦᠯᠡᠨ᠂ ᠰᠡᠳᠦᠪ ᠭᠠᠷᠭᠠᠬᠤ ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠷ ᠵᠢᠷᠤᠭᠯᠠᠨ ᠲᠦᠯᠦᠪᠯᠡᠵᠤ᠂ ᠰᠠᠭᠤᠷᠢ ᠮᠡᠳᠡᠯᠭᠡ ᠶᠢᠨ ᠴᠢᠨᠠᠷᠳᠠᠢ᠂ ᠶᠡᠷᠦᠩᠭᠡᠶᠢᠯᠡᠭᠰᠡᠨ ᠴᠢᠨᠠᠷᠳᠠᠢ ᠠᠭᠤᠯᠭ᠎ᠠ ᠶᠢ ᠨᠡᠮᠡᠭᠳᠡᠬᠦᠯᠦᠨ᠂ ᠰᠤᠷᠤᠭᠴᠢ ᠶᠢᠨ ᠪᠡᠶ᠎ᠡ ᠪᠠᠨ ᠲᠠᠭᠠᠭᠠᠵᠤ ᠰᠡᠳᠬᠢᠬᠦ ᠪᠠ ᠰᠤᠷᠤᠭᠰᠠᠨ ᠮᠡᠳᠡᠯᠭᠡ ᠪᠠᠨ ᠠᠰᠢᠭᠯᠠᠨ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠬᠦ ᠲᠡᠭᠡᠷ᠎ᠡ ᠬᠡᠷᠡᠭᠯᠡᠬᠦ ᠴᠢᠳᠠᠪᠤᠷᠢ ᠶᠢ ᠰᠢᠯᠭᠠᠨ ᠪᠠᠶᠢᠴᠠᠭᠠᠬᠤ ᠶᠢ ᠴᠢᠬᠤᠯᠠᠴᠢᠯᠠᠨ᠎ᠠ᠃ ᠬᠤᠪᠢ ᠦᠨᠡᠯᠡᠨ ᠦᠭᠬᠦ ᠠᠷᠭ᠎ᠠ ᠶᠢ ᠬᠠᠯᠠᠨ ᠰᠠᠶᠢᠵᠢᠷᠠᠭᠤᠯᠵᠤ᠂ ᠰᠢᠯᠭᠠᠯᠳᠠ ᠶᠢᠨ ᠬᠠᠭᠤᠳᠠᠰᠤ ᠬᠢᠨᠠᠬᠤ ᠬᠠᠮᠢᠶᠠᠷᠤᠯᠳᠠ ᠶᠢ ᠴᠢᠩᠭᠠᠳᠬᠠᠨ᠂ ᠬᠢᠷᠢ ᠪᠦᠳᠦᠮᠵᠢ ᠶᠢᠨ ᠮᠡᠳᠡᠬᠦᠯᠦᠯᠳᠡ ᠶᠢ ᠲᠡᠬᠦᠯᠳᠡᠷᠵᠢᠬᠦᠯᠦᠨ᠎ᠡ᠃ ᠤᠯᠤᠰ ᠤᠨ ᠰᠤᠷᠭᠠᠨ ᠬᠦᠮᠦᠵᠢᠯ ᠤᠨ ᠰᠢᠯᠭᠠᠯᠳᠠ ᠶᠢᠨ ᠪᠠᠶᠢᠭᠤᠯᠤᠮᠵᠢ᠂ ᠤᠯᠤᠰ ᠤᠨ ᠰᠢᠯᠭᠠᠯᠳᠠ ᠶᠢᠨ ᠬᠦᠮᠦᠷᠭᠡ ᠪᠤᠯᠤᠨ ᠭᠠᠳᠠᠭᠠᠳᠤ ᠬᠡᠯᠡᠨ ᠤ ᠴᠢᠳᠠᠪᠤᠷᠢ ᠶᠢ ᠬᠢᠨᠠᠨ ᠰᠢᠯᠭᠠᠬᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ 2015 ᠤᠨ ᠠᠴᠠ ᠡᠬᠢᠯᠡᠨ ᠪᠦᠬᠦ ᠤᠯᠤᠰ ᠤᠨ ᠭᠠᠷᠭᠠᠭᠰᠠᠨ ᠨᠢᠭᠡᠳᠦᠯᠳᠡᠢ ᠰᠢᠯᠭᠠᠯᠳᠠ ᠶᠢᠨ ᠬᠠᠭᠤᠳᠠᠰᠤ ᠶᠢ ᠬᠡᠷᠡᠭᠯᠡᠬᠦ ᠮᠤᠵᠢ ᠶᠢᠨ ᠬᠦᠷᠢᠶ᠎ᠡ ᠬᠡᠪᠴᠢᠶ᠎ᠡ ᠶᠢ ᠨᠡᠮᠡᠭᠳᠡᠬᠦᠯᠦᠨ᠎ᠡ᠃        ︵ᠭᠤᠷᠪᠠ︶ ᠰᠤᠷᠤᠭᠴᠢ ᠡᠯᠰᠡᠬᠦ ᠲᠤᠭᠲᠠᠴᠠ ᠶᠢ ᠦᠭᠡᠷᠡᠴᠢᠯᠡᠨ᠎ᠡ        1. ᠰᠢᠯᠭᠠᠯᠲᠠ ᠳᠤ ᠬᠤᠪᠢ ᠨᠡᠮᠡᠬᠦ ᠶᠢ ᠴᠦᠭᠡᠳᠭᠡᠨ ᠳᠦᠷᠢᠮᠵᠢᠭᠦᠯᠦᠨ᠎ᠡ᠃ ᠰᠢᠯᠭᠠᠯᠲᠠ ᠳᠤ ᠬᠤᠪᠢ ᠨᠡᠮᠡᠬᠦ ᠲᠦᠷᠦᠯ ᠵᠦᠢᠯ ᠢ ᠶᠡᠬᠡᠪᠡᠷ ᠴᠦᠭᠡᠳᠭᠡᠵᠤ ᠡᠷᠡᠰ ᠬᠢᠵᠠᠭᠠᠷᠯᠠᠨ᠂ 2015 ᠤᠨ ᠠᠴᠠ ᠡᠬᠢᠯᠡᠨ ᠪᠡᠶ᠎ᠡ ᠶᠢᠨ ᠲᠠᠮᠢᠷ᠂ ᠤᠷᠠᠯᠢᠭ ᠤᠨ ᠤᠨᠴᠠ ᠴᠢᠳᠠᠪᠤᠷᠢ ᠶᠢᠨ ᠰᠤᠷᠤᠭᠴᠢ ᠳᠤ ᠬᠤᠪᠢ ᠨᠡᠮᠡᠬᠦ ᠲᠦᠷᠦᠯ ᠵᠦᠢᠯ ᠢ ᠦᠭᠡᠶᠢᠰᠬᠡᠨ᠎ᠡ᠃ ᠦᠨᠡᠨᠬᠦ ᠦᠯᠡᠳᠡᠭᠡᠬᠦ ᠴᠢᠬᠤᠯᠠᠲᠠᠢ ᠨᠡᠮᠡᠬᠦ ᠬᠤᠪᠢ ᠶᠢᠨ ᠲᠦᠷᠦᠯ ᠵᠦᠢᠯ ᠳᠤ ᠨᠡᠮᠡᠬᠦ ᠬᠤᠪᠢ ᠶᠢᠨ ᠦᠷᠲᠡᠭ ᠢ ᠵᠤᠬᠢᠰᠲᠠᠢ ᠲᠤᠬᠢᠷᠠᠭᠤᠯᠤᠨ᠎ᠠ᠃ ᠬᠢᠯᠢ ᠬᠢᠵᠠᠭᠠᠷ ᠤᠷᠤᠨ ᠤ ᠦᠨᠳᠦᠰᠦᠲᠡᠨ ᠤ ᠤᠨᠴᠠ ᠶᠠᠳᠠᠭᠤ ᠬᠦᠴᠢᠷᠲᠠᠢ ᠭᠠᠵᠠᠷ ᠤᠷᠤᠨ ᠤ ᠬᠤᠪᠢ ᠨᠡᠮᠡᠬᠦ ᠲᠦᠷᠦ ᠶᠢᠨ ᠪᠤᠳᠤᠯᠭ᠎ᠠ ᠶᠢ ᠰᠦᠪᠡᠭᠴᠢᠯᠡᠵᠤ ᠲᠡᠭᠦᠯᠳᠡᠷᠵᠢᠭᠦᠯᠦᠨ᠎ᠡ᠃ ᠤᠷᠤᠨ ᠨᠤᠲᠤᠭ ᠤᠨ ᠴᠢᠨᠠᠷᠲᠠᠢ ᠨᠢᠭᠡᠳᠦᠯᠲᠠᠢ ᠰᠢᠯᠭᠠᠯᠲᠠ ᠳᠤ ᠬᠤᠪᠢ ᠨᠡᠮᠡᠬᠦ ᠲᠦᠷᠦᠯ ᠵᠦᠢᠯ ᠢ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠤᠷᠳᠤᠨ ᠠᠴᠠ ᠲᠤᠭᠲᠠᠭᠠᠬᠤ ᠶᠢᠨ ᠬᠠᠮᠲᠤ ᠰᠤᠷᠭᠠᠨ ᠬᠦᠮᠦᠵᠢᠯ ᠤᠨ ᠶᠠᠮᠤᠨ ᠳᠤ ᠮᠡᠳᠡᠭᠦᠯᠵᠤ ᠳᠠᠩᠰᠠᠯᠠᠭᠤᠯᠤᠨ᠂ ᠵᠠᠷᠴᠢᠮ ᠳᠡᠭᠡᠷ᠎ᠡ ᠪᠠᠨ ᠵᠦᠪᠬᠡᠨ ᠲᠤᠰ ᠮᠤᠵᠢ ︵ᠦᠪᠡᠷᠲᠡᠭᠡᠨ ᠵᠠᠰᠠᠬᠤ ᠤᠷᠤᠨ᠂ ᠬᠤᠲᠠ︶ ᠳᠤ ᠬᠠᠷᠢᠶᠠᠯᠠᠭᠳᠠᠬᠤ ᠳᠡᠭᠡᠲᠤ ᠵᠡᠷᠭᠡ ᠶᠢᠨ ᠰᠤᠷᠭᠠᠭᠤᠯᠢ ᠶᠢᠨ ᠲᠤᠰ ᠮᠤᠵᠢ ︵ᠦᠪᠡᠷᠲᠡᠭᠡᠨ ᠵᠠᠰᠠᠬᠤ ᠤᠷᠤᠨ᠂ ᠬᠤᠲᠠ︶ ᠠᠴᠠ ᠰᠤᠷᠤᠭᠴᠢ ᠡᠯᠰᠡᠬᠦ ᠳᠤ ᠵᠤᠬᠢᠴᠠᠭᠰᠠᠨ ᠪᠠᠶᠢᠬᠤ ᠬᠡᠷᠡᠭᠲᠠᠢ᠃ ᠰᠢᠯᠭᠠᠭᠤᠯᠤᠭᠰᠠᠳ ᠲᠤ ᠬᠤᠪᠢ ᠨᠡᠮᠡᠬᠦ ᠬᠢᠷᠢ ᠬᠡᠮ ᠤᠨ ᠬᠢᠨᠠᠨ ᠵᠦᠪᠰᠢᠶᠡᠷᠡᠬᠦ ᠠᠵᠢᠯ ᠢ ᠴᠢᠩᠭᠠᠳᠬᠠᠵᠤ᠂ ᠦᠨᠡᠯᠡᠨ ᠲᠤᠭᠲᠠᠭᠠᠬᠤ ᠳᠡᠰ ᠳᠠᠷᠠᠭᠠᠯᠠᠯ ᠢ ᠴᠢᠩᠭᠠᠷᠠᠭᠤᠯᠤᠨ᠂ ᠨᠡᠶᠢᠭᠡᠮ ᠨᠡᠶᠢᠲᠡ ᠳᠤ ᠢᠯᠡ ᠪᠠᠷ ᠨᠡᠶᠢᠲᠡᠯᠡᠬᠦ ᠠᠵᠢᠯ ᠢ ᠰᠠᠶᠢᠲᠤᠷ ᠬᠢᠵᠤ᠂ ᠬᠢᠨᠠᠯᠲᠠ ᠲᠠᠯᠪᠢᠬᠤ ᠬᠠᠮᠢᠶᠠᠷᠤᠯᠲᠠ ᠶᠢ ᠴᠢᠩᠭᠠᠳᠬᠠᠨ᠎ᠠ᠃ 2014 ᠤᠨ ᠤ ᠵᠢᠯ ᠤᠨ ᠡᠴᠦᠰ ᠲᠤ ᠨᠢᠭᠡᠳᠤᠯᠲᠠᠢ ᠰᠢᠯᠭᠠᠯᠲᠠ ᠳᠤ ᠬᠤᠪᠢ ᠨᠡᠮᠡᠬᠦ ᠲᠦᠷᠦᠯ ᠵᠦᠢᠯ ᠪᠤᠯᠤᠨ ᠬᠤᠪᠢ ᠶᠢᠨ ᠦᠷᠲᠡᠭ ᠢ ᠴᠢᠨᠠᠭᠰᠢᠳᠠ ᠴᠦᠭᠡᠳᠭᠡᠨ ᠲᠦᠷᠢᠮᠵᠢᠭᠦᠯᠬᠦ ᠲᠤᠬᠠᠢ ᠰᠠᠨᠠᠯ ᠢ ᠨᠡᠶᠢᠲᠡᠯᠡᠨ᠎ᠡ᠃        2. ᠦᠪᠡᠷ ᠢᠶᠠᠨ ᠡᠵᠡᠨ ᠮᠡᠳᠡᠵᠤ ᠰᠤᠷᠤᠭᠴᠢ ᠡᠯᠰᠡᠬᠦ ᠶᠢ ᠲᠡᠭᠦᠯᠳᠡᠷᠵᠢᠭᠦᠯᠦᠨ ᠳᠦᠷᠢᠮᠵᠢᠭᠦᠯᠦᠨ᠎ᠡ᠃ ᠦᠪᠡᠷ ᠢᠶᠠᠨ ᠡᠵᠡᠨ ᠮᠡᠳᠡᠵᠤ ᠰᠤᠷᠤᠭᠴᠢ ᠡᠯᠰᠡᠬᠦ ᠨᠢ ᠭᠤᠤᠯᠳᠠᠭᠤ ᠰᠢᠨᠵᠢᠯᠡᠭᠡᠨ ᠤ ᠰᠠᠯᠠᠭᠠᠨ ᠤ ᠲᠠᠯ᠎ᠠ ᠪᠠᠷ ᠤᠨᠴᠠ ᠴᠢᠳᠠᠪᠤᠷᠢ ᠲᠠᠢ ᠪᠠ ᠪᠦᠲᠦᠭᠡᠯᠴᠢ ᠴᠢᠳᠠᠪᠤᠷᠢ ᠶᠢᠨ ᠲᠠᠯ᠎ᠠ ᠪᠠᠷ ᠳᠠᠯᠳᠠ ᠬᠦᠴᠦᠨ ᠲᠠᠢ ᠰᠢᠯᠢᠳᠡᠭ ᠰᠤᠷᠤᠭᠴᠢ ᠶᠢ ᠰᠢᠯᠭᠠᠷᠠᠭᠤᠯᠬᠤ ᠪᠤᠯᠤᠨ᠎ᠠ᠃ ᠭᠤᠶᠤᠴᠢᠯᠠᠭᠰᠠᠨ ᠰᠤᠷᠤᠭᠴᠢᠳ ᠪᠦᠬᠦ ᠤᠯᠤᠰ ᠤᠨ ᠨᠢᠭᠡᠳᠦᠯᠲᠠᠢ ᠰᠢᠯᠭᠠᠯᠲᠠ ᠳᠤ ᠤᠷᠤᠯᠴᠠᠭᠠᠳ ᠵᠤᠬᠢᠬᠤ ᠱᠠᠭᠠᠷᠳᠠᠯᠭ᠎ᠠ ᠳᠤ ᠨᠡᠶᠢᠴᠡᠪᠡᠯ ᠰᠠᠶ᠋ᠢ ᠨᠡᠷ᠎ᠡ ᠮᠡᠳᠡᠭᠦᠯᠵᠤ ᠰᠢᠯᠭᠠᠭᠤᠯᠤᠭᠰᠠᠨ ᠳᠡᠭᠡᠲᠤ ᠵᠡᠷᠭᠡ ᠶᠢᠨ ᠰᠤᠷᠭᠠᠭᠤᠯᠢ ᠶᠢᠨ ᠬᠢᠨᠠᠨ ᠰᠢᠯᠭᠠᠯᠲᠠ ᠶᠢ ᠬᠦᠯᠢᠶᠡᠨ᠎ᠡ᠃ ᠲᠤᠷᠰᠢᠯᠲᠠ ᠶᠢᠨ ᠴᠡᠭ ᠢ ᠬᠡᠷᠡᠭᠵᠢᠬᠦᠯᠬᠦ ᠬᠡᠵᠤ ᠪᠠᠶᠢᠭ᠎ᠠ ᠳᠡᠭᠡᠲᠤ ᠵᠡᠷᠭᠡ ᠶᠢᠨ ᠰᠤᠷᠭᠠᠭᠤᠯᠢ ᠡᠷᠬᠡᠪᠰᠢ ᠬᠢᠨᠠᠨ ᠰᠢᠯᠭᠠᠬᠤ ᠠᠭᠤᠯᠭ᠎ᠠ ᠪᠠᠨ ᠵᠦᠢ ᠵᠤᠬᠢᠰᠲᠠᠢ ᠲᠤᠭᠲᠠᠭᠠᠵᠤ᠂ ᠬᠠᠮᠲᠤᠷᠠᠨ ᠰᠢᠯᠭᠠᠬᠤ ᠠᠷᠭ᠎ᠠ ᠪᠠ ᠲᠤᠰᠬᠠᠢ ᠪᠤᠯᠪᠠᠰᠤᠷᠠᠯ ᠬᠦᠷᠲᠡᠭᠡᠬᠦ ᠶᠢ ᠵᠤᠬᠢᠶᠠᠨ ᠪᠠᠶᠢᠭᠤᠯᠵᠤ ᠪᠤᠯᠬᠤ ᠦᠭᠡᠢ᠃ ᠦᠪᠡᠷ ᠢᠶᠠᠨ ᠡᠵᠡᠨ ᠮᠡᠳᠡᠵᠤ ᠰᠤᠷᠤᠭᠴᠢ ᠡᠯᠰᠡᠬᠦ ᠠᠷᠭ᠎ᠠ᠂ ᠬᠢᠨᠠᠨ ᠰᠢᠯᠭᠠᠬᠤ ᠠᠯᠬᠤᠮ ᠳᠠᠷᠠᠭ᠎ᠠ ᠪᠠ ᠡᠯᠰᠡᠬᠦ ᠦᠷ᠎ᠡ ᠳ᠋ᠦᠩ ᠢ ᠨᠡᠶᠢᠲᠡᠯᠡᠬᠦ ᠶᠢ ᠳᠦᠷᠢᠮᠵᠢᠭᠦᠯᠦᠨ᠎ᠡ᠃ ᠦᠪᠡᠷ ᠢᠶᠠᠨ ᠡᠵᠡᠨ ᠮᠡᠳᠡᠵᠤ ᠰᠤᠷᠤᠭᠴᠢ ᠡᠯᠰᠡᠬᠦ ᠬᠦᠷᠢᠶ᠎ᠡ ᠬᠡᠪᠴᠢᠶ᠎ᠡ ᠶᠢ ᠡᠷᠡᠰ ᠬᠢᠵᠠᠭᠠᠷᠯᠠᠨ᠎ᠠ᠃ 2015 ᠤᠨ ᠠᠴᠠ ᠡᠬᠢᠯᠡᠨ ᠦᠪᠡᠷ ᠢᠶᠠᠨ ᠡᠵᠡᠨ ᠮᠡᠳᠡᠵᠤ ᠰᠤᠷᠤᠭᠴᠢ ᠡᠯᠰᠡᠬᠦ ᠶᠢ ᠪᠦᠬᠦ ᠤᠯᠤᠰ ᠤᠨ ᠨᠢᠭᠡᠳᠦᠯᠲᠠᠢ ᠰᠢᠯᠭᠠᠯᠲᠠ ᠶᠢᠨ ᠳᠠᠷᠠᠭ᠎ᠠ ᠲᠤᠬᠢᠷᠠᠭᠤᠯᠵᠤ ᠶᠠᠪᠤᠭᠳᠠᠭᠤᠯᠬᠤ ᠶᠢ ᠠᠬᠢᠭᠤᠯᠤᠨ᠎ᠠ᠃        3. ᠳᠡᠭᠡᠲᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠵᠤ ᠰᠤᠩᠭᠤᠨ ᠰᠢᠯᠭᠠᠷᠠᠭᠤᠯᠬᠤ ᠲᠤᠭᠲᠠᠴᠠ ᠶᠢ ᠲᠡᠬᠦᠯᠳᠡᠷᠵᠢᠭᠦᠯᠦᠨ᠎ᠡ᠃ ᠳᠡᠭᠡᠲᠤ ᠵᠡᠷᠭᠡ ᠶᠢᠨ ᠰᠤᠷᠭᠠᠭᠤᠯᠢ ᠨᠤᠭᠤᠳ ᠰᠢᠯᠭᠠᠯᠲᠠ ᠬᠢᠵᠤ ᠰᠤᠷᠤᠭᠴᠢ ᠡᠯᠰᠡᠬᠦ ᠲᠠᠢ ᠬᠤᠯᠪᠤᠭᠳᠠᠭᠰᠠᠨ ᠲᠦᠷᠦᠯ ᠵᠦᠢᠯ᠂ ᠪᠠᠷᠢᠮᠵᠢᠶ᠎ᠠ᠂ ᠨᠦᠬᠦᠴᠡᠯ ᠪᠤᠯᠤᠨ ᠳᠡᠰ ᠳᠠᠷᠠᠭ᠎ᠠ ᠵᠡᠷᠭᠡ ᠠᠭᠤᠯᠭ᠎ᠠ ᠶᠢ ᠰᠤᠷᠤᠭᠴᠢ ᠡᠯᠰᠡᠬᠦ ᠳᠦᠷᠢᠮ ᠳᠡᠭᠡᠨ ᠨᠠᠷᠢᠨ ᠲᠤᠲᠤᠷᠬᠠᠢ ᠪᠢᠴᠢᠵᠤ ᠤᠷᠤᠭᠤᠯᠤᠨ ᠨᠡᠶᠢᠭᠡᠮ ᠳᠡᠭᠡᠷ᠎ᠡ ᠤᠷᠢᠳᠴᠢᠯᠠᠨ ᠨᠡᠶᠢᠲᠡᠯᠡᠬᠦ ᠬᠡᠷᠡᠭᠲᠠᠢ᠃ ᠰᠤᠷᠭᠠᠭᠤᠯᠢ ᠶᠢᠨ ᠰᠤᠷᠤᠭᠴᠢ ᠡᠯᠰᠡᠬᠦ ᠵᠦᠪᠯᠡᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠶᠢ ᠲᠤᠭᠲᠠᠭᠠᠬᠤ᠂ ᠰᠤᠷᠤᠭᠴᠢ ᠡᠯᠰᠡᠬᠦ ᠲᠦᠷᠦ ᠶᠢᠨ ᠪᠤᠳᠤᠯᠭ᠎ᠠ ᠪᠤᠯᠤᠨ ᠲᠤᠭᠲᠠᠭᠠᠯ ᠢ ᠲᠤᠭᠲᠠᠭᠠᠬᠤ᠂ ᠰᠤᠷᠤᠭᠴᠢ ᠡᠯᠰᠡᠬᠦ ᠴᠢᠬᠤᠯᠠ ᠶᠡᠭᠡ ᠤᠴᠢᠷ ᠶᠠᠪᠤᠳᠠᠯ ᠢ ᠲᠤᠭᠲᠠᠭᠠᠬᠤ ᠵᠡᠷᠭᠡ ᠲᠠᠯ᠎ᠠ ᠪᠠᠷ ᠰᠤᠷᠤᠭᠴᠢ ᠡᠯᠰᠡᠬᠦ ᠵᠦᠪᠯᠡᠯ ᠤᠨ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ᠳᠡᠭᠡᠲᠤ ᠵᠡᠷᠭᠡ ᠶᠢᠨ ᠰᠤᠷᠭᠠᠭᠤᠯᠢ ᠨᠤᠭᠤᠳ ᠨᠡᠶᠢᠭᠡᠮ ᠳᠡᠭᠡᠷ᠎ᠡ ᠠᠴᠠ ᠬᠢᠨᠠᠯᠲᠠ ᠲᠠᠯᠪᠢᠭᠴᠢ ᠶᠢ ᠤᠷᠢᠬᠤ ᠠᠷᠭ᠎ᠠ ᠪᠠᠷ ᠰᠤᠷᠭᠠᠭᠤᠯᠢ ᠶᠢᠨ ᠬᠢᠨᠠᠨ ᠰᠢᠯᠭᠠᠯᠲᠠ᠂ ᠰᠤᠷᠤᠭᠴᠢ ᠡᠯᠰᠡᠬᠦ ᠠᠬᠤᠢ ᠲᠠᠯᠠᠪᠠᠢ ᠶᠢ ᠲᠤᠭᠤᠷᠢᠨ ᠪᠠᠶᠢᠴᠠᠭᠠᠯᠭᠠᠬᠤ ᠵᠡᠷᠭᠡ ᠠᠷᠭ᠎ᠠ ᠪᠠᠷ ᠰᠤᠷᠤᠭᠴᠢ ᠡᠯᠰᠡᠬᠦ ᠠᠵᠢᠯ ᠳᠤ ᠭᠤᠷᠪᠠᠳᠤᠭᠠᠷ ᠡᠲᠡᠭᠡᠳ ᠤᠨ ᠬᠢᠨᠠᠯᠲᠠ ᠶᠢ ᠲᠠᠯᠪᠢᠭᠤᠯᠵᠤ ᠪᠤᠯᠤᠨ᠎ᠠ᠃ ᠰᠢᠯᠭᠠᠯᠲᠠ ᠬᠢᠵᠤ ᠰᠤᠷᠤᠭᠴᠢ ᠡᠯᠰᠡᠬᠦ ᠳᠤ ᠭᠤᠮᠤᠳᠠᠯ ᠲᠤᠭᠠᠴᠢᠬᠤ ᠲᠤᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠭᠰᠡᠨ ᠢᠶᠠᠨ ᠴᠠᠭ ᠲᠤᠬᠠᠢ ᠳᠤ ᠨᠢ ᠬᠠᠷᠢᠭᠤ ᠲᠤᠰᠬᠠᠬᠤ ᠬᠡᠷᠡᠭᠲᠠᠢ᠃ ᠰᠤᠷᠤᠭᠴᠢ ᠡᠯᠰᠡᠬᠦ ᠠᠵᠢᠯ ᠤᠨ ᠬᠠᠷᠢᠭᠤᠴᠠᠯᠭ᠎ᠠ ᠶᠢ ᠨᠡᠬᠡᠮᠵᠢᠯᠡᠬᠦ ᠳᠦᠷᠢᠮ ᠢ ᠪᠠᠶᠢᠭᠤᠯᠵᠤ᠂ 2015 ᠤᠨ ᠠᠴᠠ ᠡᠬᠢᠯᠡᠨ ᠰᠤᠷᠭᠠᠭᠤᠯᠢ ᠶᠢᠨ ᠵᠠᠬᠢᠷᠤᠯ ᠤᠨ ᠭᠠᠷ ᠤᠨ ᠦᠰᠦᠭ ᠵᠢᠷᠤᠭᠰᠠᠨ ᠰᠤᠷᠭᠠᠭᠤᠯᠢ ᠳᠤ ᠤᠷᠤᠬᠤ ᠮᠡᠳᠡᠭᠳᠡᠯ ᠤᠨ ᠪᠢᠴᠢᠭ ᠢ ᠬᠡᠷᠡᠭᠵᠢᠭᠦᠯᠵᠤ᠂ ᠰᠤᠷᠤᠭᠴᠢ ᠡᠯᠰᠡᠭᠰᠡᠨ ᠦᠷ᠎ᠡ ᠳ᠋ᠦᠩ ᠳᠤ ᠬᠠᠷᠢᠭᠤᠴᠠᠯᠭ᠎ᠠ ᠡᠭᠦᠷᠭᠡᠯᠡᠭᠦᠯᠦᠨ᠎ᠡ᠃        4. ᠰᠤᠷᠤᠭᠴᠢ ᠡᠯᠰᠡᠬᠦ ᠠᠷᠭ᠎ᠠ ᠶᠢ ᠬᠠᠯᠠᠨ ᠰᠠᠶᠢᠵᠢᠷᠠᠭᠤᠯᠤᠨ᠎ᠠ᠃ ᠨᠢᠭᠡᠳᠦᠯᠲᠠᠢ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠭᠰᠡᠨ ᠤ ᠳᠠᠷᠠᠭ᠎ᠠ ᠰᠤᠷᠭᠠᠭᠤᠯᠢ ᠳᠤ ᠤᠷᠤᠬᠤ ᠡᠷᠡᠮᠡᠯᠵᠡᠯ ᠲᠠᠭᠯᠠᠬᠤ ᠠᠷᠭ᠎ᠠ ᠶᠢ ᠬᠡᠷᠡᠭᠵᠢᠭᠦᠯᠦᠨ᠎ᠡ᠃ ᠳᠡᠭᠡᠲᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠪᠦᠯᠦᠭ ᠤᠳᠠᠭ᠎ᠠ ᠶᠢ ᠨᠦᠬᠦᠴᠡᠯ ᠪᠦᠷᠢᠯᠳᠦᠭᠦᠯᠵᠤ ᠪᠠᠶᠢᠭᠠᠳ ᠢᠳᠡᠭ ᠢᠳᠡᠭ ᠢᠶᠠᠷ ᠦᠭᠡᠶᠢᠰᠭᠡᠨ᠎ᠡ᠃ ᠳᠠᠩᠰᠠ ᠡᠪᠬᠡᠮᠡᠯ ᠢ ᠭᠠᠷᠭᠠᠨ ᠦᠭᠴᠦ ᠰᠤᠷᠤᠭᠴᠢ ᠡᠯᠰᠡᠬᠦ ᠵᠠᠭᠪᠤᠷ ᠢ ᠬᠠᠯᠠᠨ ᠦᠭᠡᠷᠡᠴᠢᠯᠡᠵᠤ᠂ ᠡᠷᠡᠮᠡᠯᠵᠡᠯ ᠲᠠᠭᠯᠠᠬᠤ ᠪᠠ ᠳᠠᠩᠰᠠ ᠡᠪᠬᠡᠮᠡᠯ ᠢ ᠵᠡᠷᠭᠡᠪᠡᠷ ᠭᠠᠷᠭᠠᠵᠤ ᠦᠭᠬᠦ ᠠᠷᠭ᠎ᠠ ᠶᠢ ᠲᠡᠭᠦᠯᠳᠡᠷᠵᠢᠭᠦᠯᠦᠨ ᠠᠬᠢᠭᠤᠯᠵᠤ᠂ ᠳᠡᠭᠡᠲᠤ ᠵᠡᠷᠭᠡ ᠶᠢᠨ ᠰᠤᠷᠭᠠᠭᠤᠯᠢ ᠪᠤᠯᠤᠨ ᠰᠤᠷᠤᠭᠴᠢ ᠶᠢᠨ ᠬᠤᠶᠠᠷ ᠲᠠᠯ᠎ᠠ ᠪᠠᠷ ᠢᠶᠠᠨ ᠰᠤᠩᠭᠤᠯᠲᠠ ᠬᠢᠬᠦ ᠠᠵᠠ ᠲᠤᠬᠢᠶᠠᠯ ᠢ ᠨᠡᠮᠡᠭᠳᠡᠭᠦᠯᠦᠨ᠎ᠡ᠃ 2015 ᠤᠨ ᠠᠴᠠ ᠡᠬᠢᠯᠡᠨ ᠨᠦᠬᠦᠴᠡᠯ ᠲᠠᠢ ᠮᠤᠵᠢ ᠶᠢᠨ ᠰᠤᠷᠤᠭᠴᠢ ᠡᠯᠰᠡᠬᠦ ᠪᠦᠯᠦᠭ ᠤᠳᠠᠭ᠎ᠠ ᠳᠤ ᠦᠭᠡᠷᠡᠴᠢᠯᠡᠯᠲᠡ ᠬᠢᠬᠦ ᠲᠤᠷᠰᠢᠯᠲᠠ ᠶᠢ ᠶᠠᠪᠤᠭᠳᠠᠭᠤᠯᠤᠨ᠎ᠠ᠃        5. ᠨᠡᠶᠢᠭᠡᠮ ᠤᠨ ᠬᠦᠮᠦᠰ ᠤᠨ ᠨᠠᠰᠤᠨ ᠲᠤᠷᠰᠢᠳᠠ ᠰᠤᠷᠤᠯᠴᠠᠬᠤ ᠠᠷᠭ᠎ᠠ ᠵᠠᠮ ᠢ ᠦᠷᠭᠡᠳᠭᠡᠨ᠎ᠡ᠃ ᠨᠡᠶᠢᠭᠡᠮ ᠤᠨ ᠬᠦᠮᠦᠰ ᠤᠨ ᠤᠯᠠᠨ ᠡᠰᠢᠴᠢᠯᠡᠭᠰᠡᠨ ᠰᠤᠷᠭᠠᠨ ᠬᠦᠮᠦᠵᠢᠯ ᠬᠦᠷᠲᠡᠬᠦ ᠠᠵᠠ ᠲᠤᠬᠢᠶᠠᠯ ᠢ ᠦᠷᠭᠡᠳᠭᠡᠵᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠳᠠᠩᠰᠠᠯᠠᠵᠤ ᠰᠤᠷᠭᠠᠭᠤᠯᠢ ᠳᠤ ᠤᠷᠤᠬᠤ ᠶᠢ ᠬᠡᠷᠡᠭᠵᠢᠭᠦᠯᠵᠤ᠂ ᠨᠠᠰᠤᠨ ᠳᠤ ᠬᠦᠷᠦᠭᠰᠡᠳ ᠤᠨ ᠳᠡᠭᠡᠲᠤ ᠵᠡᠷᠭᠡ ᠶᠢᠨ ᠰᠤᠷᠤᠯᠭ᠎ᠠ ᠶᠢᠨ ᠨᠠᠮᠳᠠᠷ ᠤᠨ ᠰᠤᠷᠭᠠᠨ ᠬᠦᠮᠦᠵᠢᠯ ᠳᠤ ᠬᠠᠷᠢᠮᠠᠬᠠᠢ ᠰᠤᠷᠤᠯᠭ᠎ᠠ ᠶᠢᠨ ᠳᠦᠷᠢᠮ ᠢ ᠬᠡᠷᠡᠭᠵᠢᠭᠦᠯᠦᠨ᠂ ᠰᠤᠷᠭᠠᠭᠤᠯᠢ ᠳᠤ ᠤᠷᠤᠬᠤ ᠨᠦᠬᠦᠴᠡᠯ ᠢ ᠠᠭᠤᠵᠢᠭᠤ ᠲᠠᠯᠪᠢᠵᠤ ᠰᠤᠷᠭᠠᠭᠤᠯᠢ ᠠᠴᠠ ᠲᠡᠭᠦᠰᠬᠦ ᠨᠦᠬᠦᠴᠡᠯ ᠢ ᠦᠨᠳᠦᠷ ᠪᠤᠯᠭᠠᠨ᠎ᠠ᠃ ᠵᠡᠮᠳᠡᠭᠴᠤᠤᠳ ᠵᠡᠷᠭᠡ ᠤᠨᠴᠠᠭᠠᠢ ᠬᠦᠮᠦᠰ ᠤᠨ ᠨᠢᠭᠡᠳᠦᠯᠲᠠᠢ ᠰᠢᠯᠭᠠᠯᠲᠠ ᠳᠤ ᠤᠷᠤᠯᠴᠠᠬᠤ ᠳᠤ ᠦᠢᠯᠡᠴᠢᠯᠡᠭᠡ ᠬᠠᠩᠭᠠᠨ᠎ᠠ᠃ ᠤᠯᠠᠨ ᠬᠡᠯᠪᠡᠷᠢ ᠮᠠᠶ᠋ᠢᠭ ᠢᠶᠠᠷ ᠰᠤᠷᠤᠯᠴᠠᠭᠰᠠᠨ ᠰᠤᠷᠤᠯᠭ᠎ᠠ ᠶᠢᠨ ᠬᠢᠷᠢ ᠪᠦᠲᠦᠮᠵᠢ ᠶᠢ ᠦᠨᠡᠯᠡᠨ ᠲᠤᠭᠲᠠᠭᠠᠵᠤ ᠬᠤᠪᠢᠷᠠᠭᠤᠯᠬᠤ ᠳᠦᠷᠢᠮ ᠢ ᠰᠦᠪᠡᠭᠴᠢᠯᠡᠨ ᠪᠠᠶᠢᠭᠤᠯᠵᠤ᠂ ᠡᠩ ᠤᠨ ᠳᠡᠭᠡᠲᠤ ᠵᠡᠷᠭᠡ ᠶᠢᠨ ᠰᠤᠷᠭᠠᠭᠤᠯᠢ᠂ ᠳᠡᠭᠡᠲᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠨᠠᠰᠤᠨ ᠳᠤ ᠬᠦᠷᠦᠭᠰᠡᠳ ᠤᠨ ᠳᠡᠭᠡᠲᠤ ᠵᠡᠷᠭᠡ ᠶᠢᠨ ᠰᠤᠷᠭᠠᠭᠤᠯᠢ ᠬᠤᠭᠤᠷᠤᠨᠳᠤ ᠪᠠᠨ ᠰᠤᠷᠤᠯᠭ᠎ᠠ ᠶᠢᠨ ᠬᠤᠪᠢ ᠶᠢ ᠮᠡᠳᠡᠷᠡᠯᠴᠡᠬᠦ ᠠᠷᠭ᠎ᠠ ᠶᠢ ᠬᠡᠷᠡᠭᠵᠢᠭᠦᠯᠦᠨ᠂ ᠤᠯᠠᠨ ᠵᠦᠢᠯ ᠤᠨ ᠰᠤᠷᠤᠯᠴᠠᠬᠤ ᠠᠷᠭ᠎ᠠ ᠵᠠᠮ ᠂ ᠰᠤᠷᠤᠯᠴᠠᠬᠤ ᠠᠷᠭ᠎ᠠ ᠬᠡᠯᠪᠡᠷᠢ᠂ ᠰᠤᠷᠤᠯᠴᠠᠬᠤ ᠶᠠᠪᠤᠴᠠ ᠶᠢ ᠬᠠᠷᠢᠯᠴᠠᠨ ᠵᠠᠯᠭᠠᠭᠤᠯᠤᠨ ᠤᠶᠠᠯᠳᠤᠭᠤᠯᠬᠤ ᠶᠢ ᠪᠡᠶᠡᠯᠡᠬᠦᠯᠵᠤ᠂ ᠴᠢᠳᠠᠪᠤᠷᠢᠲᠠᠨ ᠤ ᠦᠰᠦᠯᠲᠡ ᠪᠤᠶᠢᠵᠢᠯᠲᠠ ᠳᠤ ︽ᠵᠦᠷᠢᠯᠢᠭ ᠬᠦᠬᠦᠷᠭᠡ︾ ᠳᠡᠪᠢᠰᠴᠤ ᠦᠭᠬᠦᠨ᠎ᠡ᠃ 2015 ᠤᠨ ᠳᠤ ᠰᠤᠷᠤᠯᠭ᠎ᠠ ᠶᠢᠨ ᠬᠤᠪᠢ ᠶᠢ ᠬᠠᠷᠢᠯᠴᠠᠨ ᠵᠦᠪᠰᠢᠶᠡᠷᠡᠬᠦ ᠪᠠ ᠬᠠᠷᠢᠯᠴᠠᠨ ᠮᠡᠳᠡᠷᠡᠯᠴᠡᠬᠦ ᠲᠤᠬᠠᠢ ᠰᠠᠨᠠᠯ ᠢ ᠰᠤᠳᠤᠯᠵᠤ ᠨᠡᠶᠢᠲᠡᠯᠡᠨ᠎ᠡ᠃        ︵ᠳᠦᠷᠪᠡ︶ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠲᠤᠭᠲᠠᠴᠠ ᠶᠢ ᠬᠠᠯᠠᠨ ᠦᠭᠡᠷᠡᠴᠢᠯᠡᠨ᠎ᠡ᠃        1. ᠮᠡᠳᠡᠭᠡ ᠵᠠᠩᠬᠢ ᠶᠢ ᠢᠯᠡ ᠨᠡᠶᠢᠲᠡᠯᠡᠬᠦ ᠶᠢ ᠴᠢᠩᠭᠠᠳᠬᠠᠨ᠎ᠠ᠃ ᠳᠡᠭᠡᠲᠤ ᠵᠡᠷᠭᠡ ᠶᠢᠨ ᠰᠤᠷᠭᠠᠭᠤᠯᠢ ᠶᠢᠨ ︽ᠢᠯᠡ ᠪᠠᠷ ᠰᠤᠷᠤᠭᠴᠢ ᠡᠯᠰᠡᠬᠦ ᠢᠨᠵᠧᠨᠧᠷᠢᠩ︾ ᠢ ᠬᠦᠨᠵᠡᠭᠡᠢ ᠨᠠᠶᠢᠳᠠᠪᠤᠷᠢᠵᠢᠭᠤᠯᠵᠤ᠂ ᠱᠠᠲᠤᠨ ᠬᠤᠪᠢᠶᠠᠨ ᠬᠠᠷᠢᠭᠤᠴᠠᠬᠤ ᠪᠠ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠦᠨ᠎ᠡ᠃ ᠮᠡᠳᠡᠭᠡ ᠵᠠᠩᠭᠢ ᠶᠢ ᠢᠯᠡ ᠪᠤᠯᠭᠠᠬᠤ ᠠᠭᠤᠯᠭ᠎ᠠ ᠶᠢ ᠴᠢᠨᠠᠭᠰᠢᠲᠠ ᠦᠷᠭᠡᠳᠭᠡᠵᠤ᠂ ᠰᠤᠷᠤᠭᠴᠢ ᠡᠯᠰᠡᠬᠦ ᠲᠦᠷᠦ ᠶᠢᠨ ᠪᠤᠳᠤᠯᠭ᠎ᠠ᠂ ᠰᠤᠷᠤᠭᠴᠢ ᠡᠯᠰᠡᠬᠦ ᠬᠢᠷᠢ ᠬᠡᠮ᠂ ᠰᠤᠷᠤᠭᠴᠢ ᠡᠯᠰᠡᠬᠦ ᠳᠦᠷᠢᠮ᠂ ᠰᠤᠷᠤᠭᠴᠢ ᠡᠯᠰᠡᠬᠦ ᠲᠦᠯᠦᠪᠯᠡᠭᠡ᠂ ᠰᠤᠷᠤᠭᠴᠢ ᠡᠯᠰᠡᠬᠦ ᠶᠠᠪᠤᠴᠠ᠂ ᠰᠤᠷᠤᠭᠴᠢ ᠡᠯᠰᠡᠭᠰᠡᠨ ᠦᠷ᠎ᠡ ᠳ᠋ᠦᠩ ᠵᠢᠴᠢ ᠯᠠᠪᠯᠠᠨ ᠪᠠᠶᠢᠴᠠᠭᠠᠬᠤ ᠪᠠ ᠭᠤᠮᠤᠳᠠᠯ ᠲᠤᠭᠠᠴᠢᠬᠤ ᠠᠷᠭ᠎ᠠ ᠵᠠᠮ᠂ ᠳᠦᠷᠢᠮ ᠲᠤᠭᠲᠠᠭᠠᠯ ᠢ ᠵᠦᠷᠢᠴᠡᠭᠰᠡᠨ ᠴᠢᠬᠤᠯᠠ ᠶᠡᠭᠡ ᠤᠴᠢᠷ ᠶᠠᠪᠤᠳᠠᠯ ᠢ ᠰᠢᠢᠳᠪᠦᠷᠢᠯᠡᠭᠰᠡᠨ ᠦᠷ᠎ᠡ ᠳ᠋ᠦᠩ᠂ ᠡᠯᠰᠡᠭᠰᠡᠨ ᠰᠢᠨ᠎ᠡ ᠰᠤᠷᠤᠭᠴᠢ ᠶᠢ ᠳᠠᠬᠢᠨ ᠪᠠᠶᠢᠴᠠᠭᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠴᠠᠭ ᠲᠤᠬᠠᠢ ᠳᠤ ᠨᠢ ᠢᠯᠡ ᠨᠡᠶᠢᠲᠡᠯᠡᠨ᠎ᠡ᠃ ᠮᠡᠳᠡᠭᠡ ᠵᠠᠩᠭᠢ ᠶᠢ ᠢᠯᠡ ᠨᠡᠶᠢᠲᠡᠯᠡᠬᠦ ᠬᠦᠷᠢᠶ᠎ᠡ ᠬᠡᠪᠴᠢᠶ᠎ᠡ ᠶᠢ ᠴᠢᠨᠠᠭᠰᠢᠲᠠ ᠦᠷᠭᠡᠳᠭᠡᠵᠤ᠂ ᠰᠢᠯᠭᠠᠭᠤᠯᠤᠭᠰᠠᠳ᠂ ᠰᠤᠷᠭᠠᠭᠤᠯᠢ ᠪᠤᠯᠤᠨ ᠬᠡᠷ ᠤᠨ ᠠᠬᠠᠮᠠᠳ ᠤᠨ ᠬᠢᠨᠠᠯᠲᠠ ᠶᠢ ᠬᠦᠯᠢᠶᠡᠨ᠎ᠡ᠃        2. ᠪᠠᠲᠤᠯᠠᠭ᠎ᠠ ᠶᠢᠨ ᠳᠦᠷᠢᠮ ᠢ ᠴᠢᠩᠭᠠᠳᠬᠠᠨ᠎ᠠ᠃ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠬᠤᠭᠤᠷᠤᠨᠳᠤᠬᠢ ᠬᠠᠮᠲᠤᠷᠠᠯᠴᠠᠬᠤ ᠲᠤᠭᠲᠠᠴᠠ ᠶᠢ ᠪᠠᠶᠢᠭᠤᠯᠵᠤ ᠲᠡᠭᠦᠯᠳᠡᠷᠵᠢᠭᠦᠯᠦᠨ᠂ ᠰᠤᠷᠭᠠᠨ ᠬᠦᠮᠦᠵᠢᠯ ᠤᠨ ᠰᠢᠭᠠᠯᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢᠯᠠᠭᠰᠠᠨ᠂ ᠳᠦᠷᠢᠮᠵᠢᠭᠰᠡᠨ᠂ ᠡᠷᠡᠰ ᠴᠢᠩᠭ᠎ᠠ ᠬᠠᠮᠢᠶᠠᠷᠤᠯᠲᠠ ᠪᠦᠬᠦᠢ ᠰᠤᠷᠭᠠᠨ ᠬᠦᠮᠦᠵᠢᠯ ᠤᠨ ᠰᠢᠯᠭᠠᠯᠲᠠ ᠶᠢᠨ ᠠᠮᠤᠷ ᠲᠦᠪᠰᠢᠨ ᠤ ᠰᠢᠰᠲ᠋ᠧᠮ ᠢ ᠪᠠᠶᠢᠭᠤᠯᠤᠨ᠎ᠠ᠃ ᠢᠲᠡᠭᠡᠮᠵᠢᠲᠤ ᠳᠦᠷᠢᠮ ᠢ ᠲᠡᠭᠦᠯᠳᠡᠷᠵᠢᠭᠦᠯᠦᠨ᠂ ᠰᠢᠯᠭᠠᠭᠤᠯᠤᠭᠰᠠᠳ ᠤᠨ ᠢᠲᠡᠭᠡᠮᠵᠢᠲᠤ ᠬᠦᠮᠦᠵᠢᠯ ᠪᠤᠯᠤᠨ ᠢᠲᠡᠭᠡᠮᠵᠢᠲᠤ ᠳᠠᠩᠰᠠ ᠡᠪᠬᠡᠮᠡᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠰᠤᠷᠭᠠᠨ ᠬᠦᠮᠦᠵᠢᠯ ᠤᠨ ᠰᠢᠯᠭᠠᠯᠲᠠ ᠬᠢᠵᠤ ᠰᠤᠷᠤᠭᠴᠢ ᠡᠯᠰᠡᠬᠦ ᠬᠠᠤᠯᠢ ᠴᠠᠭᠠᠵᠠ ᠬᠠᠤᠯᠢ ᠲᠤᠭᠲᠠᠭᠠᠯ ᠢ ᠲᠡᠭᠦᠯᠳᠡᠷᠵᠢᠭᠦᠯᠦᠨ᠂ ᠰᠢᠯᠭᠠᠯᠲᠠ ᠬᠢᠵᠤ ᠰᠤᠷᠤᠭᠴᠢ ᠡᠯᠰᠡᠬᠦ ᠬᠠᠤᠯᠢᠵᠢᠭᠰᠠᠨ ᠲᠦᠪᠰᠢᠨ ᠢ ᠳᠡᠭᠡᠭᠰᠢᠯᠡᠬᠦᠯᠦᠨ᠎ᠡ᠃        3. ᠳᠦᠷᠢᠮ ᠲᠤᠭᠲᠠᠭᠠᠯ ᠢ ᠵᠦᠷᠢᠴᠡᠭᠰᠡᠳ ᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠰᠢᠯᠭᠠᠯᠲᠠ ᠬᠢᠵᠤ ᠰᠤᠷᠤᠭᠴᠢ ᠡᠯᠰᠡᠬᠦ ᠪᠦᠬᠦ ᠶᠠᠪᠤᠴᠠ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠬᠠᠤᠯᠢ ᠳᠦᠷᠢᠮ ᠢ ᠵᠦᠷᠢᠴᠡᠭᠰᠡᠨ ᠠᠵᠢᠯᠯᠠᠭ᠎ᠠ ᠶᠢ ᠡᠷᠡᠰ ᠴᠢᠩᠭ᠎ᠠ ᠪᠠᠶᠢᠴᠠᠭᠠᠵᠤ᠂ ᠲᠤᠬᠠᠢ ᠶᠢᠨ ᠬᠦᠮᠦᠨ ᠪᠤᠯᠤᠨ ᠬᠤᠯᠪᠤᠭᠳᠠᠯ ᠪᠦᠬᠦᠢ ᠬᠦᠮᠦᠨ ᠤ ᠬᠠᠷᠢᠭᠤᠴᠠᠯᠭ᠎ᠠ ᠶᠢ ᠨᠡᠬᠡᠮᠵᠢᠯᠡᠨ᠂ ᠪᠠᠶᠢᠴᠠᠭᠠᠵᠤ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠢ ᠳᠤ ᠨᠢ ᠢᠯᠡ ᠨᠡᠶᠢᠲᠡᠯᠡᠨ᠎ᠡ᠃ ᠶᠠᠯ᠎ᠠ ᠬᠢᠭᠰᠡᠨ ᠬᠡᠮᠵᠢᠶᠡᠨ ᠳᠤ ᠬᠦᠷᠦᠭᠰᠡᠨ ᠪᠤᠯ ᠬᠠᠤᠯᠢ ᠴᠠᠭᠠᠵᠠ ᠶᠢᠨ ᠪᠠᠶᠢᠭᠤᠯᠤᠯᠭ᠎ᠠ ᠠᠴᠠ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃        ︵ᠲᠠᠪᠤ︶ ᠳᠡᠭᠡᠲᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠤᠯᠲᠠᠢ ᠰᠢᠯᠭᠠᠯᠲᠠ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠡᠬᠢᠯᠡᠵᠤ ᠦᠷᠨᠢᠭᠦᠯᠦᠨ᠎ᠡ᠃        1. ᠰᠢᠯᠭᠠᠯᠲᠠ ᠬᠢᠬᠦ ᠬᠢᠴᠢᠶᠡᠯ ᠲᠦᠷᠦᠯ ᠤᠨ ᠲᠤᠬᠢᠷᠠᠭᠤᠯᠤᠯᠲᠠ ᠶᠢ ᠦᠭᠡᠷᠡᠴᠢᠯᠡᠨ᠎ᠡ᠃ ᠳᠡᠭᠡᠲᠤ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠨᠢᠭᠡᠳᠤᠯᠲᠠᠢ ᠰᠢᠯᠭᠠᠯᠲᠠ ᠪᠠ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠰᠤᠷᠤᠯᠴᠠᠯᠭ᠎ᠠ ᠶᠢᠨ ᠬᠠᠷᠢᠯᠴᠠᠨ ᠬᠤᠯᠪᠤᠯᠳᠤᠬᠤ ᠡᠷᠴᠢᠮ ᠢ ᠴᠢᠩᠭᠠᠷᠠᠭᠤᠯᠵᠤ᠂ ᠰᠢᠯᠭᠠᠭᠤᠯᠤᠭᠰᠠᠳ ᠤᠨ ᠶᠡᠷᠦᠩᠭᠡᠢ ᠬᠢᠷᠢ ᠪᠦᠲᠦᠮᠵᠢ ᠳᠤ ᠨᠢᠭᠡᠳᠦᠯᠲᠠᠢ ᠰᠢᠯᠭᠠᠯᠲᠠ ᠶᠢᠨ ᠬᠡᠯᠡ ᠪᠢᠴᠢᠭ᠂ ᠲᠤᠭᠠᠨ ᠤ ᠤᠬᠠᠭᠠᠨ᠂ ᠭᠠᠳᠠᠭᠠᠲᠤ ᠬᠡᠯᠡ ᠵᠡᠷᠭᠡ ᠭᠤᠷᠪᠠᠨ ᠬᠢᠴᠢᠶᠡᠯ ᠲᠦᠷᠦᠯ ᠤᠨ ᠬᠢᠷᠢ ᠪᠦᠲᠦᠮᠵᠢ ᠪᠤᠯᠤᠨ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠲᠠ ᠶᠢᠨ 3 ᠬᠢᠴᠢᠶᠡᠯ ᠲᠦᠷᠦᠯ ᠤᠨ ᠬᠢᠷᠢ ᠪᠦᠲᠦᠮᠵᠢ ᠶᠢ ᠪᠤᠳᠤᠵᠤ ᠤᠷᠤᠭᠤᠯᠤᠨ᠎ᠠ᠃ ᠨᠢᠭᠡᠳᠤᠯᠲᠠᠢ ᠰᠢᠯᠭᠠᠯᠲᠠ ᠶᠢᠨ ᠰᠢᠯᠭᠠᠬᠤ ᠲᠦᠷᠦᠯ ᠵᠦᠢᠯ ᠳᠤ ᠬᠡᠯᠡ ᠪᠢᠴᠢᠭ᠂ ᠲᠤᠭᠠᠨ ᠤ ᠤᠬᠠᠭᠠᠨ᠂ ᠭᠠᠳᠠᠭᠠᠲᠤ ᠬᠡᠯᠡ ᠨᠢ ᠬᠤᠪᠢᠷᠠᠬᠤ ᠦᠭᠡᠢ᠂ ᠬᠤᠪᠢ ᠶᠢᠨ ᠦᠷᠲᠡᠭ ᠴᠤ ᠬᠤᠪᠢᠷᠠᠬᠤ ᠦᠭᠡᠢ᠃ ᠨᠡᠶᠢᠭᠡᠮ ᠤᠨ ᠪᠠ ᠪᠠᠶᠢᠭᠠᠯᠢ ᠶᠢᠨ ᠰᠢᠨᠵᠢᠯᠡᠭᠡᠨ ᠤ ᠲᠦᠷᠦᠯ ᠵᠦᠢᠯ ᠬᠡᠵᠤ ᠬᠤᠪᠢᠶᠠᠬᠤ ᠦᠭᠡᠢ᠂ ᠭᠠᠳᠠᠭᠠᠲᠤ ᠬᠡᠯᠡᠨ ᠤ ᠬᠢᠴᠢᠶᠡᠯ ᠤᠨ ᠰᠢᠯᠭᠠᠯᠲᠠ ᠳᠤ ᠬᠤᠶᠠᠷ ᠤᠳᠠᠭ᠎ᠠ ᠤᠷᠤᠯᠴᠠᠵᠤ ᠪᠤᠯᠬᠤ ᠠᠵᠠ ᠲᠤᠬᠢᠶᠠᠯ ᠤᠯᠭᠤᠨ᠎ᠠ᠃ ᠶᠡᠷᠦᠩᠭᠡᠢ ᠬᠢᠷᠢ ᠪᠦᠲᠦᠮᠵᠢ ᠳᠤ ᠪᠤᠳᠤᠵᠤ ᠤᠷᠤᠭᠤᠯᠬᠤ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠲᠠ ᠶᠢᠨ ᠬᠢᠴᠢᠶᠡᠯ ᠲᠦᠷᠦᠯ ᠳᠤ ᠰᠢᠯᠭᠠᠭᠤᠯᠤᠭᠰᠠᠳ ᠨᠡᠷ᠎ᠡ ᠮᠡᠳᠡᠭᠦᠯᠵᠤ ᠰᠢᠯᠭᠠᠭᠤᠯᠤᠭᠰᠠᠨ ᠳᠡᠭᠡᠲᠤ ᠵᠡᠷᠭᠡ ᠶᠢᠨ ᠰᠤᠷᠭᠠᠭᠤᠯᠢ ᠶᠢᠨ ᠱᠠᠭᠠᠷᠳᠠᠯᠭ᠎ᠠ ᠪᠤᠯᠤᠨ ᠦᠪᠡᠷ ᠤᠨ ᠦᠪᠡᠷᠮᠢᠴᠡ ᠤᠴᠠᠯᠢᠭ ᠢᠶᠠᠨ ᠦᠨᠳᠦᠰᠦᠯᠡᠨ᠂ ᠦᠵᠡᠯ ᠰᠠᠨᠠᠭ᠎ᠠ ᠤᠯᠤᠰ ᠲᠦᠷᠦ᠂ ᠲᠡᠤᠭᠡ᠂ ᠭᠠᠵᠠᠷ ᠵᠦᠢ᠂ ᠬᠢᠮᠢ᠂ ᠹᠢᠽᠢᠺ᠂ ᠠᠮᠢᠳᠤ ᠪᠤᠳᠠᠰ ᠵᠡᠷᠭᠡ ᠬᠢᠴᠢᠶᠡᠯ ᠲᠦᠷᠦᠯ ᠳᠤᠲᠤᠷ᠎ᠠ ᠠᠴᠠ ᠦᠪᠡᠷ ᠢᠶᠠᠨ ᠰᠤᠩᠭᠤᠯᠲᠠ ᠬᠢᠨ᠎ᠠ᠃        2. ᠰᠤᠷᠤᠭᠴᠢ ᠡᠯᠰᠡᠬᠦ ᠲᠤᠭᠲᠠᠴᠠ ᠶᠢ ᠦᠭᠡᠷᠡᠴᠯᠡᠨ᠎ᠡ᠃ ᠨᠢᠭᠡᠳᠤᠯᠲᠠᠢ ᠰᠢᠯᠭᠠᠯᠲᠠ ᠪᠤᠯᠤᠨ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠲᠠ ᠶᠢᠨ ᠬᠢᠷᠢ ᠲᠦᠪᠰᠢᠨ ᠤ ᠰᠢᠯᠭᠠᠯᠲᠠ ᠶᠢᠨ ᠬᠢᠷᠢ ᠪᠦᠲᠦᠮᠵᠢ ᠳᠤ ᠰᠠᠭᠤᠷᠢᠯᠠᠵᠤ᠂ ᠶᠡᠷᠦᠩᠭᠡᠢ ᠬᠡᠪ ᠴᠢᠨᠠᠷ ᠤᠨ ᠦᠨᠡᠯᠡᠯᠲᠡ ᠪᠠᠷ ᠯᠠᠪᠯᠠᠯᠲᠠ ᠪᠤᠯᠭᠠᠭᠰᠠᠨ ᠤᠯᠠᠨ ᠡᠰᠢᠴᠢᠯᠡᠭᠰᠡᠨ ᠰᠤᠷᠤᠭᠴᠢ ᠡᠯᠰᠡᠬᠦ ᠲᠤᠭᠲᠠᠴᠠ ᠶᠢ ᠰᠦᠪᠡᠭᠴᠢᠯᠡᠨ᠎ᠡ᠃ ᠳᠡᠭᠡᠲᠤ ᠵᠡᠷᠭᠡ ᠶᠢᠨ ᠰᠤᠷᠭᠠᠭᠤᠯᠢ ᠨᠤᠭᠤᠳ ᠰᠤᠷᠭᠠᠭᠤᠯᠢ ᠡᠷᠬᠢᠯᠡᠬᠦ ᠪᠠᠶᠢᠷᠢ ᠲᠤᠭᠲᠠᠭᠠᠯᠲᠠ ᠪᠤᠯᠤᠨ ᠲᠤᠰᠬᠠᠢ ᠮᠡᠷᠭᠡᠵᠢᠯ ᠤᠨ ᠬᠦᠮᠦᠨ ᠬᠦᠮᠦᠵᠢᠬᠦᠯᠬᠦ ᠬᠠᠷᠠᠯᠲᠠ ᠪᠠᠨ ᠦᠨᠳᠦᠰᠦᠯᠡᠨ᠂ ᠰᠢᠯᠭᠠᠭᠤᠯᠤᠭᠰᠠᠳ ᠤᠨ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠰᠤᠷᠤᠯᠭ᠎ᠠ ᠶᠢᠨ ᠲᠦᠪᠰᠢᠨ ᠤ ᠰᠢᠯᠭᠠᠯᠲᠠ ᠶᠢᠨ ᠬᠢᠴᠢᠶᠡᠯ ᠲᠦᠷᠦᠯ ᠢᠶᠠᠨ ᠦᠨᠳᠦᠰᠦᠯᠡᠨ ᠨᠡᠷ᠎ᠡ ᠮᠡᠳᠡᠭᠦᠯᠵᠤ ᠰᠢᠯᠭᠠᠭᠤᠯᠤᠭᠰᠠᠨ ᠱᠠᠭᠠᠷᠳᠠᠯᠭ᠎ᠠ ᠪᠤᠯᠤᠨ ᠶᠡᠷᠦᠩᠭᠡᠢ ᠬᠡᠪ ᠴᠢᠨᠠᠷ ᠤᠨ ᠦᠨᠡᠯᠡᠯᠲᠡ ᠶᠢ ᠶᠠᠭᠠᠬᠢᠵᠤ ᠡᠰᠢᠯᠡᠵᠤ ᠠᠰᠢᠭᠯᠠᠬᠤ ᠲᠤᠬᠠᠢ ᠠᠷᠭ᠎ᠠ ᠶᠢ ᠰᠤᠳᠤᠯᠤᠨ ᠲᠤᠭᠲᠠᠭᠠᠵᠤ ᠨᠡᠶᠢᠭᠡᠮ ᠳᠤ ᠤᠷᠢᠳᠴᠢᠯᠠᠨ ᠢᠯᠡ ᠨᠡᠶᠢᠲᠡᠯᠡᠨ᠎ᠡ        3. ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠦᠷᠨᠢᠭᠦᠯᠦᠨ᠎ᠡ᠃ ᠨᠢᠭᠡᠳᠦᠯᠲᠠᠢ ᠲᠦᠯᠦᠪᠵᠢᠬᠦᠯᠬᠦ᠂ ᠲᠤᠷᠰᠢᠯᠲᠠ ᠶᠢᠨ ᠠᠵᠢᠯ ᠢ ᠤᠷᠢᠳᠠᠪᠡᠷ ᠶᠠᠪᠤᠭᠳᠠᠭᠤᠯᠬᠤ᠂ ᠠᠯᠬᠤᠮ ᠬᠤᠪᠢᠶᠠᠨ ᠬᠡᠷᠡᠭᠵᠢᠬᠦᠯᠬᠦ᠂ ᠳᠡᠰ ᠳᠠᠷᠠᠭ᠎ᠠ ᠲᠠᠢ ᠪᠠᠷ ᠠᠬᠢᠭᠤᠯᠬᠤ ᠵᠠᠷᠴᠢᠮ ᠢᠶᠠᠷ᠂ ᠨᠦᠬᠦᠴᠡᠯ ᠲᠠᠢ ᠮᠤᠵᠢ ︵ᠬᠤᠲᠠ︶ ᠶᠢ ᠰᠤᠩᠭᠤᠵᠤ ᠨᠢᠭᠡᠳᠦᠯᠲᠠᠢ ᠰᠢᠯᠭᠠᠯᠲᠠ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠦᠷᠨᠢᠭᠦᠯᠦᠨ᠎ᠡ᠃ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠴᠠᠭ ᠲᠤᠬᠠᠢ ᠳᠤ ᠨᠢ ᠲᠡᠭᠦᠯᠳᠡᠷᠵᠢᠭᠦᠯᠤᠨ ᠳ᠋ᠦᠩᠨᠡᠵᠤ᠂ ᠶᠡᠷᠦᠩᠭᠡᠶᠢᠯᠡᠭᠰᠡᠨ ᠦᠭᠡᠷᠡᠴᠢᠯᠡᠯᠲᠡ ᠪᠠᠷ ᠳᠠᠮᠵᠢᠨ᠂ ᠨᠠᠮ ᠤᠨ ᠰᠤᠷᠭᠠᠨ ᠬᠦᠮᠦᠵᠢᠯ ᠤᠨ ᠴᠢᠭᠯᠡᠯᠲᠡ ᠶᠢ ᠨᠡᠩ ᠰᠠᠶᠢᠲᠤᠷ ᠲᠤᠤᠱᠯᠠᠭᠤᠯᠵᠤ᠂ ᠬᠡᠪ ᠴᠢᠨᠠᠷ ᠤᠨ ᠰᠤᠷᠭᠠᠨ ᠬᠦᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠦᠨ᠂ ᠰᠤᠷᠤᠭᠴᠢ ᠶᠢᠨ ᠰᠤᠩᠭᠤᠯᠲᠠ ᠬᠢᠬᠦ ᠶᠢ ᠨᠡᠮᠡᠭᠳᠡᠬᠦᠯᠵᠤ᠂ ᠰᠤᠷᠤᠭᠴᠢ ᠶᠢᠨ ᠰᠢᠯᠭᠠᠯᠲᠠ ᠶᠢᠨ ᠳᠠᠷᠤᠭᠠᠰᠤ ᠶᠢ ᠦᠨᠡᠨᠬᠦ ᠬᠦᠩᠭᠡᠷᠡᠭᠦᠯᠦᠨ᠂ ᠰᠤᠷᠤᠭᠴᠢ ᠶᠢ ᠪᠦᠬᠦ ᠲᠠᠯ᠎ᠠ ᠪᠠᠷ ᠬᠦᠭᠵᠢᠭᠦᠯᠬᠦ ᠮᠦᠷᠲᠡᠭᠡᠨ ᠪᠠᠰᠠ ᠦᠪᠡᠷᠮᠢᠴᠡ ᠴᠢᠳᠠᠪᠤᠷᠢ ᠲᠠᠢ ᠪᠤᠯᠭᠠᠨ ᠬᠦᠮᠦᠵᠢᠭᠦᠯᠬᠦ ᠶᠢ ᠠᠬᠢᠭᠤᠯᠤᠨ᠎ᠠ᠃ 2014 ᠤᠨ ᠳᠤ ᠱᠠᠩᠬᠠᠢ ᠬᠤᠲᠠ᠂ ᠵᠧᠵᠢᠶᠠᠩ ᠮᠤᠵᠢ ᠲᠤᠰ ᠪᠦᠷᠢ ᠨᠢᠭᠡᠳᠦᠯᠲᠠᠢ ᠰᠢᠯᠭᠠᠯᠲᠠ ᠶᠢᠨ ᠶᠡᠷᠦᠩᠭᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠦᠰᠦᠯ ᠢ ᠲᠤᠭᠲᠠᠭᠠᠵᠤ᠂ 2014 ᠤᠨ ᠤ ᠨᠠᠮᠤᠷ ᠤᠨ ᠤᠯᠠᠷᠢᠯ ᠤᠨ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠨᠢᠭᠡᠳᠦᠭᠡᠷ ᠤᠨ ᠤ ᠰᠤᠷᠤᠭᠴᠢ ᠠᠴᠠ ᠡᠬᠢᠯᠡᠵᠤ ᠬᠡᠷᠡᠭᠵᠢᠬᠦᠯᠦᠨ᠎ᠡ᠃ ᠲᠤᠷᠰᠢᠯᠲᠠ ᠶᠢᠨ ᠴᠡᠭ ᠢᠶᠠᠷ ᠪᠤᠰᠤᠳ ᠮᠤᠵᠢ ︵ᠦᠪᠡᠷᠲᠡᠭᠡᠨ ᠵᠠᠰᠠᠬᠤ ᠤᠷᠤᠨ᠂ ᠬᠤᠳᠠ︶ ᠶᠢᠨ ᠬᠢᠨ ᠤ ᠨᠢᠭᠡᠳᠦᠯᠲᠠᠢ ᠰᠢᠯᠭᠠᠯᠲᠠ ᠶᠢᠨ ᠦᠭᠡᠷᠡᠴᠢᠯᠡᠯᠲᠡ ᠶᠢ ᠬᠢᠬᠦ ᠳᠤ ᠬᠡᠷᠡᠴᠢ ᠪᠠᠷᠢᠮᠲᠠ ᠪᠤᠯᠭᠠᠨ᠎ᠠ᠃        ᠭᠤᠷᠪᠠ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ        ︵ᠨᠢᠬᠡ︶ ᠬᠡᠷᠡᠭᠵᠢᠬᠦᠯᠬᠦ ᠲᠦᠰᠦᠯ ᠢ ᠨᠡᠷᠢᠯᠢᠭ᠌ᠵᠢᠭᠤᠯᠤᠨ᠎ᠠ᠃ ᠡᠯ᠎ᠡ ᠭᠠᠵᠠᠷ ᠤᠷᠤᠨ ᠤ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠰᠢᠯᠭᠠᠯᠲᠠ ᠬᠢᠵᠤ ᠰᠤᠷᠤᠭᠴᠢ ᠡᠯᠰᠡᠬᠦ ᠳᠦᠷᠢᠮ ᠤᠨ ᠦᠭᠡᠷᠡᠴᠢᠯᠡᠯᠲᠡ ᠶᠢ ᠴᠢᠬᠤᠯᠠᠴᠢᠯᠠᠨ᠂ ᠤᠳᠦᠷᠢᠳᠤᠯᠭ᠎ᠠ ᠪᠠᠨ ᠦᠨᠡᠨᠬᠦ ᠴᠢᠩᠭᠠᠳᠬᠠᠨ᠎ᠠ᠃ ᠰᠤᠷᠭᠠᠨ ᠬᠦᠮᠦᠵᠢᠯ ᠤᠨ ᠶᠠᠮᠤᠨ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠲᠦᠭᠦᠷᠵᠢᠭᠰᠡᠨ ᠪᠢᠴᠢᠭ ᠮᠠᠲ᠋ᠧᠷᠢᠶᠠᠯ ᠢ ᠳᠠᠷᠦ᠋ᠢᠬᠠᠨ ᠰᠤᠳᠤᠯᠤᠨ ᠲᠤᠭᠲᠠᠭᠠᠨ᠎ᠠ᠃ ᠡᠯ᠎ᠡ ᠮᠤᠵᠢ ︵ᠦᠪᠡᠷᠲᠡᠭᠡᠨ ᠵᠠᠰᠠᠬᠤ ᠤᠷᠤᠨ᠂ ᠬᠤᠲᠠ︶ ᠲᠤᠰ ᠭᠠᠵᠠᠷ ᠤᠷᠤᠨ ᠤ ᠪᠠᠨ ᠪᠤᠳᠠᠲᠤ ᠪᠠᠶᠢᠳᠠᠯ ᠲᠠᠢ ᠤᠶᠠᠯᠳᠤᠭᠤᠯᠤᠨ᠂ ᠰᠢᠯᠭᠠᠯᠲᠠ ᠬᠢᠵᠤ ᠰᠤᠷᠤᠭᠴᠢ ᠡᠯᠰᠡᠬᠦ ᠳᠦᠷᠢᠮ ᠤᠨ ᠦᠭᠡᠷᠡᠴᠢᠯᠡᠯᠲᠡ ᠶᠢ ᠬᠡᠷᠡᠭᠵᠢᠬᠦᠯᠬᠦ ᠲᠦᠰᠦᠯ ᠢ ᠲᠤᠭᠲᠠᠭᠠᠵᠤ᠂ ᠰᠤᠷᠭᠠᠨ ᠬᠦᠮᠦᠵᠢᠯ ᠤᠨ ᠶᠠᠮᠤᠨ ᠳᠤ ᠮᠡᠳᠡᠭᠦᠯᠦᠭᠰᠡᠨ ᠤ ᠳᠠᠷᠠᠭ᠎ᠠ ᠨᠡᠶᠢᠭᠡᠮ ᠳᠤ ᠨᠡᠶᠢᠲᠡᠯᠡᠨ᠎ᠡ᠃        ︵ᠬᠤᠶᠠᠷ︶ ᠡᠮᠬᠢ ᠳᠠᠷᠠᠭ᠎ᠠ ᠲᠠᠢ ᠪᠠᠷ ᠠᠬᠢᠭᠤᠯᠵᠤ ᠬᠡᠷᠡᠭᠵᠢᠬᠦᠯᠦᠨ᠎ᠡ᠃ ᠰᠤᠷᠭᠠᠨ ᠬᠦᠮᠦᠵᠢᠯ ᠤᠨ ᠦᠶᠡᠯᠡᠯ ᠤᠨ ᠬᠤᠭᠤᠴᠠᠭ᠎ᠠ ᠶᠢ ᠭᠦᠢᠴᠡᠳ ᠪᠤᠳᠤᠯᠬᠢᠯᠠᠵᠤ᠂ ᠰᠢᠯᠭᠠᠯᠲᠠ ᠬᠢᠵᠤ ᠰᠤᠷᠤᠭᠴᠢ ᠡᠯᠰᠡᠬᠦ ᠳᠦᠷᠢᠮ ᠤᠨ ᠦᠭᠡᠷᠡᠴᠢᠯᠡᠯᠲᠡ ᠶᠢ ᠬᠡᠷᠡᠭᠵᠢᠬᠦᠯᠬᠦ ᠲᠦᠰᠦᠯ ᠢᠶᠠᠨ ᠤᠷᠢᠳᠴᠢᠯᠠᠨ ᠨᠡᠶᠢᠲᠡᠯᠡᠵᠤ᠂ ᠰᠢᠯᠭᠠᠭᠤᠯᠤᠭᠰᠠᠳ ᠪᠤᠯᠤᠨ ᠨᠡᠶᠢᠭᠡᠮ ᠨᠡᠶᠢᠲᠡ ᠳᠤ ᠲᠤᠲᠤᠷᠬᠠᠢ ᠪᠦᠭᠡᠳ ᠲᠤᠭᠲᠠᠩᠭᠤᠢ ᠵᠢᠱᠢᠯᠲᠡ ᠦᠭᠭᠦᠨ᠎ᠡ᠃ ᠦᠭᠡᠷᠡᠴᠢᠯᠡᠯᠲᠡ ᠶᠢᠨ ᠳᠤᠮᠳᠠ ᠲᠤᠬᠢᠶᠠᠯᠳᠤᠭᠰᠠᠨ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠴᠠᠭ ᠲᠤᠬᠠᠢ ᠳᠤ ᠨᠢ ᠰᠤᠳᠤᠯᠤᠨ ᠲᠤᠭᠲᠠᠭᠠᠵᠤ᠂ ᠲᠤᠷᠰᠢᠯᠭ᠎ᠠ ᠪᠠᠨ ᠲᠠᠰᠤᠷᠠᠯᠲᠠ ᠦᠭᠡᠢ ᠳ᠋ᠦᠩᠨᠡᠵᠤ ᠠᠷᠭ᠎ᠠ ᠪᠠᠷᠢᠯ ᠢᠶᠠᠨ ᠲᠡᠭᠦᠯᠳᠡᠷᠵᠢᠭᠦᠯᠦᠨ ᠲᠤᠬᠢᠷᠠᠭᠤᠯᠤᠨ᠎ᠠ᠃        ︵ᠭᠤᠷᠪᠠ︶ ᠤᠬᠠᠭᠤᠯᠵᠤ ᠵᠢᠯᠤᠭᠤᠳᠬᠤ ᠡᠷᠴᠢᠮ ᠢᠶᠠᠨ ᠴᠢᠩᠭᠠᠷᠠᠭᠤᠯᠤᠨ᠎ᠠ᠃ ᠦᠭᠡᠷᠡᠴᠢᠯᠡᠯᠲᠡ ᠶᠢᠨ ᠲᠦᠰᠦᠯ ᠪᠤᠯᠤᠨ ᠲᠦᠷᠦ ᠶᠢᠨ ᠪᠤᠳᠤᠯᠭ᠎ᠠ ᠶᠢ ᠤᠬᠠᠭᠤᠯᠬᠤ ᠪᠠ ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠨᠡᠶᠢᠲᠡ ᠶᠢᠨ ᠠᠩᠬᠠᠷᠤᠯ ᠲᠦᠪᠯᠡᠷᠡᠯ ᠳᠤ ᠬᠠᠷᠢᠭᠤ ᠲᠤᠰᠬᠠᠯ ᠦᠭᠴᠦ᠂ ᠲᠦᠭᠡᠷᠢᠭᠳᠡᠯ ᠢ ᠠᠷᠢᠯᠭᠠᠨ ᠮᠠᠳᠠᠭ ᠢ ᠲᠠᠶᠢᠯᠪᠤᠷᠢᠯᠠᠵᠤ᠂ ᠬᠠᠮᠲᠤ ᠶᠢᠨ ᠲᠠᠨᠢᠯᠲᠠ ᠪᠠᠨ ᠨᠢᠭᠡᠳᠭᠡᠵᠤ᠂ ᠦᠭᠡᠷᠡᠴᠢᠯᠡᠯᠲᠡ ᠶᠢᠨ ᠤᠷᠤᠭᠰᠢᠲᠠᠢ ᠶᠠᠪᠤᠭᠳᠠᠬᠤ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠦᠷᠢᠯᠳᠦᠬᠦᠯᠦᠨ᠎ᠡ᠃                ᠲᠦᠷᠦ ᠶᠢᠨ ᠶᠠᠪᠤᠳᠠᠯ ᠤᠨ ᠬᠤᠷᠢᠶ᠎ᠠ                2014 ᠤᠨ 9 ᠰᠠᠷ᠎ᠠ ᠶᠢᠨ 3 ᠤ ᠡᠳᠦᠷ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号