︽ᠡᠳᠦᠷᠵᠢᠨ ᠰᠥᠨᠢᠵᠢᠨ︾ ᠨᠣᠮ ᠢ ᠲᠠᠨᠢᠯᠴᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2017-03-10
 
             ᠨᠣᠮ ᠤᠨ ᠨᠡᠷ᠎ᠡ᠄ ︽ᠡᠳᠦᠷᠵᠢᠨ ᠰᠥᠨᠢᠵᠢᠨ︾        ᠵᠣᠬᠢᠶᠠᠭᠴᠢ᠄ ᠺᠤᠰᠲ᠋ᠠᠨᠲ᠋ᠢᠨ ᠰᠢᠮᠦᠨᠤᠧ        ᠬᠡᠪᠯᠡᠭᠳᠡᠭᠰᠡᠨ ᠴᠠᠭ᠄ 2016 ᠣᠨ ᠤ 1 ᠰᠠᠷ᠎ᠠ ᠳᠤ        ᠬᠡᠪᠯᠡᠭᠦᠯᠦᠨ ᠲᠠᠷᠬᠠᠭᠠᠭᠰᠠᠨ ᠨᠢ᠄ ᠥᠪᠥᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ        ᠥᠰᠦᠭ ᠤᠨ ᠲᠤᠭ᠎ᠠ᠄ 362 ᠮᠢᠩᠭ᠎ᠠ        ᠦᠨ᠎ᠡ᠄ 52.00 ᠲᠥᠭᠦᠷᠢᠭ        ᠲᠠᠨᠢᠯᠴᠠᠭᠤᠯᠤᠭᠰᠠᠨ ᠨᠢ᠄ ᠰᠢᠨᠬᠤᠧᠠ ᠮᠤᠩᠭᠤᠯ ᠨᠧᠲ        ᠢᠮᠢᠨ ᠤ ᠣᠷᠴᠢᠭᠤᠯᠤᠭᠰᠠᠨ ︽ᠡᠳᠦᠷᠵᠢᠨ ᠰᠥᠨᠢᠵᠢᠨ︾ ᠬᠡᠮᠡᠬᠦ ᠨᠣᠮ ᠣᠷᠴᠢᠮᠬᠠᠨ ᠥᠪᠥᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶᠠᠨ ᠠᠴᠠ ᠬᠡᠪᠯᠡᠭᠳᠡᠨ ᠭᠠᠷᠴᠤ᠂ ᠤᠩᠰᠢᠭᠴᠢ ᠳᠠ ᠪᠦᠬᠦᠨ ᠤ ᠪᠠᠨ ᠬᠠᠯᠠᠭᠤᠨ ᠠᠯᠠᠭᠠᠨ ᠳᠤ ᠳᠡᠯᠭᠡᠭᠳᠡᠬᠦ ᠪᠣᠯᠤᠯ᠎ᠠ᠃ ᠲᠣᠰ ᠨᠣᠮ ︽ᠰᠲ᠋ᠠᠯᠢᠩᠭ᠍ᠷᠠᠳ᠋ ᠲᠤ ᠪᠣᠯᠤᠭᠰᠠᠨ ᠪᠠᠭᠠᠲᠤᠷᠯᠢᠭ ᠲᠤᠯᠤᠯᠳᠤᠭᠠᠨ ᠢ ᠨᠢᠳᠦ ᠪᠠᠷ ᠦᠵᠡᠭᠰᠡᠨ ᠤ ᠠᠮᠢᠳᠤ ᠪᠠᠷᠢᠮᠲᠠ︾ ᠭᠡᠮᠡᠨ ᠨᠡᠷᠡᠯᠡᠭᠳᠡᠵᠠᠢ᠃ ᠳᠤᠰ ᠪᠦᠳᠦᠬᠡᠯ ᠢᠶᠠᠷ ᠢᠶᠠᠨ ᠵᠣᠬᠢᠶᠠᠭᠴᠢ ᠺᠣᠰᠲ᠋ᠠᠨᠲ᠋ᠢᠨ ᠰᠢᠮᠤᠨᠤᠧ 1946 ᠣᠨ ᠳᠤ ᠰᠲ᠋ᠠᠯᠢᠨ ᠤ ᠨᠡᠷᠡᠮᠵᠢᠲᠦ ᠱᠠᠩᠨᠠᠯ ᠢ ᠭᠥᠷᠳᠡᠭᠰᠡᠨ ᠪᠢᠯᠡ᠃ ᠹᠠᠱᠢᠰ ᠢ ᠡᠰᠡᠷᠭᠦᠴᠡᠬᠦ ᠳᠠᠶᠢᠨ ᠤ ᠢᠯᠠᠯᠲᠠ ᠶᠢᠨ ᠳᠠᠯᠠᠨ ᠵᠢᠯ ᠤᠨ ᠣᠢ ᠰᠠᠶ᠋᠊ᠢᠬᠠᠨ ᠪᠣᠯᠵᠤ ᠦᠩᠬᠡᠷᠡᠭᠰᠡᠨ ᠡᠨᠡᠬᠦ ᠳᠠᠰᠢᠷᠠᠮ ᠳᠤ ᠲᠣᠰ ᠨᠣᠮ ᠳᠠᠬᠢᠨ ᠬᠡᠪᠯᠡᠭᠳᠡᠭᠰᠡᠨ ᠨᠢ ᠦᠨᠡᠨ ᠪᠣᠳᠠᠲᠤ ᠠᠴᠢ ᠬᠤᠯᠪᠣᠭᠳᠠᠯ ᠲᠠᠢ ᠶᠤᠮ᠃        ᠲᠣᠰ ᠷᠣᠮᠠᠨ ᠤ ᠵᠣᠬᠢᠶᠠᠭᠴᠢ ᠺᠣᠰᠲ᠋ᠠᠨᠲ᠋ᠢᠨ ᠰᠢᠮᠤᠨᠤᠧ ᠪᠣᠯ ᠡᠭᠡ ᠣᠷᠣᠨ ᠤ ᠪᠠᠨ ᠠᠭᠤᠤ ᠳᠠᠶᠢᠨ ᠤ ᠠᠩᠬᠠᠨ ᠤ ᠡᠳᠦᠷ ᠠᠴᠠ ᠡᠬᠢᠯᠡᠭᠡᠳ ᠲᠡᠭᠦᠰᠬᠡᠯ ᠤᠨ ᠢᠯᠠᠯᠲᠠ ᠶᠢᠨ ᠡᠳᠦᠷ ᠬᠦᠷᠲᠡᠯ᠎ᠡ ᠳᠠᠶᠢᠨ ᠳᠤ ᠣᠷᠣᠯᠴᠠᠵᠤ᠂ ︽ᠤᠯᠠᠭᠠᠨ ᠣᠳᠣ︾ ᠰᠣᠨᠢᠨ ᠤ ᠴᠡᠷᠢᠭ ᠤᠨ ᠰᠤᠷᠪᠤᠯᠵᠢᠯᠠᠭᠴᠢ ᠶᠢᠨ ᠬᠤᠪᠢ ᠪᠠᠷ ᠣᠷᠣᠯᠴᠠᠨ᠂ ᠳᠠᠳ᠋ ᠬᠤᠷᠠᠩᠳᠠ ᠴᠣᠯᠠ ᠲᠠᠢ ᠪᠣᠯᠲᠠᠯ᠎ᠠ ᠪᠠᠨ ᠲᠡᠪᠰᠢᠨ ᠠᠵᠢᠯᠯᠠᠵᠤ ᠶᠠᠪᠤᠵᠠᠢ᠃ ᠵᠣᠬᠢᠶᠠᠭᠴᠢ ᠥᠷᠭᠡᠨ ᠶᠡᠭᠡ ᠠᠯᠳᠠᠷ ᠢ ᠣᠯᠤᠭᠰᠠᠨ ᠮᠥᠷᠲᠡᠭᠡᠨ ᠲᠡᠭᠦᠨ ᠤ ᠳᠣᠭᠤᠵᠢ᠂ ᠦᠭᠦᠯᠡᠯᠭᠡ᠂ ᠨᠠᠶᠢᠷᠠᠭᠤᠯᠤᠯ᠂ ᠵᠦᠴᠦᠭᠡ ᠶᠢᠨ ᠵᠣᠬᠢᠶᠠᠯ᠂ ᠤᠶᠠᠩᠭ᠎ᠠ ᠶᠢᠨ ᠰᠢᠯᠦᠭ ᠵᠡᠷᠭᠡ ᠮᠠᠰᠢ ᠣᠯᠠᠨ ᠤᠷᠠᠨ ᠪᠦᠲᠦᠭᠡᠯ ᠤᠳ ᠨᠢ ᠪᠥᠬᠦ ᠵᠥᠪᠯᠡᠯᠳᠦ ᠣᠷᠣᠨ ᠳᠤ ᠣᠯᠠᠨ ᠵᠦᠢᠯ ᠤᠨ ᠱᠠᠩᠨᠠᠯ ᠢ ᠭᠥᠷᠳᠡᠭᠰᠡᠨ ᠶᠤᠮ᠃ ᠲᠡᠭᠦᠨ ᠤ ᠡᠨᠡᠬᠦ ᠪᠦᠲᠦᠭᠡᠯ ︽ᠡᠳᠦᠷᠵᠢᠨ ᠰᠥᠨᠢᠵᠢᠨ︾ ᠭᠡᠬᠦ ᠨᠣᠮ ᠨᠢ ᠮᠠᠰᠢ ᠠᠮᠢᠳᠤᠯᠢᠭ ᠪᠣᠳᠠᠲᠠᠢ᠂ ᠨᠥᠯᠦᠭᠡᠯᠡᠬᠦ ᠬᠦᠴᠦᠨ ᠪᠠ ᠢᠲᠡᠭᠡᠭᠦᠯᠬᠦ ᠬᠦᠴᠦᠨ ᠢᠶᠠᠷ ᠴᠢᠩᠭ᠎ᠠ ᠣᠨᠴᠠᠯᠢᠭ ᠲᠠᠢ᠃
       ︽ᠡᠳᠦᠷᠵᠢᠨ ᠰᠥᠨᠢᠵᠢᠨ︾ ᠨᠢ 1942-1943 ᠣᠨ ᠳᠤ ᠪᠢᠴᠢᠭᠳᠡᠵᠦ᠂ ᠳᠠᠶᠢᠨ ᠤ ᠹᠷᠣᠨᠲ ᠲᠠᠬᠢ ᠪᠠᠶᠢᠯᠳᠤᠭᠴᠢ ᠠᠩᠭᠢ ᠶᠢᠨ ᠠᠮᠢᠳᠤᠷᠠᠯ᠂ ᠳᠠᠶᠢᠨ ᠤ ᠲᠠᠯᠠᠪᠤᠷ ᠤᠨ ᠪᠠᠶᠢᠳᠠᠯ᠂ ᠳᠠᠶᠢᠨ ᠤ ᠥᠩᠭᠡᠷᠡᠯᠲᠡ ᠶᠢ ᠨᠠᠷᠢᠯᠢᠭ ᠳᠦᠷᠰᠦᠯᠡᠨ ᠲᠣᠭᠠᠴᠢᠵᠤ᠂ ᠰᠠᠪᠦ᠋ᠷᠦᠪ᠂ ᠮᠡᠰᠯᠧᠠᠨᠢᠺᠤᠪ᠂ ᠫᠷᠣᠼᠧᠨᠺᠦ ᠵᠡᠷᠭᠡ ᠣᠯᠠᠨ ᠤᠯᠠᠭᠠᠨ ᠴᠡᠷᠢᠭ ᠤᠨ ᠳᠠᠷᠤᠭ᠎ᠠ ᠪᠠᠶᠢᠯᠳᠤᠭᠴᠢ ᠶᠢᠨ ᠡᠷᠡᠯᠬᠡᠭ ᠪᠠᠭᠠᠲᠤᠷᠯᠢᠭ ᠭᠡᠪ ᠲᠥᠷᠬᠦ ᠶᠢ ᠱᠣᠭᠤᠵᠤ ᠪᠦᠲᠦᠭᠡᠭᠰᠡᠨ ᠢᠶᠠᠷ ᠥᠯᠥ ᠪᠠᠷᠠᠮ᠂ ᠲᠤᠬᠠᠢ ᠶᠢᠨ ᠦᠶ᠎ᠡ ᠳᠠᠬᠢ ᠵᠥᠪᠯᠡᠯᠲᠦ ᠶᠢᠨ ᠤᠯᠠᠭᠠᠨ ᠴᠡᠷᠢᠭ ᠤᠨ ᠹᠠᠱᠢᠰ ᠤᠨ ᠲᠦᠷᠢᠮᠡᠬᠡᠶᠢᠯᠡᠯ ᠢ ᠡᠰᠡᠷᠭᠦᠴᠡᠵᠦ᠂ ᠡᠭᠡ ᠣᠷᠣᠨ ᠢᠶᠠᠨ ᠬᠠᠮᠠᠭᠠᠯᠠᠬᠤ᠂ ᠡᠷᠬᠡ ᠴᠢᠯᠦᠭᠡ᠂ ᠡᠩᠬᠡ ᠲᠠᠶᠢᠪᠤᠩ ᠠᠮᠢᠳᠤᠷᠠᠯ ᠢᠶᠠᠨ ᠬᠠᠮᠠᠭᠠᠯᠠᠬᠤ ᠶᠢᠨ ᠳᠥᠯᠥᠭᠡ ᠡᠷᠬᠢᠮ ᠠᠮᠢ ᠪᠠᠨ ᠵᠣᠷᠢᠭᠤᠯᠬᠤ ᠠᠴᠠ ᠴᠤ ᠲᠠᠲᠠᠭᠠᠯᠵᠠᠬᠤ ᠦᠭᠡᠢ ᠡᠷᠡᠮᠡᠭᠡᠢ ᠵᠣᠷᠢᠭ ᠢ ᠵᠢᠷᠤᠭᠯᠠᠭᠰᠠᠨ ᠶᠤᠮ᠃ ᠲᠣᠰ ᠷᠣᠮᠠᠨ ᠨᠢ ᠳᠠᠶᠢᠨ ᠤ ᠰᠡᠳᠦᠪᠲᠦ ᠤᠷᠠᠨ ᠪᠦᠲᠦᠭᠡᠯ ᠪᠣᠯᠤᠭᠰᠠᠨ ᠤ ᠬᠤᠪᠢ ᠳᠤ ᠥᠪᠡᠷ ᠤᠨ ᠭᠡᠰᠡᠨ ᠠᠭᠤᠯᠭ᠎ᠠ ᠬᠢᠭᠡᠳ ᠭᠡᠪ ᠨᠠᠮᠪᠠ ᠲᠠᠢ᠃ ᠠᠭᠤᠯᠭ᠎ᠠ ᠶᠢᠨ ᠬᠤᠪᠢ ᠳᠤ ᠤᠩᠰᠢᠭᠴᠢᠳ ᠲᠤ ᠰᠢᠳᠤᠷᠭᠤ ᠶᠣᠰᠣᠨ ᠢ ᠬᠠᠮᠠᠭᠠᠯᠠᠵᠤ᠂ ᠲᠡᠷᠰᠯᠡᠭᠦᠦ ᠮᠠᠭᠤ ᠲᠠᠢ ᠲᠡᠮᠡᠴᠡᠬᠦ ᠬᠦᠴᠦᠨ ᠴᠢᠳᠠᠯ ᠢ ᠣᠯᠭᠤᠵᠤ ᠴᠢᠳᠠᠳᠠᠭ᠃ ᠡᠨᠡ ᠨᠢ ᠶᠣᠰᠣ ᠰᠤᠷᠲᠠᠬᠤᠨ ᠢᠶᠠᠷ ᠭᠤᠣᠯ ᠰᠡᠳᠦᠪ ᠪᠣᠯᠭᠠᠭᠰᠠᠨ ᠥᠨᠥᠳᠥᠷ ᠲᠠᠢ ᠮᠥᠨ ᠤᠶᠠᠯᠳᠤᠵᠤ ᠴᠢᠳᠠᠳᠠᠭ᠃ ᠭᠡᠪ ᠨᠠᠮᠪᠠ ᠶᠢᠨ ᠬᠤᠪᠢ ᠳᠤ ᠠᠪᠴᠤ ᠬᠡᠯᠡᠪᠡᠯ᠂ ᠳᠠᠶᠢᠨ ᠪᠠᠶᠢᠯᠳᠤᠭᠠᠨ ᠤ ᠲᠠᠯᠠᠪᠤᠷ ᠲᠠᠬᠢ ᠬᠠᠷᠠᠰᠠᠯᠲᠤ ᠪᠠᠶᠢᠳᠠᠯ ᠪᠠ ᠳᠠᠶᠢᠨ ᠤ ᠬᠠᠳᠠᠭᠤ ᠰᠢᠷᠦᠭᠦᠨ ᠪᠠᠶᠢᠳᠠᠯ ᠨᠢ ᠡᠷᠡᠯᠬᠡᠭ ᠪᠠᠭᠠᠲᠤᠷᠯᠢᠭ ᠴᠡᠷᠢᠭ ᠪᠠᠶᠢᠯᠳᠤᠭᠴᠢᠳ ᠤᠨ ᠭᠡᠪ ᠲᠥᠷᠬᠦ ᠶᠢ ᠳᠣᠪᠤᠶᠢᠯᠭᠠᠬᠤ ᠲᠠᠢ ᠮᠥᠨ ᠤᠶᠠᠯᠳᠤᠵᠤ ᠴᠢᠳᠠᠭᠰᠠᠨ ᠪᠠᠶᠢᠨ᠎ᠠ᠃        ᠳᠠᠶᠢᠨ ᠪᠠᠶᠢᠯᠳᠤᠭᠠᠨ ᠤ ᠲᠠᠯᠠᠪᠤᠷ ᠲᠠᠬᠢ ᠡᠮᠡᠭᠲᠡᠢ ᠪᠠᠭᠠᠲᠤᠷ ᠠᠨᠢᠶᠠ ᠶᠢᠨ ᠳᠦᠷᠢ ᠶᠢ ᠴᠤ ᠰᠠᠶᠢᠬᠠᠨ ᠪᠦᠲᠦᠭᠡᠵᠦ ᠴᠢᠳᠠᠭᠰᠠᠨ ᠶᠤᠮ᠃ ᠷᠣᠮᠠᠨ ᠳᠤ ᠰᠠᠪᠦ᠋ᠷᠦᠪ ᠪᠣᠯᠤᠨ ᠠᠨᠢᠶᠠ ︵ᠰᠤᠪᠢᠯᠠᠭᠴᠢ︶ ᠶᠢᠨ ᠳᠠᠶᠢᠨ ᠤ ᠲᠠᠯᠠᠪᠤᠷ ᠲᠠᠬᠢ ᠬᠠᠶᠢᠷ᠎ᠠ ᠰᠡᠳᠬᠢᠯᠭᠡ ᠪᠠᠷ ᠰᠢᠵᠢᠮᠯᠡᠵᠦ᠂ ᠲᠠᠳᠠ ᠬᠤᠶᠠᠭᠤᠯᠠ ᠶᠢᠨ ᠳᠠᠶᠢᠨ ᠤ ᠲᠠᠯᠠᠪᠤᠷ ᠲᠤ ᠶᠠᠭᠠᠷᠠᠵᠤ ᠬᠠᠶᠡ ᠨᠢᠭᠡ ᠣᠯᠵᠤ ᠤᠴᠠᠷᠠᠬᠤ ᠪᠠ ᠠᠨᠢᠶᠠ ᠶᠢᠨ ᠳᠠᠶᠢᠨ ᠤ ᠲᠠᠯᠠᠪᠤᠷ ᠲᠤ ᠬᠦᠨᠳᠦ ᠰᠢᠷᠬᠠᠲᠤᠭᠰᠠᠨ ᠪᠠ ᠠᠮᠢ ᠨᠢ ᠭᠠᠷᠬᠤ ᠳᠤ ᠬᠡᠴᠡᠭᠦᠦ ᠪᠣᠯᠤᠭᠰᠠᠨ ᠦᠵᠡᠮᠵᠢ ᠵᠢᠷᠤᠭᠯᠠᠯ ᠢ ᠳᠦᠷᠰᠦᠯᠡᠬᠦ ᠪᠠᠷ ᠳᠠᠮᠵᠢᠨ ᠵᠥᠪᠯᠡᠯᠲᠦ ᠶᠢᠨ ᠠᠭᠤᠤ ᠶᠡᠭᠡ ᠴᠢᠯᠦᠭᠡᠯᠡᠯᠲᠡ ᠶᠢᠨ ᠳᠠᠶᠢᠨ ᠤ ᠳᠥᠯᠦᠭᠡ ᠥᠪᠡᠷ ᠤᠨ ᠠᠯᠢᠪᠠ ᠪᠠᠨ ᠵᠣᠷᠢᠭᠤᠯᠤᠭᠰᠠᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠮᠠᠭᠲᠠᠨ ᠳᠠᠭᠤᠯᠠᠭᠰᠠᠨ ᠪᠠᠶᠢᠨ᠎ᠠ᠃ ︽ᠡᠳᠦᠷᠵᠢᠨ ᠰᠥᠨᠢᠵᠢᠨ︾ ᠬᠡᠮᠡᠬᠦ ᠨᠣᠮ ᠪᠣᠯ ᠰᠲ᠋ᠠᠯᠢᠩᠭ᠍ᠷᠠᠳ᠋ ᠤᠨ ᠳᠥᠯᠦᠭᠡ ᠲᠤᠯᠤᠯᠳᠤᠭᠠᠨ ᠳᠤ ᠠᠮᠢ ᠦᠷᠡᠭᠳᠡᠭᠰᠡᠳ ᠤᠨ ᠳᠤᠷᠠᠰᠬᠠᠯ ᠳᠤ ᠵᠣᠷᠢᠭᠤᠯᠠᠨ ᠪᠢᠴᠢᠭᠰᠡᠨ ᠨᠣᠮ ᠪᠣᠯᠬᠤ ᠶᠤᠮ        ᠰᠲ᠋ᠠᠯᠢᠩᠭ᠍ᠷᠠᠳ᠋ ᠤᠨ ᠳᠠᠶᠢᠨ ᠪᠣᠯ ᠳᠡᠯᠡᠬᠡᠢ ᠶᠢᠨ ᠬᠤᠶᠠᠳᠤᠭᠠᠷ ᠳᠠᠶᠢᠨ ᠤ ᠴᠢᠬᠤᠯᠠ ᠪᠠᠶᠢᠯᠳᠤᠭᠠᠨ ᠤ ᠨᠢᠭᠡ ᠮᠥᠨ᠂ ᠲᠣᠰ ᠳᠠᠶᠢᠨ ᠨᠢ ᠵᠥᠪᠯᠡᠯᠲᠦ ᠶᠢᠨ ᠤᠯᠠᠭᠠᠨ ᠴᠡᠷᠢᠭ ᠲᠤ ᠠᠪᠴᠤ ᠬᠡᠯᠡᠪᠡᠯ ᠡᠷᠭᠢᠯᠲᠡ ᠶᠢᠨ ᠴᠢᠨᠠᠷᠲᠠᠢ ᠠᠴᠢ ᠬᠤᠯᠪᠣᠭᠳᠠᠯ ᠲᠠᠢ ᠪᠠᠶᠢᠳᠠᠭ᠃ ᠪᠢᠳᠡ ᠡᠨᠡ ᠬᠦ ᠪᠦᠲᠦᠭᠡᠯ ᠠᠴᠠ ᠰᠲ᠋ᠠᠯᠢᠩᠭ᠍ᠷᠠᠳ᠋ ᠤᠨ ᠪᠠᠶᠢᠯᠳᠤᠭᠠᠨ ᠤ ᠰᠥᠷ ᠳᠠᠯᠠᠶᠢᠴᠠᠲᠠᠢ᠂ ᠥᠷᠨᠢᠭᠦᠨ ᠬᠥᠭᠵᠢᠩᠭᠦᠢ ᠪᠠᠶᠢᠳᠠᠯ ᠬᠢᠭᠡᠳ ᠵᠥᠪᠯᠡᠯᠲᠦ ᠶᠢᠨ ᠠᠷᠠᠳ ᠲᠦᠮᠡᠨ ᠪᠠ ᠴᠡᠷᠢᠭ ᠪᠠᠶᠢᠯᠳᠤᠭᠴᠢ ᠶᠢᠨ ᠹᠠᠱᠢᠰ ᠢ ᠡᠰᠡᠷᠭᠦᠴᠡᠬᠦ ᠠᠭᠤᠤ ᠶᠡᠭᠡ ᠦᠢᠯᠡ ᠠᠵᠢᠯᠯᠠᠭ᠎ᠠ ᠶᠢ ᠮᠠᠳᠠᠵᠤ ᠳᠡᠶᠢᠯᠦᠨ᠎ᠡ᠃
 
ᠢᠷᠡᠯᠲᠡ᠄ ᠰᠢᠨᠬᠤᠧᠠ ᠮᠤᠩᠭᠤᠯ ᠨᠧᠲ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号