ᠪᠦᠭᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠦᠳᠡᠯᠮᠦᠷᠢ ᠶᠢᠨ ᠬᠠᠤᠯᠢ
ᠨᠡᠶᠢᠲᠡᠯᠡᠭᠰᠡᠨ ᠴᠠᠭ᠄
2017-03-15
       ︵1994 ᠣᠨ ᠤ 7 ᠰᠠᠷ᠎ᠠ ᠶᠢᠨ 5 ᠤ ᠡᠳᠦᠷ ᠨᠠᠢᠮᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠢᠮᠠᠳᠤᠭᠠᠷ ᠬᠤᠷᠠᠯᠳᠤᠭᠠᠨ ᠠᠴᠠ ᠪᠠᠲᠤᠯᠠᠪᠠ᠂ 1994 ᠣᠨ ᠤ 7 ᠰᠠᠷ᠎ᠠ ᠶᠢᠨ 5 ᠤ ᠡᠳᠦᠷ ᠪᠦᠭᠦᠲᠡ ᠨᠠᠶᠢᠷᠠᠮᠳᠠᠬᠤ ᠳᠤᠮᠳᠠᠳᠤ ᠠᠷᠠᠳ ᠣᠯᠣᠰ ᠤᠨ ᠲᠡᠷᠢᠭᠦᠯᠡᠭᠴᠢ ᠶᠢᠨ ᠬᠤᠷᠢᠨ ᠨᠠᠢᠮᠠᠳᠣᠭᠠᠷ ᠵᠠᠷᠯᠢᠭ ᠢᠶᠠᠷ ᠨᠡᠶᠢᠲᠡᠯᠡᠪᠡ᠂ 1995 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ︶        ᠭᠠᠷᠴᠠᠭ        ᠨᠢᠭᠡᠳᠦᠭᠡᠷ ᠪᠦᠯᠦᠭ    ᠶᠡᠷᠦᠩᠬᠡᠢ ᠳᠦᠷᠢᠮ        ᠬᠤᠶᠠᠳᠤᠭᠠᠷ ᠪᠦᠯᠦᠭ    ᠠᠵᠢᠯ ᠤᠯᠭᠤᠬᠤ ᠶᠢ ᠠᠬᠢᠭᠤᠯᠬᠤ        ᠭᠤᠷᠪᠠᠳᠤᠭᠠᠷ ᠪᠦᠯᠦᠭ    ᠬᠦᠳᠡᠯᠮᠦᠷᠢ ᠶᠢᠨ ᠭᠡᠷ᠎ᠡ ᠪᠠ ᠬᠠᠮᠲᠤ ᠶᠢᠨ ᠭᠡᠷ᠎ᠡ        ᠲᠦᠷᠪᠡᠳᠦᠭᠡᠷ ᠪᠦᠯᠦᠭ    ᠠᠵᠢᠯᠯᠠᠬᠤ ᠴᠠᠭ ᠪᠠ ᠠᠮᠠᠷᠠᠬᠤ᠂ ᠠᠮᠠᠷᠠᠯᠲᠠ ᠶᠢᠨ ᠴᠢᠯᠤᠭᠡ        ᠲᠠᠪᠤᠳᠤᠭᠠᠷ ᠪᠦᠯᠦᠭ    ᠴᠠᠯᠢᠩ        ᠵᠢᠷᠭᠤᠳᠤᠭᠠᠷ ᠪᠦᠯᠦᠭ    ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ        ᠲᠤᠯᠤᠳᠤᠭᠠᠷ ᠪᠦᠯᠦᠭ    ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠲᠠᠨ ᠤ ᠣᠨᠴᠠᠭᠠᠢ ᠬᠠᠮᠠᠭᠠᠯᠠᠯᠲᠠ        ᠨᠠᠢᠮᠠᠳᠤᠭᠠᠷ ᠪᠦᠯᠦᠭ    ᠠᠵᠢᠯ ᠮᠡᠷᠭᠡᠵᠢᠯ ᠤᠨ ᠪᠤᠯᠪᠠᠰᠤᠷᠠᠯ        ᠶᠢᠰᠤᠳᠦᠭᠡᠷ ᠪᠦᠯᠦᠭ    ᠨᠠᠶᠢᠭᠡᠮ ᠤᠨ ᠲᠠᠭᠠᠳᠬᠠᠯ ᠪᠠ ᠠᠰᠠᠷᠠᠮᠵᠢ        ᠠᠷᠪᠠᠳᠤᠭᠠᠷ ᠪᠦᠯᠦᠭ    ᠬᠦᠳᠡᠯᠮᠦᠷᠢ ᠶᠢᠨ ᠮᠠᠷᠭᠤᠭᠠᠨ        ᠠᠷᠪᠠᠨ ᠨᠢᠭᠡᠳᠦᠭᠡᠷ ᠪᠦᠯᠦᠭ    ᠬᠢᠨᠠᠯᠲᠠ ᠲᠠᠯᠪᠢᠵᠤ ᠪᠠᠶᠢᠴᠠᠭᠠᠬᠤ        ᠠᠷᠪᠠᠨ ᠬᠤᠶᠠᠳᠤᠭᠠᠷ ᠪᠦᠯᠦᠭ    ᠬᠠᠤᠯᠢ ᠶᠢᠨ ᠬᠠᠷᠢᠭᠤᠴᠠᠯᠭ᠎ᠠ        ᠠᠷᠪᠠᠨ ᠭᠤᠷᠪᠠᠳᠤᠭᠠᠷ ᠪᠦᠯᠦᠭ    ᠲᠠᠭᠠᠯᠳᠤᠭᠤᠯᠤᠭᠰᠠᠨ ᠲᠦᠷᠢᠮ        ᠨᠢᠭᠡᠳᠦᠭᠡᠷ ᠪᠦᠯᠦᠭ    ᠶᠡᠷᠤᠩᠬᠡᠢ ᠲᠦᠷᠢᠮ        ᠨᠢᠭᠡᠳᠦᠭᠡᠷ ᠵᠦᠢᠯ    ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ ᠬᠦᠳᠡᠯᠮᠦᠷᠢ ᠶᠢᠨ ᠬᠠᠷᠢᠴᠠᠭ᠎ᠠ ᠶᠢ ᠲᠤᠬᠢᠷᠠᠭᠤᠯᠵᠤ ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠤ ᠠᠬᠤᠢ ᠯᠤᠭ᠎ᠠ ᠵᠤᠬᠢᠴᠠᠭᠰᠠᠨ ᠬᠦᠳᠡᠯᠮᠦᠷᠢ ᠶᠢᠨ ᠲᠦᠷᠢᠮ ᠢ ᠪᠠᠶᠢᠭᠤᠯᠤᠨ ᠬᠠᠮᠠᠭᠠᠯᠠᠵᠤ ᠠᠵᠤ ᠠᠬᠤᠢ ᠶᠢᠨ ᠬᠦᠭᠵᠢᠯᠲᠡ ᠪᠠ ᠨᠡᠶᠢᠭᠡᠮ ᠤᠨ ᠲᠠᠪᠰᠢᠯᠲᠠ ᠶᠢ ᠠᠬᠢᠭᠤᠯᠬᠤ ᠶᠢᠨ ᠲᠦᠯᠦᠭᠡ ᠦᠨᠳᠤᠰᠤᠨ ᠬᠠᠤᠯᠢ ᠶᠢ ᠦᠨᠳᠤᠰᠦᠯᠡᠨ ᠲᠤᠰ ᠬᠠᠤᠯᠢ ᠶᠢ ᠲᠤᠭᠲᠠᠭᠠᠪᠠ᠃        ᠬᠤᠶᠠᠳᠤᠭᠠᠷ ᠵᠦᠢᠯ    ᠪᠦᠬᠦᠲᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠯᠢ ᠶᠢᠨ ᠲᠤᠲᠤᠷᠠᠬᠢ ᠠᠵᠤ ᠠᠬᠤᠶᠢᠯᠠᠯ᠂ ᠬᠤᠪᠢ ᠶᠢᠨ ᠵᠤᠬᠢᠶᠠᠨ ᠪᠠᠶᠢᠭᠤᠯᠤᠯᠲᠠ ︵ᠲᠤᠷᠤᠭᠰᠢ ᠨᠡᠶᠢᠲᠡ ᠳᠤᠨᠢ ᠬᠦᠮᠦᠨ ᠬᠡᠷᠡᠭᠯᠡᠬᠦ ᠨᠢᠭᠡᠴᠡ ᠭᠡᠵᠤ ᠨᠡᠷᠡᠯᠡᠨ᠎ᠡ︶ ᠬᠢᠭᠡᠳ ᠲᠡᠭᠦᠨ ᠯᠦᠭᠡ ᠬᠦᠳᠡᠯᠮᠦᠷᠢ ᠶᠢᠨ ᠬᠠᠷᠢᠴᠠᠭ᠎ᠠ ᠲᠠᠢ ᠪᠤᠯᠤᠭᠰᠠᠨ ᠬᠦᠳᠡᠯᠮᠦᠷᠢᠴᠢᠳ ᠲᠤᠰ ᠬᠠᠤᠯᠢ ᠶᠢ ᠬᠡᠷᠡᠭᠯᠡᠨ᠎ᠡ᠃        ᠲᠦᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠪᠠ ᠲᠡᠭᠦᠨ ᠯᠦᠭᠡ ᠬᠦᠳᠡᠯᠮᠦᠷᠢ ᠶᠢᠨ ᠭᠡᠷ᠎ᠡ ᠶᠢᠨ ᠬᠠᠷᠢᠴᠠᠭ᠎ᠠ ᠪᠠᠶᠢᠭᠤᠯᠤᠭᠰᠠᠨ ᠬᠦᠳᠡᠯᠮᠦᠷᠢᠴᠢᠨ ᠲᠤᠰ ᠬᠠᠤᠯᠢ ᠶᠢᠨ ᠶᠤᠰᠤᠭᠠᠷ ᠬᠡᠷᠡᠭᠵᠢᠭᠦᠯᠦᠨ᠎ᠡ᠃        ᠭᠤᠷᠪᠠᠳᠤᠭᠠᠷ ᠵᠦᠢᠯ    ᠬᠦᠳᠡᠯᠮᠦᠷᠢᠴᠢᠨ ᠡᠷᠭᠡ ᠲᠡᠭᠰᠢ ᠪᠠᠷ ᠠᠵᠢᠯ ᠤᠯᠬᠤ ᠪᠠ ᠠᠵᠢᠯ ᠮᠡᠷᠭᠡᠵᠢᠯ ᠰᠤᠩᠭᠤᠬᠤ ᠡᠷᠬᠡ᠂ ᠬᠦᠳᠡᠯᠮᠦᠷᠢ ᠶᠢᠨ ᠤᠯᠭᠤᠮᠵᠢ ᠤᠯᠬᠤ ᠡᠷᠬᠡ᠂ ᠠᠮᠠᠷᠠᠬᠤ᠂ ᠠᠮᠠᠷᠠᠯᠲᠠ ᠶᠢᠨ ᠴᠢᠯᠤᠭᠡ ᠠᠪᠬᠤ ᠡᠷᠬᠡ᠂ ᠬᠦᠳᠡᠯᠮᠦᠷᠢ ᠶᠢᠨ ᠠᠶᠤᠯᠭᠦᠢ ᠪᠠᠶᠢᠬᠤ᠂ ᠡᠷᠡᠭᠦᠯ ᠬᠠᠮᠠᠭᠠᠯᠠᠯ ᠤᠨ ᠬᠠᠮᠠᠭᠠᠯᠠᠯᠠᠲᠠ ᠶᠢ ᠤᠯᠬᠤ ᠡᠷᠬᠡ᠂ ᠠᠵᠢᠯ ᠮᠡᠷᠭᠡᠵᠢᠯ ᠤᠨ ᠮᠡᠷᠭᠡᠰᠢᠯ ᠴᠢᠳᠠᠪᠤᠷᠢ ᠶᠢᠨ ᠪᠤᠯᠪᠠᠰᠤᠷᠠᠯ ᠬᠦᠷᠲᠡᠬᠦ ᠡᠷᠬᠡ᠂ ᠨᠡᠶᠢᠭᠡᠮ ᠤᠨ ᠲᠠᠭᠠᠳᠬᠠᠯ ᠪᠠ ᠠᠰᠠᠷᠠᠮᠵᠢ ᠶᠢ ᠡᠳ᠋ᠯᠡᠬᠦ ᠡᠷᠭᠡ᠂ ᠬᠦᠳᠡᠯᠮᠦᠷᠢ ᠶᠢᠨ ᠮᠠᠷᠭᠤᠭᠠᠨ ᠢ ᠰᠢᠢᠳᠪᠦᠷᠢᠯᠡᠬᠦ ᠪᠠᠷ ᠲᠡᠪᠰᠢᠭᠦᠯᠬᠦ ᠡᠷᠬᠡ ᠲᠠᠢ ᠪᠦᠭᠡᠳ ᠬᠠᠤᠯᠢ ᠳᠤ ᠲᠤᠭᠲᠠᠭᠠᠭᠰᠠᠨ ᠪᠤᠰᠤᠳ ᠬᠦᠳᠡᠯᠮᠦᠷᠢ ᠶᠢᠨ ᠡᠷᠬᠡ ᠶᠢ ᠡᠳ᠋ᠯᠡᠨ᠎ᠡ᠃        ᠬᠦᠳᠡᠯᠮᠦᠷᠢᠴᠢᠨ ᠬᠦᠳᠡᠯᠮᠦᠷᠢ ᠶᠢᠨ ᠡᠭᠦᠷᠭᠡ ᠪᠠᠨ ᠪᠡᠶᠡᠯᠡᠭᠦᠯᠵᠤ᠂ ᠠᠵᠢᠯ ᠮᠡᠷᠭᠡᠵᠢᠯ ᠤᠨ ᠮᠡᠷᠭᠡᠰᠢᠯ ᠴᠢᠳᠠᠪᠤᠷᠢ ᠪᠠᠨ ᠲᠡᠭᠡᠭᠰᠢᠯᠡᠭᠦᠯᠦᠨ᠂ ᠬᠦᠳᠡᠯᠮᠦᠷᠢ ᠶᠢᠨ ᠠᠶᠤᠯᠭᠦᠢ ᠪᠠᠶᠢᠬᠤ᠂ ᠡᠷᠡᠭᠦᠯ ᠬᠠᠮᠠᠭᠠᠯᠠᠯ ᠤᠨ ᠲᠤᠬᠠᠢ ᠲᠦᠷᠢᠮ ᠲᠤᠭᠲᠠᠭᠠᠯ ᠢ ᠬᠡᠷᠡᠭᠵᠢᠭᠦᠯᠦᠨ᠂ ᠬᠦᠳᠡᠯᠮᠦᠷᠢ ᠶᠢᠨ ᠰᠠᠬᠢᠯᠭ᠎ᠠ ᠪᠠᠲᠤ ᠪᠠ ᠠᠵᠢᠯ ᠮᠡᠷᠭᠡᠵᠢᠯ ᠤᠨ ᠶᠤᠰᠤ ᠮᠤᠷᠠᠯ ᠢ ᠵᠢᠷᠤᠮᠯᠠᠬᠤ ᠬᠡᠷᠡᠭᠲᠠᠢ᠃        ᠲᠦᠷᠪᠡᠳᠦᠭᠡᠷ ᠵᠦᠢᠯ    ᠬᠦᠮᠦᠨ ᠬᠡᠷᠡᠭᠯᠡᠬᠦ ᠨᠢᠭᠡᠴᠡ ᠲᠦᠷᠢᠮ ᠲᠤᠭᠲᠠᠭᠠᠯ ᠢᠶᠠᠨ ᠬᠠᠤᠯᠢ ᠶᠤᠰᠤᠭᠠᠷ ᠪᠠᠶᠢᠭᠤᠯᠤᠨ ᠲᠡᠭᠦᠯᠳᠡᠷᠵᠢᠭᠦᠯᠵᠤ᠂ ᠬᠦᠳᠡᠯᠮᠦᠷᠢᠴᠢᠳ ᠤᠨ ᠬᠦᠳᠡᠯᠮᠦᠷᠢᠯᠡᠬᠦ ᠡᠷᠬᠡ ᠡᠳ᠋ᠯᠡᠬᠦ ᠪᠠ ᠬᠦᠳᠡᠯᠮᠦᠷᠢ ᠶᠢᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠠᠢ᠃        ᠲᠠᠪᠤᠳᠦᠭᠠᠷ ᠵᠦᠢᠯ    ᠤᠯᠤᠰ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠬᠦᠳᠡᠯᠮᠦᠷᠢ ᠠᠵᠢᠯ ᠤᠯᠭᠤᠬᠤ ᠶᠢ ᠠᠬᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠬᠦᠭᠵᠢᠭᠦᠯᠵᠤ᠂ ᠬᠦᠳᠡᠯᠮᠦᠷᠢ ᠶᠢᠨ ᠪᠠᠷᠢᠮᠵᠢᠶ᠎ᠠ ᠶᠢ ᠲᠤᠭᠲᠠᠭᠠᠨ᠂ ᠨᠡᠶᠢᠭᠡᠮ ᠤᠨ ᠤᠷᠤᠯᠭ᠎ᠠ ᠶᠢ ᠲᠤᠬᠢᠷᠠᠭᠤᠯᠵᠤ᠂ ᠨᠡᠶᠢᠭᠡᠮ ᠤᠨ ᠲᠠᠭᠠᠳᠬᠠᠯ ᠢ ᠲᠡᠭᠦᠯᠳᠡᠷᠵᠢᠭᠦᠯᠦᠨ᠂ ᠬᠦᠳᠡᠯᠮᠦᠷᠢ ᠶᠢᠨ ᠬᠠᠷᠢᠴᠠᠭ᠎ᠠ ᠶᠢ ᠵᠤᠬᠢᠴᠠᠭᠤᠯᠵᠤ᠂ ᠬᠦᠳᠡᠯᠮᠦᠷᠢᠴᠢᠳ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠲᠡᠭᠡᠭᠰᠢᠯᠡᠭᠦᠯᠦᠨ᠎ᠡ᠃        ᠵᠢᠷᠭᠤᠳᠤᠭᠠᠷ ᠵᠦᠢᠯ    ᠤᠯᠤᠰ ᠠᠴᠠ ᠬᠦᠳᠡᠯᠮᠦᠷᠢᠴᠢᠳ ᠤᠨ ᠨᠡᠶᠢᠭᠡᠮ ᠤᠨ ᠠᠯᠪᠠᠨ ᠵᠢᠷᠤᠮ ᠤᠨ ᠬᠦᠳᠡᠯᠮᠦᠷᠢ ᠳᠤ ᠣᠷᠣᠯᠴᠠᠬᠤ᠂ ᠬᠦᠳᠡᠯᠮᠦᠷᠢ ᠶᠢᠨ ᠤᠷᠤᠯᠳᠤᠭᠠᠨ ᠦᠷᠨᠢᠭᠦᠯᠬᠦ ᠪᠠ ᠵᠦᠢ ᠲᠠᠢ ᠰᠠᠨᠠᠭᠤᠯᠭ᠎ᠠ ᠭᠠᠷᠭᠠᠬᠤ ᠠᠵᠢᠯᠯᠠᠭ᠎ᠠ ᠦᠷᠨᠢᠭᠦᠯᠬᠦ ᠶᠢ ᠰᠠᠨᠠᠭᠠᠴᠢᠯᠠᠵᠤ᠂ ᠬᠦᠳᠡᠯᠮᠦᠷᠢᠴᠢᠳ ᠤᠨ ᠰᠢᠨᠵᠢᠯᠡᠬᠦ ᠤᠬᠠᠭᠠᠨ ᠤ ᠰᠣᠳᠤᠯᠤᠯ᠂ ᠲᠧᠭᠨᠢᠭ ᠮᠡᠷᠭᠡᠵᠢᠯ ᠤᠨ ᠰᠢᠨᠡᠴᠢᠯᠡᠯᠲᠡ ᠪᠠ ᠡᠭᠦᠳᠤᠨ ᠪᠦᠲᠦᠭᠡᠯᠲᠡ ᠬᠢᠬᠦ ᠶᠢ ᠵᠤᠷᠢᠭᠵᠢᠭᠤᠯᠤᠨ ᠬᠠᠮᠠᠭᠠᠯᠠᠵᠤ᠂ ᠬᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠢ ᠬᠦᠬᠢᠭᠦᠯᠦᠨ ᠱᠠᠩᠨᠠᠨ᠎ᠠ᠃        ᠲᠤᠯᠤᠳᠦᠭᠠᠷ ᠵᠦᠢᠯ    ᠬᠦᠳᠡᠯᠮᠦᠷᠢᠴᠢᠨ ᠬᠠᠤᠯᠢ ᠶᠤᠰᠤᠭᠠᠷ ᠠᠵᠢᠯᠴᠢᠨ ᠤ ᠡᠪᠯᠡᠯ ᠳᠤ ᠣᠷᠣᠯᠴᠠᠬᠤ ᠪᠠ ᠠᠵᠢᠯᠴᠢᠨ ᠤ ᠡᠪᠯᠡᠯ ᠢ ᠵᠤᠬᠢᠶᠠᠨ ᠪᠠᠶᠢᠭᠤᠯᠬᠤ ᠡᠷᠬᠡ ᠲᠠᠢ᠃ ᠠᠵᠢᠯᠴᠢᠨ ᠤ ᠡᠪᠯᠡᠯ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠲᠦᠯᠦᠭᠡᠯᠡᠨ ᠬᠠᠮᠠᠭᠠᠯᠠᠵᠤ᠂ ᠬᠠᠤᠯᠢ ᠶᠤᠰᠤᠭᠠᠷ ᠪᠡᠶ᠎ᠡ ᠪᠠᠨ ᠲᠠᠭᠠᠭᠠᠵᠤ ᠡᠵᠡᠨ ᠮᠡᠳᠡᠨ ᠠᠵᠢᠯᠯᠠᠭ᠎ᠠ ᠪᠠᠨ ᠦᠷᠨᠢᠭᠦᠯᠦᠨ᠎ᠡ᠃        ᠨᠠᠢᠮᠠᠳᠣᠭᠠᠷ ᠵᠦᠢᠯ    ᠬᠦᠳᠡᠯᠮᠦᠷᠢᠴᠢᠳ ᠬᠠᠤᠯᠢ ᠶᠢᠨ ᠲᠤᠭᠲᠠᠭᠠᠯ ᠶᠤᠰᠤᠭᠠᠷ ᠠᠵᠢᠯᠲᠠᠨ ᠠᠵᠢᠯᠴᠢᠨ ᠤ ᠶᠡᠭᠡ ᠬᠤᠷᠠᠯ᠂ ᠠᠵᠢᠯᠲᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠤᠰᠤᠳ ᠬᠡᠯᠪᠡᠷᠢ ᠪᠠᠷ ᠲᠠᠮᠵᠢᠭᠤᠯᠤᠨ ᠠᠷᠠᠳᠴᠢᠯᠠᠭᠰᠠᠨ ᠬᠠᠮᠢᠶᠠᠷᠤᠯᠲᠠ ᠳᠤ ᠤᠷᠤᠯᠴᠠᠬᠤ ᠪᠤᠶᠤ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠠᠰᠠᠭᠤᠳᠠᠯ ᠤᠨ ᠲᠤᠬᠠᠢ ᠬᠦᠮᠦᠨ ᠬᠡᠷᠡᠭᠯᠡᠬᠦ ᠨᠢᠭᠡᠴᠡ ᠲᠠᠢ ᠡᠷᠬᠡ ᠲᠡᠭᠰᠢ ᠪᠠᠷ ᠵᠦᠪᠳᠡᠯᠴᠡᠨ᠎ᠡ᠃        ᠶᠢᠰᠤᠳᠦᠭᠡᠷ ᠵᠦᠢᠯ    ᠲᠦᠷᠦ ᠶᠢᠨ ᠶᠠᠪᠤᠳᠠᠯ ᠤᠨ ᠬᠤᠷᠢᠶᠠᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠦᠬᠦ ᠣᠯᠣᠰ ᠤᠨ ᠬᠦᠳᠡᠯᠮᠦᠷᠢ ᠶᠢᠨ ᠠᠵᠢᠯ ᠢ ᠡᠷᠬᠢᠯᠡᠨ ᠬᠠᠮᠢᠶᠠᠷᠤᠨ᠎ᠠ᠃ ᠰᠢᠶᠠᠨ ᠤ ᠱᠠᠲᠤᠨ ᠠᠴᠠ ᠲᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠪᠠᠨ ᠲᠤᠲᠤᠷᠠᠬᠢ ᠬᠦᠳᠡᠯᠮᠦᠷᠢᠴᠢᠨ ᠤ ᠠᠵᠢᠯ ᠢ ᠬᠠᠮᠢᠶᠠᠷᠤᠨ᠎ᠠ᠃        ᠬᠤᠶᠠᠳᠤᠭᠠᠷ ᠪᠦᠯᠦᠭ    ᠠᠵᠢᠯ ᠤᠯᠭᠤᠬᠤ ᠶᠢ ᠠᠬᠢᠭᠤᠯᠬᠤ        ᠠᠷᠪᠠᠳᠤᠭᠠᠷ ᠵᠦᠢᠯ    ᠤᠯᠤᠰ ᠠᠴᠠ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢ ᠠᠬᠢᠭᠤᠯᠬᠤ ᠪᠠᠷ ᠲᠠᠮᠵᠢᠭᠤᠯᠤᠨ ᠠᠵᠢᠯ ᠤᠯᠭᠤᠬᠤ ᠨᠦᠬᠦᠴᠡᠯ ᠢ ᠪᠤᠢ ᠪᠤᠯᠭᠠᠵᠤ᠂ ᠠᠵᠢᠯ ᠣᠯᠬᠤ ᠲᠤᠬᠢᠶᠠᠯ ᠢ ᠦᠷᠭᠡᠳᠭᠡᠨ᠎ᠡ᠃        ᠤᠯᠤᠰ ᠠᠴᠠ ᠠᠵᠤ ᠠᠬᠤᠶᠢᠯᠠᠯ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠤᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠤᠨ ᠲᠤᠭᠲᠠᠭᠠᠭᠰᠠᠨ ᠬᠡᠪᠴᠢᠶᠡᠨ ᠲᠤᠲᠤᠷ᠎ᠠ ᠠᠵᠤ ᠦᠢᠯᠡᠳᠪᠦᠷᠢᠯᠡᠯ ᠡᠷᠬᠢᠯᠡᠬᠦ ᠪᠤᠶᠤ ᠡᠵᠡᠩᠨᠡᠯᠲᠡ ᠪᠠᠨ ᠦᠷᠭᠡᠳᠭᠡᠨ ᠠᠵᠢᠯ ᠣᠯᠭᠤᠬᠤ ᠶᠠᠪᠤᠳᠠᠯ ᠢ ᠨᠡᠮᠡᠭᠳᠡᠭᠦᠯᠬᠦ ᠶᠢ ᠵᠤᠷᠢᠭᠵᠢᠭᠤᠯᠠᠨ᠎ᠠ᠃        ᠣᠯᠣᠰ ᠠᠴᠠ ᠬᠦᠳᠡᠯᠮᠦᠷᠢᠴᠢᠳ ᠤᠨ ᠰᠠᠶᠢᠨ ᠲᠤᠷ᠎ᠠ ᠠᠴᠠ ᠪᠠᠨ ᠵᠤᠬᠢᠶᠠᠨ ᠪᠠᠶᠢᠭᠤᠯᠤᠯᠴᠠᠵᠤ ᠠᠵᠢᠯ ᠲᠠᠢ ᠪᠤᠯᠬᠤ ᠪᠠ ᠬᠤᠪᠢ ᠶᠢᠨ ᠡᠵᠡᠩᠨᠡᠯᠲᠠ ᠶᠢ ᠡᠷᠬᠢᠯᠡᠨ ᠠᠵᠢᠯ ᠲᠠᠢ ᠪᠤᠯᠬᠤ ᠶᠢ ᠵᠤᠷᠢᠭᠵᠢᠭᠤᠯᠤᠨ᠎ᠠ᠃        ᠠᠷᠪᠠᠨ ᠨᠢᠭᠡᠳᠦᠭᠡᠷ ᠵᠦᠢᠯ    ᠣᠷᠤᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠠᠷᠭ᠎ᠠ ᠬᠡᠮᠵᠢᠶ᠎ᠡ ᠠᠪᠴᠤ ᠠᠵᠢᠯ ᠲᠠᠨᠢᠯᠴᠠᠭᠤᠯᠬᠤ ᠤᠯᠠᠨ ᠬᠡᠯᠪᠡᠷᠢ ᠶᠢᠨ ᠪᠠᠶᠢᠭᠤᠯᠤᠮᠵᠢ ᠶᠢ ᠬᠦᠭᠵᠢᠭᠦᠯᠦᠨ᠂ ᠠᠵᠢᠯ ᠤᠯᠭᠤᠬᠤ ᠦᠢᠯᠡᠴᠢᠯᠡᠭᠡ ᠬᠠᠩᠭᠠᠬᠤ ᠬᠡᠷᠡᠭᠲᠠᠢ᠃        ᠠᠷᠪᠠᠨ ᠬᠤᠶᠠᠳᠤᠭᠠᠷ ᠵᠦᠢᠯ    ᠬᠦᠳᠡᠯᠮᠦᠷᠢᠴᠢᠨ ᠠᠵᠢᠯ ᠤᠯᠬᠤ ᠳᠠᠭᠠᠨ ᠦᠨᠳᠦᠰᠦᠲᠡᠨ᠂ ᠶᠠᠰᠤᠲᠠᠨ᠂ ᠴᠢᠨᠠᠷ ᠤᠨ ᠢᠯᠭᠠᠯ᠂ ᠱᠠᠰᠢᠨ ᠰᠢᠲᠤᠯᠭᠡ ᠠᠳᠠᠯᠢ ᠦᠭᠡᠢ ᠶᠢᠨ ᠬᠠᠷᠠᠭ᠎ᠠ ᠪᠠᠷ ᠭᠠᠳᠠᠷᠭᠤᠴᠢᠯᠠᠭᠳᠠᠬᠤ ᠦᠭᠡᠢ᠃        ᠠᠷᠪᠠᠨ ᠭᠤᠷᠪᠠᠳᠤᠭᠠᠷ ᠵᠦᠢᠯ    ᠡᠮᠡᠭᠲᠠᠶᠢᠴᠤᠳ ᠡᠷᠡᠭᠲᠠᠶᠢᠴᠣᠳ ᠲᠠᠢ ᠡᠷᠭᠡ ᠲᠡᠭᠰᠢ ᠪᠠᠷ ᠠᠵᠢᠯ ᠤᠯᠬᠤ ᠡᠷᠬᠡ ᠶᠢ ᠡᠳ᠋ᠯᠡᠨ᠎ᠡ᠃ ᠠᠵᠢᠯᠲᠠᠨ ᠠᠵᠢᠯᠴᠢᠨ ᠢ ᠡᠯᠰᠡᠵᠤ ᠠᠪᠬᠤ ᠳᠠᠭᠠᠨ ᠡᠮᠡᠭᠲᠠᠶᠢᠴᠤᠳ ᠲᠤ ᠲᠤᠬᠢᠷᠠᠬᠤ ᠦᠭᠡᠢ ᠭᠡᠵᠤ ᠤᠯᠤᠰ ᠠᠴᠠ ᠲᠤᠭᠲᠠᠭᠠᠭᠰᠠᠨ ᠠᠵᠢᠯ ᠲᠦᠷᠦᠯ ᠪᠤᠶᠤ ᠠᠵᠢᠯ ᠤᠨ ᠪᠠᠶᠢᠷᠢ ᠶᠢ ᠭᠠᠷᠭᠠᠪᠠᠯ ᠴᠢᠨᠠᠷ ᠤᠨ ᠢᠯᠭᠠᠯ ᠢᠶᠠᠷ ᠰᠢᠯᠳᠠᠭ ᠪᠤᠯᠭᠠᠨ ᠡᠮᠡᠭᠲᠠᠶᠢᠴᠤᠳ ᠢ ᠡᠯᠰᠡᠵᠤ ᠠᠪᠬᠤ ᠦᠭᠡᠢ ᠪᠤᠶᠤ ᠡᠮᠡᠭᠲᠠᠶᠢᠴᠣᠳ ᠢ ᠡᠯᠰᠡᠵᠤ ᠠᠪᠬᠤ ᠪᠠᠷᠢᠮᠵᠢᠶ᠎ᠠ ᠶᠢ ᠲᠡᠭᠡᠭᠰᠢᠯᠡᠭᠦᠯᠵᠤ ᠪᠤᠯᠬᠤ ᠦᠭᠡᠢ᠃        ᠠᠷᠪᠠᠨ ᠲᠦᠷᠪᠡᠳᠦᠭᠡᠷ ᠵᠦᠢᠯ    ᠵᠡᠮᠳᠡᠭᠴᠤᠳ᠂ ᠴᠦᠬᠡᠨ ᠲᠤᠭᠠᠲᠤ ᠦᠨᠳᠦᠰᠦᠲᠡᠨ ᠤ ᠬᠦᠮᠦᠰ᠂ ᠵᠢᠩᠬᠢᠨᠢ ᠠᠯᠪᠠᠨ ᠠᠴᠠ ᠪᠠᠭᠤᠭᠰᠠᠨ ᠴᠡᠷᠢᠭ ᠤᠨ ᠬᠦᠮᠦᠨ ᠠᠵᠢᠯ ᠤᠯᠬᠤ ᠳᠤ ᠬᠠᠤᠯᠢ ᠴᠠᠭᠠᠵᠠ ᠬᠠᠤᠯᠢ ᠲᠤᠭᠲᠠᠭᠠᠯ ᠳᠤ ᠤᠨᠴᠠᠭᠠᠢ ᠲᠤᠭᠲᠠᠭᠠᠯ ᠲᠠᠢ ᠪᠠᠶᠢᠪᠠᠯ ᠲᠡᠷᠡ ᠲᠤᠭᠲᠠᠭᠠᠯ ᠶᠤᠰᠤᠭᠠᠷ ᠬᠡᠷᠡᠭᠵᠢᠭᠦᠯᠦᠨ᠎ᠡ᠃        ᠠᠷᠪᠠᠨ ᠲᠠᠪᠤᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠶᠢᠨ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠬᠦ ᠶᠢ ᠴᠠᠭᠠᠵᠠᠯᠠᠨ᠎ᠠ᠃        ᠤᠳᠬ᠎ᠠ ᠤᠷᠠᠯᠢᠭ᠂ ᠪᠡᠶ᠎ᠡ ᠶᠢᠨ ᠲᠠᠮᠢᠷ ᠪᠠ ᠣᠨᠴᠠᠭᠠᠢ ᠲᠦᠷᠦᠯ ᠤᠨ ᠤᠷᠠᠨ ᠮᠡᠷᠭᠡᠰᠢᠯ ᠤᠨ ᠨᠢᠭᠡᠴᠡ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠬᠦ ᠳᠡᠭᠡᠨ ᠡᠷᠬᠡᠪᠰᠢ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠬᠢᠨᠠᠨ ᠵᠦᠪᠰᠢᠶᠡᠷᠡᠭᠦᠯᠬᠦ ᠭᠠᠷ ᠭᠦᠢᠴᠡᠳᠭᠡᠯ ᠢ ᠬᠦᠢᠴᠡᠳᠭᠡᠬᠦ ᠬᠡᠷᠡᠭᠲᠠᠢ ᠪᠦᠭᠡᠳ ᠲᠡᠲᠡ ᠨᠠᠷ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠲᠡᠬᠦ ᠡᠷᠬᠡ ᠠᠰᠢᠭ ᠢ ᠪᠠᠲᠤᠯᠠᠬᠤ ᠬᠡᠷᠡᠭᠲᠠᠢ᠃        ᠭᠤᠷᠪᠠᠳᠤᠭᠠᠷ ᠪᠦᠯᠦᠭ    ᠬᠦᠳᠡᠯᠮᠦᠷᠢ ᠶᠢᠨ ᠭᠡᠷ᠎ᠡ ᠪᠠ ᠬᠠᠮᠲᠤ ᠶᠢᠨ ᠭᠡᠷ᠎ᠡ        ᠠᠷᠪᠠᠨ ᠵᠢᠷᠭᠤᠳᠤᠭᠠᠷ ᠵᠦᠢᠯ    ᠬᠦᠳᠡᠯᠮᠦᠷᠢ ᠶᠢᠨ ᠭᠡᠷ᠎ᠡ ᠪᠤᠯ ᠬᠦᠳᠡᠯᠮᠦᠷᠢᠴᠢᠨ ᠬᠢᠭᠡᠳ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠦᠷᠢ ᠶᠢᠨ ᠬᠠᠷᠢᠴᠠᠭ᠎ᠠ ᠪᠠᠶᠢᠭᠤᠯᠬᠤ᠂ ᠬᠤᠶᠠᠷ ᠡᠲᠡᠭᠡᠳ ᠤᠨ ᠡᠷᠬᠡ ᠪᠠ ᠡᠭᠦᠷᠭᠡ ᠪᠠᠨ ᠲᠤᠳᠤᠷᠬᠠᠶᠢᠯᠠᠬᠤ ᠬᠡᠯᠡᠯᠴᠡᠭᠡᠷ ᠮᠦᠨ᠃ ᠬᠦᠳᠡᠯᠮᠦᠷᠢ ᠶᠢᠨ ᠬᠠᠷᠢᠴᠠᠭ᠎ᠠ ᠪᠠᠶᠢᠭᠤᠯᠬᠤ ᠳᠤ ᠬᠦᠳᠡᠯᠮᠦᠷᠢ ᠶᠢᠨ ᠭᠡᠷ᠎ᠡ ᠪᠠᠶᠢᠭᠤᠯᠬᠤ ᠬᠡᠷᠡᠭᠲᠠᠢ᠃        ᠠᠷᠪᠠᠨ ᠲᠤᠯᠤᠳᠤᠭᠠᠷ ᠵᠦᠢᠯ    ᠬᠦᠳᠡᠯᠮᠦᠷᠢ ᠶᠢᠨ ᠭᠡᠷ᠎ᠡ ᠶᠢ ᠲᠤᠭᠲᠠᠭᠠᠬᠤ ᠪᠠ ᠬᠤᠪᠢᠷᠠᠭᠤᠯᠬᠤ ᠳᠠᠭᠠᠨ ᠡᠷᠬᠡ ᠲᠡᠭᠰᠢ ᠰᠠᠶᠢᠨ ᠲᠤᠷ᠎ᠠ ᠶᠢᠨ᠂ ᠵᠦᠪᠳᠡᠯᠴᠡᠨ ᠨᠢᠭᠡᠳᠬᠦ ᠵᠠᠷᠴᠢᠮ ᠢ ᠵᠢᠷᠤᠮᠯᠡᠬᠤ ᠬᠡᠷᠡᠭᠲᠠᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠤᠨ ᠲᠤᠭᠳᠠᠭᠠᠯ ᠠᠴᠠ ᠵᠦᠷᠢᠴᠡᠵᠤ ᠪᠤᠯᠬᠤ ᠦᠭᠡᠢ᠃        ᠬᠦᠳᠡᠯᠮᠦᠷᠢ ᠶᠢᠨ ᠭᠡᠷ᠎ᠡ ᠨᠢ ᠬᠠᠤᠯᠢ ᠶᠤᠰᠤᠭᠠᠷ ᠲᠤᠭᠲᠠᠭᠠᠭᠳᠠᠮᠠᠭᠴᠠ ᠬᠠᠤᠯᠢ ᠴᠠᠭᠠᠵᠠ ᠶᠢᠨ ᠬᠢᠵᠠᠭᠠᠷᠯᠠᠬᠤ ᠬᠦᠴᠦᠨ ᠲᠠᠢ ᠪᠤᠯᠤᠨ᠎ᠠ᠂ ᠬᠦᠳᠡᠯᠮᠦᠷᠢ ᠶᠢᠨ ᠭᠡᠷ᠎ᠡ ᠳᠤ ᠲᠤᠭᠲᠠᠭᠠᠭᠰᠠᠨ ᠡᠭᠦᠷᠭᠡ ᠶᠢ ᠲᠤᠬᠠᠢ ᠶᠢᠨ ᠬᠦᠮᠦᠨ ᠡᠷᠬᠡᠪᠰᠢ ᠬᠦᠢᠴᠡᠳᠭᠡᠬᠦ ᠬᠡᠷᠡᠭᠲᠠᠢ᠃        ᠠᠷᠪᠠᠨ ᠨᠠᠢᠮᠠᠳᠤᠭᠠᠷ ᠵᠦᠢᠯ    ᠲᠤᠤᠷ᠎ᠠ ᠵᠢᠭᠰᠠᠭᠠᠭᠰᠠᠨ ᠬᠦᠳᠡᠯᠮᠦᠷᠢ ᠶᠢᠨ ᠭᠡᠷ᠎ᠡ ᠬᠦᠴᠦᠨ ᠦᠭᠡᠢ᠄        ︵ᠨᠢᠭᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠠᠴᠠ ᠵᠦᠷᠢᠴᠡᠭᠰᠡᠨ ᠬᠦᠳᠡᠯᠮᠦᠷᠢ ᠶᠢᠨ ᠭᠡᠷ᠎ᠡ︔        ︵ᠬᠤᠶᠠᠷ︶ ᠮᠡᠬᠡᠯᠡᠨ ᠬᠢᠬᠠᠬᠤ᠂ ᠰᠦᠷᠳᠡᠭᠦᠯᠬᠦ ᠵᠡᠷᠭᠡ ᠠᠷᠭ᠎ᠠ ᠪᠠᠷᠢᠯ ᠢ ᠬᠡᠷᠡᠭᠯᠡᠨ ᠲᠤᠭᠲᠠᠭᠠᠭᠰᠠᠨ ᠬᠦᠳᠡᠯᠮᠦᠷᠢ ᠶᠢᠨ ᠭᠡᠷ᠎ᠡ︔        ᠬᠦᠴᠦᠨ ᠦᠭᠡᠢ ᠬᠦᠳᠡᠯᠮᠦᠷᠢ ᠶᠢᠨ ᠭᠡᠷ᠎ᠡ ᠨᠢ ᠲᠤᠭᠲᠠᠭᠠᠭᠳᠠᠭᠰᠠᠨ ᠴᠠᠭ ᠠᠴᠠ ᠪᠠᠨ ᠡᠬᠢᠯᠡᠭᠡᠳ ᠬᠠᠤᠯᠢ ᠴᠠᠭᠠᠵᠠ ᠶᠢᠨ ᠬᠢᠵᠠᠭᠠᠷᠯᠠᠬᠤ ᠬᠦᠴᠦᠨ ᠦᠭᠡᠢ᠃ ᠬᠦᠳᠡᠯᠮᠦᠷᠢ ᠶᠢᠨ ᠭᠡᠷ᠎ᠡ ᠶᠢᠨ ᠨᠢᠭᠡ ᠬᠡᠰᠡᠭ ᠨᠢ ᠬᠦᠴᠦᠨ ᠦᠭᠡᠢ ᠭᠡᠵᠤ ᠨᠤᠲᠠᠯᠠᠭᠳᠠᠭᠰᠠᠨ ᠪᠤᠯᠪᠠᠴᠤ ᠲᠡᠷᠡ ᠨᠢ ᠪᠤᠰᠤᠳ ᠬᠡᠰᠡᠭ ᠤᠨ ᠬᠦᠴᠦᠨ ᠢ ᠨᠦᠯᠦᠭᠡᠯᠡᠬᠦ ᠦᠭᠡᠢ ᠪᠤᠯ ᠪᠤᠰᠤᠳ ᠬᠡᠰᠡᠭ ᠨᠢ ᠮᠦᠨ ᠬᠦ ᠬᠦᠴᠦᠨ ᠲᠠᠢ᠃        ᠬᠦᠳᠡᠯᠮᠦᠷᠢ ᠶᠢᠨ ᠭᠡᠷ᠎ᠡ ᠶᠢᠨ ᠬᠦᠴᠦᠨ ᠦᠭᠡᠢ ᠪᠤᠯᠬᠤ ᠶᠢ ᠬᠦᠳᠡᠯᠮᠦᠷᠢ ᠶᠢᠨ ᠮᠠᠷᠭᠤᠭᠠᠨ ᠤ ᠬᠦᠨᠳᠡᠯᠡᠨ ᠠᠴᠠ ᠲᠠᠰᠤᠯᠬᠤ ᠺᠤᠮᠢᠰ ᠪᠤᠶᠤ ᠠᠷᠠᠳ ᠤᠨ ᠰᠢᠭᠦᠬᠦ ᠬᠤᠷᠢᠶᠠᠨ ᠠᠴᠠ ᠨᠤᠲᠠᠯᠠᠨ ᠲᠣᠭᠲᠠᠭᠠᠨ᠎ᠠ᠃        ᠠᠷᠪᠠ ᠶᠢᠰᠤᠳᠦᠭᠡᠷ ᠵᠦᠢᠯ    ᠬᠦᠳᠡᠯᠮᠦᠷᠢ ᠶᠢᠨ ᠭᠡᠷ᠎ᠡ ᠶᠢ ᠪᠢᠴᠢᠭ ᠢᠶᠠᠷ ᠲᠤᠭᠲᠠᠭᠠᠬᠤ ᠬᠡᠷᠡᠭᠲᠠᠢ ᠪᠦᠭᠡᠳ ᠲᠤᠤᠷᠠᠬᠢ ᠵᠦᠢᠯ ᠪᠠᠳᠠᠭ ᠢ ᠪᠦᠷᠢᠯᠳᠤᠭᠦᠯᠦᠭᠰᠡᠨ ᠪᠠᠶᠢᠬᠤ ᠬᠡᠷᠡᠭᠲᠠᠢ᠄        ︵ᠨᠢᠭᠡ︶ ᠬᠦᠳᠡᠯᠮᠦᠷᠢ ᠶᠢᠨ ᠭᠡᠷ᠎ᠡ ᠶᠢᠨ ᠴᠠᠭ ᠬᠤᠭᠤᠴᠠᠭᠠᠨ ᠤ ᠬᠢᠵᠠᠭᠠᠷ︔        ︵ᠬᠤᠶᠠᠷ︶ ᠠᠵᠢᠯ ᠤᠨ ᠠᠭᠤᠯᠭ᠎ᠠ︔        ︵ᠭᠤᠷᠪᠠ︶ ᠬᠦᠳᠡᠯᠮᠦᠷᠢ ᠶᠢᠨ ᠬᠠᠮᠠᠭᠠᠯᠠᠯᠲᠠ ᠪᠠ ᠬᠦᠳᠡᠯᠮᠦᠷᠢ ᠶᠢᠨ ᠨᠦᠬᠦᠴᠡᠯ︔        ︵ᠲᠦᠷᠪᠡ︶ ᠬᠦᠳᠡᠯᠮᠦᠷᠢ ᠶᠢᠨ ᠬᠦᠯᠦᠰᠤ ᠤᠯᠭᠤᠮᠵᠢ︔        ︵ᠲᠠᠪᠤ︶ ᠬᠦᠳᠡᠯᠮᠦᠷᠢ ᠶᠢᠨ ᠰᠠᠬᠢᠯᠭ᠎ᠠ ᠪᠠᠲᠤ︔        ︵ᠵᠢᠷᠭᠤᠭ᠎ᠠ︶ ᠬᠦᠳᠡᠯᠮᠦᠷᠢ ᠶᠢᠨ ᠭᠡᠷ᠎ᠡ ᠶᠢ ᠲᠠᠭᠤᠰᠬᠠᠬᠤ ᠨᠦᠬᠦᠴᠡᠯ︔        ︵ᠲᠤᠯᠤᠭ᠎ᠠ︶ ᠬᠦᠳᠡᠯᠮᠦᠷᠢ ᠶᠢᠨ ᠭᠡᠷ᠎ᠡ ᠠᠴᠠ ᠵᠦᠷᠢᠴᠡᠭᠰᠡᠨ ᠬᠠᠷᠢᠭᠤᠴᠠᠯᠭ᠎ᠠ᠃        ᠬᠦᠳᠡᠯᠮᠦᠷᠢ ᠶᠢᠨ ᠭᠡᠷ᠎ᠡ ᠳᠤ ᠡᠮᠦᠨᠡᠬᠢ ᠪᠠᠳᠠᠭ ᠲᠤ ᠲᠤᠭᠲᠠᠭᠠᠭᠰᠠᠨ ᠡᠷᠬᠡᠪᠰᠢ ᠪᠦᠷᠢᠯᠳᠦᠭᠦᠯᠬᠦ ᠬᠡᠷᠡᠭᠲᠠᠢ ᠵᠦᠢᠯ ᠪᠠᠶᠢᠳᠠᠭ ᠠᠴᠠ ᠭᠠᠳᠠᠨ᠎ᠠ ᠲᠤᠬᠠᠢ ᠶᠢᠨ ᠬᠦᠮᠦᠨ ᠨᠢ ᠪᠤᠰᠤᠳ ᠠᠭᠤᠯᠭ᠎ᠠ ᠶᠢ ᠵᠦᠪᠳᠡᠯᠴᠡᠨ ᠲᠤᠭᠲᠠᠭᠠᠵᠤ ᠪᠤᠯᠤᠨ᠎ᠠ᠃        ᠬᠤᠷᠢᠳᠤᠭᠠᠷ ᠵᠦᠢᠯ    ᠬᠦᠳᠡᠯᠮᠦᠷᠢ ᠶᠢᠨ ᠭᠡᠷ᠎ᠡ ᠶᠢᠨ ᠴᠠᠭ ᠬᠤᠭᠤᠴᠠᠭᠠᠨ ᠤ ᠬᠢᠵᠠᠭᠠᠷ ᠢ ᠲᠤᠭᠳᠠᠮᠠᠯ ᠴᠠᠭ ᠬᠤᠭᠤᠴᠠᠭᠠᠨ ᠤ ᠬᠢᠵᠠᠭᠠᠷ ᠲᠠᠢ᠂ ᠲᠤᠭᠲᠠᠮᠠᠯ ᠴᠠᠭ ᠬᠤᠭᠤᠴᠠᠭᠠᠨ ᠤ ᠬᠢᠵᠠᠭᠠᠷ ᠦᠭᠡᠢ᠂ ᠵᠤᠬᠢᠬᠤ ᠠᠵᠢᠯ ᠢ ᠪᠡᠶᠡᠯᠡᠭᠦᠯᠬᠦ ᠪᠠᠷ ᠴᠠᠭ ᠬᠤᠭᠤᠴᠠᠭᠠᠨ ᠤ ᠬᠢᠵᠠᠭᠠᠷ ᠪᠤᠯᠭᠠᠭᠰᠠᠨ ᠭᠡᠵᠤ ᠬᠤᠪᠢᠶᠠᠨ᠎ᠠ᠃        ᠬᠦᠳᠡᠯᠮᠦᠷᠢᠴᠢᠨ ᠬᠦᠮᠦᠨ ᠬᠡᠷᠡᠭᠯᠡᠬᠦ ᠨᠢᠭᠡᠴᠡ ᠳᠤ ᠵᠠᠯᠭᠠᠭᠠᠪᠡᠷ ᠠᠷᠪᠠᠨ ᠵᠢᠯ ᠠᠴᠠ ᠲᠡᠭᠡᠭᠰᠢ ᠠᠵᠢᠯᠯᠠᠭᠠᠳ ᠬᠤᠶᠠᠷ ᠲᠠᠯ᠎ᠠ ᠶᠢᠨ ᠲᠤᠬᠠᠢ ᠶᠢᠨ ᠬᠦᠮᠦᠨ ᠬᠦᠳᠡᠯᠮᠦᠷᠢ ᠶᠢᠨ ᠭᠡᠷ᠎ᠡ ᠶᠢ ᠦᠷᠭᠦᠯᠵᠢᠯᠡᠬᠦᠯᠬᠦ ᠶᠢ ᠵᠦᠪᠰᠢᠶᠡᠷᠡᠵᠤ᠂ ᠬᠦᠳᠡᠯᠮᠦᠷᠢᠴᠢᠨ ᠠᠴᠠ ᠲᠤᠭᠲᠠᠮᠠᠯ ᠴᠠᠭ ᠬᠤᠭᠤᠴᠠᠭᠠᠨ ᠤ ᠬᠢᠵᠠᠭᠠᠷ ᠦᠭᠡᠢ ᠬᠦᠳᠡᠯᠮᠦᠷᠢ ᠶᠢᠨ ᠭᠡᠷ᠎ᠡ ᠲᠤᠭᠲᠠᠭᠠᠬᠤ ᠪᠠᠷ ᠲᠤᠷᠠᠳᠤᠭᠰᠠᠨ ᠪᠠᠶᠢᠪᠠᠯ ᠲᠤᠭᠲᠠᠭᠰᠠᠨ ᠴᠠᠭ ᠬᠤᠭᠤᠴᠠᠭᠠᠨ ᠤ ᠬᠢᠵᠠᠭᠠᠷ ᠦᠭᠡᠢ ᠬᠦᠳᠡᠯᠮᠦᠷᠢ ᠶᠢᠨ ᠭᠡᠷ᠎ᠡ ᠲᠤᠭᠲᠠᠭᠠᠬᠤ ᠬᠡᠷᠡᠭᠲᠠᠢ᠃        ᠬᠤᠷᠢᠨ ᠨᠢᠭᠡᠳᠦᠭᠡᠷ ᠵᠦᠢᠯ    ᠬᠦᠳᠡᠯᠮᠦᠷᠢ ᠶᠢᠨ ᠭᠡᠷ᠎ᠡ ᠳᠤ ᠲᠤᠷᠰᠢᠨ ᠬᠡᠷᠡᠭᠯᠡᠬᠦ ᠬᠤᠭᠤᠴᠠᠭ᠎ᠠ ᠲᠤᠭᠲᠠᠭᠠᠵᠤ ᠪᠤᠯᠤᠨ᠎ᠠ᠃ ᠲᠤᠷᠰᠢᠨ ᠬᠡᠷᠡᠭᠯᠡᠬᠦ ᠬᠤᠭᠤᠴᠠᠭ᠎ᠠ ᠨᠢ ᠬᠠᠮᠤᠭ ᠤᠷᠲᠤ ᠳᠠᠭᠠᠨ ᠵᠢᠷᠭᠤᠭᠠᠨ ᠰᠠᠷ᠎ᠠ ᠠᠴᠠ ᠬᠡᠲᠤᠷᠡᠵᠤ ᠪᠤᠯᠬᠤ ᠦᠭᠡᠢ᠃        ᠬᠤᠷᠢᠨ ᠬᠤᠶᠠᠳᠤᠭᠠᠷ ᠵᠦᠢᠯ    ᠬᠦᠳᠡᠯᠮᠦᠷᠢ ᠶᠢᠨ ᠭᠡᠷ᠎ᠡ ᠶᠢᠨ ᠲᠤᠬᠠᠢ ᠶᠢᠨ ᠬᠦᠮᠦᠨ ᠬᠦᠳᠡᠯᠮᠦᠷᠢ ᠶᠢᠨ ᠭᠡᠷ᠎ᠡ ᠳᠡᠭᠡᠨ ᠬᠦᠮᠦᠨ ᠬᠡᠷᠡᠭᠯᠡᠬᠦ ᠨᠢᠭᠡᠴᠡ ᠶᠢᠨ ᠬᠤᠳᠠᠯᠳᠣᠭᠠᠨ ᠤ ᠨᠢᠭᠤᠴᠠ ᠶᠢ ᠬᠠᠮᠠᠭᠠᠯᠠᠬᠤ ᠲᠤᠬᠠᠢ ᠬᠤᠯᠪᠤᠭᠳᠠᠯ ᠪᠦᠬᠦᠢ ᠤᠴᠢᠷ ᠶᠠᠪᠤᠳᠠᠯ ᠢ ᠲᠤᠭᠲᠠᠭᠠᠵᠤ ᠪᠤᠯᠤᠨ᠎ᠠ᠃        ᠬᠤᠷᠢᠨ ᠭᠤᠷᠪᠠᠳᠤᠭᠠᠷ ᠵᠦᠢᠯ    ᠬᠦᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ ᠲᠦᠭᠦᠷᠦᠭᠰᠡᠨ ᠪᠤᠶᠤ ᠲᠤᠬᠠᠢ ᠶᠢᠨ ᠬᠦᠮᠦᠨ ᠤ ᠲᠤᠭᠲᠠᠭᠠᠭᠰᠠᠨ ᠬᠦᠳᠡᠯᠮᠦᠷᠢ ᠶᠢᠨ ᠭᠡᠷ᠎ᠡ ᠶᠢ ᠲᠠᠭᠤᠰᠬᠠᠬᠤ ᠨᠦᠬᠦᠴᠡᠯ ᠭᠠᠷᠤᠭᠰᠠᠨ ᠪᠠᠶᠢᠪᠠᠯ ᠬᠦᠳᠡᠯᠮᠦᠷᠢ ᠶᠢᠨ ᠭᠡᠷ᠎ᠡ ᠶᠢ ᠲᠠᠷᠤᠢ ᠳᠤᠨᠢ ᠲᠠᠭᠤᠰᠬᠠᠨ᠎ᠠ᠃        ᠬᠤᠷᠢᠨ ᠲᠦᠷᠪᠡᠳᠦᠭᠡᠷ ᠵᠦᠢᠯ    ᠬᠦᠳᠡᠯᠮᠦᠷᠢ ᠶᠢᠨ ᠭᠡᠷ᠎ᠡ ᠶᠢᠨ ᠲᠤᠬᠠᠢ ᠶᠢᠨ ᠬᠦᠮᠦᠨ ᠵᠦᠪᠳᠡᠯᠴᠡᠭᠡᠳ ᠰᠠᠨᠠᠯ ᠨᠢᠭᠡᠳᠪᠡᠯ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠃        ᠬᠤᠷᠢᠨ ᠲᠠᠪᠤᠳᠤᠭᠠᠷ ᠵᠦᠢᠯ    ᠬᠦᠳᠡᠯᠮᠦᠷᠢᠴᠢᠨ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ ᠬᠡᠷᠡᠭᠯᠡᠬᠦ ᠨᠢᠭᠡᠴᠡ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠄        ︵ᠨᠢᠭᠡ︶ ᠡᠯᠰᠡᠵᠤ ᠬᠡᠷᠡᠭᠯᠡᠬᠦ ᠨᠦᠬᠦᠴᠡᠯ ᠳᠤ ᠨᠡᠶᠢᠴᠡᠬᠦ ᠦᠭᠡᠢ ᠭᠡᠳᠡᠭ ᠨᠢ ᠲᠤᠷᠰᠢᠨ ᠬᠡᠷᠡᠭᠯᠡᠬᠦ ᠬᠤᠭᠤᠴᠠᠭᠠᠨ ᠳᠤ ᠭᠡᠷᠡᠴᠢᠯᠡᠭᠳᠡᠭᠰᠡᠨ︔        ︵ᠬᠤᠶᠠᠷ︶ ᠬᠦᠳᠡᠯᠮᠦᠷᠢ ᠶᠢᠨ ᠰᠠᠬᠢᠯᠭ᠎ᠠ ᠪᠠᠲᠤ ᠪᠤᠶᠤ ᠬᠦᠮᠦᠨ ᠬᠡᠷᠡᠭᠯᠡᠬᠦ ᠨᠢᠭᠡᠴᠡ ᠶᠢᠨ ᠲᠦᠷᠢᠮ ᠲᠤᠭᠲᠠᠭᠠᠯ ᠠᠴᠠ ᠬᠦᠨᠳᠤ ᠨᠤᠴᠢᠲᠠᠢ ᠵᠦᠷᠢᠴᠡᠭᠰᠡᠨ︔        ︵ᠭᠤᠷᠪᠠ︶ ᠡᠭᠦᠷᠭᠡ ᠬᠠᠷᠢᠭᠤᠴᠠᠯᠭ᠎ᠠ ᠪᠠᠨ ᠬᠦᠨᠳᠤ ᠰᠦᠷᠡᠬᠡᠢ ᠠᠯᠳᠠᠵᠤ᠂ ᠠᠷᠭ᠎ᠠ ᠵᠠᠯᠢ ᠬᠡᠷᠡᠭᠯᠡᠨ ᠠᠮᠢᠨ ᠳᠠᠭᠠᠨ ᠲᠠᠲᠠᠭᠠᠳ ᠬᠦᠮᠦᠨ ᠬᠡᠷᠡᠭᠯᠡᠬᠦ ᠨᠢᠭᠡᠴᠡ ᠶᠢᠨ ᠠᠰᠢᠭ ᠲᠤᠰᠠ ᠳᠤ ᠬᠦᠨᠳᠤ ᠶᠡᠭᠡ ᠬᠤᠬᠢᠷᠠᠯ ᠤᠴᠠᠷᠠᠭᠤᠯᠤᠭᠰᠠᠨ︔        ︵ᠲᠦᠷᠪᠡ︶ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ᠃        ᠬᠤᠷᠢᠨ ᠵᠢᠷᠭᠤᠳᠤᠭᠠᠷ ᠵᠦᠢᠯ    ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ ᠬᠡᠷᠡᠭᠯᠡᠬᠦ ᠨᠢᠭᠡᠴᠡ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠂ ᠭᠡᠭᠦ ᠳᠡᠭᠡᠨ ᠡᠭᠦᠨ ᠢᠶᠠᠨ ᠭᠤᠴᠢ ᠬᠤᠨᠤᠭ ᠤᠨ ᠡᠮᠦᠨ᠎ᠡ ᠬᠦᠳᠡᠯᠮᠦᠷᠢᠴᠢᠨ ᠲᠤᠰ ᠬᠦᠮᠦᠨ ᠳᠤ ᠪᠢᠴᠢᠭ ᠢᠶᠠᠷ ᠮᠡᠳᠡᠭᠳᠡᠬᠦ ᠬᠡᠷᠡᠭᠲᠠᠢ᠄        ︵ᠨᠢᠭᠡ︶ ᠬᠦᠳᠡᠯᠮᠦᠷᠢᠴᠢᠨ ᠡᠪᠡᠳᠴᠢᠯᠡᠭᠰᠡᠨ ᠪᠤᠶᠤ ᠠᠵᠢᠯ ᠤᠨ ᠪᠤᠰᠤ ᠰᠢᠯᠲᠠᠭᠠᠨ ᠢᠶᠠᠷ ᠰᠢᠷᠬᠠᠲᠤᠭᠠᠳ ᠡᠮᠴᠢᠯᠡᠭᠦᠯᠬᠦ ᠬᠤᠭᠤᠴᠠᠭ᠎ᠠ ᠨᠢ ᠲᠦᠭᠦᠷᠦᠭᠰᠡᠨ ᠤ ᠲᠠᠷᠠᠭ᠎ᠠ ᠤᠤᠯ ᠤᠨ ᠠᠵᠢᠯ ᠢᠶᠠᠨ ᠬᠢᠵᠤ ᠴᠢᠳᠠᠬᠤ ᠦᠭᠡᠢ ᠪᠤᠯᠤᠭᠰᠠᠨ ᠪᠦᠭᠡᠳ ᠬᠦᠮᠦᠨ ᠬᠡᠷᠡᠭᠯᠡᠬᠦ ᠨᠢᠭᠡᠴᠡ ᠠᠴᠠ ᠠᠰ ᠲᠤᠨᠢ ᠲᠤᠬᠢᠷᠠᠭᠤᠯᠤᠭᠰᠠᠨ ᠠᠵᠢᠯ ᠢ ᠴᠤ ᠬᠢᠵᠤ ᠴᠢᠳᠠᠬᠤ ᠦᠭᠡᠢ ᠪᠤᠯᠤᠭᠰᠠᠨ︔        ︵ᠬᠤᠶᠠᠷ︶ ᠬᠦᠳᠡᠯᠮᠦᠷᠢᠴᠢᠨ ᠠᠵᠢᠯ ᠢᠶᠠᠨ ᠬᠢᠵᠤ ᠲᠡᠶᠢᠯᠬᠦ ᠦᠭᠡᠢ᠂ ᠪᠤᠯᠪᠠᠰᠤᠷᠠᠯ ᠬᠢᠯᠭᠡᠬᠦ ᠪᠤᠶᠤ ᠠᠵᠢᠯ ᠤᠨ ᠪᠠᠶᠢᠷᠢ ᠳᠤᠨᠢ ᠲᠤᠬᠢᠷᠠᠭᠤᠯᠤᠯᠲᠠ ᠬᠢᠬᠦ ᠪᠠᠷ ᠲᠠᠮᠵᠢᠭᠠᠳ ᠪᠠᠰᠠ ᠠᠵᠢᠯ ᠢᠶᠠᠨ ᠬᠢᠵᠤ ᠲᠡᠶᠢᠯᠬᠦ ᠦᠭᠡᠢ ᠪᠠᠶᠢᠬᠤ︔        ︵ᠭᠤᠷᠪᠠ︶ ᠬᠦᠳᠡᠯᠮᠦᠷᠢ ᠶᠢᠨ ᠭᠡᠷ᠎ᠡ ᠶᠢ ᠲᠤᠭᠲᠠᠭᠠᠬᠤ ᠦᠶ᠎ᠡ ᠳᠤ ᠡᠰᠢ ᠪᠠᠷᠢᠮᠳᠠ ᠪᠤᠯᠭᠠᠭᠰᠠᠨ ᠪᠤᠰᠤᠳᠴᠢ ᠪᠠᠶᠢᠳᠠᠯ ᠳᠤ ᠴᠢᠬᠤᠯᠠ ᠶᠡᠭᠡ ᠬᠤᠪᠢᠷᠠᠯᠲᠠ ᠭᠠᠷᠤᠭᠠᠳ ᠤᠤᠯ ᠬᠦᠳᠡᠯᠮᠦᠷᠢ ᠶᠢᠨ ᠭᠡᠷ᠎ᠡ ᠶᠢ ᠬᠡᠷᠡᠭᠵᠢᠭᠦᠯᠬᠦ ᠶᠢᠨ ᠠᠷᠭ᠎ᠠ ᠦᠭᠡᠢ ᠪᠤᠯᠵᠤ᠂ ᠲᠤᠬᠠᠢ ᠶᠢᠨ ᠬᠦᠮᠦᠰ ᠵᠦᠪᠳᠡᠯᠴᠡᠭᠡᠳ ᠬᠦᠳᠡᠯᠮᠦᠷᠢ ᠶᠢᠨ ᠭᠡᠷ᠎ᠡ ᠶᠢ ᠬᠤᠪᠢᠷᠠᠭᠤᠯᠬᠤ ᠲᠤᠬᠠᠢ ᠬᠡᠯᠡᠯᠴᠡᠭᠡᠷ ᠲᠤᠬᠢᠷᠠᠵᠤ ᠴᠢᠳᠠᠬᠤ ᠦᠭᠡᠢ ᠪᠤᠯᠤᠭᠰᠠᠨ᠃        ᠬᠤᠷᠢᠨ ᠲᠤᠯᠤᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠲᠠᠮᠪᠠᠷᠠᠬᠤ ᠰᠢᠬᠠᠭᠠᠳ ᠬᠠᠤᠯᠢ ᠶᠤᠰᠤᠭᠠᠷ ᠴᠡᠭᠴᠡᠯᠡᠬᠦ ᠬᠤᠭᠤᠴᠠᠭᠠᠨ ᠳᠤ ᠪᠠᠶᠢᠬᠤ ᠪᠤᠶᠤ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠳᠤᠨᠢ ᠬᠦᠨᠳᠤ ᠬᠡᠴᠡᠭᠦᠦ ᠬᠦᠴᠢᠷᠳᠡᠯ ᠭᠠᠷᠤᠭᠠᠳ ᠦᠨᠡᠬᠡᠷ ᠬᠦᠮᠦᠨ ᠬᠠᠰᠤᠬᠤ ᠴᠢᠬᠤᠯᠠ ᠲᠠᠢ ᠪᠠᠶᠢᠪᠠᠯ᠂ ᠭᠤᠴᠢ ᠬᠤᠨᠤᠭ ᠤᠨ ᠡᠮᠦᠨ᠎ᠡ ᠠᠵᠢᠯᠴᠢᠨ ᠤ ᠡᠪᠯᠡᠯ ᠪᠤᠶᠤ ᠪᠦᠬᠦ ᠠᠵᠢᠯᠲᠠᠨ ᠠᠵᠢᠯᠴᠢᠨ ᠳᠤ ᠪᠠᠶᠢᠳᠠᠯ ᠢᠶᠠᠨ ᠲᠤᠳᠤᠷᠬᠠᠶᠢᠯᠠᠨ ᠦᠭᠴᠤ ᠠᠵᠢᠯᠴᠢᠨ ᠤ ᠡᠪᠯᠡᠯ ᠪᠤᠶᠤ ᠠᠵᠢᠯᠲᠠᠨ ᠠᠵᠢᠯᠴᠢᠨ ᠤ ᠰᠠᠨᠠᠯ ᠢ ᠰᠣᠨᠤᠰᠴᠤ᠂ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠦᠭᠰᠡᠨ ᠤ ᠲᠠᠷᠠᠭ᠎ᠠ ᠬᠦᠮᠦᠨ ᠬᠠᠰᠤᠵᠤ ᠪᠤᠯᠤᠨ᠎ᠠ᠃        ᠬᠦᠮᠦᠨ ᠬᠡᠷᠡᠭᠯᠡᠬᠦ ᠨᠢᠭᠡᠴᠡ ᠲᠤᠰ ᠵᠦᠢᠯ ᠤᠨ ᠲᠤᠭᠲᠠᠭᠠᠯ ᠶᠤᠰᠤᠭᠠᠷ ᠬᠦᠮᠦᠨ ᠬᠠᠰᠤᠭᠠᠳ ᠵᠢᠷᠭᠤᠭᠠᠨ ᠰᠠᠷ᠎ᠠ ᠶᠢᠨ ᠲᠤᠲᠤᠷ᠎ᠠ ᠬᠦᠮᠦᠨ ᠡᠯᠰᠡᠵᠤ ᠬᠡᠷᠡᠭᠯᠡᠪᠡᠯ ᠬᠠᠰᠤᠭᠳᠠᠭᠰᠠᠨ ᠬᠦᠮᠦᠰ ᠢ ᠣᠷᠢᠳ ᠢᠶᠠᠷ ᠡᠯᠰᠡᠵᠤ ᠬᠡᠷᠡᠭᠯᠡᠬᠦ ᠬᠡᠷᠡᠭᠲᠠᠢ᠃        ᠬᠤᠷᠢᠨ ᠨᠠᠢᠮᠠᠳᠣᠭᠠᠷ ᠵᠦᠢᠯ    ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠬᠤᠷᠢᠨ ᠲᠦᠷᠪᠡᠳᠦᠭᠡᠷ ᠵᠦᠢᠯ᠂ ᠬᠤᠷᠢᠨ ᠵᠢᠷᠭᠤᠳᠤᠭᠠᠷ ᠵᠦᠢᠯ᠂ ᠬᠤᠷᠢᠨ ᠲᠤᠯᠤᠳᠤᠭᠠᠷ ᠵᠦᠢᠯ ᠤᠨ ᠲᠤᠭᠲᠠᠭᠠᠯ ᠢ ᠦᠨᠳᠤᠰᠦᠯᠡᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠭᠰᠠᠨ ᠪᠠᠶᠢᠪᠠᠯ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠠᠵᠤ ᠠᠬᠤᠢ ᠶᠢᠨ ᠲᠦᠯᠦᠪᠦᠷᠢ ᠤᠯᠭᠤᠬᠤ ᠬᠡᠷᠡᠭᠲᠠᠢ᠃        ᠬᠤᠷᠢ ᠶᠢᠰᠤᠳᠦᠭᠡᠷ ᠵᠦᠢᠯ    ᠬᠦᠳᠡᠯᠮᠦᠷᠢᠴᠢᠳ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠬᠤᠷᠢᠨ ᠵᠢᠷᠭᠤᠳᠤᠭᠠᠷ ᠵᠦᠢᠯ᠂ ᠬᠤᠷᠢᠨ ᠲᠤᠯᠤᠳᠤᠭᠠᠷ ᠵᠦᠢᠯ ᠤᠨ ᠲᠤᠭᠲᠠᠭᠠᠯ ᠢᠶᠠᠷ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠬᠤ ᠦᠭᠡᠢ᠄        ︵ᠨᠢᠭᠡ︶ ᠠᠵᠢᠯ ᠤᠨ ᠴᠢᠨᠠᠷᠲᠠᠢ ᠡᠪᠡᠳᠴᠢᠨ ᠤᠯᠤᠭᠰᠠᠨ ᠪᠤᠶᠤ ᠠᠵᠢᠯ ᠤᠨ ᠬᠠᠷᠠᠭ᠎ᠠ ᠪᠠᠷ ᠰᠢᠷᠬᠠᠲᠤᠭᠠᠳ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠤᠶᠤ ᠬᠡᠰᠡᠭ ᠲᠠᠯ᠎ᠠ ᠪᠠᠷ ᠠᠯᠳᠠᠭᠰᠠᠨ ᠭᠡᠵᠤ ᠲᠤᠳᠤᠯᠠᠭᠳᠠᠭᠰᠠᠨ︔        ︵ᠬᠤᠶᠠᠷ︶ ᠡᠪᠡᠳᠴᠢᠯᠡᠭᠰᠡᠨ ᠪᠤᠶᠤ ᠰᠢᠷᠬᠠᠲᠤᠭᠠᠳ ᠲᠤᠭᠲᠠᠭᠰᠠᠨ ᠡᠮᠨᠡᠭᠦᠯᠬᠦ ᠬᠤᠭᠤᠴᠠᠭᠠᠨ ᠳᠤ ᠪᠠᠶᠢᠬᠤ        ︵ᠭᠤᠷᠪᠠ︶ ᠡᠮᠡᠭᠲᠠᠢ ᠠᠵᠢᠯᠲᠠᠨ ᠠᠵᠢᠯᠴᠢᠨ ᠵᠢᠷᠮᠦᠰᠦᠨ ᠬᠤᠭᠤᠴᠠᠭ᠎ᠠ᠂ ᠬᠦᠩᠭᠡᠵᠢᠬᠦ ᠬᠤᠭᠤᠴᠠᠭ᠎ᠠ᠂ ᠬᠦᠬᠦᠭᠦᠯᠬᠦ ᠬᠤᠭᠤᠴᠠᠭᠠᠨ ᠳᠠᠭᠠᠨ ᠪᠠᠶᠢᠬᠤ︔        ︵ᠲᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠲᠤᠭᠲᠠᠭᠠᠭᠰᠠᠨ ᠪᠤᠰᠤᠳ ᠪᠠᠶᠢᠳᠠᠯ ᠤᠳ᠃        ᠭᠤᠴᠢᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠳᠤ ᠠᠵᠢᠯᠴᠢᠨ ᠤ ᠡᠪᠯᠡᠯ ᠲᠤᠬᠢᠷᠠᠮᠵᠢ ᠦᠭᠡᠢ ᠭᠡᠵᠤ ᠦᠵᠡᠪᠡᠯ ᠰᠠᠨᠠᠯ ᠭᠠᠷᠭᠠᠬᠤ ᠡᠷᠬᠡ ᠲᠠᠢ᠃ ᠬᠡᠷᠪᠡ ᠬᠦᠮᠦᠨ ᠬᠡᠷᠡᠭᠯᠡᠬᠦ ᠨᠢᠭᠡᠴᠡ ᠬᠠᠤᠯᠢ ᠴᠠᠭᠠᠵᠠ ᠬᠠᠤᠯᠢ ᠲᠤᠭᠲᠠᠭᠠᠯ ᠪᠤᠶᠤ ᠬᠦᠳᠡᠯᠮᠦᠷᠢ ᠶᠢᠨ ᠭᠡᠷ᠎ᠡ ᠠᠴᠠ ᠵᠦᠷᠢᠴᠡᠭᠰᠡᠨ ᠪᠠᠶᠢᠪᠠᠯ ᠠᠵᠢᠯᠴᠢᠨ ᠤ ᠡᠪᠯᠡᠯ ᠲᠠᠬᠢᠵᠤ ᠰᠢᠢᠳᠪᠦᠷᠢᠯᠡᠭᠦᠯᠬᠦ ᠪᠠᠷ ᠱᠠᠭᠠᠷᠳᠠᠬᠤ ᠡᠷᠬᠡ ᠲᠠᠢ᠃ ᠬᠦᠳᠡᠯᠮᠦᠷᠢᠴᠢᠨ ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠭᠰᠠᠨ ᠪᠤᠶᠤ ᠵᠠᠭᠠᠯᠳᠤᠯᠭ᠎ᠠ ᠭᠠᠷᠭᠠᠭᠰᠠᠨ ᠪᠠᠶᠢᠪᠠᠯ ᠠᠵᠢᠯᠴᠢᠨ ᠤ ᠡᠪᠯᠡᠯ ᠬᠠᠤᠯᠢ ᠶᠤᠰᠤᠭᠠᠷ ᠲᠠᠮᠵᠢᠵᠤ ᠬᠠᠪᠰᠤᠷᠬᠤ ᠬᠡᠷᠡᠭᠲᠠᠢ᠃        ᠭᠤᠴᠢᠨ ᠨᠢᠭᠡᠳᠦᠭᠡᠷ ᠵᠦᠢᠯ    ᠬᠦᠳᠡᠯᠮᠦᠷᠢᠴᠢᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠭᠡᠪᠡᠯ ᠭᠤᠴᠢ ᠬᠤᠨᠤᠭ ᠤᠨ ᠡᠮᠦᠨ᠎ᠡ ᠬᠦᠮᠦᠨ ᠬᠡᠷᠡᠭᠯᠡᠬᠦ ᠨᠢᠭᠡᠴᠡ ᠳᠤ ᠪᠢᠴᠢᠭ ᠢᠶᠠᠷ ᠮᠡᠳᠡᠭᠳᠡᠬᠦ ᠬᠡᠷᠡᠭᠲᠠᠢ᠃        ᠭᠤᠴᠢᠨ ᠬᠤᠶᠠᠳᠤᠭᠠᠷ ᠵᠦᠢᠯ    ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠳᠡᠯᠮᠦᠷᠢᠴᠢᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠠᠷ ᠬᠦᠮᠦᠨ ᠬᠡᠷᠡᠭᠯᠡᠬᠦ ᠨᠢᠭᠡᠴᠡ ᠳᠤ ᠴᠠᠭ ᠲᠤᠬᠠᠢ ᠳᠤᠨᠢ ᠮᠡᠳᠡᠭᠳᠡᠵᠤ ᠪᠤᠯᠤᠨ᠎ᠠ᠄        ︵ᠨᠢᠭᠡ︶ ᠲᠤᠷᠰᠢᠨ ᠬᠡᠷᠡᠭᠯᠡᠬᠦ ᠬᠤᠭᠤᠴᠠᠭᠠᠨ ᠳᠤ ᠪᠠᠶᠢᠬᠤ︔        ︵ᠬᠤᠶᠠᠷ︶ ᠬᠦᠮᠦᠨ ᠬᠡᠷᠡᠭᠯᠡᠬᠦ ᠨᠢᠭᠡᠴᠡ ᠬᠦᠴᠦᠷᠬᠡᠭᠯᠡᠯ᠂ ᠰᠦᠷᠳᠡᠭᠦᠯᠦᠯ ᠪᠤᠶᠤ ᠬᠦᠮᠦᠨ ᠤ ᠪᠡᠶ᠎ᠡ ᠶᠢᠨ ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠬᠤ ᠠᠷᠭ᠎ᠠ ᠪᠠᠷᠢᠯ ᠢᠶᠠᠷ ᠠᠯᠪᠠᠳᠠᠨ ᠬᠦᠳᠡᠯᠮᠦᠷᠢᠯᠡᠭᠦᠯᠦᠭᠰᠡᠨ︔        ︵ᠭᠤᠷᠪᠠ︶ ᠬᠦᠮᠦᠨ ᠬᠡᠷᠡᠭᠯᠡᠬᠦ ᠨᠢᠭᠡᠴᠡ ᠬᠦᠳᠡᠯᠮᠦᠷᠢ ᠶᠢᠨ ᠭᠡᠷ᠎ᠡ ᠶᠢᠨ ᠲᠤᠭᠲᠠᠭᠠᠯ ᠶᠤᠰᠤᠭᠠᠷ ᠬᠦᠳᠡᠯᠮᠦᠷᠢ ᠶᠢᠨ ᠬᠦᠯᠦᠰᠦ ᠣᠯᠭᠤᠮᠵᠢ ᠤᠯᠭᠤᠭᠰᠠᠨ ᠦᠭᠡᠢ ᠪᠤᠶᠤ ᠬᠦᠳᠡᠯᠮᠦᠷᠢᠯᠡᠬᠦ ᠨᠦᠬᠦᠴᠡᠯ ᠦᠯᠦ ᠬᠠᠩᠭᠠᠭᠰᠠᠨ        ᠭᠤᠴᠢᠨ ᠭᠤᠷᠪᠠᠳᠤᠭᠠᠷ ᠵᠦᠢᠯ    ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠲᠠᠯ᠎ᠠ ᠪᠠ ᠠᠵᠤ ᠠᠬᠤᠶᠢᠯᠠᠯ ᠬᠤᠭᠤᠷᠤᠨᠳᠤ ᠪᠠᠨ ᠬᠦᠳᠡᠯᠮᠦᠷᠢ ᠶᠢᠨ ᠬᠦᠯᠦᠰᠤ ᠤᠯᠭᠤᠮᠵᠢ᠂ ᠠᠵᠢᠯᠯᠠᠬᠤ ᠴᠠᠭ᠂ ᠠᠮᠠᠷᠠᠬᠤ᠂ ᠠᠮᠠᠷᠠᠯᠲᠠ ᠶᠢᠨ ᠴᠢᠯᠦᠭᠡ ᠠᠪᠬᠤ᠂ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ᠂ ᠲᠠᠭᠠᠳᠬᠠᠯ ᠠᠰᠠᠷᠠᠮᠵᠢ ᠵᠡᠷᠭᠡ ᠤᠴᠢᠷ ᠶᠠᠪᠤᠳᠠᠯ ᠤᠨ ᠲᠤᠬᠠᠢ ᠬᠠᠮᠲᠤ ᠶᠢᠨ ᠭᠡᠷ᠎ᠡ ᠲᠤᠭᠲᠠᠭᠠᠵᠤ ᠪᠤᠯᠤᠨ᠎ᠠ᠃ ᠬᠠᠮᠲᠤ ᠶᠢᠨ ᠭᠡᠷ᠎ᠡ ᠶᠢᠨ ᠲᠦᠰᠦᠯ ᠢ ᠠᠵᠢᠯᠲᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠦᠬᠦ ᠠᠵᠢᠯᠲᠠᠨ ᠠᠵᠢᠯᠴᠢᠨ ᠳᠤ ᠲᠡᠪᠰᠢᠭᠦᠯᠦᠨ ᠶᠠᠷᠢᠯᠴᠠᠭᠤᠯᠵᠤ ᠪᠠᠲᠤᠯᠠᠭᠤᠯᠬᠤ ᠬᠡᠷᠡᠭᠲᠠᠢ᠃        ᠬᠠᠮᠲᠤ ᠶᠢᠨ ᠭᠡᠷ᠎ᠡ ᠶᠢ ᠠᠵᠢᠯᠴᠢᠨ ᠤ ᠡᠪᠯᠡᠯ ᠠᠴᠠ ᠠᠵᠢᠯᠲᠠᠨ ᠠᠵᠢᠯᠴᠢᠨ ᠢ ᠲᠦᠯᠦᠭᠡᠯᠡᠨ ᠠᠵᠤ ᠠᠬᠤᠶᠢᠯᠠᠯ ᠯᠤᠭ᠎ᠠ ᠲᠤᠭᠲᠠᠭᠠᠨ᠎ᠠ︔ ᠠᠵᠢᠯᠴᠢᠨ ᠤ ᠡᠪᠯᠡᠯ ᠪᠠᠶᠢᠭᠤᠯᠤᠭᠰᠠᠨ ᠦᠭᠡᠢ ᠠᠵᠤ ᠠᠬᠤᠶᠢᠯᠠᠯ ᠳᠤ ᠪᠤᠯ ᠠᠵᠢᠯᠲᠠᠨ ᠠᠵᠢᠯᠴᠢᠨ ᠤ ᠰᠤᠩᠭᠤᠭᠰᠠᠨ ᠲᠦᠯᠦᠭᠡᠯᠡᠭᠴᠢ ᠠᠵᠤ ᠠᠬᠤᠶᠢᠯᠠᠯ ᠯᠤᠭ᠎ᠠ ᠲᠤᠭᠲᠠᠭᠠᠨ᠎ᠠ᠃        ᠭᠤᠴᠢᠨ ᠲᠦᠷᠪᠡᠳᠦᠭᠡᠷ ᠵᠦᠢᠯ    ᠬᠠᠮᠲᠤ ᠶᠢᠨ ᠭᠡᠷ᠎ᠡ ᠶᠢ ᠲᠤᠭᠲᠠᠭᠠᠭᠰᠠᠨ ᠤ ᠲᠠᠷᠠᠭ᠎ᠠ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠦᠨ ᠲᠡᠪᠰᠢᠭᠦᠯᠬᠦ ᠬᠡᠷᠡᠭᠲᠠᠢ︔ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠬᠠᠮᠲᠤ ᠶᠢᠨ ᠭᠡᠷ᠎ᠡ ᠶᠢᠨ ᠪᠢᠴᠢᠭ ᠢ ᠤᠯᠵᠤ ᠠᠪᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠬᠤᠨᠤᠭ ᠤᠨ ᠲᠤᠲᠤᠷ᠎ᠠ ᠤᠨᠳᠤᠤ ᠰᠠᠨᠠᠯ ᠭᠠᠷᠭᠠᠭᠰᠠᠨ ᠦᠭᠡᠢ ᠪᠠᠶᠢᠪᠠᠯ ᠬᠠᠮᠲᠤ ᠶᠢᠨ ᠭᠡᠷ᠎ᠡ ᠲᠠᠷᠤᠢ ᠬᠦᠴᠦᠨ ᠲᠠᠢ ᠪᠤᠯᠤᠨ᠎ᠠ᠃        ᠭᠤᠴᠢᠨ ᠲᠠᠪᠤᠳᠤᠭᠠᠷ ᠵᠦᠢᠯ    ᠬᠠᠤᠯᠢ ᠶᠤᠰᠤᠭᠠᠷ ᠲᠤᠭᠲᠠᠭᠠᠭᠰᠠᠨ ᠬᠠᠮᠲᠤ ᠶᠢᠨ ᠭᠡᠷ᠎ᠡ ᠨᠢ ᠠᠵᠤ ᠠᠬᠤᠶᠢᠯᠠᠯ ᠪᠠ ᠠᠵᠤ ᠠᠬᠤᠶᠢᠯᠠᠯ ᠤᠨ ᠪᠦᠬᠦ ᠠᠵᠢᠯᠲᠠᠨ ᠠᠵᠢᠯᠴᠢᠨ ᠳᠤ ᠬᠢᠵᠠᠭᠠᠷᠯᠠᠬᠤ ᠬᠦᠴᠦᠨ ᠲᠠᠢ᠃ ᠠᠵᠢᠯᠲᠠᠨ ᠠᠵᠢᠯᠴᠢᠨ ᠬᠤᠪᠢ ᠬᠦᠮᠦᠨ ᠢᠶᠠᠷ ᠢᠶᠠᠨ ᠠᠵᠤ ᠠᠬᠤᠶᠢᠯᠠᠯ ᠯᠤᠭ᠎ᠠ ᠲᠤᠭᠲᠠᠭᠠᠭᠰᠠᠨ ᠬᠦᠳᠡᠯᠮᠦᠷᠢ ᠶᠢᠨ ᠭᠡᠷ᠎ᠡ ᠶᠢᠨ ᠲᠤᠲᠤᠷᠠᠬᠢ ᠬᠦᠳᠡᠯᠮᠦᠷᠢ ᠶᠢᠨ ᠨᠦᠬᠦᠴᠡᠯ ᠪᠠ ᠬᠦᠳᠡᠯᠮᠦᠷᠢ ᠶᠢᠨ ᠬᠦᠯᠦᠰᠦ ᠤᠯᠭᠤᠮᠵᠢ ᠵᠡᠷᠭᠡ ᠪᠠᠷᠢᠮᠵᠢᠶ᠎ᠠ ᠨᠢ ᠬᠠᠮᠲᠤ ᠶᠢᠨ ᠭᠡᠷ᠎ᠡ ᠶᠢᠨ ᠲᠤᠭᠲᠠᠭᠠᠯ ᠠᠴᠠ ᠲᠤᠤᠷ᠎ᠠ ᠪᠠᠶᠢᠵᠤ ᠪᠤᠯᠬᠤ ᠦᠭᠡᠢ᠃        ᠲᠦᠷᠪᠡᠳᠦᠭᠡᠷ ᠪᠦᠯᠦᠭ    ᠠᠵᠢᠯᠯᠠᠬᠤ ᠴᠠᠭ ᠪᠠ ᠠᠮᠠᠷᠠᠬᠤ᠂ ᠠᠮᠠᠷᠠᠯᠲᠠ ᠶᠢᠨ ᠴᠢᠯᠦᠭᠡ        ᠭᠤᠴᠢᠨ ᠵᠢᠷᠭᠤᠳᠤᠭᠠᠷ ᠵᠦᠢᠯ    ᠤᠯᠤᠰ ᠠᠴᠠ ᠬᠦᠳᠡᠯᠮᠦᠷᠢᠴᠢᠳ ᠤᠨ ᠡᠳᠦᠷ ᠪᠦᠷᠢ ᠶᠢᠨ ᠠᠵᠢᠯᠯᠠᠬᠤ ᠴᠠᠭ ᠢ ᠨᠠᠢᠮᠠᠨ ᠴᠠᠭ ᠠᠴᠠ ᠦᠯᠦ ᠬᠡᠲᠦᠷᠡᠭᠦᠯᠬᠦ᠂ ᠭᠠᠷᠠᠭ ᠪᠦᠷᠢ ᠶᠢᠨ ᠳᠤᠮᠳᠠᠴᠢ ᠠᠵᠢᠯᠯᠠᠬᠤ ᠴᠠᠭ ᠢ ᠲᠦᠴᠢᠨ ᠲᠦᠷᠪᠡᠨ ᠴᠠᠭ ᠠᠴᠠ ᠦᠯᠦ ᠬᠡᠲᠦᠷᠡᠭᠦᠯᠬᠦ ᠠᠵᠢᠯ ᠤᠨ ᠴᠠᠭ ᠤᠨ ᠲᠦᠷᠢᠮ ᠢ ᠬᠡᠷᠡᠭᠵᠢᠭᠦᠯᠦᠨ᠎ᠠ᠃        ᠭᠤᠴᠢᠨ ᠲᠤᠯᠤᠳᠤᠭᠠᠷ ᠵᠦᠢᠯ    ᠲᠤᠭᠠᠴᠠᠭᠠᠯᠠᠨ ᠪᠤᠳᠤᠬᠤ ᠠᠵᠢᠯ ᠬᠢᠵᠤ ᠪᠠᠶᠢᠭ᠎ᠠ ᠬᠦᠳᠡᠯᠮᠦᠷᠢᠴᠢᠳ ᠲᠤ ᠪᠤᠯ ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠢᠯ ᠳᠤ ᠲᠤᠭᠲᠠᠭᠠᠭᠰᠠᠨ ᠠᠵᠢᠯ ᠤᠨ ᠴᠠᠭ ᠤᠨ ᠲᠦᠷᠢᠮ ᠢ ᠦᠨᠳᠤᠰᠤᠯᠡᠨ ᠬᠦᠳᠡᠯᠮᠦᠷᠢ ᠶᠢᠨ ᠲᠤᠭ᠎ᠠ ᠨᠤᠷᠮ᠎ᠠ ᠪᠠ ᠲᠤᠭᠠᠴᠠᠭᠠᠯᠠᠨ ᠪᠤᠳᠤᠬᠤ ᠬᠦᠯᠦᠰᠤ ᠤᠯᠭᠤᠮᠵᠢ ᠶᠢᠨ ᠪᠠᠷᠢᠮᠵᠢᠶ᠎ᠠ ᠶᠢ ᠵᠦᠢ ᠵᠤᠬᠢᠰᠲᠠᠢ ᠪᠠᠷ ᠲᠤᠭᠲᠠᠭᠠᠬᠤ ᠬᠡᠷᠡᠭᠲᠠᠢ᠃        ᠭᠤᠴᠢᠨ ᠨᠠᠢᠮᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠬᠦᠳᠡᠯᠮᠦᠷᠢᠴᠢᠳ ᠤᠨ ᠭᠠᠷᠠᠭ ᠪᠦᠷᠢ ᠠᠳᠠᠭ ᠲᠠᠭᠠᠨ ᠨᠢᠭᠡ ᠡᠳᠦᠷ ᠠᠮᠠᠷᠠᠬᠤ ᠶᠢ ᠪᠠᠲᠤᠯᠠᠬᠤ ᠬᠡᠷᠡᠭᠲᠠᠢ᠃        ᠭᠤᠴᠢ ᠶᠢᠰᠤᠳᠦᠭᠡᠷ ᠵᠦᠢᠯ    ᠠᠵᠤ ᠠᠬᠤᠶᠢᠯᠠᠯ ᠨᠢ ᠦᠢᠯᠡᠳᠪᠦᠷᠢᠯᠡᠯ ᠤᠨ ᠤᠨᠴᠠᠯᠢᠭ ᠠᠴᠠ ᠪᠠᠨ ᠪᠤᠯᠵᠤ ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠢᠯ᠂ ᠭᠤᠴᠢᠨ ᠨᠠᠢᠮᠠᠳᠤᠭᠠᠷ ᠵᠦᠢᠯ ᠤᠨ ᠲᠤᠭᠲᠠᠭᠠᠯ ᠢ ᠬᠡᠷᠡᠭᠵᠢᠭᠦᠯᠵᠤ ᠲᠡᠶᠢᠯᠬᠦ ᠦᠭᠡᠢ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠭᠡᠳ ᠪᠤᠰᠤᠳ ᠵᠦᠢᠯ ᠤᠨ ᠠᠵᠢᠯᠯᠠᠬᠤ ᠪᠠ ᠠᠮᠠᠷᠠᠬᠤ ᠠᠷᠭ᠎ᠠ ᠶᠢ ᠬᠡᠷᠡᠭᠵᠢᠭᠦᠯᠵᠤ ᠪᠤᠯᠤᠨ᠎ᠠ᠃        ᠳᠦᠴᠢᠳᠦᠭᠡᠷ ᠵᠦᠢᠯ    ᠬᠦᠮᠦᠨ ᠬᠡᠷᠡᠭᠯᠡᠬᠦ ᠨᠢᠭᠡᠴᠡ ᠲᠤᠤᠷ᠎ᠠ ᠵᠢᠭᠰᠠᠭᠠᠭᠰᠠᠨ ᠪᠠᠶᠠᠷ ᠤᠨ ᠡᠳᠦᠷ ᠤᠨ ᠬᠤᠭᠤᠴᠠᠭᠠᠨ ᠳᠤ ᠬᠦᠳᠡᠯᠮᠦᠷᠢᠴᠢᠳ ᠲᠤ ᠬᠠᠤᠯᠢ ᠶᠤᠰᠤᠭᠠᠷ ᠠᠮᠠᠷᠠᠯᠲᠠ ᠶᠢᠨ ᠴᠢᠯᠦᠭᠡ ᠲᠤᠬᠢᠷᠠᠭᠤᠯᠵᠤ ᠦᠭᠬᠦ ᠬᠡᠷᠡᠭᠲᠠᠢ᠄        ︵ᠨᠢᠭᠡ︶ ᠰᠢᠨ᠎ᠡ ᠵᠢᠯ ᠤᠨ ᠰᠢᠨ᠎ᠡ ᠶᠢᠨ ᠨᠢᠭᠡᠨ︔        ︵ᠬᠤᠶᠠᠷ︶ ᠴᠠᠭᠠᠨ ᠰᠠᠷ᠎ᠠ ᠶᠢᠨ ᠪᠠᠶᠠᠷ︔        ︵ᠭᠤᠷᠪᠠ︶ ᠲᠡᠯᠡᠬᠡᠢ ᠶᠢᠨ ᠬᠦᠳᠡᠯᠮᠦᠷᠢᠴᠢᠳ ᠤᠨ ᠪᠠᠶᠠᠷ︔        ︵ᠲᠦᠷᠪᠡ︶ ᠤᠯᠤᠰ ᠤᠨ ᠪᠠᠶᠠᠷ︔        ︵ᠲᠠᠪᠤ︶ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠠᠮᠠᠷᠠᠯᠲᠠ ᠶᠢᠨ ᠴᠢᠯᠦᠭᠡ ᠲᠠᠯᠪᠢᠬᠤ ᠪᠠᠷ ᠲᠤᠭᠲᠠᠭᠠᠭᠰᠠᠨ ᠪᠤᠰᠤᠳ ᠪᠠᠶᠠᠷ ᠤᠨ ᠡᠳᠦᠷ᠃        ᠲᠦᠴᠢᠨ ᠨᠢᠭᠡᠳᠦᠭᠡᠷ ᠵᠦᠢᠯ    ᠬᠦᠮᠦᠨ ᠬᠡᠷᠡᠭᠯᠡᠬᠦ ᠨᠢᠭᠡᠴᠡ ᠦᠢᠯᠡᠳᠪᠦᠷᠢᠯᠡᠯ ᠡᠵᠡᠩᠨᠡᠯᠲᠡ ᠳᠤᠨᠢ ᠬᠡᠷᠡᠭᠴᠡᠭᠡ ᠲᠠᠢ ᠪᠤᠯᠪᠠᠯ ᠠᠵᠢᠯᠴᠢᠨ ᠤ ᠡᠪᠯᠡᠯ ᠪᠠ ᠬᠦᠳᠡᠯᠮᠦᠷᠢᠴᠢᠨ ᠲᠠᠢ ᠵᠦᠪᠳᠡᠯᠴᠡᠭᠰᠡᠨ ᠤ ᠲᠠᠷᠠᠭ᠎ᠠ ᠠᠵᠢᠯᠯᠠᠬᠤ ᠴᠠᠭ ᠢ ᠣᠷᠲᠤᠳᠬᠠᠵᠤ ᠪᠤᠯᠤᠨ᠎ᠠ᠂ ᠭᠡᠬᠦ ᠳᠡᠭᠡᠨ ᠡᠩ ᠤᠨ ᠪᠠᠶᠢᠳᠠᠯ ᠤᠨ ᠲᠤᠤᠷ᠎ᠠ ᠡᠳᠦᠷ ᠪᠦᠷᠢ ᠨᠢᠭᠡ ᠴᠠᠭ ᠠᠴᠠ ᠬᠡᠳᠦᠷᠡᠭᠦᠯᠵᠤ ᠪᠤᠯᠬᠤ ᠦᠭᠡᠢ︔ ᠤᠨᠴᠠᠭᠠᠢ ᠰᠢᠯᠲᠠᠭᠠᠨ ᠠᠴᠠ ᠪᠤᠯᠤᠭᠠᠳ ᠠᠵᠢᠯᠯᠠᠬᠤ ᠴᠠᠭ ᠢ ᠣᠷᠲᠤᠳᠬᠠᠬᠤ ᠴᠢᠬᠤᠯᠠ ᠲᠠᠢ ᠪᠠᠶᠢᠪᠠᠯ ᠬᠦᠳᠡᠯᠮᠦᠷᠢᠴᠢᠳ ᠤᠨ ᠪᠡᠶ᠎ᠡ ᠶᠢᠨ ᠡᠷᠡᠭᠦᠯ ᠴᠢᠬᠢᠷᠠᠭ ᠢ ᠪᠠᠲᠤᠯᠠᠬᠤ ᠨᠦᠬᠦᠴᠡᠯ ᠲᠤᠤᠷ᠎ᠠ ᠤᠷᠲᠤᠳᠬᠠᠬᠤ ᠠᠵᠢᠯ ᠤᠨ ᠴᠠᠭ ᠢ ᠡᠳᠦᠷ ᠪᠦᠷᠢ ᠭᠤᠷᠪᠠᠨ ᠴᠠᠭ ᠠᠴᠠ ᠬᠡᠲᠦᠷᠡᠭᠦᠯᠵᠤ ᠪᠤᠯᠬᠤ ᠦᠭᠡᠢ᠂ ᠭᠡᠪᠡᠴᠤ ᠰᠠᠷ᠎ᠠ ᠪᠦᠷᠢ ᠳᠤ ᠭᠤᠴᠢᠨ ᠵᠢᠷᠭᠤᠭᠠᠨ ᠴᠠᠭ ᠠᠴᠠ ᠬᠡᠲᠦᠷᠡᠭᠦᠯᠵᠤ ᠪᠤᠯᠬᠤ ᠦᠭᠡᠢ᠃        ᠲᠦᠴᠢᠨ ᠬᠤᠶᠠᠳᠤᠭᠠᠷ ᠵᠦᠢᠯ    ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠠᠵᠢᠯᠯᠠᠬᠤ ᠴᠠᠭ ᠢ ᠤᠷᠲᠤᠳᠬᠠᠬᠤ ᠳᠤ ᠲᠤᠰ ᠬᠠᠤᠯᠢ ᠶᠢᠨ ᠲᠦᠴᠢᠨ ᠨᠢᠭᠡᠳᠦᠭᠡᠷ ᠵᠦᠢᠯ ᠤᠨ ᠲᠤᠭᠲᠠᠭᠠᠯ ᠳᠤ ᠬᠢᠵᠠᠭᠠᠷᠯᠠᠭᠳᠠᠬᠤ ᠦᠭᠡᠢ᠄        ︵ᠨᠢᠭᠡ︶ ᠪᠠᠶᠢᠭᠠᠯᠢ ᠶᠢᠨ ᠭᠠᠮᠰᠢᠭ᠂ ᠭᠡᠨᠡᠳᠡᠯ ᠭᠠᠷᠤᠭᠰᠠᠨ ᠪᠤᠶᠤ ᠪᠤᠰᠤᠳ ᠰᠢᠯᠲᠠᠭᠠᠨ ᠠᠴᠠ ᠪᠤᠯᠵᠤ ᠬᠦᠳᠡᠯᠮᠦᠷᠢᠴᠢᠳ ᠤᠨ ᠠᠮᠢ ᠨᠠᠰᠤ ᠡᠷᠡᠭᠦᠯ ᠴᠢᠬᠢᠷᠠᠭ ᠪᠠ ᠡᠳ᠋ ᠬᠦᠷᠦᠩᠭᠡ ᠶᠢᠨ ᠠᠮᠤᠷ ᠲᠦᠪᠰᠢᠨ ᠰᠦᠷᠳᠡᠭᠦᠯᠦᠯ ᠳᠤ ᠤᠴᠠᠷᠠᠭᠠᠳ ᠪᠠᠴᠢᠮ ᠰᠢᠢᠳᠪᠦᠷᠢᠯᠡᠬᠦ ᠴᠢᠬᠤᠯᠠ ᠲᠠᠢ ᠪᠤᠯᠤᠭᠰᠠᠨ︔        ︵ᠬᠤᠶᠠᠷ︶ ᠦᠢᠯᠡᠳᠪᠦᠷᠢᠯᠡᠯ ᠤᠨ ᠲᠦᠬᠦᠭᠡᠷᠤᠮᠵᠢ᠂ ᠵᠠᠮ ᠬᠠᠷᠢᠯᠴᠠᠭᠠᠨ ᠤ ᠲᠡᠭᠡᠭᠡᠪᠦᠷᠢ ᠶᠢᠨ ᠱᠤᠭᠤᠮ᠂ ᠤᠯᠠᠨ ᠨᠡᠶᠢᠲᠡ ᠶᠢᠨ ᠪᠡᠯᠡᠳᠭᠡᠯ ᠲᠦᠬᠦᠭᠡᠷᠦᠮᠵᠢ ᠳᠤ ᠬᠠᠷᠰᠢ ᠰᠠᠭᠠᠳ ᠭᠠᠷᠴᠤ ᠦᠢᠯᠡᠳᠪᠦᠷᠢᠯᠡᠯ ᠪᠠ ᠤᠯᠠᠨ ᠨᠡᠶᠢᠲᠡ ᠶᠢᠨ ᠠᠰᠢᠭ ᠲᠤᠰᠠ ᠶᠢ ᠨᠦᠯᠦᠭᠡᠯᠡᠭᠡᠳ ᠡᠷᠬᠡᠪᠰᠢ ᠴᠠᠭ ᠲᠤᠬᠠᠢ ᠳᠤᠨᠢ ᠱᠠᠯᠠᠪᠳᠠᠨ ᠵᠠᠰᠠᠬᠤ ᠴᠢᠬᠤᠯᠠ ᠲᠠᠢ ᠪᠤᠯᠤᠭᠰᠠᠨ︔        ︵ᠭᠤᠷᠪᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠲᠤᠭᠲᠠᠭᠠᠭᠰᠠᠨ ᠪᠤᠰᠤᠳ ᠪᠠᠶᠢᠳᠠᠯ ᠤᠳ᠃        ᠲᠦᠴᠢᠨ ᠭᠤᠷᠪᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠤᠭᠲᠠᠭᠠᠯ ᠢ ᠵᠦᠷᠢᠴᠡᠵᠤ ᠬᠦᠳᠡᠯᠮᠦᠷᠢᠴᠢᠳ ᠤᠨ ᠠᠵᠢᠯᠯᠠᠬᠤ ᠴᠠᠭ ᠢ ᠣᠷᠲᠤᠳᠬᠠᠵᠤ ᠪᠤᠯᠬᠤ ᠦᠭᠡᠢ᠃        ᠲᠦᠴᠢᠨ ᠲᠦᠷᠪᠡᠳᠦᠭᠡᠷ ᠵᠦᠢᠯ    ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ ᠬᠦᠮᠦᠨ ᠬᠡᠷᠡᠭᠯᠡᠬᠦ ᠨᠢᠭᠡᠴᠡ ᠲᠤᠤᠷᠠᠬᠢ ᠪᠠᠷᠢᠮᠵᠢᠶ᠎ᠠ ᠶᠤᠰᠤᠭᠠᠷ ᠬᠦᠳᠡᠯᠮᠦᠷᠢᠴᠢᠳ ᠲᠤ ᠶᠡᠷᠤ ᠶᠢᠨ ᠠᠵᠢᠯᠯᠠᠬᠤ ᠴᠠᠭ ᠤᠨ ᠴᠠᠯᠢᠩ ᠠᠴᠠ ᠲᠡᠭᠡᠭᠦᠷ ᠴᠠᠯᠢᠩ ᠬᠦᠯᠦᠰᠤ ᠤᠯᠭᠤᠬᠤ ᠬᠡᠷᠡᠭᠲᠠᠢ᠄        ︵ᠨᠢᠭᠡ︶ ᠬᠦᠳᠡᠯᠮᠦᠷᠢᠴᠢᠳ ᠤᠨ ᠠᠵᠢᠯᠯᠠᠬᠤ ᠴᠠᠭ ᠢ ᠤᠷᠲᠤᠳᠬᠠᠬᠤ ᠪᠠᠷ ᠲᠤᠬᠢᠷᠠᠭᠤᠯᠤᠭᠰᠠᠨ ᠪᠠᠶᠢᠪᠠᠯ ᠴᠠᠯᠢᠩ ᠤᠨ ᠬᠢᠨᠢ ᠵᠠᠭᠤᠨ ᠤ ᠲᠠᠪᠢᠨ ᠬᠤᠪᠢ ᠠᠴᠠ ᠲᠤᠤᠷ᠎ᠠ ᠦᠭᠡᠢ ᠴᠠᠯᠢᠩ ᠬᠦᠯᠦᠰᠤ ᠤᠯᠭᠤᠨ᠎ᠠ︔        ︵ᠬᠤᠶᠠᠷ︶ ᠬᠦᠳᠡᠯᠮᠦᠷᠢᠴᠢᠳ ᠢ ᠠᠮᠠᠷᠠᠯᠲᠠ ᠶᠢᠨ ᠡᠳᠦᠷ ᠠᠵᠢᠯᠯᠠᠬᠤ ᠪᠠᠷ ᠲᠤᠬᠢᠷᠠᠭᠤᠯᠤᠭᠰᠠᠨ ᠪᠦᠭᠡᠳ ᠨᠦᠬᠦᠪᠦᠷᠢ ᠠᠮᠠᠷᠠᠯᠲᠠ ᠲᠤᠬᠢᠷᠠᠭᠤᠯᠵᠤ ᠴᠢᠳᠠᠬᠤ ᠦᠭᠡᠢ ᠪᠠᠶᠢᠪᠠᠯ ᠴᠠᠯᠢᠩ ᠤᠨ ᠬᠢᠨᠢ ᠵᠠᠭᠤᠨ ᠤ ᠬᠤᠶᠠᠷ ᠵᠠᠭᠤᠨ ᠬᠤᠪᠢ ᠠᠴᠠ ᠲᠤᠤᠷ᠎ᠠ ᠦᠭᠡᠢ ᠴᠠᠯᠢᠩ ᠬᠦᠯᠦᠰᠤ ᠤᠯᠭᠤᠨ᠎ᠠ︔        ︵ᠭᠤᠷᠪᠠ︶ ᠬᠠᠤᠯᠢ ᠪᠠᠷ ᠲᠤᠭᠲᠠᠭᠠᠭᠰᠠᠨ ᠠᠮᠠᠷᠠᠯᠲᠠ ᠶᠢᠨ ᠡᠳᠦᠷ ᠬᠦᠳᠡᠯᠮᠦᠷᠢᠴᠢᠳ ᠢ ᠠᠵᠢᠯᠯᠠᠬᠤ ᠪᠠᠷ ᠲᠤᠬᠢᠷᠠᠭᠤᠯᠤᠭᠰᠠᠨ ᠪᠠᠶᠢᠪᠠᠯ ᠴᠠᠯᠢᠩ ᠤᠨ ᠬᠢᠨᠢ ᠵᠠᠭᠤᠨ ᠤ ᠭᠤᠷᠪᠠᠨ ᠵᠠᠭᠤᠨ ᠬᠤᠪᠢ ᠠᠴᠠ ᠲᠤᠤᠷ᠎ᠠ ᠦᠭᠡᠢ ᠴᠠᠯᠢᠩ ᠬᠦᠯᠦᠰᠤ ᠤᠯᠭᠤᠨ᠎ᠠ᠃        ᠲᠦᠴᠢᠨ ᠲᠠᠪᠤᠳᠤᠭᠠᠷ ᠵᠦᠢᠯ    ᠤᠯᠤᠰ ᠠᠴᠠ ᠴᠠᠯᠢᠩ ᠲᠠᠢ ᠪᠠᠷ ᠵᠢᠯ ᠤᠨ ᠠᠮᠠᠷᠠᠯᠲᠠ ᠶᠢᠨ ᠴᠢᠯᠦᠭᠡ ᠠᠪᠬᠤ ᠲᠦᠷᠢᠮ ᠢ ᠬᠡᠷᠡᠭᠵᠢᠭᠦᠯᠦᠨ᠎ᠡ᠃        ᠬᠦᠳᠡᠯᠮᠦᠷᠢᠴᠢᠨ ᠵᠠᠯᠭᠠᠭᠠᠪᠠᠷ ᠨᠢᠭᠡ ᠵᠢᠯ ᠠᠴᠠ ᠲᠡᠭᠡᠭᠰᠢ ᠠᠵᠢᠯᠯᠠᠭᠰᠠᠨ ᠪᠠᠶᠢᠪᠠᠯ ᠴᠠᠯᠢᠩ ᠲᠠᠢ ᠪᠠᠷ ᠵᠢᠯ ᠤᠨ ᠠᠮᠠᠷᠠᠯᠲᠠ ᠶᠢᠨ ᠴᠢᠯᠦᠭᠡ ᠠᠪᠴᠤ ᠪᠤᠯᠤᠨ᠎ᠠ᠃ ᠪᠤᠲᠠᠲᠠᠢ ᠲᠦᠷᠢᠮ ᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠲᠠᠭᠠᠨ᠎ᠠ᠃        ᠲᠠᠪᠤᠳᠤᠭᠠᠷ ᠪᠦᠯᠦᠭ    ᠴᠠᠯᠢᠩ        ᠲᠦᠴᠢᠨ ᠵᠢᠷᠭᠤᠳᠤᠭᠠᠷ ᠵᠦᠢᠯ    ᠴᠠᠯᠢᠩ ᠤᠨ ᠬᠤᠪᠢᠶᠠᠷᠢᠯᠠᠯᠲᠠ ᠳᠤ ᠬᠦᠳᠡᠯᠮᠦᠷᠢᠯᠡᠭᠰᠡᠨ ᠤ ᠬᠢᠷᠢ ᠪᠠᠷ ᠬᠤᠪᠢᠶᠠᠷᠢᠯᠠᠬᠤ ᠵᠠᠷᠴᠢᠮ ᠢ ᠵᠢᠷᠤᠮᠯᠠᠨ ᠠᠳᠠᠯᠢ ᠠᠵᠢᠯ ᠳᠤ ᠠᠳᠠᠯᠢ ᠬᠦᠯᠦᠰᠤ ᠤᠯᠭᠤᠮᠵᠢ ᠤᠯᠭᠤᠬᠤ ᠬᠡᠷᠡᠭᠲᠠᠢ᠃        ᠴᠠᠯᠢᠩ ᠤᠨ ᠬᠢᠷᠢ ᠬᠡᠮᠵᠢᠶ᠎ᠡ ᠶᠢ ᠠᠵᠤ ᠠᠬᠤᠢ ᠶᠢᠨ ᠬᠦᠭᠵᠢᠯᠲᠡ ᠶᠢᠨ ᠰᠠᠭᠤᠷᠢᠨ ᠲᠡᠭᠡᠷ᠎ᠡ ᠠᠯᠬᠤᠮ ᠠᠯᠬᠤᠮ ᠢᠶᠠᠷ ᠲᠡᠭᠡᠭᠰᠢᠯᠡᠭᠦᠯᠦᠨ᠎ᠡ᠃ ᠣᠯᠣᠰ ᠠᠴᠠ ᠴᠠᠯᠢᠩ ᠤᠨ ᠶᠡᠷᠤᠩᠬᠡᠢ ᠬᠡᠮᠵᠢᠶ᠎ᠡ ᠳᠤ ᠬᠤᠷᠸ᠎ᠠ ᠲᠤᠬᠢᠷᠠᠭᠤᠯᠤᠯ ᠡᠵᠡᠮᠳᠡᠯ ᠶᠠᠪᠤᠭᠤᠯᠤᠨ᠎ᠠ᠃        ᠲᠦᠴᠢᠨ ᠲᠤᠯᠤᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠲᠤᠰ ᠨᠢᠭᠡᠴᠡ ᠶᠢᠨ ᠢᠶᠠᠨ ᠦᠢᠯᠡᠳᠪᠦᠷᠢᠯᠡᠯ ᠡᠵᠡᠩᠨᠡᠯᠲᠡ ᠶᠢᠨ ᠤᠨᠴᠠᠯᠢᠭ ᠪᠠ ᠠᠵᠤ ᠠᠬᠤᠢ ᠶᠢᠨ ᠦᠷ᠎ᠡ ᠠᠰᠢᠭ ᠢ ᠦᠨᠳᠤᠰᠦᠯᠡᠨ ᠲᠤᠰ ᠨᠢᠭᠡᠴᠡ ᠶᠢᠨ ᠢᠶᠠᠨ ᠴᠠᠯᠢᠩ ᠤᠨ ᠬᠤᠪᠢᠶᠠᠷᠢᠯᠠᠯᠲᠠ ᠶᠢᠨ ᠬᠡᠯᠪᠡᠷᠢ ᠪᠠ ᠴᠠᠯᠢᠩ ᠤᠨ ᠬᠢᠷᠢ ᠬᠡᠮᠵᠢᠶ᠎ᠡ ᠶᠢ ᠬᠠᠤᠯᠢ ᠶᠤᠰᠤᠭᠠᠷ ᠪᠡᠶ᠎ᠡ ᠪᠠᠨ ᠲᠠᠭᠠᠭᠠᠵᠤ ᠲᠤᠭᠲᠠᠭᠠᠨ᠎ᠠ᠃        ᠲᠦᠴᠢᠨ ᠨᠠᠢᠮᠠᠳᠣᠭᠠᠷ ᠵᠦᠢᠯ    ᠤᠯᠤᠰ ᠠᠴᠠ ᠬᠠᠮᠤᠭ ᠲᠣᠣᠷ᠎ᠠ ᠴᠠᠯᠢᠩ ᠤᠨ ᠪᠠᠲᠤᠯᠭ᠎ᠠ ᠶᠢᠨ ᠲᠦᠷᠢᠮ ᠢ ᠬᠡᠷᠡᠭᠵᠢᠭᠦᠯᠦᠨ᠎ᠡ᠃ ᠬᠠᠮᠤᠭ ᠲᠤᠤᠷ᠎ᠠ ᠴᠠᠯᠢᠩ ᠤᠨ ᠪᠣᠲᠠᠲᠠᠢ ᠪᠠᠷᠢᠮᠵᠢᠶ᠎ᠠ ᠶᠢ ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠲᠤᠨ ᠲᠤᠭᠲᠠᠭᠠᠵᠤ ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠲᠠᠩᠰᠠᠯᠠᠭᠤᠯᠬᠤ ᠬᠡᠷᠡᠭᠲᠠᠢ᠃        ᠬᠦᠮᠦᠨ ᠬᠡᠷᠡᠭᠯᠡᠬᠦ ᠨᠢᠭᠡᠴᠡ ᠠᠴᠠ ᠬᠦᠳᠡᠯᠮᠦᠷᠢᠴᠢᠳ ᠲᠤ ᠤᠯᠭᠤᠬᠤ ᠴᠠᠯᠢᠩ ᠨᠢ ᠲᠤᠬᠠᠢ ᠶᠢᠨ ᠭᠠᠵᠠᠷ ᠤᠨ ᠬᠠᠮᠤᠭ ᠤᠨ ᠲᠤᠤᠷ᠎ᠠ ᠴᠠᠯᠢᠩ ᠤᠨ ᠪᠠᠷᠢᠮᠵᠢᠶ᠎ᠠ ᠠᠴᠠ ᠲᠤᠤᠷ᠎ᠠ ᠪᠠᠶᠢᠵᠤ ᠪᠤᠯᠬᠤ ᠦᠭᠡᠢ᠃        ᠲᠦᠴᠢ ᠶᠢᠰᠤᠳᠦᠭᠡᠷ ᠵᠦᠢᠯ    ᠬᠠᠮᠤᠭ ᠲᠤᠤᠷ᠎ᠠ ᠴᠠᠯᠢᠩ ᠤᠨ ᠪᠠᠷᠢᠮᠵᠢᠶ᠎ᠠ ᠶᠢ ᠲᠤᠭᠲᠠᠭᠠᠬᠤ ᠪᠠ ᠲᠡᠭᠦᠨ ᠳᠤ ᠲᠤᠬᠢᠷᠠᠭᠤᠯᠤᠯᠲᠠ ᠬᠢᠬᠦ ᠳᠡᠭᠡᠨ ᠲᠤᠤᠷ᠎ᠠ ᠵᠢᠭᠰᠠᠭᠠᠭᠰᠠᠨ ᠬᠦᠴᠦᠨ ᠵᠦᠢᠯ ᠢᠶᠠᠷ ᠶᠡᠷᠦᠩᠬᠡᠢ ᠯᠠᠪᠯᠠᠯᠲᠠ ᠪᠤᠯᠭᠠᠬᠤ ᠬᠡᠷᠡᠭᠲᠠᠢ᠄        ︵ᠨᠢᠭᠡ︶ ᠬᠦᠳᠡᠯᠮᠦᠷᠢᠴᠢᠨ ᠲᠤᠰ ᠬᠦᠮᠦᠨ ᠵᠢᠴᠢ ᠲᠡᠭᠦᠨ ᠤ ᠠᠰᠠᠷᠠᠨ ᠲᠡᠵᠢᠭᠡᠬᠦ ᠲᠤᠮᠳᠠᠴᠢ ᠬᠦᠮᠦᠨ ᠠᠮᠠ ᠶᠢᠨ ᠠᠮᠢᠳᠤᠷᠠᠯ ᠤᠨ ᠬᠠᠮᠤᠭ ᠤᠨ ᠨᠠᠭᠠᠲᠤ ᠵᠠᠬ᠎ᠠ ᠶᠢᠨ ᠵᠠᠷᠤᠳᠠᠯ︔        ︵ᠬᠤᠶᠠᠷ︶ ᠨᠡᠶᠢᠭᠡᠮ ᠤᠨ ᠳᠤᠮᠳᠠᠴᠢ ᠴᠠᠯᠢᠩ ᠤᠨ ᠬᠢᠷᠢ ᠬᠡᠮᠵᠢᠶ᠎ᠡ︔        ︵ᠭᠤᠷᠪᠠ︶ ᠬᠦᠳᠡᠯᠮᠦᠷᠢ ᠶᠢᠨ ᠦᠢᠯᠡᠳᠪᠦᠷᠢᠯᠡᠬᠦ ᠪᠦᠲᠦᠭᠡᠯ︔        ︵ᠲᠦᠷᠪᠡ︶ ᠠᠵᠢᠯ ᠤᠯᠭᠤᠭᠰᠠᠨ ᠪᠠᠶᠢᠳᠠᠯ︔        ᠲᠠᠪᠢᠳᠤᠭᠠᠷ ᠵᠦᠢᠯ    ᠴᠠᠯᠢᠩ ᠢ ᠵᠤᠭᠤᠰ ᠤᠨ ᠬᠡᠯᠪᠡᠷᠢ ᠪᠠᠷ ᠬᠦᠳᠡᠯᠮᠦ᠋ᠢᠷᠴᠢᠨ ᠬᠤᠪᠢ ᠬᠦᠮᠦᠨ ᠳᠤ ᠰᠠᠷ᠎ᠠ ᠲᠠᠷᠠᠭᠠᠯᠠᠨ ᠤᠯᠭᠤᠬᠤ ᠬᠡᠷᠡᠭᠲᠠᠢ᠃ ᠬᠦᠳᠡᠯᠮᠦᠷᠢᠴᠢᠳ ᠤᠨ ᠴᠠᠯᠢᠩ ᠢ ᠬᠠᠰᠤᠬᠤ ᠪᠤᠶᠤ ᠤᠴᠢᠷ ᠰᠢᠯᠲᠠᠭᠠᠨ ᠦᠭᠡᠢ ᠪᠠᠷ ᠬᠠᠰᠤᠵᠤ ᠪᠤᠯᠬᠤ ᠦᠭᠡᠢ᠃        ᠲᠠᠪᠢᠨ ᠨᠢᠭᠡᠳᠦᠭᠡᠷ ᠵᠦᠢᠯ    ᠬᠦᠳᠡᠯᠮᠦᠷᠢᠴᠢᠳ ᠤᠨ ᠬᠠᠤᠯᠢ ᠪᠠᠷ ᠲᠤᠭᠲᠠᠭᠠᠭᠰᠠᠨ ᠠᠮᠠᠷᠠᠯᠲᠠ ᠶᠢᠨ ᠡᠳᠦᠷ ᠪᠠ ᠤᠷᠤᠭ ᠬᠤᠷᠢᠮ᠂ ᠪᠤᠯᠪᠠᠰᠤᠷᠠᠯ ᠤᠨ ᠴᠢᠯᠦᠭᠡᠨ ᠤ ᠬᠤᠭᠤᠴᠠᠭ᠎ᠠ ᠵᠢᠴᠢ ᠬᠠᠤᠯᠢ ᠶᠤᠰᠤᠭᠠᠷ ᠨᠡᠶᠢᠭᠡᠮ ᠤᠨ ᠠᠵᠢᠯᠯᠠᠭ᠎ᠠ ᠳᠤ ᠤᠷᠤᠯᠴᠠᠬᠤ ᠬᠤᠭᠤᠴᠠᠭ᠎ᠠ ᠳᠠᠬᠢ ᠴᠠᠯᠢᠩ ᠢ ᠬᠦᠮᠦᠨ ᠬᠡᠷᠡᠭᠯᠡᠬᠦ ᠨᠢᠭᠡᠴᠡ ᠬᠠᠤᠯᠢ ᠶᠤᠰᠤᠭᠠᠷ ᠤᠯᠭᠤᠬᠤ ᠬᠡᠷᠡᠭᠲᠠᠢ᠃        ᠵᠢᠷᠭᠤᠳᠤᠭᠠᠷ ᠪᠦᠯᠦᠭ    ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ        ᠲᠠᠪᠢᠨ ᠬᠤᠶᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠡᠷᠬᠡᠪᠰᠢ ᠬᠦᠳᠡᠯᠮᠦᠷᠢ ᠶᠢᠨ ᠠᠶᠤᠯᠭᠦᠢ ᠪᠠ ᠡᠷᠡᠭᠦᠯ ᠬᠠᠮᠠᠭᠠᠯᠠᠯ ᠤᠨ ᠲᠦᠷᠢᠮ ᠢ ᠪᠠᠶᠢᠭᠤᠯᠤᠨ ᠲᠡᠭᠦᠯᠳᠡᠷᠵᠢᠬᠦᠯᠵᠤ᠂ ᠣᠯᠣᠰ ᠤᠨ ᠬᠦᠳᠡᠯᠮᠦᠷᠢ ᠶᠢᠨ ᠠᠶᠤᠯᠬᠦᠢ ᠪᠠᠶᠢᠬᠤ ᠪᠠ ᠡᠷᠡᠭᠦᠯ ᠬᠠᠮᠠᠭᠠᠯᠠᠯ ᠤᠨ ᠵᠢᠷᠤᠮ᠂ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠬᠦᠳᠡᠯᠮᠮᠦᠷᠢᠴᠢᠳ ᠲᠤ ᠬᠦᠳᠡᠯᠮᠦᠷᠢ ᠶᠢᠨ ᠠᠶᠤᠯᠬᠦᠢ ᠪᠠᠶᠢᠬᠤ ᠪᠠ ᠡᠷᠡᠭᠦᠯ ᠬᠠᠮᠠᠭᠠᠯᠠᠯ ᠤᠨ ᠲᠤᠬᠠᠢ ᠬᠦᠮᠦᠵᠢᠯ ᠬᠢᠵᠤ᠂ ᠬᠦᠳᠡᠯᠮᠦᠷᠢ ᠶᠢᠨ ᠶᠠᠪᠤᠳᠠᠯ ᠳᠠᠬᠢ ᠭᠡᠨᠡᠳᠡᠯ ᠬᠡᠷᠡᠭ ᠢ ᠰᠡᠷᠭᠡᠶᠢᠯᠡᠨ ᠠᠵᠢᠯ ᠤᠨ ᠴᠢᠨᠠᠷᠲᠠᠢ ᠬᠤᠤᠷ ᠤᠷᠰᠢᠭ ᠢ ᠪᠠᠭᠠᠰᠬᠠᠬᠤ ᠬᠡᠷᠡᠭᠲᠠᠢ᠃        ᠲᠠᠪᠢᠨ ᠭᠤᠷᠪᠠᠳᠤᠭᠠᠷ ᠵᠦᠢᠯ    ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ ᠲᠦᠭᠦᠭᠡᠷᠤᠮᠵᠢ ᠡᠷᠬᠡᠪᠰᠢ ᠤᠯᠤᠰ ᠤᠨ ᠲᠤᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠠᠢ᠃        ᠡᠬᠢᠯᠡᠵᠤ ᠪᠠᠷᠢᠬᠤ᠂ ᠵᠠᠰᠠᠵᠤ ᠪᠠᠷᠢᠬᠤ᠂ ᠦᠷᠭᠡᠳᠭᠡᠵᠤ ᠪᠠᠷᠢᠬᠤ ᠪᠠᠷᠢᠯᠭ᠎ᠠ ᠶᠢᠨ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ ᠲᠦᠭᠦᠭᠡᠷᠦᠮᠵᠢ ᠶᠢ ᠡᠷᠬᠡᠪᠰᠢ ᠭᠤᠤᠯ ᠪᠠᠷᠢᠯᠭ᠎ᠠ ᠲᠠᠢ ᠬᠠᠮᠲᠤ ᠳᠤᠨᠢ ᠵᠢᠷᠤᠵᠤ ᠲᠦᠯᠦᠪᠯᠡᠨ ᠬᠠᠮᠲᠤ ᠳᠤᠨᠢ ᠪᠠᠶᠢᠭᠤᠯᠵᠤ ᠬᠠᠮᠲᠤ ᠳᠤᠨᠢ ᠠᠰᠢᠭᠯᠠᠯᠲᠠ ᠳᠤ ᠤᠷᠤᠭᠤᠯᠵᠤ ᠬᠡᠷᠡᠭᠯᠡᠬᠦ ᠬᠡᠷᠡᠭᠲᠠᠢ᠃        ᠲᠠᠪᠢᠨ ᠲᠦᠷᠪᠡᠳᠦᠭᠡᠷ ᠵᠦᠢᠯ    ᠬᠦᠮᠦᠨ ᠬᠡᠷᠡᠭᠯᠡᠬᠦ ᠨᠢᠭᠡᠴᠡ ᠡᠷᠭᠡᠪᠰᠢ ᠬᠦᠳᠡᠯᠮᠦᠷᠢᠴᠢᠳ ᠲᠤ ᠤᠯᠤᠰ ᠤᠨ ᠲᠤᠭᠲᠠᠭᠠᠯ ᠳᠤ ᠨᠡᠶᠢᠴᠡᠭᠰᠡᠨ ᠬᠦᠳᠡᠯᠮᠦᠷᠢ ᠶᠢᠨ ᠠᠶᠤᠯᠭᠦᠢ ᠪᠠᠶᠢᠬᠤ ᠪᠠ ᠡᠷᠡᠭᠦᠯ ᠬᠠᠮᠠᠭᠠᠯᠠᠯ ᠤᠨ ᠨᠦᠬᠦᠴᠡᠯ᠂ ᠴᠢᠬᠤᠯᠠ ᠪᠦᠬᠦᠢ ᠬᠦᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠢ ᠬᠠᠩᠭᠠᠵᠤ᠂ ᠠᠵᠢᠯ ᠤᠨ ᠴᠢᠨᠠᠷᠲᠠᠢ ᠬᠤᠤᠷ ᠤᠷᠰᠢᠭ ᠲᠠᠢ ᠠᠵᠢᠯ ᠬᠢᠳᠡᠭ ᠬᠦᠳᠡᠯᠮᠦᠷᠢᠴᠢᠳ ᠲᠤ ᠲᠤᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ ᠪᠠᠶᠢᠴᠠᠭᠠᠯᠲᠠ ᠬᠢᠬᠦ ᠬᠡᠷᠡᠭᠲᠠᠢ᠃        ᠲᠠᠪᠢᠨ ᠲᠠᠪᠤᠳᠤᠭᠠᠷ ᠵᠦᠢᠯ    ᠤᠨᠴᠠᠭᠠᠢ ᠲᠦᠷᠦᠯ ᠤᠨ ᠠᠵᠢᠯ ᠬᠢᠬᠦ ᠬᠦᠳᠡᠯᠮᠦᠷᠢᠴᠢᠳ ᠡᠷᠬᠡᠪᠰᠢ ᠲᠤᠰᠬᠠᠢ ᠪᠤᠯᠪᠠᠰᠤᠷᠠᠯ ᠬᠦᠷᠲᠡᠬᠦ ᠶᠢᠨ ᠬᠠᠮᠲᠤ ᠤᠨᠴᠠᠭᠠᠢ ᠲᠦᠷᠦᠯ ᠤᠨ ᠠᠵᠢᠯ ᠬᠢᠬᠦ ᠬᠢᠷᠢ ᠬᠡᠮ ᠤᠯᠤᠭᠰᠠᠨ ᠪᠠᠶᠢᠬᠤ ᠬᠡᠷᠡᠭᠲᠠᠢ᠃        ᠲᠠᠪᠢᠨ ᠵᠢᠷᠭᠤᠳᠤᠭᠠᠷ ᠵᠦᠢᠯ    ᠬᠦᠳᠡᠯᠮᠦᠷᠢᠴᠢᠳ ᠬᠦᠳᠡᠯᠮᠦᠷᠢᠯᠡᠬᠦ ᠶᠠᠪᠤᠴᠠ ᠳᠠᠭᠠᠨ ᠠᠶᠤᠯ ᠦᠭᠡᠢ ᠪᠠᠷ ᠠᠵᠢᠯᠯᠠᠬᠤ ᠵᠢᠷᠤᠮ ᠢ ᠡᠷᠬᠡᠪᠰᠢ ᠴᠢᠩᠭ᠎ᠠ ᠵᠢᠷᠤᠮᠯᠠᠬᠤ ᠬᠡᠷᠡᠭᠲᠠᠢ᠃        ᠬᠦᠮᠦᠨ ᠬᠡᠷᠡᠭᠯᠡᠬᠦ ᠨᠢᠭᠡᠴᠡ ᠶᠢᠨ ᠬᠠᠮᠢᠶᠠᠷᠤᠯᠲᠠ ᠶᠢᠨ ᠠᠵᠢᠯᠲᠠᠨ ᠲᠦᠷᠢᠮ ᠲᠤᠭᠲᠠᠭᠠᠯ ᠢ ᠵᠦᠷᠢᠴᠡᠨ ᠵᠢᠯᠤᠭᠤᠳᠴᠤ ᠠᠶᠤᠯ ᠲᠦᠭᠰᠢᠭᠦᠷᠢ ᠲᠠᠢ ᠠᠵᠢᠯ ᠢ ᠠᠯᠪᠠᠲᠠᠨ ᠬᠢᠯᠭᠡᠬᠦ ᠭᠡᠪᠡᠯ ᠬᠦᠳᠡᠯᠮᠦᠷᠢᠴᠢᠳ ᠬᠡᠷᠡᠭᠵᠢᠭᠦᠯᠬᠦ ᠦᠭᠡᠢ ᠪᠠᠶᠢᠬᠤ ᠡᠷᠬᠡ ᠲᠠᠢ︔ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠳᠤ ᠬᠤᠤᠷ ᠬᠦᠨᠤᠭᠡᠯ ᠲᠠᠢ ᠠᠵᠢᠯᠯᠠᠭ᠎ᠠ ᠶᠢ ᠰᠢᠭᠦᠮᠵᠢᠯᠡᠬᠦ᠂ ᠢᠯᠡᠴᠢᠯᠡᠬᠦ ᠪᠠ ᠵᠠᠭᠠᠯᠳᠤᠬᠤ ᠡᠷᠬᠡ ᠲᠠᠢ᠃        ᠲᠠᠪᠢᠨ ᠲᠤᠯᠤᠳᠤᠭᠠᠷ ᠵᠦᠢᠯ    ᠤᠯᠤᠰ ᠠᠴᠠ ᠦᠬᠦᠵᠤ ᠰᠢᠷᠬᠠᠲᠤᠭᠰᠠᠨ ᠭᠡᠨᠡᠳᠡᠯ ᠪᠠ ᠠᠵᠢᠯ ᠤᠨ ᠴᠢᠨᠠᠷᠲᠠᠢ ᠡᠪᠡᠳᠴᠢᠨ ᠢ ᠪᠦᠷᠢᠳᠭᠡᠨ ᠮᠡᠳᠡᠭᠦᠯᠬᠦ᠂ ᠰᠢᠢᠳᠪᠦᠷᠢᠯᠡᠬᠦ ᠲᠦᠷᠢᠮ ᠢ ᠲᠤᠭᠲᠠᠭᠠᠨ᠎ᠠ᠃ ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠪᠠ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠦᠷᠢᠴᠢᠳ ᠤᠨ ᠬᠦᠳᠡᠯᠮᠦᠷᠢᠯᠡᠬᠦ ᠶᠠᠪᠤᠴᠠ ᠳᠤ ᠭᠠᠷᠤᠭᠰᠠᠨ ᠦᠬᠦᠵᠤ ᠰᠢᠷᠬᠠᠲᠤᠭᠰᠠᠨ ᠭᠡᠨᠡᠳᠡᠯ ᠪᠠ ᠬᠦᠳᠡᠯᠮᠦᠷᠢᠴᠢᠳ ᠤᠨ ᠠᠵᠢᠯ ᠤᠨ ᠴᠢᠨᠠᠷᠲᠠᠢ ᠡᠪᠡᠳᠴᠢᠨ ᠤ ᠪᠠᠶᠢᠳᠠᠯ ᠢ ᠬᠠᠤᠯᠢ ᠶᠤᠰᠤᠭᠠᠷ ᠪᠦᠷᠢᠳᠭᠡᠨ ᠮᠡᠳᠡᠭᠦᠯᠵᠤ ᠰᠢᠢᠳᠪᠦᠷᠢᠯᠡᠬᠦ ᠬᠡᠷᠡᠭᠲᠠᠢ᠃        ᠲᠤᠯᠤᠳᠤᠭᠠᠷ ᠪᠦᠯᠦᠭ    ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠴᠢᠨ ᠤ ᠤᠨᠴᠠᠭᠠᠢ ᠬᠠᠮᠠᠭᠠᠯᠠᠯᠲᠠ        ᠲᠠᠪᠢᠨ ᠨᠠᠢᠮᠠᠳᠣᠭᠠᠷ ᠵᠦᠢᠯ    ᠣᠯᠣᠰ ᠠᠴᠠ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠴᠢᠨ ᠳᠤ ᠬᠦᠳᠡᠯᠮᠦᠷᠢ ᠶᠢᠨ ᠤᠨᠴᠠᠭᠠᠢ ᠬᠠᠮᠠᠭᠠᠯᠠᠯᠲᠠ ᠬᠡᠷᠡᠭᠵᠢᠬᠦᠯᠦᠨ᠎ᠡ᠃        ᠨᠠᠰᠤᠨ ᠳᠤ ᠬᠦᠷᠦᠭᠡᠳᠦᠢ ᠠᠵᠢᠯᠴᠢᠨ ᠭᠡᠵᠤ ᠪᠦᠬᠦᠯᠢ ᠠᠷᠪᠠᠨ ᠵᠢᠷᠭᠤᠭᠠᠨ ᠨᠠᠰᠣ ᠬᠦᠷᠴᠦ᠂ ᠪᠦᠬᠦᠯᠢ ᠠᠷᠪᠠᠨ ᠨᠠᠢᠮᠠᠨ ᠨᠠᠰᠤ ᠬᠦᠷᠦᠭᠡᠳᠦᠢ ᠬᠦᠳᠡᠯᠮᠦᠷᠢᠴᠢᠨ ᠢ ᠬᠡᠯᠡᠵᠤ ᠪᠠᠶᠢᠨ᠎ᠠ᠃        ᠲᠠᠪᠢ ᠶᠢᠰᠤᠳᠦᠭᠡᠷ ᠵᠦᠢᠯ    ᠡᠮᠡᠭᠲᠠᠢ ᠠᠵᠢᠯᠲᠠᠨ ᠠᠵᠢᠯᠴᠢᠨ ᠢ ᠠᠭᠤᠷᠬᠠᠢ ᠶᠢᠨ ᠬᠤᠳᠳᠤᠭ ᠲᠤᠲᠤᠷ᠎ᠠ᠂ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠲᠦᠷᠪᠡᠳᠦᠭᠡᠷ ᠲᠡᠰ ᠤᠨ ᠡᠷᠴᠢᠮ ᠤᠨ ᠬᠦᠳᠡᠯᠮᠦᠷᠢ ᠪᠠ ᠤᠨᠳᠤᠤ ᠴᠡᠭᠡᠷ ᠲᠠᠢ ᠬᠦᠳᠡᠯᠮᠦᠷᠢ ᠬᠢᠯᠭᠡᠬᠦ ᠪᠠᠷ ᠲᠤᠬᠢᠷᠠᠭᠤᠯᠬᠤ ᠶᠢ ᠴᠠᠭᠠᠵᠠᠯᠠᠨ᠎ᠠ᠃        ᠵᠢᠷᠠᠳᠤᠭᠠᠷ ᠵᠦᠢᠯ    ᠡᠮᠡᠭᠲᠠᠢ ᠠᠵᠢᠯᠲᠠᠨ ᠠᠵᠢᠯᠴᠢᠨ ᠢ ᠰᠠᠷ᠎ᠠ ᠶᠢᠨ ᠭᠬᠢᠷᠢ ᠤᠨ ᠬᠢᠨᠢ ᠬᠤᠭᠤᠴᠠᠭᠠᠨ ᠳᠤ ᠦᠨᠳᠦᠷ ᠭᠠᠵᠠᠷ᠂ ᠭᠦᠢᠲᠡᠨ ᠭᠠᠵᠠᠷ᠂ ᠬᠦᠢᠲᠡᠨ ᠤᠰᠤᠨ ᠲᠤᠲᠤᠷ᠎ᠠ ᠠᠵᠢᠯᠯᠠᠭᠤᠯᠬᠤ ᠪᠠ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃        ᠵᠢᠷᠠᠨ ᠨᠢᠭᠡᠳᠦᠭᠡᠷ ᠵᠦᠢᠯ    ᠡᠮᠡᠭᠲᠠᠢ ᠠᠵᠢᠯᠲᠠᠨ ᠠᠵᠢᠯᠴᠢᠨ ᠢ ᠵᠢᠷᠮᠤᠰᠤᠨ ᠬᠤᠭᠤᠴᠠᠭᠠᠨ ᠳᠤᠨᠢ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠪᠠ ᠵᠢᠷᠮᠤᠰᠤᠨ ᠬᠤᠭᠤᠴᠠᠭᠠᠨ ᠳᠠᠬᠢ ᠴᠡᠭᠡᠷ ᠲᠠᠢ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃ ᠵᠢᠷᠮᠦᠰᠦᠯᠡᠭᠡᠳ ᠲᠤᠯᠤᠭᠠᠨ ᠰᠠᠷ᠎ᠠ ᠬᠡᠲᠤᠷᠡᠭᠰᠡᠨ ᠡᠮᠡᠭᠲᠠᠢ ᠠᠵᠢᠯᠴᠢᠨ ᠤ ᠠᠵᠢᠯᠯᠠᠬᠤ ᠴᠠᠭ ᠢ ᠨᠢ ᠤᠷᠲᠤᠳᠬᠠᠬᠤ ᠪᠠ ᠲᠡᠲᠡ ᠨᠠᠷ ᠢ ᠰᠦᠨᠢ ᠶᠢᠨ ᠡᠭᠡᠯᠵᠢᠨ ᠤ ᠬᠦᠳᠡᠯᠮᠦᠷᠢ ᠬᠢᠯᠭᠡᠬᠦ ᠳᠤ ᠲᠤᠬᠢᠷᠠᠭᠤᠯᠵᠤ ᠪᠤᠯᠬᠤ ᠦᠭᠡᠢ᠃        ᠵᠢᠷᠠᠨ ᠬᠤᠶᠠᠳᠤᠭᠠᠷ ᠵᠦᠢᠯ    ᠡᠮᠡᠭᠲᠠᠢ ᠠᠵᠢᠯᠲᠠᠨ ᠠᠵᠢᠯᠴᠢᠨ ᠬᠦᠩᠭᠡᠵᠢᠭᠰᠡᠨ ᠤ ᠲᠠᠷᠠᠭ᠎ᠠ ᠶᠠᠷᠠᠨ ᠡᠳᠦᠷ ᠠᠴᠠ ᠲᠤᠷᠤᠭᠰᠢ ᠦᠭᠡᠢ ᠬᠦᠩᠭᠡᠵᠢᠬᠦ ᠴᠢᠯᠦᠭᠡ ᠶᠢ ᠡᠳ᠋ᠯᠡᠨ᠎ᠡ᠃        ᠵᠢᠷᠠᠨ ᠭᠤᠷᠪᠠᠳᠤᠭᠠᠷ ᠵᠦᠢᠯ    ᠡᠮᠡᠭᠲᠠᠢ ᠠᠵᠢᠯᠲᠠᠨ ᠠᠵᠢᠯᠴᠢᠨ ᠢ ᠣᠢ ᠬᠦᠷᠦᠭᠡᠳᠦᠢ ᠨᠢᠯᠬ᠎ᠠ ᠬᠡᠤᠬᠡᠳ ᠢᠶᠠᠨ ᠬᠦᠬᠦᠭᠦᠯᠵᠤ ᠪᠠᠶᠢᠭ᠎ᠠ ᠬᠤᠭᠤᠴᠠᠭᠠᠨ ᠳᠤᠨᠢ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠭᠤᠷᠪᠠᠳᠤᠭᠠᠷ ᠲᠡᠰ ᠤᠨ ᠡᠷᠴᠢᠮ ᠤᠨ ᠬᠦᠳᠡᠯᠮᠦᠷᠢ ᠪᠠ ᠬᠦᠬᠦᠭᠦᠯᠵᠤ ᠪᠠᠶᠢᠭ᠎ᠠ ᠬᠤᠭᠤᠴᠠᠭᠠᠨ ᠳᠠᠬᠢ ᠴᠡᠭᠡᠷ ᠲᠠᠢ ᠪᠤᠰᠤᠳ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠂ ᠲᠡᠭᠦᠨ ᠤ ᠠᠵᠢᠯᠯᠠᠬᠤ ᠴᠠᠭ ᠢ ᠨᠢ ᠤᠷᠲᠤᠳᠬᠠᠬᠤ ᠪᠠ ᠰᠦᠨᠢ ᠶᠢᠨ ᠡᠭᠡᠯᠵᠢᠨ ᠤ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃        ᠵᠢᠷᠠᠨ ᠲᠦᠷᠪᠡᠳᠦᠭᠡᠷ ᠵᠦᠢᠯ    ᠨᠠᠰᠤᠨ ᠳᠤ ᠬᠦᠷᠦᠭᠡᠳᠦᠢ ᠠᠵᠢᠯᠴᠢᠨ ᠢ ᠠᠭᠤᠷᠬᠠᠢ ᠶᠢᠨ ᠬᠤᠳᠳᠤᠭ ᠲᠤᠲᠤᠷ᠎ᠠ ᠠᠵᠢᠯᠯᠠᠭᠤᠯᠬᠤ᠂ ᠬᠤᠤᠷ ᠬᠦᠨᠦᠭᠡᠯ ᠲᠠᠢ ᠠᠵᠢᠯ ᠬᠢᠯᠭᠡᠬᠦ᠂ ᠤᠯᠤᠰ ᠠᠴᠠ ᠲᠤᠭᠲᠠᠭᠠᠭᠰᠠᠨ ᠪᠡᠶ᠎ᠡ ᠶᠢᠨ ᠬᠦᠳᠡᠯᠮᠦᠷᠢ ᠶᠢᠨ ᠲᠦᠷᠪᠡᠳᠦᠭᠡᠷ ᠲᠡᠰ ᠤᠨ ᠡᠷᠴᠢᠮ ᠤᠨ ᠬᠦᠳᠡᠯᠮᠦᠷᠢ ᠪᠠ ᠪᠤᠰᠤᠳ ᠴᠡᠭᠡᠷ ᠲᠠᠢ ᠬᠦᠳᠡᠯᠮᠦᠷᠢ ᠬᠢᠯᠭᠡᠬᠦ ᠪᠠᠷ ᠲᠤᠬᠢᠷᠠᠭᠤᠯᠵᠤ ᠪᠤᠯᠬᠤ ᠦᠭᠡᠢ᠃        ᠵᠢᠷᠠᠨ ᠲᠠᠪᠤᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠨᠠᠰᠤᠨ ᠳᠤ ᠬᠦᠷᠦᠭᠡᠳᠦᠢ ᠠᠵᠢᠯᠲᠠᠨ ᠠᠵᠢᠯᠴᠢᠨ ᠳᠤ ᠲᠤᠭᠲᠠᠮᠠᠯ ᠬᠤᠭᠤᠴᠠᠭ᠎ᠠ ᠲᠠᠢ ᠪᠠᠷ ᠡᠷᠡᠭᠦᠯ ᠮᠡᠨᠳᠤ ᠶᠢᠨ ᠪᠠᠶᠢᠴᠠᠭᠠᠯᠲᠠ ᠬᠢᠬᠦ ᠬᠡᠷᠡᠭᠲᠠᠢ᠃        ᠨᠠᠢᠮᠠᠳᠣᠭᠠᠷ ᠪᠦᠯᠦᠭ    ᠠᠵᠢᠯ ᠮᠡᠷᠭᠡᠵᠢᠯ ᠤᠨ ᠪᠤᠯᠪᠠᠰᠤᠷᠠᠯ        ᠵᠢᠷᠠᠨ ᠵᠢᠷᠭᠤᠳᠤᠭᠠᠷ ᠵᠦᠢᠯ    ᠤᠯᠤᠰ ᠠᠴᠠ ᠡᠯ᠎ᠡ ᠵᠦᠢᠯ ᠤᠨ ᠠᠷᠭ᠎ᠠ ᠵᠠᠮ ᠢᠶᠠᠷ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠣ ᠠᠵᠢᠯ ᠮᠡᠷᠭᠡᠵᠢᠯ ᠤᠨ ᠪᠤᠯᠪᠠᠰᠤᠷᠠᠯ ᠤᠨ ᠦᠢᠯᠡᠰ ᠢ ᠬᠦᠭᠵᠢᠭᠦᠯᠵᠤ᠂ ᠬᠦᠳᠡᠯᠮᠦᠷᠢᠴᠢᠳ ᠤᠨ ᠠᠵᠢᠯ ᠮᠡᠷᠭᠡᠵᠢᠯ ᠤᠨ ᠮᠡᠷᠭᠡᠰᠢᠯ ᠴᠢᠳᠠᠪᠤᠷᠢ ᠶᠢ ᠨᠠᠬᠡᠬᠡᠨ ᠨᠡᠮᠡᠭᠳᠡᠭᠦᠯᠵᠤ᠂ ᠬᠦᠳᠡᠯᠮᠦᠷᠢᠴᠢᠳ ᠤᠨ ᠬᠡᠪ ᠴᠢᠨᠠᠷ ᠢ ᠲᠡᠭᠡᠭᠰᠢᠯᠡᠭᠦᠯᠵᠤ᠂ ᠬᠦᠳᠡᠯᠮᠦᠷᠢᠴᠢᠳ ᠤᠨ ᠠᠵᠢᠯ ᠤᠯᠬᠤ ᠴᠢᠳᠠᠪᠤᠷᠢ ᠪᠠ ᠠᠵᠢᠯ ᠤᠨ ᠴᠢᠳᠠᠪᠤᠷᠢ ᠶᠢ ᠨᠡᠮᠡᠭᠳᠡᠭᠦᠯᠦᠨ᠎ᠡ        ᠵᠢᠷᠠᠨ ᠲᠤᠯᠤᠳᠤᠭᠠᠷ ᠵᠦᠢᠯ    ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠠᠵᠢᠯ ᠮᠡᠷᠭᠡᠵᠢᠯ ᠤᠨ ᠪᠤᠯᠪᠠᠰᠤᠷᠠᠯ ᠢ ᠭᠦᠭᠵᠢᠭᠦᠯᠬᠦ ᠶᠢ ᠨᠡᠶᠢᠭᠡᠮ ᠠᠵᠤ ᠠᠬᠤᠢ ᠶᠢᠨ ᠬᠦᠭᠵᠢᠯᠲᠡ ᠶᠢᠨ ᠲᠦᠯᠦᠪᠵᠢᠬᠦᠯᠭᠡ ᠳᠡᠭᠡᠨ ᠣᠷᠣᠭᠤᠯᠵᠣ᠂ ᠨᠦᠬᠦᠴᠡᠯ ᠲᠠᠢ ᠠᠵᠤ ᠠᠬᠤᠶᠢᠯᠠᠯ᠂ ᠠᠵᠢᠯ ᠦᠢᠯᠡᠰ ᠤᠨ ᠵᠤᠬᠢᠶᠠᠨ ᠪᠠᠶᠢᠭᠤᠯᠤᠯᠲᠠ᠂ ᠨᠡᠶᠢᠭᠡᠮ ᠤᠨ ᠪᠦᠯᠬᠦᠮ ᠪᠠ ᠬᠤᠪᠢ ᠬᠦᠮᠦᠨ ᠤ ᠡᠯ᠎ᠡ ᠵᠦᠢᠯ ᠤᠨ ᠬᠡᠯᠪᠡᠷᠢ ᠪᠠᠷ ᠠᠵᠢᠯ ᠮᠡᠷᠭᠡᠵᠢᠯ ᠤᠨ ᠪᠤᠯᠪᠠᠰᠤᠷᠠᠯ ᠬᠢᠬᠦ ᠶᠢ ᠵᠤᠷᠢᠭᠵᠢᠭᠤᠯᠤᠨ ᠲᠡᠮᠵᠢᠬᠦ ᠬᠡᠷᠡᠭᠲᠠᠢ᠃        ᠵᠢᠷᠠᠨ ᠨᠠᠢᠮᠠᠳᠣᠭᠠᠷ ᠵᠦᠢᠯ    ᠬᠦᠮᠦᠨ ᠬᠡᠷᠡᠭᠯᠡᠬᠦ ᠨᠢᠭᠡᠴᠡ ᠠᠵᠢᠯ ᠮᠡᠷᠭᠡᠵᠢᠯ ᠤᠨ ᠪᠤᠯᠪᠠᠰᠤᠷᠠᠯ ᠤᠨ ᠲᠦᠷᠢᠮ ᠢ ᠪᠠᠶᠢᠭᠤᠯᠵᠤ᠂ ᠤᠯᠤᠰ ᠤᠨ ᠲᠤᠭᠲᠠᠭᠠᠯ ᠶᠤᠰᠤᠭᠠᠷ ᠠᠵᠢᠯ ᠮᠡᠷᠭᠡᠵᠢᠯ ᠤᠨ ᠪᠤᠯᠪᠠᠰᠤᠷᠠᠯ ᠤᠨ ᠵᠠᠷᠤᠳᠠᠯ ᠢ ᠭᠠᠷᠭᠠᠨ ᠠᠪᠬᠤ ᠪᠠ ᠬᠡᠷᠡᠭᠯᠡᠵᠤ᠂ ᠲᠤᠰ ᠨᠢᠭᠡᠴᠡ ᠶᠢᠨ ᠢᠶᠠᠨ ᠪᠣᠲᠠᠳᠤ ᠪᠠᠶᠢᠳᠠᠯ ᠢ ᠦᠨᠳᠦᠰᠦᠯᠡᠨ ᠬᠦᠳᠡᠯᠮᠦᠷᠢᠴᠢᠳ ᠢ ᠲᠦᠯᠦᠪᠯᠡᠭᠡ ᠲᠠᠢ ᠪᠠᠷ ᠠᠵᠢᠯ ᠮᠡᠷᠭᠡᠵᠢᠯ ᠤᠨ ᠪᠤᠯᠪᠠᠰᠤᠷᠠᠯ ᠬᠢᠯᠭᠡᠬᠦ ᠬᠡᠷᠡᠭᠲᠠᠢ᠃ ᠮᠡᠷᠭᠡᠵᠢᠯ ᠤᠨ ᠲᠦᠷᠦᠯ ᠤᠨ ᠠᠵᠢᠯ ᠬᠢᠬᠦ ᠬᠦᠳᠡᠯᠮᠦᠷᠢᠴᠢᠳ ᠠᠵᠢᠯ ᠤᠨ ᠪᠠᠶᠢᠷᠢ ᠳᠤ ᠭᠠᠷᠬᠤ ᠠᠴᠠ ᠪᠠᠨ ᠡᠮᠦᠨ᠎ᠡ ᠡᠷᠬᠡᠪᠰᠢ ᠪᠤᠯᠪᠠᠰᠤᠷᠠᠯ ᠬᠦᠷᠲᠡᠭᠦ ᠬᠡᠷᠡᠭᠲᠠᠢ᠃        ᠵᠢᠷᠠ ᠶᠢᠰᠤᠳᠦᠭᠡᠷ ᠵᠦᠢᠯ    ᠣᠯᠣᠰ ᠠᠴᠠ ᠠᠵᠢᠯ ᠮᠡᠷᠭᠡᠵᠢᠯ ᠤᠨ ᠲᠦᠷᠦᠯ ᠬᠤᠪᠢᠶᠠᠷᠢ ᠶᠢ ᠲᠤᠭᠲᠠᠭᠠᠵᠤ ᠂ ᠲᠤᠭᠲᠠᠭᠠᠭᠰᠠᠨ ᠠᠵᠢᠯ ᠮᠡᠷᠭᠡᠵᠢᠯ ᠤᠨ ᠮᠠᠷᠬᠡᠰᠢᠯ ᠴᠢᠳᠠᠪᠤᠷᠢ ᠶᠢᠨ ᠪᠠᠷᠢᠮᠵᠢᠶ᠎ᠠ ᠲᠤᠭᠲᠠᠭᠠᠵᠤ᠂ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠤᠨ ᠳᠦᠷᠢᠮ ᠢ ᠬᠡᠷᠡᠭᠵᠢᠭᠦᠯᠦᠨ᠂ ᠵᠠᠰᠠᠭ ᠤᠨ ᠤᠷᠲᠤᠨ ᠢᠶᠠᠷ ᠵᠦᠪᠰᠢᠶᠡᠷᠡᠭᠦᠯᠦᠭᠰᠡᠨ ᠬᠢᠨᠠᠨ ᠲᠤᠭᠲᠠᠭᠠᠬᠤ ᠪᠠᠶᠢᠭᠤᠯᠦᠮᠵᠢ ᠠᠴᠠ ᠬᠦᠳᠡᠯᠮᠦᠷᠢᠴᠢᠳ ᠲᠤ ᠠᠵᠢᠯ ᠮᠡᠷᠭᠡᠵᠢᠯ ᠤᠨ ᠮᠡᠷᠭᠡᠰᠢᠯ ᠴᠢᠳᠠᠪᠤᠷᠢ ᠶᠢᠨ ᠬᠢᠨᠠᠨ ᠲᠤᠭᠲᠠᠭᠠᠯᠲᠠ ᠬᠢᠬᠦ ᠶᠢ ᠬᠠᠷᠢᠭᠤᠴᠠᠨ᠎ᠠ᠃        ᠶᠢᠰᠤᠳᠦᠭᠡᠷ ᠪᠦᠯᠦᠭ    ᠨᠡᠶᠢᠭᠡᠮ ᠤᠨ ᠲᠠᠭᠠᠳᠬᠠᠯ ᠪᠠ ᠠᠰᠠᠷᠠᠮᠵᠢ        ᠲᠠᠯᠠᠳᠤᠭᠠᠷ ᠵᠦᠢᠯ    ᠤᠯᠤᠰ ᠠᠴᠠ ᠨᠡᠶᠢᠭᠡᠮ ᠤᠨ ᠲᠠᠭᠠᠳᠬᠠᠯ ᠤᠨ ᠦᠢᠯᠡᠰ ᠢ ᠬᠦᠭᠵᠢᠭᠦᠯᠦᠨ᠂ ᠨᠡᠶᠢᠭᠡᠮ ᠤᠨ ᠲᠠᠭᠠᠳᠬᠠᠯ ᠤᠨ ᠲᠦᠷᠢᠮ ᠢ ᠪᠠᠶᠢᠭᠤᠯᠵᠤ᠂ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠭᠠᠷᠭᠠᠵᠤ᠂ ᠬᠦᠳᠡᠯᠮᠦᠷᠢᠴᠢᠳ ᠤᠨ ᠦᠲᠡᠯᠬᠦ᠂ ᠡᠪᠡᠳᠴᠢᠯᠡᠬᠦ᠂ ᠠᠵᠢᠯ ᠤᠨ ᠬᠠᠷᠠᠭ᠎ᠠ ᠪᠠᠷ ᠰᠢᠷᠬᠠᠲᠤᠬᠤ᠂ ᠠᠵᠢᠯ ᠠᠯᠳᠠᠬᠤ᠂ ᠬᠦᠩᠭᠡᠵᠢᠵᠤ ᠪᠤᠶᠢᠵᠢᠭᠤᠯᠬᠤ ᠵᠡᠷᠭᠡ ᠪᠠᠶᠢᠳᠠᠯ ᠲᠤᠤᠷ᠎ᠠ ᠬᠠᠪᠰᠤᠷᠤᠯᠭ᠎ᠠ ᠪᠠ ᠨᠦᠬᠦᠪᠦᠷᠢ ᠤᠯᠭᠤᠨ᠎ᠠ᠃        ᠲᠠᠯᠠᠨ ᠨᠢᠭᠡᠳᠦᠭᠡᠷ ᠵᠦᠢᠯ    ᠨᠡᠶᠢᠭᠡᠮ ᠤᠨ ᠲᠠᠭᠠᠳᠬᠠᠯ ᠤᠨ ᠬᠢᠷᠢ ᠬᠡᠮᠵᠢᠶ᠎ᠡ ᠨᠢ ᠨᠡᠶᠢᠭᠡᠮ ᠤᠨ ᠠᠵᠤ ᠠᠬᠤᠢ ᠶᠢᠨ ᠬᠦᠭᠵᠢᠯᠲᠡ ᠶᠢᠨ ᠬᠢᠷᠢ ᠬᠡᠮᠵᠢᠶ᠎ᠡ ᠪᠠ ᠨᠡᠶᠢᠭᠡᠮ ᠤᠨ ᠡᠭᠦᠷᠭᠡᠯᠡᠨ ᠲᠠᠭᠠᠭᠠᠬᠤ ᠴᠢᠳᠠᠪᠤᠷᠢ ᠲᠠᠢ ᠵᠤᠬᠢᠴᠠᠯᠳᠤᠬᠤ ᠬᠡᠷᠡᠭᠲᠠᠢ᠃        ᠲᠠᠯᠠᠨ ᠬᠤᠶᠠᠳᠤᠭᠠᠷ ᠵᠦᠢᠯ    ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠪᠤᠯ ᠲᠠᠭᠠᠳᠬᠠᠯ ᠤᠨ ᠲᠦᠷᠦᠯ ᠢ ᠨᠢ ᠦᠨᠳᠤᠰᠦᠯᠡᠨ ᠪᠡᠯᠡ ᠮᠦᠩᠭᠦᠨ ᠤ ᠢᠷᠡᠯᠲᠡ ᠶᠢ ᠨᠢ ᠲᠤᠭᠲᠠᠭᠠᠵᠤ᠂ ᠢᠳᠡᠭ ᠢᠳᠡᠭ ᠢᠶᠠᠷ ᠨᠡᠶᠢᠭᠡᠮ ᠲᠡᠭᠡᠷ᠎ᠡ ᠠᠴᠠ ᠨᠢᠭᠡᠳᠦᠯᠲᠠᠢ ᠴᠣᠭᠯᠠᠭᠤᠯᠬᠤ ᠪᠤᠯᠭᠠᠨ᠎ᠠ᠃ ᠬᠦᠮᠦᠨ ᠬᠡᠷᠡᠭᠯᠡᠬᠦ ᠨᠢᠭᠡᠴᠡ ᠪᠠ ᠬᠦᠳᠡᠯᠮᠦᠷᠢᠴᠢᠳ ᠡᠷᠬᠡᠪᠰᠢ ᠬᠠᠤᠯᠢ ᠶᠤᠰᠤᠭᠠᠷ ᠨᠡᠶᠢᠭᠡᠮ ᠤᠨ ᠲᠠᠭᠠᠳᠬᠠᠯ ᠳᠤ ᠤᠷᠤᠯᠴᠠᠵᠤ ᠨᠡᠶᠢᠭᠡᠮ ᠤᠨ ᠲᠠᠭᠠᠳᠬᠠᠯ ᠤᠨ ᠰᠦᠢᠳᠭᠡᠯ ᠲᠤᠰᠢᠶᠠᠬᠤ ᠬᠡᠷᠡᠭᠲᠠᠢ᠃        ᠲᠠᠯᠠᠨ ᠭᠤᠷᠪᠠᠳᠤᠭᠠᠷ ᠵᠦᠢᠯ    ᠬᠦᠳᠡᠯᠮᠦᠷᠢᠴᠢᠳ ᠲᠤᠤᠷ᠎ᠠ ᠵᠢᠭᠰᠠᠭᠠᠭᠰᠠᠨ ᠪᠠᠶᠢᠳᠠᠯ ᠤᠨ ᠲᠤᠤᠷ᠎ᠠ ᠨᠡᠶᠢᠭᠡᠮ ᠤᠨ ᠲᠠᠭᠠᠳᠬᠠᠯ ᠤᠨ ᠬᠠᠷᠠᠭᠠᠯᠵᠠᠯ ᠢ ᠬᠠᠤᠯᠢ ᠶᠤᠰᠤᠭᠠᠷ ᠬᠦᠷᠲᠡᠨ᠎ᠡ᠄        ︵ᠨᠢᠭᠡ︶ ᠨᠠᠰᠤᠨ ᠤ ᠠᠮᠠᠷᠠᠯᠲᠠ ᠪᠠᠨ ᠠᠪᠤᠭᠰᠠᠨ︔        ︵ᠬᠤᠶᠠᠷ︶ ᠡᠪᠡᠳᠴᠢᠯᠡᠭᠰᠡᠨ᠂ ᠰᠢᠷᠬᠠᠲᠤᠭᠰᠠᠨ︔        ︵ᠭᠤᠷᠪᠠ︶ ᠠᠵᠢᠯ ᠤᠨ ᠬᠠᠷᠠᠭ᠎ᠠ ᠪᠠᠷ ᠰᠢᠷᠬᠠᠲᠤᠵᠤ ᠵᠡᠮᠳᠡᠭ ᠪᠤᠯᠤᠭᠰᠠᠨ ᠪᠤᠶᠤ ᠠᠵᠢᠯ ᠤᠨ ᠴᠢᠨᠠᠷᠲᠠᠢ ᠡᠪᠡᠳᠴᠢᠨ ᠤᠯᠤᠭᠰᠠᠨ︔        ︵ᠲᠦᠷᠪᠡ︶ ᠠᠵᠢᠯ ᠠᠯᠳᠠᠭᠰᠠᠨ︔        ︵ᠲᠠᠪᠤ︶ ᠬᠦᠩᠭᠡᠵᠢᠭᠰᠡᠨ᠃        ᠬᠦᠳᠡᠯᠮᠦᠷᠢᠴᠢᠨ ᠨᠠᠰᠤ ᠪᠠᠷᠠᠭᠰᠠᠨ ᠤ ᠲᠠᠷᠠᠭ᠎ᠠ ᠭᠡᠷ ᠪᠦᠯᠢ ᠶᠢᠨ ᠬᠢᠨ ᠬᠠᠤᠯᠢ ᠶᠤᠰᠤᠭᠠᠷ ᠭᠡᠷ ᠪᠦᠯᠢ ᠶᠢᠨ ᠬᠢᠨ ᠤ ᠤᠯᠭᠤᠮᠵᠢ ᠬᠦᠷᠲᠡᠨ᠎ᠡ᠃        ᠬᠦᠳᠡᠯᠮᠦᠷᠢᠴᠢᠳ ᠤᠨ ᠨᠡᠶᠢᠭᠡᠮ ᠤᠨ ᠲᠠᠭᠠᠳᠬᠠᠯ ᠤᠨ ᠬᠠᠷᠠᠭᠠᠯᠵᠠᠯ ᠬᠦᠷᠲᠡᠬᠦ ᠨᠦᠬᠦᠴᠡᠯ ᠪᠠ ᠪᠠᠷᠢᠮᠵᠢᠶ᠎ᠠ ᠶᠢ ᠬᠠᠤᠯᠢ ᠴᠠᠭᠠᠵᠠ᠂ ᠬᠠᠤᠯᠢ ᠲᠤᠭᠲᠠᠭᠠᠯ ᠢᠶᠠᠷ ᠲᠤᠭᠲᠠᠭᠠᠨ᠎ᠠ᠃ ᠬᠦᠳᠡᠯᠮᠦᠷᠢᠴᠢᠳ ᠤᠨ ᠡᠳ᠋ᠯᠡᠬᠦ ᠨᠡᠶᠢᠭᠡᠮ ᠤᠨ ᠲᠠᠭᠠᠳᠬᠠᠯ ᠤᠨ ᠬᠠᠷᠠᠭᠠᠯᠵᠠᠯ ᠬᠦᠷᠲᠡᠬᠦ ᠨᠦᠬᠦᠴᠡᠯ ᠪᠠ ᠪᠠᠷᠢᠮᠵᠢᠶ᠎ᠠ ᠶᠢ ᠬᠠᠤᠯᠢ ᠴᠠᠭᠠᠵᠠ᠂ ᠬᠠᠤᠯᠢ ᠲᠤᠭᠲᠠᠭᠠᠯ ᠢᠶᠠᠷ ᠲᠤᠭᠲᠠᠭᠠᠨ᠎ᠠ᠃        ᠬᠦᠳᠡᠯᠮᠦᠷᠢᠴᠢᠳ ᠤᠨ ᠡᠳ᠋ᠯᠡᠬᠦ ᠨᠡᠶᠢᠭᠡᠮ ᠤᠨ ᠲᠠᠭᠠᠳᠬᠠᠯ ᠤᠨ ᠮᠦᠩᠭᠦ ᠶᠢ ᠡᠷᠬᠡᠪᠰᠢ ᠴᠠᠭ ᠲᠤᠬᠠᠢ ᠳᠤᠨᠢ ᠲᠤᠭ᠎ᠠ ᠶᠤᠰᠤᠭᠠᠷ ᠨᠢ ᠤᠯᠭᠤᠬᠤ ᠬᠡᠷᠡᠭᠲᠠᠢ᠃        ᠲᠠᠯᠠᠨ ᠲᠦᠷᠪᠡᠳᠦᠭᠡᠷ ᠵᠦᠢᠯ    ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠭᠠᠷᠲᠠᠨ ᠡᠷᠬᠢᠯᠡᠬᠦ ᠪᠠᠶᠢᠭᠤᠯᠤᠮᠵᠢ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠬᠠᠤᠯᠢ ᠶᠢᠨ ᠲᠤᠭᠲᠠᠭᠠᠯ ᠶᠤᠰᠤᠭᠠᠷ ᠬᠤᠷᠢᠶᠠᠨ ᠠᠪᠴᠣ ᠵᠠᠷᠤᠬᠤ᠂ ᠬᠠᠮᠢᠶᠠᠷᠬᠤ ᠪᠠ ᠬᠡᠷᠡᠭᠯᠡᠬᠦ ᠪᠦᠭᠡᠳ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢᠨ ᠦᠷᠲᠡᠭ ᠢ ᠪᠠᠲᠤᠯᠠᠵᠤ ᠨᠡᠮᠡᠭᠳᠡᠭᠦᠯᠬᠦ ᠬᠠᠷᠢᠭᠤᠴᠠᠯᠭ᠎ᠠ ᠲᠠᠢ᠃        ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦᠨ ᠳᠤ ᠬᠢᠨᠠᠯᠲᠠ ᠲᠠᠯᠪᠢᠬᠤ ᠪᠠᠶᠢᠭᠤᠯᠤᠮᠵᠢ ᠬᠠᠤᠯᠢ ᠶᠢᠨ ᠲᠤᠭᠲᠠᠭᠠᠯ ᠶᠤᠰᠤᠭᠠᠷ ᠨᠡᠶᠢᠭᠡᠮ ᠤᠨ ᠲᠠᠭᠠᠳᠬᠠᠯ ᠤᠨ ᠮᠦᠩᠭᠦ ᠶᠢ ᠬᠤᠷᠢᠶᠠᠨ ᠠᠪᠴᠤ ᠵᠠᠷᠤᠬᠤ᠂ ᠬᠠᠮᠢᠶᠠᠷᠴᠤ ᠬᠡᠷᠡᠭᠯᠡᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃        ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦ ᠶᠢ ᠭᠠᠷᠲᠠᠨ ᠡᠷᠬᠢᠯᠡᠬᠦ ᠪᠠᠶᠢᠭᠤᠯᠤᠮᠵᠢ ᠪᠠ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦᠨ ᠳᠤ ᠬᠢᠨᠠᠯᠲᠠ ᠲᠠᠯᠪᠢᠬᠤ ᠪᠠᠶᠢᠭᠤᠯᠤᠮᠵᠢ ᠶᠢ ᠪᠠᠶᠢᠭᠤᠯᠬᠤ ᠪᠠ ᠲᠡᠭᠦᠨ ᠤ ᠡᠭᠦᠷᠭᠡ ᠲᠤᠰᠢᠶᠠᠯ ᠢ ᠬᠠᠤᠯᠢ ᠪᠠᠷ ᠲᠤᠭᠲᠠᠭᠠᠨ᠎ᠠ᠃        ᠶᠠᠮᠠᠷᠪᠠ ᠵᠤᠬᠢᠶᠠᠨ ᠪᠠᠶᠢᠭᠤᠯᠤᠯᠲᠠ ᠪᠠ ᠬᠤᠪᠢ ᠬᠦᠮᠦᠨ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦ ᠶᠢ ᠨᠡᠭᠦᠯᠭᠡᠨ ᠬᠡᠷᠡᠭᠯᠡᠵᠤ ᠪᠤᠯᠬᠤ ᠦᠭᠡᠢ᠃        ᠲᠠᠯᠠᠨ ᠲᠠᠪᠤᠳᠤᠭᠠᠷ ᠵᠦᠢᠯ    ᠬᠦᠮᠦᠨ ᠬᠡᠷᠡᠭᠡᠯᠡᠬᠦ ᠨᠢᠭᠡᠴᠢ ᠶᠢᠨ ᠲᠤᠰ ᠨᠢᠭᠡᠴᠢ ᠶᠢᠨ ᠢᠶᠠᠨ ᠪᠤᠳᠠᠳᠤ ᠪᠠᠶᠢᠳᠠᠯ ᠢ ᠦᠨᠳᠤᠰᠦᠯᠡᠨ ᠬᠦᠳᠡᠯᠮᠦᠷᠢᠴᠢᠳ ᠲᠤ ᠨᠦᠬᠦᠪᠦᠷᠢ ᠲᠠᠭᠠᠳᠬᠠᠯ ᠪᠠᠶᠢᠭᠤᠯᠵᠤ ᠦᠭᠬᠦ ᠶᠢ ᠤᠯᠤᠰ ᠠᠴᠠ ᠵᠤᠷᠢᠭᠵᠢᠭᠤᠯᠤᠨ᠎ᠠ᠃        ᠬᠦᠳᠡᠯᠮᠦᠷᠢᠴᠢᠳ ᠤᠨ ᠬᠤᠪᠢ ᠪᠠᠷ ᠢᠶᠠᠨ ᠬᠠᠳᠠᠭᠠᠯᠠᠮᠵᠢ ᠶᠢᠨ ᠴᠢᠨᠠᠷᠲᠠᠢ ᠲᠠᠭᠠᠳᠬᠠᠯ ᠬᠢᠬᠦ ᠶᠢ ᠤᠯᠤᠰ ᠠᠴᠠ ᠰᠠᠨᠠᠭᠠᠴᠢᠯᠠᠨ᠎ᠠ᠃        ᠲᠠᠯᠠᠨ ᠵᠢᠷᠭᠤᠳᠤᠭᠠᠷ ᠵᠦᠢᠯ    ᠤᠯᠤᠰ ᠠᠴᠠ ᠨᠡᠶᠢᠭᠡᠮ ᠤᠨ ᠠᠰᠠᠷᠠᠮᠵᠢ ᠶᠢᠨ ᠦᠢᠯᠡᠰ ᠢ ᠬᠦᠭᠵᠢᠭᠦᠯᠵᠤ᠂ ᠤᠯᠠᠨ ᠨᠡᠶᠢᠲᠡ ᠶᠢᠨ ᠠᠰᠠᠷᠠᠮᠵᠢ ᠶᠢᠨ ᠲᠦᠬᠦᠭᠡᠷᠤᠮᠵᠢ ᠶᠢ ᠪᠠᠶᠢᠭᠤᠯᠵᠤ᠂ ᠬᠦᠳᠡᠯᠮᠦᠷᠢᠴᠢᠳ ᠤᠨ ᠠᠮᠠᠷᠠᠬᠤ᠂ ᠠᠮᠠᠷᠠᠨ ᠰᠤᠪᠢᠯᠠᠬᠤ ᠪᠠ ᠡᠮᠨᠡᠭᠦᠯᠦᠨ ᠰᠤᠪᠢᠯᠠᠬᠤ ᠳᠤ ᠨᠦᠬᠦᠴᠡᠯ ᠬᠠᠩᠭᠠᠨ᠎ᠠ᠃        ᠬᠦᠮᠦᠨ ᠬᠡᠷᠡᠭᠯᠡᠬᠦ ᠨᠢᠭᠡᠴᠡ ᠨᠦᠬᠦᠴᠡᠯ ᠪᠦᠷᠢᠯᠳᠤᠭᠦᠯᠦᠨ ᠨᠡᠶᠢᠲᠡ ᠶᠢᠨ ᠠᠰᠠᠷᠠᠮᠵᠢ ᠶᠢ ᠰᠠᠶᠢᠵᠢᠷᠠᠭᠤᠯᠵᠤ᠂ ᠬᠦᠳᠡᠯᠮᠦᠷᠢᠴᠢᠳ ᠤᠨ ᠠᠰᠠᠷᠠᠮᠵᠢ ᠬᠠᠷᠠᠭᠠᠯᠵᠠᠯ ᠢ ᠲᠡᠭᠡᠭᠰᠢᠯᠡᠭᠦᠯᠬᠦ ᠬᠡᠷᠡᠭᠲᠠᠢ᠃        ᠠᠷᠪᠠᠳᠤᠭᠠᠷ ᠪᠦᠯᠦᠭ    ᠬᠦᠳᠡᠯᠮᠦᠷᠢ ᠶᠢᠨ ᠮᠠᠷᠭᠤᠭᠠᠨ        ᠲᠠᠯᠠᠨ ᠲᠤᠯᠤᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠦᠷᠢᠴᠢᠨ ᠬᠤᠭᠤᠷᠤᠨᠳᠤ ᠪᠠᠨ ᠬᠦᠳᠡᠯᠮᠦᠷᠢ ᠶᠢᠨ ᠮᠠᠷᠭᠤᠭᠠᠨ ᠭᠠᠷᠪᠠᠯ ᠲᠤᠬᠠᠢ ᠶᠢᠨ ᠬᠦᠮᠦᠨ ᠬᠠᠤᠯᠢ ᠶᠤᠰᠤᠭᠠᠷ ᠡᠶᠡᠳᠡᠭᠦᠯᠬᠦ᠂ ᠬᠦᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠭᠠᠷᠭᠠᠬᠤ᠂ ᠵᠠᠭᠠᠯᠳᠤᠯᠭ᠎ᠠ ᠭᠠᠷᠭᠠᠬᠤ᠂ ᠵᠦᠪᠳᠡᠯᠴᠡᠨ ᠰᠢᠢᠳᠪᠦᠷᠢᠯᠡᠵᠤ ᠴᠣ᠋ ᠪᠤᠯᠤᠨ᠎ᠠ        ᠡᠶᠡᠳᠡᠭᠦᠯᠬᠦ ᠵᠠᠷᠴᠢᠮ ᠢ ᠬᠦᠨᠳᠡᠯᠡᠨ ᠠᠴᠠ ᠲᠠᠰᠤᠯᠬᠤ ᠪᠠ ᠵᠠᠷᠭᠤᠯᠳᠤᠬᠤ ᠵᠢᠷᠤᠮ ᠳᠤ ᠬᠡᠷᠡᠭᠯᠡᠨ᠎ᠡ᠃        ᠲᠠᠯᠠᠨ ᠨᠠᠢᠮᠠᠳᠣᠭᠠᠷ ᠵᠦᠢᠯ    ᠬᠦᠳᠡᠯᠮᠦᠷᠢ ᠶᠢᠨ ᠮᠠᠷᠭᠤᠭᠠᠨ ᠢ ᠰᠢᠢᠳᠪᠦᠷᠢᠯᠡᠬᠦ ᠳᠡᠭᠡᠨ ᠬᠠᠤᠯᠢ ᠳᠤ ᠨᠡᠶᠢᠴᠡᠬᠦ᠂ ᠭᠤᠤᠯᠴᠢ ᠪᠠᠶᠢᠬᠤ᠂ ᠴᠠᠭ ᠲᠤᠬᠠᠢ ᠲᠤᠨᠢ ᠰᠢᠢᠳᠪᠦᠷᠢᠯᠡᠬᠦ ᠵᠠᠷᠴᠢᠮ ᠢ ᠦᠨᠳᠤᠰᠤᠯᠡᠨ ᠬᠦᠳᠡᠯᠮᠦᠷᠢ ᠶᠢᠨ ᠮᠠᠷᠭᠤᠭᠠᠨ ᠤ ᠲᠤᠬᠠᠢ ᠶᠢᠨ ᠬᠦᠮᠦᠨ ᠤ ᠬᠠᠤᠯᠢ ᠶᠤᠰᠤᠨ ᠤ ᠡᠷᠬᠡ ᠠᠰᠢᠭ ᠢ ᠬᠠᠤᠯᠢ ᠶᠤᠰᠤᠭᠠᠷ ᠬᠠᠮᠠᠭᠠᠯᠠᠬᠤ ᠬᠡᠷᠡᠭᠲᠠᠢ᠃        ᠲᠠᠯᠠ ᠶᠢᠰᠦᠳᠦᠭᠡᠷ ᠵᠦᠢᠯ    ᠬᠦᠳᠡᠯᠮᠦᠷᠢ ᠶᠢᠨ ᠮᠠᠷᠭᠤᠭᠠᠨ ᠭᠠᠷᠤᠭᠰᠠᠨ ᠤ ᠲᠠᠷᠠᠭ᠎ᠠ᠂ ᠲᠤᠬᠠᠢ ᠶᠢᠨ ᠬᠦᠮᠦᠨ ᠲᠤᠰ ᠨᠢᠭᠡᠴᠡ ᠶᠢᠨ ᠢᠶᠠᠨ ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠬᠦ ᠺᠤᠮᠢᠰ ᠲᠤ ᠡᠶᠡᠳᠡᠭᠦᠯᠬᠦ ᠭᠤᠶᠤᠴᠢᠯᠠᠯ ᠭᠠᠷᠭᠠᠵᠤ ᠪᠤᠯᠤᠨ᠎ᠠ︔ ᠡᠶᠡᠳᠡᠭᠦᠯᠦᠨ ᠪᠦᠲᠦᠭᠰᠡᠨ ᠦᠭᠡᠢ ᠪᠠᠶᠢᠪᠠᠯ᠂ ᠨᠢᠭᠡ ᠲᠠᠯ᠎ᠠ ᠶᠢᠨ ᠲᠤᠬᠠᠢ ᠶᠢᠨ ᠬᠦᠮᠦᠨ ᠨᠢ ᠬᠦᠨᠳᠡᠯᠡᠨ ᠠᠴᠠ ᠲᠠᠰᠤᠯᠤᠭᠤᠯᠬᠤ ᠪᠠᠷ ᠱᠠᠭᠠᠷᠳᠠᠭᠰᠠᠨ ᠪᠤᠯ᠂ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠲᠤ ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠯ ᠭᠠᠷᠭᠠᠵᠤ ᠪᠤᠯᠤᠨ᠎ᠠ᠃ ᠨᠢᠭᠡ ᠲᠠᠯ᠎ᠠ ᠶᠢᠨ ᠲᠤᠬᠠᠢ ᠶᠢᠨ ᠬᠦᠮᠦᠨ ᠨᠢ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠲᠤ ᠰᠢᠭᠤᠳ ᠬᠦᠨᠳᠡᠯᠡᠨ ᠠᠴᠠ ᠲᠠᠰᠣᠯᠣᠭᠤᠯᠬᠤ ᠳᠤ ᠭᠤᠶᠤᠴᠢᠯᠠᠯ ᠭᠠᠷᠭᠠᠵᠤ ᠴᠤ ᠪᠤᠯᠤᠨ᠎ᠠ᠃ ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢ ᠵᠦᠪᠰᠢᠶᠡᠷᠡᠭᠦ ᠦᠭᠡᠢ ᠪᠠᠶᠢᠪᠠᠯ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠤᠯᠤᠨ᠎ᠠ᠃        ᠨᠠᠶᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠳᠤ ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠬᠦ ᠺᠤᠮᠢᠰ ᠪᠠᠶᠢᠭᠤᠯᠵᠤ ᠪᠤᠯᠤᠨ᠎ᠠ᠃ ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠬᠦ ᠺᠤᠮᠢᠰ ᠨᠢ ᠠᠵᠢᠯᠲᠠᠨ ᠠᠵᠢᠯᠴᠢᠨ ᠤ ᠲᠦᠯᠦᠭᠡᠯᠡᠭᠴᠢ᠂ ᠬᠦᠮᠦᠨ ᠬᠡᠷᠡᠭᠯᠡᠬᠦ ᠨᠢᠭᠡᠴᠡ ᠶᠢᠨ ᠲᠦᠯᠦᠭᠡᠯᠡᠭᠴᠢ ᠪᠠ ᠠᠵᠢᠯᠴᠢᠨ ᠤ ᠡᠪᠯᠡᠯ ᠤᠨ ᠲᠦᠯᠦᠭᠡᠯᠡᠭᠴᠢ ᠪᠠᠷ ᠪᠦᠷᠢᠯᠳᠦᠨ᠎ᠡ᠃ ᠬᠦᠳᠡᠯᠮᠦᠷᠢ ᠶᠢᠨ ᠮᠠᠷᠭᠤᠭᠠᠨ ᠢ ᠲᠠᠰᠤᠯᠬᠤ ᠡᠶᠡᠳᠡᠭᠦᠯᠬᠦ ᠺᠤᠮᠢᠰ ᠤᠨ ᠡᠷᠬᠢᠯᠡᠭᠴᠢ ᠶᠢᠨ ᠲᠤᠰᠢᠶᠠᠯ ᠢ ᠠᠵᠢᠯᠲᠠᠨ ᠤ ᠡᠪᠯᠡᠯ ᠤᠨ ᠲᠦᠯᠦᠭᠡᠯᠡᠭᠴᠢ ᠡᠬᠦᠷᠭᠡᠯᠡᠨ᠎ᠡ᠃        ᠬᠦᠳᠡᠯᠮᠦᠷᠢ ᠶᠢᠨ ᠮᠠᠷᠭᠤᠭᠠᠨ ᠢ ᠡᠶᠡᠳᠡᠭᠦᠯᠦᠭᠡᠳ ᠬᠡᠯᠡᠯᠴᠡᠭᠡᠷ ᠲᠤᠬᠢᠷᠠᠭᠰᠠᠨ ᠪᠠᠶᠢᠪᠠᠯ ᠲᠤᠬᠠᠢ ᠶᠢᠨ ᠬᠦᠮᠦᠨ ᠬᠡᠷᠡᠭᠵᠢᠭᠦᠯᠬᠦ ᠬᠡᠷᠡᠭᠲᠠᠢ᠃        ᠨᠠᠶᠠᠨ ᠨᠢᠭᠡᠳᠦᠭᠡᠷ ᠵᠦᠢᠯ    ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠣᠯᠬᠤ ᠺᠤᠮᠢᠰ ᠨᠢ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠦᠯᠦᠭᠡᠯᠡᠭᠴᠢ᠂ ᠠᠳᠠᠯᠢ ᠱᠠᠲᠤᠨ ᠤ ᠠᠵᠢᠯᠴᠢᠨ ᠤ ᠡᠪᠯᠡᠯ ᠤᠨ ᠲᠦᠯᠦᠭᠡᠯᠡᠭᠴᠢ᠂ ᠬᠦᠮᠦᠨ ᠬᠡᠷᠡᠭᠯᠡᠬᠦ ᠨᠢᠭᠡᠴᠡ ᠶᠢᠨ ᠲᠠᠯ᠎ᠠ ᠶᠢᠨ ᠲᠦᠯᠦᠭᠡᠯᠡᠭᠴᠢ ᠪᠠᠷ ᠪᠦᠷᠢᠯᠳᠦᠨ᠎ᠡ᠃ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠤᠨ ᠡᠷᠬᠢᠯᠡᠭᠴᠢ ᠶᠢᠨ ᠲᠤᠰᠢᠶᠠᠯ ᠢ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠲᠦᠯᠦᠭᠡᠯᠡᠭᠴᠢ ᠡᠭᠦᠷᠭᠡᠯᠡᠨ᠎ᠡ᠃        ᠨᠠᠶᠠᠨ ᠬᠤᠶᠠᠳᠤᠭᠠᠷ ᠵᠦᠢᠯ    ᠬᠦᠨᠳᠡᠯᠡᠨ ᠠᠴᠠ ᠲᠠᠰᠣᠯᠣᠭᠤᠯᠬᠤ ᠱᠠᠭᠠᠷᠳᠠᠯᠭ᠎ᠠ ᠲᠤᠷᠠᠳᠤᠭᠰᠠᠨ ᠲᠠᠯ᠎ᠠ ᠪᠠᠷ ᠨᠢ ᠬᠦᠳᠡᠯᠮᠦᠷᠢ ᠶᠢᠨ ᠮᠠᠷᠭᠤᠭᠠᠨ ᠭᠠᠷᠤᠭᠰᠠᠨ ᠡᠳᠦᠷ ᠠᠴᠠ ᠡᠬᠢᠯᠡᠨ ᠵᠢᠷᠠᠨ ᠬᠤᠨᠤᠭ ᠤᠨ ᠲᠤᠲᠤᠷ᠎ᠠ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠲᠤ ᠪᠢᠴᠢᠭ ᠢᠶᠠᠷ ᠭᠤᠶᠤᠴᠢᠯᠠᠯ ᠭᠠᠷᠭᠠᠬᠤ ᠭᠡᠷᠡᠭᠲᠠᠢ︔ ᠬᠦᠨᠳᠡᠯᠡᠨ ᠠᠴᠠ ᠲᠠᠰᠤᠯᠬᠤ ᠬᠢᠨᠡᠨ ᠲᠠᠰᠤᠯᠤᠯᠲᠠ ᠶᠢ ᠡᠩ ᠤᠨ ᠪᠠᠶᠢᠳᠠᠯ ᠲᠤᠤᠷ᠎ᠠ ᠬᠦᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠢ ᠤᠯᠤᠭᠰᠠᠨ ᠡᠳᠦᠷ ᠠᠴᠠ ᠬᠤᠶᠢᠰᠢᠬᠢ ᠵᠢᠷᠠᠨ ᠬᠤᠨᠤᠭ ᠤᠨ ᠲᠤᠲᠤᠷ᠎ᠠ ᠭᠠᠷᠭᠠᠨ᠎ᠠ᠂ ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠳᠤ ᠤᠨᠳᠤᠤ ᠰᠠᠨᠠᠯ ᠦᠭᠡᠢ ᠪᠤᠯ ᠲᠤᠬᠠᠢ ᠶᠢᠨ ᠬᠦᠮᠦᠨ ᠡᠷᠬᠡᠪᠰᠢ ᠬᠡᠷᠡᠭᠵᠢᠭᠦᠯᠬᠦ ᠬᠡᠷᠡᠭᠲᠡᠢ᠃        ᠨᠠᠶᠠᠨ ᠭᠤᠷᠪᠠᠳᠤᠭᠠᠷ ᠵᠦᠢᠯ    ᠬᠦᠳᠡᠯᠮᠦᠷᠢ ᠶᠢᠨ ᠮᠠᠷᠭᠤᠭᠠᠨ ᠤ ᠲᠤᠬᠠᠢ ᠶᠢᠨ ᠬᠦᠮᠦᠨ ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢ ᠵᠦᠪᠰᠢᠶᠡᠷᠡᠬᠦ ᠦᠭᠡᠢ ᠪᠠᠶᠢᠪᠠᠯ ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢᠨ ᠪᠢᠴᠢᠭ ᠢ ᠤᠯᠤᠭᠰᠠᠨ ᠡᠳᠦᠷ ᠠᠴᠠ ᠡᠬᠢᠯᠡᠨ ᠠᠷᠪᠠᠨ ᠲᠠᠪᠤᠨ ᠬᠤᠨᠤᠭ ᠤᠨ ᠲᠤᠲᠤᠷ᠎ᠠ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠤᠯᠤᠨ᠎ᠠ᠂ ᠨᠢᠭᠡ ᠲᠠᠯ᠎ᠠ ᠶᠢᠨ ᠲᠤᠬᠠᠢ ᠶᠢᠨ ᠬᠦᠮᠦᠨ ᠨᠢ ᠬᠠᠤᠯᠢ ᠳᠤ ᠲᠤᠭᠲᠠᠭᠠᠭᠰᠠᠨ ᠬᠤᠭᠤᠴᠠᠭᠠᠨ ᠲᠤᠲᠤᠷ᠎ᠠ ᠵᠠᠭᠠᠯᠳᠤᠯᠭ᠎ᠠ ᠭᠠᠷᠭᠠᠬᠤ ᠦᠭᠡᠢ ᠪᠦᠭᠡᠳ ᠬᠦᠨᠲᠠᠯᠠᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢ ᠬᠡᠷᠡᠭᠵᠢᠭᠦᠯᠬᠦ ᠦᠭᠡᠢ ᠪᠠᠶᠢᠪᠠᠯ ᠨᠦᠭᠦᠭᠡ ᠲᠠᠯ᠎ᠠ ᠶᠢᠨ ᠲᠤᠬᠠᠢ ᠶᠢᠨ ᠬᠦᠮᠦᠨ ᠠᠯᠪᠠᠳᠠᠨ ᠬᠦᠢᠴᠡᠳᠭᠡᠭᠦᠯᠬᠦ ᠪᠠᠷ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠯ ᠭᠠᠷᠭᠠᠵᠤ ᠪᠤᠯᠤᠨ᠎ᠠ᠃        ᠨᠠᠶᠠᠨ ᠲᠦᠷᠪᠡᠳᠦᠭᠡᠷ ᠵᠦᠢᠯ    ᠬᠠᠮᠲᠤ ᠶᠢᠨ ᠭᠡᠷ᠎ᠡ ᠲᠤᠭᠲᠠᠭᠠᠭᠰᠠᠨ ᠤ ᠲᠠᠷᠠᠭ᠎ᠠ ᠪᠠᠷ ᠮᠠᠷᠭᠤᠭᠠᠨ ᠭᠠᠷᠤᠭᠠᠳ ᠲᠤᠬᠠᠢ ᠶᠢᠨ ᠬᠦᠮᠦᠨ ᠵᠦᠪᠳᠡᠯᠴᠡᠨ ᠰᠢᠢᠳᠪᠦᠷᠢᠯᠡᠵᠤ ᠴᠢᠳᠠᠭᠰᠠᠨ ᠦᠭᠡᠢ ᠪᠠᠶᠢᠪᠠᠯ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠤᠯᠪᠤᠭᠳᠠᠯ ᠪᠦᠬᠦᠢ ᠲᠠᠯ᠎ᠠ ᠶᠢᠨ ᠬᠢᠨ ᠢ ᠵᠤᠬᠢᠶᠠᠨ ᠪᠠᠶᠢᠭᠤᠯᠵᠤ ᠵᠤᠬᠢᠴᠠᠭᠤᠯᠤᠨ ᠰᠢᠢᠳᠪᠦᠷᠢᠯᠡᠵᠤ ᠪᠤᠯᠤᠨ᠎ᠠ᠃        ᠬᠠᠮᠲᠤ ᠶᠢᠨ ᠭᠡᠷ᠎ᠡ ᠶᠢ ᠬᠡᠷᠡᠭᠵᠢᠬᠦᠯᠦᠭᠰᠡᠨ ᠤ ᠲᠠᠷᠠᠭ᠎ᠠ ᠪᠠᠷ ᠮᠠᠷᠭᠤᠭᠠᠨ ᠭᠠᠷᠤᠭᠠᠳ ᠲᠤᠬᠠᠢ ᠶᠢᠨ ᠬᠦᠮᠦᠨ ᠵᠦᠪᠳᠡᠯᠴᠡᠨ ᠰᠢᠢᠳᠪᠦᠷᠢᠯᠡᠵᠤ ᠴᠢᠳᠠᠭᠰᠠᠨ ᠦᠭᠡᠢ ᠪᠠᠶᠢᠪᠠᠯ ᠬᠦᠳᠡᠯᠮᠦᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠺᠤᠮᠢᠰ ᠲᠤ ᠬᠦᠨᠳᠡᠯᠡᠨ ᠠᠴᠠ ᠲᠠᠰᠤᠯᠤᠭᠤᠯᠬᠤ ᠭᠤᠶᠤᠴᠢᠯᠠᠯ ᠭᠠᠷᠭᠠᠵᠤ ᠪᠤᠯᠤᠨ᠎ᠠ︔ ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢ ᠵᠦᠪᠰᠢᠶᠡᠷᠡᠭᠦ ᠦᠭᠡᠢ ᠪᠠᠶᠢᠪᠠᠯ ᠬᠦᠨᠳᠡᠯᠡᠨ ᠠᠴᠠ ᠲᠠᠰᠤᠯᠤᠭᠰᠠᠨ ᠬᠢᠨᠠᠨ ᠲᠠᠰᠤᠯᠤᠯᠲᠠ ᠶᠢᠨ ᠪᠢᠴᠢᠭ ᠢ ᠣᠯᠣᠭᠰᠠᠨ ᠡᠳᠦᠷ ᠠᠴᠠ ᠡᠬᠢᠯᠡᠨ ᠠᠷᠪᠠᠨ ᠲᠠᠪᠤ ᠬᠤᠨᠤᠭ ᠤᠨ ᠲᠤᠲᠤᠷ᠎ᠠ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠭᠠᠷᠭᠠᠵᠤ ᠪᠤᠯᠤᠨ᠎ᠠ᠃        ᠠᠷᠪᠠᠨ ᠨᠢᠭᠡᠳᠦᠭᠡᠷ ᠪᠦᠯᠦᠭ    ᠬᠢᠨᠠᠯᠲᠠ ᠲᠠᠯᠪᠢᠵᠤ ᠪᠠᠶᠢᠴᠠᠭᠠᠬᠤ        ᠨᠠᠶᠠᠨ ᠲᠠᠪᠤᠳᠤᠭᠠᠷ ᠵᠦᠢᠯ    ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠲᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠳ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ ᠳᠤ ᠬᠠᠤᠯᠢ ᠶᠤᠰᠤᠭᠠᠷ ᠬᠢᠨᠠᠯᠲᠠ ᠲᠠᠯᠪᠢᠨ ᠪᠠᠶᠢᠴᠠᠭᠠᠯᠲᠠ ᠬᠢᠵᠤ᠂ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠵᠦᠷᠢᠴᠡᠭᠰᠡᠨ ᠦᠢᠯᠡ ᠠᠵᠢᠯᠯᠠᠭ᠎ᠠ ᠶᠢ ᠬᠤᠷᠢᠭᠯᠠᠨ ᠵᠤᠭᠰᠤᠭᠠᠬᠤ ᠡᠷᠬᠡ ᠲᠠᠢ ᠪᠦᠭᠡᠳ ᠵᠠᠷᠯᠢᠭᠳᠠᠨ ᠵᠠᠯᠠᠷᠠᠭᠤᠯᠬᠤ ᠬᠡᠷᠡᠭᠲᠠᠢ᠃        ᠨᠠᠶᠠᠨ ᠵᠢᠷᠭᠤᠳᠤᠭᠠᠷ ᠵᠦᠢᠯ    ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠳ ᠠᠯᠪᠠᠨ ᠠᠵᠢᠯ ᠢᠶᠠᠨ ᠭᠦᠢᠴᠡᠳᠭᠡᠭᠦ ᠳᠡᠭᠡᠨ ᠬᠦᠮᠦᠨ ᠬᠡᠷᠡᠭᠯᠡᠬᠦ ᠨᠢᠭᠡᠴᠡ ᠳᠤ ᠬᠦᠷᠴᠤ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠬᠡᠷᠡᠭᠵᠢᠭᠦᠯᠵᠤ ᠪᠠᠶᠢᠭ᠎ᠠ ᠪᠠᠶᠢᠳᠠᠯ ᠢ ᠦᠢᠯᠠᠭᠠᠵᠤ᠂ ᠴᠢᠬᠤᠯᠠ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ ᠪᠦᠭᠡᠳ ᠬᠦᠳᠡᠯᠮᠦᠷᠢ ᠶᠢᠨ ᠭᠠᠵᠠᠷ ᠲᠤ ᠪᠠᠶᠢᠴᠠᠭᠠᠯᠲᠠ ᠬᠢᠭᠦ ᠡᠷᠬᠡ ᠲᠠᠢ᠃        ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯᠲᠠᠨ ᠠᠯᠪᠠᠨ ᠠᠵᠢᠯ ᠢᠶᠠᠨ ᠭᠦᠢᠴᠡᠳᠭᠡᠬᠦ ᠳᠡᠭᠡᠨ ᠡᠷᠬᠡᠪᠰᠢ ᠭᠡᠷᠡᠴᠢ ᠲᠡᠮᠳᠡᠭ ᠢᠶᠠᠨ ᠦᠵᠡᠭᠦᠯᠵᠤ᠂ ᠬᠠᠤᠯᠢ ᠶᠢ ᠭᠤᠤᠯᠴᠢ ᠪᠠᠷ ᠬᠡᠷᠡᠭᠵᠢᠭᠦᠯᠬᠦ ᠶᠢᠨ ᠬᠠᠮᠲᠤ ᠬᠤᠯᠪᠤᠭᠳᠠᠯ ᠪᠦᠬᠦᠢ ᠲᠤᠭᠲᠠᠭᠠᠯ ᠢ ᠰᠠᠬᠢᠬᠤ ᠬᠡᠷᠡᠭᠲᠠᠢ᠃        ᠨᠠᠶᠠᠨ ᠲᠤᠯᠤᠳᠤᠭᠠᠷ ᠵᠦᠢᠯ    ᠰᠢᠶᠠᠨ ᠤ ᠱᠠᠲᠤᠨ ᠠᠴᠠ ᠲᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠲᠤᠲᠤᠷ᠎ᠠ ᠪᠠᠨ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠵᠢᠷᠤᠮᠯᠡᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠠᠢ᠃        ᠨᠠᠶᠠᠨ ᠨᠠᠢᠮᠠᠳᠤᠭᠠᠷ ᠵᠦᠢᠯ    ᠡᠯ᠎ᠡ ᠱᠠᠲᠤᠨ ᠤ ᠠᠵᠢᠯᠴᠢᠨ ᠤ ᠡᠪᠯᠡᠯ ᠬᠠᠤᠯᠢ ᠶᠤᠰᠤᠭᠠᠷ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ᠂ ᠬᠦᠮᠦᠨ ᠬᠡᠷᠡᠭᠯᠡᠬᠦ ᠨᠢᠭᠡᠴᠢ ᠶᠢᠨ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠵᠢᠷᠤᠮᠯᠠᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠠᠢ᠃        ᠶᠠᠮᠠᠷᠪᠠ ᠵᠤᠬᠢᠶᠠᠨ ᠪᠠᠶᠢᠭᠤᠯᠤᠯᠲᠠ᠂ ᠬᠤᠪᠢ ᠬᠦᠮᠦᠨ ᠴᠦᠮ ᠬᠦᠳᠡᠯᠮᠦᠷᠢ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠢ ᠵᠦᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠵᠠᠭᠠᠯᠳᠤᠬᠤ ᠡᠷᠬᠡ ᠲᠠᠢ᠃        ᠠᠷᠪᠠᠨ ᠬᠤᠶᠠᠳᠤᠭᠠᠷ ᠪᠦᠯᠦᠭ    ᠬᠠᠤᠯᠢ ᠶᠢᠨ ᠬᠠᠷᠢᠭᠤᠴᠠᠯᠭ᠎ᠠ        ᠨᠠᠶᠠ ᠶᠢᠰᠤᠳᠦᠭᠡᠷ ᠵᠦᠢᠯ    ᠬᠦᠮᠦᠨ ᠬᠡᠷᠡᠭᠯᠡᠬᠦ ᠨᠢᠭᠡᠴᠡ ᠶᠢᠨ ᠲᠤᠭᠲᠠᠭᠠᠭᠰᠠᠨ ᠬᠦᠳᠡᠯᠮᠦᠷᠢ ᠶᠢᠨ ᠲᠦᠷᠢᠮ ᠲᠤᠭᠲᠠᠭᠠᠯ ᠨᠢ ᠬᠠᠤᠯᠢ ᠴᠠᠭᠠᠵᠠ᠂ ᠬᠠᠤᠯᠢ ᠲᠦᠷᠢᠮ ᠤᠨ ᠲᠤᠭᠲᠠᠭᠠᠯ ᠠᠴᠠ ᠵᠦᠷᠢᠴᠡᠭᠰᠡᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠠᠷᠠᠮᠵᠢ ᠦᠭᠴᠤ ᠵᠠᠷᠯᠢᠭᠳᠠᠨ ᠵᠠᠯᠠᠷᠠᠭᠤᠯᠬᠤ ᠬᠡᠷᠡᠭᠲᠠᠢ᠃        ᠶᠡᠷᠡᠳᠦᠭᠡᠷ ᠵᠦᠢᠯ    ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠤᠭᠲᠠᠭᠠᠯ ᠠᠴᠠ ᠵᠦᠷᠢᠴᠡᠨ ᠬᠦᠳᠡᠯᠮᠦᠷᠢᠴᠢᠳ ᠤᠨ ᠠᠵᠢᠯᠯᠠᠬᠤ ᠴᠠᠭ ᠢ ᠤᠷᠲᠤᠳᠬᠠᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠰᠡᠷᠡᠮᠵᠢ ᠦᠭᠴᠤ ᠵᠠᠷᠯᠢᠭᠳᠠᠨ ᠵᠠᠯᠠᠷᠠᠭᠤᠯᠬᠤ ᠬᠡᠷᠡᠭᠲᠠᠢ ᠪᠦᠭᠡᠳ ᠵᠤᠭᠤᠰ ᠢᠶᠠᠷ ᠲᠤᠷᠭᠠᠵᠤ ᠪᠤᠯᠤᠨ᠎ᠠ        ᠶᠡᠷᠡᠨ ᠨᠢᠭᠡᠳᠦᠭᠡᠷ ᠵᠦᠢᠯ    ᠬᠦᠮᠦᠨ ᠬᠡᠷᠡᠭᠯᠡᠬᠦ ᠨᠢᠭᠡᠴᠡ ᠲᠤᠤᠷ᠎ᠠ ᠵᠢᠭᠰᠠᠭᠠᠭᠰᠠᠨ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠦᠳᠡᠯᠮᠦᠷᠢᠴᠢᠳ ᠤᠨ ᠴᠠᠯᠢᠩ ᠬᠦᠯᠦᠰᠤ ᠂ ᠠᠵᠤ ᠠᠬᠤᠢ ᠶᠢᠨ ᠨᠦᠬᠦᠪᠦᠷᠢ ᠶᠢ ᠲᠦᠯᠦᠭᠦᠯᠬᠦ ᠪᠦᠭᠡᠳ ᠵᠠᠷᠯᠢᠭᠳᠠᠵᠤ ᠪᠠᠶᠢᠭᠠᠳ ᠲᠦᠯᠦᠪᠦᠷᠢ ᠶᠢᠨ ᠮᠦᠩᠬᠦ ᠦᠭᠭᠦᠭᠦᠯᠵᠤ ᠪᠤᠯᠤᠨ᠎ᠠ᠄        ︵ᠨᠢᠭᠡ︶ ᠬᠦᠳᠡᠯᠮᠦᠷᠢᠴᠢᠳ ᠤᠨ ᠴᠠᠯᠢᠩ ᠢ ᠬᠠᠰᠣᠭᠰᠠᠨ ᠪᠤᠶᠤ ᠤᠴᠢᠷ ᠰᠢᠯᠲᠠᠭᠠᠨ ᠦᠭᠡᠢ ᠪᠠᠷ ᠰᠠᠭᠠᠲᠠᠭᠠᠭᠰᠠᠨ︔        ︵ᠬᠤᠶᠠᠷ︶ ᠬᠦᠳᠡᠯᠮᠦᠷᠢᠴᠢᠳ ᠤᠨ ᠤᠷᠲᠤᠳᠬᠠᠭᠰᠠᠨ ᠠᠵᠢᠯ ᠤᠨ ᠴᠠᠭ ᠤᠨ ᠴᠠᠯᠢᠩ ᠬᠦᠯᠦᠰᠦ ᠶᠢ ᠦᠯᠦ ᠦᠭᠭᠦᠭᠰᠡᠨ︔        ︵ᠭᠤᠷᠪᠠ︶ ᠬᠦᠳᠡᠯᠮᠦᠷᠢᠴᠢᠳ ᠤᠨ ᠴᠠᠯᠢᠩ ᠢ ᠲᠤᠬᠠᠢ ᠶᠢᠨ ᠭᠠᠵᠠᠷ ᠤᠨ ᠬᠠᠮᠤᠭ ᠲᠤᠤᠷ᠎ᠠ ᠴᠠᠯᠢᠩ ᠤᠨ ᠪᠠᠷᠢᠮᠵᠢᠶ᠎ᠠ ᠠᠴᠠ ᠲᠤᠤᠷ᠎ᠠ ᠤᠯᠤᠭᠰᠠᠨ︔        ︵ᠲᠦᠷᠪᠡ︶ ᠬᠦᠳᠡᠯᠮᠦᠷᠢᠴᠢᠳ ᠤᠨ ᠭᠡᠷ᠎ᠡ ᠶᠢ ᠬᠦᠴᠦᠨ ᠦᠭᠡᠢ ᠪᠤᠯᠭᠠᠭᠰᠠᠨ ᠤ ᠲᠠᠷᠠᠭ᠎ᠠ ᠲᠤᠰ ᠬᠠᠤᠯᠢ ᠶᠢᠨ ᠲᠤᠭᠲᠠᠭᠠᠯ ᠶᠤᠰᠤᠭᠠᠷ ᠬᠦᠳᠡᠯᠮᠦᠷᠢᠴᠢᠳ ᠲᠤ ᠠᠵᠤ ᠠᠬᠤᠢ ᠶᠢᠨ ᠨᠦᠬᠦᠪᠦᠷᠢ ᠦᠯᠦ ᠤᠯᠤᠭᠰᠠᠨ᠃        ᠶᠡᠷᠡᠨ ᠬᠤᠶᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠦᠷᠢ ᠶᠢᠨ ᠠᠶᠤᠯᠬᠦᠢ ᠶᠢᠨ ᠪᠡᠯᠡᠳᠭᠡᠯ ᠲᠦᠬᠦᠭᠡᠷᠤᠮᠵᠢ ᠪᠠ ᠬᠦᠳᠡᠯᠮᠦᠷᠢ ᠶᠢᠨ ᠡᠷᠡᠭᠦᠯ ᠬᠠᠮᠠᠭᠠᠯᠠᠯ ᠤᠨ ᠨᠦᠬᠦᠴᠡᠯ ᠤᠯᠤᠰ ᠤᠨ ᠲᠤᠭᠲᠠᠭᠠᠯ ᠳᠤ ᠨᠡᠶᠢᠴᠡᠬᠦ ᠦᠭᠡᠢ ᠪᠤᠶᠤ ᠬᠦᠳᠡᠯᠮᠦᠷᠢᠴᠢᠳ ᠲᠤ ᠴᠢᠬᠤᠯᠠ ᠪᠦᠬᠦᠢ ᠬᠦᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠪᠠ ᠬᠦᠳᠡᠯᠮᠦᠷᠢ ᠶᠢᠨ ᠬᠠᠮᠠᠭᠠᠯᠠᠯᠲᠠ ᠶᠢᠨ ᠲᠦᠬᠦᠭᠡᠷᠤᠮᠵᠢ ᠬᠠᠩᠭᠠᠭᠰᠠᠨ ᠦᠭᠡᠢ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠷᠯᠢᠭᠳᠠᠨ ᠦᠢᠯᠡᠳᠪᠦᠷᠢᠯᠡᠯ ᠢ ᠨᠢ ᠵᠤᠭᠰᠤᠭᠠᠵᠤ ᠴᠡᠭᠴᠡᠯᠡᠭᠦᠯᠬᠦ ᠪᠠᠷ ᠰᠠᠨᠠᠭᠤᠯᠭ᠎ᠠ ᠭᠠᠷᠭᠠᠵᠤ ᠪᠤᠯᠤᠨ᠎ᠠ︔ ᠭᠡᠨᠡᠳᠡᠯ ᠭᠠᠷᠬᠤ ᠲᠠᠯᠳᠠ ᠭᠡᠮ ᠳᠤ ᠠᠷᠭ᠎ᠠ ᠬᠡᠮᠵᠢᠶ᠎ᠡ ᠠᠪᠤᠭᠰᠠᠨ ᠦᠭᠡᠢ ᠠᠴᠠ ᠪᠤᠯᠵᠤ ᠬᠦᠨᠳᠤ ᠶᠡᠭᠡ ᠭᠡᠨᠡᠳᠡᠯ ᠭᠠᠷᠴᠣ ᠬᠦᠳᠡᠯᠮᠦᠷᠢᠴᠢᠳ ᠤᠨ ᠠᠮᠢ ᠨᠠᠰᠤ ᠪᠠ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠡᠷᠡᠭᠦᠦ ᠶᠢᠨ ᠬᠠᠤᠯᠢ ᠶᠢᠨ ᠵᠠᠭᠤ ᠨᠠᠶᠠᠨ ᠲᠤᠯᠤᠳᠤᠭᠠᠷ ᠵᠦᠢᠯ ᠤᠨ ᠲᠤᠭᠲᠠᠭᠠᠯ ᠶᠤᠰᠤᠭᠠᠷ ᠬᠠᠷᠢᠭᠤᠴᠠᠯᠭ᠎ᠠ ᠲᠠᠢ ᠬᠦᠮᠦᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠶᠡᠷᠡᠨ ᠭᠤᠷᠪᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠬᠦᠳᠡᠯᠮᠦᠷᠢᠴᠢᠨ ᠢ ᠠᠯᠪᠠᠳᠠᠨ ᠲᠤᠭᠲᠠᠭᠠᠯ ᠠᠴᠠ ᠵᠦᠷᠢᠴᠡᠵᠤ ᠠᠶᠤᠯ ᠲᠦᠭᠰᠢᠭᠦᠷᠢ ᠲᠠᠢ ᠠᠵᠢᠯ ᠬᠢᠯᠭᠡᠭᠡᠳ ᠰᠢᠷᠬᠠᠳᠤᠭᠰᠠᠨ ᠦᠭᠦᠭᠰᠡᠨ ᠬᠦᠨᠳᠤ ᠶᠡᠭᠡ ᠭᠡᠨᠡᠳᠡᠯ ᠭᠠᠷᠴᠤ ᠬᠦᠨᠳᠤ ᠨᠤᠴᠢᠲᠠᠢ ᠤᠷᠰᠢᠭ ᠲᠠᠲᠠᠭᠰᠠᠨ ᠪᠠᠶᠢᠪᠠᠯ ᠬᠠᠤᠯᠢ ᠶᠤᠰᠤᠭᠠᠷ ᠬᠠᠷᠢᠭᠤᠴᠠᠯᠭ᠎ᠠ ᠲᠠᠢ ᠬᠦᠮᠦᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠶᠡᠷᠡᠨ ᠲᠦᠷᠪᠡᠳᠦᠭᠡᠷ ᠵᠦᠢᠯ    ᠬᠦᠮᠦᠨ ᠬᠡᠷᠡᠭᠯᠡᠬᠦ ᠨᠢᠭᠡᠴᠡ ᠬᠠᠤᠯᠢ ᠪᠤᠰᠤ ᠪᠠᠷ ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠡᠯᠰᠡᠵᠤ ᠬᠡᠷᠡᠭᠯᠡᠭᠰᠡᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠡᠨ ᠵᠠᠯᠠᠷᠠᠭᠤᠯᠵᠤ ᠵᠤᠭᠤᠰ ᠢᠶᠠᠷ ᠲᠤᠷᠭᠠᠨ᠎ᠠ︔ ᠦᠢᠯᠡ ᠪᠠᠶᠢᠳᠠᠯ ᠨᠢ ᠬᠦᠨᠳᠤ ᠨᠤᠴᠢᠲᠠᠢ ᠪᠠᠶᠢᠪᠠᠯ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠡᠵᠡᠩᠨᠡᠬᠦ ᠦᠨᠡᠮᠯᠡᠯ ᠢ ᠨᠢ ᠬᠤᠷᠢᠶᠠᠵᠤ ᠠᠪᠤᠨ᠎ᠠ᠃        ᠶᠠᠷᠠᠨ ᠲᠠᠪᠤᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠡᠮᠡᠭᠲᠠᠢ ᠠᠵᠢᠯᠲᠠᠨ ᠠᠵᠢᠯᠴᠢᠨ ᠪᠠ ᠨᠠᠰᠤᠨ ᠳᠤ ᠬᠦᠷᠦᠭᠡᠳᠦᠢ ᠠᠵᠢᠯᠴᠢᠨ ᠤ ᠬᠠᠮᠠᠭᠠᠯᠠᠯᠲᠠ ᠶᠢᠨ ᠲᠤᠬᠠᠢ ᠲᠤᠰ ᠬᠠᠤᠯᠢ ᠶᠢᠨ ᠲᠤᠭᠲᠠᠭᠠᠯ ᠢ ᠵᠦᠷᠢᠴᠡᠨ ᠲᠡᠳᠡ ᠨᠠᠷ ᠤᠨ ᠬᠠᠤᠯᠢ ᠶᠤᠰᠤᠨ ᠤ ᠡᠷᠬᠡ ᠠᠰᠢᠭ ᠲᠤ ᠬᠠᠯᠳᠠᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠡᠨ ᠵᠠᠯᠠᠷᠠᠭᠤᠯᠵᠤ ᠵᠤᠭᠤᠰ ᠢᠶᠠᠷ ᠲᠤᠷᠭᠠᠨ᠎ᠠ︔ ᠡᠮᠡᠭᠲᠠᠢ ᠠᠵᠢᠯᠲᠠᠨ ᠠᠵᠢᠯᠴᠢᠨ ᠪᠤᠶᠤ ᠨᠠᠰᠤᠨ ᠳᠤ ᠬᠦᠷᠦᠭᠡᠳᠦᠢ ᠠᠵᠢᠯᠴᠢᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃        ᠶᠡᠷᠡᠨ ᠵᠢᠷᠭᠤᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠲᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠭᠠᠷᠭᠠᠭᠰᠠᠨ ᠪᠠᠶᠢᠪᠠᠯ ᠲᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠷᠢᠭᠤᠴᠠᠯᠭ᠎ᠠ ᠲᠠᠢ ᠬᠦᠮᠦᠨ ᠳᠤ ᠠᠷᠪᠠᠨ ᠲᠠᠪᠤᠨ ᠬᠤᠨᠤᠭ ᠠᠴᠠ ᠲᠤᠷᠤᠭᠰᠢ ᠲᠦᠷ ᠬᠤᠷᠢᠬᠤ᠂ ᠵᠤᠭᠤᠰ ᠢᠶᠠᠷ ᠲᠤᠷᠭᠠᠬᠤ ᠪᠤᠶᠤ ᠰᠠᠷᠠᠮᠵᠢ ᠦᠭᠬᠦ ᠰᠢᠳᠭᠡᠯ ᠦᠭᠬᠦᠨ᠎ᠡ︔ ᠶᠠᠯ᠎ᠠ ᠪᠤᠯᠵᠤ ᠪᠦᠷᠢᠯᠳᠤᠭᠰᠡᠨ ᠪᠠᠶᠢᠪᠠᠯ ᠬᠠᠤᠯᠢ ᠶᠤᠰᠤᠭᠠᠷ ᠬᠠᠷᠢᠭᠤᠴᠠᠯᠭ᠎ᠠ ᠲᠠᠢ ᠬᠦᠮᠦᠨ ᠠᠴᠠ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄        ︵ᠨᠢᠭᠡ︶ ᠬᠦᠴᠦᠷᠬᠡᠭᠯᠡᠯ᠂ ᠰᠦᠷᠳᠡᠭᠦᠯᠦᠯ ᠪᠤᠶᠤ ᠬᠦᠮᠦᠨ ᠤ ᠪᠡᠶ᠎ᠡ ᠶᠢᠨ ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠬᠤ ᠠᠷᠭ᠎ᠠ ᠪᠠᠷ ᠠᠯᠪᠠᠳᠠᠨ ᠬᠦᠳᠡᠯᠮᠦᠷᠢᠯᠡᠭᠦᠯᠦᠭᠰᠡᠨ︔        ︵ᠬᠤᠶᠠᠷ︶ ᠬᠦᠳᠡᠯᠮᠦᠷᠢᠴᠢᠨ ᠢ ᠲᠤᠷᠤᠮᠵᠢᠯᠠᠵᠤ᠂ ᠲᠠᠮᠤᠯᠠᠨ ᠵᠤᠪᠠᠭᠠᠵᠤ᠂ ᠵᠤᠳᠤᠵᠤ ᠴᠤᠬᠢᠬᠤ᠂ ᠬᠠᠤᠯᠢ ᠪᠤᠰᠤ ᠪᠠᠷ ᠨᠡᠩᠵᠢᠭᠰᠡᠨ ᠪᠠ ᠬᠤᠷᠢᠭᠰᠠᠨ᠃        ᠶᠡᠷᠡᠨ ᠲᠤᠯᠤᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠶᠢᠨ ᠤᠴᠢᠷ ᠰᠢᠯᠲᠠᠭᠠᠨ ᠠᠴᠠ ᠪᠤᠯᠵᠤ ᠬᠦᠴᠦᠨ ᠦᠭᠡᠢ ᠭᠡᠷ᠎ᠡ ᠪᠠᠶᠢᠭᠤᠯᠤᠭᠠᠳ ᠬᠦᠳᠡᠯᠮᠦᠷᠢᠴᠢᠳ ᠲᠤ ᠬᠤᠬᠢᠷᠠᠯ ᠣᠴᠠᠷᠠᠭᠤᠯᠤᠭᠰᠠᠨ ᠪᠠᠶᠢᠪᠠᠯ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃        ᠶᠡᠷᠡᠨ ᠨᠠᠢᠮᠠᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠳᠤ ᠲᠤᠭᠲᠠᠭᠠᠭᠰᠠᠨ ᠨᠦᠬᠦᠴᠡᠯ ᠢ ᠵᠦᠷᠢᠴᠡᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠭᠰᠠᠨ ᠪᠤᠶᠤ ᠵᠤᠷᠢᠭᠤᠳᠠ ᠤᠳᠠᠭᠠᠰᠢᠷᠠᠭᠤᠯᠤᠨ ᠬᠦᠳᠡᠯᠮᠦᠷᠢ ᠶᠢᠨ ᠭᠡᠷ᠎ᠡ ᠲᠤᠭᠲᠠᠭᠠᠬᠤ ᠦᠭᠡᠢ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠡᠨ ᠵᠠᠯᠠᠷᠠᠭᠤᠯᠤᠨ᠎ᠠ︔ ᠬᠦᠳᠡᠯᠮᠦᠷᠢᠴᠢᠳ ᠲᠤ ᠬᠤᠬᠢᠷᠠᠯ ᠣᠴᠠᠷᠠᠭᠤᠯᠣᠭᠰᠠᠨ ᠪᠠᠶᠢᠪᠠᠯ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃        ᠶᠡᠷᠡ ᠶᠢᠰᠦᠳᠦᠭᠡᠷ ᠵᠦᠢᠯ    ᠬᠦᠮᠦᠨ ᠬᠡᠷᠡᠭᠯᠡᠬᠦ ᠨᠢᠭᠡᠴᠡ ᠬᠦᠳᠡᠯᠮᠦᠷᠢ ᠶᠢᠨ ᠭᠡᠷ᠎ᠡ ᠠᠴᠠ ᠪᠠᠨ ᠠᠩᠭᠢᠵᠢᠷᠠᠭᠠᠳᠦᠢ ᠬᠦᠳᠡᠯᠮᠦᠷᠢᠴᠢᠨ ᠢ ᠡᠯᠰᠡᠵᠤ ᠬᠡᠷᠡᠭᠯᠡᠭᠡᠳ ᠤᠤᠯ ᠤᠨ ᠬᠦᠮᠦᠨ ᠬᠡᠷᠡᠭᠯᠡᠬᠦ ᠨᠢᠭᠡᠴᠡ ᠳᠤ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ ᠲᠤᠰ ᠬᠦᠮᠦᠨ ᠬᠡᠷᠡᠭᠯᠡᠬᠦ ᠨᠢᠭᠡᠴᠡ ᠨᠢ ᠬᠤᠯᠪᠤᠭᠳᠠᠭᠰᠠᠨ ᠲᠦᠯᠦᠬᠦ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠬᠦ ᠬᠡᠷᠡᠭᠲᠠᠢ᠃        ᠵᠠᠭᠤᠳᠤᠭᠠᠷ ᠵᠦᠢᠯ    ᠬᠦᠮᠦᠨ ᠬᠡᠷᠡᠭᠯᠡᠬᠦ ᠨᠢᠭᠡᠴᠡ ᠤᠴᠢᠷ ᠰᠢᠯᠲᠠᠭᠠᠨ ᠦᠭᠡᠢ ᠪᠠᠷ ᠨᠡᠶᠢᠭᠡᠮ ᠤᠨ ᠲᠠᠭᠠᠳᠬᠠᠯ ᠤᠨ ᠰᠦᠢᠳᠭᠡᠯ ᠲᠤᠰᠢᠶᠠᠬᠤ ᠦᠭᠡᠢ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠡᠨ ᠲᠤᠭᠲᠠᠭᠰᠠᠨ ᠬᠤᠭᠤᠴᠠᠭᠠᠨ ᠳᠤ ᠲᠤᠰᠢᠶᠠᠯᠭᠠᠨ᠎ᠠ︔ ᠬᠤᠭᠤᠴᠠᠭ᠎ᠠ ᠬᠡᠲᠤᠷᠡᠭᠡᠳ ᠲᠤᠰᠢᠶᠠᠬᠤ ᠦᠭᠡᠢ ᠪᠠᠶᠢᠪᠠᠯ ᠤᠳᠠᠭᠠᠰᠢᠷᠠᠭᠤᠯᠤᠭᠰᠠᠨ ᠵᠤᠭᠤᠰ ᠨᠡᠮᠡᠨ ᠬᠤᠷᠢᠶᠠᠵᠤ ᠪᠤᠯᠤᠨ᠎ᠠ᠃        ᠵᠠᠭᠤ ᠪᠦᠭᠡᠳ ᠨᠢᠭᠡᠳᠦᠭᠡᠷ ᠵᠦᠢᠯ    ᠬᠦᠮᠦᠨ ᠬᠡᠷᠡᠭᠯᠡᠬᠦ ᠨᠢᠭᠡᠴᠡ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠵᠢᠴᠢ ᠲᠡᠭᠦᠨ ᠤ ᠠᠵᠢᠯᠲᠠᠨ ᠤ ᠬᠢᠨᠠᠯᠲᠠ ᠲᠠᠯᠪᠢᠵᠤ ᠪᠠᠶᠢᠴᠠᠭᠠᠬᠤ ᠡᠷᠬᠡ ᠪᠠᠨ ᠬᠡᠷᠡᠭᠵᠢᠭᠦᠯᠬᠦ ᠶᠢ ᠶᠤᠰᠤ ᠪᠤᠰᠤ ᠪᠠᠷ ᠬᠠᠷᠰᠢᠯᠠᠵᠤ᠂ ᠢᠯᠡᠴᠢᠯᠡᠨ ᠵᠠᠭᠠᠯᠳᠤᠭᠰᠠᠳ ᠲᠤ ᠴᠤᠬᠢᠯᠲᠠ ᠦᠭᠭᠦᠨ ᠲᠡᠳᠡᠨ ᠠᠴᠠ ᠬᠠᠷᠢᠭᠤ ᠠᠪᠤᠭᠰᠠᠨ ᠪᠠᠶᠢᠪᠠᠯ ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠵᠤᠭᠤᠰ ᠢᠶᠠᠷ ᠲᠤᠷᠭᠠᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠷᠢᠭᠤᠴᠯᠭ᠎ᠠ ᠲᠠᠢ ᠬᠦᠮᠦᠨ ᠠᠴᠠ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠵᠠᠭᠤ ᠪᠦᠭᠡᠳ ᠬᠤᠶᠠᠳᠣᠭᠠᠷ ᠵᠦᠢᠯ    ᠬᠦᠳᠡᠯᠮᠦᠷᠢᠴᠢᠨ ᠲᠤᠰ ᠬᠠᠤᠯᠢ ᠳᠤ ᠲᠤᠭᠲᠠᠭᠠᠭᠰᠠᠨ ᠨᠦᠬᠦᠴᠡᠯ ᠢ ᠵᠦᠷᠢᠴᠡᠨ ᠬᠦᠳᠡᠯᠮᠦᠷᠢ ᠶᠢᠨ ᠭᠡᠷ᠎ᠡ ᠶᠢ ᠬᠦᠴᠦᠨ ᠦᠭᠡᠢ ᠪᠤᠯᠭᠠᠭᠰᠠᠨ ᠪᠤᠶᠤ ᠬᠦᠳᠡᠯᠮᠦᠷᠢ ᠶᠢᠨ ᠭᠡᠷ᠎ᠡ ᠳᠤ ᠲᠤᠭᠲᠠᠭᠠᠭᠰᠠᠨ ᠨᠢᠭᠤᠴᠠ ᠶᠢ ᠬᠠᠮᠠᠭᠠᠯᠠᠬᠤ ᠵᠦᠢᠯ ᠵᠤᠷᠪᠤᠰ ᠢ ᠵᠦᠷᠢᠴᠡᠭᠡᠳ ᠬᠦᠮᠦᠨ ᠬᠡᠷᠡᠭᠯᠡᠬᠦ ᠨᠢᠭᠡᠴᠡ ᠳᠤ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ ᠬᠠᠤᠯᠢ ᠶᠤᠰᠤᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ᠃        ᠵᠠᠭᠤ ᠪᠦᠭᠡᠳ ᠭᠤᠷᠪᠠᠳᠤᠭᠠᠷ ᠵᠦᠢᠯ    ᠬᠦᠳᠡᠯᠮᠦᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠠᠵᠢᠯᠲᠠᠨ ᠡᠷᠬᠡ ᠲᠤᠰᠢᠶᠠᠯ ᠢᠶᠠᠨ ᠲᠤᠷ᠎ᠠ ᠪᠠᠷ ᠢᠶᠠᠨ ᠬᠡᠷᠡᠭᠯᠡᠨ ᠡᠭᠦᠷᠭᠡ ᠲᠤᠰᠢᠶᠠᠯ ᠢᠶᠠᠨ ᠤᠮᠳᠤᠭᠠᠶᠢᠯᠠᠵᠤ ᠬᠤᠪᠢ ᠶᠢᠨ ᠨᠠᠶᠢᠷ ᠢᠶᠠᠷ ᠬᠠᠤᠯᠢ ᠶᠤᠰᠤ ᠶᠢ ᠵᠦᠷᠢᠴᠡᠭᠡᠳ ᠶᠠᠯ᠎ᠠ ᠪᠤᠯᠤᠨ ᠪᠦᠷᠢᠯᠳᠤᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠪᠤᠯᠤᠨ ᠪᠦᠷᠢᠯᠳᠤᠭᠰᠡᠨ ᠦᠭᠡᠢ ᠪᠠᠶᠢᠪᠠᠯ ᠵᠠᠰᠠᠭ ᠵᠠᠬᠢᠷᠭᠠᠨ ᠤ ᠰᠢᠳᠭᠡᠯ ᠦᠭᠭᠦᠨ᠎ᠡ᠃        ᠵᠠᠭᠤ ᠪᠦᠭᠡᠳ ᠲᠦᠷᠪᠡᠳᠦᠭᠡᠷ ᠵᠦᠢᠯ    ᠲᠦᠷᠦ ᠶᠢᠨ ᠠᠵᠢᠯᠲᠠᠨ ᠪᠠ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠬᠦ ᠶᠢ ᠭᠠᠷᠲᠠᠨ ᠡᠷᠬᠢᠯᠡᠬᠦ ᠪᠠᠶᠢᠭᠤᠯᠤᠮᠵᠢ ᠶᠢᠨ ᠠᠵᠢᠯᠲᠠᠨ ᠨᠡᠶᠢᠭᠡᠮ ᠤᠨ ᠲᠠᠭᠠᠳᠬᠠᠯ ᠤᠨ ᠰᠠᠭᠤᠷᠢ ᠮᠦᠩᠭᠦ ᠶᠢ ᠨᠡᠭᠦᠯᠭᠡᠨ ᠬᠡᠷᠡᠭᠯᠡᠭᠡᠳ ᠶᠠᠯ᠎ᠠ ᠪᠤᠯᠤᠨ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃        ᠵᠠᠭᠤ ᠪᠦᠭᠡᠳ ᠲᠠᠪᠤᠳᠤᠭᠠᠷ ᠵᠦᠢᠯ    ᠲᠤᠰ ᠬᠠᠤᠯᠢ ᠶᠢᠨ ᠲᠤᠭᠲᠠᠭᠠᠯ ᠢ ᠵᠦᠷᠢᠴᠡᠨ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠲᠤ ᠬᠠᠯᠳᠠᠭᠰᠠᠨ ᠶᠠᠪᠤᠳᠠᠯ ᠢ ᠪᠤᠰᠤᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠳᠤ ᠨᠢᠭᠡᠨᠲᠡ ᠰᠢᠳᠭᠡᠬᠦ ᠪᠠᠷ ᠲᠤᠭᠲᠠᠭᠠᠭᠰᠠᠨ ᠪᠠᠶᠢᠪᠠᠯ ᠲᠡᠷᠡ ᠬᠦ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠶᠤᠰᠤᠭᠠᠷ ᠰᠢᠳᠭᠡᠨ᠎ᠡ᠃        ᠠᠷᠪᠠᠨ ᠭᠤᠷᠪᠠᠳᠤᠭᠠᠷ ᠪᠦᠯᠦᠭ    ᠲᠠᠭᠠᠯᠳᠤᠭᠤᠯᠤᠭᠰᠠᠨ ᠲᠦᠷᠢᠮ        ᠵᠠᠭᠤ ᠪᠦᠭᠡᠳ ᠵᠢᠷᠭᠤᠳᠤᠭᠠᠷ ᠵᠦᠢᠯ    ᠮᠤᠵᠢ᠂ ᠦᠪᠡᠷᠲᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠲᠤᠰ ᠬᠠᠤᠯᠢ ᠪᠤᠯᠤᠨ ᠲᠤᠰ ᠭᠠᠵᠠᠷ ᠤᠷᠤᠨ ᠤ ᠪᠠᠨ ᠪᠤᠲᠠᠲᠠᠢ ᠪᠠᠶᠢᠳᠠᠯ ᠢᠶᠠᠨ ᠦᠨᠳᠦᠰᠦᠯᠡᠨ ᠬᠦᠳᠡᠯᠮᠦᠷᠢ ᠶᠢᠨ ᠭᠡᠷ᠎ᠡ ᠶᠢᠨ ᠲᠦᠷᠢᠮ ᠢ ᠬᠡᠷᠡᠭᠵᠢᠭᠦᠯᠬᠦ ᠠᠯᠬᠤᠮ ᠲᠠᠷᠠᠭ᠎ᠠ ᠪᠠᠨ ᠲᠤᠭᠲᠠᠭᠠᠵᠤ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠲᠠᠩᠰᠠᠯᠠᠭᠤᠯᠤᠨ᠎ᠠ᠃        ᠵᠠᠭᠤ ᠪᠦᠭᠡᠳ ᠲᠤᠯᠤᠳᠤᠭᠠᠷ ᠵᠦᠢᠯ    ᠲᠤᠰ ᠬᠠᠤᠯᠢ ᠶᠢ 1995 ᠣᠨ ᠤ 1 ᠰᠠᠷ᠎ᠠ ᠶᠢᠨ 1 ᠤ ᠡᠳᠦᠷ ᠠᠴᠠ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号