ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠲᠤᠭᠤᠷᠢᠨ ᠳᠤ᠂ ᠪᠦᠲᠦᠮᠵᠢᠲᠡᠶ ᠪᠡᠯᠡ ᠣᠷᠣᠭᠤᠯᠤᠯᠲᠠ ᠪᠠ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠬᠦᠴᠦᠲᠡᠶ ᠠᠳᠬᠤᠰᠤᠭᠠᠢ
ᠨᠡᠶᠢᠲᠡᠯᠡᠭᠰᠡᠨ ᠴᠠᠭ᠄
2017-03-03
       ᠰᠤᠷᠪᠤᠯᠵᠢᠯᠠᠭᠰᠠᠨ ᠴᠠᠭ᠄        2016 ᠤᠨ ᠤ 7 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨᠡᠬᠢ 10 ᠴᠠᠭ        ᠰᠤᠷᠪᠤᠯᠵᠢᠯᠠᠭᠰᠠᠨ ᠵᠤᠴᠢᠨ᠄        ᠲᠦᠩᠯᠢᠶᠣᠤ ᠬᠤᠲᠠ ᠶᠢᠨ ᠬᠦᠭᠵᠢᠬᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠡᠷᠬᠢᠯᠡᠭᠴᠢ ᠯᠢᠦ ᠯᠠᠨ ᠶᠢᠩ        ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄        ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠤᠯ ᠮᠠᠨ ᠤ ᠤᠯᠤᠰ ᠤᠨ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ᠠᠵᠤ ᠠᠬᠤᠶ ᠶᠢᠨ ᠠᠵᠢᠯ ᠤᠨ ᠨᠢᠭᠡᠨ ᠴᠢᠬᠤᠯᠠ ᠡᠭᠦᠷᠭᠡ ᠮᠥᠨ᠃ ᠲᠦᠩᠯᠢᠶᠣᠤ ᠬᠤᠲᠠ ᠳᠤ ᠠᠪᠴᠤ ᠬᠡᠯᠡᠪᠡᠯ᠂ ᠯᠠᠪᠳᠠᠭᠤᠨ ᠢᠶᠠᠷ ᠨᠡᠮᠡᠭᠳᠡᠭᠦᠯᠬᠦ ᠪᠠ ᠪᠦᠲᠦᠴᠡ ᠶᠢ ᠲᠣᠬᠢᠷᠠᠭᠤᠯᠬᠤ᠂ ᠪᠦᠲᠦᠮᠵᠢᠲᠡᠶ ᠬᠡᠷᠡᠭᠴᠡᠭᠡ ᠶᠢ ᠦᠷᠭᠡᠳᠭᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠲᠡ ᠶᠢ ᠠᠬᠢᠭᠤᠯᠬᠤ ᠬᠠᠮᠤᠭ ᠰᠠᠶᠢᠨ ᠤᠶᠠᠯᠳᠤᠯ ᠤᠨ ᠴᠡᠭ ᠢ ᠬᠡᠷᠬᠢᠨ ᠣᠨᠣᠪᠴᠢᠲᠠᠶ ᠡᠷᠢᠵᠦ᠂ ︽ᠵᠢᠷᠭᠤᠭᠠᠨ ᠶᠡᠭᠡ ᠠᠵᠤ ᠦᠢᠯᠡᠰ ᠤᠨ ᠰᠠᠭᠤᠷᠢᠨ ᠭᠠᠵᠠᠷ︾ ᠢ ᠴᠤᠭᠴᠠᠯᠠᠬᠤ ᠲᠠᠢ ᠤᠶᠠᠯᠳᠤᠭᠤᠯᠤᠨ᠂ ᠬᠠᠷᠢᠴᠠᠩᠭᠤᠢ ᠳᠠᠪᠠᠭᠤᠯᠢᠭ ᠲᠠᠯ᠎ᠠ ᠪᠠᠨ ᠭᠦᠨᠵᠡᠭᠡᠶ ᠠᠭᠤᠳᠠᠯᠯᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠳᠡᠭᠡᠭᠰᠢᠯᠡᠭᠦᠯᠵᠦ᠂ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶ ᠶᠢᠨ ᠡᠷᠬᠢᠯᠲᠡ ᠶᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠦᠨᠡᠨ ᠬᠦ ᠪᠠᠲᠤᠯᠠᠬᠤ ᠪᠤᠯ ᠡᠨᠡ ᠵᠢᠯ ᠤᠨ ᠠᠵᠤ ᠠᠬᠤᠶ ᠶᠢᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠃ ᠤᠶᠢᠷ᠎ᠠ ᠳᠤ᠂ ᠪᠢᠳᠡ ᠲᠦᠩᠯᠢᠶᠣᠤ ᠬᠤᠲᠠ ᠶᠢᠨ ᠬᠦᠭᠵᠢᠬᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠡᠷᠬᠢᠯᠡᠭᠴᠢ ᠯᠢᠦ ᠯᠠᠨ ᠶᠢᠩ ᠢ ᠤᠷᠢᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠲᠤᠭᠤᠷᠢᠨ ᠳᠤ᠂ ᠪᠦᠲᠦᠮᠵᠢᠲᠡᠶ ᠪᠡᠯᠡ ᠣᠷᠣᠭᠤᠯᠤᠯᠲᠠ ᠪᠠ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠬᠦᠴᠦᠲᠠᠢ ᠠᠳᠬᠤᠬᠤ ᠲᠤᠬᠠᠢ ᠥᠷᠭᠡᠨ ᠣᠯᠠᠨ ᠰᠦᠯᠵᠢᠶᠡᠨ ᠠᠨᠳᠠ ᠨᠠᠷ ᠲᠠᠢ ᠶᠠᠷᠢᠯᠴᠠᠬᠤ ᠪᠤᠯᠤᠨ᠎ᠠ᠃ ᠲᠤᠬᠠᠶ ᠶᠢᠨ ᠴᠠᠭ ᠲᠤ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕        ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ        ᠬᠥᠲᠥᠯᠥᠭᠴᠢ᠄        ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠣᠰ ᠬᠤᠭᠤᠴᠠᠭᠠᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠲᠦᠩᠯᠢᠶᠣᠤ ᠬᠤᠲᠠ ᠶᠢᠨ ᠬᠦᠭᠵᠢᠬᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠡᠷᠬᠢᠯᠡᠭᠴᠢ ᠯᠢᠦ ᠯᠠᠨ ᠶᠢᠩ ᠢ ᠠᠵᠠ ᠲᠠᠢ ᠪᠠᠷ ᠤᠷᠢᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠲᠤᠭᠤᠷᠢᠨ ᠳᠤ᠂ ᠪᠦᠲᠦᠮᠵᠢᠲᠡᠶ ᠪᠡᠯᠡ ᠣᠷᠣᠭᠤᠯᠤᠯᠲᠠ ᠪᠠ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠬᠡᠷᠬᠢᠨ ᠰᠠᠶᠢᠲᠤᠷ ᠠᠳᠬᠤᠵᠤ᠂ ᠠᠵᠤ ᠠᠬᠤᠶ ᠶᠢᠨ ᠨᠡᠮᠡᠭᠳᠡᠯ ᠢ ᠲᠣᠭᠲᠠᠭᠤᠨ ᠪᠠᠶᠢᠯᠭᠠᠬᠤ ᠵᠡᠷᠭᠡ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠲᠠ ᠪᠦᠬᠦᠨ ᠲᠠᠢ ᠶᠠᠷᠢᠯᠴᠠᠬᠤ ᠪᠠᠷ ᠪᠠᠶᠢᠨ᠎ᠠ᠃ ᠯᠢᠦ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ︕        ᠯᠢᠤ ᠯᠠᠨ ᠶᠢᠩ᠄        ᠬᠥᠲᠥᠯᠥᠭᠴᠢ ᠰᠠᠶᠢᠨ ᠪᠠᠶᠢᠨ᠎ᠠ ᠤᠤ᠂ ᠰᠦᠯᠵᠢᠶᠡᠨ ᠠᠨᠳᠠ ᠨᠠᠷ ᠰᠠᠶᠢᠨ ᠤᠤ︕ ᠡᠨᠡ ᠬᠦ ᠲᠠᠪᠴᠠᠩ ᠢᠶᠠᠷ ᠬᠤᠶᠠᠳᠤᠭᠠᠷ ᠤᠳᠠᠭ᠎ᠠ ᠲᠠ ᠨᠠᠷ ᠲᠠᠢ ᠶᠠᠷᠢᠯᠴᠠᠬᠤ ᠪᠤᠯᠤᠭᠰᠠᠨ ᠳᠠᠭᠠᠨ ᠪᠠᠶᠠᠷᠯᠠᠵᠤ ᠪᠠᠶᠢᠨ᠎ᠠ᠃ ᠰᠦᠯᠵᠢᠶᠡᠨ ᠠᠨᠳᠠ ᠨᠠᠷ ᠲᠦᠩᠯᠢᠶᠣᠤ ᠬᠤᠲᠠ ᠶᠢᠨ ᠬᠦᠭᠵᠢᠬᠦᠯᠦᠯᠲᠡ ᠥᠭᠡᠷᠡᠴᠢᠯᠡᠯᠲᠡ ᠶᠢᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠨ᠎ᠠ︕        ᠬᠥᠲᠥᠯᠥᠭᠴᠢ᠄        ᠲᠠ ᠲᠦᠩᠯᠢᠶᠣᠤ ᠬᠤᠲᠠ ᠶᠢᠨ ᠡᠨᠡ ᠵᠢᠯ ᠤᠨ ᠲᠣᠭᠲᠠᠭᠠᠭᠰᠠᠨ ᠠᠵᠤ ᠠᠬᠤᠶ ᠶᠢᠨ ᠭᠤᠣᠯ ᠬᠠᠷᠠᠯᠲᠠ ᠶᠢ ᠲᠤᠪᠴᠢ ᠲᠠᠨᠢᠯᠴᠠᠭᠤᠯᠤᠭᠠᠳ ᠦᠭᠭᠦᠨ᠎ᠡ ᠤᠤ︖        ᠯᠢᠤ ᠯᠠᠨ ᠶᠢᠩ᠄        ᠡᠨᠡ ᠵᠢᠯ ᠪᠣᠯ ︽13 · 5︾ ᠶᠢᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠤᠯᠤᠨ᠎ᠠ᠂ ᠠᠵᠤ ᠠᠬᠤᠶ ᠨᠡᠶᠢᠭᠡᠮ ᠤᠨ ᠬᠦᠭᠵᠢᠯᠲᠠ ᠶᠢ ᠠᠬᠢᠭᠤᠯᠵᠤ ᠰᠠᠶᠢᠠ ᠡᠬᠢᠯᠡᠯᠲᠡ ᠲᠠᠢ ᠪᠣᠯᠭᠠᠬᠤ ᠶᠢ ᠪᠠᠲᠤᠯᠠᠬᠤ ᠶᠢᠨ ᠲᠤᠯᠠᠳᠠ᠂ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠠᠴᠠ ᠳᠤᠷᠠᠳᠤᠭᠰᠠᠨ 2016 ᠣᠨ ᠤ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠤᠢᠷᠳᠡᠭ ᠢ 8% ᠪᠠᠷ ᠨᠡᠮᠡᠭᠳᠡᠭᠦᠯᠵᠤ᠂ ᠡ᠊ᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6.5% ᠪᠠᠷ ᠨᠡᠮᠡᠭᠳᠡᠭᠦᠯᠵᠤ᠂ ᠬᠢᠵᠠᠭᠠᠷᠲᠤ ᠲᠣᠭᠠᠨ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 13% ᠪᠠᠷ ᠨᠡᠮᠡᠭᠳᠡᠭᠦᠯᠵᠤ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 9% ᠪᠠᠷ ᠨᠡᠮᠡᠭᠳᠡᠭᠦᠯᠵᠤ᠂ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢ ᠲᠤᠰ ᠲᠤᠰ 9% ᠪᠠ 10% ᠪᠠᠷ ᠨᠡᠮᠡᠭᠳᠡᠭᠦᠯᠬᠦ ᠪᠤᠯᠤᠨ᠎ᠠ᠃        ᠬᠥᠲᠥᠯᠥᠭᠴᠢ᠄        ᠡᠨᠡ ᠵᠢᠯ ᠤᠨ ᠳᠤᠷᠠᠳᠤᠭᠰᠠᠨ ᠬᠠᠷᠠᠯᠲᠠ ᠠᠴᠠ ᠣᠯᠵᠤ ᠮᠡᠳᠡᠭᠦᠰᠢᠲᠠᠢ ᠨᠢ᠂ ᠲᠦᠩᠯᠢᠶᠣᠤ ᠬᠤᠲᠠ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠪᠠᠲᠤᠯᠠᠬᠤ ᠳᠤ ᠢᠲᠡᠭᠡᠯ ᠳᠦᠭᠦᠷᠡᠩ ᠪᠠᠶᠢᠨ᠎ᠠ᠂ ᠬᠥᠷᠰᠢ ᠵᠡᠷᠭᠡᠯᠡᠳᠡᠭᠡ ᠵᠡᠭᠦᠨ ᠬᠤᠶᠢᠲᠤ ᠣᠷᠣᠨ ᠤ ᠭᠤᠷᠪᠠᠨ ᠮᠤᠵᠢ ᠶᠢᠨ ᠠᠵᠤ ᠠᠬᠤᠶ ᠶᠢᠨ ᠨᠡᠮᠡᠭᠳᠡᠯ ᠡᠭ᠍ᠴᠡ ᠭᠠᠨᠭ᠍ᠭ᠎ᠠ ᠮᠡᠲᠤ ᠤᠷᠤᠭᠤᠳᠠᠵᠤ ᠪᠠᠶᠢᠭ᠎ᠠ ᠠᠬᠤᠶ ᠪᠠᠶᠢᠳᠠᠯ ᠤᠨ ᠳᠣᠣᠷ᠎ᠠ᠂ ᠬᠢᠵᠠᠭᠠᠷᠲᠤ ᠲᠣᠭᠠᠨ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 13% ᠪᠠᠷ ᠨᠡᠮᠡᠭᠳᠡᠭᠦᠯᠦᠨ᠎ᠡ ᠬᠡᠵᠤ ᠳᠤᠷᠠᠳᠪᠠ᠂ ᠪᠢᠳᠡ ᠶᠠᠮᠠᠷ ᠠᠷᠭ᠎ᠠ ᠬᠡᠮᠵᠢᠶ᠎ᠡ ᠠᠪᠤᠪᠠᠯ ᠡ᠊ᠨᠡ ᠬᠦ ᠬᠠᠷᠠᠯᠲᠠ ᠶᠢ ᠪᠡᠶᠡᠯᠡᠬᠦᠯᠵᠤ ᠴᠢᠳᠠᠬᠤ ᠪᠤᠢ︖        ᠯᠢᠤ ᠯᠠᠨ ᠶᠢᠩ᠄        ᠶᠡᠷᠦᠩᠬᠡᠶ ᠳᠤᠨᠢ ᠠᠪᠴᠤ ᠦᠵᠡᠪᠡᠯ᠂ 2016 ᠣᠨ ᠳᠤ ᠠᠵᠠ ᠲᠣᠬᠢᠶᠠᠯ ᠪᠤᠯᠤᠨ ᠥᠷᠢᠰᠥᠯᠳᠦᠭᠡᠨ ᠵᠡᠷᠭᠡᠴᠡᠨ ᠣᠷᠣᠰᠢᠵᠤ᠂ ᠠᠵᠠ ᠲᠣᠬᠢᠶᠠᠯ ᠨᠢ ᠥᠷᠢᠰᠥᠯᠳᠦᠭᠡᠨ ᠠᠴᠠ ᠶᠡᠭᠡ ᠪᠠᠶᠢᠵᠤ᠂ ᠮᠥᠨ ᠬᠦ ᠶᠡᠭᠡ ᠦᠢᠯᠡᠰ ᠪᠦᠲᠦᠭᠡᠵᠦ ᠪᠣᠯᠬᠤ ᠨᠢᠭᠡ ᠵᠢᠯ ᠮᠥᠨ᠃ ᠪᠢᠳᠡ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠬᠥᠭᠵᠢᠯᠲᠡ ᠶᠢᠨ ᠢᠲᠡᠭᠡᠯ ᠵᠤᠷᠢᠭ ᠢᠶᠠᠨ ᠭᠤᠶᠢᠪᠢᠰᠢ ᠦᠭᠡᠢ ᠪᠤᠯᠭᠠᠵᠤ᠂ ᠬᠤᠳᠠ ᠶᠢᠨ ᠠᠵᠤ ᠠᠬᠤᠶ ᠶᠢᠨ ᠠᠵᠢᠯ ᠤᠨ ᠬᠤᠷᠠᠯ ᠵᠢᠴᠢ ᠬᠤᠳᠠ ᠶᠢᠨ ᠠᠵᠢᠯ ᠤᠨ ᠬᠤᠷᠠᠯ ᠪᠠ ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ᠂ ᠸᠠᠩ ᠵᠢᠶᠦ᠋ᠨ ᠱᠦᠵᠢ ᠵᠢᠴᠢ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠶᠢᠨ ᠯᠦᠸᠧ ᠶᠦᠩ ᠭᠠᠨᠭ᠌ ᠱᠦᠵᠢ ᠶᠢᠨ ︽ᠰᠢᠨ᠎ᠡ ᠬᠡᠪ ᠪᠠᠶᠢᠳᠠᠯ ᠢ ᠬᠡᠷᠬᠢᠨ ᠦᠵᠡᠵᠤ᠂ ᠰᠢᠨ᠎ᠡ ᠬᠡᠪ ᠪᠠᠶᠢᠳᠠᠯ ᠳᠣᠣᠷ᠎ᠠ ᠶᠠᠭᠠᠬᠢᠵᠤ ᠬᠢᠬᠦ︾ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠲᠠᠪᠤᠨ ᠶᠡᠭᠡ ᠬᠥᠭᠵᠢᠯᠲᠡ ᠶᠢᠨ ᠤᠨᠤᠯᠵᠢᠬᠤᠨ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠭᠤᠭᠴᠣᠭᠠᠨ ᠳᠤ ᠲᠤᠤᠱᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠲᠤᠭᠤᠷᠢᠨ ᠳᠤ ᠪᠦᠲᠦᠮᠵᠢᠲᠡᠶ ᠪᠡᠯᠡ ᠣᠷᠣᠭᠤᠯᠤᠯᠲᠠ ᠶᠢᠨ ᠬᠡᠷᠡᠭᠴᠡᠭᠡ ᠶᠢ ᠲᠠᠰᠤᠷᠠᠯᠲᠠ ᠦᠭᠡᠢ ᠦᠷᠭᠡᠳᠭᠡᠬᠦ ᠳᠤ᠂ ᠭᠤᠣᠯᠳᠠᠭᠤ ᠳᠣᠣᠷᠠᠬᠢ ᠲᠠᠪᠤᠨ ᠲᠠᠯ᠎ᠠ ᠪᠠᠷ ᠰᠢᠪᠲᠤᠯᠬᠤ ᠬᠡᠷᠡᠭᠲᠠᠢ᠄ ᠨᠢᠭᠡ ᠳᠤ ᠠᠵᠢᠯ ᠡᠬᠢᠯᠡᠬᠦ ᠲᠥᠷᠥᠯ ᠵᠦᠢᠯ ᠤᠨ ᠠᠬᠢᠴᠠ ᠶᠢ ᠲᠤᠪᠤᠶᠢᠮ᠎ᠠ ᠰᠠᠶᠢᠲᠤᠷ ᠠᠳᠬᠤᠨ᠎ᠠ᠂ ᠬᠤᠶᠠᠷ ᠲᠤ ᠴᠢᠬᠤᠯᠠ ᠶᠡᠭᠡ ᠲᠦᠷᠦᠯ ᠵᠦᠢᠯ ᠢ ᠲᠥᠯᠬᠢᠨ ᠠᠬᠢᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠎ᠠ᠂ ᠭᠤᠷᠪᠠ ᠳᠤ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠭᠦᠢᠴᠡᠳᠬᠡᠬᠦ ᠠᠬᠢᠴᠠ ᠶᠢ ᠲᠦᠷᠭᠡᠳᠭᠡᠨ᠎ᠡ᠂ ᠲᠦᠷᠪᠡ ᠳᠤ ᠪᠥᠳᠥᠭᠡᠨ ᠪᠠᠶᠢᠭᠤᠯᠤᠯᠲᠠ ᠶᠢᠨ ᠲᠤᠰᠬᠠᠶ ᠰᠠᠭᠤᠷᠢ ᠮᠥᠩᠭᠦ ᠶᠢ ᠤᠯᠬᠤ ᠬᠦᠴᠦᠯᠡᠴᠡ ᠪᠠᠨ ᠨᠡᠮᠡᠭᠳᠡᠭᠦᠯᠦᠨ᠎ᠡ᠂ ᠲᠠᠪᠤ ᠳᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠤᠨ᠎ᠠ᠃        ᠬᠥᠲᠥᠯᠥᠭᠴᠢ᠄        ᠯᠢᠦ ᠡᠷᠬᠢᠯᠡᠭᠴᠢ ᠡ᠂ ᠡᠨᠡ ᠵᠢᠯ ᠤᠨ ᠮᠠᠨ ᠤ ᠬᠤᠲᠠ ᠶᠢᠨ ᠪᠠᠷᠢᠯᠭ᠎ᠠ ᠡᠬᠢᠯᠡᠬᠦ ᠲᠥᠷᠥᠯ ᠵᠦᠢᠯ ᠳᠤ ᠶᠠᠮᠠᠷ ᠶᠠᠮᠠᠷ ᠵᠦᠢᠯ ᠪᠠᠶᠢᠬᠤ ᠪᠤᠢ︖        ᠯᠢᠦ ᠯᠠᠨ ᠶᠢᠩ᠄        ᠡᠨᠡ ᠵᠢᠯ ᠪᠢᠳᠡ ᠪᠡᠯᠡ ᠣᠷᠣᠭᠤᠯᠤᠯᠲᠠ ᠶᠢᠨ ᠪᠥᠲᠥᠮᠵᠢᠲᠦ ᠴᠢᠨᠠᠷ ᠢ ᠨᠡᠩ ᠴᠢᠬᠤᠯᠠᠴᠢᠯᠠᠵᠤ᠂ ᠳᠤᠲᠠᠭᠤᠳᠠᠯ ᠢᠶᠠᠨ ᠨᠥᠬᠦᠪᠦᠷᠢᠯᠡᠬᠦ ᠶᠢ ᠴᠢᠩᠭ᠎ᠠ ᠠᠳᠬᠤᠵᠤ᠂ ᠵᠢᠷᠭᠤᠭᠠᠨ ᠶᠡᠭᠡ ᠠᠵᠤ ᠦᠢᠯᠡᠰ ᠤᠨ ᠰᠠᠭᠤᠷᠢᠨ ᠭᠠᠵᠠᠷ᠂ ᠬᠤᠳᠠ ᠬᠥᠳᠡᠭᠡ ᠶᠢᠨ ᠰᠠᠭᠤᠷᠢ ᠪᠡᠯᠡᠳᠬᠡᠮᠵᠢ᠂ ︽ᠠᠷᠪᠠ ᠶᠢ ᠪᠦᠷᠢᠨ ᠪᠥᠷᠭᠦᠭᠦᠯᠬᠦ︾ ᠢᠨᠵᠧᠨᠧᠷᠢᠩ᠂ ᠶᠠᠳᠠᠭᠤ ᠶᠢ ᠲᠡᠳᠬᠦᠬᠦ ᠰᠢᠪᠲᠦᠯᠦᠯᠲᠡ᠂ ᠠᠮᠢ ᠠᠬᠤᠶ ᠶᠢᠨ ᠬᠠᠮᠠᠭᠠᠯᠠᠯᠲᠠ ᠪᠣᠯᠣᠨ ᠠᠮᠢ ᠠᠬᠤᠶ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠠᠵᠢᠯ ᠦᠢᠯᠡᠰ ᠵᠡᠷᠭᠡ ᠬᠦᠷᠢᠶᠡᠨ ᠳᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠭᠦᠯᠦᠨ᠂ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ ᠪᠣᠯᠣᠨ᠎ᠠ᠃ 2016 ᠣᠨ ᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠣᠭᠲᠠᠭᠰᠠᠨ ᠪᠥᠲᠦᠭᠡᠨ ᠪᠠᠶᠢᠭᠤᠯᠤᠯᠲᠠ ᠶᠢᠨ 128 ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠬᠦ ᠶᠢ ᠦᠨᠡᠨ ᠬᠦ ᠪᠠᠲᠤᠯᠠᠵᠤ᠂ 437 ᠳ᠋ᠥᠡᠭᠰᠢᠭᠤᠷ ᠲᠥᠭᠦᠷᠢᠭ ᠤᠨ ᠪᠡᠯᠡ ᠣᠷᠤᠭᠤᠯᠬᠤ ᠪᠠᠷ ᠲᠥᠯᠥᠪᠯᠡᠵᠦ ᠪᠣᠢ᠂ ᠡᠭᠦᠨ ᠳᠤ ᠦᠷᠭᠦᠯᠵᠢᠯᠡᠨ ᠪᠠᠶᠢᠭᠤᠯᠬᠤ ᠲᠥᠷᠥᠯ ᠵᠦᠢᠯ 81 ᠪᠠᠶᠢᠵᠤ᠂ ᠰᠢᠨ᠎ᠡ ᠪᠠᠷ ᠠᠵᠢᠯ ᠡᠬᠢᠯᠡᠭᠦᠯᠬᠦ ᠲᠥᠷᠥᠯ ᠵᠦᠢᠯ 47 ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠤᠭᠰᠠᠨ 35 ᠴᠢᠬᠤᠯᠠ ᠶᠡᠭᠡ ᠲᠥᠷᠥᠯ ᠵᠦᠢᠯ ᠢ ᠪᠣᠳᠣᠵᠣ ᠣᠷᠤᠭᠤᠯᠪᠠᠯ᠂ ᠨᠡᠶᠢᠲᠡ 1179 ᠳ᠋ᠥᠡᠭᠰᠢᠭᠤᠷ ᠲᠥᠭᠦᠷᠢᠭ ᠤᠨ ᠪᠡᠯᠡ ᠣᠷᠤᠭᠤᠯᠵᠤ᠂ 2016 ᠣᠨ ᠳᠤ 240 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠬᠤ ᠪᠠᠷ ᠲᠥᠯᠥᠪᠯᠡᠭᠰᠡᠨ ᠪᠠᠶᠢᠨ᠎ᠠ᠃ ᠬᠤᠲᠠ ᠠᠴᠠ ᠲᠣᠬᠢᠷᠠᠭᠤᠯᠤᠭᠰᠠᠨ ᠴᠢᠬᠤᠯᠠ ᠶᠡᠭᠡ ᠲᠥᠷᠥᠯ ᠵᠦᠢᠯ 45 ᠪᠠᠶᠢᠵᠤ᠂ ᠨᠡᠶᠢᠲᠡ 424.5 ᠳ᠋ᠥᠡᠭᠰᠢᠭᠤᠷ ᠲᠥᠭᠦᠷᠢᠭ ᠤᠨ ᠪᠡᠯᠡ ᠣᠷᠤᠭᠤᠯᠵᠤ᠂ 2016 ᠣᠨ ᠳᠤ 99.6 ᠳ᠋ᠥᠡᠭᠰᠢᠭᠤᠷ ᠲᠥᠭᠦᠷᠢᠭ ᠤᠨ ᠪᠡᠯᠡ ᠣᠷᠤᠭᠤᠯᠬᠤ ᠪᠠᠷ ᠲᠥᠯᠥᠪᠯᠡᠵᠦ ᠪᠣᠢ᠃        ᠯᠢᠦ ᠯᠠᠨ ᠶᠢᠩ᠄        ᠥᠪᠡᠷᠲᠡᠭᠡᠨ ᠵᠠᠰᠠᠬᠤ ᠣᠷᠣᠨ ᠤ ᠳᠠᠯᠠᠨ ᠵᠢᠯ ᠤᠨ ᠤᠢ ᠶᠢ ᠦᠪᠡᠳᠡᠭᠰᠢ ᠶᠡᠬᠡᠪᠡᠷ ᠪᠡᠯᠭᠡᠯᠡᠬᠦ ᠳᠤ ᠵᠣᠷᠢᠭᠤᠯᠤᠭᠰᠠᠨ 11 ᠶᠡᠭᠡ ᠲᠥᠷᠥᠯ ᠤᠨ 119 ᠵᠦᠢᠯ ᠳᠤ᠂ 2400 ᠳ᠋ᠥᠡᠭᠰᠢᠭᠤᠷ ᠲᠥᠭᠦᠷᠢᠭ ᠤᠨ ᠪᠡᠯᠡ ᠣᠷᠤᠭᠤᠯᠵᠤ᠂ 2016 ᠣᠨ ᠳᠤ 437.9 ᠳ᠋ᠥᠡᠭᠰᠢᠭᠤᠷ ᠲᠥᠭᠦᠷᠢᠭ ᠤᠨ ᠪᠡᠯᠡ ᠣᠷᠤᠭᠤᠯᠬᠤ ᠪᠠᠷ ᠳᠡᠭᠡᠭᠰᠢ ᠮᠡᠳᠡᠭᠦᠯᠪᠡ᠂ ᠡᠭᠦᠨ ᠳᠤ ᠭᠤᠣᠯᠳᠠᠭᠤ ᠬᠥᠩᠭᠡᠨ ᠴᠠᠭᠠᠨ ᠤ ᠰᠢᠨ᠎ᠡ ᠮᠠᠲ᠋ᠧᠷᠢᠶᠠᠯ ᠵᠡᠷᠭᠡ ᠥᠩᠭᠡᠲᠦ ᠲᠡᠮᠦᠷᠯᠢᠭ ᠤᠨ ᠠᠵᠤ ᠦᠢᠯᠡᠰ ᠤᠨ 12 ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢ ᠭᠠᠳᠠᠭᠰᠢ ᠭᠠᠷᠭᠠᠬᠤ 15 ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ᠂ ᠡᠷᠳᠡᠨᠢ ᠰᠢᠰᠢ ᠶᠢᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ 5 ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ᠂ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ 9 ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ᠂ ᠮᠣᠩᠭᠤᠯ ᠡᠮ ᠡᠮᠨᠡᠯᠭᠡ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠦᠢᠯᠡᠳᠪᠦᠷᠢᠯᠡᠯ ᠤᠨ 6 ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠥᠪᠡᠷ ᠤᠨ ᠮᠠᠰᠢᠨ ᠢᠶᠠᠷ ᠢᠶᠠᠨ ᠵᠢᠭᠤᠯᠴᠢᠯᠠᠬᠤ 4 ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢᠨ ᠢᠨᠵᠧᠨᠧᠷᠢᠩ᠂ ᠣᠷᠣᠨ ᠨᠤᠲᠤᠭ ᠤᠨ ᠤᠳᠤ ᠦᠶ᠎ᠡ ᠶᠢᠨ ᠶᠡᠷᠦᠩᠬᠡᠶᠢᠯᠡᠭᠰᠡᠨ ᠭᠤᠣᠯ ᠬᠤᠳᠠ ᠶᠢᠨ ᠪᠦᠳᠦᠭᠡᠨ ᠪᠠᠶᠢᠭᠤᠯᠤᠯᠲᠠ ᠶᠢᠨ 33 ᠢᠨᠵᠧᠨᠧᠷᠢᠩ᠂ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ 4 ᠢᠨᠵᠧᠨᠧᠷᠢᠩ᠂ ᠨᠡᠶᠢᠭᠡᠮ ᠤᠨ ᠠᠷᠠᠳ ᠤᠨ ᠠᠮᠢᠳᠤᠷᠠᠯ ᠤᠨ 29 ᠭᠤᠣᠯᠳᠠᠯᠭ᠎ᠠ ᠲᠠᠢ ᠢᠨᠵᠧᠨᠧᠷᠢᠩ ᠵᠢᠴᠢ ᠮᠠᠯᠵᠢᠬᠤ ᠲᠠᠷᠢᠶᠠᠯᠠᠬᠤ ᠣᠷᠣᠨ ᠤ ︽ᠠᠷᠪᠠ ᠶᠢ ᠪᠦᠷᠢᠨ ᠪᠦᠷᠭᠦᠭᠦᠯᠬᠦ︾ ᠢᠨᠵᠧᠨᠧᠷᠢᠩ᠂ ᠶᠠᠳᠠᠭᠤ ᠠᠴᠠ ᠠᠩᠭᠢᠵᠢᠷᠠᠭᠤᠯᠬᠤ ᠰᠢᠪᠲᠦᠯᠦᠯᠲᠡ ᠶᠢᠨ ᠢᠨᠵᠧᠨᠧᠷᠢᠩ ᠵᠡᠷᠭᠡ ᠶᠢ ᠪᠠᠭᠲᠠᠭᠠᠨ᠎ᠠ᠃        ᠯᠢᠦ ᠯᠠᠨ ᠶᠢᠩ᠄        ᠵᠢᠯ ᠤᠨ ᠳᠣᠲᠣᠷ᠎ᠠ ᠪᠦᠳᠦᠭᠡᠨ ᠪᠠᠶᠢᠭᠤᠯᠬᠤ ᠪᠠᠷ ᠪᠠᠶᠢᠭ᠎ᠠ ᠭᠤᠣᠯᠳᠠᠯᠭ᠎ᠠ ᠲᠠᠢ ᠲᠥᠷᠥᠯ ᠵᠦᠢᠯ ᠳᠤ᠄ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠲᠦᠩᠯᠢᠶᠣᠤ ᠠᠴᠠ ᠪᠡᠭᠡᠵᠢᠩ ᠮᠦᠭᠳᠡᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠰᠢᠨ ᠮᠢᠨ ᠬᠤᠶᠢᠲᠤ ᠲᠡᠮᠦᠷ ᠵᠠᠮ ᠤᠨ ᠪᠠᠷᠢᠯᠭ᠎ᠠ ᠶᠢ ᠡᠬᠢᠯᠡᠭᠦᠯᠦᠨ᠂ ᠲᠦᠩᠯᠢᠶᠣᠤ ᠠᠴᠠ ᠳ᠋ᠠᠯᠢᠶᠠᠨ ᠬᠦᠷᠬᠦ᠂ ᠲᠦᠩᠯᠢᠶᠣᠤ ᠠᠴᠠ ᠬᠤᠤᠯᠢᠨ ᠭᠤᠣᠯ ᠬᠦᠷᠬᠦ᠂ ᠲᠦᠩᠯᠢᠶᠣᠤ ᠠᠴᠠ ᠰᠾᠢ ᠫᠢᠡᠭ ᠬᠦᠷᠬᠦ ᠲᠡᠮᠥᠷ ᠵᠠᠮ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠵᠦ᠂ ᠪᠡᠭᠡᠵᠢᠩ ᠠᠴᠠ ᠲᠦᠡᠭᠯᠢᠶᠤᠤ ᠬᠦᠷᠬᠦ᠂ ᠲᠦᠩᠯᠢᠶᠣᠤ ᠠᠴᠠ ᠳ᠋ᠠᠴᠢᠩ ᠬᠦᠷᠬᠦ᠂ ᠰᠾᠢ ᠫᠢᠡᠭ ᠠᠴᠠ ᠴᠢᠴᠢᠬᠠᠷ ᠬᠦᠷᠬᠦ ᠵᠡᠷᠭᠡ 3 ᠲᠡᠮᠦᠷ ᠵᠠᠮ ᠤᠨ ᠴᠠᠬᠢᠯᠭᠠᠨᠵᠢᠭᠤᠯᠤᠯᠲᠠ ᠶᠢᠨ ᠥᠭᠡᠷᠡᠴᠢᠯᠡᠯᠲᠡ ᠶᠢᠨ ᠪᠠᠷᠢᠯᠭ᠎ᠠ ᠶᠢ ᠡᠬᠢᠯᠡᠭᠦᠯᠦᠨ᠎ᠡ᠃ ᠳ᠋ᠠᠴᠢᠩ ᠠᠴᠠ ᠭᠤᠸᠠᠩᠵᠧᠦ ᠬᠦᠷᠬᠦ ᠲᠥᠷᠭᠡᠨ ᠬᠤᠷᠳᠤ ᠶᠢᠨ ᠵᠠᠰᠠᠮᠠᠯ ᠵᠠᠮ ᠤᠨ ᠲᠠᠴᠢᠨᠲᠠᠯ᠎ᠠ ᠠᠴᠠ ᠪᠠᠶ ᠵᠢᠶᠠ ᠸᠠᠨ ᠽᠢ ᠬᠦᠷᠬᠦ ᠬᠡᠰᠡᠭ᠂ ᠯᠦᠪᠧᠢ — ᠺᠠᠶᠢᠯᠦ᠂ ᠱᠧᠪᠠᠷᠲᠦ — ᠬᠠᠭ ᠤᠨ ᠰᠦᠮ᠎ᠡ ᠬᠦᠷᠬᠦ 3 ᠵᠠᠰᠠᠮᠠᠯ ᠵᠠᠮ ᠤᠨ ᠪᠠᠷᠢᠯᠭ᠎ᠠ ᠶᠢ ᠡᠬᠢᠯᠡᠭᠦᠯᠦᠨ᠎ᠡ᠃ ᠲᠦᠩᠯᠢᠶᠣᠤ ᠠᠴᠠ ᠯᠦᠪᠧᠢ ᠬᠦᠷᠬᠦ ᠲᠥᠷᠭᠡᠨ ᠬᠤᠷᠳᠤ ᠶᠢᠨ ᠵᠠᠰᠠᠮᠠᠯ ᠵᠠᠮ ᠤᠨ ᠪᠠᠶᠢᠭᠤᠯᠤᠯᠲᠠ ᠶᠢ ᠲᠥᠷᠭᠡᠨ ᠠᠬᠢᠭᠤᠯᠤᠨ᠎ᠠ᠃ ᠵᠠᠷᠤᠳ ᠬᠤᠰᠢᠭᠤᠨ ᠤ ᠮᠣᠳᠣᠨ ᠤᠰᠤᠨ ᠴᠥᠭᠦᠷᠥᠮ ᠢ ᠲᠥᠷᠭᠡᠨ ᠪᠠᠶᠢᠭᠤᠯᠤᠨ᠎ᠠ᠃ ᠤᠯᠤᠰ ᠤᠨ ᠰᠦᠯᠵᠢᠶᠡᠨ ᠤ ᠺᠣᠮᠫᠠᠨᠢ ᠶᠢ ᠬᠠᠮᠵᠢᠯᠴᠠᠨ ᠵᠠᠷᠤᠳ — ᠴᠢᠩᠵᠸᠥ ±800 ᠺᠢᠯᠣᠸᠣᠯᠲ ᠥᠨᠳᠥᠷ ᠬᠦᠴᠦᠳᠡᠯᠲᠦ ᠲᠣᠭᠲᠠᠮᠠᠯ ᠭᠥᠶᠥᠳᠡᠯᠳᠦ ᠴᠠᠬᠢᠯᠭᠠᠨ ᠬᠦᠷᠭᠡᠬᠦ ᠪᠥᠲᠦᠭᠡᠨ ᠪᠠᠶᠢᠭᠤᠯᠤᠯᠲᠠ ᠶᠢ ᠰᠠᠶᠢᠲᠤᠷ ᠬᠢᠨ᠎ᠡ᠃ ᠲᠦᠩᠯᠢᠶᠣᠤ ᠶᠢᠨ ᠨᠢᠰᠬᠡᠯ ᠤᠨ ᠪᠠᠭᠤᠳᠠᠯ ᠤᠨ ᠨᠢᠰᠦᠯᠲᠡ ᠶᠢᠨ ᠣᠷᠣᠨ ᠢ ᠥᠭᠡᠷᠡᠴᠢᠯᠡᠨ ᠥᠷᠭᠡᠳᠬᠡᠬᠦ ᠪᠠᠷᠢᠯᠭ᠎ᠠ ᠶᠢᠨ ᠠᠵᠢᠯ ᠢ ᠡᠬᠢᠯᠡᠭᠦᠯᠦᠨ᠎ᠡ᠃        ᠯᠢᠦ ᠯᠠᠨ ᠶᠢᠩ᠄        ᠠᠵᠤ ᠦᠢᠯᠡᠳᠪᠦᠷᠢ ᠶᠢ ᠬᠥᠭᠵᠢᠭᠦᠯᠬᠦ ᠲᠠᠯ᠎ᠠ ᠪᠠᠷ᠂ ᠶᠢᠨ ᠯᠢᠶᠠᠨ ᠬᠤᠶᠠᠳᠤᠭᠠᠷ ᠬᠤᠭᠤᠴᠠᠭ᠎ᠠ ᠶᠢᠨ 2 ᠰᠠᠦᠷᠢ 66 ᠲᠥᠮᠡᠨ ᠺᠢᠯᠣᠸᠣᠯᠲ ᠤᠨ ᠢᠯᠴᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ ᠪᠥᠲᠦᠭᠡᠨ ᠪᠠᠶᠢᠭᠤᠯᠵᠤ ᠂ ᠴᠤᠸᠠᠩ ᠶᠣᠸᠠᠨ ᠤ 3 ᠰᠠᠦᠷᠢ 33 ᠲᠥᠮᠡᠨ ᠺᠢᠯᠣᠸᠣᠯᠲ ᠤᠨ ᠢᠯᠴᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠂ ᠺᠠᠶᠢᠯᠦ ᠶᠢᠨ ᠵᠠᠭᠤᠨ ᠲᠦᠮᠡᠨ ᠺᠢᠯᠣᠸᠣᠯᠲ ᠤᠨ ᠳᠡᠰ ᠤᠨ ᠰᠠᠯᠬᠢᠨ ᠬᠦᠴᠦᠨ ᠤ ᠰᠠᠭᠤᠷᠢᠨ ᠭᠠᠵᠠᠷ ᠢ ᠥᠷᠭᠦᠯᠵᠢᠯᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠨᠡᠭᠦᠷᠡᠰᠦ ᠮᠠᠯᠲᠠᠭᠰᠠᠨ ᠠᠴᠠ ᠪᠤᠯᠵᠤ ᠬᠤᠳᠦ᠋ᠢᠭ᠌ᠰᠠᠨ ᠣᠷᠣᠨ ᠢ ᠭᠡᠷᠡᠯ ᠸᠣᠯᠲ ᠢᠶᠠᠷ ᠵᠠᠰᠠᠬᠤ᠂ ᠭᠡᠷᠡᠯ ᠸᠣᠯᠲ ᠢᠶᠠᠷ ᠡᠯᠡᠰᠦ ᠶᠢ ᠵᠠᠰᠠᠬᠤ ᠵᠡᠷᠭᠡ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠲᠥᠷᠭᠡᠨ ᠠᠬᠢᠭᠤᠯᠤᠨ᠎ᠠ᠃ ᠵᠥᠩ ᠳ᠋ᠠ ᠬᠦᠡᠭᠭᠡᠨ ᠴᠠᠭᠠᠨ ᠤ ᠦᠢᠯᠡᠰ ᠤᠨ ᠠᠭᠠᠷ ᠠᠶᠠᠯᠠᠯ ᠤᠨ ᠳᠡᠰ ᠤᠨ ᠬᠥᠡᠭᠭᠡᠨ ᠴᠠᠭᠠᠨ ᠤ ᠵᠤᠵᠠᠭᠠᠨ ᠬᠠᠪᠲᠠᠰᠤ ᠪᠣᠯᠣᠨ ᠮᠠᠰᠢᠨ ᠲᠡᠷᠭᠡ ᠭᠠᠳᠠᠷᠯᠠᠬᠤ ᠬᠦᠡᠭᠬᠡᠨ ᠴᠠᠭᠠᠨ ᠤ ᠬᠠᠪᠲᠠᠰᠤ ᠶᠢᠨ ᠲᠥᠷᠥᠯ ᠵᠦᠢᠯ᠂ ᠶᠢᠨ ᠯᠢᠶᠠᠨ ᠬᠥᠩᠭᠡᠨ ᠴᠠᠭᠠᠨ ᠤ ᠬᠠᠪᠲᠠᠰᠤ ᠶᠢᠨ ᠢᠯᠳᠠᠰᠤ ᠶᠢᠨ ᠲᠥᠷᠥᠯ ᠵᠦᠢᠯ ︵ᠬᠤᠶᠠᠳᠤᠭᠠᠷ ᠬᠤᠭᠤᠴᠠᠭ᠎ᠠ︶᠂ ᠴᠤᠸᠠᠩ ᠶᠣᠸᠠᠨ ᠤ ᠬᠥᠡᠭᠭᠡᠨ ᠴᠠᠭᠠᠨ ᠤ ᠬᠠᠶᠢᠯᠤᠰᠢ ᠶᠢᠨ ᠳᠠᠭᠠᠭᠠᠮᠠᠭᠠᠢ ᠮᠠᠲ᠋ᠧᠷᠢᠶᠠᠯ ᠤᠨ ᠲᠥᠷᠥᠯ ᠵᠦᠢᠯ ︵ᠨᠢᠭᠡᠳᠦᠭᠡᠷ ᠬᠤᠭᠤᠴᠠᠭ᠎ᠠ︶᠂ ᠯᠢᠶᠠᠨ ᠱᠧᠩ ᠬᠠᠪᠲᠠᠰᠤ ᠶᠢᠨ ᠢᠯᠳᠠᠰᠤ ︵ᠨᠢᠭᠡᠳᠦᠭᠡᠷ ᠬᠤᠭᠤᠴᠠᠭ᠎ᠠ︶ ᠵᠡᠷᠭᠡ ᠲᠥᠷᠥᠯ ᠵᠦᠢᠯ ᠢ ᠲᠦᠯᠬᠢᠨ ᠠᠬᠢᠭᠤᠯᠤᠨ᠎ᠠ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠴᠢᠳᠠᠪᠬᠢ ᠶᠢ ᠥᠷᠭᠡᠳᠬᠡᠨ ᠮᠡᠷᠭᠡᠵᠢᠯ ᠢ ᠰᠠᠶᠢᠵᠢᠷᠠᠭᠤᠯᠬᠤ ᠲᠥᠷᠥᠯ ᠵᠦᠢᠯ᠂ ᠮᠧᠶ ᠬᠤᠸᠠ ᠠᠮᠢᠳᠤ ᠪᠣᠳᠠᠰ ᠤᠨ ᠬᠤᠶᠠᠳᠤᠭᠠᠷ ᠬᠤᠭᠤᠴᠠᠭᠠᠨ ᠤ ᠰᠢᠪᠲᠦᠷᠲᠦ ᠬᠦᠴᠢᠯ ᠤᠨ ᠦᠢᠯᠡᠳᠬᠦᠨ ᠤ ᠦᠢᠯᠡᠳᠪᠦᠷᠢᠯᠡᠯ ᠤᠨ ᠱᠤᠭᠤᠮ ᠢ ᠥᠭᠡᠷᠡᠴᠢᠯᠡᠨ ᠰᠠᠶᠢᠵᠢᠷᠠᠭᠤᠯᠬᠤ GMP ᠲᠥᠷᠥᠯ ᠵᠦᠢᠯ ᠢ ᠲᠥᠷᠭᠡᠨ ᠪᠠᠶᠢᠭᠤᠯᠤᠨ᠎ᠠ᠃ ᠪᠠᠩ ᠵᠢᠶᠧ᠂ ᠬᠤᠷᠴᠢᠨ ᠦᠬᠡᠷ ᠤᠨ ᠦᠢᠯᠡᠰ᠂ ᠮᠦ ᠡᠾᠧ ᠵᠢᠶᠠ᠂ ᠭᠦ᠋ ᠷᠦᠨ ᠮᠢᠬᠠᠨ ᠤ ᠦᠢᠯᠡᠰ ᠵᠡᠷᠭᠡ ᠪᠣᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠥᠲᠦᠭᠡᠭᠳᠡᠭᠦᠨ ᠤ ᠲᠥᠷᠥᠯ ᠵᠦᠢᠯ ᠢ ᠠᠬᠢᠭᠤᠯᠤᠨ᠎ᠠ᠃        ᠯᠢᠦ ᠯᠠᠨ ᠶᠢᠩ᠄        ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠤᠲᠠ ᠶᠢᠨ ᠭᠤᠣᠯ ᠲᠣᠭᠤᠷᠢᠭ ᠤᠨ ᠬᠤᠣᠯᠢᠨ ᠭᠤᠣᠯ ᠶᠡᠭᠡ ᠵᠡᠭᠡᠯᠢ ᠶᠢᠨ ᠵᠡᠭᠦᠨ ᠬᠡᠰᠡᠭ ᠢ ᠥᠷᠭᠡᠳᠬᠡᠨ ᠥᠭᠡᠷᠡᠴᠢᠯᠡᠬᠦ᠂ ᠬᠤᠲᠠ ᠶᠢᠨ ᠭᠤᠣᠯ ᠲᠣᠭᠤᠷᠢᠭ ᠤᠨ ᠤᠰᠤ ᠬᠠᠩᠭᠠᠬᠤ ᠬᠤᠭᠤᠯᠠᠶ ᠲᠣᠣᠷ ᠢ ᠥᠭᠡᠷᠡᠴᠢᠯᠡᠨ ᠥᠷᠭᠡᠳᠬᠡᠨ ᠪᠠᠶᠢᠭᠤᠯᠬᠤ ᠵᠡᠷᠭᠡ ᠢᠨᠵᠧᠨᠧᠷᠢᠩ ᠢ ᠭᠤᠣᠯᠳᠠᠯᠭ᠎ᠠ ᠲᠠᠢ ᠪᠠᠶᠢᠭᠤᠯᠵᠤ᠂ ᠬᠤᠲᠠ ᠶᠢᠨ ᠶᠠᠪᠤᠳᠠᠯ ᠤᠨ ᠵᠠᠮ᠂ ᠬᠤᠭ ᠨᠣᠪᠰᠢ ᠶᠢᠨ ᠰᠢᠢᠳᠪᠦᠷᠢᠯᠡᠯᠲᠡ᠂ ᠤᠰᠤ ᠬᠠᠩᠭᠠᠬᠤ᠂ ᠢᠯᠴᠢ ᠬᠠᠩᠭᠠᠬᠤ᠂ ᠪᠣᠬᠢᠷ ᠤᠰᠤ ᠶᠢ ᠰᠢᠢᠳᠪᠦᠷᠢᠯᠡᠬᠦ ᠵᠢᠴᠢ ᠢᠵᠢ ᠪᠦᠷᠢᠳᠦᠭᠦᠯᠬᠦ ᠬᠤᠭᠤᠯᠠᠶ ᠲᠣᠣᠷ ᠤᠨ ᠪᠥᠳᠥᠭᠡᠨ ᠪᠠᠶᠢᠭᠤᠯᠤᠯᠲᠠ ᠶᠢ ᠲᠥᠷᠭᠡᠳᠬᠡᠨ᠎ᠡ᠃ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ᠂ ᠬᠤᠷᠴᠢᠨ ᠤ ︽ᠬᠤᠣᠰ ᠮᠢᠩᠭᠠᠨ ᠲᠦᠮᠡᠨ ᠮᠦ︾ ᠡᠯᠡᠰᠦᠷᠬᠡᠭ ᠭᠠᠵᠠᠷ ᠪᠣᠯᠣᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠵᠢᠱᠢᠶ᠎ᠡ ᠦᠵᠡᠭᠦᠯᠬᠦ ᠣᠷᠣᠨ ᠤ ᠢᠨᠵᠧᠨᠧᠷᠢᠩ᠂ ᠤᠳᠠᠨ ᠲᠠᠯ᠎ᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠳᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠬᠤᠷᠴᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠮᠦᠨ᠎ᠡ ᠲᠣᠭᠤᠷᠢᠭ ᠤᠨ ᠤᠰᠤᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠢᠴᠢ ᠬᠥᠮᠦᠨ ᠤ ᠬᠦᠴᠦ ᠪᠠᠷ ᠪᠠᠶᠢᠭᠤᠯᠬᠤ ᠨᠤᠭᠤ ᠭᠠᠵᠠᠷ ᠤᠨ ᠠᠮᠢ ᠠᠬᠤᠶ ᠶᠢ ᠨᠢᠭᠡ ᠴᠤᠭᠴᠠᠵᠢᠭᠤᠯᠬᠤ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠨᠡᠶᠢᠭᠡᠮ ᠤᠨ ᠦᠢᠯᠡᠰ ᠤᠨ ᠲᠠᠯ᠎ᠠ ᠪᠠᠷ᠂ ᠬᠤᠳᠠ ᠶᠢᠨ ᠡᠮᠨᠡᠯᠭᠡ ᠶᠢᠨ ᠡᠭᠦᠳᠡᠨ ᠡᠮᠨᠡᠯᠭᠡ ᠶᠢᠨ ᠬᠡᠦᠭᠡᠳ ᠤᠨ ᠰᠠᠯᠠᠭᠠᠨ ᠤ ᠶᠡᠷᠦᠩᠬᠡᠶᠢᠯᠡᠭᠰᠡᠨ ᠠᠰᠠᠷ᠂ ᠬᠤᠳᠠ ᠶᠢᠨ ᠮᠣᠩᠭᠤᠯ ᠡᠮᠨᠡᠯᠭᠡ ᠶᠢᠨ ᠲᠥᠪ ᠡᠮᠨᠡᠯᠭᠡ ᠶᠢᠨ ᠬᠤᠷᠢᠶ᠎ᠠ᠂ ᠬᠤᠳᠠ ᠶᠢᠨ ᠨᠠᠰᠤᠲᠠᠶᠢᠴᠤᠳ ᠢ ᠠᠰᠠᠷᠠᠨ ᠬᠠᠮᠠᠭᠠᠯᠠᠬᠤ ᠲᠥᠪ᠂ ᠮᠣᠩᠭᠤᠯ ᠬᠢᠲᠠᠳ ᠦᠨᠳᠦᠰᠦᠲᠡᠨ ᠤ ᠰᠤᠷᠭᠠᠨ ᠬᠥᠮᠦᠵᠢᠯ ᠤᠨ ᠪᠠᠷᠢᠮᠵᠢᠶᠠᠵᠢᠭᠤᠯᠬᠤ ᠢᠨᠵᠧᠨᠧᠷᠢᠩ ᠵᠡᠷᠭᠡ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠢᠳᠡᠪᠬᠢᠲᠡᠶ ᠲᠦᠯᠬᠢᠨ ᠠᠬᠢᠭᠤᠯᠤᠨ᠎ᠠ᠃        ᠯᠢᠦ ᠯᠠᠨ ᠶᠢᠩ᠄        ᠬᠤᠳᠠᠯᠳᠤᠭ᠎ᠠ ᠠᠷᠠᠯᠵᠢᠶ᠎ᠠ ᠪᠠᠷᠠᠭ᠎ᠠ ᠭᠦᠢᠯᠭᠡᠭᠡ ᠶᠢᠨ ᠲᠠᠯ᠎ᠠ ᠪᠠᠷ᠂ ︽ᠪᠠᠷᠠᠭ᠎ᠠ ᠭᠦᠢᠯᠭᠡᠭᠡᠨ ᠤ ᠲᠠᠪᠤᠨ ᠶᠡᠭᠡ ᠲᠠᠪᠴᠠᠩ ᠤᠨ ᠪᠠᠶᠢᠭᠤᠯᠤᠯᠲᠠ︾ ᠶᠢ ᠠᠬᠢᠭᠤᠯᠵᠤ᠂ ᠸᠠᠨ ᠯᠢ ᠴᠸᠡᠭ᠂ ᠡᠦ ᠵᠸᠦ ᠣᠯᠠᠨ ᠤᠯᠤᠰ ᠤᠨ ᠠᠷᠠᠯᠵᠢᠶ᠎ᠠ ᠬᠤᠳᠠᠯᠳᠤᠭᠠᠨ ᠤ ᠬᠤᠲᠠ᠂ ᠲᠦᠩᠯᠢᠶᠣᠤ ᠶᠢᠨ ᠪᠠᠷᠠᠭ᠎ᠠ ᠭᠦᠢᠯᠭᠡᠭᠡᠨ ᠤ ᠬᠦᠷᠢᠶᠡᠯᠡᠩ ᠤᠨ ᠬᠥᠮᠥᠷᠭᠡᠯᠡᠨ ᠬᠠᠳᠠᠭᠠᠯᠠᠯᠲᠠ ᠵᠢᠴᠢ ᠵᠠᠰᠠᠮᠠᠯ ᠵᠠᠮ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ᠂ ᠵᠡᠭᠦᠨ ᠬᠡᠰᠡᠭ ᠤᠨ ᠨᠡᠭᠦᠷᠡᠰᠦᠨ ᠤ ᠠᠷᠠᠯᠵᠢᠶᠠᠨ ᠤ ᠲᠥᠪ ᠵᠡᠷᠭᠡ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠳᠬᠤᠨ᠎ᠠ᠃ ᠵᠢᠭᠤᠯᠴᠢᠯᠠᠯ ᠤᠨ ᠲᠠᠯ᠎ᠠ ᠪᠠᠷ᠂ ᠥᠪᠡᠷ ᠤᠨ ᠮᠠᠰᠢᠨ ᠢᠶᠠᠷ ᠢᠶᠠᠨ ᠵᠢᠭᠤᠯᠴᠢᠯᠠᠬᠤ ᠬᠤᠷᠴᠢᠨ ᠤ 500 ᠺᠢᠯᠦᠮᠧᠲᠷ ᠤᠨ ᠰᠣᠶᠣᠯ ᠤᠨ ᠦᠵᠡᠮᠵᠢᠲᠦ ᠵᠠᠮ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠨ ᠪᠠᠶᠢᠭᠤᠯᠵᠤ᠂ ︽ᠵᠡᠭᠦᠨ ᠬᠤᠶᠢᠲᠤ ᠶᠢᠨ ᠲᠠᠯ᠎ᠠ ᠨᠤᠲᠤᠭ ᠢ ᠰᠣᠨᠢᠷᠬᠠᠨ᠂ ᠥᠪᠡᠷ ᠤᠨ ᠮᠠᠰᠢᠨ ᠢᠶᠠᠷ ᠢᠶᠠᠨ ᠲᠦᠩᠯᠢᠶᠣᠤ ᠳᠤ ᠵᠢᠭᠤᠯᠴᠢᠯᠠᠬᠤ︾ ᠵᠡᠷᠭᠡ ᠰᠢᠷᠢᠰ ᠲᠥᠷᠥᠯ ᠵᠦᠢᠯ ᠢ ᠪᠤᠶᠢᠵᠢᠭᠤᠯᠵᠤ᠂ ᠥᠪᠡᠷ ᠤᠨ ᠮᠠᠰᠢᠨ ᠢᠶᠠᠷ ᠢᠶᠠᠨ ᠵᠢᠭᠤᠯᠴᠢᠯᠠᠬᠤ ᠪᠥᠬᠦ ᠣᠯᠣᠰ ᠤᠨ ᠠᠯᠳᠠᠷᠲᠤ ᠰᠠᠭᠤᠷᠢᠨ ᠭᠠᠵᠠᠷ ᠢ ᠴᠤᠭᠴᠠᠯᠠᠨ ᠪᠠᠶᠢᠭᠤᠯᠬᠤ ᠪᠣᠯᠣᠨ᠎ᠠ᠃ ᠯᠢᠶᠠᠨ ᠵᠥᠡᠭ ᠤᠨ ᠳᠠᠯᠠᠢ ᠲᠠᠩᠬᠢᠰ ᠤᠨ ᠣᠳᠣᠨ ᠵᠢᠭᠤᠯᠴᠢᠯᠠᠯ ᠤᠨ ᠠᠮᠠᠷᠠᠯᠲᠠ ᠶᠢᠨ ᠲᠣᠰᠬᠤᠨ᠂ ᠲᠠᠮᠤ ᠶᠢᠨ ᠴᠠᠭᠠᠨ ᠡᠯᠡᠰᠦᠨ ᠴᠥᠯ ᠤᠨ ᠦᠵᠡᠮᠵᠢᠲᠦ ᠣᠷᠣᠨ᠂ ᠳᠤᠮᠳᠠᠳᠤ ᠤᠯᠤᠰ ᠤᠨ ᠵᠡᠭᠦᠨ ᠬᠤᠶᠢᠲᠤ ᠣᠷᠣᠨ ᠤ ᠡᠯᠡᠰᠦᠨ ᠴᠥᠯ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠵᠢᠭᠤᠯᠴᠢᠯᠠᠯ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠰᠠᠶᠢᠨ ᠠᠳᠬᠤᠨ᠎ᠠ᠃        ᠬᠥᠲᠥᠯᠥᠭᠴᠢ᠄        ᠡᠨᠡ ᠵᠢᠯ ᠤᠨ ᠰᠢᠨ᠎ᠡ ᠪᠠᠷ ᠨᠡᠮᠡᠭᠳᠡᠭᠰᠡᠨ ᠪᠡᠯᠡ ᠣᠷᠣᠭᠤᠯᠤᠯᠲᠠ ᠤᠯᠠᠰᠢᠷᠠᠵᠤ᠂ ᠶᠠᠰᠤ ᠴᠢᠨᠠᠷ ᠴᠦ ᠥᠨᠳᠥᠷ ᠱᠠᠭᠠᠷᠳᠠᠯᠭ᠎ᠠ ᠲᠠᠢ ᠪᠤᠯᠵᠠᠢ᠂ ᠪᠢᠳᠡ ᠶᠠᠮᠠᠷ ᠶᠠᠮᠠᠷ ᠪᠤᠲᠠᠲᠠᠢ ᠠᠷᠭ᠎ᠠ ᠬᠡᠮᠵᠢᠶ᠎ᠡ ᠠᠪᠴᠤ ᠡᠳᠡᠭᠡᠷ ᠲᠦᠷᠦᠯ ᠵᠦᠢᠯ ᠢ ᠬᠤᠭᠤᠴᠠᠭ᠎ᠠ ᠶᠣᠰᠣᠭᠠᠷ ᠠᠵᠢᠯ ᠳᠠᠭᠤᠰᠬᠠᠬᠤ ᠶᠢ ᠦᠨᠡᠨ ᠬᠦ ᠪᠠᠲᠤᠯᠠᠬᠤ ᠪᠤᠢ︖        ᠯᠢᠦ ᠯᠠᠨ ᠶᠢᠩ᠄        ᠪᠦᠬᠦ ᠵᠢᠯ ᠤᠨ ᠪᠡᠯᠡ ᠣᠷᠣᠭᠤᠯᠤᠯᠲᠠ ᠶᠢᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ︽ᠡᠭᠦᠷᠭᠡ ᠶᠢ ᠲᠥᠷᠥᠯ ᠵᠥᠢᠯᠵᠢᠬᠦᠯᠬᠦ︾ ᠱᠠᠭᠠᠷᠳᠠᠯᠭ᠎ᠠ ᠶᠣᠰᠣᠭᠠᠷ᠂ ᠴᠢᠬᠤᠯᠠ ᠶᠡᠭᠡ ᠲᠦᠷᠦᠯ ᠵᠦᠢᠯ ᠢᠶᠠᠷ ᠬᠦᠴᠦᠯᠡᠬᠦ ᠴᠡᠭ ᠪᠣᠯᠭᠠᠨ᠂᠂ ᠪᠡᠯᠡ ᠣᠷᠣᠭᠤᠯᠤᠯᠲᠠ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠤᠶᠤᠨ ᠴᠢᠳᠠᠯ ᠢᠶᠠᠨ ᠲᠥᠪᠯᠡᠷᠡᠭᠦᠯᠦᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠬᠠᠮᠢᠶᠠᠷᠤᠯᠲᠠ ᠶᠢ ᠭᠤᠤᠯᠳᠠᠭᠤ ᠭᠤᠷᠪᠠᠨ ᠲᠠᠯ᠎ᠠ ᠪᠠᠷ ᠴᠢᠩᠭᠠᠳᠬᠠᠨ᠎ᠠ᠄ ᠨᠢᠭᠡ ᠳᠤ ᠭᠤᠤᠯᠳᠠᠯᠭ᠎ᠠ ᠲᠠᠢ ᠲᠦᠷᠦᠯ ᠵᠦᠢᠯ ᠢ ᠲᠦᠯᠬᠢᠨ ᠠᠬᠢᠭᠤᠯᠬᠤ ᠬᠠᠷᠢᠭᠤᠴᠠᠯᠭ᠎ᠠ ᠶᠢᠨ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠡᠯ᠎ᠡ ᠱᠠᠲᠤᠨ ᠤ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠴᠠᠭ ᠤᠨ ᠬᠦᠰᠦᠨᠦᠭᠲᠦ ᠶᠢ ᠲᠤᠭᠲᠠᠭᠠᠵᠤ᠂ ᠠᠵᠢᠯ ᠤᠨ ᠲᠤᠬᠢᠷᠠᠭᠤᠯᠭ᠎ᠠ ᠪᠠᠨ ᠴᠢᠩᠭᠠᠳᠬᠠᠨ᠎ᠠ᠃ ᠭᠤᠤᠯᠳᠠᠯᠭ᠎ᠠ ᠲᠠᠢ ᠲᠥᠷᠥᠯ ᠵᠦᠢᠯ ᠢ ᠭᠤᠷᠪᠠᠨ ᠱᠠᠲᠤ ᠪᠠᠷ ᠲᠦᠯᠬᠢᠨ ᠠᠬᠢᠭᠤᠯᠬᠤ ᠲᠥᠯᠥᠪᠯᠡᠭᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠷᠠᠭ ᠤᠨ ᠲᠤᠬᠢᠷᠠᠭᠤᠯᠭ᠎ᠠ᠂ ᠰᠠᠷ᠎ᠠ ᠶᠢᠨ ᠪᠦᠷᠢᠳᠬᠡᠯ᠂ ᠤᠯᠠᠷᠢᠯ ᠤᠨ ᠵᠠᠳᠠᠯᠤᠯᠲᠠ᠂ ᠬᠠᠭᠠᠰ ᠵᠢᠯ ᠤᠨ ᠪᠠᠭ᠎ᠠ ᠳ᠋ᠦᠩᠨᠡᠯᠲᠡ᠂ ᠪᠦᠬᠦ ᠵᠢᠯ ᠤᠨ ᠳ᠋ᠦᠩᠨᠡᠯᠲᠡ ᠶᠢᠨ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠦᠬᠦ ᠲᠠᠯ᠎ᠠ ᠪᠠᠷ ᠡᠵᠡᠮᠰᠢᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠠᠶᠢᠳᠠᠯ ᠢ ᠵᠠᠳᠠᠯᠵᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠳᠠᠩᠰᠠ ᠡᠪᠬᠡᠮᠡᠯ ᠪᠠᠶᠢᠭᠤᠯᠵᠤ᠂ ᠡᠭᠡ ᠳᠠᠩᠰᠠ ᠪᠠᠷ ᠬᠠᠮᠢᠶᠠᠷᠬᠤ ᠶᠢ ᠬᠡᠷᠡᠭᠵᠢᠭᠦᠯᠵᠦ᠂ ᠲᠥᠷᠥᠯ ᠵᠦᠢᠯ ᠤᠨ ᠭᠠᠵᠠᠷ ᠰᠢᠷᠣᠶ᠂ ᠲᠥᠯᠥᠪᠵᠢᠭᠦᠯᠭᠡ ᠵᠡᠷᠭᠡ ᠡᠮᠦᠨᠡᠬᠢ ᠬᠤᠭᠤᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠲᠥᠷᠥᠯ ᠵᠦᠢᠯ ᠤᠨ ᠰᠠᠭᠤᠷᠢᠰᠢᠭᠤᠯᠬᠤ᠂ ᠠᠵᠢᠯ ᠡᠬᠢᠯᠡᠭᠦᠯᠬᠦ᠂ ᠪᠠᠷᠢᠯᠭ᠎ᠠ ᠳᠠᠭᠤᠰᠬᠠᠬᠤ᠂ ᠠᠰᠢᠭᠯᠠᠯᠲᠠ ᠳᠤ ᠣᠷᠣᠭᠤᠯᠬᠤ ᠵᠡᠷᠭᠡ ᠵᠠᠩᠭᠢᠯᠠᠭ᠎ᠠ ᠶᠢᠨ ᠴᠠᠭ ᠦᠶ᠎ᠡ ᠶᠢ ᠴᠢᠩᠭ᠎ᠠ ᠠᠳᠬᠤᠨ᠂ ᠭᠤᠤᠯᠳᠠᠯᠭ᠎ᠠ ᠲᠠᠢ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠦᠬᠦ ᠬᠦᠴᠦ ᠪᠠᠷ ᠢᠶᠠᠨ ᠰᠠᠶᠢᠲᠤᠷ ᠠᠳᠬᠤᠨ᠎ᠠ᠃        ᠯᠢᠦ ᠯᠠᠨ ᠶᠢᠩ᠄        ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠵᠤ ᠠᠬᠤᠶᠢᠯᠠᠯ ᠳᠤ ᠭᠦᠨᠵᠡᠭᠡᠶᠢᠷᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷ ᠪᠡᠷᠬᠡᠰᠢᠶᠡᠯ ᠪᠣᠯᠤᠨ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠲᠣᠭᠲᠠᠭᠤᠨ ᠢᠶᠠᠷ ᠨᠡᠮᠡᠭᠳᠡᠭᠦᠯᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠶ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠲᠦᠷᠤᠯ ᠵᠦᠢᠯ ᠤᠨ ᠤᠷᠤᠭᠰᠢᠲᠠᠶ ᠠᠬᠢᠬᠤ ᠶᠢ ᠦᠨᠡᠨ ᠬᠦ ᠪᠠᠲᠤᠯᠠᠵᠤ᠂ ᠡᠷᠲᠡ ᠦᠷ᠎ᠡ ᠪᠦᠲᠦᠭᠡᠯ ᠭᠠᠷᠭᠠᠵᠤ᠂ ᠭᠤᠤᠯᠳᠠᠯᠭ᠎ᠠ ᠲᠠᠢ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ ᠭᠤᠷᠪᠠ ᠳᠤ ᠭᠤᠤᠯᠳᠠᠯᠭ᠎ᠠ ᠲᠠᠢ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠳᠠᠯᠤᠨ ᠲᠣᠬᠢᠷᠠᠭᠤᠯᠬᠤ᠂ ᠲᠣᠭᠤᠷᠢᠨ ᠪᠠᠶᠢᠴᠠᠭᠠᠬᠤ᠂ ᠤᠷᠮᠠᠰᠢᠭᠤᠯᠬᠤ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠦᠷᠢᠮ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠨᠠᠶᠢᠳᠠᠪᠤᠷᠢᠵᠢᠵᠤ ᠦᠷ᠎ᠡ ᠪᠦᠲᠦᠭᠡᠯ ᠤᠯᠬᠤ ᠶᠢ ᠦᠨᠡᠨ ᠬᠦ ᠪᠠᠲᠤᠯᠠᠨ᠎ᠠ᠃ ᠲᠦᠷᠪᠡ ᠳᠤ ᠵᠠᠰᠠᠭ ᠤᠨ ᠣᠷᠳᠣᠨ ᠤ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠵᠦᠢᠯ ᠳᠤ ᠬᠢᠨᠠᠨ ᠪᠠᠶᠢᠴᠠᠭᠠᠯᠲᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃
       ᠬᠥᠲᠥᠯᠥᠭᠴᠢ᠄        ᠯᠢᠦ ᠡᠷᠬᠢᠯᠡᠭᠴᠢ ᠡ᠂ ᠲᠠᠨ ᠤ ᠰᠠᠶ᠋ᠢ ᠶᠢᠨ ᠳᠤᠷᠠᠳᠤᠭᠰᠠᠨ ᠭᠤᠤᠯᠳᠠᠯᠭ᠎ᠠ ᠲᠠᠢ ᠲᠦᠷᠦᠯ ᠵᠦᠢᠯ ᠢ ᠲᠥᠯᠬᠢᠨ ᠠᠬᠢᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠭᠡᠳᠡᠭ ᠲᠤ ᠮᠠᠨ ᠤ ᠬᠤᠲᠠ ᠡᠮᠦᠨᠡᠬᠢ ᠬᠤᠭᠤᠴᠠᠭᠠᠨ ᠤ ᠶᠠᠮᠠᠷ ᠶᠠᠮᠠᠷ ᠭᠤᠤᠯᠳᠠᠯᠭ᠎ᠠ ᠲᠠᠢ ᠲᠥᠷᠥᠯ ᠵᠦᠢᠯ ᠢ ᠲᠦᠯᠬᠢᠨ ᠠᠬᠢᠭᠤᠯᠤᠭᠰᠠᠨ ᠪᠤᠢ︖        ᠯᠢᠦ ᠯᠠᠨ ᠶᠢᠩ᠄        ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠨᠢ ᠪᠡᠯᠡ ᠣᠷᠣᠭᠤᠯᠤᠯᠲᠠ ᠶᠢᠨ ᠨᠡᠮᠡᠭᠳᠡᠯ ᠤᠨ ᠰᠡᠯᠭᠦᠬᠦ ᠬᠦᠴᠦᠨ ᠢ ᠴᠢᠩᠭᠠᠳᠬᠠᠬᠤ ᠳᠤ ᠲᠦᠢᠯ ᠤᠨ ᠴᠢᠬᠤᠯᠠ ᠠᠴᠢ ᠬᠤᠯᠪᠤᠭᠳᠠᠯ ᠲᠠᠢ ᠦᠢᠯᠡᠳᠦᠯ ᠦᠵᠡᠭᠦᠯᠵᠦ᠂ ᠲᠦᠩᠯᠢᠶᠣᠤ ᠬᠤᠲᠠ ᠶᠢᠨ ︽13 · 5︾ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠦᠭᠵᠢᠯᠲᠡ ᠶᠢ ᠰᠢᠭᠤᠳ ᠨᠥᠯᠥᠭᠡᠯᠡᠵᠦ ᠪᠠᠶᠢᠳᠠᠭ᠂ ᠡᠶᠢᠮᠦ ᠠᠴᠠ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠬᠢᠨᠠᠨ ᠵᠥᠪᠰᠢᠶᠡᠷᠡᠬᠦ ᠠᠬᠢᠴᠠ ᠶᠢ ᠡᠷᠬᠡᠪᠰᠢ ᠶᠡᠭᠡ ᠪᠠᠷ ᠲᠦᠯᠬᠢᠨ ᠠᠬᠢᠭᠤᠯᠵᠤ᠂ ᠨᠢᠭᠡ ᠪᠦᠯᠦᠭ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠶᠢᠴᠢᠯᠠᠬᠤ ᠴᠢᠳᠠᠪᠤᠷᠢ ᠲᠠᠢ ᠳᠦᠷᠦᠯ ᠵᠦᠢᠯ ᠤᠳ ᠢ ᠴᠢᠷᠮᠠᠶᠢᠵᠤ ᠪᠠᠶᠢᠭᠠᠳ ᠡᠷᠲᠡᠬᠡᠨ ᠠᠵᠢᠯ ᠡᠬᠢᠯᠡᠭᠦᠯᠬᠦ ᠬᠡᠷᠡᠭᠲᠡᠢ ᠶᠤᠮ᠃ ᠲᠡᠮᠦᠷ ᠵᠠᠮ ᠤᠨ ᠲᠠᠯ᠎ᠠ ᠪᠠᠷ᠂ ᠲᠦᠩᠯᠢᠶᠣᠤ — ᠤᠯᠠᠭᠠᠨᠬᠤᠲᠠ — ᠬᠠᠶᠢᠯᠠᠷ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠤᠨ ᠡᠮᠦᠨᠡᠬᠢ ᠬᠤᠭᠤᠴᠠᠭᠠᠨ ᠤ ᠠᠵᠢᠯ ᠢ ᠪᠦᠬᠦ ᠬᠦᠴᠦᠨ ᠢᠶᠠᠷ ᠢᠶᠠᠨ ᠬᠠᠪᠰᠤᠷᠤᠨ ᠰᠠᠶᠢᠲᠤᠷ ᠬᠢᠵᠦ᠂ ᠬᠦᠷᠢᠶᠡᠯᠡᠩ ᠲᠣᠭᠤᠷᠢᠭ ᠤᠨ ᠲᠤᠰᠬᠠᠶ ᠬᠡᠷᠡᠭᠯᠡᠭᠡᠨ ᠤ ᠲᠡᠮᠦᠷ ᠵᠠᠮ ᠤᠨ ᠬᠢᠨᠠᠨ ᠵᠦᠪᠰᠢᠶᠡᠷᠡᠯᠲᠡ ᠶᠢ ᠲᠦᠷᠭᠡᠳᠬᠡᠨ᠎ᠡ᠃ ᠵᠠᠰᠠᠮᠠᠯ ᠵᠠᠮ ᠤᠨ ᠲᠠᠯ᠎ᠠ ᠪᠠᠷ᠂ ᠮᠤᠵᠢ ᠶᠢᠨ ᠬᠤᠭᠤᠷᠤᠨᠳᠤᠬᠢ ᠵᠠᠮ ᠢ ᠨᠢᠭᠡᠳᠦᠭᠡᠷ ᠳᠡᠰ ᠤᠨ ᠳᠡᠭᠡᠳᠦ ᠬᠤᠷᠳᠤᠴᠠᠲᠤ ᠵᠠᠰᠠᠮᠠᠯ ᠵᠠᠮ ᠪᠤᠯᠭᠠᠬᠤ ᠦᠭᠡᠷᠡᠴᠢᠯᠠᠯᠲᠡ᠂ ᠳ᠋ᠠᠯᠢᠨ — ᠺᠠᠩ ᠫᠢᠩ᠂ ᠪᠣᠣ ᠯᠦᠩ ᠱᠠᠨ — ᠲᠦᠩ ᠢᠦᠢ᠂ ᠶᠢᠨ ᠪᠦᠦ ᠳᠦᠨ — ᠭᠠᠨᠵᠤᠭ᠎ᠠ ᠬᠦᠷᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠯᠬᠢᠨ ᠠᠬᠢᠭᠤᠯᠤᠨ᠎ᠠ᠃        ᠯᠢᠦ ᠯᠠᠨ ᠶᠢᠩ᠄          ᠠᠷᠠᠳ ᠤᠨ ᠠᠭᠠᠷ ᠤᠨ ᠲᠡᠭᠡᠭᠡᠪᠦᠷᠢ ᠶᠢᠨ ᠲᠠᠯ᠎ᠠ ᠪᠠᠷ᠂ ᠲᠦᠩᠯᠢᠶᠣᠤ ᠨᠢᠰᠬᠡᠯ ᠤᠨ ᠪᠠᠭᠤᠳᠠᠯ ᠤᠨ ᠤᠯᠠᠨ ᠤᠯᠤᠰ ᠤᠨ ᠠᠭᠠᠷ ᠤᠨ ᠠᠶᠠᠯᠠᠯ ᠤᠨ ᠦᠷᠲᠡᠭᠡᠨ ᠤ ᠠᠰᠠᠷ ᠤᠨ ᠥᠭᠡᠷᠡᠴᠢᠯᠡᠯᠲᠡ ᠶᠢᠨ ᠡᠮᠦᠨᠡᠬᠢ ᠬᠤᠭᠤᠴᠠᠭᠠᠨ ᠤ ᠪᠠᠷᠢᠯᠭ᠎ᠠ ᠶᠢ ᠡᠬᠢᠯᠡᠭᠦᠯᠵᠦ᠂ ᠨᠠᠢᠮᠠᠨ᠂ ᠬᠦᠷᠢᠶ᠎ᠡ ᠶᠢᠨ ᠨᠡᠶᠢᠳᠡᠮ ᠬᠡᠷᠡᠭᠯᠡᠬᠦ ᠨᠢᠰᠭᠡᠯ ᠤᠨ ᠪᠠᠭᠤᠳᠠᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ᠎ᠡ᠃ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠲᠠᠯ᠎ᠠ ᠪᠠᠷ᠂ ︽ᠴᠤᠤᠯ ᠭᠤᠣᠯ ᠤᠨ ᠤᠰᠤ ᠶᠢ ᠲᠠᠲᠠᠨ ᠪᠠᠷᠠᠭᠤᠨ ᠯᠢᠶᠣᠤ ᠡᠾᠧ ᠭᠤᠤᠯ ᠢ ᠲᠡᠳᠬᠦᠬᠦ︾ ᠰᠠᠯᠪᠤᠷᠢ ᠱᠤᠭᠤᠮ᠂ ᠯᠢᠶᠣᠤ ᠰᠢ ᠠᠴᠠ ᠤᠰᠤ ᠲᠠᠲᠠᠵᠤ ᠲᠦᠩᠯᠢᠶᠣᠤ ᠶᠢ ᠬᠠᠩᠭᠠᠬᠤ ᠰᠠᠯᠪᠤᠷᠢ ᠱᠤᠭᠤᠮ᠂ ︽ᠨᠤᠨ ᠮᠦᠷᠡᠨ ᠤ ᠤᠰᠤ ᠶᠢ ᠲᠠᠲᠠᠨ ᠬᠤᠤᠯᠢᠨ ᠭᠤᠤᠯ ᠢ ᠲᠡᠳᠬᠦᠬᠦ︾ ᠢᠨᠵᠧᠨᠧᠷᠢᠩ᠂ ᠭᠠᠭ᠋ᠠᠢ ᠠᠭᠤᠯᠠ ᠶᠢᠨ ᠤᠰᠤᠨ ᠴᠥᠭᠦᠷᠥᠮ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠠᠬᠢᠭᠤᠯᠤᠨ᠎ᠠ᠃ ᠡᠨᠧᠷᠭᠢ ᠶᠢᠨ ᠲᠠᠯ᠎ᠠ ᠪᠠᠷ᠂ ᠮᠠᠨ ᠤ ᠬᠤᠲᠠ ᠶᠢᠨ ᠬᠤᠶᠢᠲᠤ ᠪᠡᠶ᠎ᠡ ᠶᠢᠨ ᠠᠵᠤ ᠦᠢᠯᠡᠰ ᠤᠨ ᠬᠥᠭᠵᠢᠯᠲᠡ ᠶᠢᠨ ᠥᠪᠡᠷᠮᠢᠴᠡ ᠴᠢᠨᠠᠷ ᠢ ᠤᠯᠤᠰ᠂ ᠥᠪᠡᠷᠲᠡᠭᠡᠨ ᠵᠠᠰᠠᠬᠤ ᠤᠷᠤᠨ ᠳᠤ ᠬᠠᠷᠢᠭᠤ ᠮᠡᠳᠡᠭᠦᠯᠵᠦ᠂ ᠵᠠᠬ᠎ᠠ ᠨᠠᠭᠤᠷ ᠤᠨ ᠬᠦᠩᠭᠡᠨ ᠴᠠᠭᠠᠨ ᠤ ᠦᠢᠯᠡᠰ ᠤᠨ ᠬᠤᠶᠠᠳᠤᠭᠠᠷ ᠬᠤᠭᠤᠴᠠᠭᠠᠨ ᠤ 38 ᠲᠦᠮᠡᠨ ᠲᠣᠨ ᠲᠦᠭᠦᠬᠡᠢ ᠬᠦᠡᠭᠭᠡᠨ ᠴᠠᠭᠠᠨ ᠦᠢᠯᠡᠳᠪᠦᠷᠢᠯᠡᠬᠦ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ᠎ᠡ︔ ᠡᠨᠧᠷᠬᠢ ᠶᠢ ᠭᠠᠳᠠᠭᠰᠢ ᠬᠦᠷᠭᠡᠬᠦ ᠵᠠᠮ ᠤᠨ ᠪᠥᠳᠥᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠡᠬᠢᠯᠡᠯᠲᠡ ᠶᠢᠨ ᠴᠡᠭ ᠢ ᠲᠤᠭᠲᠠᠭᠤᠨ ᠪᠠᠶᠢᠯᠭᠠᠵᠤ᠂ ᠲᠦᠭᠡᠭᠡᠯ ᠲᠤᠭ᠎ᠠ ᠶᠢ ᠲᠡᠮᠡᠴᠡᠨ᠂ ᠲᠣᠭᠲᠠᠮᠠᠯ ᠭᠥᠶᠥᠳᠡᠯᠳᠦ ᠴᠠᠬᠢᠯᠭᠠᠨ ᠬᠦᠷᠭᠡᠬᠦ ᠪᠠᠷᠢᠯᠭ᠎ᠠ ᠲᠠᠢ ᠤᠶᠠᠯᠳᠤᠭᠤᠯᠤᠨ᠂ ᠵᠢᠷᠦᠬᠡ ᠶᠢᠨ ᠭᠤᠤᠯ ᠤᠨ 200 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠰᠠᠭᠤᠷᠢᠨ ᠭᠠᠵᠠᠷ ᠤᠨ ᠡᠮᠦᠨᠡᠬᠢ ᠬᠤᠭᠤᠴᠠᠭᠠᠨ ᠤ ᠠᠵᠢᠯ ᠢ ᠦᠷᠨᠢᠭᠦᠯᠵᠦ ᠂ ᠤᠯᠤᠰ ᠤᠨ ᠳᠡᠰ ᠤᠨ ᠠᠷᠢᠭᠤᠨ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠤᠨ᠎ᠠ︔ ᠬᠤᠣᠯᠢᠨ ᠭᠤᠤᠯ ᠤᠨ ᠣᠷᠴᠢᠯ ᠠᠵᠤ ᠠᠬᠤᠶ ᠶᠢᠨ ᠵᠢᠱᠢᠶ᠎ᠡ ᠦᠵᠡᠭᠦᠯᠬᠦ ᠢᠨᠵᠧᠨᠧᠷᠢᠩ ᠤᠨ ᠬᠤᠶᠠᠳᠤᠭᠠᠷ ᠬᠤᠭᠤᠴᠠᠭᠠᠨ ᠤ 2 × 35 ᠲᠦᠮᠡᠨ ᠺᠢᠯᠣᠸᠠᠲ ᠤᠨ ᠢᠯᠴᠢ ᠪᠠᠷ ᠴᠠᠬᠢᠯᠭᠠᠨ ᠭᠠᠷᠭᠠᠬᠤ ᠲᠦᠷᠦᠯ ᠵᠦᠢᠯ᠂ ᠶᠢᠨ ᠯᠢᠶᠠᠨ ᠤ ᠬᠤᠶᠠᠳᠤᠭᠠᠷ ᠬᠤᠭᠤᠴᠠᠭᠠᠨ ᠤ 2 ᠰᠠᠤᠷᠢ 66 ᠲᠦᠮᠡᠨ ᠺᠢᠯᠣᠸᠠᠲ ᠤᠨ ᠢᠯᠴᠢ ᠪᠠᠷ ᠴᠠᠬᠢᠯᠭᠠᠨ ᠭᠠᠷᠭᠠᠬᠤ ᠲᠦᠷᠦᠯ ᠵᠦᠢᠯ᠂ ᠴᠤᠸᠠᠩ ᠶᠤᠸᠠᠨ ᠤ 3 ᠰᠠᠤᠷᠢ 33 ᠲᠦᠮᠡᠨ ᠺᠢᠯᠣᠸᠠᠲ ᠤᠨ ᠢᠯᠴᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠠᠬᠢᠭᠤᠯᠤᠨ᠎ᠠ᠃ ᠨᠡᠩ ᠤᠯᠠᠨ ᠭᠡᠷᠡᠯ ᠸᠣᠯᠲ ᠪᠠ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠲᠦᠷᠦᠯ ᠵᠦᠢᠯ ᠢ ᠤᠯᠤᠰ ᠤᠨ ᠨᠡᠭᠡᠭᠡᠨ ᠬᠥᠭᠵᠢᠭᠦᠯᠬᠦ ᠲᠥᠯᠥᠪᠵᠢᠭᠦᠯᠭᠡ ᠳᠤ ᠤᠷᠤᠭᠤᠯᠬᠤ ᠪᠠᠷ ᠴᠢᠷᠮᠠᠶᠢᠨ᠎ᠠ᠃ ᠲᠦᠩᠯᠢᠶᠣᠤ — ᠶᠤᠸᠠᠨ ᠪᠦᠦ ᠱᠠᠨ᠂ ᠲᠦᠩᠯᠢᠶᠣᠤ — ᠬᠤᠣᠯᠢᠨ ᠭᠤᠣᠯ ᠶᠢᠨ ᠪᠠᠶᠢᠭᠠᠯᠢ ᠶᠢᠨ ᠰᠢᠲᠠᠮᠠᠬᠠᠶ ᠬᠡᠢ ᠳᠠᠮᠵᠢᠭᠤᠯᠬᠤ ᠬᠤᠭᠤᠯᠠᠶ ᠶᠢᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ᠎ᠡ᠃        ᠬᠥᠲᠥᠯᠥᠭᠴᠢ᠄        ᠯᠢᠦ ᠡᠷᠬᠢᠯᠡᠭᠴᠢ ᠡ᠂ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠶᠢ ᠭᠦᠢᠴᠡᠳᠬᠡᠬᠦ ᠠᠬᠢᠴᠠ ᠶᠢ ᠲᠦᠷᠭᠡᠳᠬᠡᠬᠦ ᠲᠠᠯ᠎ᠠ ᠪᠠᠷ᠂ ᠪᠢᠳᠡ ᠶᠠᠮᠠᠷ ᠰᠠᠶᠢᠨ ᠠᠷᠭ᠎ᠠ ᠠᠪᠤᠭᠰᠠᠨ ᠪᠤᠢ︖        ᠯᠢᠦ ᠯᠠᠨ ᠶᠢᠩ᠄        ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠤᠯᠲᠠ ᠨᠢ ᠳᠠᠪᠠᠭᠤᠯᠢᠭ ᠠᠵᠤ ᠦᠢᠯᠡᠰ ᠢ ᠲᠡᠳᠬᠦᠨ ᠳᠡᠮᠵᠢᠬᠦ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠬᠦ ᠶᠢ ᠬᠥᠲᠥᠯᠥᠨ ᠵᠢᠯᠣᠭᠤᠳᠬᠤ ᠴᠢᠬᠤᠯᠠ ᠳᠠᠭᠠᠭᠤᠯᠬᠤ ᠦᠢᠯᠡᠳᠦᠯ ᠲᠠᠢ ᠶᠤᠮ᠃ ᠨᠢᠭᠡᠳᠦᠭᠡᠷ ᠲᠤ᠂ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠲᠥᠷᠥ ᠶᠢᠨ ᠪᠤᠳᠤᠯᠭ᠎ᠠ ᠶᠢ ᠰᠠᠶᠢᠲᠤᠷ ᠬᠡᠷᠡᠭᠯᠡᠨ᠂ ᠭᠦᠢᠴᠡᠳ ᠬᠡᠷᠡᠭᠯᠡᠵᠦ᠂ ᠤᠯᠤᠰ ᠤᠨ ᠲᠥᠷᠥᠯ ᠵᠦᠢᠯ ᠢ ᠡᠩ ᠲᠡᠷᠢᠭᠦᠨ ᠳᠤ ᠳᠤᠮᠳᠠ ᠪᠠᠷᠠᠭᠤᠨ ᠣᠷᠣᠨ ᠪᠠ ᠦᠨᠳᠦᠰᠦᠲᠡᠨ ᠤ ᠭᠠᠵᠠᠷ ᠣᠷᠣᠨ ᠳᠤ ᠪᠠᠶᠢᠷᠢᠰᠢᠭᠤᠯᠬᠤ ᠴᠢᠬᠤᠯᠠ ᠶᠡᠭᠡ ᠠᠵᠠ ᠲᠤᠬᠢᠶᠠᠯ ᠢ ᠢᠳᠡᠪᠬᠢᠲᠡᠶ ᠵᠠᠪᠳᠤᠨ ᠠᠳᠬᠤᠵᠤ᠂ ᠤᠯᠤᠰ ᠠᠴᠠ ᠳᠡᠮᠵᠢᠯᠭᠡ ᠦᠵᠡᠭᠦᠯᠬᠦ ᠪᠡᠯᠡ ᠤᠷᠤᠭᠤᠯᠤᠯᠲᠠ ᠶᠢᠨ ᠬᠦᠷᠢᠶ᠎ᠠ ᠬᠡᠪᠴᠢᠶ᠎ᠡ ᠶᠢᠨ ᠲᠤᠭᠤᠷᠢᠨ ᠳᠤ᠂ ᠲᠥᠪ ᠤᠨ ᠲᠥᠰᠦᠪ ᠤᠨ ᠳᠣᠲᠣᠷᠠᠬᠢ ᠪᠡᠯᠡ ᠮᠥᠩᠭᠦ ᠶᠢ ᠠᠯᠢ ᠪᠣᠯᠬᠤ ᠪᠠᠷ ᠢᠯᠡᠭᠦᠬᠡᠨ ᠲᠡᠮᠡᠴᠡᠨ ᠤᠯᠵᠤ᠂ ᠪᠥᠬᠦ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠳᠠᠪᠠᠭ᠋ᠤ ᠪᠠᠷ ᠴᠢᠷᠮᠠᠶᠢᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ︽ᠳᠠᠯᠢᠮ ᠢᠶᠠᠷ ᠠᠯᠲᠠ ᠪᠤᠯᠭᠠᠬᠤ︾ ᠬᠥᠲᠥᠯᠥᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠢ ᠪᠦᠲᠦᠮᠵᠢᠲᠡᠶ ᠳᠡᠮᠵᠢᠨ᠎ᠡ᠃ ᠬᠤᠶᠠᠳᠤᠭᠠᠷ ᠲᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ ᠶᠢᠨ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠱᠠᠭᠠᠷᠳᠠᠨ᠂ ᠲᠡᠮᠡᠴᠡᠨ ᠤᠯᠤᠭᠰᠠᠨ ᠲᠥᠷᠥᠯ ᠵᠦᠢᠯ ᠤᠨ ᠨᠠᠶᠢᠳᠠᠪᠤᠷᠢᠵᠢᠬᠤ ᠶᠢ ᠦᠨᠡᠨ ᠬᠦ ᠪᠠᠲᠤᠯᠠᠨ᠎ᠠ᠃ ᠡᠨᠡ ᠵᠢᠯ ᠪᠠᠰᠠ ᠲᠥᠷᠥᠯ ᠵᠦᠢᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠠᠵᠢᠯ ᠢ ᠡᠬᠢᠯᠡᠭᠦᠯᠦᠨ ᠪᠥᠳᠥᠭᠡᠨ ᠪᠠᠶᠢᠭᠤᠯᠬᠤ ᠶᠢ ᠲᠦᠯᠬᠢᠨ ᠠᠬᠢᠭᠤᠯᠵᠤ ᠂ ᠠᠵᠢᠯ ᠬᠢᠭᠰᠡᠨ ᠨᠢ ᠬᠦᠷᠦᠯᠴᠡᠬᠦ ᠦᠭᠡᠢ ᠪᠠᠶᠢᠬᠤ ᠪᠠ ᠬᠢᠨᠠᠯᠲᠠ ᠬᠠᠮᠢᠶᠠᠷᠤᠯᠲᠠ ᠳᠤᠲᠠᠮᠠᠭ ᠲᠦᠷᠦᠯ ᠵᠦᠢᠯ ᠤᠨ ᠨᠢᠭᠡᠴᠡ ᠵᠢᠴᠢ ᠪᠠᠶᠢᠭ᠎ᠠ ᠬᠤᠰᠢᠭᠤ ᠰᠢᠶᠠᠨ ᠲᠠᠢ ᠬᠤᠭᠤᠴᠠᠭ᠎ᠠ ᠪᠣᠯᠵᠣᠨ ᠬᠡᠯᠡᠯᠴᠡᠵᠦ᠂ ᠤᠴᠢᠷ ᠰᠢᠯᠲᠠᠭᠠᠨ ᠦᠭᠡᠢ ᠪᠠᠷ ᠬᠤᠭᠤᠴᠠᠭ᠎ᠠ ᠬᠡᠲᠦᠷᠡᠲᠡᠯ᠎ᠡ ᠠᠵᠢᠯ ᠢᠶᠠᠨ ᠡᠬᠢᠯᠡᠭᠦᠯᠦᠭᠰᠡᠨ ᠦᠭᠡᠢ ᠲᠦᠷᠦᠯ ᠵᠦᠢᠯ ᠢ ᠴᠠᠭ ᠲᠤᠬᠠᠶ ᠳᠤᠨᠢ ᠲᠣᠬᠢᠷᠠᠭᠤᠯᠬᠤ ᠪᠤᠶᠤ ᠣᠷᠣᠭᠤᠯᠤᠭᠰᠠᠨ ᠪᠡᠯᠡ ᠮᠦᠩᠭᠦ ᠶᠢ ᠨᠢ ᠪᠤᠴᠠᠭᠠᠨ ᠠᠪᠤᠨ᠎ᠠ᠃        ᠯᠢᠦ ᠯᠠᠨ ᠶᠢᠩ᠄        ᠭᠤᠷᠪᠠ ᠳᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠨᠥᠭᠡᠴᠡᠯᠡᠬᠦ ᠪᠠ ᠭᠤᠷᠪᠠᠨ ᠵᠢᠯ ᠥᠩᠭᠦᠷᠢᠭᠦᠯᠦᠨ ᠪᠡᠯᠡ ᠣᠷᠣᠭᠤᠯᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠴᠢᠩᠭᠠᠳᠬᠠᠨ᠎ᠠ᠃ ︽ᠡᠨᠡ ᠵᠢᠯ ᠤᠨ ᠠᠵᠢᠯ ᠢᠶᠠᠨ ᠬᠢᠵᠦ᠂ ᠢᠷᠡᠬᠦ ᠵᠢᠯ ᠤᠨ ᠠᠵᠢᠯ ᠢᠶᠠᠨ ᠪᠡᠯᠡᠳᠴᠦ᠂ ᠴᠠᠭᠠᠲᠤ ᠵᠢᠯ ᠤᠨ ᠠᠵᠢᠯ ᠢᠶᠠᠨ ᠬᠠᠷᠠᠵᠤ᠂ ᠲᠡᠭᠦᠨ ᠠᠴᠠ ᠴᠠᠭᠠᠳᠤ ᠵᠢᠯ ᠤᠨ ᠠᠵᠢᠯ ᠢᠶᠠᠨ ᠪᠣᠳᠣᠯᠬᠢᠯᠠᠬᠤ︾ ᠱᠠᠭᠠᠷᠳᠠᠯᠭ᠎ᠠ ᠶᠣᠰᠣᠭᠠᠷ᠂ ᠲᠦᠷᠦᠯ ᠵᠦᠢᠯ ᠢ ᠨᠥᠭᠡᠴᠡᠯᠡᠬᠦ ᠪᠠ ᠭᠤᠷᠪᠠᠨ ᠵᠢᠯ ᠥᠩᠭᠦᠷᠢᠭᠦᠯᠦᠨ ᠪᠡᠯᠡ ᠣᠷᠣᠭᠤᠯᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠠᠵᠢᠯ ᠢᠶᠠᠨ ᠰᠠᠶᠢᠳᠤᠷ ᠬᠢᠨ᠎ᠡ᠃ ᠳᠥᠷᠪᠡ ᠳᠤ᠂ ᠮᠣᠩᠭᠤᠯ ᠡᠮ ᠡᠮᠨᠡᠯᠭᠡ ᠶᠢᠨ ᠠᠵᠤ ᠦᠢᠯᠡᠰ᠂ ᠬᠤᠷᠴᠢᠨ ᠤ ᠦᠬᠡᠷ ᠤᠨ ᠮᠢᠬ᠎ᠠ᠂ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠵᠡᠷᠭᠡ ᠨᠢᠭᠡ ᠪᠦᠯᠦᠭ ᠪᠦᠬᠦ ᠲᠠᠯ᠎ᠠ ᠶᠢᠨ ᠴᠢᠨᠠᠷᠲᠠᠶ᠂ ᠰᠠᠭᠤᠷᠢ ᠴᠢᠨᠠᠷᠲᠠᠶ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠴᠢᠬᠤᠯᠠ ᠶᠡᠭᠡ ᠢᠨᠵᠧᠨᠧᠷᠢᠩ ᠢ ᠤᠯᠤᠰ ᠤᠨ ᠪᠠᠶᠢᠯᠳᠤᠬᠤ ᠪᠣᠳᠣᠯᠭ᠎ᠠ ᠪᠣᠯᠭᠠᠨ᠂ ᠤᠯᠤᠰ ᠤᠨ ᠲᠤᠰᠬᠠᠶ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠬᠦᠴᠦᠯᠡᠨ ᠴᠢᠷᠮᠠᠶᠢᠨ᠎ᠠ᠃        ᠬᠥᠲᠥᠯᠥᠭᠴᠢ᠄        ᠯᠢᠦ ᠡᠷᠬᠢᠯᠡᠭᠴᠢ ᠡ᠂ ᠪᠥᠳᠥᠭᠡᠨ ᠪᠠᠶᠢᠭᠤᠯᠤᠯᠲᠠ ᠶᠢᠨ ᠲᠤᠰᠬᠠᠶ ᠰᠠᠭᠤᠷᠢ ᠮᠥᠩᠭᠦ ᠭᠡᠵᠦ ᠶᠠᠭᠤ ᠪᠤᠢ︖ ᠪᠥᠳᠥᠭᠡᠨ ᠪᠠᠶᠢᠭᠤᠯᠤᠯᠲᠠ ᠶᠢᠨ ᠲᠤᠰᠬᠠᠶ ᠰᠠᠭᠤᠷᠢ ᠮᠥᠩᠭᠦ ᠤᠯᠬᠤ ᠬᠦᠴᠦᠯᠡᠴᠡ ᠪᠠᠨ ᠬᠡᠷᠬᠢᠨ ᠨᠡᠮᠡᠭᠳᠡᠭᠦᠯᠬᠦ ᠪᠤᠢ︖        ᠯᠢᠦ ᠯᠠᠨ ᠶᠢᠩ᠄        ᠠᠵᠤ ᠠᠬᠤᠶ ᠤᠷᠤᠭᠤᠳᠠᠬᠤ ᠳᠠᠷᠤᠯᠲᠠ ᠶᠢ ᠠᠷᠭᠠᠴᠠᠬᠤ ᠳᠤ ᠠᠵᠤ ᠠᠬᠤᠶ ᠶᠢᠨ ᠨᠡᠮᠡᠭᠳᠡᠯ ᠳᠠᠬᠢ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠳᠤᠨᠤᠨ ᠤ 7 ᠳ᠋ᠤᠭᠠᠷ ᠰᠠᠷ᠎ᠠ ᠶᠢᠨ ᠰᠡᠭᠦᠯᠴᠢ ᠪᠠᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠪᠦᠲᠦᠭᠡᠨ ᠪᠠᠶᠢᠭᠤᠯᠤᠯᠲᠠ ᠶᠢᠨ ᠲᠤᠰᠬᠠᠶ ᠵᠢᠭᠡᠯᠡᠯᠭᠡ ᠶᠢᠨ ᠲᠡᠮᠳᠡᠭᠲᠦ ᠲᠠᠷᠬᠠᠭᠠᠵᠣ᠂ ︽ᠣᠨᠣᠪᠴᠢᠲᠠᠢ᠂ ᠠᠴᠢ ᠬᠠᠷᠢᠭᠤᠯᠲᠠ ᠲᠠᠢ ᠪᠠᠶᠢᠵᠤ᠂ ᠦᠯᠡᠭᠦᠳᠡᠬᠦ ᠦᠢᠯᠡᠳᠪᠦᠷᠢᠯᠡᠯ ᠴᠢᠳᠠᠪᠤᠷᠢ ᠶᠢ ᠰᠢᠨ᠎ᠡ ᠪᠠᠷ ᠨᠡᠮᠡᠭᠳᠡᠭᠦᠯᠬᠦ ᠦᠭᠡᠢ᠂ ᠳᠠᠪᠬᠤᠷᠳᠠᠭᠰᠠᠨ ᠪᠦᠳᠦᠭᠡᠨ ᠪᠠᠶᠢᠭᠤᠯᠤᠯᠲᠠ ᠬᠢᠬᠦ ᠦᠭᠡᠢ᠂ ᠰᠢᠬᠠᠬᠤ ᠨᠥᠯᠥᠭᠡᠯᠡᠯ ᠢ ᠪᠣᠢ ᠪᠣᠯᠭᠠᠬᠤ ᠦᠭᠡᠢ︾ ᠪᠠᠶᠢᠬᠤ ᠪᠠᠷ ᠵᠠᠷᠴᠢᠮ ᠪᠣᠯᠭᠠᠨ᠂ ᠪᠡᠯᠡ ᠣᠷᠣᠭᠤᠯᠤᠯᠲᠠ ᠶᠡᠭᠡ᠂ ᠬᠤᠭᠤᠴᠠᠭ᠎ᠠ ᠨᠢ ᠤᠷᠳᠤ᠂ ᠡᠭᠡᠭᠦᠯᠦᠨ ᠬᠤᠷᠢᠶᠠᠬᠤ ᠬᠤᠭᠤᠴᠠᠭ᠎ᠠ ᠨᠢ ᠤᠳᠠᠭᠠᠨ᠂ ᠵᠦᠢ ᠵᠣᠬᠢᠰᠲᠠᠶ ᠠᠴᠢ ᠬᠠᠷᠢᠭᠤᠯᠲᠠ ᠲᠠᠢ ᠨᠡᠶᠢᠲᠡ ᠶᠢᠨ ᠠᠰᠠᠷᠠᠮᠵᠢ ᠶᠢᠨ ᠰᠢᠨᠵᠢᠲᠡᠢ ᠪᠠ ᠰᠠᠭᠤᠷᠢ ᠴᠢᠨᠠᠷᠲᠠᠶ ᠲᠥᠷᠥᠯ ᠵᠦᠢᠯ ᠢ ᠭᠤᠣᠯᠳᠠᠯᠭ᠎ᠠ ᠲᠠᠢ ᠪᠠᠷ ᠳᠡᠮᠵᠢᠵᠦ᠂ ᠲᠥᠷᠥᠯ ᠵᠦᠢᠯ ᠤᠨ ᠬᠦᠷᠦᠩᠭᠡ ᠮᠥᠩᠭᠦ ᠶᠢᠨ ᠣᠷᠣᠭᠤᠯᠤᠯᠲᠠ ᠪᠠ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠳᠤ ᠬᠡᠷᠡᠭᠯᠡᠬᠦ ᠬᠡᠷᠡᠭᠲᠡᠢ ᠭᠡᠵᠡᠢ᠃ ᠮᠡᠳᠡᠭᠳᠡᠯ ᠢ ᠣᠯᠤᠭᠰᠠᠨ ᠤ ᠳᠠᠷᠠᠭ᠎ᠠ᠂ ᠪᠦᠬᠦ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠲᠦᠭᠡᠨ ᠪᠠᠶᠢᠭᠤᠯᠤᠯᠲᠠ ᠶᠢᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠵᠢᠷᠭᠤᠭᠠᠨ ᠪᠥᠯᠥᠭ ᠲᠥᠷᠥᠯ ᠵᠦᠢᠯ ᠢ ᠨᠥᠭᠡᠴᠡᠯᠡᠬᠦ ᠲᠥᠯᠥᠪᠯᠡᠭᠡ ᠶᠢ ᠳᠡᠭᠡᠭᠰᠢ ᠮᠡᠳᠡᠭᠦᠯᠬᠦ ᠪᠠᠷ ᠴᠢᠷᠮᠠᠶᠢᠵᠤ᠂ ᠪᠥᠳᠥᠭᠡᠨ ᠪᠠᠶᠢᠭᠤᠯᠤᠯᠲᠠ ᠶᠢᠨ ᠲᠤᠰᠬᠠᠶ ᠰᠠᠭᠤᠷᠢ ᠮᠥᠩᠭᠦ ᠳᠤ 28.94 ᠳ᠋ᠦᠩᠰᠢᠭᠤᠷ ᠲᠥᠭᠦᠷᠢᠭ ᠣᠷᠣᠭᠤᠯᠵᠤ᠂ ᠭᠤᠣᠯᠳᠠᠭᠤ ᠲᠡᠮᠦᠷ ᠵᠠᠮ᠂ ᠴᠠᠬᠢᠯᠭᠠᠨ ᠬᠦᠴᠦ᠂ ᠪᠣᠬᠢᠷ ᠤᠰᠤ ᠬᠤᠭ ᠨᠣᠪᠰᠢ ᠰᠢᠢᠳᠪᠦᠷᠢᠯᠡᠬᠦ᠂ ᠳᠥᠭᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠵᠢᠭᠤᠯᠴᠢᠯᠠᠯ ᠵᠡᠷᠭᠡ ᠳᠤ ᠬᠡᠷᠡᠭᠯᠡᠨ᠎ᠡ᠃ ᠡᠨᠡ ᠵᠢᠯ ᠪᠢᠳᠠ ᠵᠣᠯᠭᠠᠯᠳᠤᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠤᠰ ᠤᠨ ᠪᠡᠯᠡ ᠮᠥᠩᠭᠦ ᠲᠣᠬᠢᠷᠠᠭᠤᠯᠬᠤ ᠳᠡᠮᠵᠢᠯᠭᠡ ᠶᠢᠨ ᠴᠢᠭᠯᠡᠯ ᠢ ᠦᠨᠳᠦᠰᠦᠯᠡᠨ᠂ ᠲᠦᠷᠦᠯ ᠵᠦᠢᠯ ᠢ ᠰᠢᠭᠰᠢᠨ ᠮᠡᠳᠡᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠪᠥᠭᠡᠳ ᠨᠢᠭᠡ ᠪᠦᠯᠦᠭ ᠡᠮᠦᠨᠡᠬᠢ ᠬᠤᠭᠤᠴᠠᠭᠠᠨ ᠤ ᠠᠵᠢᠯ ᠨᠢ ᠪᠣᠯᠪᠠᠰᠤᠷᠠᠩᠭᠤᠶ ᠪᠣᠯᠣᠭᠰᠠᠨ ᠲᠥᠷᠥᠯ ᠵᠦᠢᠯ ᠢ ᠴᠢᠩᠭ᠎ᠠ ᠠᠳᠬᠤᠨ ᠳᠡᠭᠡᠭᠰᠢ ᠮᠡᠳᠡᠭᠦᠯᠵᠦ᠂ ᠤᠯᠤᠰ ᠤᠨ ᠨᠡᠩ ᠣᠯᠠᠨ ᠪᠡᠯᠡ ᠮᠥᠩᠭᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ ᠪᠣᠢ᠃        ᠬᠥᠲᠥᠯᠥᠭᠴᠢ᠄        ᠯᠢᠦ ᠡᠷᠬᠢᠯᠡᠭᠴᠢ ᠡ᠂ ᠰᠠᠶ᠋ᠢ ᠲᠠᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ ᠶᠢ ᠶᠠᠷᠢᠭᠰᠠᠨ ᠪᠠᠶᠢᠨ᠎ᠠ᠂ ᠲᠡᠭᠡᠪᠡᠯ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ ᠲᠠᠯ᠎ᠠ ᠪᠠᠷ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠴᠥᠮ ᠶᠠᠮᠠᠷ ᠶᠠᠮᠠᠷ ᠪᠣᠳᠠᠲᠠᠶ ᠠᠷᠭ᠎ᠠ ᠠᠪᠤᠭᠰᠠᠨ ᠪᠣᠢ︖        ᠯᠢᠦ ᠯᠠᠨ ᠶᠢᠩ᠄        ᠪᠢᠳᠡ ᠳᠡᠭᠡᠪᠦᠷ ᠵᠢᠷᠤᠭ ᠲᠥᠯᠥᠪᠯᠡᠭᠡ ᠪᠠ ᠦᠢᠯᠡᠳᠦᠯᠭᠡ ᠶᠢᠨ ᠬᠠᠶᠢᠨ ᠰᠦᠪᠡᠭᠴᠢᠯᠡᠯᠲᠡ ᠶᠢ ᠤᠶᠠᠯᠳᠤᠭᠤᠯᠬᠤ ᠶᠢ ᠪᠠᠷᠢᠮᠲᠠᠯᠠᠨ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠶᠢ ᠲᠠᠰᠤᠷᠠᠯᠲᠠ ᠦᠭᠡᠢ ᠰᠢᠨ᠎ᠡ ᠪᠠᠷ ᠡᠭᠦᠳᠦᠨ᠂ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ ᠪᠤᠢ᠃ ᠨᠢᠭᠡ ᠳᠤ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠦᠷᠭᠦᠯᠵᠢᠯᠡᠨ ᠠᠬᠢᠭᠤᠯᠵᠤ᠂ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠎ᠡ᠃ ᠣᠳᠣᠬᠠᠨ ᠳᠤ᠂ ᠮᠠᠨ ᠤ ᠵᠥᠪᠯᠡᠯ ᠤᠷᠢᠳ ᠬᠤᠵᠢᠳ ᠬᠤᠶᠠᠷ ᠤᠳᠠᠭ᠎ᠠ ᠨᠡᠶᠢᠲᠡ 48 ᠵᠦᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠳᠣᠷᠣᠭᠰᠢ ᠪᠠᠭᠤᠯᠭᠠᠵᠤ᠂ ᠲᠦᠩᠯᠢᠶᠣᠤ ᠬᠤᠳᠠ ᠶᠢᠨ ᠳᠣᠷᠣᠭᠰᠢ ᠪᠠᠭᠤᠯᠭᠠᠭᠰᠠᠨ ᠬᠢᠨᠠᠨ ᠵᠥᠪᠰᠢᠶᠡᠷᠡᠬᠦ ᠵᠦᠢᠯᠡᠰ ᠤᠨ ᠬᠠᠭᠠᠰ ᠠᠴᠠ ᠳᠡᠭᠡᠭᠰᠢᠬᠢ ᠶᠢ ᠡᠵᠡᠯᠡᠵᠦ᠂ ᠪᠠᠭᠤᠯᠭᠠᠵᠤ ᠪᠣᠯᠬᠤ ᠶᠢ ᠨᠢ ᠪᠦᠭᠦᠳᠡ ᠶᠢ ᠪᠠᠭᠤᠯᠭᠠᠭᠰᠠᠨ ᠭᠡᠵᠦ ᠪᠣᠯᠤᠨ᠎ᠠ ᠃ ᠡᠨᠡ ᠵᠢᠯ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠱᠠᠭᠠᠷᠳᠠᠯᠭ᠎ᠠ ᠶᠣᠰᠣᠭᠠᠷ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠦᠷᠭᠦᠯᠵᠢᠯᠡᠨ ᠭᠦᠨᠵᠡᠭᠡᠶᠢᠷᠡᠭᠦᠯᠬᠦ ᠪᠣᠯᠣᠨ᠎ᠠ᠃ ᠡᠭᠦᠨ ᠤ ᠬᠠᠮᠲᠤ ᠠᠵᠢᠯ ᠤᠨ ᠭᠤᠣᠯᠳᠠᠯᠭ᠎ᠠ ᠪᠠᠨ ᠦᠢᠯᠡᠴᠢᠯᠡᠭᠡᠨ ᠳᠡᠭᠡᠷ᠎ᠡ ᠲᠠᠯᠪᠢᠵᠤ᠂ ︽ᠠᠵᠢᠯ ᠤᠨ ᠰᠤᠷᠲᠠᠯ ᠢᠶᠠᠨ ᠬᠠᠯᠠᠨ ᠰᠠᠶᠢᠵᠢᠷᠠᠭᠤᠯᠵᠤ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠬᠦ︾ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠵᠡᠷᠭᠡ ᠠᠷᠭ᠎ᠠ ᠬᠡᠮᠵᠢᠶ᠎ᠡ ᠶᠢ ᠴᠢᠩᠭᠠᠳᠬᠠᠵᠤ᠂ ᠬᠤᠲᠠ ᠶᠢᠨ ᠲᠤᠰ ᠱᠠᠲᠤᠨ ᠤ ᠵᠠᠰᠠᠭ ᠵᠠᠬᠢᠷᠭᠠᠨ ᠤ ᠡᠷᠬᠡ ᠮᠠᠳᠠᠯ ᠢ ᠳᠣᠷᠣᠭᠰᠢ ᠪᠠᠭᠤᠯᠭᠠᠵᠤ᠂ ᠬᠤᠰᠢᠭᠤ ᠰᠢᠶᠠᠨ ᠬᠤᠳᠠ ᠲᠣᠭᠤᠷᠢᠭ ᠪᠦᠷ ᠲᠤᠰᠤᠨ ᠠᠪᠴᠤ ᠳᠡᠶᠢᠯᠬᠦ ᠶᠢ ᠪᠡᠶᠡᠯᠡᠭᠦᠯᠬᠦ ᠪᠣᠯᠣᠨ᠎ᠠ᠃ ︽ᠲᠣᠰᠬᠤ ᠪᠠ ᠪᠠᠭᠤᠯᠭᠠᠬᠤ︾ ᠶᠢ ᠰᠠᠶᠢᠲᠤᠷ ᠬᠢᠬᠦ ᠶᠢᠨ ᠬᠠᠮᠲᠤ ᠬᠢᠨᠠᠨ ᠵᠥᠪᠰᠢᠶᠡᠷᠡᠬᠦ ᠵᠢᠷᠤᠮ ᠢ ᠲᠠᠰᠤᠷᠠᠯᠳᠠ ᠦᠭᠡᠢ ᠳᠥᠭᠦᠮᠴᠢᠯᠡᠵᠦ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠦᠷᠭᠦᠯᠵᠢᠯᠡᠨ ᠪᠣᠭᠤᠨᠢᠰᠬᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠬᠥᠳᠡᠯᠭᠡᠭᠴᠢ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃        ᠬᠤᠶᠠᠷ ᠲᠤ ᠠᠵᠤ ᠠᠬᠤᠶᠢᠯᠠᠯ ᠤᠨ ᠪᠡᠯᠡ ᠣᠷᠣᠭᠤᠯᠬᠤ ᠲᠥᠷᠥᠯ ᠵᠦᠢᠯ ᠢ ᠰᠦᠯᠵᠢᠶᠡᠨ ᠳᠡᠭᠡᠷ᠎ᠡ ᠬᠤᠯᠪᠣᠭᠠᠯᠠᠨ ᠬᠢᠨᠠᠨ ᠵᠥᠪᠰᠢᠶᠡᠷᠡᠬᠦ ᠪᠦᠷᠬᠦᠯᠲᠡ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ ᠤᠨ ᠬᠥᠨᠳᠡᠯᠡᠨ ᠭᠤᠯᠳᠤ ᠪᠠᠷ ᠨᠡᠪᠲᠡᠷᠡᠬᠦ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠤᠷᠪᠠ ᠳᠤ ᠭᠤᠣᠯᠳᠠᠯᠭ᠎ᠠ ᠲᠠᠢ ᠬᠦᠷᠢᠶᠡᠨ ᠤ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠬᠤ ᠰᠠᠭᠤᠷᠢ ᠮᠥᠩᠭᠦ ᠶᠢ ᠬᠥᠭᠵᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃ ᠠᠷᠠᠳ ᠤᠨ ᠬᠥᠷᠥᠩᠭᠡ ᠶᠢ ᠬᠤᠪᠢ ᠪᠠᠷ ᠢᠶᠠᠨ ᠴᠤᠭᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠡᠭᠦᠰᠭᠡᠨ ᠪᠠᠶᠢᠭᠤᠯᠤᠨ ᠭᠤᠣᠯᠳᠠᠭᠤ ᠤᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠠᠭᠤᠷᠢ ᠪᠡᠯᠡᠳᠬᠡᠮᠵᠢ᠂ ᠣᠷᠣᠨ ᠪᠦᠰᠡ ᠶᠢᠨ ᠨᠡᠭᠡᠭᠡᠨ ᠬᠥᠭᠵᠢᠭᠦᠯᠦᠯᠲᠡ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ᠂ ᠲᠡᠷᠢᠭᠦᠨ ᠤ ᠦᠢᠯᠡᠳᠬᠦ ᠦᠢᠯᠡᠰ ᠵᠡᠷᠭᠡ ᠬᠦᠷᠢᠶᠡᠨ ᠳᠠᠬᠢ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠳᠤ ᠪᠡᠯᠡ ᠣᠷᠣᠭᠤᠯᠬᠤ ᠶᠢ ᠵᠣᠷᠢᠭᠵᠢᠭᠤᠯᠵᠤ᠂ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠪᠠᠷ ᠬᠤᠪᠢᠴᠠᠭ᠎ᠠ ᠬᠤᠳᠠᠯᠳᠤᠨ ᠠᠪᠴᠤ ᠰᠠᠭᠤᠷᠢ ᠮᠥᠩᠭᠦ ᠶᠢᠨ ᠬᠥᠭᠵᠢᠯᠲᠡ ᠶᠢ ᠳᠡᠮᠵᠢᠬᠦ ᠬᠠᠮᠢᠶ᠎ᠠ ᠪᠥᠬᠦᠢ ᠬᠠᠮᠢᠶᠠᠷᠤᠯᠲᠠ ᠶᠢᠨ ᠠᠷᠭ᠎ᠠ ᠶᠢ ᠭᠠᠷᠳᠠᠨ ᠰᠤᠳᠤᠯᠤᠨ᠎ᠠ᠃ ᠪᠢᠳᠡ ᠶᠠᠭ ᠮᠣᠩᠭᠤᠯ ᠡᠮ ᠡᠮᠨᠡᠯᠭᠡ ᠶᠢᠨ ᠠᠵᠤ ᠦᠢᠯᠡᠰ ᠤᠨ ᠰᠠᠭᠤᠷᠢ ᠮᠥᠩᠭᠦ ᠶᠢᠨ ᠲᠠᠪᠴᠠᠩ ᠢ ᠭᠠᠷᠳᠠᠨ ᠪᠠᠶᠢᠭᠤᠯᠵᠤ᠂ ᠡᠨᠡ ᠬᠦ ᠲᠠᠪᠴᠠᠩ ᠢ ᠰᠠᠭᠤᠷᠢ ᠮᠥᠩᠭᠦ ᠶᠢ ᠬᠥᠭᠵᠢᠭᠦᠯᠬᠦ ᠦᠯᠢᠭᠡᠷ ᠳᠠᠭᠤᠷᠢᠶᠠᠯ ᠤᠨ ᠢᠨᠵᠧᠨᠧᠷᠢᠩ ᠪᠣᠯᠭᠠᠨ ᠪᠠᠶᠢᠭᠤᠯᠵᠤ᠂ ᠦᠯᠢᠭᠡᠷ ᠳᠠᠭᠤᠷᠢᠶᠠᠯ ᠤᠨ ᠳᠠᠶᠢᠴᠢᠯᠠᠬᠤ ᠦᠢᠯᠡᠳᠦᠯ ᠪᠠᠳᠠᠷᠠᠭᠤᠯᠬᠤ ᠶᠢ ᠬᠦᠰᠡᠵᠦ ᠪᠤᠢ᠃ ᠳᠦᠷᠪᠡ ᠳᠤ᠂ ᠨᠡᠶᠢᠭᠡᠮ ᠤᠨ ᠪᠡᠯᠡ ᠣᠷᠣᠭᠤᠯᠤᠯᠲᠠ ᠶᠢ ᠤᠯᠠᠮ ᠨᠢᠭᠡ ᠠᠯᠬᠤᠮ ᠵᠣᠷᠢᠭᠵᠢᠭᠤᠯᠬᠤ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠷᠦᠩᠭᠡ ᠶᠢᠨ ᠬᠤᠷᠰᠢᠯᠴᠠᠭ᠎ᠠ ︵PPP︶ ᠶᠢᠨ ᠬᠡᠪ ᠵᠠᠭᠪᠤᠷ ᠢ ᠶᠡᠬᠡᠪᠡᠷ ᠳᠡᠯᠭᠡᠷᠡᠭᠦᠯᠵᠦ᠂ ᠨᠡᠶᠢᠭᠡᠮ ᠤᠨ ᠬᠥᠷᠥᠩᠭᠡ ᠶᠢᠨ ᠣᠷᠣᠯᠴᠠᠬᠤ ᠠᠷᠭ᠎ᠠ ᠮᠠᠶ᠋ᠢᠭ᠂ ᠡᠵᠡᠩᠨᠡᠯᠲᠡ ᠶᠢᠨ ᠠᠷᠭ᠎ᠠ ᠮᠠᠶ᠋ᠢᠭ᠂ ᠠᠰᠢᠭ ᠤᠯᠬᠤ ᠵᠠᠭᠪᠤᠷ᠂ ᠪᠡᠯᠡ ᠣᠷᠣᠭᠤᠯᠤᠯᠲᠠ ᠶᠢᠨ ᠠᠰᠢᠭ ᠬᠦᠷᠳᠡᠬᠦ ᠵᠡᠷᠭᠡ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠪᠦᠷᠢᠨᠰᠢᠭᠦᠯᠵᠦ᠂ ᠨᠡᠶᠢᠭᠡᠮ ᠤᠨ ᠪᠡᠯᠡ ᠮᠥᠩᠭᠦ ᠶᠢᠨ ᠪᠡᠯᠡ ᠣᠷᠣᠭᠤᠯᠤᠯᠲᠠ ᠶᠢ ᠳᠠᠶᠢᠴᠢᠯᠠᠬᠤ ᠪᠣᠯᠣᠨ᠎ᠠ᠃        ᠬᠥᠲᠥᠯᠥᠭᠴᠢ᠄        ᠵᠠ᠂ ᠯᠢᠦ ᠡᠷᠬᠢᠯᠡᠭᠴᠢ ᠶᠢᠨ ᠬᠦᠯᠢᠴᠡᠩᠭᠦᠶ ᠲᠠᠶᠢᠯᠤᠮᠵᠢ ᠬᠢᠭᠰᠡᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠂ ᠲᠤᠰᠬᠠᠶ ᠮᠡᠷᠭᠡᠵᠢᠯ ᠤᠨ ᠡᠭᠦᠳᠡᠨ ᠠᠴᠠ ᠢᠷᠡᠵᠦ ᠮᠠᠰᠢ ᠨᠠᠷᠢᠨ ᠨᠢᠮᠪᠠᠢ ᠲᠠᠶᠢᠯᠪᠤᠷᠢᠯᠠᠭᠰᠠᠨ ᠪᠠᠶᠢᠨ᠎ᠠ᠂ ᠰᠦᠯᠵᠢᠶᠡᠨ ᠤ ᠠᠨᠳᠠ ᠨᠠᠷ ᠤᠨ ᠣᠷᠣᠯᠴᠠᠭᠰᠠᠨ ᠳᠤ ᠲᠠᠯᠠᠷᠬᠠᠯ᠎ᠠ︕ ᠴᠠᠭ ᠤᠨ ᠬᠠᠷᠠᠭ᠎ᠠ ᠠᠴᠠ ᠪᠤᠯᠵᠤ᠂ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠶ ᠵᠤᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号