ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠶᠡᠬᠡᠪᠡᠷ ᠠᠬᠢᠭᠤᠯᠵᠤ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠶ᠎ᠠ
ᠨᠡᠶᠢᠲᠡᠯᠡᠭᠰᠡᠨ ᠴᠠᠭ᠄
2017-03-03
       ᠰᠤᠷᠪᠤᠯᠵᠢᠯᠠᠭᠰᠠᠨ ᠴᠠᠭ᠄        2016 ᠣᠨ ᠤ 8 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨᠡᠬᠢ 10 ᠴᠠᠭ ᠲᠤ        ᠰᠤᠷᠪᠤᠯᠵᠢᠯᠠᠭᠰᠠᠨ ᠵᠤᠴᠢᠨ᠄        ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠠᠷᠢᠶᠠᠯᠠᠩ ᠤᠨ ᠶᠡᠷᠦᠩᠬᠡᠢ ᠮᠡᠷᠭᠡᠵᠢᠯᠲᠡᠨ ᠸᠠᠩ ᠢᠦᠢ ᠹᠸᠡᠭ        ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄        ᠡᠨᠡ ᠵᠢᠯ᠂ ᠲᠥᠪ ᠠᠴᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠠᠷ ᠳᠤᠷᠠᠳᠤᠭᠰᠠᠨ ᠶᠠᠪᠤᠳᠠᠯ ᠨᠢ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠬᠦ᠂ ᠡᠳ᠋ᠰᠢᠭᠦᠯᠬᠦ ᠶᠢ ᠨᠡᠩ ᠪᠦᠲᠦᠮᠵᠢᠲᠡᠶ ᠪᠠᠷ ᠲᠣᠬᠢᠷᠠᠭᠤᠯᠬᠤ ᠳᠤ ᠰᠠᠶᠢᠨ ᠰᠠᠶᠢᠬᠠᠨ ᠠᠬᠤᠶ ᠪᠠᠶᠢᠳᠠᠯ ᠪᠣᠯᠤᠨ ᠠᠭᠤᠷ ᠠᠮᠢᠰᠬᠤᠯ ᠢ ᠪᠤᠢ ᠪᠣᠯᠭᠠᠵᠤ ᠥᠭᠪᠡ᠃ ᠦᠢᠯᠡᠳᠪᠦᠷᠢᠯᠡᠬᠦ᠂ ᠡᠳ᠋ᠰᠢᠭᠦᠯᠬᠦ᠂ ᠭᠠᠳᠠᠭᠰᠢ ᠭᠠᠷᠭᠠᠬᠤ ᠵᠡᠷᠭᠡ ᠪᠣᠳᠠᠲᠠᠶ ᠵᠠᠩᠭᠢᠯᠠᠭ᠎ᠠ ᠠᠴᠠ ᠬᠡᠷᠬᠢᠨ ᠭᠠᠷᠳᠠᠵᠤ᠂ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠦᠨ᠂ ᠥᠪᠥᠷ ᠮᠣᠩᠭᠤᠯ ᠤᠨ ᠪᠣᠬᠢᠷᠲᠤᠯ ᠦᠭᠡᠢ ᠴᠢᠨᠠᠷ ᠰᠠᠶᠢᠲᠠᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠥᠷᠥᠯ ᠲᠡᠮᠳᠡᠭᠲᠦ ᠶᠢ ᠴᠤᠭᠴᠠᠯᠠᠨ ᠪᠠᠶᠢᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠬᠦ ᠳᠤ᠂ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠠᠷ ᠳᠠᠮᠵᠢᠭᠤᠯᠤᠨ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃        ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ        ᠬᠥᠲᠥᠯᠥᠭᠴᠢ᠄        ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠠᠷᠢᠶᠠᠯᠠᠩ ᠤᠨ ᠶᠡᠷᠦᠩᠬᠡᠢ ᠮᠡᠷᠭᠡᠵᠢᠯᠲᠡᠨ ᠸᠠᠩ ᠢᠦᠢ ᠹᠸᠡᠭ ᠢ ︽ᠳᠤᠮᠳᠠᠳᠤ ᠤᠯᠤᠰ ᠥᠪᠥᠷ ᠮᠣᠩᠭᠤᠯ︾ ᠰᠦᠯᠵᠢᠶᠡᠨ ᠳᠤ ᠤᠷᠢᠵᠤ ᠲᠠ ᠨᠠᠷ ᠲᠠᠢ ᠶᠠᠷᠢᠯᠴᠠᠭᠤᠯᠬᠤ ᠪᠣᠯᠣᠨ᠎ᠠ᠂ ᠥᠷᠭᠡᠨ ᠣᠯᠠᠨ ᠰᠦᠯᠵᠢᠶᠡᠨ ᠠᠨᠳᠠ ᠨᠠᠷ ᠤᠨ ᠢᠳᠡᠪᠬᠢᠲᠡᠶ ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕        ᠸᠠᠩ ᠢᠦᠢ ᠹᠸᠡᠭ᠄        ᠬᠥᠲᠥᠯᠥᠭᠴᠢ ᠰᠠᠶᠢᠨ ᠪᠠᠶᠢᠨ᠎ᠠ ᠦᠦ᠂ ᠰᠦᠯᠵᠢᠶᠡᠨ ᠠᠨᠳᠠ ᠲᠠ ᠪᠦᠭᠦᠨ ᠰᠠᠶᠢᠨ ᠪᠠᠶᠢᠵᠠᠭᠠᠨ᠎ᠠ ᠦᠦ︕ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠳᠤ ᠢᠷᠡᠵᠦ ᠲᠠ ᠪᠥᠬᠦᠨ ᠲᠠᠢ ᠵᠣᠭᠤᠭᠳᠠᠬᠤ ᠪᠣᠯᠣᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃        ᠬᠥᠲᠥᠯᠥᠭᠴᠢ᠄        ᠸᠠᠩ ᠲᠢᠩᠬᠢᠮ ᠤᠨ ᠳᠠᠷᠤᠭ᠎ᠠ ᠡ᠂ ᠶᠠᠭᠤᠨ ᠳᠤ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠬᠤ ᠨᠢ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠤ ᠲᠦᠢᠯ ᠤᠨ ᠴᠢᠬᠤᠯᠠ ᠭᠡᠵᠦ ᠬᠡᠯᠡᠳᠡᠭ ᠪᠤᠢ︖        ᠸᠠᠩ ᠢᠦᠢ ᠹᠸᠡᠭ᠄        ︽8337︾ ᠬᠥᠭᠵᠢᠯᠲᠡ ᠶᠢᠨ ᠰᠡᠳᠬᠢᠮᠵᠢ ᠳᠤ ︽ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ︾ ᠢ ᠪᠥᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠭᠲᠠᠭᠠᠯᠲᠠ ᠶᠢ ᠳᠤᠷᠠᠳᠤᠭᠰᠠᠨ ᠠᠴᠠ ᠨᠠᠰᠢ᠂ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠬᠥᠭᠵᠢᠯᠲᠡ ᠶᠢᠨ ᠰᠡᠳᠬᠢᠮᠵᠢ ᠪᠠᠨ ᠢᠳᠡᠪᠬᠢᠲᠡᠶ ᠬᠤᠪᠢᠷᠠᠭᠤᠯᠵᠤ᠂ ᠥᠡᠭᠭᠡᠷᠡᠭᠰᠡᠨ ᠤ ᠨᠢᠭᠡᠳᠦᠭᠡᠷ ᠠᠵᠤ ᠦᠢᠯᠡᠰ ᠨᠢ ᠨᠢᠭᠡᠳᠦᠭᠡᠷ ᠠᠵᠤ ᠦᠢᠯᠡᠰ ᠢᠶᠠᠨ ᠯᠠ ᠠᠳᠬᠤᠳᠠᠭ ᠪᠠᠶᠢᠭᠰᠠᠨ ᠠᠴᠠ ᠪᠠᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠴᠦᠮ ᠠᠳᠬᠤᠬᠤ ᠪᠣᠯᠵᠤ᠂ ︽ᠭᠠᠳᠠᠭᠰᠢ ᠭᠠᠷᠭᠠᠬᠤ︾ ᠡᠨᠡ ᠨᠢᠭᠡᠨ ᠦᠵᠦᠭᠦᠷ ᠤᠨ ᠵᠠᠩᠭᠢᠯᠠᠭ᠎ᠠ ᠶᠢ ᠨᠡᠩ ᠴᠢᠬᠤᠯᠠᠴᠢᠯᠠᠬᠤ ᠪᠣᠯᠪᠠ᠃ ᠡᠶᠢᠮᠦᠷᠬᠦ ᠫᠢᠫᠠ ᠴᠢᠪᠬᠠᠳᠠᠬᠤ ᠠᠷᠭ᠎ᠠ ᠮᠠᠶ᠋ᠢᠭ ᠢᠶᠠᠷ ᠬᠠᠷᠢᠯᠴᠠᠨ ᠦᠢᠯᠡᠳᠦᠯᠴᠡᠬᠦ ᠲᠣᠭᠲᠠᠴᠠ ᠶᠢ ᠪᠦᠷᠢᠯᠳᠦᠭᠦᠯᠵᠦ᠂ ︽ᠭᠠᠳᠠᠭᠰᠢ ᠭᠠᠷᠭᠠᠬᠤ︾ ᠪᠠᠷ ᠳᠠᠮᠵᠢᠭᠤᠯᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠪᠣᠯᠣᠨ ᠲᠤᠭ᠎ᠠ ᠬᠡᠮᠵᠢᠶ᠎ᠡ ᠨᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠵᠦ ᠪᠠᠶᠢᠬᠤ ᠡᠰᠡᠬᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠠᠰᠢᠭᠲᠠᠶ ᠪᠠᠶᠢᠬᠤ ᠡᠰᠡᠬᠦ᠂ ᠦᠢᠯᠡᠳᠪᠦᠷᠢᠯᠡᠬᠦ ᠪᠠ ᠡᠳ᠋ᠰᠢᠭᠦᠯᠬᠦ ᠨᠢ ᠬᠡᠷᠡᠭᠴᠡᠭᠡ ᠳᠤ ᠨᠡᠶᠢᠴᠡᠵᠦ ᠪᠠᠶᠢᠬᠤ ᠡᠰᠡᠬᠦ ᠶᠢ ᠰᠢᠯᠭᠠᠨ ᠪᠠᠶᠢᠴᠠᠭᠠᠨ ᠬᠢᠨᠠᠨ ᠦᠵᠡᠭᠡᠳ᠂ ᠡᠭᠦᠨ ᠤ ᠣᠯᠠᠮ ᠢᠶᠠᠷ ᠡᠳ᠋ᠰᠢᠭᠦᠯᠬᠦ ᠶᠢ ᠳᠠᠶᠢᠴᠢᠯᠠᠨ᠂ ᠦᠢᠯᠡᠳᠪᠦᠷᠢᠯᠡᠯ ᠢ ᠵᠢᠯᠤᠭᠤᠳᠴᠤ᠂ ᠵᠠᠬ᠎ᠠ ᠳᠡᠯᠭᠡᠭᠦᠷ ᠲᠤ ᠬᠡᠷᠡᠭᠴᠡᠭᠡᠲᠡᠢ ᠮᠥᠷᠲᠡᠭᠡᠨ ᠲᠤᠭ᠎ᠠ ᠬᠡᠮᠵᠢᠶ᠎ᠡ ᠨᠢ ᠲᠣᠬᠢᠷᠠᠮᠵᠢᠲᠠᠶ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠠᠨᠭ᠍ᠭᠠᠵᠤ᠂ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠪᠠ᠃ ᠭᠤᠷᠪᠠᠨ ᠵᠢᠯ ᠭᠠᠷᠤᠶ ᠶᠢᠨ ᠬᠠᠶᠢᠨ ᠰᠦᠪᠡᠭᠴᠢᠯᠡᠯᠲᠡ ᠪᠣᠯᠣᠨ ᠦᠢᠯᠡᠳᠦᠯᠭᠡ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠭᠠᠳ᠂ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠥᠲᠦᠭᠡᠭᠳᠡᠭᠦᠨ ᠢ ᠦᠢᠯᠡᠳᠪᠦᠷᠯᠡᠬᠦ᠂ ᠡᠳ᠋ᠰᠢᠭᠦᠯᠬᠦ ᠳᠤ ᠶᠠᠭ ᠭᠦᠨᠵᠡᠭᠡᠶ ᠲᠤᠬᠢᠷᠠᠭᠤᠯᠤᠯᠲᠠ ᠬᠢᠵᠦ ᠪᠣᠢ᠃        ᠬᠥᠲᠥᠯᠥᠭᠴᠢ᠄        ᠲᠡᠭᠡᠪᠡᠯ ᠮᠠᠨ ᠤ ᠣᠷᠣᠨ ᠤ ᠣᠳᠣᠬᠠᠨ ᠳᠤ ᠲᠤᠯᠭᠠᠷᠠᠵᠤ ᠪᠠᠶᠢᠭ᠎ᠠ ᠪᠡᠷᠬᠡ ᠰᠡᠳᠦᠪ ᠪᠣᠯᠣᠨ ᠥᠷᠢᠰᠦᠯᠳᠦᠭᠡᠨ ᠨᠢ ᠶᠠᠭᠤ ᠪᠤᠢ︖        ᠸᠠᠩ ᠢᠦᠢ ᠹᠸᠡᠭ᠄        ᠡᠨᠡ ᠵᠢᠯ᠂ ᠲᠥᠪ ᠠᠴᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠠᠷ ᠳᠤᠷᠠᠳᠤᠭᠰᠠᠨ ᠶᠠᠪᠤᠳᠠᠯ ᠨᠢ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠬᠦ᠂ ᠡᠳ᠋ᠰᠢᠭᠦᠯᠬᠦ ᠶᠢ ᠨᠡᠩ ᠪᠦᠲᠦᠮᠵᠢᠲᠡᠶ ᠪᠠᠷ ᠲᠣᠬᠢᠷᠠᠭᠤᠯᠬᠤ ᠳᠤ ᠰᠠᠶᠢᠨ ᠰᠠᠶᠢᠬᠠᠨ ᠠᠬᠤᠶ ᠪᠠᠶᠢᠳᠠᠯ ᠪᠣᠯᠤᠨ ᠠᠭᠤᠷ ᠠᠮᠢᠰᠬᠤᠯ ᠢ ᠪᠤᠢ ᠪᠣᠯᠭᠠᠵᠤ ᠥᠭᠪᠡ᠃ ᠦᠨᠡᠨ ᠢ ᠬᠡᠯᠡᠪᠡᠯ᠂ ᠮᠠᠨ ᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠨᠢ ᠬᠡᠷᠡᠭᠴᠡᠭᠡᠨ ᠤ ᠬᠤᠪᠢᠷᠠᠯᠲᠠ ᠲᠠᠢ ᠲᠦᠷᠭᠡᠨ ᠵᠣᠬᠢᠴᠠᠵᠤ ᠴᠢᠳᠠᠬᠤ ᠦᠭᠡᠢ ᠪᠠᠶᠢᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠴᠡ ᠶᠢᠨ ᠴᠢᠨᠠᠷᠲᠠᠶ ᠳᠤᠲᠠᠭᠤᠳᠠᠯ ᠪᠣᠯᠣᠨ ᠲᠦᠷ ᠴᠠᠭ ᠤᠨ ᠴᠢᠨᠠᠷᠲᠠᠢ᠂ ᠬᠠᠷᠢᠴᠠᠩᠭᠤᠶ ᠴᠢᠨᠠᠷᠲᠠᠢ ᠦᠯᠡᠭᠦᠳᠡᠯ ᠬᠤᠣᠰᠯᠠᠨ ᠣᠷᠣᠰᠢᠵᠤ ᠪᠠᠶᠢᠨ᠎ᠠ᠃ ᠨᠢᠭᠡ ᠲᠠᠯ᠎ᠠ ᠪᠠᠷ᠂ ︽ᠲᠤᠭ᠎ᠠ︾ ᠶᠢᠨ ᠲᠠᠯ᠎ᠠ ᠠᠴᠠ ᠠᠪᠴᠤ ᠬᠡᠯᠡᠪᠡᠯ᠂ ᠢᠯᠡᠷᠡᠯ ᠨᠢ ᠭᠡᠪᠡᠯ ᠦᠢᠯᠡᠳᠬᠦᠨ ᠤ ᠳᠦᠷᠦᠯ ᠵᠦᠢᠯ ᠬᠠᠨᠭ᠍ᠭᠠᠯᠭ᠎ᠠ ᠶᠢᠨ ᠪᠦᠲᠦᠴᠡ ᠶᠢᠨ ᠴᠢᠨᠠᠷᠲᠠᠶ ᠲᠡᠩᠴᠡᠭᠦᠷᠢ ᠪᠠᠨ ᠠᠯᠳᠠᠵᠤ᠂ ︽ᠠᠮᠤ ᠪᠣᠳᠠᠭᠠᠨ ᠲᠠᠷᠢᠮᠠᠯ᠂ ᠠᠵᠤ ᠠᠬᠤᠢ ᠶᠢᠨ ᠲᠠᠷᠢᠮᠠᠯ᠂ ᠪᠣᠷᠳᠣᠭᠠᠨ ᠲᠠᠷᠢᠮᠠᠯ︾ ᠵᠡᠷᠭᠡ ᠶᠡᠭᠡ ᠬᠡᠮᠵᠢᠶᠡᠨ ᠤ ᠲᠠᠷᠢᠮᠠᠯ ᠤᠨ ᠬᠤᠭᠤᠷᠣᠨᠳᠣᠬᠢ ᠪᠦᠲᠦᠴᠡ ᠲᠡᠩᠴᠡᠭᠦᠷᠢ ᠦᠭᠡᠢ ᠪᠠᠶᠢᠵᠤ᠂ ᠲᠠᠷᠢᠮᠠᠯ ᠤᠨ ᠲᠠᠯ᠎ᠠ ᠪᠠᠷ ᠡᠷᠳᠡᠨᠢ ᠰᠢᠰᠢ ᠭᠤᠣᠯᠯᠠᠵᠤ᠂ ᠮᠠᠯ ᠰᠦᠷᠦᠭ ᠤᠨ ᠲᠠᠯ᠎ᠠ ᠪᠠᠷ ᠬᠤᠨᠢ ᠪᠠᠷ ᠭᠤᠣᠯᠯᠠᠵᠤ᠂ ᠴᠠᠷᠭᠠᠰᠤ ᠵᠡᠷᠭᠡ ᠴᠢᠨᠠᠷ ᠰᠠᠶᠢᠲᠠᠶ ᠡᠯᠪᠡᠭ ᠤᠭᠤᠷᠠᠭᠲᠤ ᠲᠡᠵᠢᠭᠡᠯ ᠡᠪᠡᠰᠦᠨ ᠤ ᠬᠠᠩᠭᠠᠯᠭ᠎ᠠ ᠬᠦᠷᠦᠯᠴᠡᠬᠦ ᠦᠭᠡᠢ ᠪᠠᠶᠢᠨ᠎ᠠ᠃ ᠨᠦᠭᠦᠭᠡ ᠲᠠᠯ᠎ᠠ ᠪᠠᠷ᠂ ︽ᠴᠢᠨᠠᠷ︾ ᠤᠨ ᠲᠠᠯ᠎ᠠ ᠠᠴᠠ ᠠᠪᠴᠤ ᠬᠡᠯᠡᠪᠡᠯ᠂ ᠢᠯᠡᠷᠡᠯ ᠨᠢ ᠭᠡᠪᠡᠯ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ ᠶᠠᠰᠤ ᠴᠢᠨᠠᠷ ᠲᠡᠩᠴᠡᠭᠦᠷᠢ ᠪᠠᠨ ᠠᠯᠳᠠᠵᠤ᠂ ᠡᠩ ᠤᠨ ᠲᠦᠷᠦᠯ ᠵᠦᠢᠯ ᠤᠨ ᠬᠠᠨᠭ᠍ᠭᠠᠯᠭ᠎ᠠ ᠶᠢᠨ ᠬᠡᠮᠵᠢᠶ᠎ᠡ ᠶᠡᠭᠡ᠂ ᠬᠠᠷᠢᠨ ᠴᠢᠨᠠᠷ ᠰᠠᠶᠢᠲᠠᠶ᠂ ᠲᠤᠰᠬᠠᠶ ᠬᠡᠷᠡᠭᠯᠡᠭᠡᠨ ᠤ ᠲᠦᠷᠦᠯ ᠵᠦᠢᠯ ᠴᠥᠭᠡᠨ ᠪᠠᠶᠢᠨ᠎ᠠ᠃ ᠬᠡᠷᠪᠡ ᠡᠳᠡᠭᠡᠷ ᠠᠰᠠᠭᠤᠳᠠᠯ ᠢ ᠤᠷᠳᠤ ᠬᠤᠭᠤᠴᠠᠭ᠎ᠠ ᠪᠠᠷ ᠪᠦᠲᠦᠮᠵᠢᠲᠡᠶ ᠰᠢᠢᠳᠪᠦᠷᠢᠯᠡᠵᠦ ᠴᠢᠳᠠᠬᠤ ᠦᠭᠡᠢ ᠪᠣᠯ᠂ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠨᠥᠯᠥᠭᠡᠯᠡᠬᠦ ᠨᠢ ᠯᠠᠪᠲᠠᠶ ᠶᠤᠮ᠃        ᠬᠥᠲᠥᠯᠥᠭᠴᠢ᠄        ᠡᠨᠡ ᠵᠢᠯ ᠤᠨ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠭᠦᠯᠦᠨ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠠᠵᠢᠯ ᠤᠨ ᠭᠤᠣᠯᠳᠠᠯᠭ᠎ᠠ ᠨᠢ ᠶᠠᠭᠤ ᠪᠤᠢ︖        ᠸᠠᠩ ᠢᠦᠢ ᠹᠧᠩ᠄        ᠡᠨᠡ ᠵᠢᠯ ᠤᠨ ᠲᠠᠷᠢᠶᠠᠯᠠᠩ ᠮᠠᠯ ᠠᠵᠤ ᠠᠬᠤᠶ ᠶᠢᠨ ᠰᠢᠰᠲ᠋ᠧᠮ ᠤᠨ ᠠᠵᠢᠯ ᠤᠨ ᠭᠤᠣᠯᠳᠠᠯᠭ᠎ᠠ ᠪᠤᠯ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠶᠡᠬᠡᠪᠡᠷ ᠲᠦᠯᠬᠢᠨ ᠠᠬᠢᠭᠤᠯᠵᠤ᠂ ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠭᠠᠳᠠᠭᠰᠢ ᠭᠠᠷᠭᠠᠬᠤ ᠵᠡᠷᠭᠡ ᠪᠣᠳᠠᠲᠠᠶ ᠵᠠᠩᠭᠢᠯᠠᠭ᠎ᠠ ᠠᠴᠠ ᠭᠠᠷᠳᠠᠵᠤ᠂ ᠴᠢᠷᠮᠠᠶᠢᠵᠤ ᠪᠠᠶᠢᠭᠠᠳ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠶᠠᠰᠤ ᠴᠢᠨᠠᠷ ᠢ ᠳᠡᠭᠡᠭᠰᠢᠯᠡᠭᠦᠯᠵᠦ᠂ ᠪᠣᠷᠣᠯᠠᠭᠤᠯᠭ᠎ᠠ ᠰᠠᠶᠢᠲᠠᠶ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠵᠦ᠂ ᠥᠪᠥᠷ ᠮᠣᠩᠭᠤᠯ ᠤᠨ ᠪᠣᠬᠢᠷᠲᠤᠯ ᠦᠭᠡᠢ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠥᠷᠥᠯ ᠲᠡᠮᠳᠡᠭᠲᠦ ᠶᠢ ᠡᠭᠦᠳᠴᠦ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠬᠤ ᠶᠠᠪᠤᠳᠠᠯ ᠪᠤᠯᠤᠨ᠎ᠠ᠃        ᠨᠢᠭᠡ᠂ ᠦᠢᠯᠡᠳᠪᠦᠷᠢᠯᠡᠯ ᠤᠨ ᠲᠠᠯ᠎ᠠ ᠪᠠᠷ᠂ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠶ᠃ ᠦᠢᠯᠡᠳᠪᠦᠷᠢᠯᠡᠯ ᠤᠨ ᠵᠠᠩᠭᠢᠯᠠᠭ᠎ᠠ ᠪᠤᠯ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠰᠠᠭᠤᠷᠢ ᠪᠤᠯᠤᠨ᠎ᠠ᠃ ᠮᠠᠨ ᠤ ᠤᠷᠤᠨ ᠤ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠭ᠎ᠠ ᠳᠠᠪᠠᠭᠤᠯᠢᠭ ᠲᠠᠯ᠎ᠠ ᠪᠠᠨ ᠭᠦᠢᠴᠡᠳ ᠪᠠᠳᠠᠷᠠᠭᠤᠯᠵᠤ᠂ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠪᠠᠷ ᠦᠢᠯᠡᠳᠪᠦᠷᠢᠯᠡᠯ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠦᠨ᠎ᠡ᠃        ᠸᠠᠩ ᠢᠦᠢ ᠹᠧᠩ᠄        ᠨᠢᠭᠡ ᠳᠤ ᠲᠠᠷᠢᠵᠤ ᠲᠡᠵᠢᠭᠡᠬᠦ ᠪᠦᠲᠦᠴᠡ ᠪᠠᠨ ᠲᠣᠬᠢᠷᠠᠭᠤᠯᠤᠨ ᠰᠢᠯᠢᠳᠡᠭᠵᠢᠭᠦᠯᠦᠨ᠎ᠡ᠃ ᠮᠠᠨ ᠤ ᠣᠷᠣᠨ ᠤ ᠠᠮᠤ ᠪᠤᠳᠠᠭᠠᠨ ᠤ ᠭᠤᠣᠯ ᠭᠠᠷᠤᠯᠲᠠ ᠶᠢᠨ ᠮᠣᠵᠢ ᠣᠷᠣᠨ ᠪᠠ ᠮᠠᠯ ᠠᠵᠤ ᠠᠬᠤᠶ ᠶᠢᠨ ᠳᠤᠮᠤ ᠮᠤᠵᠢ ᠪᠣᠯᠬᠤ ᠳᠠᠪᠠᠭᠤᠯᠢᠭ ᠲᠤ ᠪᠠᠨ ᠰᠠᠭᠤᠷᠢᠯᠠᠨ᠂ ᠲᠠᠷᠢᠵᠦ ᠲᠡᠵᠢᠭᠡᠬᠦ ᠶᠢᠨ ᠬᠤᠭᠤᠷᠣᠨᠳᠣᠬᠢ ᠪᠦᠲᠦᠴᠡ ᠶᠢ ᠲᠣᠬᠢᠷᠠᠭᠤᠯᠵᠤ᠂ ᠲᠠᠷᠢᠵᠦ ᠲᠡᠵᠢᠭᠡᠬᠦ ᠶᠢ ᠤᠷᠴᠢᠯᠳᠤᠭᠤᠯᠬᠤ᠂ ᠠᠮᠤ ᠡᠪᠡᠰᠦ ᠶᠢ ᠬᠠᠮᠲᠤ ᠳᠤᠨᠢ ᠬᠠᠷᠠᠭᠠᠯᠵᠠᠬᠤ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠲᠠᠷᠢᠵᠦ ᠲᠡᠵᠢᠭᠡᠬᠦ ᠪᠦᠲᠦᠴᠡ ᠶᠢ ᠪᠠᠶᠢᠭᠤᠯᠤᠨ᠎ᠠ᠃ ᠪᠣᠳᠠᠲᠠᠶ ᠰᠡᠳᠬᠢᠴᠡ ᠪᠤᠯ ᠨᠣᠭᠤᠭᠠᠨ ᠳᠠᠷᠤᠰᠢ ᠶᠢᠨ ᠡᠷᠳᠡᠨᠢ ᠰᠢᠰᠢ ᠪᠠ ᠲᠡᠵᠢᠭᠡᠯ ᠡᠪᠡᠰᠦ ᠶᠢ ᠶᠡᠬᠡᠪᠡᠷ ᠬᠦᠭᠵᠢᠭᠦᠯᠵᠦ᠂ ᠮᠠᠯ ᠤᠨ ᠬᠡᠪᠡᠯᠢ ᠪᠠᠷ ᠳᠠᠮᠵᠢᠭᠤᠯᠤᠨ ᠬᠤᠪᠢᠷᠠᠭᠤᠯᠵᠤ᠂ ᠨᠣᠭᠤᠭᠠᠨ ᠳᠠᠷᠤᠰᠢ ᠶᠢᠨ ᠡᠷᠳᠡᠨᠢ ᠰᠢᠰᠢ᠂ ᠲᠡᠵᠢᠭᠡᠯ ᠡᠪᠡᠰᠦ ᠵᠡᠷᠭᠡ ᠲᠡᠵᠢᠭᠡᠯ ᠪᠤᠷᠳᠤᠭ᠎ᠠ ᠶᠢ ᠮᠢᠬ᠎ᠠ᠂ ᠥᠨᠳᠡᠭᠡ᠂ ᠰᠦ᠂ ᠠᠷᠠᠰᠤ ᠨᠣᠣᠰᠣ ᠪᠤᠯᠭᠠᠨ ᠬᠤᠪᠢᠷᠠᠭᠤᠯᠵᠤ᠂ ᠪᠦᠲᠦᠴᠡ ᠶᠢ ᠲᠣᠬᠢᠷᠠᠭᠤᠯᠬᠤ ᠪᠠ ᠣᠷᠣᠯᠭ᠎ᠠ ᠶᠢ ᠨᠡᠮᠡᠭᠳᠡᠭᠦᠯᠬᠦ ᠪᠠᠷ ︽ᠬᠤᠶᠠᠷ ᠲᠠᠯ᠎ᠠ ᠪᠠᠷ ᠢᠶᠠᠨ ᠠᠰᠢᠭ ᠬᠦᠷᠳᠡᠬᠦ︾ ᠶᠢ ᠪᠡᠶᠡᠯᠡᠭᠦᠯᠦᠨ᠎ᠡ᠃ ᠲᠠᠷᠢᠮᠠᠯ ᠤᠨ ᠦᠢᠯᠡᠰ ᠤᠨ ᠲᠠᠯ᠎ᠠ ᠪᠠᠷ᠂ ︽ᠲᠡᠵᠢᠭᠡᠬᠦ ᠶᠢᠨ ᠲᠥᠯᠥᠭᠡ ᠲᠠᠷᠢᠬᠤ᠂ ᠮᠠᠯᠵᠢᠬᠤ ᠶᠢᠨ ᠲᠤᠯᠦᠭᠡ ᠲᠠᠷᠢᠬᠤ︾ ᠰᠡᠳᠬᠢᠴᠡ ᠶᠢᠨ ᠶᠤᠰᠤᠭᠠᠷ᠂ ᠤᠯᠤᠰ ᠠᠴᠠ ︽ᠠᠮᠤ ᠶᠢ ᠪᠤᠷᠳᠤᠭ᠎ᠠ ᠪᠠᠷ ᠦᠭᠡᠷᠡᠴᠢᠯᠡᠬᠦ︾ ᠶᠢ ᠬᠡᠷᠡᠭᠵᠢᠭᠦᠯᠬᠦ ᠠᠵᠠ ᠲᠣᠬᠢᠶᠠᠯ ᠢ ᠠᠳᠬᠤᠵᠤ᠂ ᠮᠦᠬᠦᠯᠢᠭᠲᠦ ᠡᠷᠳᠡᠨᠢ ᠰᠢᠰᠢ ᠲᠠᠷᠢᠬᠤ ᠲᠠᠯᠠᠪᠠᠢ ᠶᠢ ᠪᠠᠭᠠᠰᠬᠠᠵᠤ᠂ ᠨᠣᠭᠤᠭᠠᠨ ᠳᠠᠷᠤᠰᠢ ᠶᠢᠨ ᠡᠷᠳᠡᠨᠢ ᠰᠢᠰᠢ ᠪᠠ ᠲᠡᠵᠢᠭᠡᠯ ᠡᠪᠡᠰᠦ ᠲᠠᠷᠢᠬᠤ ᠲᠠᠯᠠᠪᠠᠢ ᠶᠢ ᠦᠷᠭᠡᠳᠬᠡᠨ᠎ᠡ᠃ ᠡᠨᠡ ᠵᠢᠯ ᠤᠨ ᠭᠤᠣᠯᠳᠠᠯᠭ᠎ᠠ ᠲᠠᠢ ᠡᠭᠦᠷᠭᠡ ᠪᠣᠯ ᠥᠨᠳᠥᠷ ᠥᠷᠭᠡᠷᠢᠭ᠂ ᠳᠠᠯᠠᠶ ᠶᠢᠨ ᠲᠦᠪᠰᠢᠨ ᠠᠴᠠ ᠥᠨᠳᠥᠷ ᠣᠷᠣᠨ ᠳᠤ ᠪᠠ ᠬᠦᠨᠳᠦ ᠨᠣᠴᠢᠲᠠᠶ ᠭᠠᠩ ᠬᠠᠭᠤᠷᠠᠶ ᠣᠷᠣᠨ ᠳᠤ ᠮᠦᠬᠦᠯᠢᠭᠲᠦ ᠡᠷᠳᠡᠨᠢ ᠰᠢᠰᠢ ᠲᠠᠷᠢᠬᠤ ᠲᠠᠯᠠᠪᠠᠢ ᠶᠢ 200 ᠲᠦᠮᠡᠨ ᠮᠦ ᠪᠠᠭᠠᠰᠬᠠᠨ᠎ᠠ︔ ᠨᠣᠭᠤᠭᠠᠨ ᠳᠠᠷᠤᠰᠢ ᠶᠢᠨ ᠡᠷᠳᠡᠨᠢ ᠰᠢᠰᠢ ᠲᠠᠷᠢᠬᠤ ᠲᠠᠯᠠᠪᠠᠢ ᠶᠢ 300 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ 800 ᠲᠦᠮᠡᠨ ᠮᠦ ᠳᠤ ᠬᠦᠷᠦᠭᠦᠯᠦᠨ᠎ᠡ︔ ᠴᠢᠨᠠᠷ ᠰᠠᠶᠢᠨ ᠥᠨᠳᠥᠷ ᠤᠨᠠᠯᠲᠠ ᠲᠠᠢ ᠪᠤᠷᠤ ᠴᠠᠷᠭᠠᠰᠤ ᠲᠡᠷᠢᠬᠤ ᠲᠠᠯᠠᠪᠠᠢ ᠶᠢ 25 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ 900 ᠲᠦᠮᠡᠨ ᠮᠦ ᠬᠦᠷᠦᠭᠦᠯᠦᠨ᠎ᠡ᠃        ᠸᠠᠩ ᠢᠦᠢ ᠹᠧᠩ᠄        ᠮᠠᠯ ᠠᠵᠤ ᠠᠬᠤᠢ ᠶᠢᠨ ᠲᠠᠯ᠎ᠠ ᠪᠠᠷ᠂ ︽ᠬᠤᠨᠢ ᠦᠬᠡᠷ ᠢ ᠪᠠᠲᠤᠯᠠᠨ ᠨᠡᠮᠡᠭᠳᠡᠭᠦᠯᠬᠦ︾ ᠪᠠ ᠭᠠᠭ᠋ᠠᠶ ᠵᠢᠭᠦᠷᠲᠡᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠶ ᠪᠠᠷ ᠵᠠᠯᠭᠠᠨ ᠠᠪᠬᠤ ᠶᠢ ᠬᠡᠷᠡᠭᠵᠢᠭᠦᠯᠵᠦ᠂ ᠭᠠᠭ᠋ᠠᠶ ᠵᠢᠭᠦᠷᠲᠡᠨ ᠢ ᠲᠡᠵᠢᠭᠡᠨ ᠦᠷᠡᠵᠢᠭᠦᠯᠬᠦ ᠳᠤᠲᠠᠭᠤ ᠲᠠᠯ᠎ᠠ ᠶᠢ ᠨᠦᠬᠦᠪᠦᠷᠢᠯᠡᠵᠦ᠂ ᠲᠠᠷᠢᠶᠠᠯᠠᠩ ᠮᠠᠯ ᠠᠵᠤ ᠠᠬᠤᠶ ᠶᠢ ᠤᠶᠠᠯᠳᠤᠭᠤᠯᠵᠤ᠂ ᠬᠡᠪᠡᠯᠢ ᠪᠠᠷ ᠳᠠᠮᠵᠢᠭᠤᠯᠤᠨ ᠤᠯᠠᠷᠢᠨ ᠰᠢᠯᠵᠢᠭᠦᠯᠬᠦ ᠪᠠᠷ ᠳᠠᠮᠵᠢᠨ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠶᠢ ᠲᠤᠬᠢᠷᠠᠭᠤᠯᠵᠤ᠂ ᠠᠮᠢ ᠠᠬᠤᠶ ᠶᠢᠨ ᠬᠠᠮᠠᠭᠠᠯᠠᠬᠤ ᠪᠠ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠡᠨᠡ ᠵᠢᠯ ᠤᠨ ᠭᠤᠣᠯᠳᠠᠯᠭ᠎ᠠ ᠪᠣᠯ ︽ᠮᠢᠩᠭ᠎ᠠ ᠲᠦᠮᠡᠨ ᠲᠣᠯᠣᠭᠠᠶ ᠠᠯᠠᠰᠢᠨ ᠦᠬᠡᠷ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠲᠣᠭᠲᠠᠭᠠᠵᠤ᠂ ᠭᠠᠳᠠᠭᠠᠳᠤ ᠠᠴᠠ ᠴᠢᠨᠠᠷ ᠰᠠᠶᠢᠲᠠᠶ ᠠᠯᠠᠰᠢᠨ ᠦᠬᠡᠷ ᠤᠨ ᠡᠭᠦᠯᠳᠡᠷ ᠤᠨ ᠦᠬᠡᠷ ᠢ 1.6 ᠲᠦᠮᠡᠨ ᠲᠣᠯᠣᠭᠠᠶ ᠣᠷᠣᠭᠤᠯᠬᠤ ᠳᠤ ᠨᠦᠬᠦᠪᠦᠷᠢ ᠦᠭᠬᠦ ᠠᠵᠢᠯ ᠢ ᠰᠠᠶᠢᠲᠤᠷ ᠬᠡᠷᠡᠭᠵᠢᠭᠦᠯᠵᠦ᠂ ᠰᠠᠭᠤᠷᠢ ᠦᠨᠢᠶ᠎ᠡ ᠶᠢᠨ ᠰᠦᠷᠦᠭ ᠢ ᠦᠷᠭᠡᠳᠬᠡᠨ ᠲᠤᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃ ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠤ ᠰᠡᠭᠦᠯᠴᠢ ᠪᠤᠯᠬᠤ ᠳᠤ᠂ ᠠᠯᠠᠰᠢᠨ ᠦᠬᠡᠷ ᠤᠨ ᠲᠤᠭ᠎ᠠ ᠣᠳᠣᠬᠠᠨ ᠳᠤ ᠪᠦᠬᠦ ᠤᠯᠤᠰ ᠲᠤ 9 ᠳ᠋ᠦ᠋ᠭᠡᠷ ᠲᠤ ᠵᠢᠭᠰᠠᠵᠤ ᠪᠠᠶᠢᠭᠰᠠᠨ ᠠᠴᠠ ᠡᠮᠦᠨ᠎ᠡ 5 ᠳᠤ ᠤᠷᠤᠭᠤᠯᠵᠤ᠂ ᠦᠬᠡᠷ ᠤᠨ ᠮᠢᠬᠠᠨ ᠤ ᠭᠠᠷᠤᠯᠲᠠ ᠶᠢ ᠪᠦᠬᠦ ᠤᠯᠤᠰ ᠤᠨ ᠲᠦᠷᠦᠭᠦᠦ 3 ᠶᠢᠨ ᠬᠢᠷᠢ ᠬᠡᠮᠵᠢᠶ᠎ᠡ ᠶᠢ ᠪᠠᠲᠤᠯᠠᠵᠤ᠂ ᠪᠦᠬᠦ ᠤᠯᠤᠰ ᠤᠨ ᠴᠢᠨᠠᠷ ᠰᠠᠶᠢᠲᠠᠶ ᠦᠬᠡᠷ ᠤᠨ ᠮᠢᠬ᠎ᠠ ᠦᠢᠯᠡᠳᠪᠦᠷᠢᠯᠡᠵᠦ ᠡᠳ᠋ᠰᠢᠭᠦᠯᠵᠦ ᠭᠠᠳᠠᠭᠰᠢ ᠭᠠᠷᠭᠠᠬᠤ ᠴᠢᠬᠤᠯᠠ ᠰᠠᠭᠤᠷᠢᠨ ᠭᠠᠵᠠᠷ ᠪᠤᠯᠭᠠᠬᠤ ᠪᠠᠷ ᠴᠢᠷᠮᠠᠶᠢᠨ᠎ᠠ᠃        ᠸᠠᠩ ᠢᠦᠢ ᠹᠧᠩ᠄        ᠬᠤᠶᠠᠷ ᠲᠤ ᠣᠷᠣᠨ ᠪᠦᠰᠡ ᠶᠢᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠦᠨ᠎ᠡ᠃ ᠲᠠᠷᠢᠮᠠᠯ ᠤᠨ ᠦᠢᠯᠡᠰ ᠤᠨ ᠲᠠᠯ᠎ᠠ ᠪᠠᠷ᠂ ᠵᠡᠭᠦᠨ ᠬᠡᠰᠡᠭ ᠤᠨ ᠡᠷᠳᠡᠨᠢ ᠰᠢᠰᠢ ᠶᠢᠨ ᠳᠠᠪᠠᠭᠤᠯᠢᠭ ᠠᠵᠤ ᠦᠢᠯᠡᠰ ᠤᠨ ᠪᠦᠰᠡ ᠪᠤᠯᠤᠨ ᠪᠠᠷᠠᠭᠤᠨ ᠬᠡᠰᠡᠭ ᠤᠨ ᠬᠠᠳᠤᠨ ᠭᠤᠣᠯ ᠤᠨ ᠤᠰᠤᠯᠠᠯᠲᠠ ᠶᠢᠨ ᠣᠷᠣᠨ ᠤ ᠡᠷᠳᠡᠨᠢ ᠰᠢᠰᠢ ᠶᠢᠨ ᠳᠠᠪᠠᠭᠤᠯᠢᠭ ᠠᠵᠤ ᠦᠢᠯᠡᠰ ᠤᠨ ᠪᠦᠰᠡ ᠂ ᠬᠠᠳᠤᠨ ᠭᠤᠣᠯ ᠤᠨ ᠤᠰᠤᠯᠠᠯᠲᠠ ᠶᠢᠨ ᠣᠷᠣᠨ ᠳᠠᠭᠠᠤ ᠴᠢᠨᠠᠷ ᠰᠠᠶᠢᠲᠠᠶ ᠪᠤᠭᠤᠳᠠᠢ ᠶᠢᠨ ᠳᠠᠪᠠᠭᠤᠯᠢᠭ ᠣᠷᠣᠨ᠂ ᠮᠤᠨᠢ ᠠᠭᠤᠯᠠ ᠶᠢᠨ ᠠᠷᠤ ᠬᠤᠷᠮᠤᠢ ᠶᠢᠨ ᠲᠦᠮᠦᠰᠦ ᠶᠢᠨ ᠳᠠᠪᠠᠭᠤᠯᠢᠭ ᠣᠷᠣᠨ᠂ ᠵᠡᠭᠦᠨ ᠬᠤᠶᠢᠲᠤ ᠣᠷᠣᠨ ᠤ ᠭᠧᠨ ᠬᠤᠪᠢᠷᠠᠭᠤᠯᠤᠭᠰᠠᠨ ᠪᠤᠰᠤ ᠲᠤᠰᠤ ᠶᠡᠬᠡᠲᠡᠶ ᠰᠢᠷ᠎ᠠ ᠪᠤᠷᠴᠠᠭ ᠤᠨ ᠳᠠᠪᠠᠭᠤᠯᠢᠭ ᠣᠷᠣᠨ᠂ ᠵᠡᠭᠦᠨ ᠳᠦᠷᠪᠡᠨ ᠠᠶᠢᠮᠠᠭ ᠬᠤᠳᠠ ᠶᠢᠨ ᠴᠢᠨᠠᠷ ᠰᠠᠶᠢᠲᠠᠶ ᠲᠤᠲᠤᠷᠭ᠎ᠠ ᠶᠢᠨ ᠳᠠᠪᠠᠭᠤᠯᠢᠭ ᠤᠷᠤᠨ ᠵᠡᠷᠭᠡ ︽ᠬᠤᠶᠠᠷ ᠪᠦᠰᠡ ᠳᠦᠷᠪᠡᠨ ᠣᠷᠣᠨ︾ ᠤ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠮᠠᠯ ᠠᠵᠤ ᠠᠬᠤᠢ ᠶᠢᠨ ᠲᠠᠯ᠎ᠠ ᠪᠠᠷ᠂ ᠲᠦᠮᠡᠳ ᠤᠨ ᠲᠠᠯ᠎ᠠ᠂ ᠪᠣᠷᠣᠲᠣᠬᠤᠶ ᠶᠢᠨ ᠲᠠᠯ᠎ᠠ ᠭᠠᠵᠠᠷ᠂ ᠰᠢᠯᠢ ᠶᠢᠨ ᠭᠤᠣᠯ ᠠᠶᠢᠮᠠᠭ ᠪᠠ ᠤᠯᠠᠭᠠᠨᠴᠠᠪ ᠬᠤᠳᠠ ᠶᠢᠨ ᠲᠠᠷᠢᠶᠠᠯᠠᠬᠤ ᠮᠠᠯᠵᠢᠬᠤ ᠰᠣᠯᠪᠢᠴᠠᠭᠰᠠᠨ ᠣᠷᠣᠨ᠂ ᠬᠤᠷᠴᠢᠨ ᠤ ᠲᠠᠯ᠎ᠠ ᠨᠤᠲᠤᠭ ᠪᠣᠯᠤᠨ ᠪᠠᠷᠠᠭᠤᠨ ᠯᠢᠶᠣᠤ ᠾᠧ ᠭᠤᠤᠯ ᠤᠨ ᠲᠠᠯ᠎ᠠ ᠣᠷᠣᠨ᠂ ᠶᠡᠭᠡ ᠬᠢᠩᠭᠠᠨ ᠳᠠᠪᠠᠭ᠎ᠠ ᠶᠢᠨ ᠳᠠᠪᠠᠭᠠᠨ ᠤ ᠪᠠᠷᠠᠭᠤᠨ ᠤᠷᠤᠨ ᠵᠡᠷᠭᠡ ︽ᠦᠨᠢᠶᠡᠨ ᠰᠦ ᠦᠢᠯᠡᠳᠪᠦᠷᠢᠯᠡᠬᠦ ᠲᠠᠪᠤᠨ ᠲᠤᠮᠤ ᠣᠷᠣᠨ︾ ᠤ ᠪᠦᠳᠦᠭᠡᠠ ᠪᠠᠶᠢᠭᠤᠯᠤᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ︔ ᠲᠠᠯ᠎ᠠ ᠨᠤᠲᠤᠭ ᠤᠨ ᠮᠠᠯᠵᠢᠬᠤ ᠣᠷᠣᠨ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠪᠣᠯᠤᠨ ᠲᠠᠷᠢᠶᠠᠯᠠᠬᠤ ᠣᠷᠣᠨ ᠤ ︽ᠠᠯᠠᠰᠢᠨ ᠬᠤᠨᠢ ᠲᠡᠵᠢᠭᠡᠨ ᠦᠷᠡᠵᠢᠭᠦᠯᠬᠦ ᠭᠤᠷᠪᠠᠨ ᠲᠤᠮᠤ ᠤᠷᠤᠨ︾ ᠤ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠳᠬᠤᠨ᠎ᠠ︔ ᠠᠯᠠᠰᠢᠨ ᠦᠬᠡᠷ ᠨᠢ ᠳᠤᠮᠳᠠ ᠪᠠ ᠵᠡᠭᠦᠨ ᠬᠡᠰᠡᠭ ᠤᠨ ᠤᠯᠠᠮᠵᠢᠯᠠᠯᠲᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠣᠷᠣᠨ ᠪᠤᠯᠤᠨ ᠪᠠᠷᠠᠭᠤᠨ ᠬᠡᠰᠡᠭ ᠤᠨ ᠳᠡᠭᠡᠳᠦ ᠲᠡᠰ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠣᠷᠣᠨ ᠤ ᠪᠦᠳᠦᠭᠡᠠ ᠪᠠᠶᠢᠭᠤᠯᠤᠯᠲᠠ ᠶᠢ ᠭᠤᠤᠯᠳᠠᠯᠭ᠎ᠠ ᠲᠠᠢ ᠠᠳᠬᠤᠨ᠎ᠠ︔ ᠥᠪᠥᠷ ᠮᠣᠩᠭᠤᠯ ᠤᠨ ᠴᠠᠭᠠᠨ ᠨᠣᠯᠤᠤᠷ ᠤᠨ ᠢᠮᠠᠭ᠎ᠠ ᠪᠠᠷ ᠭᠤᠣᠯ ᠪᠣᠯᠭᠠᠭᠰᠠᠨ ︽ᠡᠭᠦᠯᠳᠡᠷ ᠤᠨ ᠡᠬᠢ ᠪᠠᠶᠠᠯᠢᠭ ᠤᠨ ᠬᠠᠮᠠᠭᠠᠯᠠᠯᠲᠠ ᠶᠢᠨ ᠣᠷᠣᠨ︾ ᠤ ᠪᠦᠳᠤᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠰᠠᠶᠢᠨ ᠠᠳᠬᠤᠨ᠎ᠠ᠃        ᠸᠠᠩ ᠢᠦᠢ ᠹᠧᠩ᠄        ᠭᠤᠷᠪᠠ ᠳᠤ ᠴᠢᠨᠠᠷ ᠰᠠᠶᠢᠲᠠᠶ ᠦᠢᠯᠡᠳᠬᠦᠨ ᠤ ᠬᠤᠪᠢ ᠶᠢᠨ ᠵᠢᠩ ᠢ ᠥᠷᠭᠡᠳᠬᠡᠨ᠎ᠡ᠃ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠠᠰᠠᠭᠤᠳᠠᠯ ᠭᠠᠷᠤᠭᠰᠠᠨ ᠰᠢᠯᠲᠠᠭᠠᠨ ᠨᠢ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠪᠦᠬᠦᠯᠢ ᠴᠣᠭᠴᠠ ᠳᠤᠨᠢ ᠠᠷᠠᠳ ᠤᠯᠠᠨ ᠤ ᠲᠠᠯᠪᠢᠵᠤ ᠪᠠᠶᠢᠭ᠎ᠠ ᠣᠨᠴᠠᠯᠢᠭ ᠲᠠᠢ᠂ ᠪᠣᠬᠢᠷᠲᠤᠯ ᠦᠭᠡᠢ᠂ ᠡᠷᠡᠭᠦᠯ ᠪᠦᠲᠦᠭᠡᠭᠳᠡᠬᠦᠨ ᠤ ᠬᠡᠷᠡᠭᠴᠡᠭᠡ ᠱᠠᠭᠠᠷᠳᠠᠯᠭ᠎ᠠ ᠶᠢ ᠳᠠᠭᠠᠭᠤᠯᠤᠨ ᠴᠠᠭ ᠲᠤᠬᠠᠶ ᠳᠤᠨᠢ ᠲᠣᠬᠢᠷᠠᠭᠤᠯᠭ᠎ᠠ ᠬᠢᠭᠰᠡᠨ ᠦᠭᠡᠢ ᠠᠴᠠ ᠪᠦᠲᠦᠭᠡᠭᠳᠡᠬᠦᠨ ᠤ ᠪᠣᠷᠣᠯᠠᠭᠤᠯᠬᠤ ᠵᠠᠮ ᠨᠥᠯᠥᠭᠡᠯᠡᠭᠳᠡᠭᠰᠡᠨ ᠳᠤ ᠪᠤᠢ᠃ ᠭᠡᠪᠡᠴᠦ ᠵᠠᠷᠢᠮ ᠠᠵᠤ ᠠᠬᠤᠶᠢᠯᠠᠯ ᠨᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠦᠢᠯᠡᠳᠬᠦᠨ ᠦᠢᠯᠡᠳᠪᠦᠷᠢᠯᠡᠵᠦ᠂ ᠵᠠᠬ᠎ᠠ ᠳᠡᠯᠭᠡᠭᠦᠷ ᠤᠨ ︽ᠬᠠᠷᠢᠭᠤ ᠬᠦᠷᠲᠡᠭᠡᠮᠵᠢ︾ ᠶᠢ ᠣᠯᠣᠭᠰᠠᠨ ᠪᠠᠶᠢᠨ᠎ᠠ᠃ ᠡᠨᠡ ᠨᠢ ᠪᠢᠳᠡᠨ ᠳᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ᠲᠠᠷᠢᠮᠠᠯ ᠲᠡᠵᠢᠭᠡᠪᠦᠷᠢ ᠶᠢᠨ ᠡᠭᠦᠯᠳᠡᠷ ᠲᠥᠷᠥᠯ ᠢ ᠲᠣᠬᠢᠷᠠᠭᠤᠯᠵᠤ᠂ ᠣᠷᠣᠨ ᠪᠦᠰᠡ ᠶᠢᠨ ᠣᠨᠴᠠᠯᠢᠭ ᠲᠠᠢ᠂ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠲᠡᠮᠳᠡᠭ ᠲᠠᠢ᠂ ᠪᠣᠬᠢᠷᠲᠤᠯ ᠦᠭᠡᠶ ᠢᠳᠡᠭᠡᠨ ᠤ ᠦᠨᠡᠮᠰᠢᠯᠲᠡ ᠲᠠᠢ᠂ ᠣᠷᠭᠠᠨᠢᠭ ᠢᠳᠡᠭᠡᠨ ᠤ ᠨᠤᠲᠠᠯᠠᠨ ᠦᠨᠡᠮᠰᠢᠯᠲᠡ ᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠡᠵᠢᠭᠡᠨ ᠦᠷᠡᠵᠢᠭᠦᠯᠬᠦ ᠲᠤᠭ᠎ᠠ ᠪᠠ ᠲᠠᠷᠢᠬᠤ ᠲᠠᠯᠠᠪᠠᠢ ᠶᠢ ᠥᠷᠭᠡᠳᠬᠡᠬᠦ ᠬᠡᠷᠡᠭᠲᠡᠢ ᠭᠡᠳᠡᠭ ᠢ ᠰᠠᠨᠠᠭᠤᠯᠵᠠᠢ᠃ ᠡᠶᠢᠮᠦ ᠠᠴᠠ ᠰᠥᠨᠢᠳ ᠬᠤᠨᠢᠨ ᠮᠢᠬ᠎ᠠ᠂ ᠦᠵᠦᠮᠦᠴᠢᠨ ᠬᠤᠨᠢᠨ ᠮᠢᠬ᠎ᠠ᠂ ᠠᠷᠪᠠᠰ ᠤᠨ ᠨᠣᠯᠣᠤᠷ ᠤᠨ ᠴᠠᠭᠠᠨ ᠢᠮᠠᠭ᠎ᠠ᠂ ᠣᠷᠳᠣᠰ ᠤᠨ ᠨᠠᠷᠢᠨ ᠨᠤᠤᠰᠤᠳᠤ ᠬᠤᠨᠢ᠂ ᠤᠯᠠᠭᠠᠨᠴᠠᠪ ᠤᠨ ᠲᠥᠮᠥᠰᠥ᠂ ᠦᠶᠤᠸᠠᠨ ᠤ ᠪᠤᠭᠤᠳᠠᠢ᠂ ᠪᠣᠷᠣᠲᠣᠬᠤᠶ ᠶᠢᠨ ᠨᠡᠷᠡᠨ ᠬᠤᠸᠠᠷ᠂ ᠤᠯᠠᠭᠠᠨᠬᠠᠳᠠ ᠶᠢᠨ ᠨᠣᠭᠤᠭᠠᠨ ᠪᠤᠷᠴᠠᠭ᠂ ᠵᠠᠯᠠᠨ ᠠᠶᠢᠯ ᠤᠨ ᠲᠤᠲᠤᠷᠭ᠎ᠠ ᠵᠡᠷᠭᠡ ᠭᠠᠵᠠᠷ ᠣᠷᠣᠨ ᠤ ᠣᠨᠴᠠᠯᠢᠭ ᠲᠠᠢ᠂ ᠪᠣᠬᠢᠷᠲᠤᠯ ᠥᠭᠡᠢ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠳᠤᠪᠤᠶᠢᠮ᠎ᠠ ᠰᠠᠶᠢᠲᠤᠷ ᠠᠳᠬᠤᠵᠤ᠂ ᠵᠠᠬ᠎ᠠ ᠳᠡᠯᠭᠡᠭᠦᠷ ᠲᠤ ᠴᠢᠨᠠᠷ ᠰᠠᠶᠢᠲᠠᠢ ᠨᠡᠩ ᠤᠯᠠᠨ ᠠᠩᠬᠠᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠠᠩᠭᠠᠬᠤ ᠬᠡᠷᠡᠭᠲᠡᠢ ᠪᠠᠶᠢᠨ᠎ᠠ᠃        ᠸᠠᠩ ᠢᠦᠢ ᠹᠧᠩ᠄        ᠬᠤᠶᠠᠷ᠂ ᠡᠳ᠋ᠰᠢᠭᠦᠯᠵᠦ ᠪᠣᠯᠪᠠᠰᠤᠷᠠᠭᠤᠯᠬᠤ ᠲᠠᠯ᠎ᠠ ᠪᠠᠷ᠂ ᠬᠡᠯᠪᠡᠷᠢ ᠶᠢ ᠨᠢ ᠬᠤᠪᠢᠷᠠᠭᠤᠯᠤᠨ ᠳᠡᠰ ᠳᠡᠪᠰᠢᠭᠦᠯᠦᠨ᠎ᠡ᠃ ᠦᠢᠯᠡᠳᠪᠦᠷᠢᠯᠡᠯ ᠤᠨ ᠵᠠᠩᠭᠢᠯᠠᠭ᠎ᠠ ᠪᠣᠯ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠵᠠᠩᠭᠢᠯᠠᠭ᠎ᠠ ᠮᠥᠨ᠃ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠪᠣᠬᠢᠷᠲᠤᠯ ᠥᠭᠡᠢ᠂ ᠣᠷᠭᠠᠨᠢᠭ᠂ ᠡᠷᠡᠭᠦᠯ᠂ ᠰᠢᠮ᠎ᠡ ᠲᠡᠵᠢᠭᠡᠯᠲᠦ᠂ ᠴᠢᠨᠠᠭᠰᠢᠯᠠᠪᠠᠯ ᠥᠨᠳᠥᠷ ᠲᠦᠪᠰᠢᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠵᠦ ᠪᠣᠯᠪᠠᠰᠤᠷᠠᠭᠤᠯᠤᠨ᠎ᠠ᠃        ᠨᠢᠭᠡ ᠳᠤ ᠬᠡᠷᠡᠭᠯᠡᠭᠡ ᠶᠢᠨ ᠵᠢᠯᠣᠭᠤᠳᠤᠮᠵᠢ ᠶᠢ ᠲᠣᠪᠤᠶᠢᠯᠭᠠᠨ᠎ᠠ᠃ ᠰᠢᠨ᠎ᠡ ᠰᠣᠷᠭᠤᠭ ᠠᠩᠬᠠᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠭᠤᠣᠯ ᠪᠣᠯᠭᠠᠭᠰᠠᠨ ᠨᠡᠶᠢᠲᠡ ᠶᠢᠨ ᠬᠦᠨᠦᠭᠡᠯ ᠦᠭᠡᠢ ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠢ ᠡᠷᠴᠢᠮᠲᠡᠢ ᠬᠥᠭᠵᠢᠭᠦᠯᠵᠦ᠂ ᠳᠤᠮᠳᠠ ᠪᠠ ᠳᠡᠭᠡᠳᠦ ᠳᠡᠰ ᠤᠨ ᠢᠳᠡᠭᠡᠨ ᠪᠣᠯᠪᠠᠰᠤᠷᠠᠭᠤᠯᠬᠤ ᠪᠠ ᠵᠠᠬ᠎ᠠ ᠳᠡᠯᠭᠡᠭᠦᠷ ᠢᠶᠠᠷ ᠭᠤᠣᠯ ᠪᠣᠯᠭᠠᠭᠰᠠᠨ ᠪᠣᠬᠢᠷᠲᠤᠯ ᠦᠭᠡᠶ ᠢᠳᠡᠭᠡᠨ ᠢ ᠯᠠᠪᠳᠠᠭᠤᠨ ᠢᠶᠠᠷ ᠬᠥᠭᠵᠢᠭᠦᠯᠵᠦ᠂ ᠳᠡᠭᠡᠳᠦ ᠳᠡᠰ ᠤᠨ ᠦᠢᠯᠡᠳᠬᠦᠨ ᠢᠶᠠᠷ ᠭᠤᠣᠯ ᠪᠣᠯᠭᠠᠭᠰᠠᠨ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠷᠡᠭᠦᠯ ᠢᠶᠠᠷ ᠬᠥᠭᠵᠢᠭᠦᠯᠵᠦ᠂ ᠲᠤᠰᠬᠠᠶ ᠬᠡᠷᠡᠭᠯᠡᠭᠡ ᠶᠢ ᠬᠠᠩᠭᠠᠨ᠎ᠠ ︔ ᠣᠨᠴᠠ ᠲᠣᠭᠲᠠᠭᠠᠭᠰᠠᠨ ᠭᠠᠵᠠᠷ ᠣᠷᠣᠨ ᠪᠠ ᠦᠢᠯᠡᠳᠪᠦᠷᠢᠯᠡᠯ ᠤᠨ ᠠᠷᠭ᠎ᠠ ᠬᠡᠯᠪᠡᠷᠢ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠪᠡᠯᠭᠡ ᠲᠡᠮᠳᠡᠭᠲᠦ ᠪᠦᠲᠦᠭᠡᠭᠳᠡᠬᠦᠨ ᠢ ᠭᠦᠨᠴᠡ ᠲᠠᠢ ᠬᠥᠭᠵᠢᠭᠦᠯᠵᠦ᠂ ᠣᠨᠴᠠᠯᠢᠭ ᠲᠠᠢ ᠪᠦᠲᠦᠭᠡᠭᠳᠡᠬᠦᠨ ᠢ ᠠᠭᠤᠳᠠᠯᠤᠨ᠂ ᠲᠠᠯ᠎ᠠ ᠨᠤᠲᠤᠭ ᠤᠨ ᠰᠣᠶᠣᠯ ᠪᠠ ᠲᠠᠷᠢᠶᠠᠯᠠᠬᠤ ᠰᠣᠶᠣᠯ ᠢ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠭᠠᠵᠠᠷ ᠣᠷᠣᠨ ᠤ ᠨᠡᠷᠡᠲᠦ ᠲᠡᠮᠳᠡᠭᠲᠦ ᠢ ᠬᠥᠭᠵᠢᠭᠦᠯᠦᠨ ᠪᠤᠵᠠᠭᠠᠶᠢᠷᠠᠭᠤᠯᠤᠨ᠎ᠠ᠃        ᠸᠠᠩ ᠢᠦᠢ ᠹᠧᠩ᠄        ᠬᠤᠶᠠᠷ ᠲᠤ ᠨᠠᠷᠢᠯᠢᠭ ᠭᠦᠨᠵᠡᠭᠡᠢ ᠡᠳ᠋ᠰᠢᠭᠦᠯᠦᠨ ᠪᠣᠯᠪᠠᠰᠤᠷᠠᠭᠤᠯᠬᠤ ᠶᠢ ᠬᠥᠭᠵᠢᠭᠦᠯᠦᠨ᠎ᠡ᠃ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠦᠨ ᠪᠤᠶᠢᠵᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠦᠷᠳᠡᠭ ᠢ ᠨᠢ ᠨᠡᠮᠡᠭᠳᠡᠭᠦᠯᠬᠦ ᠣᠷᠣᠨ ᠵᠠᠶ ᠶᠢ ᠥᠷᠭᠡᠳᠬᠡᠨ᠎ᠡ᠃ ᠲᠤᠮᠤ ᠬᠡᠯᠪᠡᠷᠢ ᠶᠢᠨ ᠴᠠᠭᠠᠨ ᠢᠳᠡᠭᠡᠨ ᠤ ᠠᠵᠤ ᠠᠬᠤᠶᠢᠯᠠᠯ ᠨᠢ ᠳᠡᠭᠡᠳᠦ ᠳᠡᠰ ᠤᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠳᠤᠮᠳᠠ ᠵᠢᠵᠢᠭ ᠴᠠᠭᠠᠨ ᠢᠳᠡᠭᠡᠨ ᠪᠣᠯᠪᠠᠰᠤᠷᠠᠭᠤᠯᠬᠤ ᠠᠵᠤ ᠦᠢᠯᠡᠰ ᠨᠢ ᠪᠦᠲᠦᠭᠡᠭᠳᠦᠬᠦᠨ ᠢᠶᠠᠨ ᠰᠢᠯᠢᠳᠡᠭᠵᠢᠭᠦᠯᠦᠨ ᠲᠡᠰ ᠳᠡᠪᠰᠢᠭᠦᠯᠦᠨ᠎ᠡ︔ ᠮᠢᠬᠠᠨ ᠤ ᠲᠥᠷᠥᠯ ᠤᠨ ᠪᠣᠯᠪᠠᠰᠤᠷᠠᠭᠤᠯᠬᠤ ᠠᠵᠤ ᠦᠢᠯᠡᠰ ᠨᠢ ᠥᠭᠡᠷᠡᠴᠢᠯᠡᠨ ᠰᠠᠶᠢᠵᠢᠷᠠᠭᠤᠯᠤᠨ ᠲᠠᠰ ᠳᠡᠪᠰᠢᠭᠦᠯᠵᠦ᠂ ᠤᠯᠤᠰ ᠤᠨ ᠳᠣᠲᠣᠭᠠᠳᠤ ᠶᠢᠨ ᠪᠠ ᠳᠡᠯᠡᠬᠡᠶ ᠶᠢᠨ ᠲᠡᠷᠢᠭᠦᠨ ᠲᠦᠪᠰᠢᠨ ᠳᠤ ᠬᠦᠷᠦᠭᠰᠡᠨ ᠣᠳᠣᠬᠢᠴᠢᠯᠠᠭᠰᠠᠨ ᠪᠣᠯᠪᠠᠰᠤᠷᠠᠭᠤᠯᠬᠤ ᠦᠢᠯᠡᠳᠪᠦᠷᠢ ᠶᠢ ᠪᠠᠶᠢᠭᠤᠯᠤᠨ᠎ᠠ︔ ᠨᠣᠯᠤᠤᠷ ᠡᠳ᠋ᠰᠢᠭᠦᠯᠬᠦ ᠠᠵᠤ ᠦᠢᠯᠡᠰ ᠨᠢ ᠥᠪᠡᠷ ᠤᠨ ᠡᠵᠡᠮᠰᠢᠯᠳᠤ ᠨᠡᠷᠡᠳᠤ ᠲᠡᠮᠳᠡᠭᠲᠦ ᠶᠢ ᠪᠤᠶᠢᠵᠢᠭᠤᠯᠵᠤ᠂ ᠲᠡᠮᠳᠡᠭᠲᠦ ᠨᠠᠭᠠᠵᠤ ᠭᠠᠳᠠᠭᠠᠳᠤ ᠳᠤ ᠭᠠᠷᠭᠠᠬᠤ ᠶᠢ ᠪᠠᠭᠠᠰᠬᠠᠨ᠎ᠠ︔ ᠠᠮᠤ ᠳᠤᠰᠤ ᠪᠣᠯᠪᠠᠰᠤᠷᠠᠭᠤᠯᠬᠤ ᠠᠵᠤ ᠦᠢᠯᠡᠰ ᠨᠢ ᠨᠠᠷᠢᠯᠢᠭ ᠪᠣᠯᠪᠠᠰᠤᠷᠠᠭᠤᠯᠬᠤ ᠶᠢ ᠰᠠᠶᠢᠲᠤᠷ ᠬᠢᠵᠦ᠂ ᠤᠢᠢᠯᠡᠳᠭᠦᠨ ᠤ ᠪᠦᠲᠦᠴᠡ ᠶᠢ ᠥᠷᠭᠡᠳᠬᠡᠵᠦ᠂ ᠡᠷᠳᠡᠨᠢ ᠰᠢᠰᠢ ᠶᠢᠨ ᠬᠥᠮᠥᠷᠭᠡ ᠶᠢᠨ ᠬᠠᠳᠠᠭᠠᠯᠠᠯᠲᠠ ᠶᠢ ᠰᠢᠩᠭᠡᠭᠡᠨ᠎ᠡ︔ ᠲᠥᠮᠥᠰᠥ ᠡᠳ᠋ᠰᠢᠭᠦᠯᠬᠦ ᠠᠵᠤ ᠦᠢᠯᠡᠰ ᠢ ᠭᠤᠣᠯ ᠠᠮᠤ ᠪᠤᠳᠠᠭ᠎ᠠ ᠦᠢᠯᠡᠳᠪᠦᠷᠢᠯᠡᠬᠦ ᠪᠠ ᠭᠤᠣᠯ ᠢᠳᠡᠭᠡᠨ ᠪᠣᠯᠪᠠᠰᠤᠷᠠᠭᠤᠯᠬᠤ ᠲᠡᠰᠢ ᠥᠷᠭᠡᠳᠬᠡᠨ᠎ᠡ᠃ ᠡᠭᠦᠨ ᠤ ᠬᠠᠮᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠣᠯᠪᠠᠰᠤᠷᠠᠭᠤᠯᠬᠤ ᠪᠠ ᠳᠠᠭᠠᠯᠲᠠ ᠪᠦᠲᠦᠭᠡᠭᠳᠡᠬᠦᠨ ᠵᠢᠴᠢ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠰᠢ ᠰᠦᠷᠡᠯ ᠤᠨ ᠬᠤᠮᠠᠬᠢ ᠪᠤᠳᠠᠰ ᠢ ᠣᠷᠭᠠᠨᠢᠭ ᠪᠤᠷᠳᠤᠭᠤᠷ ᠪᠣᠯᠭᠠᠬᠤ ᠵᠢᠴᠢ ᠮᠠᠯ ᠲᠡᠵᠢᠭᠡᠪᠦᠷᠢ ᠶᠢᠨ ᠢᠯᠭᠠᠳᠠᠰᠤ ᠶᠢ ᠪᠤᠷᠳᠤᠭᠤᠷ ᠪᠣᠯᠭᠠᠨ ᠲᠠᠷᠢᠶᠠᠨ ᠳᠤ ᠣᠷᠣᠭᠤᠯᠬᠤ᠂ ᠲᠤᠲᠤᠷᠭ᠎ᠠ ᠶᠢᠨ ᠬᠡᠪᠡᠭ ᠠᠭ᠎ᠠ ᠵᠡᠷᠭᠡ ᠵᠢᠮᠢᠰ ᠤᠨ ᠬᠠᠯᠢᠰᠤ ᠰᠢᠭᠠᠷᠤ᠂ ᠮᠠᠯ ᠵᠢᠭᠦᠷᠲᠡᠨ ᠤ ᠶᠠᠰᠤ ᠴᠢᠰᠤ᠂ ᠭᠡᠳᠡᠰᠦ ᠳᠣᠲᠣᠷ ᠵᠡᠷᠭᠡ ᠲᠤᠰᠠᠯᠠᠬᠤ ᠦᠢᠯᠡᠳᠬᠦᠨ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠪᠠ ᠣᠷᠴᠢᠯᠳᠤᠭᠤᠯᠤᠨ ᠠᠰᠢᠭᠯᠠᠬᠤ ᠶᠢ ᠰᠠᠶᠢᠲᠤᠷ ᠬᠢᠨ᠎ᠡ᠃        ᠸᠠᠩ ᠢᠦᠢ ᠹᠧᠩ᠄        ᠭᠤᠷᠪᠠ ᠳᠤ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ︽ᠰᠢᠯᠢᠳᠡᠭ ᠢ ᠨᠢ ᠲᠡᠳᠬᠦᠬᠦ᠂ ᠲᠣᠮᠣ ᠶᠢ ᠨᠢ ᠲᠡᠳᠬᠦᠬᠦ᠂ ᠬᠦᠴᠦᠷᠬᠡᠭ ᠢ ᠨᠢ ᠲᠡᠳᠬᠦᠬᠦ︾ ᠵᠠᠷᠴᠢᠮ ᠶᠣᠰᠣᠭᠠᠷ᠂ ᠠᠵᠤ ᠦᠢᠯᠡᠰᠵᠢᠭᠦᠯᠦᠨ ᠬᠥᠭᠵᠢᠭᠦᠯᠬᠦ ᠪᠡᠯᠡ ᠮᠥᠩᠭᠦ ᠶᠢ ᠪᠣᠯᠪᠠᠰᠤᠷᠠᠭᠤᠯᠬᠤ ᠠᠵᠤ ᠠᠬᠤᠶᠢᠯᠠᠯ ᠳᠤ ᠣᠷᠣᠭᠤᠯᠵᠤ᠂ ᠲᠡᠭᠦᠨ ᠤ ᠮᠡᠷᠭᠡᠵᠢᠯ ᠢᠶᠠᠨ ᠰᠠᠶᠢᠵᠢᠷᠠᠭᠤᠯᠬᠤ᠂ ᠥᠷᠢᠰᠥᠯᠳᠦᠬᠦ ᠬᠦᠴᠦᠨ ᠢᠶᠠᠨ ᠳᠡᠭᠡᠭᠰᠢᠯᠡᠭᠦᠯᠬᠦ ᠳᠤᠨᠢ ᠳᠡᠮᠵᠢᠯᠭᠡ ᠦᠵᠡᠭᠦᠯᠦᠨ᠎ᠡ︔ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠵᠦ᠂ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠵᠢᠭᠡᠯᠡᠯᠭᠡ ᠲᠠᠯᠪᠢᠭᠤᠯᠵᠤ᠂ ᠰᠠᠭᠤᠷᠢ ᠮᠥᠩᠭᠦᠨ ᠤ ᠪᠡᠯᠡ ᠣᠷᠣᠭᠤᠯᠤᠯᠲᠠ ᠶᠢ ᠥᠷᠭᠡᠨ ᠢᠶᠠᠷ ᠲᠠᠲᠠᠨ ᠣᠷᠣᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢ ᠬᠤᠪᠢᠴᠠᠭᠠᠨ ᠡᠷᠬᠡ ᠪᠣᠯᠭᠠᠬᠤ ᠶᠢ ᠰᠠᠨᠠᠭᠠᠴᠢᠯᠠᠵᠤ ᠂ ᠪᠣᠯᠪᠠᠰᠤᠷᠠᠭᠤᠯᠬᠤ ᠠᠵᠤ ᠠᠬᠤᠶᠢᠯᠠᠯ ᠳᠤ ᠨᠡᠩ ᠣᠯᠠᠨ ᠪᠡᠯᠡ ᠮᠥᠩᠭᠦ ᠣᠷᠣᠭᠤᠯᠤᠨ᠎ᠠ︔ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠪᠣᠯᠪᠠᠰᠤᠷᠠᠭᠤᠯᠬᠤ ᠶᠢ ᠶᠡᠬᠡᠪᠡᠷ ᠲᠦᠯᠬᠢᠨ ᠠᠬᠢᠭᠤᠯᠵᠤ᠂ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠳᠠᠪᠠᠭᠤᠯᠢᠭ ᠭᠠᠷᠤᠯᠲᠠ ᠶᠢᠨ ᠣᠷᠣᠨ᠂ ᠣᠨᠴᠠᠯᠢᠭ ᠪᠦᠬᠦᠢ ᠭᠠᠷᠤᠯᠲᠠ ᠶᠢᠨ ᠣᠷᠣᠨ ᠲᠡᠰᠢ ᠬᠡᠯᠪᠠᠶᠢᠯᠭᠡᠬᠦ ᠶᠢ ᠢᠳᠡᠪᠬᠢᠲᠡᠶ ᠲᠦᠯᠬᠢᠨ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠬᠠᠳᠠᠭᠠᠯᠠᠬᠤ᠂ ᠰᠢᠨ᠎ᠡ ᠰᠣᠷᠭᠤᠭ ᠪᠠᠶᠢᠯᠭᠠᠬᠤ᠂ ᠬᠠᠳᠠᠭᠠᠬᠤ᠂ ᠲᠥᠷᠥᠯ ᠲᠡᠰ ᠬᠤᠪᠢᠶᠠᠬᠤ᠂ ᠪᠣᠭᠤᠳᠠᠯᠯᠠᠬᠤ ᠪᠠ ᠲᠡᠭᠡᠭᠡᠪᠦᠷᠢᠯᠡᠨ ᠪᠣᠷᠣᠯᠠᠭᠤᠯᠬᠤ ᠵᠡᠷᠭᠡ ᠪᠡᠯᠡᠳᠬᠡᠮᠵᠢ ᠶᠢᠨ ᠨᠥᠬᠦᠴᠡᠯ ᠢ ᠰᠠᠶᠢᠵᠢᠷᠠᠭᠤᠯᠵᠤ᠂ ᠬᠤᠬᠢᠷᠠᠯ ᠢ ᠪᠠᠭᠠᠰᠬᠠᠵᠤ ᠬᠠᠩᠭᠠᠯᠭ᠎ᠠ ᠶᠢ ᠨᠡᠮᠡᠭᠳᠡᠭᠦᠯᠵᠦ ᠦᠷ᠎ᠡ ᠠᠰᠢᠭ ᠢ ᠨᠡᠮᠡᠭᠳᠡᠭᠦᠯᠦᠨ᠎ᠡ᠃        ᠭᠤᠷᠪᠠ᠂ ᠭᠠᠳᠠᠭᠰᠢ ᠭᠠᠷᠭᠠᠬᠤ ᠶᠢ ᠵᠠᠬ᠎ᠠ ᠳᠡᠯᠭᠡᠭᠦᠷ ᠲᠠᠢ ᠲᠣᠬᠢᠷᠠᠯᠴᠠᠭᠤᠯᠤᠨ᠎ᠠ᠃ ︽ᠭᠠᠳᠠᠭᠰᠢ ᠭᠠᠷᠭᠠᠬᠤ︾ ᠪᠣᠯ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠡᠴᠦᠰ ᠤᠨ ᠠᠯᠬᠤᠮ ᠲᠠᠷᠠᠭ᠎ᠠ ᠮᠥᠨ᠂ ᠮᠥᠨ ᠴᠦ ᠦᠢᠯᠡᠳᠪᠦᠷᠢᠯᠡᠬᠦ᠂ ᠪᠣᠯᠪᠠᠰᠤᠷᠠᠭᠤᠯᠬᠤ ᠨᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠵᠦ ᠪᠠᠶᠢᠬᠤ ᠡᠰᠡᠬᠦ ᠶᠢ ᠰᠢᠯᠭᠠᠬᠤ ᠰᠢᠢᠳᠪᠦᠷᠢᠯᠡᠭᠴᠢ ᠴᠢᠨᠠᠷ ᠲᠠᠢ ᠵᠠᠩᠭᠢᠯᠠᠭ᠎ᠠ ᠪᠣᠯᠣᠨ᠎ᠠ᠃        ᠸᠠᠩ ᠢᠦᠢ ᠹᠧᠩ᠄        ᠨᠢᠭᠡ ᠳᠤ ᠭᠠᠳᠠᠭᠰᠢ ᠭᠠᠷᠭᠠᠬᠤ ᠠᠭᠤᠯᠭ᠎ᠠ ᠪᠠ ᠴᠢᠭᠯᠡᠯ ᠢ ᠲᠣᠳᠣᠷᠬᠠᠶᠢᠯᠠᠨ᠎ᠠ᠃ ᠮᠠᠨ ᠤ ᠣᠷᠣᠨ ᠤ ᠣᠨᠴᠠᠯᠢᠭ ᠲᠠᠢ᠂ ᠭᠠᠷᠤᠯᠲᠠ ᠶᠡᠬᠡᠲᠡᠢ᠂ ᠪᠣᠬᠢᠷᠲᠤᠯ ᠥᠭᠡᠢ᠂ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠦᠬᠦᠨ ᠢ ᠭᠤᠣᠯᠳᠠᠯᠭ᠎ᠠ ᠲᠠᠢ ᠪᠠᠷ ᠤᠬᠠᠭᠤᠯᠤᠨ ᠲᠠᠨᠢᠯᠴᠠᠭᠤᠯᠤᠨ᠎ᠠ᠃ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠲᠤ ᠪᠣᠯ᠂ ᠣᠶᠢᠷ᠎ᠠ ᠶᠢᠨ ᠬᠤᠭᠤᠴᠠᠭᠠᠨ ᠳᠤ ᠭᠤᠣᠯᠳᠠᠭᠤ ᠨᠢᠭᠡ ᠬᠤᠶᠠᠳᠤᠭᠠᠷ ᠳᠡᠰ ᠤᠨ᠂ ᠬᠥᠮᠦᠨ ᠠᠮᠠ ᠶᠢᠨ ᠨᠢᠭᠲᠠᠴᠠ ᠶᠡᠭᠡ᠂ ᠤᠯᠠᠷᠢᠯ ᠤᠨ ᠵᠥᠷᠢᠶ᠎ᠡ ᠶᠡᠭᠡ ᠬᠤᠲᠠ ᠳᠤ ᠬᠠᠨᠳᠤᠭᠤᠯᠤᠨ ᠭᠠᠷᠭᠠᠨ᠎ᠠ︔ ᠤᠯᠤᠰ ᠤᠨ ᠭᠠᠳᠠᠭᠠᠳᠤ ᠶᠢᠨ ᠵᠠᠬ᠎ᠠ ᠳᠡᠯᠭᠡᠭᠦᠷ ᠲᠤ ᠪᠣᠯ᠂ ᠴᠠᠭᠠᠨ ᠢᠳᠡᠭᠡ᠂ ᠨᠣᠯᠤᠤᠷ ᠤᠨ ᠪᠦᠲᠦᠭᠡᠭᠳᠡᠬᠦᠨ᠂ ᠲᠥᠮᠥᠰᠥ᠂ ᠤᠰᠤ ᠥᠬᠡᠶᠢᠳᠡᠭᠦᠯᠦᠭᠰᠡᠨ ᠢᠳᠡᠰᠢᠨ ᠨᠣᠭᠤᠭ᠎ᠠ᠂ ᠪᠦᠳᠦᠭᠦᠯᠢᠭ ᠠᠮᠤ ᠪᠤᠷᠴᠠᠭ ᠵᠡᠷᠭᠡ ᠥᠪᠡᠷᠮᠢᠴᠡ ᠣᠨᠴᠠᠯᠢᠭ ᠲᠠᠢ ᠪᠦᠲᠦᠭᠡᠭᠳᠡᠬᠦᠨ ᠢ ᠭᠤᠣᠯᠳᠠᠯᠭ᠎ᠠ ᠲᠠᠢ ᠭᠠᠷᠭᠠᠨ᠎ᠠ᠃ ᠡᠭᠦᠨ ᠤ ᠬᠠᠮᠲᠤ᠂ ︽ᠭᠠᠳᠠᠭᠰᠢ ᠭᠠᠷᠭᠠᠬᠤ︾ ᠪᠠᠶᠢᠳᠠᠯ ᠢ ᠴᠠᠭ ᠲᠤᠬᠠᠶ ᠳᠤᠨᠢ ᠮᠥᠷᠳᠡᠨ ᠣᠶᠢᠯᠠᠭᠠᠵᠤ᠂ ᠵᠠᠬ᠎ᠠ ᠳᠡᠯᠭᠡᠭᠦᠷ ᠲᠤ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠶᠢ ᠴᠢᠩᠭᠠᠳᠬᠠᠨ᠂ ᠪᠦᠲᠦᠭᠡᠭᠳᠡᠬᠦᠨ ᠤ ᠳᠦᠷᠦᠯ ᠵᠦᠢᠯ ᠢ ᠴᠠᠭ ᠲᠤᠬᠠᠶ ᠳᠤᠨᠢ ᠲᠣᠬᠢᠷᠠᠭᠤᠯᠵᠤ᠂ ᠭᠠᠳᠠᠭᠰᠢ ᠭᠠᠷᠭᠠᠬᠤ ᠦᠢᠯᠡᠳᠬᠦᠨ ᠤ ᠶᠠᠰᠤ ᠴᠢᠨᠠᠷ᠂ ᠲᠤᠭ᠎ᠠ ᠬᠡᠮᠵᠢᠶ᠎ᠡ ᠶᠢ ᠴᠥᠮ ᠠᠯᠢ ᠪᠣᠯᠬᠤ ᠪᠠᠷ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠦᠯᠦᠨ᠎ᠡ᠃        ᠸᠠᠩ ᠢᠥᠢ ᠹᠧᠩ᠄        ᠬᠤᠶᠠᠷ ᠲᠤ ᠭᠠᠳᠠᠭᠰᠢ ᠭᠠᠷᠭᠠᠬᠤ ᠠᠷᠭ᠎ᠠ ᠵᠠᠮ ᠢ ᠰᠠᠭᠠᠳ ᠤᠢᠭᠡᠢ ᠨᠡᠪᠲᠡᠷᠡᠭᠦᠯᠦᠨ᠎ᠡ᠃ ᠣᠷᠣᠨ ᠤ ᠳᠣᠲᠣᠷ᠎ᠠ᠂ ᠭᠤᠣᠯᠳᠠᠭᠤ ᠵᠢᠯ ᠤᠨ ᠨᠢᠭᠡ ᠬᠤᠭᠤᠴᠠᠭᠠᠨ ᠤ ︽ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠵᠡᠰᠬᠦᠯᠡᠩ ᠤᠨ ᠴᠤᠭᠯᠠᠭᠠᠨ︾ ᠢ ᠰᠠᠶᠢᠲᠤᠷ ᠡᠷᠬᠢᠯᠡᠨ᠎ᠡ︔ ᠣᠷᠣᠨ ᠤ ᠭᠠᠳᠠᠨ᠎ᠠ᠂ ︽ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠰᠣᠳᠣᠨ ᠪᠦᠲᠦᠬᠡᠭᠳᠡᠬᠦᠨ ᠤ ᠣᠷᠳᠣᠨ᠂ ᠪᠡᠶᠡᠴᠢ ᠤᠶᠢᠯᠭᠠᠯᠲᠠ ᠶᠢᠨ ᠣᠷᠳᠣᠨ︾ ᠤ ᠳᠡᠯᠭᠡᠨ ᠦᠵᠡᠭᠦᠯᠵᠦ ᠰᠢᠭᠤᠳ ᠪᠣᠷᠣᠯᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠪᠡᠭᠡᠵᠢᠩ᠂ ᠱᠠᠩᠬᠠᠶ ᠶᠢᠨ ᠰᠣᠳᠣᠨ ᠪᠦᠲᠦᠬᠡᠭᠳᠡᠬᠦᠨ ᠤ ᠣᠷᠳᠣᠨ ᠤ ᠰᠠᠭᠤᠷᠢᠨ ᠳᠡᠭᠡᠷ᠎ᠡ᠂ ᠭᠤᠸᠠᠩᠵᠧᠦ ᠶᠢᠨ ᠰᠣᠳᠣᠨ ᠪᠦᠲᠦᠬᠡᠭᠳᠡᠬᠦᠨ ᠤ ᠣᠷᠳᠣᠨ ᠢ ᠡᠵᠡᠩᠨᠡᠵᠦ᠂ ᠠᠶᠢᠮᠠᠭ ᠬᠤᠳᠠ ᠬᠤᠶᠠᠷ᠂ ᠭᠤᠷᠪᠠᠳᠤᠭᠠᠷ ᠳᠡᠰ ᠤᠨ ᠬᠤᠲᠠ ᠳᠤ ᠰᠣᠳᠣᠨ ᠪᠦᠲᠦᠬᠡᠭᠳᠡᠬᠦᠨ ᠤ ᠣᠷᠳᠣᠨ ᠡᠵᠡᠩᠨᠡᠬᠦ ᠶᠢ ᠨᠢ ᠵᠣᠷᠢᠭᠵᠢᠭᠤᠯᠤᠨ᠂ ᠠᠵᠤ ᠠᠬᠤᠶᠢᠯᠠᠯ ᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠪᠠᠶᠢᠭᠠᠳ ᠪᠦᠬᠦ ᠤᠯᠤᠰ ᠤᠨ ᠡᠯ᠎ᠡ ᠲᠥᠷᠥᠯ ᠤᠨ ᠳᠡᠯᠭᠡᠨ ᠪᠣᠷᠣᠯᠠᠭᠤᠯᠬᠤ ᠴᠤᠭᠯᠠᠭᠠᠨ ᠳᠤ ᠣᠷᠤᠯᠴᠠᠭᠤᠯᠤᠨ᠎ᠠ︔ ᠭᠠᠳᠠᠭᠠᠳᠤ ᠳᠤ᠂ ᠧᠦ᠋ᠷᠣᠫᠠ ᠲᠢᠪ᠂ ᠠᠮᠧᠷᠢᠺᠠ ᠲᠢᠪ᠂ ᠶᠠᠫᠣᠨ᠂ ᠺᠤᠷᠢᠶ᠎ᠠ ᠵᠡᠷᠭᠡ ᠭᠠᠵᠠᠷ ᠤᠷᠤᠨ ᠤ ᠵᠠᠬ᠎ᠠ ᠳᠡᠯᠭᠡᠭᠦᠷ ᠲᠠᠬᠢ ᠨᠣᠯᠤᠤᠷ ᠤᠨ ᠪᠦᠲᠦᠭᠡᠭᠳᠡᠬᠦᠨ ᠤ ᠬᠤᠪᠢ ᠶᠢᠨ ᠲᠤᠭ᠎ᠠ ᠶᠢ ᠦᠷᠭᠡᠳᠬᠡᠵᠦ᠂ ᠲᠥᠮᠥᠰᠥ᠂ ᠤᠰᠤ ᠦᠭᠡᠶᠢᠲᠡᠭᠦᠯᠦᠭᠰᠡᠨ ᠬᠠᠲᠠᠮᠠᠯ ᠢᠳᠡᠰᠢᠨ ᠨᠣᠭᠤᠭ᠎ᠠ ᠵᠡᠷᠭᠡ ᠶᠢ ᠴᠢᠷᠮᠠᠶᠢᠵᠤ ᠪᠠᠶᠢᠭᠠᠳ ᠠᠮᠧᠷᠢᠺᠠ ᠶᠢᠨ ᠵᠠᠬ᠎ᠠ ᠳᠡᠯᠭᠡᠭᠦᠷ ᠲᠤ ᠲᠦᠯᠬᠢᠨ ᠭᠠᠷᠭᠠᠵᠤ᠂ ᠴᠠᠭᠠᠨ ᠢᠳᠡᠭᠡᠨ ᠤ ᠠᠵᠤ ᠠᠬᠤᠶᠢᠯᠠᠯ ᠤᠳ ᠭᠠᠳᠠᠭᠰᠢ ᠦᠷᠭᠡᠳᠬᠡᠬᠦ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠶᠢᠨ ᠴᠢᠨᠠᠷ ᠰᠠᠶᠢᠲᠠᠶ ᠡᠬᠢ ᠪᠠᠶᠠᠯᠢᠭ ᠢ ᠡᠵᠡᠯᠡᠨ᠂ ᠤᠯᠠᠨ ᠤᠯᠤᠰ ᠤᠨ ᠥᠷᠢᠰᠥᠯᠳᠦᠭᠡᠨ ᠤ ᠳᠤᠮᠳᠠ ᠵᠣᠬᠢᠬᠤ ᠪᠠᠶᠢᠷᠢ ᠡᠵᠡᠯᠡᠨ᠎ᠡ᠃ ︽ᠢᠨᠲ᠋ᠧᠷ ᠰᠦᠯᠵᠢᠶ᠎ᠡ +︾ ᠶᠢ ᠭᠤᠣᠯᠳᠠᠯᠭ᠎ᠠ ᠲᠠᠢ ᠬᠦᠭᠵᠢᠭᠦᠯᠦᠨ᠂ ︽ᠡᠯᠧᠺᠲᠷᠤᠨ ᠬᠤᠳᠠᠯᠳᠤᠭ᠎ᠠ ᠶᠢᠨ ᠪᠣᠷᠤᠯᠠᠭᠤᠯᠭ᠎ᠠ + ᠳᠡᠯᠭᠡᠨ ᠦᠵᠡᠭᠦᠯᠵᠦ ᠳᠡᠯᠭᠡᠨ ᠪᠣᠷᠣᠯᠠᠭᠤᠯᠬᠤ + ᠵᠢᠵᠢᠭᠯᠡᠨ ᠬᠤᠳᠠᠯᠳᠤᠬᠤ ᠪᠡᠶᠡᠴᠢ ᠣᠶᠢᠯᠠᠭᠠᠯᠲᠠ︾ ᠶᠢᠨ ᠬᠠᠮᠢᠶᠠᠷᠤᠯᠲᠠ ᠪᠣᠯᠤᠨ ᠡᠵᠡᠩᠨᠡᠯᠲᠡ ᠶᠢᠨ ᠵᠠᠭᠪᠤᠷ ᠢ ᠲᠠᠰᠤᠷᠠᠯᠲᠠ ᠦᠭᠡᠢ ᠪᠦᠷᠢᠨᠰᠢᠭᠦᠯᠵᠦ᠂ ᠡᠯᠧᠺᠲᠷᠤᠨ ᠬᠤᠳᠠᠯᠳᠤᠭᠠᠨ ᠤ ᠲᠠᠪᠴᠠᠩ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠰᠡᠷᠢᠭᠦᠨ ᠬᠡᠯᠬᠢᠶᠡᠲᠦ ᠲᠣᠬᠢᠷᠠᠭᠤᠯᠤᠨ ᠬᠦᠷᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠤ᠂ ᠮᠠᠨ ᠤ ᠤᠷᠤᠨ ᠤ ᠨᠡᠷ᠎ᠡ ᠠᠯᠳᠠᠷᠰᠢᠭᠰᠠᠨ ᠦᠬᠡᠷ ᠬᠤᠨᠢᠨ ᠤ ᠮᠢᠬ᠎ᠠ ᠵᠡᠷᠭᠡ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠰᠢᠨ᠎ᠡ ᠰᠤᠷᠭᠤᠭ᠂ ᠪᠤᠰᠢᠭᠤ ᠲᠦᠷᠭᠡᠨ᠂ ᠳᠥᠭᠦᠮ ᠳᠦᠲᠡ ᠪᠠᠷ ᠬᠡᠷᠡᠭᠯᠡᠭᠴᠢᠳ ᠤᠨ ᠭᠠᠷ ᠲᠤ ᠬᠦᠷᠭᠡᠵᠦ ᠥᠭᠭᠦᠨ᠎ᠡ᠃        ᠸᠠᠩ ᠢᠥᠢ ᠹᠧᠩ᠄        ᠭᠤᠷᠪᠠ ᠳᠤ ᠦᠢᠯᠡᠳᠬᠦᠨ ᠤ ᠪᠣᠭᠤᠳᠠᠯ ᠪᠠᠭᠯᠠᠭ᠎ᠠ ᠶᠢ ᠴᠢᠬᠤᠯᠠᠴᠢᠯᠠᠨ᠎ᠠ᠃ ᠪᠠᠶᠢᠴᠠᠭᠠᠨ ᠰᠤᠳᠤᠯᠤᠯᠲᠠ ᠪᠠᠷ ᠣᠯᠵᠤ ᠮᠡᠳᠡᠭᠰᠡᠨ ᠨᠢ᠂ ᠮᠠᠨ ᠤ ᠣᠷᠣᠨ ᠤ ᠮᠠᠰᠢ ᠣᠯᠠᠨ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠵᠢᠱᠢᠶᠡᠯᠡᠪᠡᠯ ᠬᠤᠨᠢᠨ ᠮᠢᠬ᠎ᠠ᠂ ᠲᠤᠲᠤᠷᠭ᠎ᠠ᠂ ᠭᠤᠯᠢᠷ ᠵᠡᠷᠭᠡ ᠶᠢᠨ ᠪᠣᠭᠤᠳᠠᠯ ᠪᠠᠭᠯᠠᠭ᠎ᠠ ᠶᠢᠨ ᠬᠡᠪ ᠪᠠᠷᠢᠮᠵᠢᠶ᠎ᠠ ᠨᠢ ᠶᠡᠭᠡ᠂ ᠭᠠᠳᠠᠷ ᠪᠣᠭᠤᠯᠲᠠ ᠨᠢ ᠶᠡᠷᠦᠮᠳᠡᠭ ᠭᠤᠶᠣ ᠪᠢᠰᠢ ᠪᠠᠶᠢᠨ᠎ᠠ᠂ ᠡᠨᠡ ᠨᠢ ᠵᠠᠬ᠎ᠠ ᠳᠡᠯᠭᠡᠭᠦᠷ ᠤᠨ ᠤᠯᠡᠨ ᠡᠰᠢᠵᠢᠭ᠍ᠰᠡᠨ ᠬᠡᠷᠡᠭᠴᠡᠭᠡ ᠱᠠᠭᠠᠷᠳᠠᠯᠭ᠎ᠠ ᠪᠣᠯᠤᠨ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢᠨ ᠣᠨᠴᠠᠯᠢᠭ ᠲᠠᠢ ᠨᠡᠶᠢᠴᠡᠬᠦ ᠦᠭᠡᠢ ᠪᠠᠶᠢᠨ᠎ᠠ᠃ ᠳᠠᠯᠠ᠂ ᠨᠠᠶᠠᠭᠠᠳ ᠣᠨ ᠳᠤ ᠲᠦᠷᠦᠭᠰᠡᠳ ᠬᠡᠷᠡᠭᠯᠡᠭᠡᠨ ᠤ ᠭᠤᠣᠯ ᠬᠦᠴᠦᠨ ᠪᠣᠯᠵᠤ ᠪᠠᠶᠢᠬᠤ ᠶᠢ ᠳᠠᠭᠠᠯᠳᠤᠭᠠᠳ᠂ ᠵᠢᠵᠢᠭ ᠪᠣᠭᠤᠳᠠᠯ᠂ ᠨᠠᠷᠢᠯᠢᠭ ᠪᠣᠭᠤᠳᠠᠯ ᠴᠢᠨᠠᠭᠰᠢᠯᠠᠪᠠᠯ ᠠᠮᠲᠠᠯᠠᠵᠤ ᠪᠣᠯᠬᠤ ᠪᠣᠭᠤᠳᠠᠯ ᠨᠢ ᠬᠡᠷᠡᠭᠴᠡᠭᠡ ᠱᠠᠭᠠᠷᠳᠠᠯᠭ᠎ᠠ ᠪᠣᠯᠵᠤ᠂ ᠡᠭᠦᠨ ᠤ ᠳᠡᠭᠡᠷ᠎ᠡ ᠡᠮᠦᠨᠡᠲᠦ ᠤᠷᠤᠨ ᠤ ᠵᠠᠬ᠎ᠠ ᠳᠡᠯᠭᠡᠭᠦᠷ ᠤᠨ ᠵᠢᠵᠢᠭ ᠪᠦᠭᠡᠳ ᠨᠠᠷᠢᠯᠢᠭ ᠢᠳᠡᠭᠡᠨ ᠤᠮᠳᠠᠭᠠᠨ ᠤ ᠳᠠᠳᠬᠠᠯ᠂ ᠰᠦᠯᠵᠢᠶᠡᠨ ᠳᠡᠭᠡᠷᠡᠬᠢ ᠬᠤᠳᠠᠯᠳᠤᠭᠠᠨ ᠤ ᠵᠦᠭᠡᠭᠡᠪᠦᠷᠢᠯᠡᠬᠦ ᠱᠠᠭᠠᠷᠳᠠᠯᠭ᠎ᠠ ᠨᠢ ᠴᠥᠮ ᠦᠢᠯᠡᠳᠬᠦᠨ ᠤ ᠪᠠᠨ ᠪᠣᠭᠤᠳᠠᠯ ᠢ ᠴᠠᠭ ᠦᠶ᠎ᠡ ᠲᠠᠢ ᠵᠣᠬᠢᠴᠠᠭᠤᠯᠬᠤ ᠶᠢ ᠤᠷᠢᠶᠠᠯᠠᠵᠤ ᠪᠠᠶᠢᠨ᠎ᠠ᠃ ᠶᠡᠷᠦ ᠶᠢᠨ ᠦᠭᠡᠨ ᠳᠤ ︽ᠬᠥᠮᠦᠨ ᠤ ᠰᠠᠶᠢᠬᠠᠨ ᠵᠠᠰᠠᠯ ᠳᠠᠭᠠᠨ᠂ ᠮᠣᠷᠢᠨ ᠤ ᠰᠠᠶᠢᠬᠠᠨ ᠡᠮᠡᠭᠡᠯ ᠳᠡᠭᠡᠨ︾ ᠭᠡᠳᠡᠭ᠂ ᠦᠢᠯᠡᠳᠬᠦᠨ ᠤ ᠪᠣᠭᠤᠳᠠᠯ ᠪᠠᠭᠯᠠᠭ᠎ᠠ ᠨᠢ ᠮᠦᠨᠴᠦ ᠲᠡᠭᠦᠨ ᠤ ᠶᠠᠰᠤ ᠴᠢᠨᠠᠷ ᠤᠨ ᠨᠢᠭᠡ ᠬᠡᠰᠡᠭ ᠨᠢ ᠮᠥᠨ᠃ ᠡᠶᠢᠮᠦ ᠠᠴᠠ᠂ ᠠᠳᠠᠯᠢ ᠪᠤᠰᠤ ᠬᠡᠪ ᠪᠠᠷᠢᠮᠵᠢᠶᠠᠲᠤ ᠪᠣᠭᠤᠳᠠᠯ ᠪᠠᠭᠯᠠᠭ᠎ᠠ ᠶᠢ ᠵᠢᠷᠤᠵᠤ ᠲᠦᠯᠦᠪᠯᠡᠨ ᠂ ᠠᠳᠠᠯᠢ ᠪᠤᠰᠤ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ︔ ᠣᠷᠣᠨ ᠨᠤᠲᠤᠭ ᠤᠨ ᠦᠪᠡᠷᠮᠢᠴᠡ ᠣᠨᠴᠠᠯᠢᠭ᠂ ᠦᠨᠳᠦᠰᠦᠲᠡᠨ ᠤ ᠰᠣᠶᠣᠯ ᠵᠡᠷᠭᠡ ᠡᠯᠧᠮᠧᠨ᠋ᠲ ᠲᠠᠢ ᠠᠪᠴᠠᠯᠳᠤᠭᠤᠯᠵᠤ᠂ ᠥᠪᠡᠷᠮᠢᠴᠡ ᠭᠤᠶᠢᠳᠠ ᠦᠨᠳᠦᠰᠦᠲᠡᠨ ᠤ ᠵᠠᠩ ᠦᠢᠯᠡ ᠶᠢᠨ ᠪᠣᠭᠤᠳᠠᠯ ᠪᠠᠭᠯᠠᠭ᠎ᠠ ᠶᠢ ᠵᠢᠷᠤᠵᠤ ᠲᠦᠯᠦᠪᠯᠡᠨ᠂ ᠬᠡᠷᠡᠭᠯᠡᠭᠴᠢᠳ ᠤᠨ ᠳᠤᠷ᠎ᠠ ᠪᠠᠬ᠎ᠠ ᠶᠢ ᠲᠠᠲᠠᠵᠤ᠂ ᠬᠡᠷᠡᠭᠯᠡᠭᠡ ᠶᠢ ᠠᠬᠢᠭᠤᠯᠬᠤ ᠬᠡᠷᠡᠭᠲᠡᠢ᠃        ᠬᠥᠲᠥᠯᠥᠭᠴᠢ᠄        ᠳᠡᠭᠡᠷ᠎ᠡ ᠳᠤᠷᠠᠳᠤᠭᠰᠠᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢᠨ ᠲᠤᠰᠠᠳᠠ᠂ ᠲᠠᠨ ᠤ ᠦᠵᠡᠬᠦ ᠪᠠᠷ ᠪᠠᠰᠠ ᠠᠯᠢ ᠠᠯᠢ ᠲᠠᠯ᠎ᠠ ᠪᠠᠷ ᠬᠦᠴᠦᠯᠡᠨ ᠪᠠᠲᠤᠯᠠᠬᠤ ᠴᠢᠬᠤᠯᠠᠲᠠᠢ ᠪᠠᠶᠢᠬᠤ ᠪᠣᠢ︖        ᠸᠠᠩ ᠢᠥᠢ ᠹᠧᠩ᠄        ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠵᠦ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠬᠤ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠦᠢᠯᠡᠳᠪᠦᠷᠢᠯᠡᠬᠦ᠂ ᠡᠳ᠋ᠰᠢᠭᠦᠯᠬᠦ᠂ ᠭᠠᠳᠠᠭᠰᠢ ᠭᠠᠷᠭᠠᠬᠤ ᠵᠡᠷᠭᠡ ᠵᠠᠩᠭᠢᠯᠠᠭ᠎ᠠ ᠶᠢᠨ ᠲᠠᠯ᠎ᠠ ᠪᠠᠷ ᠡᠷᠴᠢᠮᠯᠡᠬᠦ ᠠᠴᠠ ᠭᠠᠳᠠᠨ᠎ᠠ ᠪᠠᠰᠠ ᠤᠯᠠᠨ ᠲᠠᠯ᠎ᠠ ᠶᠢᠨ ᠪᠠᠲᠤᠯᠠᠭ᠎ᠠ ᠴᠢᠬᠤᠯᠠᠲᠠᠢ ᠶᠤᠮ᠃ ᠨᠢᠭᠡ ᠳᠤ ᠪᠠᠶᠢᠭᠤᠯᠤᠯ ᠲᠣᠭᠲᠠᠴᠠ ᠶᠢᠨ ᠪᠠᠲᠤᠯᠠᠭ᠎ᠠ ᠪᠠᠶᠢᠬᠤ ᠬᠡᠷᠡᠭᠲᠡᠶ᠃ ᠭᠤᠣᠯᠳᠠᠯᠭ᠎ᠠ ᠨᠢ ᠪᠣᠯ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠠᠩᠰᠠᠯᠠᠵᠤ ᠦᠨᠡᠮᠯᠡᠯ ᠣᠯᠭᠤᠬᠤ ᠪᠠ ᠨᠤᠲᠤᠭ ᠪᠡᠯᠴᠢᠭᠡᠷ ᠤᠨ ᠥᠮᠴᠢᠯᠡᠬᠦ ᠡᠷᠬᠡ ᠶᠢ ᠨᠤᠲᠠᠯᠠᠨ ᠲᠣᠭᠲᠠᠭᠠᠨ ᠳᠠᠭᠠᠭᠠᠴᠢᠯᠠᠭᠤᠯᠬᠤ ᠶᠢ ᠰᠠᠶᠢᠲᠤᠷ ᠠᠳᠬᠤᠵᠤ᠂ ᠭᠠᠵᠠᠷ ᠰᠢᠷᠣᠶ ᠶᠢ ᠬᠡᠪᠴᠢᠶᠡᠴᠢᠯᠡᠨ ᠡᠵᠡᠩᠨᠡᠬᠦ ᠳᠤ ᠰᠠᠶᠢᠨ ᠰᠠᠭᠤᠷᠢ ᠲᠠᠯᠪᠢᠵᠤ ᠥᠭᠬᠦ ᠬᠡᠷᠡᠭᠲᠡᠶ︔ ᠭᠠᠵᠠᠷ ᠰᠢᠷᠣᠶ ᠡᠪᠡᠰᠦ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢᠨ ᠡᠮᠬᠢ ᠵᠢᠷᠤᠮ ᠲᠠᠢ ᠡᠷᠭᠢᠯᠳᠦᠭᠦᠯᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠤᠰᠬᠠᠶᠢᠵᠢᠭᠰᠠᠨ᠂ ᠪᠠᠷᠢᠮᠵᠢᠶᠠᠵᠢᠭᠰᠠᠨ ᠦᠢᠯᠡᠳᠪᠦᠷᠢᠯᠡᠯ ᠢ ᠠᠬᠢᠭᠤᠯᠬᠤ ᠬᠡᠷᠡᠭᠲᠡᠢ᠃ ᠬᠤᠶᠠᠷ ᠲᠤ ᠡᠬᠢ ᠪᠠᠶᠠᠯᠢᠭ ᠣᠷᠴᠢᠨ ᠲᠣᠭᠤᠷᠢᠨ ᠤ ᠪᠠᠲᠤᠯᠠᠭ᠎ᠠ ᠪᠠᠶᠢᠬᠤ ᠬᠡᠷᠡᠭᠲᠡᠶ᠃ ᠮᠠᠨ ᠤ ᠤᠷᠤᠨ ᠤ ᠲᠩᠷᠢ ᠨᠢ ᠴᠡᠯᠮᠡᠭ᠂ ᠲᠠᠯ᠎ᠠ ᠨᠢ ᠨᠣᠭᠤᠭᠠᠨ᠂ ᠤᠰᠤ ᠨᠢ ᠲᠤᠩᠭᠠᠯᠠᠭ ᠳᠠᠪᠠᠭᠤᠯᠢᠭ ᠪᠠᠶᠢᠭᠠᠯᠢ ᠶᠢᠨ ᠡᠬᠢ ᠪᠠᠶᠠᠯᠢᠭ ᠢ ᠰᠠᠶᠢᠲᠤᠷ ᠰᠠᠬᠢᠨ ᠬᠠᠮᠠᠭᠠᠯᠠᠵᠤ᠂ ᠬᠠᠷ᠎ᠠ ᠬᠥᠷᠥᠰᠥᠲᠦ ᠭᠠᠵᠠᠷ ᠰᠢᠷᠣᠶ ᠶᠢ ᠬᠠᠮᠠᠭᠠᠯᠠᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠠᠷᠢᠯᠭᠠᠬᠤ ᠳᠠᠶᠢᠨ ᠢ ᠰᠠᠶᠢᠲᠤᠷ ᠬᠢᠵᠦ᠂ ᠪᠣᠬᠢᠷᠲᠤᠯ ᠦᠭᠡᠢ᠂ ᠣᠷᠭᠠᠨᠢᠭ ᠭᠠᠷᠤᠯᠲᠠ ᠶᠢᠨ ᠤᠷᠤᠨ ᠤ ᠨᠡᠷᠡᠲᠦ ᠲᠡᠮᠳᠡᠭᠲᠦ ᠶᠢ ᠠᠯᠳᠠᠷᠰᠢᠭᠤᠯᠬᠤ ᠬᠡᠷᠡᠭᠲᠡᠢ᠃        ᠸᠠᠩ ᠢᠥᠢ ᠹᠧᠩ᠄        ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠪᠠᠶᠢᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠬᠡᠬᠡᠵᠦ ᠬᠡᠷᠡᠭᠯᠡᠬᠦ ᠶᠢ ᠴᠢᠩᠭᠠᠳᠬᠠᠵᠤ᠂ ᠲᠠᠷᠢᠬᠤ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ︔ ᠡᠳ᠋ᠰᠢᠭᠦᠯᠬᠦ ᠭᠤᠭᠴᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠳᠡᠭᠡᠭᠰᠢᠯᠡᠭᠦᠯᠦᠨ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠬᠤ ᠲᠥᠬᠦᠭᠡᠷᠦᠮᠵᠢ ᠶᠢ ᠦᠭᠡᠷᠡᠴᠢᠯᠡᠨ ᠲᠡᠰ ᠳᠡᠪᠰᠢᠭᠦᠯᠬᠦ ᠶᠢ ᠰᠠᠶᠢᠲᠤᠷ ᠠᠳᠬᠤᠵᠤ᠂ ᠪᠣᠬᠢᠷᠲᠤᠯ ᠦᠭᠡᠢ᠂ ᠰᠢᠮ᠎ᠡ ᠲᠡᠵᠢᠭᠡᠯᠲᠦ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠬᠤ ᠬᠡᠷᠡᠭᠲᠡᠢ᠃ ᠳᠥᠷᠪᠡ ᠳᠤ ᠬᠢᠨᠠᠯᠲᠠ ᠬᠠᠮᠢᠶᠠᠷᠤᠯᠲᠠ ᠶᠢᠨ ᠪᠠᠲᠤᠯᠠᠭ᠎ᠠ ᠪᠠᠶᠢᠬᠤ ᠬᠡᠷᠡᠭᠲᠡᠢ᠃ ᠭᠤᠣᠯ ᠨᠢ ᠲᠠᠷᠢᠶᠠᠯᠠᠩ ᠮᠠᠯ ᠠᠵᠤ ᠠᠬᠤᠶ ᠶᠢᠨ ᠣᠷᠣᠭᠤᠯᠤᠯᠲᠠ ᠶᠢᠨ ᠡᠳ᠋ ᠢ ᠦᠢᠯᠡᠳᠪᠦᠷᠢᠯᠡᠵᠦ ᠬᠡᠷᠡᠭᠯᠡᠬᠦ ᠪᠠ ᠬᠢᠨᠠᠨ ᠬᠠᠮᠢᠶᠠᠷᠬᠤ ᠴᠢᠩᠭ᠎ᠠ ᠬᠠᠲᠠᠭᠤ ᠲᠥᠷᠢᠮ ᠢ ᠬᠡᠷᠡᠭᠵᠢᠭᠦᠯᠦᠨ᠂ ᠲᠠᠷᠢᠶᠠᠯᠠᠩ ᠤᠨ ᠪᠦᠲᠦᠬᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠥᠪᠰᠢᠨ ᠢ ᠮᠦᠷᠳᠡᠨ ᠬᠠᠶᠢᠬᠤ ᠰᠢᠰᠲ᠋ᠧᠮᠵᠢ ᠶᠢ ᠪᠠᠶᠢᠭᠤᠯᠵᠤ ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠥᠪᠰᠢᠨ ᠤ ᠪᠦᠬᠦ ᠶᠠᠪᠤᠴᠠ ᠶᠢ ᠬᠢᠨᠠᠨ ᠬᠠᠮᠢᠶᠠᠷᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ︽ᠬᠤᠭᠤᠯᠠᠨ ᠰᠢᠷᠡᠭᠡᠨ ᠳᠡᠭᠡᠷᠡᠬᠢ ᠠᠮᠤᠷ ᠲᠦᠪᠰᠢᠨ︾ ᠢ ᠪᠠᠲᠤᠯᠠᠬᠤ ᠬᠡᠷᠡᠭᠲᠡᠢ᠃        ᠬᠥᠲᠥᠯᠥᠭᠴᠢ᠄        ᠸᠠᠩ ᠲᠢᠩᠬᠢᠮ ᠤᠨ ᠳᠠᠷᠤᠭ᠎ᠠ ᠶᠢᠨ ᠬᠦᠯᠢᠴᠡᠩᠭᠦᠶ ᠲᠠᠶᠢᠯᠤᠮᠵᠢ ᠬᠢᠭᠰᠡᠨ ᠳᠤ ᠲᠦᠢᠯ ᠢᠶᠠᠷ ᠲᠠᠯᠠᠷᠬᠠᠵᠤ ᠪᠠᠶᠢᠨ᠎ᠠ᠃ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠵᠠᠪᠰᠠᠷᠯᠠᠯ᠎ᠠ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠶ ᠵᠤᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号