ᠥᠪᠥᠷ ᠮᠣᠩᠭᠤᠯ ᠤᠨ ︽ᠳᠥᠷᠪᠡᠨ ᠣᠯᠠᠨ︾ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠨᠢ ᠠᠳᠠᠯ ᠦᠶ᠋ᠯᠡᠰ ᠴᠣᠭᠴᠠᠯᠠᠭᠴᠢ ᠳᠤ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠤ ᠪᠣᠢ
ᠨᠡᠶᠢᠲᠡᠯᠡᠭᠰᠡᠨ ᠴᠠᠭ᠄
2017-03-30
       ᠰᠤᠷᠪᠤᠯᠵᠢᠯᠠᠭᠰᠠᠨ ᠴᠠᠭ᠄        2017 ᠣᠨ ᠤ 3 ᠳ᠋ᠤᠭᠠᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨᠡᠬᠢ 10 ᠴᠠᠭ        ᠰᠤᠷᠪᠤᠯᠵᠢᠯᠠᠭᠰᠠᠨ ᠵᠣᠴᠢᠨ᠄        ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠯᠢᠦ ᠬᠤᠤ ᠱᠧᠩ        ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄        ︽ᠳᠥᠷᠪᠡᠨ ᠣᠯᠠᠨ︾ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠪᠣᠯ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠡᠭᠦᠳᠦᠨ ᠪᠠᠶᠢᠭᠤᠯᠤᠭᠰᠠᠨ᠂ ᠵᠠᠰᠠᠭ ᠤᠨ ᠣᠷᠳᠣᠨ ᠢᠶᠠᠷ ᠵᠢᠯᠣᠭᠤᠳᠤᠮᠵᠢ ᠪᠣᠯᠭᠠᠵᠤ᠂ ᠠᠵᠤ ᠠᠬᠤᠶᠢᠯᠠᠯ ᠢᠶᠠᠷ ᠭᠤᠣᠯ ᠤᠳᠤᠷᠢᠳᠤᠮᠵᠢ ᠪᠣᠯᠭᠠᠭᠰᠠᠨ ︽1 + 1 + 1︾ ︵︽ᠢᠨᠲ᠋ᠧᠷ ᠰᠦᠯᠵᠢᠶ᠎ᠡ +᠂ ᠨᠢᠭᠡ ᠤᠶᠤᠨ ᠤ ᠬᠥᠮᠥᠷᠭᠡ᠂ ᠨᠢᠭᠡ ᠬᠦᠷᠢᠶᠡᠯᠡᠩ ᠲᠣᠭᠤᠷᠢᠭ︶ ᠳᠤ ᠲᠦᠰᠢᠭᠯᠡᠨ᠂ ︽ᠤᠯᠠᠨ ᠢᠶᠠᠷ ᠢᠶᠠᠨ ᠡᠭᠦᠳᠬᠦ᠂ ᠤᠯᠠᠨ ᠨᠡᠶᠢᠲᠡ ᠳᠤ ᠳᠠᠭᠠᠭᠠᠴᠢᠯᠠᠭᠤᠯᠬᠤ᠂ ᠤᠯᠠᠨ ᠢᠶᠠᠷ ᠢᠶᠠᠨ ᠳᠡᠮᠵᠢᠯᠴᠡᠬᠦ᠂ ᠤᠯᠠᠨ ᠢᠶᠠᠷ ᠢᠶᠠᠨ ᠴᠤᠭᠯᠠᠭᠤᠯᠬᠤ︾ ᠵᠠᠭᠪᠤᠷ ᠢ ᠬᠡᠷᠡᠭᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠪᠣᠯᠤᠨ ᠪᠤᠰᠤᠳ ᠡᠯᠧᠮᠧᠨ᠋ᠲ ᠤᠨ ᠵᠠᠬ᠎ᠠ ᠳᠡᠯᠭᠡᠭᠦᠷ ᠢ ᠲᠠᠰᠤᠷᠠᠭ᠎ᠠ ᠦᠭᠡᠶ ᠡᠮᠬᠢᠯᠡᠨ ᠨᠡᠶᠢᠯᠡᠭᠦᠯᠵᠦ᠂ ᠪᠦᠭᠦ ᠡᠯᠧᠮᠧᠨ᠋ᠲ ᠂ ᠥᠪᠡᠷ ᠤᠨ ᠦᠷᠳᠡᠭ ᠳᠣᠣᠷ᠎ᠠ᠂ ᠳᠥᠭᠦᠮ ᠳᠥᠲᠡ᠂ ᠨᠡᠭᠡᠭᠡᠯᠲᠡᠲᠦ ᠬᠡᠯᠪᠡᠷᠢ ᠶᠢᠨ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠪᠣᠯᠣᠨ᠎ᠠ᠃ ᠦᠨᠦᠳᠦᠷ ᠪᠢᠳᠡ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠯᠢᠦ ᠬᠤᠤ ᠱᠧᠩ ᠢ ᠰᠦᠯᠵᠢᠶᠡᠨ ᠳᠤ ᠤᠷᠢᠵᠤ ᠲᠠ ᠪᠦᠬᠦᠨ ᠲᠠᠢ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠤᠨ ᠲᠣᠬᠠᠢ ᠶᠠᠷᠢᠯᠴᠠᠭᠤᠯᠬᠤ ᠪᠠᠷ ᠪᠣᠯᠪᠠ᠂ ᠥᠷᠭᠡᠨ ᠣᠯᠠᠨ ᠰᠦᠯᠵᠢᠶᠡᠨ ᠠᠨᠳᠠ ᠨᠠᠷ ᠢᠳᠡᠪᠬᠢᠲᠡᠶ ᠤᠷᠤᠯᠴᠠᠬᠤ ᠪᠣᠯᠪᠠᠤ᠃        ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ        ᠬᠥᠲᠥᠯᠥᠭᠴᠢ᠄        ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠠ ᠪᠦᠬᠦᠨ ᠤ ︽ᠳᠤᠮᠳᠠᠳᠤ ᠤᠯᠤᠰ ᠤᠨ ᠥᠪᠥᠷ ᠮᠣᠩᠭᠤᠯ︾ ᠵᠠᠰᠠᠭ ᠤᠨ ᠣᠷᠳᠣᠨ ᠤ ᠰᠦᠯᠵᠢᠶ᠎ᠡ ᠶᠢᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠤᠭᠲᠤᠵᠤ ᠪᠠᠶᠢᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠡᠳ᠋ ᠲᠣᠭᠤᠷᠢᠨ ᠪᠠᠶᠢᠴᠠᠭᠠᠭᠴᠢ ᠯᠢᠦ ᠬᠤᠤ ᠱᠧᠩ ᠢ ᠰᠦᠯᠵᠢᠶᠡᠨ ᠳᠤ ᠤᠷᠢᠵᠤ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠤᠨ ᠲᠣᠬᠠᠢ ᠲᠠ ᠪᠦᠬᠦᠨ ᠲᠠᠢ ᠶᠠᠷᠢᠯᠴᠠᠭᠤᠯᠬᠤ ᠪᠥᠭᠡᠳ ᠰᠦᠯᠵᠢᠶᠡᠨ ᠠᠨᠳᠠ ᠨᠡᠷ ᠤᠨ ᠠᠰᠠᠭᠤᠯᠲᠠ ᠶᠢ ᠬᠠᠷᠢᠭᠤᠯᠬᠤ ᠪᠠᠷ ᠪᠣᠯᠣᠯ᠎ᠠ᠃        ᠯᠢᠦ ᠬᠤᠤ ᠱᠧᠩ᠄        ᠬᠥᠲᠥᠯᠥᠭᠴᠢ ᠰᠠᠶᠢᠨ ᠪᠠᠶᠢᠨ᠎ᠠ ᠦᠦ᠂ ᠰᠦᠯᠵᠢᠶᠡᠨ ᠠᠨᠳᠠ ᠨᠠᠷ ᠰᠠᠶᠢᠨ ᠪᠠᠶᠢᠨ᠎ᠠ ᠦᠦ︕ ᠠᠳᠡ ᠲᠠ ᠪᠦᠬᠦᠨ ᠲᠠᠢ ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ ᠡᠨᠡ ᠬᠦ ᠲᠠᠰᠢᠷᠠᠮ ᠳᠤ᠂ ᠪᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠡᠮᠦᠨ᠎ᠡ ᠠᠴᠠ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠠᠵᠢᠯ ᠳᠤ ᠢᠮᠠᠭᠲᠠ ᠰᠡᠳᠬᠢᠯ ᠲᠠᠯᠪᠢᠵᠤ᠂ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠠᠨᠳᠠ ᠨᠠᠷ ᠲᠠᠭᠠᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃        ᠬᠥᠲᠥᠯᠥᠭᠴᠢ᠄        ᠮᠠᠨ ᠤ ᠣᠶᠢᠯᠠᠭᠠᠵᠤ ᠮᠡᠳᠡᠭᠰᠡᠨ ᠢᠶᠠᠷ᠂ ᠮᠠᠨ ᠤ ᠣᠷᠣᠨ ᠤ ᠡᠭᠦᠳᠦᠨ ᠪᠠᠶᠢᠭᠤᠯᠤᠭᠰᠠᠨ ᠪᠦᠬᠦ ᠤᠯᠤᠰ ᠤᠨ ᠠᠩᠬᠠᠳᠠᠭᠴᠢ ᠮᠤᠵᠢ ᠶᠢᠨ ᠳᠡᠰ ᠤᠨ ︽ᠳᠥᠷᠪᠡᠨ ᠣᠯᠠᠨ︾ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠨᠢ ︽2016 ᠣᠨ ᠤ ᠳᠤᠮᠳᠠᠳᠤ ᠤᠯᠤᠰ ᠤᠨ ᠠᠵᠢᠯ ᠣᠯᠭᠤᠯᠲᠠ ᠶᠢᠨ ᠠᠷᠪᠠᠨ ᠶᠡᠭᠡ ᠶᠠᠪᠤᠳᠠᠯ ᠵᠢᠴᠢ ᠣᠷᠣᠨ ᠨᠤᠲᠤᠭ ᠤᠨ ᠠᠵᠢᠯ ᠣᠯᠭᠤᠬᠤ ᠰᠢᠨ᠎ᠡ ᠶᠢ ᠡᠭᠦᠳᠦᠭᠰᠡᠨ ᠶᠠᠪᠤᠳᠠᠯ︾ ᠢᠶᠠᠷ ᠦᠨᠡᠯᠡᠭᠳᠡᠪᠡ᠂ ᠲᠠ ᠡᠨᠡᠬᠦ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠤᠭᠰᠠᠨ ᠡᠭᠦᠰᠦᠴᠡ ᠶᠢ ᠮᠠᠨ ᠳᠤ ᠲᠠᠨᠢᠯᠴᠠᠭᠤᠯᠤᠭᠠᠳ ᠥᠭᠭᠦᠨ᠎ᠡ ᠦᠦ︖        ᠯᠢᠦ ᠬᠤᠤ ᠱᠧᠩ᠄        ᠨᠠᠷᠢᠨ ᠬᠢᠨᠠᠮᠠᠭᠠᠶ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠠᠳ᠂ ᠪᠢᠳᠠ ᠭᠦᠨᠵᠡᠭᠡᠶ ᠣᠶᠢᠯᠠᠭᠠᠯᠲᠠ ᠲᠠᠢ ᠪᠣᠯᠪᠠ᠄ ᠨᠢᠭᠡ ᠳᠤ ᠠᠳᠠᠯ ᠦᠶ᠋ᠯᠡᠰ ᠴᠣᠭᠴᠠᠯᠠᠬᠤ ᠬᠦᠷᠢᠶᠡᠯᠡᠩ ᠢ ᠪᠦᠲᠦᠭᠡᠨ ᠪᠠᠶᠢᠭᠤᠯᠬᠤ ᠳᠤ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠶ᠃ ᠵᠠᠰᠠᠭ ᠤᠨ ᠣᠷᠳᠣᠨ ᠪᠣᠯ ᠠᠳᠠᠯ ᠦᠢᠯᠡᠰ ᠴᠣᠭᠴᠠᠯᠠᠬᠤ ᠶᠢ ᠲᠡᠳᠬᠦᠬᠦ ᠬᠠᠷᠠᠭᠠᠯᠵᠠᠯᠲᠤ ᠳᠦᠷᠦ ᠶᠢᠨ ᠪᠤᠳᠤᠯᠭ᠎ᠠ ᠲᠣᠭᠲᠠᠭᠠᠭᠴᠢ ᠪᠣᠯᠣᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠭᠴᠢ ᠮᠥᠨ᠂ ᠠᠵᠤ ᠠᠬᠤᠶᠢᠯᠠᠯ ᠨᠢ ᠵᠠᠬ᠎ᠠ ᠳᠡᠯᠭᠡᠭᠦᠷ ᠤᠨ ᠲᠣᠭᠲᠠᠴᠠ ᠪᠠᠷ ᠠᠳᠠᠯ ᠦᠶ᠋ᠯᠡᠰ ᠴᠣᠭᠴᠠᠯᠠᠬᠤ ᠬᠦᠷᠢᠶᠡᠯᠡᠩ ᠢ ᠡᠵᠡᠩᠨᠡᠬᠦ ᠨᠢ ᠵᠠᠰᠠᠭ ᠤᠨ ᠣᠷᠳᠣᠨ ᠣᠷᠣᠨ ᠵᠠᠶ ᠣᠯᠭᠤᠬᠤ᠂ ᠵᠠᠬ᠎ᠠ ᠳᠡᠯᠭᠡᠭᠦᠷ ᠠᠴᠠ ᠴᠢᠳᠠᠮᠵᠢ ᠬᠠᠩᠭᠠᠬᠤ᠂ ᠵᠠᠰᠠᠭ ᠤᠨ ᠣᠷᠳᠣᠨ ᠣᠷᠣᠬᠤ ᠡᠭᠦᠳᠡ ᠨᠡᠭᠡᠭᠡᠬᠦ᠂ ᠵᠠᠬ᠎ᠠ ᠳᠡᠯᠭᠡᠭᠦᠷ ᠭᠠᠷᠬᠤ ᠡᠭᠦᠳᠡ ᠨᠡᠭᠡᠭᠡᠬᠦ᠂ ᠵᠠᠰᠠᠭ ᠤᠨ ᠣᠷᠳᠣᠨ ᠣᠷᠴᠢᠨ ᠲᠣᠭᠤᠷᠢᠨ ᠣᠯᠭᠤᠬᠤ᠂ ᠵᠠᠬ᠎ᠠ ᠳᠡᠯᠭᠡᠭᠦᠷ ᠠᠭᠤᠯᠤᠭᠳᠠᠬᠤᠨ ᠬᠠᠩᠭᠠᠬᠤ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠬᠤᠶᠠᠷ ᠲᠠᠯ᠎ᠠ ᠠᠴᠠ ᠬᠦᠴᠦᠯᠡᠵᠦ᠂ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠬᠥᠭᠵᠢᠯᠲᠡ ᠶᠢᠨ ᠦᠷᠭᠦᠯᠵᠢᠯᠡᠬᠦ ᠴᠢᠨᠠᠷ ᠢ ᠨᠡᠩ ᠢᠯᠡᠭᠦᠦ ᠨᠡᠮᠡᠭᠳᠡᠭᠦᠯᠬᠦ ᠪᠣᠯᠣᠨ᠎ᠠ︔ ᠬᠤᠶᠠᠷ ᠲᠤ ᠠᠳᠠᠯ ᠦᠢᠯᠡᠰ ᠴᠣᠭᠴᠠᠯᠠᠬᠤ ᠳᠤ ᠲᠤᠰᠠᠯᠠᠬᠤ ︽ᠳᠥᠷᠪᠡᠨ ᠣᠯᠠᠨ︾ ᠲᠠᠪᠴᠠᠩ ᠢ ᠡᠮᠬᠢᠯᠡᠨ ᠨᠡᠶᠢᠯᠡᠭᠦᠯᠬᠦ ᠴᠢᠬᠤᠯᠠᠲᠠᠶ ᠶᠤᠮ᠃ ᠥᠨᠥ ᠶᠢᠨ ᠴᠠᠭ ᠦᠶ᠎ᠡ ᠳᠤ᠂ ᠢᠨᠲ᠋ᠧᠷ ᠰᠦᠯᠵᠢᠶ᠎ᠡ ᠨᠢ ᠤᠰᠤ᠂ ᠴᠠᠬᠢᠯᠭᠠᠨ᠂ ᠭᠠᠵᠠᠷ ᠰᠢᠷᠣᠶ ᠲᠠᠢ ᠠᠳᠠᠯᠢ ᠪᠠᠷ ᠦᠢ ᠣᠯᠠᠨ ᠢᠶᠠᠷ ᠢᠶᠠᠨ ᠠᠳᠠᠯ ᠦᠶ᠋ᠯᠡᠰ ᠴᠣᠭᠴᠠᠯᠠᠬᠤ ᠳᠤ ᠳᠤᠲᠠᠭᠳᠠᠵᠤ ᠪᠣᠯᠤᠰᠢ ᠦᠭᠡᠢ ᠴᠢᠬᠤᠯᠠ ᠬᠦᠴᠦᠨ ᠵᠦᠢᠯ ᠪᠣᠯᠵᠤ᠂ ᠤᠯᠠᠨ ᠢᠶᠠᠷ ᠢᠶᠠᠨ ᠡᠭᠦᠳᠬᠦ᠂ ᠤᠯᠠᠨ ᠨᠡᠶᠢᠲᠡ ᠳᠤ ᠳᠠᠭᠠᠭᠠᠴᠢᠯᠠᠭᠤᠯᠬᠤ ᠂ ᠤᠯᠠᠨ ᠢᠶᠠᠷ ᠢᠶᠠᠨ ᠳᠡᠮᠵᠢᠯᠴᠡᠬᠦ᠂ ᠤᠯᠠᠨ ᠠᠷᠭ᠎ᠠ ᠪᠠᠷ ᠪᠡᠯᠡ ᠴᠤᠭᠯᠠᠭᠤᠯᠬᠤ ᠵᠡᠷᠭᠡ ︽ᠢᠨᠲ᠋ᠧᠷ ᠰᠦᠯᠵᠢᠶ᠎ᠡ +︾ ᠶᠢᠨ ᠵᠠᠭᠪᠤᠷ ᠨᠢ ᠨᠢᠭᠡᠨᠲᠡ ᠤᠯᠤᠰ ᠤᠨ ᠭᠤᠣᠯ ᠳᠡᠯᠭᠡᠷᠡᠭᠦᠯᠬᠦ ᠠᠳᠠᠯ ᠦᠢᠯᠡᠰ ᠴᠣᠭᠴᠠᠯᠠᠬᠤ ᠲᠤᠰᠠᠯᠠᠮᠵᠢ ᠲᠠᠪᠴᠠᠩ ᠪᠣᠯᠵᠤ ᠪᠠᠶᠢᠨ᠎ᠠ᠃ ᠣᠳᠣᠬᠠᠨ ᠳᠤ ᠮᠠᠨ ᠤ ᠣᠷᠣᠨ ᠤ ︽ᠳᠥᠷᠪᠡᠨ ᠣᠯᠠᠨ︾ ᠤ ᠲᠠᠪᠴᠠᠩ ᠤᠨ ᠣᠯᠠᠩᠬᠢ ᠨᠢ ᠲᠠᠷᠠᠬᠠᠶ ᠪᠤᠲᠠᠷᠬᠠᠶ ᠭᠠᠭᠴᠠᠭᠠᠷᠳᠠᠮᠠᠯ ᠪᠠᠶᠢᠵᠤ᠂ ᠵᠠᠬ᠎ᠠ ᠳᠡᠯᠭᠡᠭᠦᠷ ᠤᠨ ᠲᠣᠭᠲᠠᠴᠠ ᠪᠠᠷ ᠡᠮᠬᠢᠯᠡᠨ ᠨᠡᠶᠢᠯᠡᠭᠦᠯᠬᠦ ᠴᠢᠬᠤᠯᠠᠲᠠᠶ ᠪᠠᠶᠢᠬᠤ ᠪᠦᠭᠡᠳ ᠡᠭᠦᠨ ᠤ ᠤᠯᠠᠮ ᠢᠶᠠᠷ ᠲᠡᠭᠦᠨ ᠤ ᠶᠡᠷᠦᠩᠬᠡᠶᠢᠯᠡᠭᠰᠡᠨ ᠦᠢᠯᠡᠳᠦᠯ ᠢ ᠨᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠪᠠᠶᠢᠨ᠎ᠠ︔ ᠭᠤᠷᠪᠠ ᠳᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠪᠣᠯ ᠳᠥᠷᠪᠡᠨ ᠣᠯᠠᠨ ᠢᠶᠠᠷ ᠠᠳᠠᠯ ᠦᠢᠯᠡᠰ ᠴᠣᠭᠴᠠᠯᠠᠬᠤ ᠶᠢᠨ ᠭᠤᠣᠯ ᠲᠤᠯᠭᠠᠭᠤᠷᠢ ᠮᠥᠨ᠃ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠪᠣᠯ ᠠᠳᠠᠯ ᠦᠢᠯᠡᠰ ᠴᠣᠭᠴᠠᠯᠠᠬᠤ ᠠᠵᠢᠯᠯᠭ᠎ᠠ ᠳᠤᠮᠳᠠ ᠶᠠᠭᠤᠨ ᠤ ᠡᠮᠦᠨ᠎ᠡ ᠪᠠᠳᠠᠷᠠᠬᠤ ᠪᠥᠭᠡᠳ ᠥᠨᠢ ᠡᠭᠦᠷᠢᠳᠡ ᠦᠷᠭᠦᠯᠵᠢᠯᠡᠨ ᠳᠠᠭᠠᠬᠤ ᠦᠢᠯᠡᠳᠪᠦᠷᠢᠯᠡᠯ ᠤᠨ ᠴᠢᠬᠤᠯᠠ ᠡᠯᠧᠮᠧᠨ᠋ᠲ ᠶᠢᠨ ᠵᠠᠬ᠎ᠠ ᠳᠡᠯᠭᠡᠭᠦᠷ ᠮᠥᠨ᠂ ᠪᠤᠰᠤᠳ ᠡᠯᠧᠮᠧᠨ᠋ᠲ ᠤᠨ ᠵᠠᠬ᠎ᠠ ᠳᠡᠯᠭᠡᠭᠦᠷ ᠯᠦᠭᠡ ᠶᠢᠨ ᠨᠡᠶᠢᠯᠡᠯ ᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ ᠴᠢᠯᠦᠭᠡᠯᠡᠪᠡᠯ᠂ ᠦᠢ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠨ ᠪᠠᠷ ᠢᠶᠠᠨ ᠰᠢᠨ᠎ᠡ ᠶᠢ ᠡᠭᠦᠳᠬᠦ ᠶᠢ ᠨᠡᠩ ᠰᠠᠶᠢᠲᠤᠷ ᠲᠦᠯᠬᠢᠨ ᠠᠬᠢᠭᠤᠯᠵᠤ ᠴᠢᠳᠠᠨ᠎ᠠ᠃ ᠳᠡᠭᠡᠷᠡᠬᠢ ᠵᠦᠢᠯ ᠳᠤ ᠰᠠᠭᠤᠷᠢᠯᠠᠨ᠂ ᠮᠠᠨ ᠤ ᠣᠷᠣᠨ ᠪᠦᠬᠦ ᠤᠯᠤᠰ ᠤᠨ ᠠᠩᠬᠠᠳᠠᠭᠴᠢ ᠪᠦᠭᠦ ᠡᠯᠧᠮᠧᠨ᠋ᠲ᠂ ᠳᠥᠭᠦᠮ ᠳᠥᠲᠡ᠂ ᠥᠪᠡᠷ ᠤᠨ ᠦᠷᠳᠡᠭ ᠳᠣᠣᠷ᠎ᠠ᠂ ᠨᠡᠭᠡᠭᠡᠯᠲᠡᠲᠦ ᠬᠡᠯᠪᠡᠷᠢ ᠶᠢᠨ ᠳᠥᠷᠪᠡᠨ ᠣᠯᠠᠨ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠢ ᠡᠭᠦᠳᠦᠨ ᠪᠠᠶᠢᠭᠤᠯᠪᠠ᠃        ᠬᠦᠲᠦᠯᠦᠭᠴᠢ᠄        ︽ᠳᠥᠷᠪᠡᠨ ᠣᠯᠠᠨ︾ ᠭᠡᠳᠡᠭ ᠨᠢ ᠠᠯᠢ ︽ᠳᠥᠷᠪᠡᠨ ᠣᠯᠠᠨ︾ ᠢ ᠵᠢᠭᠠᠵᠤ ᠪᠠᠶᠢᠭ᠎ᠠ ᠪᠤᠢ︖ ᠬᠡᠷᠬᠢᠨ ᠤᠶᠢᠯᠠᠭᠠᠪᠠᠯ ᠵᠤᠬᠢᠬᠤ ᠪᠤᠢ︖        ᠯᠢᠦ ᠬᠤᠤ ᠱᠧᠩ᠄        ︽ᠳᠥᠷᠪᠡᠨ ᠣᠯᠠᠨ︾ ᠭᠡᠳᠡᠭ ᠨᠢ ︽ᠤᠯᠠᠨ ᠢᠶᠠᠷ ᠢᠶᠠᠨ ᠡᠭᠦᠳᠬᠦ᠂ ᠤᠯᠠᠨ ᠨᠡᠶᠢᠲᠡ ᠳᠤ ᠳᠠᠭᠠᠭᠠᠴᠢᠯᠠᠭᠤᠯᠬᠤ᠂ ᠤᠯᠠᠨ ᠢᠶᠠᠷ ᠢᠶᠠᠨ ᠳᠡᠮᠵᠢᠯᠴᠡᠬᠦ᠂ ᠤᠯᠠᠨ ᠢᠶᠠᠷ ᠢᠶᠠᠨ ᠪᠡᠯᠡ ᠴᠤᠭᠯᠠᠭᠤᠯᠬᠤ︾ ᠲᠠᠪᠴᠠᠩ ᠢ ᠵᠢᠭᠠᠵᠤ ᠪᠠᠶᠢᠨ᠎ᠠ᠃ ︽ᠳᠥᠷᠪᠡᠨ ᠣᠯᠠᠨ︾ ᠵᠠᠬ᠎ᠠ ᠳᠡᠯᠭᠡᠭᠦᠷ ᠤᠨ ᠳᠤᠲᠤᠷ᠎ᠠ᠂ ᠤᠯᠠᠨ ᠢᠶᠠᠷ ᠢᠶᠠᠨ ᠡᠭᠦᠳᠬᠦ ᠲᠠᠪᠴᠠᠩ ᠪᠤᠯ ᠠᠳᠠᠯ ᠦᠢᠯᠡᠰ ᠴᠤᠭᠴᠠᠯᠠᠬᠤ ᠬᠥᠭᠵᠢᠯᠲᠡ ᠶᠢᠨ ᠤᠷᠤᠨ ᠵᠠᠶ ᠪᠤᠯᠤᠨ᠎ᠠ᠃ ᠡᠨᠡ ᠬᠦ ᠤᠷᠤᠨ ᠵᠠᠢ ᠳᠤ᠂ ᠥᠪᠥᠷ ᠮᠣᠩᠭᠤᠯ ᠤᠨ ᠣᠯᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠳ ᠬᠤᠯᠪᠤᠭᠠᠯᠠᠨ ᠤᠯᠠᠨ ᠢᠶᠠᠷ ᠢᠶᠠᠨ ᠡᠭᠦᠳᠬᠦ ᠲᠠᠪᠴᠠᠩ ᠢ ᠪᠠᠶᠢᠭᠤᠯᠵᠤ᠂ ᠡᠨᠡ ᠬᠦ ᠲᠠᠪᠴᠠᠩ ᠢᠶᠠᠷ ᠳᠠᠮᠵᠢᠭᠤᠯᠤᠨ ᠬᠠᠩᠵᠧᠦ᠂ ᠱᠠᠩᠬᠠᠶ᠂ ᠱᠧᠨᠧᠨ ᠵᠡᠷᠭᠡ 200 ᠭᠠᠷᠤᠶ ᠲᠠᠪᠴᠠᠩ ᠯᠤᠭ᠎ᠠ ᠪᠥᠬᠦ ᠨᠡᠶᠢᠭᠡᠮ ᠤᠨ ᠡᠯ᠎ᠡ ᠲᠥᠷᠥᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠲᠦᠪᠯᠡᠷᠡᠬᠦᠯᠦᠭᠰᠡᠨ ᠤ ᠬᠠᠮᠲᠤ ᠠᠳᠠᠯ ᠦᠢᠯᠡᠰ ᠴᠤᠭᠴᠠᠯᠠᠭᠴᠢᠳ ᠤᠨ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠥᠪᠡᠷ ᠤᠨ ᠦᠷᠳᠡᠭ ᠢ ᠨᠢ ᠪᠠᠭᠤᠷᠠᠭᠤᠯᠵᠤ᠂ ᠠᠳᠠᠯ ᠦᠢᠯᠡᠰ ᠴᠤᠭᠴᠠᠯᠠᠭᠴᠢᠳ ᠢ ᠴᠥᠮ ᠰᠢᠨ᠎ᠡ ᠶᠢ ᠡᠭᠦᠳᠬᠦ ᠳᠤ ᠤᠷᠤᠯᠴᠠᠭᠤᠯᠵᠤ᠂ ᠦᠢ ᠣᠯᠠᠨ ᠢᠶᠠᠷ ᠢᠶᠠᠨ ᠰᠢᠨ᠎ᠡ ᠶᠢ ᠡᠭᠦᠳᠴᠦ᠂ ᠦᠢ ᠤᠯᠠᠨ ᠤ ᠤᠢ ᠪᠢᠯᠢᠭ ᠢ ᠨᠡᠭᠡᠭᠡᠭᠳᠡᠬᠦᠯᠬᠦ ᠪᠠᠶᠢᠳᠠᠯ ᠢ ᠪᠤᠢ ᠪᠤᠯᠭᠠᠪᠠ︔ ᠤᠯᠠᠨ ᠢᠶᠠᠷ ᠢᠶᠠᠨ ᠳᠡᠮᠵᠢᠯᠴᠡᠬᠦ ᠲᠠᠪᠴᠠᠩ ᠪᠣᠯ ᠠᠳᠠᠯ ᠦᠢᠯᠡᠰ ᠴᠣᠭᠴᠠᠯᠠᠬᠤ ᠴᠢᠬᠤᠯᠠ ᠠᠴᠢᠶᠠᠯᠠᠭᠴᠢ ᠮᠥᠨ᠃ ᠡᠨᠡ ᠬᠦ ᠠᠴᠢᠶᠠᠯᠠᠭᠴᠢ ᠳᠤᠲᠤᠷ᠎ᠠ ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠢᠨ ᠴᠢᠶᠣᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠦᠶ᠋ᠯᠡᠰ ᠤᠨ ᠬᠦᠷᠢᠶᠡᠯᠡᠩ ᠨᠢ ᠳᠥᠷᠪᠡᠨ ᠣᠯᠠᠨ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠤᠨ ᠠᠴᠢᠶᠠᠯᠠᠭᠴᠢ ᠪᠤᠯᠵᠤ᠂ ᠥᠪᠥᠷ ᠮᠣᠩᠭᠤᠯ ᠤᠨ ᠳᠥᠷᠪᠡᠨ ᠣᠯᠠᠨ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠲᠤ ᠲᠠᠪᠤᠨ ᠶᠡᠭᠡ ᠴᠢᠳᠠᠮᠵᠢ ᠶᠢᠨ ᠲᠢᠩᠬᠢᠮ ᠤᠨ ᠳᠡᠮᠵᠢᠯᠭᠡ ᠦᠵᠡᠬᠦᠯᠬᠦ ᠪᠤᠯᠤᠨ᠎ᠠ᠃ ᠬᠦᠷᠢᠶᠡᠯᠡᠩ ᠲᠣᠭᠤᠷᠢᠭ ᠲᠤ ᠡᠯᠧᠺᠲᠷᠤᠨ ᠬᠤᠳᠠᠯᠳᠤᠭᠠᠨ ᠤ ᠶᠠᠪᠤᠳᠠᠯ ᠵᠢᠴᠢ ᠬᠠᠮᠢᠶ᠎ᠠ ᠪᠦᠬᠦᠢ ᠪᠦᠷᠢᠨ ᠲᠦᠬᠦᠷ ᠠᠵᠤ ᠦᠢᠯᠡᠰ 300 ᠰᠢᠬᠠᠮ ᠲᠦᠪᠯᠡᠷᠡᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ ᠠᠮᠢ ᠠᠬᠤᠶ ᠶᠢᠨ ᠬᠦᠷᠢᠶ᠎ᠡ ᠶᠢ ᠪᠦᠬᠦ ᠡᠯᠧᠮᠧᠨ᠋ᠲ ᠢᠶᠠᠷ ᠴᠤᠭᠴᠠᠯᠠᠪᠠ᠃ ᠲᠦᠯᠦᠪᠯᠡᠭᠰᠡᠨ ᠢᠶᠠᠷ 2020 ᠣᠨ ᠪᠣᠯᠬᠤ ᠳᠤ᠂ ᠬᠦᠷᠢᠶᠡᠯᠡᠩ ᠲᠣᠭᠤᠷᠢᠭ ᠵᠢᠴᠢ ᠲᠡᠭᠦᠨ ᠤ ᠵᠠᠬ᠎ᠠ ᠳᠡᠯᠭᠡᠭᠦᠷ ᠤᠨ ᠶᠡᠷᠦᠩᠬᠡᠶ ᠵᠠᠬᠢᠷᠭ᠎ᠠ ᠳᠤ 1 ᠮᠢᠩᠭᠠᠨ ᠬᠥᠮᠦᠨ ᠢ ᠠᠮᠵᠢᠯᠲᠠ ᠲᠠᠢ ᠪᠠᠷ ᠠᠳᠠᠯ ᠦᠢᠯᠡᠰ ᠴᠤᠭᠴᠠᠯᠠᠭᠤᠯᠬᠤ ᠪᠠ 1 ᠲᠦᠮᠡᠨ ᠬᠥᠮᠦᠨ ᠳᠤ ᠲᠤᠭᠲᠠᠭᠤᠨ ᠢᠶᠠᠷ ᠠᠵᠢᠯ ᠤᠯᠭᠤᠵᠤ᠂ ᠡᠷᠭᠢᠨ ᠲᠣᠭᠤᠷᠢᠨ ᠤ ᠤᠷᠤᠨ ᠪᠦᠰᠡ ᠶᠢᠨ ᠪᠦᠯᠦᠭᠯᠡᠯ ᠢ ᠳᠠᠶᠢᠴᠢᠯᠠᠨ 5 ᠲᠦᠮᠡᠨ ᠬᠥᠮᠦᠨ ᠳᠤ ᠠᠵᠢᠯ ᠤᠯᠭᠤᠬᠤ ᠶᠢ ᠪᠡᠶᠡᠯᠡᠭᠦᠯᠦᠨ᠎ᠡ︔ ᠳᠡᠭᠡᠳᠦ ᠲᠡᠰ ᠳᠠᠪᠬᠤᠷᠭ᠎ᠠ ᠶᠢᠨ 10 ᠪᠦᠯᠬᠦᠮ ᠨᠡᠶᠢᠲᠡ᠂ ᠳᠡᠭᠡᠳᠦ ᠲᠡᠰ ᠳᠠᠪᠬᠤᠷᠭ᠎ᠠ ᠶᠢᠨ 200 ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ 100 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠲᠡᠭ ᠢ ᠪᠡᠶᠡᠯᠡᠭᠦᠯᠵᠦ᠂ 5 ᠠᠴᠠ ᠳᠡᠭᠡᠭᠰᠢ ᠠᠵᠤ ᠠᠬᠤᠶᠢᠯᠠᠯ ᠢ ᠲᠡᠳᠭᠦᠨ ᠵᠠᠬ᠎ᠠ ᠳᠡᠯᠭᠡᠭᠦᠷ ᠲᠤ ᠭᠠᠷᠭᠠᠨ᠎ᠠ︔ ᠤᠯᠠᠨ ᠢᠶᠠᠷ ᠢᠶᠠᠨ ᠪᠡᠯᠡ ᠴᠤᠭᠯᠠᠭᠤᠯᠬᠤ ᠲᠠᠪᠴᠠᠩ ᠪᠣᠯ ᠠᠳᠠᠯ ᠦᠢᠯᠡᠰ ᠴᠣᠭᠴᠠᠯᠠᠬᠤ ᠴᠢᠬᠤᠯᠠ ᠪᠡᠯᠡ ᠲᠣᠬᠢᠷᠠᠭᠤᠯᠬᠤ ᠠᠷᠭ᠎ᠠ ᠵᠠᠮ ᠮᠦᠨ᠂ ᠥᠪᠥᠷ ᠮᠣᠩᠭᠤᠯ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠡᠨ ᠰᠦᠯᠵᠢᠶᠡᠨ ᠤ ᠺᠣᠮᠫᠠᠨᠢ ᠪᠠᠷ ᠳᠠᠭᠠᠭᠤᠯᠤᠭᠴᠢ ᠨᠢᠭᠡᠴᠡ ᠪᠣᠯᠭᠠᠵᠤ᠂ ᠠᠳᠠᠯ ᠦᠶ᠋ᠯᠡᠰ ᠴᠣᠭᠴᠠᠯᠠᠭᠴᠢ ᠳᠤ ᠡᠷᠳᠡᠮ ᠰᠢᠨᠵᠢᠯᠡᠭᠡ᠂ ᠪᠡᠯᠡ ᠮᠦᠡᠭᠭᠦ᠂ ᠲᠠᠪᠴᠠᠩ ᠤᠨ ᠡᠬᠢ ᠪᠠᠶᠠᠯᠢᠭ ᠢ ᠬᠠᠨᠭ᠍ᠭᠠᠵᠤ᠂ ᠥᠪᠥᠷ ᠮᠣᠩᠭᠤᠯ ᠤᠨ ᠤᠯᠠᠨ ᠢᠶᠠᠷ ᠢᠶᠠᠨ ᠪᠡᠯᠡ ᠴᠤᠭᠯᠠᠭᠤᠯᠬᠤ ᠠᠵᠤ ᠦᠢᠯᠡᠰ ᠤᠨ ᠬᠥᠭᠵᠢᠯᠲᠡ ᠶᠢ ᠬᠠᠮᠲᠤᠪᠠᠷ ᠲᠦᠯᠬᠢᠨ ᠠᠬᠢᠭᠤᠯᠤᠨ᠎ᠠ︔ ᠤᠯᠠᠨ ᠨᠡᠶᠢᠲᠡ ᠳᠤ ᠳᠠᠭᠠᠭᠠᠴᠢᠯᠠᠭᠤᠯᠬᠤ ᠪᠣᠯ ᠠᠳᠠᠯ ᠦᠢᠯᠡᠰ ᠴᠤᠭᠴᠠᠯᠠᠬᠤ ᠦᠢᠯᠡᠴᠢᠯᠡᠭᠡᠨ ᠤ ᠲᠠᠪᠴᠠᠩ ᠮᠦᠨ᠂ ᠥᠪᠥᠷ ᠮᠣᠩᠭᠤᠯ ᠲᠤᠰ ᠤᠷᠤᠨ ᠨᠤᠲᠤᠭ ᠤᠨ ᠢᠶᠠᠨ ᠡᠯᠧᠺᠲᠷᠤᠨ ᠬᠤᠳᠠᠯᠳᠤᠭᠠᠨ ᠤ ᠦᠢᠯᠡᠴᠢᠯᠡᠭᠡᠨ ᠤ ᠺᠣᠮᠫᠠᠨᠢ ᠪᠠᠷ ᠳᠠᠭᠠᠭᠤᠯᠤᠭᠴᠢ ᠨᠢᠭᠡᠴᠡ ᠪᠣᠯᠭᠠᠵᠤ᠂ ᠤᠯᠤᠰ ᠤᠨ ᠳᠣᠲᠣᠭᠠᠳᠤ ᠶᠢᠨ ᠪᠠ ᠲᠤᠰ ᠤᠷᠤᠨ ᠨᠤᠲᠤᠭ ᠤᠨ ᠣᠯᠠᠨ ᠰᠢᠯᠢᠳᠡᠭ ᠠᠵᠤ ᠠᠬᠤᠶᠢᠯᠠᠯ ᠢ ᠲᠦᠪᠯᠡᠷᠡᠭᠦᠯᠵᠤ᠂ ᠠᠳᠠᠯ ᠦᠢᠯᠡᠰ ᠴᠤᠭᠴᠠᠯᠠᠭᠴᠢ ᠬᠢᠭᠡᠳ ᠤᠯᠠᠮᠵᠢᠯᠠᠯᠲᠤ ᠠᠵᠤ ᠠᠬᠤᠶᠢᠯᠠᠯ ᠳᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ ᠬᠠᠩᠭᠠᠵᠤ᠂ ᠤᠯᠠᠮᠵᠢᠯᠠᠯᠲᠤ ᠠᠵᠤ ᠠᠬᠤᠶᠢᠯᠠᠯ ᠢ ᠬᠠᠪᠰᠤᠷᠴᠤ ᠪᠠᠶᠢᠭᠠᠳ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠦᠷᠢᠶ᠎ᠡ ᠶᠢ ᠦᠷᠭᠡᠳᠭᠡᠨ᠎ᠡ᠃ ᠤᠶᠤᠨ ᠤ ᠬᠥᠮᠥᠷᠭᠡ ᠨᠢ ᠠᠳᠠᠯ ᠦᠢᠯᠡᠰ ᠴᠣᠭᠴᠠᠯᠠᠭᠴᠢ ᠶᠢᠨ ᠶᠡᠭᠡ ᠲᠠᠷᠢᠬᠢ ᠪᠤᠯᠤᠨ ᠵᠢᠯᠣᠭᠤᠳᠬᠤ ᠲᠥᠪ ᠲᠠᠢ ᠠᠳᠠᠯᠢ ᠶᠤᠮ᠂ ᠥᠪᠥᠷ ᠮᠣᠩᠭᠤᠯ ᠤᠨ ᠪᠦᠬᠦ ᠤᠯᠤᠰ ᠤᠨ ᠠᠩᠬᠠᠳᠠᠭᠴᠢ ︽ᠳᠥᠷᠪᠡᠨ ᠣᠯᠠᠨ︾ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠲᠤ᠂ ᠣᠶᠤᠨ ᠤ ᠬᠥᠮᠥᠷᠭᠡ ᠶᠢ ᠠᠩᠬ᠎ᠠ ᠤᠳᠠᠭ᠎ᠠ ᠣᠷᠣᠭᠤᠯᠵᠤ᠂ ︽ᠳᠥᠷᠪᠡᠨ ᠣᠯᠠᠨ︾ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠪᠠ ᠠᠳᠠᠯ ᠦᠢᠯᠡᠰ ᠴᠤᠭᠴᠠᠯᠠᠭᠴᠢᠳ ᠤᠨ ᠠᠳᠠᠯ ᠦᠢᠯᠡᠰ ᠴᠤᠭᠴᠠᠯᠠᠬᠤ ᠳᠤᠨᠢ ᠠᠷᠭ᠎ᠠ ᠤᠬᠠᠭᠠᠨ ᠭᠠᠷᠭᠠᠨ ᠦᠭᠴᠦ ᠪᠠᠶᠢᠨ᠎ᠠ᠃        ᠬᠥᠲᠥᠯᠥᠭᠴᠢ᠄        ᠯᠢᠦ ᠡᠷᠬᠢᠯᠡᠭᠴᠢ ᠡ᠂ ᠤᠳᠤᠬᠠᠨ ᠳᠤ᠂ ︽ᠳᠥᠷᠪᠡᠨ ᠣᠯᠠᠨ︾ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠢ ᠬᠡᠷᠬᠢᠨ ᠡᠵᠡᠩᠨᠡᠵᠤ ᠪᠠᠶᠢᠭ᠎ᠠ ᠪᠤᠢ︖ ᠨᠢᠭᠡᠨᠲᠡ ᠶᠠᠮᠠᠷ ᠬᠦ ᠦᠷ᠎ᠡ ᠪᠦᠲᠦᠮᠵᠢ ᠤᠯᠤᠭᠰᠠᠨ ᠪᠤᠢ︖ ᠳᠠᠷᠠᠭᠠᠴᠢ ᠶᠢᠨ ᠠᠯᠬᠤᠮ ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠤᠢ︖        ᠯᠢᠦ ᠬᠤᠤ ᠱᠧᠩ᠄        1 ᠳ᠋ᠤᠭᠡᠷ ᠰᠠᠷ᠎ᠠ ᠶᠢᠨ 19 ᠤ ᠡᠳᠦᠷ᠂ ︽ᠳᠥᠷᠪᠡᠨ ᠣᠯᠠᠨ︾ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠵᠢᠩᠬᠢᠨᠢ ᠪᠠᠷ ᠢᠯᠡᠷᠭᠡᠶᠢᠯᠡᠯ ᠡᠯᠬᠦᠪᠡ᠃ ᠲᠤᠰ ᠵᠠᠬ᠎ᠠ ᠳᠡᠯᠭᠡᠭᠦᠷ ᠨᠢ ᠵᠠᠰᠠᠭ ᠤᠨ ᠣᠷᠳᠣᠨ ᠢᠶᠠᠷ ᠵᠢᠯᠤᠭᠤᠳᠤᠮᠵᠢ ᠪᠤᠯᠭᠠᠵᠤ᠂ ᠠᠵᠤ ᠠᠬᠤᠶᠢᠯᠠᠯ ᠡᠵᠡᠩᠨᠡᠬᠦ᠂ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠵᠠᠭᠪᠤᠷᠰᠢᠯ ᠢ ᠠᠪᠴᠤ᠂ ᠢᠨᠲ᠋ᠧᠷ ᠰᠦᠯᠵᠢᠶ᠎ᠡ + ᠥᠪᠥᠷ ᠮᠣᠩᠭᠤᠯ ᠤᠨ ᠪᠧᠶ ᠴᠧᠨ ᠣᠶᠤᠨ ᠤ ᠬᠥᠮᠥᠷᠭᠡ + ᠬᠥᠬᠡᠬᠤᠲᠠ ᠶᠢᠨ ᠰᠠᠶᠢᠬᠠᠨ ᠲᠣᠭᠤᠷᠢᠭ ᠤᠨ ᠶᠢᠨ ᠴᠢᠶᠣᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠵᠤ ᠦᠶ᠋ᠯᠡᠰ ᠤᠨ ᠬᠦᠷᠢᠶᠡᠯᠡᠩ ᠳᠤ ᠲᠦᠰᠢᠭᠯᠡᠵᠤ᠂ ᠥᠪᠥᠷ ᠮᠣᠩᠭᠤᠯ ᠤᠨ ᠲᠦᠡᠭ ᠶᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠡᠵᠡᠩᠨᠡᠵᠤ᠂ ᠵᠠᠬ᠎ᠠ ᠳᠡᠯᠭᠡᠭᠦᠷ ᠤᠨ ᠠᠳᠠᠯ ᠦᠢᠯᠡᠰ ᠴᠤᠭᠴᠠᠯᠠᠬᠤ ᠶᠢ ᠲᠦᠯᠬᠢᠨ ᠠᠬᠢᠭᠤᠯᠬᠤ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠵᠡᠭᠦᠯᠬᠦ ᠤᠷᠢᠳᠠᠪᠡᠷ ᠪᠠᠳᠠᠷᠠᠬᠤ ᠪᠥᠭᠡᠳ ᠥᠨᠢ ᠡᠭᠦᠷᠢᠳᠡ ᠦᠷᠭᠦᠯᠵᠢᠯᠡᠨ ᠳᠠᠭᠠᠬᠤ ᠳᠠᠭᠠᠭᠤᠯᠤᠭᠴᠢ ᠶᠢᠨ ᠦᠢᠯᠡᠳᠦᠯ ᠢ ᠨᠢ ᠪᠠᠳᠠᠷᠠᠭᠤᠯᠵᠤ᠂ ᠤᠯᠠᠨ ᠢᠶᠠᠷ ᠢᠶᠠᠨ ᠡᠭᠦᠳᠬᠦ᠂ ᠤᠯᠠᠨ ᠨᠡᠶᠢᠲᠡ ᠳᠤ ᠳᠠᠭᠠᠭᠠᠴᠢᠯᠠᠭᠤᠯᠬᠤ᠂ ᠤᠯᠠᠨ ᠢᠶᠠᠷ ᠢᠶᠠᠨ ᠳᠡᠮᠵᠢᠯᠴᠡᠬᠦ᠂ ᠣᠯᠠᠨ ᠢᠶᠠᠷ ᠢᠶᠠᠨ ᠪᠡᠯᠡ ᠴᠤᠭᠯᠠᠭᠤᠯᠬᠤ ᠲᠠᠪᠴᠠᠩ ᠢ ᠠᠰᠢᠭᠯᠠᠵᠤ᠂ ᠴᠣᠭᠴᠠᠯᠠᠭᠴᠢ᠂ ᠲᠠᠯᠠᠪᠤᠷ᠂ ᠲᠣᠭᠲᠠᠴᠠ ᠪᠣᠯᠤᠨ ᠪᠠᠭᠠᠵᠢ ᠬᠡᠷᠡᠭᠰᠡᠯ ᠢ ᠡᠮᠬᠢᠯᠡᠨ ᠨᠡᠶᠢᠯᠡᠭᠦᠯᠵᠦ᠂ ᠬᠠᠩᠭᠠᠯᠭ᠎ᠠ ᠶᠢᠨ ᠲᠠᠯ᠎ᠠ ᠬᠢᠭᠡᠳ ᠬᠡᠷᠡᠭᠴᠡᠭᠡᠨ ᠤ ᠲᠠᠯ᠎ᠠ ᠶᠢ ᠴᠠᠭ ᠲᠤᠬᠠᠶ ᠳᠤᠨᠢ ᠵᠤᠯᠭᠠᠭᠤᠯᠬᠤ ᠶᠢ ᠨᠢᠭᠡᠳᠦᠯᠲᠡᠶ ᠲᠥᠯᠥᠪᠯᠡᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ + ᠪᠤᠰᠤᠳ ᠡᠯᠧᠮᠧᠨ᠋ᠲ ᠤᠨ ᠵᠠᠬ᠎ᠠ ᠳᠡᠯᠭᠡᠭᠦᠷ ᠢ ᠠᠭᠤᠰᠤᠯᠴᠠᠭᠤᠯᠤᠨ ᠨᠦᠬᠦᠴᠡᠯᠳᠦᠬᠦᠯᠬᠦ ᠶᠢ ᠲᠠᠰᠤᠷᠠᠯᠳᠠ ᠦᠭᠡᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠨ ᠴᠢᠯᠦᠭᠡᠯᠡᠵᠤ᠂ ᠴᠢᠳᠠᠪᠤᠷᠢᠲᠠᠨ᠂ ᠲᠦᠷᠦᠯ ᠵᠦᠢᠯ᠂ ᠲᠠᠪᠴᠠᠩ᠂ ᠡᠳ᠋ ᠬᠦᠷᠦᠩᠭᠡ᠂ ᠠᠵᠤ ᠠᠬᠤᠶᠢᠯᠠᠯ ᠵᠡᠷᠭᠡ ᠶᠢ ᠲᠦᠪᠯᠡᠷᠡᠭᠦᠯᠦᠨ᠂ ᠪᠥᠬᠦ ᠡᠯᠧᠮᠧᠨ᠋ᠲ ᠤᠨ ᠵᠠᠬ᠎ᠠ ᠳᠡᠯᠭᠡᠭᠦᠷ᠂ ᠪᠦᠬᠦ ᠠᠮᠢ ᠨᠠᠰᠤᠨ ᠤ ᠦᠶᠡᠯᠡᠯ᠂ ᠪᠦᠬᠦ ᠠᠵᠤ ᠦᠢᠯᠡᠰ ᠤᠨ ᠬᠡᠯᠬᠢᠶᠡᠲᠦ ᠦᠢᠯᠡᠴᠢᠯᠡᠭᠡ ᠶᠢ ᠬᠠᠨᠭ᠍ᠭᠠᠵᠤ᠂ ᠠᠳᠠᠯ ᠦᠢᠯᠡᠰ ᠴᠣᠭᠴᠠᠯᠠᠬᠤ ᠳᠤ ᠲᠠᠯᠠᠪᠤᠷ ᠲᠠᠢ᠂ ᠠᠷᠠᠯᠵᠢᠶᠠᠯᠠᠬᠤ ᠳᠤ ᠲᠠᠪᠴᠠᠩ ᠲᠠᠢ᠂ ᠠᠵᠢᠯᠯᠠᠬᠤ ᠳᠤ ᠲᠦᠷᠦᠯ ᠵᠦᠢᠯ ᠲᠠᠢ᠂ ᠡᠮᠬᠢᠯᠡᠨ ᠨᠡᠶᠢᠯᠡᠭᠦᠯᠬᠦ ᠳᠤ ᠲᠣᠭᠲᠠᠴᠠ ᠲᠠᠢ᠂ ᠬᠠᠮᠢᠶᠠᠷᠬᠤ ᠳᠤ ᠵᠢᠷᠤᠮᠵᠢᠯ ᠲᠠᠢ ᠪᠠᠶᠢᠯᠭᠠᠵᠤ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ ᠪᠤᠯᠬᠤ᠂ ᠰᠢᠭᠤᠳ ᠬᠡᠷᠡᠭᠯᠡᠵᠤ ᠪᠤᠯᠬᠤ᠂ ᠳᠠᠭᠤᠷᠢᠶᠠᠨ ᠳᠡᠯᠭᠡᠷᠡᠭᠦᠯᠵᠤ ᠪᠤᠯᠬᠤ᠂ ᠪᠤᠯᠵᠤᠨ ᠵᠠᠬᠢᠶᠠᠯᠠᠵᠤ ᠪᠤᠯᠬᠤ ᠶᠢ ᠪᠡᠶᠡᠯᠡᠬᠦᠯᠪᠡ        ᠡᠨᠡ ᠵᠢᠯ ᠤᠨ 1 ᠳ᠋ᠤᠭᠡᠷ ᠰᠠᠷ᠎ᠠ ᠶᠢᠨ ᠡᠴᠦᠰ ᠪᠤᠯᠬᠤ ᠳᠤ᠂ ︽ᠳᠥᠷᠪᠡᠨ ᠣᠯᠠᠨ︾ ᠤ ᠲᠤᠬᠠᠶ ᠶᠢᠨ ᠳᠠᠯᠠᠪᠡᠢ ᠳᠤ ᠲᠤᠯᠭᠠᠭᠤᠷᠢᠯᠠᠵᠤ ᠪᠠᠶᠢᠭ᠎ᠠ ᠳᠡᠮᠵᠢᠨ ᠡᠭᠦᠳᠬᠦ ᠭᠤᠤᠯ ᠴᠣᠭᠴᠠ 13᠂ ᠤᠯᠤᠰ ᠤᠨ ᠳᠣᠲᠣᠭᠠᠳᠤ ᠲᠠᠢ ᠵᠤᠯᠭᠠᠯᠳᠤᠵᠤ ᠪᠠᠶᠢᠭ᠎ᠠ ᠤᠬᠠᠭᠤᠯᠤᠨ ᠲᠠᠨᠢᠯᠴᠠᠭᠤᠯᠬᠤ ᠲᠠᠪᠴᠠᠩ 261 ᠪᠠᠶᠢᠵᠤ᠂ ︽ᠥᠪᠥᠷ ᠮᠣᠩᠭᠤᠯ ᠤᠨ ᠬᠥᠮᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠥᠷᠪᠡᠨ ᠣᠯᠠᠨ ᠠᠳᠠᠯ ᠦᠢᠯᠡᠰ ᠴᠣᠭᠴᠠᠯᠠᠬᠤ ᠬᠡᠳᠦ ᠳᠡᠯᠭᠡᠭᠦᠷ︾ ᠢ ᠨᠢᠭᠡᠨᠲᠡ ᠨᠡᠭᠡᠭᠡᠵᠤ᠂ ᠣᠯᠠᠨ ᠢᠶᠠᠷ ᠢᠶᠠᠨ ᠡᠭᠦᠳᠬᠦ᠂ ᠣᠯᠠᠨ ᠨᠡᠶᠢᠲᠡ ᠳᠤ ᠳᠠᠭᠠᠭᠠᠴᠢᠯᠠᠭᠤᠯᠬᠤ᠂ ᠣᠯᠠᠨ ᠢᠶᠠᠷ ᠢᠶᠠᠨ ᠳᠡᠮᠵᠢᠯᠴᠡᠬᠦ᠂ ᠣᠯᠠᠨ ᠢᠶᠠᠷ ᠢᠶᠠᠨ ᠪᠡᠯᠡ ᠴᠤᠭᠯᠠᠭᠤᠯᠬᠤ ᠲᠠᠪᠴᠠᠩ ᠢ ᠪᠦᠬᠦᠨ ᠢ ᠪᠠᠶᠢᠭᠤᠯᠪᠠ︔ ᠵᠠᠬ᠎ᠠ ᠳᠡᠯᠭᠡᠭᠦᠷ ᠤᠨ ᠶᠡᠷᠦᠩᠬᠡᠶ ᠵᠠᠬᠢᠷᠭ᠎ᠠ ᠳᠤ 242 ᠠᠵᠤ ᠠᠬᠤᠶᠢᠯᠠᠯ ᠤᠷᠤᠵᠤ ᠰᠠᠭᠤᠵᠤ᠂ ᠣᠷᠣᠵᠤ ᠰᠠᠭᠤᠬᠤ ᠪᠠᠷ ᠮᠥᠷᠯᠡᠨ ᠬᠦᠯᠢᠶᠡᠵᠤ ᠪᠠᠶᠢᠭ᠎ᠠ ᠠᠵᠤ ᠠᠬᠤᠶᠢᠯᠠᠯ 188 ᠪᠤᠢ︔ ᠠᠳᠠᠯ ᠦᠢᠯᠡᠰ ᠴᠣᠭᠴᠠᠯᠠᠬᠤ 294 ᠳᠠᠶᠢᠴᠢᠯᠠᠭᠴᠢ ᠴᠢᠳᠠᠪᠤᠷᠢᠲᠠᠨ ᠂ 146 ᠠᠳᠠᠯ ᠦᠢᠯᠡᠰ ᠴᠤᠭᠴᠠᠯᠠᠬᠤ ᠪᠦᠯᠬᠦᠮ ᠨᠡᠶᠢᠲᠡ ᠶᠢ ᠤᠷᠤᠭᠤᠯᠤᠨ ᠠᠪᠴᠢᠷᠠᠪᠠ︔ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠢ ᠰᠢᠨ᠎ᠡ ᠪᠠᠷ 67 ᠨᠡᠮᠡᠭᠳᠡᠭᠦᠯᠵᠦ᠂ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠢ ᠰᠢᠨ᠎ᠡ ᠪᠠᠷ 140 ᠨᠡᠮᠡᠭᠳᠡᠬᠦᠯᠵᠤ᠂ 2346 ᠬᠥᠮᠦᠨ ᠳᠤ ᠰᠢᠭᠤᠳ ᠠᠵᠢᠯ ᠤᠯᠭᠤᠵᠤ᠂ ᠡᠷᠬᠢᠨ ᠲᠣᠭᠤᠷᠢᠨ ᠤ ᠭᠠᠵᠠᠷ ᠣᠷᠣᠨ ᠤ 1. 2 ᠲᠦᠮᠡ ᠭᠠᠷᠤᠢ ᠬᠥᠮᠦᠨ ᠳᠤ ᠠᠳᠠᠯ ᠦᠶ᠋ᠯᠡᠰ ᠴᠤᠭᠴᠠᠯᠠᠭᠤᠯᠤᠨ ᠠᠵᠢᠯ ᠤᠯᠭᠤᠪᠠ᠃ ᠨᠢᠳᠤᠨᠤᠨ ᠤ 7 ᠳ᠋ᠤᠭᠠᠷ ᠰᠠᠷ᠎ᠠ ᠶᠢᠨ 8 ᠤ ᠡᠳᠦᠷ ᠠᠴᠠ ᠨᠠᠰᠢ᠂ ᠵᠠᠬ᠎ᠠ ᠳᠡᠯᠭᠡᠭᠦᠷ ᠤᠨ ᠶᠡᠷᠦᠩᠬᠡᠶ ᠵᠠᠬᠢᠷᠭᠠᠨ ᠤ ᠡᠵᠡᠩᠨᠡᠯᠲᠡ ᠶᠢᠨ ᠮᠦᠡᠭᠭᠦ ᠨᠢ 42845 ᠲᠦᠮᠡᠨ ᠲᠥᠭᠦᠷᠢᠭ ᠲᠤ ᠬᠦᠷᠴᠦ᠂ ᠵᠥᠪᠬᠡᠨ ︽ᠬᠤᠣᠰ 11︾ ᠤ ᠡᠳᠦᠷ ᠲᠤ᠂ ᠡᠵᠡᠩᠨᠡᠯᠲᠡ ᠶᠢᠨ ᠮᠦᠡᠭᠭᠦ ᠨᠢ 3099.8 ᠲᠦᠮᠡᠨ ᠲᠥᠭᠦᠷᠢᠭ ᠲᠤ ᠬᠦᠷᠴᠦ᠂ ᠠᠳᠠᠯ ᠦᠢᠯᠡᠰ ᠴᠣᠭᠴᠠᠯᠠᠬᠤ ᠳᠤ ᠬᠦᠮᠦᠨ ᠠᠷᠠᠳ ᠪᠠᠶᠠᠰᠤᠩᠭᠤᠢ᠂ ᠭᠠᠵᠠᠷ ᠲᠠᠯᠠᠪᠤᠷ ᠨᠢ ᠦᠵᠡᠮᠵᠢ ᠲᠠᠢ ᠪᠠᠶᠢᠨ᠎ᠠ︔ ᠳᠤᠮᠳᠠᠳᠤ ᠤᠯᠤᠰ ᠤᠨ ᠬᠥᠳᠡᠯᠮᠦᠷᠢ ᠶᠢᠨ ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠲᠤᠰᠬᠠᠶ ᠮᠡᠷᠭᠡᠵᠢᠯᠲᠡᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠪᠦᠭᠡᠳ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠠᠷᠤᠭ᠎ᠠ ᠨᠢᠩ ᠵᠢᠶ ᠵᠧ ᠵᠡᠷᠭᠡ ᠤᠳᠤᠷᠢᠳᠤᠯᠭ᠎ᠠ ᠨᠠᠷ ᠢ ᠨᠡᠶᠢᠲᠡ 30 ᠭᠠᠷᠤᠶ ᠤᠳᠠᠭ᠎ᠠ 1000 ᠭᠠᠷᠤᠢ ᠬᠥᠮᠦᠨ ᠢ ᠬᠦᠯᠢᠶᠡᠨ ᠠᠪᠤᠪᠠ︔ ᠵᠠᠬ᠎ᠠ ᠳᠡᠯᠭᠡᠭᠦᠷ ᠤᠨ ᠶᠡᠷᠦᠩᠬᠡᠶ ᠵᠠᠬᠢᠷᠭ᠎ᠠ ᠨᠢ ︽ᠠ ᠮᠢ ᠪᠠ ᠶᠢᠨ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠡᠵᠡᠮᠳᠡᠬᠦ ᠰᠢᠰᠲ᠋ᠧᠮᠵᠢ ᠶᠢᠨ ᠪᠣᠯᠪᠠᠰᠤᠷᠠᠭᠤᠯᠤᠯ︾ ᠵᠡᠷᠭᠡ ᠲᠤᠬᠠᠶ ᠶᠢᠨ ᠲᠠᠯᠠᠪᠤᠷ ᠤᠨ ᠪᠣᠯᠪᠠᠰᠤᠷᠠᠭᠤᠯᠤᠯ ᠢ 9 ᠤᠳᠠᠭ᠎ᠠ ᠡᠷᠬᠢᠯᠡᠵᠤ᠂ 704 ᠬᠥᠮᠦᠨ ᠢ ᠪᠤᠯᠪᠠᠰᠤᠷᠠᠭᠤᠯᠪᠠ︔ ᠰᠦᠯᠵᠢᠶᠡᠨ ᠳᠡᠭᠡᠷ᠎ᠡ ᠡᠯᠧᠺᠲᠷᠤᠨ ᠬᠤᠳᠠᠯᠳᠤᠭᠠᠨ ᠤ ᠳᠡᠭᠡᠳᠦ ᠰᠤᠷᠭᠠᠭᠤᠯᠢ ᠨᠢ 2533 ᠰᠢᠬᠠᠮ ᠰᠦᠯᠵᠢᠶᠡᠨ ᠤ ᠬᠢᠴᠢᠶᠡᠯ ᠲᠤᠬᠢᠷᠠᠭᠤᠯᠵᠤ᠂ 4057 ᠬᠥᠮᠦᠨ ᠳᠠᠩᠰᠠᠯᠠᠭᠤᠯᠤᠨ ᠰᠤᠷᠤᠯᠴᠠᠪᠠ᠃        ᠲᠡᠷᠠᠭ᠎ᠠ ᠠᠯᠬᠤᠮ ᠳᠤ᠂ ᠪᠢᠳᠡ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠥᠷᠭᠦᠯᠵᠢᠯᠡᠨ ᠲᠠᠲᠠᠬᠤ ᠬᠦᠴᠦᠨ ᠪᠣᠯᠭᠠᠵᠤ᠂ ᠪᠥᠬᠦ ᠣᠷᠣᠨ ᠤ 23278 ︽ᠳᠥᠷᠪᠡᠨ ᠣᠯᠠᠨ ᠨᠢᠭᠡᠴᠡ︾ ᠶᠢ ᠰᠢᠯᠢᠨ ᠰᠤᠩᠭᠤᠵᠤ ᠦᠨᠡᠮᠰᠢᠭᠰᠡᠨ ᠰᠠᠭᠤᠷᠢᠨ ᠳᠡᠭᠡᠷ᠎ᠡ᠂ ︽ᠢᠨᠲ᠋ᠧᠷ ᠰᠦᠯᠵᠢᠶ᠎ᠡ +︾ ᠶᠢ ᠤᠯᠠᠮ ᠨᠢᠭᠡ ᠠᠯᠬᠤᠮ ᠬᠡᠷᠡᠭᠯᠡᠨ ᠤᠯᠠᠨ ᠢᠶᠠᠷ ᠢᠶᠠᠨ ᠡᠭᠦᠳᠬᠦ᠂ ᠤᠯᠠᠨ ᠨᠡᠶᠢᠲᠡ ᠳᠤ ᠳᠠᠭᠠᠭᠠᠴᠢᠯᠠᠭᠤᠯᠬᠤ᠂ ᠤᠯᠠᠨ ᠢᠶᠠᠷ ᠢᠶᠠᠨ ᠳᠡᠮᠵᠢᠯᠴᠡᠬᠦ᠂ ᠤᠯᠠᠨ ᠢᠶᠠᠷ ᠢᠶᠠᠨ ᠪᠡᠯᠡ ᠴᠤᠭᠯᠠᠭᠤᠯᠬᠤ ᠲᠠᠪᠴᠠᠩ ᠢ ᠡᠮᠬᠢᠯᠡᠨ ᠨᠡᠶᠢᠯᠡᠭᠦᠯᠵᠦ᠂ ᠠᠳᠠᠯ ᠦᠢᠯᠡᠰ ᠴᠣᠭᠴᠠᠯᠠᠭᠴᠢ ᠬᠢᠭᠡᠳ ᠳᠡᠭᠡᠳᠦ ᠰᠤᠷᠭᠠᠭᠤᠯᠢ᠂ ᠲᠥᠷᠥᠯ ᠵᠦᠢᠯ᠂ ᠡᠳ᠋ ᠬᠥᠷᠤᠩᠭᠡ᠂ ᠠᠵᠤ ᠠᠬᠤᠶᠢᠯᠠᠯ᠂ ᠰᠣᠨᠢᠨ ᠮᠡᠳᠡᠭᠡᠨ ᠤ ᠵᠠᠭᠤᠴᠢᠯᠠᠭᠤᠷ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠤᠭᠤᠳ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠵᠤᠯᠭᠠᠯᠳᠤᠬᠤ ᠶᠢ ᠴᠢᠩᠭᠠᠳᠬᠠᠵᠤ᠂ ᠶᠡᠭᠡ ᠰᠤᠷᠭᠠᠭᠤᠯᠢ ᠶᠢᠨ ᠣᠶᠤᠲᠠᠨ᠂ ᠲᠤᠮᠤ ᠳ᠋ᠠᠶᠢᠲ᠋ᠠ᠂ ᠲᠣᠮᠣ ᠲᠠᠪᠴᠠᠩ᠂ ᠲᠣᠮᠣ ᠬᠤᠳᠠᠯᠳᠤᠭᠠᠨ ᠤ ᠠᠵᠠ ᠲᠣᠬᠢᠶᠠᠯ ᠵᠡᠷᠭᠡ ᠬᠦᠴᠦᠨ ᠵᠦᠢᠯ ᠬᠠᠷᠢᠯᠴᠠᠨ ᠬᠤᠯᠪᠣᠯᠳᠤᠵᠤ ᠨᠥᠬᠦᠴᠡᠯᠳᠦᠭᠰᠡᠨ ᠪᠥᠬᠦ ᠣᠷᠣᠨ ᠤ ᠳᠥᠷᠪᠡᠨ ᠣᠯᠠᠨ ᠠᠳᠠᠯ ᠦᠢᠯᠡᠰ ᠴᠣᠭᠴᠠᠯᠠᠬᠤ ᠲᠣᠮᠣ ᠵᠠᠬ᠎ᠠ ᠳᠡᠯᠭᠡᠭᠦᠷ ᠢ ᠲᠥᠷᠭᠡᠨ ᠪᠣᠢ ᠪᠣᠯᠭᠠᠵᠤ᠂ ᠠᠳᠠᠯ ᠦᠢᠯᠡᠰ ᠴᠣᠭᠴᠠᠯᠠᠬᠤ ᠥᠪᠥᠷ ᠮᠣᠩᠭᠤᠯ ᠤᠨ ᠠᠵᠢᠯᠯᠠᠭ᠎ᠠ ᠶᠢᠨ ᠲᠥᠯᠥᠪᠯᠡᠭᠡ ᠶᠢᠨ ᠭᠦᠨᠵᠡᠭᠡᠶ ᠨᠠᠶᠢᠳᠠᠪᠤᠷᠢᠵᠢᠬᠤ ᠶᠢ ᠲᠦᠯᠬᠢᠨ ᠠᠬᠢᠭᠤᠯᠤᠨ᠎ᠠ        ᠬᠥᠲᠥᠯᠥᠭᠴᠢ᠄        ︽ᠳᠥᠷᠪᠡᠨ ᠣᠯᠠᠨ︾ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠨᠢ ᠠᠳᠠᠯ ᠦᠢᠯᠡᠰ ᠴᠣᠭᠴᠠᠯᠠᠭᠴᠢ ᠳᠤ ᠶᠠᠮᠠᠷ ᠶᠠᠮᠠᠷ ᠰᠠᠶᠢᠨ ᠠᠰᠢᠭ ᠪᠤᠯᠤᠨ ᠪᠤᠳᠠᠳᠤ ᠠᠰᠢᠭ ᠬᠦᠷᠲᠡᠭᠡᠵᠦ ᠴᠢᠳᠠᠬᠤ ᠪᠤᠢ︖        ᠯᠢᠦ ᠬᠤᠤ ᠱᠧᠩ᠄        ᠰᠢ ᠶᠢᠨ ᠫᠢᠩ ᠵᠢᠭᠠᠵᠤ ᠭᠠᠷᠭᠠᠭᠰᠠᠨ ᠨᠢ᠄ ᠠᠷᠠᠳ ᠤᠯᠠᠨ ᠤ ᠬᠡᠷᠡᠭᠴᠡᠭᠡ ᠨᠢ ᠠᠳᠠᠯ ᠦᠢᠯᠡᠰ ᠴᠣᠭᠴᠠᠯᠠᠭᠴᠢ ᠳᠤ ᠠᠯᠢ ᠴᠢᠳᠠᠬᠤ ᠪᠠᠷ ᠪᠣᠳᠠᠲᠠᠶ ᠠᠰᠢᠭ ᠰᠠᠶᠢᠨ ᠠᠰᠢᠭ ᠲᠤᠰᠠ ᠬᠥᠷᠲᠡᠭᠡᠬᠦ ᠪᠣᠯᠣᠨ᠎ᠠ ᠭᠡᠪᠡ᠂ ᠳᠥᠷᠪᠡᠨ ᠣᠯᠠᠨ ᠵᠠᠬ᠎ᠠ ᠳᠡᠯᠭᠡᠭᠦᠷ ᠤᠨ ᠭᠤᠣᠯ ᠬᠠᠷᠠᠯᠲᠠ ᠪᠣᠯᠣᠨ ᠬᠠᠮᠤᠭ ᠤᠨ ᠶᠡᠭᠡ ᠠᠩᠬᠠᠷᠤᠮᠵᠢ ᠪᠣᠯᠣᠨ᠎ᠠ᠂ ᠮᠦᠨ ᠴᠤ ᠳᠥᠷᠪᠡᠨ ᠣᠯᠠᠨ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠤᠨ ᠦᠷᠭᠦᠯᠵᠢᠯᠡᠨ ᠬᠥᠭᠵᠢᠬᠦ ᠶᠢᠨ ᠠᠮᠢᠵᠢᠷᠠᠯ ᠤᠨ ᠬᠦᠴᠦᠨ ᠮᠦᠨ᠃ ᠰᠠᠶ᠋ᠢ ᠪᠢ ᠨᠢᠭᠡᠨᠲᠡ ᠶᠠᠷᠢᠭᠰᠠᠨ ᠪᠢᠯᠡ᠂ ᠳᠥᠷᠪᠡᠨ ᠣᠯᠠᠨ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠪᠣᠯ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠦᠵᠡᠭᠦᠯᠬᠦ ᠤᠷᠢᠳᠠᠪᠡᠷ ᠪᠠᠳᠠᠷᠠᠬᠤ ᠪᠦᠭᠡᠳ ᠦᠨᠢ ᠡᠭᠦᠷᠢᠳᠡ ᠥᠷᠭᠦᠯᠵᠢᠯᠡᠨ ᠳᠠᠭᠠᠬᠤ ᠳᠠᠭᠠᠭᠤᠯᠤᠭᠴᠢ ᠶᠢᠨ ᠦᠢᠯᠡᠳᠦᠯ ᠢ ᠨᠢ ᠪᠠᠳᠠᠷᠠᠭᠤᠯᠵᠤ᠂ ᠳᠥᠷᠪᠡᠨ ᠣᠯᠠᠨ ᠢ ᠠᠰᠢᠭᠯᠠᠨ ᠪᠤᠰᠤᠳ ᠦᠢᠯᠡᠳᠪᠦᠷᠢᠯᠡᠯ ᠤᠨ ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷ ᠯᠦᠭᠡ ᠠᠭᠤᠰᠤᠯᠴᠠᠭᠤᠯᠤᠨ ᠨᠥᠬᠦᠴᠡᠯᠳᠦᠭᠦᠯᠬᠦ ᠶᠢ ᠠᠬᠢᠭᠤᠯᠤᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ ᠴᠢᠯᠦᠭᠡᠯᠡᠵᠦ᠂ ᠴᠢᠳᠠᠪᠤᠷᠢᠲᠠᠨ᠂ ᠲᠥᠷᠥᠯ ᠵᠦᠢᠯ᠂ ᠲᠠᠪᠴᠠᠩ᠂ ᠡᠳ᠋ ᠬᠦᠷᠦᠩᠭᠡ᠂ ᠠᠵᠤ ᠠᠬᠤᠶᠢᠯᠠᠯ ᠢ ᠲᠥᠪᠯᠡᠷᠡᠭᠦᠯᠵᠦ᠂ ᠪᠥᠬᠦ ᠴᠢᠬᠤᠯᠠ ᠡᠯᠧᠮᠧᠨ᠋ᠲ ᠤᠨ ᠵᠠᠬ᠎ᠠ ᠳᠡᠯᠭᠡᠭᠦᠷ᠂ ᠠᠮᠢ ᠨᠠᠰᠤᠨ ᠤ ᠪᠦᠬᠦ ᠦᠶᠡᠯᠡᠯ᠂ ᠪᠦᠬᠦ ᠠᠵᠤ ᠦᠢᠯᠡᠰ ᠤᠨ ᠬᠡᠯᠬᠢᠶ᠎ᠡ ᠦᠢᠯᠡᠴᠢᠯᠡᠭᠡ ᠶᠢ ᠬᠠᠩᠭᠠᠵᠤ᠂ ᠠᠳᠠᠯ ᠦᠢᠯᠡᠰ ᠴᠣᠭᠴᠠᠯᠠᠬᠤ ᠳᠤ ᠭᠠᠵᠠᠷ ᠲᠠᠯᠠᠪᠤᠷ ᠲᠠᠢ᠂ ᠠᠷᠠᠯᠵᠢᠶᠠᠯᠠᠬᠤ ᠳᠤ ᠲᠠᠪᠴᠠᠩ ᠲᠠᠢ᠂ ᠠᠵᠢᠯᠯᠠᠬᠤ ᠳᠤ ᠲᠥᠷᠥᠯ ᠵᠦᠢᠯ ᠲᠠᠢ᠂ ᠡᠮᠬᠢᠯᠡᠨ ᠨᠡᠶᠢᠯᠡᠭᠦᠯᠬᠦ ᠳᠤ ᠲᠣᠭᠲᠠᠴᠠ ᠲᠠᠢ᠂ ᠬᠠᠮᠢᠶᠠᠷᠬᠤ ᠳᠤ ᠵᠢᠷᠤᠮᠵᠢᠯ ᠲᠠᠢ ᠪᠠᠶᠢᠯᠭᠠᠵᠤ᠂ ᠠᠳᠠᠯ ᠦᠢᠯᠡᠰ ᠴᠣᠭᠴᠠᠯᠠᠬᠤ ᠶᠢ ᠬᠥᠲᠥᠯᠥᠨ ᠳᠠᠭᠠᠭᠤᠯᠬᠤ᠂ ᠠᠵᠢᠯ ᠣᠯᠭᠤᠯᠲᠠ ᠶᠢ ᠠᠬᠢᠭᠤᠯᠬᠤ ᠪᠠ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠭᠦᠨᠵᠡᠭᠡᠶ ᠠᠭᠤᠰᠤᠯᠴᠠᠬᠤ ᠶᠢ ᠠᠬᠢᠭᠤᠯᠤᠨ᠎ᠠ ᠭᠡᠪᠡ᠃ ᠡᠭᠦᠨ ᠠᠴᠠ ᠦᠵᠡᠭᠦᠯᠡᠷ᠂ ᠳᠥᠷᠪᠡᠨ ᠣᠯᠠᠨ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠪᠣᠯ ᠠᠳᠠᠯ ᠦᠢᠯᠡᠰ ᠴᠣᠭᠴᠠᠯᠠᠭᠴᠢᠳ ᠤᠨ ᠬᠡᠷᠡᠭᠴᠡᠭᠡ ᠶᠢ ᠬᠠᠩᠭᠠᠬᠤ ᠠᠴᠠ ᠭᠠᠷᠳᠠᠵᠤ᠂ ᠠᠳᠠᠯ ᠦᠢᠯᠡᠰ ᠴᠣᠭᠴᠠᠯᠠᠬᠤ ᠳᠤ ᠪᠦᠬᠦ ᠲᠠᠯ᠎ᠠ ᠶᠢᠨ ᠦᠢᠯᠡᠴᠢᠯᠡᠭᠡ ᠬᠠᠩᠭᠠᠬᠤ ᠲᠠᠪᠴᠠᠩ ᠪᠣᠯᠣᠨ ᠠᠴᠢᠶᠠᠯᠠᠪᠤᠷᠢ ᠮᠦᠨ᠂ ᠠᠳᠠᠯ ᠦᠢᠯᠡᠰ ᠴᠣᠭᠴᠠᠯᠠᠭᠴᠢ ᠶᠢᠨ ᠴᠡᠩᠭᠡᠯ ᠤᠨ ᠣᠷᠣᠨ᠂ ᠠᠵᠤ ᠠᠬᠤᠶᠢᠯᠠᠯᠲᠠᠨ ᠤ ᠥᠯᠥᠭᠡᠶ ᠮᠦᠨ᠃        ᠶᠡᠷᠦᠮᠳᠡᠭ ᠢᠶᠠᠷ ᠬᠡᠯᠡᠪᠡᠯ᠂ ᠨᠢᠭᠡᠨ ᠠᠳᠠᠯ ᠦᠢᠯᠡᠰ ᠪᠦᠲᠦᠭᠡᠬᠦ ᠬᠦᠰᠡᠯ ᠡᠷᠡᠮᠡᠯᠵᠡᠯ ᠲᠠᠢ ᠠᠳᠠᠯ ᠦᠢᠯᠡᠰ ᠴᠣᠭᠴᠠᠯᠠᠭᠴᠢ ᠨᠢ ᠠᠳᠠᠯ ᠦᠢᠯᠡᠰ ᠴᠣᠭᠴᠠᠯᠠᠬᠤ ᠬᠦᠰᠡᠯ ᠵᠣᠷᠢᠯᠲᠠ ᠪᠠ ᠲᠡᠮᠡᠴᠡᠬᠦ ᠵᠣᠷᠢᠭ ᠲᠠᠢ ᠪᠠᠷ ᠡᠨᠡ ᠬᠦ ᠵᠠᠬ᠎ᠠ ᠳᠡᠯᠭᠡᠭᠦᠷ ᠲᠤ ᠣᠷᠣᠵᠤ ᠢᠷᠡᠳᠡᠭ ᠯᠡ ᠶᠤᠮ ᠪᠣᠯ ᠠᠳᠡ ᠠᠴᠠ ᠡᠬᠢᠨ ᠤ ᠠᠯᠬᠤᠮ ᠢᠶᠠᠨ ᠠᠯᠬᠤᠵᠤ᠂ ᠠᠳᠠᠯ ᠦᠢᠯᠡᠰ ᠴᠣᠭᠴᠠᠯᠠᠬᠤ ᠠᠶᠠᠨ ᠵᠠᠮ ᠢᠶᠠᠨ ᠡᠬᠢᠯᠡᠭᠦᠯᠵᠦ ᠪᠣᠯᠣᠨ᠎ᠠ᠃ ᠠᠳᠠᠯ ᠦᠢᠯᠡᠰ ᠴᠣᠭᠴᠠᠯᠠᠬᠤ ᠶᠢ ᠰᠣᠷᠣᠯᠴᠠᠬᠤ ᠰᠠᠨᠠᠭ᠎ᠠ ᠲᠠᠢ ᠶᠤᠮ ᠪᠣᠯ ᠵᠠᠰᠠᠭ ᠤᠨ ᠣᠷᠳᠣᠨ ᠠᠴᠠ ᠬᠠᠩᠭᠠᠭᠰᠠᠨ ᠦᠨ᠎ᠡ ᠲᠦᠯᠦᠪᠦᠷᠢ ᠦᠭᠡᠢ ᠪᠣᠯᠪᠠᠰᠤᠷᠠᠭᠤᠯᠤᠯ ᠳᠤ ᠣᠷᠣᠯᠴᠠᠵᠤ᠂ ᠠᠳᠠᠯ ᠦᠢᠯᠡᠰ ᠴᠣᠭᠴᠠᠯᠠᠭᠠᠳ ᠠᠮᠵᠢᠯᠲᠠ ᠣᠯᠤᠭᠰᠠᠨ ᠠᠵᠤ ᠠᠬᠤᠶᠢᠯᠠᠯ ᠳᠤ ᠣᠴᠢᠵᠤ ᠳᠠᠳᠤᠯᠭ᠎ᠠ ᠬᠢᠵᠦ ᠪᠣᠯᠣᠨ᠎ᠠ᠂ ᠡᠯᠧᠺᠲᠷᠤᠨ ᠬᠤᠳᠠᠯᠳᠤᠭᠠᠨ ᠤ ᠠᠳᠠᠯ ᠦᠢᠯᠡᠰ ᠴᠣᠭᠴᠠᠯᠠᠬᠤ ᠳᠡᠭᠡᠳᠦ ᠰᠤᠷᠭᠠᠭᠤᠯᠢ ᠶᠢᠨ ᠬᠢᠴᠢᠶᠡᠯ ᠤᠨ ᠲᠠᠪᠴᠠᠩ ᠠᠴᠠ ᠴᠠᠭ ᠢᠮᠠᠭᠲᠠ ︽ᠴᠡᠨᠡᠭᠯᠡᠵᠦ︾ ᠪᠣᠯᠣᠨ᠎ᠠ︔ ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠰᠠᠨᠠᠭ᠎ᠠ ᠲᠠᠢ ᠶᠤᠮ ᠪᠣᠯ ᠦᠨᠡᠯᠡᠨ ᠵᠢᠱᠢᠯᠲᠡ ᠪᠠᠷ ᠳᠠᠮᠵᠢᠭᠰᠠᠨ ᠪᠣᠯ ᠵᠠᠰᠠᠭ ᠤᠨ ᠣᠷᠳᠣᠨ ᠠᠴᠠ ᠬᠠᠮᠤᠭ ᠤᠨ ᠤᠳᠠᠭᠠᠨ ᠳᠠᠭᠠᠨ ᠭᠤᠷᠪᠠᠨ ᠵᠢᠯ ᠰᠦᠢᠳᠬᠡᠯ ᠬᠤᠷᠢᠶᠠᠬᠤ ᠦᠭᠡᠶ ᠣᠷᠣᠨ ᠵᠠᠶ ᠬᠠᠩᠭᠠᠵᠤ ᠥᠭᠬᠦ ᠪᠥᠭᠡᠳ ᠡᠵᠡᠩᠨᠡᠯᠲᠡ ᠶᠢᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠦᠨ ᠥᠭᠴᠦ ᠪᠣᠯᠣᠨ᠎ᠠ᠂ ᠪᠠᠭ᠎ᠠ ᠲᠣᠭᠠᠨ ᠤ ᠵᠢᠭᠡᠯᠡᠯᠭᠡ ᠶᠢ ᠲᠣᠭᠲᠠᠭᠠᠯ ᠶᠣᠰᠣᠭᠠᠷ ᠭᠤᠶᠤᠴᠢᠯᠠᠬᠤ᠂ ᠰᠦᠢᠳᠬᠡᠯ ᠬᠤᠷᠢᠶᠠᠬᠤ ᠦᠭᠡᠢ ᠪᠠᠷ ᠴᠢᠳᠠᠪᠤᠷᠢᠲᠠᠨ ᠤᠷᠢᠬᠤ᠂ ᠠᠳᠠᠯ ᠦᠢᠯᠡᠰ ᠴᠣᠭᠴᠠᠯᠠᠬᠤ ᠪᠠ ᠴᠢᠳᠠᠪᠤᠷᠢᠲᠠᠨ ᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠦᠷᠲᠡᠵᠦ ᠪᠣᠯᠣᠨ᠎ᠠ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠠᠵᠤ ᠠᠬᠤᠶᠢᠯᠠᠯ ᠤᠳ ᠲᠡᠭᠦᠨ ᠲᠠᠢ ᠪᠢᠴᠢᠯ ᠲᠣᠭᠠᠨ ᠤ ᠰᠲ᠋ᠣᠺ ᠤᠨ ᠡᠷᠬᠡ ᠶᠢᠨ ᠡᠵᠡᠯᠡᠬᠦ ᠬᠠᠷᠢᠴᠠᠯ ᠤᠨ ᠵᠥᠪᠳᠡᠯᠴᠡᠭᠡᠷ ᠲᠣᠭᠳᠠᠭᠰᠠᠨ ᠤᠷᠢᠲᠠᠯ ᠳᠣᠣᠷ᠎ᠠ᠂ ᠳᠥᠷᠪᠡᠨ ᠣᠯᠠᠨ ᠲᠠᠪᠴᠠᠩ ᠢᠶᠠᠷ ᠳᠠᠮᠵᠢᠨ ᠲᠥᠷᠥᠯ ᠵᠦᠢᠯ ᠢ ᠤᠷᠢᠳᠠᠪᠡᠷ ᠰᠤᠩᠭᠤᠬᠤ᠂ ᠤᠬᠠᠭᠤᠯᠤᠨ ᠲᠠᠨᠢᠯᠴᠠᠭᠤᠯᠬᠤ ᠳᠤ ᠪᠡᠯᠡ ᠮᠥᠩᠭᠦ ᠴᠤᠭᠯᠠᠭᠤᠯᠬᠤ᠂ ᠠᠵᠤ ᠠᠬᠤᠶᠢᠯᠠᠯ ᠢᠶᠠᠨ ᠳᠠᠩᠰᠠᠯᠠᠭᠤᠯᠬᠤ ᠪᠠ ᠠᠵᠢᠯ ᠡᠬᠢᠯᠡᠭᠦᠯᠬᠦ ᠵᠢᠯᠤᠭᠤᠳᠤᠯᠭ᠎ᠠ ᠬᠢᠯᠭᠡᠵᠦ᠂ ᠬᠠᠪᠰᠤᠷᠤᠭᠤᠯᠵᠤ ᠪᠠᠶᠢᠭᠠᠳ ᠠᠳᠠᠯ ᠦᠢᠯᠡᠰ ᠴᠤᠭᠴᠠᠯᠠᠬᠤ ᠵᠠᠮ ᠢᠶᠠᠷ ᠵᠠᠮᠨᠠᠵᠤ ᠪᠣᠯᠣᠨ᠎ᠠ︔ ᠬᠤᠷᠰᠢᠵᠤ ᠠᠳᠠᠯ ᠦᠢᠯᠡᠰ ᠴᠣᠭᠴᠠᠯᠠᠬᠤ ᠪᠣᠳᠣᠯ ᠲᠠᠢ ᠪᠣᠯ᠂ ᠵᠥᠪᠳᠡᠯᠴᠡᠬᠦ ᠪᠠᠷ ᠳᠠᠮᠵᠢᠨ᠂ ᠠᠮᠵᠢᠯᠲᠠ ᠣᠯᠣᠭᠰᠠᠨ ᠠᠳᠠᠯ ᠦᠢᠯᠡᠰ ᠴᠣᠭᠴᠠᠯᠠᠬᠤ ᠪᠦᠯᠬᠦᠮ ᠨᠡᠶᠢᠲᠡ ᠳᠤ ᠣᠷᠣᠯᠴᠠᠵᠤ ᠪᠣᠯᠬᠤ ᠪᠥᠭᠡᠳ ᠠᠮᠵᠢᠯᠲᠠ ᠲᠠᠢ ᠠᠳᠠᠯ ᠦᠢᠯᠡᠰ ᠴᠣᠭᠴᠠᠯᠠᠭᠴᠢ ᠯᠤᠭ᠎ᠠ ᠲᠣᠬᠠᠢ ᠶᠢᠨ ᠭᠠᠵᠠᠷ ᠲᠤᠨᠢ ᠰᠢᠨ᠎ᠡ ᠠᠵᠤ ᠠᠬᠤᠶᠢᠯᠠᠯ ᠤᠨ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ ᠵᠠᠬ᠎ᠠ ᠳᠡᠯᠭᠡᠭᠦᠷ ᠪᠠᠶᠢᠭᠤᠯᠵᠤ ᠪᠣᠯᠣᠨ᠎ᠠ︔ ᠣᠷᠣᠵᠤ ᠰᠠᠭᠤᠭᠰᠠᠨ ᠠᠩᠬ᠎ᠠ ᠠᠳᠠᠯ ᠦᠢᠯᠡᠰ ᠴᠣᠭᠴᠠᠯᠠᠵᠤ ᠪᠠᠶᠢᠭ᠎ᠠ ᠠᠵᠤ ᠠᠬᠤᠶᠢᠯᠠᠯ ᠪᠣᠯᠤᠨ ᠵᠢᠵᠢᠭ ᠪᠢᠴᠢᠯ ᠠᠵᠤ ᠠᠬᠤᠶᠢᠯᠠᠯ ᠳᠤ ᠬᠠᠤᠯᠢ ᠴᠠᠭᠠᠵᠠ ᠶᠢᠨ ᠯᠠᠪᠯᠠᠯᠭ᠎ᠠ᠂ ᠦᠢᠯᠡᠳᠪᠦᠷᠢ ᠬᠤᠳᠠᠯᠳᠤᠭᠠᠨ ᠤ ᠣᠷᠣᠯᠠᠨ ᠭᠦᠢᠴᠡᠳᠬᠡᠯ᠂ ᠡᠳ᠋ ᠤᠨ ᠶᠠᠪᠤᠳᠠᠯ ᠤᠨ ᠣᠷᠣᠯᠠᠨ ᠬᠠᠮᠢᠶᠠᠷᠤᠯᠲᠠ᠂ ᠡᠳ᠋ ᠪᠠᠷᠠᠭᠠᠨ ᠤ ᠭᠦᠢᠯᠭᠡᠭᠡᠨ ᠲᠣᠬᠢᠷᠠᠭᠤᠯᠤᠨ ᠬᠦᠷᠭᠡᠬᠦ ᠵᠡᠷᠭᠡ ᠥᠪᠡᠷ ᠤᠨ ᠥᠷᠲᠡᠭ ᠳᠣᠣᠷ᠎ᠠ ᠪᠦᠬᠦᠢ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠵᠤ ᠪᠣᠯᠬᠤ ᠶᠢᠨ ᠬᠠᠮᠲᠤ ᠡᠯ᠎ᠡ ᠲᠥᠷᠥᠯ ᠤᠨ ᠪᠣᠯᠪᠠᠰᠤᠷᠠᠭᠤᠯᠤᠯ ᠤᠨ ᠦᠢᠯᠡᠴᠢᠯᠡᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠮᠡᠷᠭᠡᠵᠢᠯ ᠴᠢᠳᠠᠪᠤᠷᠢ ᠶᠢ ᠨᠢ ᠳᠡᠭᠡᠭᠰᠢᠯᠡᠭᠦᠯᠦᠨ᠂ ᠳᠣᠲᠣᠭᠠᠳᠤ ᠶᠢᠨ ᠠᠵᠢᠯ ᠤᠨ ᠴᠤᠪᠤᠷᠠᠯ ᠵᠢᠴᠢ ᠳᠦᠷᠢᠮ ᠢᠶᠠᠨ ᠴᠡᠭᠴᠡᠯᠡᠨ ᠢᠯᠭᠠᠷᠠᠭᠤᠯᠵᠤ᠂ ᠠᠶᠤᠯ ᠲᠦᠭᠰᠢᠭᠦᠷᠢ ᠠᠴᠠ ᠵᠠᠶᠢᠯᠠᠭᠤᠯᠤᠨ᠂ ᠡᠯ᠎ᠡ ᠲᠥᠷᠥᠯ ᠤᠨ ᠴᠢᠳᠠᠪᠤᠷᠢᠲᠠᠨ ᠢ ᠵᠤᠯᠭᠠᠯᠳᠤᠭᠤᠯᠵᠤ᠂ ᠠᠵᠢᠯ ᠲᠦᠷᠤᠯ ᠠᠯᠤᠰᠯᠠᠭᠰᠠᠨ᠂ ᠰᠢᠨᠵᠢᠯᠡᠭᠡ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠰᠦᠯᠵᠢᠶᠡᠨ ᠳᠡᠭᠡᠷ᠎ᠡ ᠰᠣᠯᠢᠯᠴᠠᠬᠤ ᠪᠠ ᠡᠬᠢ ᠪᠠᠶᠠᠯᠢᠭ ᠢ ᠬᠤᠯᠪᠣᠬᠤ ᠦᠢᠯᠡᠴᠢᠯᠡᠭᠡ ᠬᠠᠩᠭᠠᠵᠤ ᠪᠣᠯᠣᠨ᠎ᠠ︔ ᠲᠤᠮᠤ ᠳᠤᠮᠳᠠ ᠠᠵᠤ ᠠᠬᠤᠶᠢᠯᠠᠯ ᠳᠤ ᠰᠢᠯᠢᠳᠡᠭ ᠲᠥᠷᠥᠯ ᠵᠦᠢᠯ ᠬᠢᠭᠡᠳ ᠳᠡᠭᠡᠳᠦ ᠵᠡᠷᠭᠡ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤᠨᠢ ᠲᠤᠰᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠢ ᠥᠷᠭᠡᠳᠬᠡᠵᠦ᠂ ᠳᠡᠭᠡᠳᠦ ᠲᠡᠰ ᠤᠨ ᠬᠠᠮᠢᠶᠠᠷᠤᠯᠲᠠ ᠶᠢᠨ ᠪᠣᠯᠪᠠᠰᠤᠷᠠᠭᠤᠯᠤᠯ ᠢ ᠪᠤᠯᠵᠤᠨ ᠡᠷᠬᠢᠯᠡᠵᠦ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠴᠢᠨᠠᠷ ᠰᠠᠶᠢᠲᠠᠶ ᠡᠳ᠋ ᠬᠦᠷᠦᠩᠭᠡ ᠵᠢᠴᠢ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠲᠠᠢ ᠵᠣᠯᠭᠠᠯᠳᠤᠬᠤ ᠳᠤᠨᠢ ᠲᠤᠰᠠᠯᠠᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠵᠡᠷᠭᠡ ᠶᠢ ᠨᠢ ᠬᠠᠪᠰᠤᠷᠤᠨ ᠵᠢᠯᠣᠭᠤᠳᠴᠤ ᠪᠣᠯᠣᠨ᠎ᠠ᠃ ᠠᠳᠠᠯ ᠦᠶ᠋ᠯᠡᠰ ᠴᠣᠭᠴᠠᠯᠠᠭᠠᠳ ᠠᠮᠵᠢᠯᠲᠠ ᠣᠯᠤᠭᠰᠠᠳ ᠠᠵᠤ ᠠᠬᠤᠶᠢᠯᠠᠯᠲᠠᠨ ᠪᠣᠯᠬᠤ ᠠᠶᠠᠨ ᠵᠠᠮ ᠢᠶᠠᠷ ᠠᠶᠠᠯᠠᠨ᠂ ᠠᠳᠠᠯ ᠦᠢᠯᠡᠰ ᠴᠣᠭᠴᠠᠯᠠᠭᠠᠳ ᠢᠯᠠᠭᠳᠠᠭᠰᠠᠳ ᠢ ᠣᠶᠢᠯᠠᠭᠠᠨ ᠪᠠᠭᠲᠠᠭᠠᠵᠤ᠂ ᠵᠠᠬ᠎ᠠ ᠳᠡᠯᠭᠡᠭᠦᠷ ᠤᠨ ᠶᠡᠷᠦᠩᠬᠡᠶ ᠵᠠᠬᠢᠷᠭ᠎ᠠ ᠳᠤ ᠣᠷᠣᠵᠣ ᠰᠠᠭᠤᠭᠰᠠᠨ ᠠᠵᠤ ᠠᠬᠤᠶᠢᠯᠠᠯ ᠨᠢ ᠲᠡᠳᠡᠨᠡᠷ ᠢ ᠤᠷᠢᠵᠤ ᠠᠵᠢᠯ ᠣᠯᠭᠤᠬᠤ ᠶᠢᠨ ᠬᠠᠮᠲᠤ ᠳᠠᠬᠢᠨ ᠠᠳᠠᠯ ᠦᠢᠯᠡᠰ ᠴᠣᠭᠴᠠᠯᠠᠬᠤ ᠶᠢ ᠨᠢ ᠦᠷᠭᠦᠯᠵᠢᠯᠡᠨ ᠳᠡᠮᠵᠢᠵᠦ᠂ ᠠᠮᠵᠢᠯᠲᠠ ᠣᠯᠬᠤ ᠶᠢ ᠨᠢ ᠳᠡᠮᠵᠢᠨ ᠳᠡᠳᠬᠦᠵᠦ ᠪᠣᠯᠣᠨ᠎ᠠ᠃        ᠬᠥᠲᠥᠯᠥᠭᠴᠢ᠄        ᠵᠠ ᠰᠠᠶᠢᠨ ᠪᠣᠯᠣᠯ᠎ᠠ᠂ ᠯᠢᠦ ᠡᠷᠬᠢᠯᠡᠭᠴᠢ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠳ᠋ᠤᠭᠠᠷ ᠲᠤ ᠪᠠᠶᠠᠷᠲᠠᠶ ᠵᠣᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号