| ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ ᠪᠦᠷᠢᠳᠬᠡᠯ ᠤᠨ ᠲᠤᠪᠴᠢᠶ᠎ᠠ | ︵2017 ᠤᠨ ᠤ 4 ᠰᠠᠷ᠎ᠠ ᠶᠢᠨ 21 ᠤ ᠡᠳᠦᠷ︶ | 2016 ᠤᠨ ᠳᠤ᠂ ᠨᠠᠷᠢᠨ ᠪᠤᠳᠤᠯᠢᠶᠠᠨᠲᠠᠢ ᠤᠯᠤᠰ ᠤᠨ ᠲᠤᠲᠤᠭᠠᠲᠤ ᠪᠠ ᠭᠠᠳᠠᠭᠠᠲᠤ ᠶᠢᠨ ᠠᠵᠤ | ᠠᠬᠤᠢ ᠶᠢᠨ ᠪᠠᠶᠢᠳᠠᠯ ᠳᠤ᠂ ᠪᠦᠬᠦ ᠲᠤᠭᠤᠷᠢᠭ ᠤᠨ ᠠᠷᠠᠳ ᠲᠦᠮᠡᠨ ᠲᠤᠭᠤᠷᠢᠭ ᠤᠨ ᠨᠠᠮ ᠤᠨ ᠬᠤᠷᠢᠶ᠎ᠠ᠂ | ᠵᠠᠰᠠᠭ ᠤᠨ ᠤᠷᠳᠤᠨ ᠤ ᠤᠳᠤᠷᠢᠳᠤᠯᠭ᠎ᠠ ᠳᠤᠤᠷ᠎ᠠ᠂ ᠲᠤᠭᠲᠠᠭᠤᠨ ᠤ ᠳᠤᠮᠳᠠ ᠤᠷᠤᠭᠰᠢᠯᠠᠬᠤ ᠠᠵᠢᠯ ᠤᠨ | ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠬᠡᠯᠪᠡᠶᠢᠭᠦᠦ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ | ᠠᠬᠢᠭᠤᠯᠬᠤ ᠪᠠᠷ ᠭᠤᠤᠯ ᠱᠤᠭᠤᠮ ᠪᠤᠯᠭᠠᠨ᠂ ᠨᠡᠮᠡᠭᠳᠡᠯ ᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ | ᠦᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠡᠯ᠎ᠡ ᠲᠦᠷᠦᠯ ᠤᠨ ᠠᠵᠢᠯ ᠢ | ᠨᠢᠭᠡᠲᠦᠯᠲᠡᠢ ᠲᠦᠯᠦᠪᠵᠢᠭᠦᠯᠦᠨ ᠰᠠᠶᠢᠲᠤᠷ ᠬᠢᠵᠦ᠂ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠶᠢᠨ ᠠᠬᠢᠯᠲᠠ ᠲᠠᠢ | ᠪᠤᠯᠵᠤ᠂ ᠠᠵᠤ ᠠᠬᠤᠢ ᠲᠤᠭᠲᠠᠭᠤᠨ ᠡᠷᠡᠭᠦᠯ ᠢᠶᠠᠷ ᠬᠦᠭᠵᠢᠬᠦ ᠶᠢ ᠪᠠᠲᠤᠯᠠᠨ᠂ ︽ᠠᠷᠪᠠᠨ ᠭᠤᠷᠪᠠᠳᠤᠭᠠᠷ ᠲᠠᠪᠤᠨ ᠵᠢᠯ | ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠵᠡᠢ᠃ | ᠨᠢᠭᠡ᠂ ᠶᠡᠷᠦᠩᠬᠡᠶᠢᠯᠡᠯ | ᠤᠯᠤᠰ ᠠᠷᠠᠳ ᠤᠨ ᠠᠵᠤ ᠠᠬᠤᠢ ᠲᠤᠭᠲᠠᠭᠤᠨ ᠤ ᠳᠤᠮᠳᠠ ᠠᠬᠢᠯᠲᠠ ᠲᠠᠢ ᠪᠤᠯᠪᠠ᠃ ᠠᠩᠬ᠎ᠠ | ᠠᠯᠬᠤᠮ ᠤᠨ ᠬᠢᠨᠡᠨ ᠪᠤᠳᠤᠯᠲᠠ ᠪᠠᠷ᠂ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 326.96 | ᠳ᠋ᠦᠩᠰᠢᠭᠤᠷ ᠲᠦᠭᠦᠷᠢᠭ ᠬᠦᠷᠴᠦ᠂ ᠬᠠᠷᠢᠴᠠᠭᠤᠯᠬᠤ ᠦᠨ᠎ᠡ ᠪᠠᠷ ᠪᠤᠳᠤᠪᠠᠯ᠂ ᠳᠡᠭᠡᠷ᠎ᠡ ᠵᠢᠯ ᠠᠴᠠ 8.3% | ᠨᠡᠮᠡᠭᠳᠡᠪᠡ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠲᠡᠭ 7.31 ᠳ᠋ᠦᠩᠰᠢᠭᠤᠷ ᠲᠦᠭᠦᠷᠢᠭ᠂ | 3.1% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ 138.94 ᠳ᠋ᠦᠩᠰᠢᠭᠤᠷ ᠲᠦᠭᠦᠷᠢᠭ | ᠂ 7. 8% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠲᠡᠭ 180.72 ᠳ᠋ᠦᠩᠰᠢᠭᠤᠷ | ᠲᠦᠭᠦᠷᠢᠭ᠂ 9.0% ᠨᠡᠮᠡᠭᠳᠡᠪᠡ᠃ ᠪᠠᠶᠢᠩᠭᠤ ᠰᠠᠭᠤᠭ᠎ᠠ ᠬᠦᠮᠦᠨ ᠠᠮᠠ ᠪᠠᠷ ᠪᠤᠳᠤᠪᠠᠯ᠂ ᠬᠦᠮᠦᠨ ᠳᠤᠮᠳᠠᠴᠢ ᠶᠢᠨ | ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 70925 ᠲᠦᠭᠦᠷᠢᠭ᠂ 8.3% ᠨᠡᠮᠡᠭᠳᠡᠪᠡ᠃ | | ᠠᠵᠤ ᠦᠢᠯᠡᠰ ᠤᠨ ᠪᠦᠲᠦᠴᠡ ᠶᠢ ᠲᠦᠷᠭᠡᠪᠴᠢᠯᠡᠨ ᠲᠤᠬᠢᠷᠠᠭᠤᠯᠪᠠ᠃ ᠠᠵᠤ ᠦᠢᠯᠡᠰ ᠤᠨ | ᠪᠦᠲᠦᠴᠡ ᠠᠴᠠ ᠦᠵᠡᠪᠡᠯ᠂ ᠭᠤᠷᠪᠠᠨ ᠠᠵᠤ ᠦᠢᠯᠡᠰ ᠤᠨ ᠬᠠᠷᠢᠴᠠᠯ ᠳᠡᠭᠡᠷ᠎ᠡ ᠵᠢᠯ ᠤᠨ 2.3᠄ 43.3᠄ 54. | 4 ᠠᠴᠠ 2.2᠄ 42.5᠄ 55.3 ᠪᠤᠯᠤᠨ ᠲᠣᠬᠢᠷᠠᠭᠤᠯᠤᠭᠳᠠᠪᠠ᠂ ᠨᠢᠭᠡᠳᠦᠭᠡᠷ᠂ ᠬᠤᠶᠠᠳᠤᠭᠠᠷ ᠠᠵᠤ ᠦᠢᠯᠡᠰ ᠤᠨ | ᠬᠠᠷᠢᠴᠠᠯ ᠲᠤᠰᠪᠤᠷᠢ 0.1 ᠪᠠ 0.8 ᠵᠠᠭᠤᠨ ᠤ ᠬᠤᠪᠢ ᠶᠢᠨ ᠴᠡᠭ ᠳᠤᠷᠤᠭᠰᠢᠯᠠᠪᠠ᠂ ᠭᠤᠷᠪᠠᠳᠤᠭᠠᠷ ᠠᠵᠤ ᠦᠢᠯᠡᠰ | 0.9 ᠵᠠᠭᠤᠨ ᠤ ᠬᠤᠪᠢ ᠶᠢᠨ ᠴᠡᠭ ᠳᠡᠭᠡᠭᠰᠢᠯᠡᠪᠡ︔ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠭᠤᠷᠪᠠᠳᠤᠭᠠᠷ | ᠠᠵᠤ ᠦᠢᠯᠡᠰ ᠤᠨ ᠨᠡᠮᠡᠭᠳᠡᠯ 9.0% ᠨᠡᠮᠡᠭᠳᠡᠵᠦ᠂ ᠲᠤᠰᠪᠤᠷᠢ ᠨᠢᠭᠡᠳᠦᠭᠡᠷ᠂ ᠬᠤᠶᠠᠳᠤᠭᠠᠷ ᠠᠵᠤ ᠦᠢᠯᠡᠰ ᠠᠴᠠ 5. | 9 ᠪᠠ 1.2 ᠵᠠᠭᠤᠨ ᠤ ᠬᠤᠪᠢ ᠶᠢᠨ ᠴᠡᠭ ᠦᠨᠳᠦᠷ ᠪᠠᠶᠢᠵᠤ᠂ ᠭᠤᠷᠪᠠᠨ ᠠᠵᠤ ᠦᠢᠯᠡᠰ ᠤᠨ ᠲᠡᠷᠢᠭᠦᠨ ᠳᠤ | ᠪᠠᠶᠢᠷᠢᠯᠠᠪᠠ᠃ ᠬᠤᠪᠢ ᠨᠡᠮᠡᠷᠢ ᠶᠢᠨ ᠪᠠᠶᠢᠳᠠᠯ ᠠᠴᠠ ᠦᠵᠡᠪᠡᠯ᠂ ᠭᠤᠷᠪᠠᠨ ᠶᠡᠭᠡ ᠠᠵᠤ ᠦᠢᠯᠡᠰ ᠤᠨ ᠠᠵᠤ | ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠨᠢ ᠲᠤᠰᠪᠤᠷᠢ 0.9%᠂ 40.7% ᠪᠠ 58.5% | ᠪᠠᠶᠢᠵᠤ᠂ ᠬᠤᠶᠠᠳᠤᠭᠠᠷ ᠠᠵᠤ ᠦᠢᠯᠡᠰ ᠳᠡᠭᠡᠷ᠎ᠡ ᠵᠢᠯ ᠠᠴᠠ 10.2 ᠵᠠᠭᠤᠨ ᠤ ᠬᠤᠪᠢ ᠶᠢᠨ ᠴᠡᠭ ᠳᠤᠷᠤᠭᠰᠢᠯᠠᠵᠤ᠂ | ᠭᠤᠷᠪᠠᠳᠤᠭᠠᠷ ᠠᠵᠤ ᠦᠢᠯᠡᠰ 10.1 ᠵᠠᠭᠤᠨ ᠤ ᠬᠤᠪᠢ ᠶᠢᠨ ᠴᠡᠭ ᠳᠡᠭᠡᠭᠰᠢᠯᠡᠪᠡ︔ ᠠᠵᠤ ᠠᠬᠤᠢ ᠶᠢᠨ ᠨᠡᠮᠡᠭᠳᠡᠯ ᠢ | ᠳᠠᠶᠢᠴᠢᠯᠠᠭᠰᠡᠨ ᠪᠠᠶᠢᠳᠠᠯ ᠠᠴᠠ ᠦᠵᠡᠪᠡᠯ᠂ ᠭᠤᠷᠪᠠᠨ ᠠᠵᠤ ᠦᠢᠯᠡᠰ ᠠᠵᠤ ᠠᠬᠤᠢ ᠶᠢᠨ ᠨᠡᠮᠡᠭᠳᠡᠯ ᠢ ᠲᠤᠰᠪᠤᠷᠢ 0. | 1᠂ 3.4 ᠪᠠ 4.9 ᠵᠠᠭᠤᠨ ᠤ ᠬᠤᠪᠢ ᠶᠢᠨ ᠴᠡᠭ ᠠᠬᠢᠭᠤᠯᠵᠤ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ | ᠲᠤᠰᠪᠤᠷᠢ ᠨᠢᠭᠡᠳᠦᠭᠡᠷ ᠠᠵᠤ ᠦᠢᠯᠡᠰ ᠠᠴᠠ 3.3 ᠪᠠ 4.8 ᠵᠠᠭᠤᠨ ᠤ ᠬᠤᠪᠢ ᠶᠢᠨ ᠴᠡᠭ ᠦᠨᠳᠦᠷ᠃ | | ᠠᠵᠢᠯ ᠤᠯᠭᠤᠯᠲᠠ ᠶᠢᠨ ᠬᠠᠨᠳᠤᠰᠢ ᠲᠤᠭᠲᠠᠭᠤᠨ ᠠᠬᠢᠪᠠ᠃ ᠠᠵᠢᠯ ᠤᠯᠭᠤᠯᠲᠠ ᠪᠠ ᠲᠠᠬᠢᠨ ᠠᠵᠢᠯ | ᠤᠯᠭᠤᠯᠲᠠ ᠶᠢ ᠯᠠᠪᠳᠠᠭᠤᠨ ᠠᠬᠢᠭᠤᠯᠪᠠ᠃ ᠬᠤᠲᠠ ᠪᠠᠯᠭᠠᠰᠤᠨ ᠤ ᠰᠢᠨ᠎ᠡ ᠪᠠᠷ ᠠᠵᠢᠯ ᠤᠯᠤᠭᠰᠠᠳ 9100 | ᠬᠦᠮᠦᠨ ᠪᠠᠶᠢᠵᠤ᠂ ᠬᠦᠳᠡᠭᠡ ᠲᠤᠰᠬᠤᠨ ᠤ ᠬᠦᠳᠡᠯᠮᠦᠷᠢ ᠬᠦᠴᠦᠨ ᠤ ᠪᠤᠯᠪᠠᠰᠤᠷᠠᠯ ᠳᠤ ᠤᠷᠤᠯᠴᠠᠭᠰᠠᠳ 2495 | ᠬᠦᠮᠦᠨ᠂ ᠠᠵᠢᠯ ᠤᠯᠭᠤᠯᠲᠠ ᠶᠢᠨ ᠮᠡᠷᠭᠡᠵᠢᠯ ᠤᠨ ᠪᠤᠯᠪᠠᠰᠤᠷᠠᠯ ᠳᠤ ᠤᠷᠤᠯᠴᠠᠭᠰᠠᠳ 3886 ᠬᠦᠮᠦᠨ᠂ ᠦᠢᠯᠡᠰ | ᠪᠤᠰᠬᠠᠬᠤ ᠪᠤᠯᠪᠠᠰᠤᠷᠠᠯ ᠳᠤ ᠤᠷᠤᠯᠴᠠᠭᠰᠠᠳ 535 ᠬᠦᠮᠦᠨ᠂ ᠦᠢᠯᠡᠰ ᠪᠤᠰᠬᠠᠬᠤ ᠪᠠᠷ ᠠᠵᠢᠯ ᠤᠯᠭᠤᠯᠲᠠ ᠶᠢ | ᠠᠬᠢᠭᠤᠯᠤᠭᠰᠠᠳ 1605 ᠬᠦᠮᠦᠨ᠃ 701 ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ | ᠨᠡᠭᠡᠭᠡᠵᠦ᠂ 3144 ᠬᠦᠮᠦᠨ ᠳᠤ ᠠᠮᠢᠳᠤᠯᠢᠭ ᠢᠶᠠᠷ ᠠᠵᠢᠯ ᠤᠯᠭᠤᠪᠠ᠃ ᠪᠠᠭ᠎ᠠ ᠲᠤᠭᠠᠨ ᠤ ᠪᠠᠳᠤᠯᠠᠨ ᠳᠠᠭᠠᠭᠠᠯᠳᠠ | ᠶᠢᠨ ᠵᠢᠭᠡᠯᠡᠯᠭᠡ 1583 ᠲᠦᠮᠡᠨ ᠲᠦᠭᠦᠷᠢᠭ ᠲᠠᠷᠬᠠᠭᠠᠪᠠ᠃ 1083 ᠬᠤᠲᠠ ᠪᠠᠯᠭᠠᠰᠤᠨ ᠤ ᠠᠵᠢᠯ | ᠠᠯᠳᠠᠭᠰᠠᠳ ᠲᠤ ᠲᠠᠬᠢᠨ ᠠᠵᠢᠯ ᠤᠯᠭᠤᠵᠤ᠂ 3845 ᠠᠵᠢᠯ ᠤᠯᠬᠤ ᠳᠤ ᠬᠦᠴᠢᠷᠳᠡᠭᠰᠡᠳ ᠲᠤ ᠳᠠᠬᠢᠨ ᠠᠵᠢᠯ | ᠤᠯᠭᠤᠪᠠ᠃ ᠬᠤᠲᠠ ᠪᠠᠯᠭᠠᠰᠤᠨ ᠤ ᠳᠠᠩᠰᠠᠯᠠᠭᠰᠡᠨ ᠠᠵᠢᠯ ᠠᠯᠳᠠᠯᠲᠠ ᠶᠢᠨ ᠨᠤᠷᠮ᠎ᠠ 3.07%᠃ | ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠲᠤᠭᠲᠠᠭᠤᠨ ᠨᠡᠮᠡᠭᠳᠡᠪᠡ᠃ ᠪᠦᠬᠦ ᠵᠢᠯ ᠤᠨ ᠤᠯᠠᠨ | ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 23.13 ᠳ᠋ᠦᠩᠰᠢᠭᠤᠷ ᠲᠦᠭᠦᠷᠢᠭ᠂ ᠳᠡᠭᠡᠷ᠎ᠡ | ᠵᠢᠯ ᠠᠴᠠ 1.51 ᠳ᠋ᠦᠩᠰᠢᠭᠤᠷ ᠲᠦᠭᠦᠷᠢᠭ ᠨᠡᠮᠡᠭᠳᠡᠵᠦ᠂ 7.0% ᠨᠡᠮᠡᠭᠳᠡᠪᠡ᠃ ᠡᠭᠦᠨ ᠳᠤ᠂ ᠭᠠᠶᠢᠯᠢ ᠶᠢᠨ | ᠤᠷᠤᠯᠭ᠎ᠠ 16.73 ᠳ᠋ᠦᠩᠰᠢᠭᠤᠷ ᠲᠦᠭᠦᠷᠢᠭ᠂ 5.4% ᠨᠡᠮᠡᠭᠳᠡᠪᠡ︔ ᠭᠠᠶᠢᠯᠢ ᠶᠢᠨ ᠪᠤᠰᠤ ᠤᠷᠤᠯᠭ᠎ᠠ 6.4 | ᠳ᠋ᠦᠩᠰᠢᠭᠤᠷ ᠲᠦᠭᠦᠷᠢᠭ᠂ 11.4% ᠨᠡᠮᠡᠭᠳᠡᠪᠡ᠃ ᠪᠦᠬᠦ ᠵᠢᠯ ᠤᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ | 26.87 ᠳ᠋ᠦᠩᠰᠢᠭᠤᠷ ᠲᠦᠭᠦᠷᠢᠭ᠂ ᠳᠡᠭᠡᠷ᠎ᠡ ᠵᠢᠯ ᠠᠴᠠ 4.96 ᠳ᠋ᠦᠩᠰᠢᠭᠤᠷ ᠲᠦᠭᠦᠷᠢᠭ ᠪᠠᠭᠠᠰᠴᠤ᠂ 15. | 6% ᠳᠤᠷᠤᠭᠰᠢᠯᠠᠪᠠ᠃ ᠡᠭᠦᠨ ᠳᠤ᠂ ᠡᠩ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 2.41 | ᠳ᠋ᠦᠩᠰᠢᠭᠤᠷ ᠲᠦᠭᠦᠷᠢᠭ᠂ 5.6% ᠳᠤᠷᠤᠭᠰᠢᠯᠠᠪᠠ︔ ᠤᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 1. | 72 ᠳ᠋ᠦᠩᠰᠢᠭᠤᠷ ᠲᠦᠭᠦᠷᠢᠭ᠂ 35.7% ᠳᠤᠷᠤᠭᠰᠢᠯᠠᠪᠠ︔ ᠰᠤᠷᠭᠠᠨ ᠬᠦᠮᠦᠵᠢᠯ ᠤᠨ ᠵᠠᠷᠤᠯᠭ᠎ᠠ 7.15 | ᠳ᠋ᠦᠩᠰᠢᠭᠤᠷ ᠲᠦᠭᠦᠷᠢᠭ᠂ 18.2% ᠨᠡᠮᠡᠭᠳᠡᠪᠡ︔ ᠰᠢᠨᠵᠢᠯᠡᠭᠡ ᠮᠡᠷᠭᠡᠵᠢᠯ ᠤᠨ ᠵᠠᠷᠤᠯᠭ᠎ᠠ 0.41 ᠳ᠋ᠦᠩᠰᠢᠭᠤᠷ | ᠲᠦᠭᠦᠷᠢᠭ᠂ 65.7% ᠨᠡᠮᠡᠭᠳᠡᠪᠡ︔ ᠨᠡᠶᠢᠭᠡᠮ ᠤᠨ ᠪᠠᠲᠤᠯᠠᠭ᠎ᠠ ᠪᠤᠯᠤᠨ ᠠᠵᠢᠯ ᠤᠯᠭᠤᠯᠲᠠ ᠶᠢᠨ ᠵᠠᠷᠤᠯᠭ᠎ᠠ 4. | 17 ᠳ᠋ᠦᠩᠰᠢᠭᠤᠷ ᠲᠦᠭᠦᠷᠢᠭ᠂ 8.2% ᠨᠡᠮᠡᠭᠳᠡᠪᠡ︔ ᠡᠮ ᠡᠮᠨᠡᠯᠭᠡ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠲᠦ | ᠦᠷᠡᠵᠢᠯ ᠤᠨ ᠵᠠᠷᠤᠯᠭ᠎ᠠ 1.66 ᠳ᠋ᠦᠩᠰᠢᠭᠤᠷ ᠲᠦᠭᠦᠷᠢᠭ᠂ 6.2% ᠳᠤᠷᠤᠭᠰᠢᠯᠠᠪᠠ︔ ᠬᠤᠲᠠ ᠬᠦᠳᠡᠭᠡ | ᠨᠡᠶᠢᠭᠡᠮ ᠲᠤᠭᠤᠷᠢᠭ ᠤᠨ ᠵᠠᠷᠤᠯᠭ᠎ᠠ 2.31 ᠳ᠋ᠦᠩᠰᠢᠭᠤᠷ ᠲᠦᠭᠦᠷᠢᠭ᠂ 63.7% ᠳᠤᠷᠤᠭᠰᠢᠯᠠᠪᠠ︔ ᠲᠠᠷᠢᠶᠠᠯᠠᠩ | ᠤᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ 1.46 ᠳ᠋ᠦᠩᠰᠢᠭᠤᠷ ᠲᠦᠭᠦᠷᠢᠭ᠂ 17.8% ᠳᠤᠷᠤᠭᠰᠢᠯᠠᠪᠠ | ︔ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 0.23 ᠳ᠋ᠦᠩᠰᠢᠭᠤᠷ ᠲᠦᠭᠦᠷᠢᠭ᠂ 75.1% ᠳᠤᠷᠤᠭᠰᠢᠯᠠᠪᠠ︔ | ᠤᠷᠤᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 3.68 ᠳ᠋ᠦᠩᠰᠢᠭᠤᠷ ᠲᠦᠭᠦᠷᠢᠭ᠂ 109.3% ᠨᠡᠮᠡᠭᠳᠡᠪᠡ᠃ | | ᠬᠤᠶᠠᠷ᠂ ᠲᠠᠷᠢᠶᠠᠯᠠᠩ | ᠲᠠᠷᠢᠶᠠᠯᠠᠩ ᠤᠨ ᠦᠢᠯᠡᠳᠪᠦᠷᠢᠯᠡᠯ ᠶᠡᠷᠦᠩᠬᠡᠢ ᠳᠡᠭᠡᠨ ᠲᠤᠭᠲᠠᠭᠤᠨ᠃ ᠪᠦᠬᠦ ᠲᠤᠭᠤᠷᠢᠭ ᠤᠨ ᠠᠮᠤ | ᠪᠤᠳᠠᠭᠠᠨ ᠤ ᠲᠠᠷᠢᠮᠠᠯ ᠤᠨ ᠪᠣᠶᠢᠵᠢᠭᠤᠯᠬᠤ ᠲᠠᠯᠠᠪᠠᠢ 11504 ᠾᠧᠺᠲ᠋ᠠᠷ᠂ ᠳᠡᠭᠡᠷ᠎ᠡ ᠵᠢᠯ ᠠᠴᠠ 0.4% | ᠳᠤᠷᠤᠭᠰᠢᠯᠠᠪᠠ᠃ ᠠᠵᠤ ᠠᠬᠤᠢ ᠶᠢᠨ ᠲᠠᠷᠢᠮᠠᠯ ᠤᠨ ᠲᠠᠯᠠᠪᠠᠢ 2048 ᠾᠧᠺᠲ᠋ᠠᠷ᠂ 36.5% ᠨᠡᠮᠡᠭᠳᠡᠪᠡ᠃ ᠪᠦᠬᠦ | ᠲᠤᠭᠤᠷᠢᠭ ᠤᠨ ᠠᠮᠤ ᠪᠤᠳᠠᠭᠠᠨ ᠤ ᠭᠠᠷᠤᠯᠲᠠ ᠶᠢᠨ ᠬᠡᠮᠵᠢᠶ᠎ᠡ 5.26 ᠲᠦᠮᠡᠨ ᠲᠤᠨ᠂ 1.5% ᠳᠤᠷᠤᠭᠰᠢᠯᠠᠪᠠ᠃ | ᠡᠭᠦᠨ ᠳᠤ ᠠᠮᠤ ᠪᠤᠳᠠᠭ᠎ᠠ 5.22 ᠲᠦᠮᠡᠨ ᠲᠤᠨ᠂ 1.5% ᠳᠤᠷᠤᠭᠰᠢᠯᠠᠪᠠ︔ ᠪᠤᠷᠴᠠᠭ ᠤᠨ ᠲᠦᠷᠦᠯ 363 | ᠲᠤᠨ᠂ 11.9% ᠳᠤᠷᠤᠭᠰᠢᠯᠠᠪᠠ︔ ᠠᠵᠤ ᠠᠬᠤᠢ ᠶᠢᠨ ᠲᠠᠷᠢᠮᠠᠯ ᠤᠨ ᠭᠠᠷᠤᠯᠲᠠ ᠪᠠᠭ᠎ᠠ ᠨᠡᠮᠡᠭᠳᠡᠯ ᠲᠠᠢ᠂ | ᠡᠭᠦᠨ ᠳᠤ᠂ ᠲᠤᠰᠤᠯᠢᠭ ᠮᠠᠲ᠋ᠧᠷᠢᠶᠠᠯ ᠤᠨ ᠭᠠᠷᠤᠯᠲᠠ ᠶᠢᠨ ᠬᠡᠮᠵᠢᠶ᠎ᠡ 421 ᠲᠤᠨ᠂ 121.6% ᠨᠡᠮᠡᠭᠳᠡᠪᠡ︔ | ᠢᠳᠡᠰᠢᠨ ᠨᠤᠭᠤᠭ᠎ᠠ 14.04 ᠲᠦᠮᠡᠨ ᠲᠤᠨ᠂ 12.9% ᠨᠡᠮᠡᠭᠳᠡᠪᠡ︔ ᠭᠤᠸ᠎ᠠ ᠵᠢᠮᠢᠰ ᠤᠨ ᠲᠦᠷᠦᠯ 835 | ᠲᠤᠨ᠂ 23.3% ᠳᠤᠷᠤᠭᠰᠢᠯᠠᠪᠠ ︵ᠲᠠᠭᠠᠯᠲᠠ ᠬᠦᠰᠦᠨᠦᠭᠲᠦ 1 ᠳᠤ ᠦᠵᠡᠭᠡᠷᠡᠢ︶᠃ | | ᠤᠨᠴᠠᠯᠢᠭᠲᠤ ᠲᠠᠷᠢᠶᠠᠯᠠᠩ ᠦᠷᠭᠦᠯᠵᠢᠯᠡᠨ ᠬᠦᠭᠵᠢᠪᠡ᠃ ᠪᠦᠬᠦ ᠲᠤᠭᠤᠷᠢᠭ ᠤᠨ ᠤᠨᠴᠠᠯᠢᠭᠲᠤ ᠵᠢᠮᠢᠰ | ᠨᠤᠭᠤᠭᠠᠨ ᠤ ᠲᠠᠷᠢᠮᠠᠯ ᠤᠨ ᠲᠠᠯᠠᠪᠠᠢ 219 ᠮᠦ᠂ ᠬᠤᠸᠠᠷ ᠴᠡᠴᠡᠭ᠂ ᠤᠨᠴᠠᠯᠢᠭᠲᠤ ᠵᠢᠮᠢᠰ ᠤᠨ ᠲᠠᠷᠢᠮᠠᠯ ᠤᠨ | ᠲᠠᠯᠠᠪᠠᠢ 1208 ᠮᠦ ᠨᠡᠮᠡᠭᠳᠡᠪᠡ᠃ ᠲᠦᠭᠦᠭᠡᠷᠦᠮᠵᠢᠲᠦ ᠲᠠᠷᠢᠶᠠᠯᠠᠩ 2000 ᠮᠦ ᠨᠡᠮᠡᠭᠳᠡᠵᠦ᠂ ᠡᠭᠦᠨ ᠳᠤ᠂ | ᠬᠦᠯᠡᠮᠵᠢ 1200 ᠮᠦ᠂ ᠰᠦᠯᠢᠶᠤᠤ ᠫᠧᠩ 800 ᠮᠦ᠃ ᠲᠦᠭᠦᠭᠡᠷᠦᠮᠵᠢᠲᠦ ᠲᠠᠷᠢᠶᠠᠯᠠᠩ ᠨᠡᠶᠢᠲᠡ 1.91 | ᠲᠦᠮᠡᠨ ᠮᠦ᠃ ᠰᠢᠯᠢᠳᠡᠭ ᠴᠢᠨᠠᠷ ᠤᠨ ᠠᠮᠤ 2000 ᠮᠦ ᠨᠡᠮᠡᠭᠳᠡᠨ᠂ ᠶᠡᠷᠦᠩᠬᠡᠢ ᠲᠠᠯᠠᠪᠠᠢ ᠨᠢ 1 ᠲᠦᠮᠡᠨ ᠮᠦ | ᠬᠦᠷᠴᠡᠢ᠃ | ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠦᠢᠯᠡᠴᠢᠯᠡᠭᠡᠨ ᠤ ᠴᠢᠳᠠᠮᠵᠢ ᠲᠠᠰᠤᠷᠠᠯᠲᠠ ᠦᠭᠡᠢ | ᠴᠢᠩᠭᠠᠷᠠᠪᠠ᠃ ᠪᠦᠬᠦ ᠵᠢᠯ ᠳᠤ 15 ᠲᠦᠮᠡᠨ ᠮᠦ ᠮᠧᠬᠠᠨᠢᠭ ᠢᠶᠠᠷ ᠲᠠᠷᠢᠪᠠ︔ 15 ᠲᠦᠮᠡᠨ ᠮᠦ ᠮᠧᠬᠠᠨᠢᠭ ᠢᠶᠠᠷ | ᠬᠠᠭᠠᠯᠪᠤᠷᠢᠯᠠᠪᠠ︔ 5 ᠲᠦᠮᠡᠨ ᠮᠦ ᠭᠠᠵᠠᠷ ᠲᠤ ᠮᠧᠬᠠᠨᠢᠭ ᠢᠶᠠᠷ ᠭᠦᠨ ᠳᠠᠪᠬᠤᠷᠭ᠎ᠠ ᠳᠤ ᠪᠤᠷᠳᠤᠭᠤᠷ | ᠤᠷᠤᠭᠤᠯᠬᠤ ᠶᠢ ᠪᠡᠶᠡᠯᠡᠭᠦᠯᠵᠡᠢ︔ 8 ᠲᠦᠮᠡᠨ ᠮᠦ ᠭᠠᠵᠠᠷ ᠲᠤ ᠮᠧᠬᠠᠨᠢᠭ ᠢᠶᠠᠷ ᠴᠦᠭᠡᠨ ᠬᠡᠮᠵᠢᠶᠡᠨ ᠤ ᠰᠢᠯᠢᠳᠡᠭ | ᠦᠷ᠎ᠡ ᠪᠤᠶᠢᠵᠢᠭᠤᠯᠵᠠᠢ︔ 5 ᠲᠦᠮᠡᠨ ᠮᠦ ᠭᠠᠵᠠᠷ ᠲᠤ ᠬᠠᠭᠠᠯᠪᠤᠷᠢᠯᠠᠬᠤ ᠦᠭᠡᠢ ᠪᠠᠷ ᠲᠠᠷᠢᠬᠤ ᠶᠢ ᠪᠡᠶᠡᠯᠡᠭᠦᠯᠵᠡᠢ︔ | 4 ᠲᠦᠮᠡᠨ ᠮᠦ ᠭᠠᠵᠠᠷ ᠲᠤ ᠮᠧᠬᠠᠨᠢᠭ ᠢᠶᠠᠷ ᠭᠦᠨ ᠳᠠᠪᠬᠤᠷᠭ᠎ᠠ ᠶᠢᠨ ᠬᠦᠷᠦᠰᠦ ᠶᠢ ᠰᠤᠯᠠᠷᠠᠭᠤᠯᠵᠠᠢ︔ 2 ᠲᠦᠮᠡᠨ | ᠭᠠᠵᠠᠷ ᠲᠤ ᠡᠰᠢ ᠰᠦᠷᠡᠯ ᠢ ᠲᠠᠷᠢᠶᠠᠨ ᠳᠤ ᠤᠷᠤᠭᠤᠯᠤᠨ ᠪᠤᠷᠳᠤᠭᠤᠷ ᠪᠤᠯᠭᠠᠵᠠᠢ︔ 5 ᠲᠦᠮᠡᠨ ᠮᠦ ᠭᠠᠵᠠᠷ ᠢ | ᠮᠧᠬᠠᠨᠢᠭ ᠢᠶᠠᠷ ᠬᠤᠷᠢᠶᠠᠨ᠂ ᠬᠠᠭᠠᠯᠪᠤᠷᠢᠯᠠᠬᠤ᠂ ᠪᠤᠶᠢᠵᠢᠭᠤᠯᠬᠤ᠂ ᠬᠤᠷᠢᠶᠠᠬᠤ ᠶᠡᠷᠦᠩᠬᠡᠶᠢᠯᠡᠭᠰᠡᠨ | ᠮᠧᠬᠠᠨᠢᠭᠵᠢᠯᠲᠠ ᠶᠢᠨ ᠲᠦᠪᠰᠢᠨ 66.3% ᠳᠤ ᠬᠦᠷᠴᠦ᠂ ᠳᠡᠭᠡᠷ᠎ᠡ ᠵᠢᠯ ᠠᠴᠠ 1.5 ᠵᠠᠭᠤᠨ ᠤ ᠬᠤᠪᠢ ᠶᠢᠨ ᠴᠡᠭ | ᠨᠡᠮᠡᠭᠳᠡᠪᠡ᠃ ᠪᠦᠬᠦ ᠲᠤᠭᠤᠷᠢᠭ ᠤᠨ ᠲᠠᠷᠢᠶᠠᠯᠠᠩ ᠤᠨ ᠮᠠᠰᠢᠨ ᠤ ᠶᠡᠷᠦᠩᠬᠡᠢ ᠬᠦᠳᠡᠯᠭᠡᠭᠴᠢ ᠬᠦᠴᠦ 9.8 ᠲᠦᠮᠡᠨ | ᠺᠢᠯᠤᠸᠠᠲ᠂ ᠳᠡᠭᠡᠷ᠎ᠡ ᠵᠢᠯ ᠠᠴᠠ 2% ᠨᠡᠮᠡᠭᠳᠡᠪᠡ᠃ | ᠲᠠᠷᠢᠶᠠᠯᠠᠩ ᠮᠠᠯ ᠠᠬᠤᠢ ᠠᠬᠤᠢ ᠶᠢᠨ ᠠᠵᠤ ᠦᠢᠯᠡᠰᠵᠢᠭᠰᠡᠨ ᠠᠵᠤ ᠠᠬᠤᠶᠢᠯᠠᠯ ᠤᠨ ᠡᠵᠡᠩᠨᠡᠯᠲᠡ | ᠨᠡᠯᠢᠶᠡᠳ ᠰᠠᠶᠢᠨ᠃ ᠤᠳᠤᠬᠠᠨ ᠳᠤ ᠪᠦᠬᠦ ᠲᠤᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠲᠤᠯᠤᠭᠠᠶᠢᠯᠠᠭᠴᠢ ᠠᠵᠤ | ᠠᠬᠤᠶᠢᠯᠠᠯ 95 ᠪᠠᠶᠢᠵᠤ᠂ 3 ᠬᠤᠲᠠ ᠶᠢᠨ ᠳᠡᠰ ᠤᠨ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ᠂ | 2 ᠦᠪᠡᠷᠲᠡᠭᠡᠨ ᠵᠠᠰᠠᠬᠤ ᠤᠷᠤᠨ ᠤ ᠳᠡᠰ ᠤᠨ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ | ᠰᠢᠨ᠎ᠡ ᠪᠠᠷ ᠨᠡᠮᠡᠭᠳᠡᠵᠦ᠂ ᠪᠦᠬᠦ ᠲᠤᠭᠤᠷᠢᠭ ᠲᠤ 16 ᠬᠤᠲᠠ ᠶᠢᠨ ᠳᠡᠰ ᠤᠨ ᠠᠵᠤ ᠦᠢᠯᠡᠰᠵᠢᠭᠰᠡᠨ | ᠲᠤᠯᠤᠭᠠᠶᠢᠯᠠᠭᠴᠢ ᠠᠵᠤ ᠠᠬᠤᠶᠢᠯᠠᠯ᠂ 19 ᠦᠪᠡᠷᠲᠡᠭᠡᠨ ᠵᠠᠰᠠᠬᠤ ᠤᠷᠤᠨ ᠤ ᠳᠡᠰ ᠤᠨ ᠠᠵᠤ ᠦᠢᠯᠡᠰᠵᠢᠭᠰᠡᠨ | ᠲᠤᠯᠤᠭᠠᠶᠢᠯᠠᠭᠴᠢ ᠠᠵᠤ ᠠᠬᠤᠶᠢᠯᠠᠯ ᠪᠤᠢ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ | ᠲᠤᠯᠤᠭᠠᠶᠢᠯᠠᠭᠴᠢ ᠠᠵᠤ ᠠᠬᠤᠶᠢᠯᠠᠯ ᠤᠨ ᠡᠩᠨᠡᠭᠡ ᠲᠠᠰᠤᠷᠠᠯᠲᠠ ᠦᠭᠡᠢ ᠦᠷᠭᠡᠵᠢᠨ᠂ ᠳᠡᠰ ᠳᠡᠪᠰᠢᠯᠲᠡ ᠶᠢᠨ ᠦᠷ᠎ᠡ | ᠪᠦᠲᠦᠮᠵᠢ ᠢᠯᠡᠷᠬᠡᠢ᠃ | ᠮᠠᠯ ᠠᠵᠤ ᠠᠬᠤᠢ ᠶᠢᠨ ᠦᠢᠯᠡᠳᠪᠦᠷᠢᠯᠡᠯ ᠪᠠᠭ᠎ᠠ ᠪᠠᠭᠤᠷᠠᠯᠲᠠ ᠲᠠᠢ᠃ ᠮᠠᠯᠵᠢᠯ ᠤᠨ ᠤᠯᠠᠷᠢᠯ ︵6 | ᠰᠠᠷ᠎ᠠ ᠶᠢᠨ ᠰᠡᠭᠦᠯᠴᠢ︶ ᠤᠨ ᠵᠤᠭᠰᠤᠭ᠎ᠠ ᠲᠤᠭ᠎ᠠ 6.38 ᠲᠦᠮᠡᠨ ᠲᠤᠯᠤᠭᠠᠢ᠂ ᠳᠡᠭᠡᠷ᠎ᠡ ᠵᠢᠯ ᠠᠴᠠ 5.1% | ᠳᠤᠷᠤᠭᠰᠢᠯᠠᠪᠠ᠃ ᠡᠭᠦᠨ ᠳᠤ ᠪᠤᠳᠠ ᠮᠠᠯ 0.79 ᠲᠦᠮᠡᠨ ᠲᠤᠯᠤᠭᠠᠢ᠂ 20.1% ᠳᠤᠷᠤᠭᠰᠢᠯᠠᠪᠠ︔ ᠬᠤᠨᠢ 3. | 62 ᠲᠦᠮᠡᠨ ᠲᠤᠯᠤᠭᠠᠢ᠂ 7.2% ᠳᠤᠷᠤᠭᠰᠢᠯᠠᠪᠠ︔ ᠭᠠᠭ᠋ᠠᠢ 1.97 ᠲᠦᠮᠡᠨ ᠲᠤᠯᠤᠭᠠᠢ᠂ 7.5% ᠨᠡᠮᠡᠭᠳᠡᠪᠡ | ᠃ ᠪᠦᠬᠦ ᠵᠢᠯ ᠤᠨ ᠮᠢᠬᠠᠨ ᠤ ᠲᠦᠷᠦᠯ ᠤᠨ ᠭᠠᠷᠤᠯᠲᠠ ᠶᠢᠨ ᠶᠡᠷᠦᠩᠬᠡᠢ ᠬᠡᠮᠵᠢᠶ᠎ᠡ 2523 ᠲᠤᠨ᠂ 0.4% | ᠨᠡᠮᠡᠭᠳᠡᠪᠡ᠃ ᠡᠭᠦᠨ ᠳᠤ᠂ ᠭᠠᠭ᠋ᠠᠢ ᠶᠢᠨ ᠮᠢᠬᠠᠨ ᠤ ᠭᠠᠷᠤᠯᠲᠠ ᠶᠢᠨ ᠬᠡᠮᠵᠢᠶ᠎ᠡ 1405 ᠲᠤᠨ᠂ 1.9% ᠨᠡᠮᠡᠭᠳᠡᠪᠡ︔ | ᠦᠬᠡᠷ ᠤᠨ ᠮᠢᠬᠠᠨ ᠤ ᠭᠠᠷᠤᠯᠲᠠ ᠶᠢᠨ ᠬᠡᠮᠵᠢᠶ᠎ᠡ 223 ᠲᠤᠨ᠂ 12.5% ᠳᠤᠷᠤᠭᠰᠢᠯᠠᠪᠠ︔ ᠬᠤᠨᠢᠨ ᠮᠢᠬᠠᠨ ᠤ | ᠭᠠᠷᠤᠯᠲᠠ ᠶᠢᠨ ᠬᠡᠮᠵᠢᠶ᠎ᠡ 225 ᠲᠤᠨ᠂ 12.5% ᠨᠡᠮᠡᠭᠳᠡᠪᠡ︔ ᠵᠢᠭᠦᠷᠲᠡᠨ ᠤ ᠮᠢᠬᠠᠨ ᠤ ᠭᠠᠷᠤᠯᠲᠠ ᠶᠢᠨ | ᠬᠡᠮᠵᠢᠶ᠎ᠡ 588 ᠲᠤᠨ᠂ 5.9% ᠨᠡᠮᠡᠭᠳᠡᠪᠡ︔ ᠦᠨᠢᠶᠡᠨ ᠰᠦᠨ ᠤ ᠭᠠᠷᠤᠯᠲᠠ ᠶᠢᠨ ᠬᠡᠮᠵᠢᠶ᠎ᠡ 5335 ᠲᠤᠨ᠂ | 22.3% ᠳᠤᠷᠤᠭᠰᠢᠯᠠᠪᠠ︔ ᠵᠢᠭᠦᠷᠲᠡᠨ ᠤ ᠦᠨᠳᠡᠭᠡ ᠶᠢᠨ ᠭᠠᠷᠤᠯᠲᠠ ᠶᠢᠨ ᠬᠡᠮᠵᠢᠶ᠎ᠡ 4600 ᠲᠤᠨ᠂ 0.3% | ᠳᠤᠷᠤᠭᠰᠢᠯᠠᠪᠠ ︵ᠳᠠᠭᠠᠯᠲᠠ ᠬᠦᠰᠦᠨᠦᠭᠲᠦ 1 ᠳᠤ ᠦᠵᠡᠭᠡᠷᠡᠢ︶᠃ | | | | ᠤᠢ ᠰᠢᠭᠤᠢ ᠶᠢᠨ ᠦᠢᠯᠡᠳᠪᠦᠷᠢᠯᠡᠯ ᠲᠤᠭᠲᠠᠭᠤᠨ ᠬᠦᠭᠵᠢᠪᠡ᠃ ᠪᠦᠬᠦ ᠵᠢᠯ ᠤᠨ ᠭᠤᠤᠯᠳᠠᠯᠭ᠎ᠠ ᠲᠠᠢ | ᠤᠷᠤᠨ ᠬᠡᠪᠴᠢᠶᠡᠨ ᠤ ᠤᠶᠢᠵᠢᠭᠤᠯᠤᠯᠲᠠ ᠨᠤᠭᠤᠭᠠᠷᠠᠭᠤᠯᠤᠯᠲᠠ ᠶᠢᠨ ᠲᠠᠯᠠᠪᠠᠢ 10153 ᠮᠦ᠂ ᠠᠵᠤ ᠠᠬᠤᠢ ᠶᠢᠨ | ᠤᠢ 1903 ᠮᠦ ᠨᠡᠮᠡᠭᠳᠡᠵᠦ᠂ 2099 ᠮᠦ ᠵᠡᠷᠯᠢᠭ ᠭᠦᠢᠯᠡᠰᠦ ᠶᠢ ᠬᠠᠪᠲᠠᠭᠠᠢ ᠭᠦᠢᠯᠡᠰᠦ᠂ ᠤᠯᠠᠭᠠᠨ ᠭᠦᠢᠯᠡᠰᠦ | ᠲᠠᠢ ᠡᠷᠯᠢᠰᠵᠢᠭᠦᠯᠭᠦ ᠶᠢ ᠪᠠᠶᠠᠯᠠᠭᠦᠯᠪᠠ᠃ ᠤᠢ ᠰᠢᠭᠤᠢ ᠶᠢᠨ ᠪᠦᠷᠬᠦᠴᠡ ᠶᠢᠨ ᠨᠤᠷᠮ᠎ᠠ 29.62%᠃ ᠪᠦᠬᠦ | ᠲᠤᠭᠤᠷᠢᠭ ᠤᠨ ᠬᠤᠷᠤᠬᠠᠢ ᠰᠢᠪᠠᠵᠢ ᠶᠢᠨ ᠡᠭᠦᠰᠬᠡᠭᠰᠡᠨ ᠤᠢ ᠰᠢᠭᠤᠢ ᠶᠢᠨ ᠡᠪᠡᠳᠴᠢᠨ ᠤ ᠬᠢᠨᠠᠨ ᠬᠡᠮᠵᠢᠭᠰᠡᠨ ᠲᠠᠯᠠᠪᠠᠢ | 0.4 ᠲᠦᠮᠡᠨ ᠮᠦ᠂ ᠰᠡᠷᠭᠡᠶᠢᠯᠡᠨ ᠵᠠᠰᠠᠭᠰᠠᠨ ᠨᠤᠷᠮ᠎ᠠ᠂ ᠡᠵᠡᠮᠳᠡᠭᠰᠡᠨ ᠨᠤᠷᠮ᠎ᠠ ᠪᠦᠷ ᠱᠠᠭᠠᠷᠳᠠᠯᠭ᠎ᠠ ᠳᠤ ᠨᠡᠶᠢᠴᠡᠭᠰᠡᠨ | ᠪᠠᠶᠢᠨ᠎ᠠ᠃ | ᠭᠤᠷᠪᠠ᠂ ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ | ᠠᠵᠤ ᠦᠢᠯᠡᠳᠪᠦᠷᠢ ᠶᠢᠨ ᠪᠦᠬᠦᠯᠢ ᠴᠤᠭᠴᠠ ᠶᠢᠨ ᠡᠷᠭᠢᠯᠲᠡ ᠲᠤᠭᠲᠠᠭᠤᠨ᠃ ᠪᠦᠬᠦ ᠵᠢᠯ ᠤᠨ ᠪᠦᠬᠦ ᠠᠵᠤ | ᠦᠢᠯᠡᠳᠪᠦᠷᠢ ᠶᠢᠨ ᠨᠡᠮᠡᠭᠳᠡᠯ ᠦᠷᠲᠡᠭ 120.19 ᠳ᠋ᠦᠩᠰᠢᠭᠤᠷ ᠲᠦᠭᠦᠷᠢᠭ᠂ ᠳᠡᠭᠡᠷ᠎ᠡ ᠵᠢᠯ ᠠᠴᠠ 7.9% | ᠨᠡᠮᠡᠭᠳᠡᠪᠡ᠃ ᠡᠭᠦᠨ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ︵ᠵᠢᠯ ᠤᠨ ᠭᠤᠤᠯ ᠡᠵᠡᠩᠨᠡᠯᠲᠡ ᠶᠢᠨ | ᠤᠷᠤᠯᠭ᠎ᠠ 2000 ᠲᠦᠮᠡᠨ ᠲᠦᠭᠦᠷᠢᠭ ᠠᠴᠠ ᠳᠡᠭᠡᠭᠰᠢ ᠬᠠᠤᠯᠢ ᠶᠢᠨ ᠡᠷᠬᠡᠲᠡᠨ ᠠᠵᠤ ᠦᠢᠯᠡᠳᠪᠦᠷᠢ ᠶᠢᠨ ᠠᠵᠤ | ᠠᠬᠤᠶᠢᠯᠠᠯ︶ ᠶᠢᠨ ᠨᠡᠮᠡᠭᠳᠡᠯ ᠦᠷᠲᠡᠭ 8.2% ᠨᠡᠮᠡᠭᠳᠡᠪᠡ︔ ᠪᠦᠬᠦ ᠵᠢᠯ ᠳᠤ 67 ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠶᠡᠷᠦᠩᠬᠡᠢ ᠦᠢᠯᠡᠳᠪᠦᠷᠢᠯᠡᠯ ᠤᠨ ᠦᠷᠲᠡᠭ 418.02 ᠳ᠋ᠦᠩᠰᠢᠭᠤᠷ ᠲᠦᠭᠦᠷᠢᠭ᠂ | ᠳᠡᠭᠡᠷ᠎ᠡ ᠵᠢᠯ ᠠᠴᠠ 7.7% ᠨᠡᠮᠡᠭᠳᠡᠪᠡ᠃ ᠠᠵᠤ ᠠᠬᠤᠶᠢᠯᠠᠯ ᠤᠨ ᠬᠡᠪᠴᠢᠶ᠎ᠡ ᠪᠠᠷ ᠬᠤᠪᠢᠶᠠᠪᠠᠯ᠂ ᠲᠤᠮᠤ ᠳᠤᠮᠳᠠ | ᠬᠡᠯᠪᠡᠷᠢ ᠶᠢᠨ ᠠᠵᠤ ᠦᠢᠯᠡᠳᠪᠦᠷᠢ 8.1% ᠨᠡᠮᠡᠭᠳᠡᠪᠡ︔ ᠠᠵᠤ ᠠᠬᠤᠶᠢᠯᠠᠯ ᠤᠨ ᠠᠵᠤ ᠠᠬᠤᠢ ᠶᠢᠨ ᠲᠦᠷᠦᠯ | ᠵᠦᠢᠯ ᠢᠶᠠᠷ ᠬᠤᠪᠢᠶᠠᠪᠠᠯ᠂ ᠤᠯᠤᠰ ᠤᠨ ᠦᠮᠴᠢᠯᠡᠯᠲᠦ ᠠᠵᠤ ᠠᠬᠤᠶᠢᠯᠠᠯ 5.2% ᠳᠤᠷᠤᠭᠰᠢᠯᠠᠵᠤ᠂ ᠪᠤᠰᠤᠳ | ᠲᠦᠷᠦᠯ ᠤᠨ ᠠᠵᠤ ᠠᠬᠤᠶᠢᠯᠠᠯ 16.3% ᠳᠤᠷᠤᠭᠰᠢᠯᠠᠪᠠ︔ ᠬᠦᠨᠳᠦ ᠬᠦᠩᠭᠡᠨ ᠠᠵᠤ ᠦᠢᠯᠡᠳᠪᠦᠷᠢ ᠪᠠᠷ | ᠬᠤᠪᠢᠶᠠᠪᠠᠯ᠂ ᠬᠦᠩᠭᠡᠨ ᠠᠵᠤ ᠦᠢᠯᠡᠳᠪᠦᠷᠢ 1.9% ᠨᠡᠮᠡᠭᠳᠡᠵᠦ᠂ ᠬᠦᠨᠳᠦ ᠠᠵᠤ ᠦᠢᠯᠡᠳᠪᠦᠷᠢ 8.5% | ᠨᠡᠮᠡᠭᠳᠡᠪᠡ᠃ ᠭᠤᠤᠯ ᠨᠡᠮᠡᠭᠳᠡᠯ ᠤᠨ ᠡᠯᠧᠮᠧᠨ᠋ᠲ ᠠᠴᠠ ᠦᠵᠡᠪᠡᠯ᠂ ᠭᠤᠤᠯᠳᠠᠯᠭ᠎ᠠ ᠲᠠᠢ ᠠᠵᠤ ᠦᠢᠯᠡᠰ ᠨᠢ ᠠᠵᠤ | ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠳᠠᠶᠢᠴᠢᠯᠠᠨ ᠳᠠᠭᠠᠭᠤᠯᠬᠤ ᠭᠤᠤᠯ ᠬᠦᠴᠦᠨ ᠵᠦᠢᠯ ᠪᠤᠯᠵᠠᠢ᠃ | ᠡᠭᠦᠨ ᠳᠤ᠂ ᠲᠡᠮᠦᠷᠯᠢᠭ ᠪᠤᠯᠪᠠᠰᠤᠷᠠᠭᠤᠯᠬᠤ ᠦᠢᠯᠡᠰ ᠤᠨ ᠦᠢᠯᠡᠳᠪᠦᠷᠢᠯᠡᠯ ᠤᠨ ᠦᠷᠲᠡᠭ 311.83 ᠳ᠋ᠦᠩᠰᠢᠭᠤᠷ | ᠲᠦᠭᠦᠷᠢᠭ᠂ ᠳᠡᠭᠡᠷ᠎ᠡ ᠵᠢᠯ ᠤᠨ ᠬᠢ ᠲᠠᠢ ᠠᠳᠠᠯᠢ ᠨᠡᠮᠡᠭᠳᠡᠯ ᠲᠠᠢ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠶᠡᠷᠦᠩᠬᠡᠢ ᠦᠷᠲᠡᠭ 74.6% ᠶᠢ ᠡᠵᠡᠯᠡᠨ᠎ᠡ᠃ | | ᠠᠵᠤ ᠦᠢᠯᠡᠳᠪᠦᠷᠢ ᠶᠢᠨ ᠪᠦᠲᠦᠭᠡᠭᠳᠡᠭᠦᠨ ᠤ ᠭᠠᠷᠤᠯᠲᠠ ᠪᠤᠷᠤᠯᠠᠭᠤᠯᠭ᠎ᠠ ᠶᠢᠨ ᠵᠤᠯᠭᠠᠯᠲᠠ ᠨᠡᠯᠢᠶᠡᠳ | ᠰᠠᠶᠢᠨ᠃ ᠠᠵᠤ ᠦᠢᠯᠡᠳᠪᠦᠷᠢ ᠶᠢᠨ ᠪᠦᠲᠦᠭᠡᠭᠳᠡᠭᠦᠨ ᠤ ᠭᠠᠷᠤᠯᠲᠠ ᠶᠢᠨ ᠬᠡᠮᠵᠢᠶ᠎ᠡ ᠠᠴᠠ ᠦᠵᠡᠪᠡᠯ᠂ ᠪᠦᠬᠦ | ᠲᠤᠭᠤᠷᠢᠭ ᠤᠨ ᠬᠦᠬᠦᠷ ᠬᠦᠴᠢᠯ ᠤᠨ ᠭᠠᠷᠤᠯᠲᠠ ᠶᠢᠨ ᠬᠡᠮᠵᠢᠶ᠎ᠡ 86.85 ᠲᠦᠮᠡᠨ ᠲᠤᠨ᠂ 1.2% | ᠳᠤᠷᠤᠭᠰᠢᠯᠠᠪᠠ︔ ᠠᠷᠪᠠᠨ ᠲᠦᠷᠦᠯ ᠤᠨ ᠦᠩᠭᠡᠲᠦ ᠲᠡᠮᠦᠷᠯᠢᠭ ᠤᠨ ᠭᠠᠷᠤᠯᠲᠠ 21.86 ᠲᠦᠮᠡᠨ ᠲᠤᠨ᠂ 1. | 2% ᠨᠡᠮᠡᠭᠳᠡᠪᠡ︔ ᠪᠤᠯᠤᠳ ᠮᠠᠲ᠋ᠧᠷᠢᠶᠠᠯ 328.52 ᠲᠦᠮᠡᠨ ᠲᠤᠨ᠂ 2.8% ᠨᠡᠮᠡᠭᠳᠡᠪᠡ᠃ ᠡᠭᠦᠨ ᠳᠤ᠂ | ᠬᠠᠯᠠᠭᠤᠨ ᠢᠶᠠᠷ ᠬᠡᠪᠰᠢᠭᠦᠯᠦᠭᠰᠡᠨ ᠨᠢᠮᠭᠡᠨ ᠮᠥᠷᠲᠡᠭᠡᠨ ᠦᠷᠭᠡᠨ ᠪᠤᠯᠤᠳ ᠳᠤᠭᠤᠶᠢᠯᠠᠪᠤᠷᠢ 241.59 ᠲᠦᠮᠡᠨ ᠲᠤᠨ | ᠂ 281.8% ᠨᠡᠮᠡᠭᠳᠡᠪᠡ᠃ ᠪᠤᠰᠤᠳ ᠭᠤᠤᠯ ᠠᠵᠤ ᠦᠢᠯᠡᠳᠪᠦᠷᠢ ᠶᠢᠨ ᠪᠦᠲᠦᠭᠡᠭᠳᠡᠭᠦᠨ ᠤ ᠭᠠᠷᠤᠯᠲᠠ ᠶᠢᠨ | ᠬᠡᠮᠵᠢᠶ᠎ᠡ ᠪᠦᠷ ᠠᠳᠠᠯᠢ ᠪᠤᠰᠤ ᠬᠡᠮᠵᠢᠶᠡᠨ ᠤ ᠨᠡᠮᠡᠭᠳᠡᠯ ᠪᠠ ᠬᠤᠷᠤᠭᠳᠠᠯ ᠲᠠᠢ᠃ ᠪᠦᠬᠦ ᠵᠢᠯ ᠤᠨ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠦᠲᠦᠭᠡᠭᠳᠡᠭᠦᠨ ᠤ ᠪᠤᠷᠤᠯᠠᠭᠤᠯᠭ᠎ᠠ ᠶᠢᠨ ᠨᠤᠷᠮ᠎ᠠ 99. | 2%᠂ ᠳᠡᠭᠡᠷ᠎ᠡ ᠵᠢᠯ ᠠᠴᠠ 0.3 ᠵᠠᠭᠤᠨ ᠤ ᠬᠤᠪᠢ ᠶᠢᠨ ᠴᠡᠭ ᠳᠤᠷᠤᠭᠰᠢᠯᠠᠪᠠ ︵ᠳᠠᠭᠠᠯᠲᠠ ᠬᠦᠰᠦᠨᠦᠭᠲᠦ 2 ᠳᠤ | ᠦᠵᠡᠭᠡᠷᠡᠢ︶᠃ | | | | ᠠᠵᠤ ᠠᠬᠤᠶᠢᠯᠠᠯ ᠤᠨ ᠦᠷ᠎ᠡ ᠠᠰᠢᠭ ᠢᠯᠡᠷᠬᠡᠢ ᠰᠠᠶᠢᠵᠢᠷᠠᠪᠠ᠃ ᠪᠦᠬᠦ ᠵᠢᠯ ᠤᠨ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠤᠯ ᠡᠵᠡᠩᠨᠡᠯᠲᠡ ᠶᠢᠨ ᠤᠷᠤᠯᠭ᠎ᠠ 411.2 | ᠳ᠋ᠦᠩᠰᠢᠭᠤᠷ ᠲᠦᠭᠦᠷᠢᠭ ᠬᠦᠷᠴᠦ᠂ 7.9% ᠨᠡᠮᠡᠭᠳᠡᠪᠡ︔ ᠭᠤᠤᠯ ᠡᠵᠡᠩᠨᠡᠯᠲᠡ ᠶᠢᠨ ᠦᠷᠲᠡᠭ 383.92 | ᠳ᠋ᠦᠩᠰᠢᠭᠤᠷ ᠲᠦᠭᠦᠷᠢᠭ᠂ 4.8% ᠨᠡᠮᠡᠭᠳᠡᠪᠡ︔ ᠠᠰᠢᠭ ᠤᠷᠤᠯᠭ᠎ᠠ 15.42 ᠳ᠋ᠦᠩᠰᠢᠭᠤᠷ ᠲᠦᠭᠦᠷᠢᠭ᠂ 5.4 | ᠲᠠᠬᠢᠨ ᠨᠡᠮᠡᠭᠳᠡᠪᠡ︔ 5 ᠪᠡᠯᠡ ᠠᠯᠳᠠᠭᠰᠠᠨ ᠠᠵᠤ ᠠᠬᠤᠶᠢᠯᠠᠯ ᠪᠠᠶᠢᠵᠤ᠂ 0.99 ᠳ᠋ᠦᠩᠰᠢᠭᠤᠷ ᠲᠦᠭᠦᠷᠢᠭ | ᠬᠤᠬᠢᠷᠠᠵᠤ᠂ ᠳᠡᠭᠡᠷ᠎ᠡ ᠵᠢᠯ ᠠᠴᠠ 82.7% ᠳᠤᠷᠤᠭᠰᠢᠯᠠᠪᠠ᠃ | ᠪᠠᠷᠢᠯᠭ᠎ᠠ ᠶᠢᠨ ᠦᠢᠯᠡᠰ ᠦᠨᠳᠦᠰᠦᠨ ᠳᠡᠭᠡᠨ ᠲᠤᠭᠲᠠᠭᠤᠨ᠃ ᠪᠦᠬᠦ ᠵᠢᠯ ᠤᠨ ᠪᠠᠷᠢᠯᠭ᠎ᠠ ᠶᠢᠨ ᠦᠢᠯᠡᠰ ᠤᠨ | ᠨᠡᠮᠡᠭᠳᠡᠯ ᠦᠷᠲᠡᠭ 18.74 ᠳ᠋ᠦᠩᠰᠢᠭᠤᠷ ᠲᠦᠭᠦᠷᠢᠭ᠂ ᠳᠡᠭᠡᠷ᠎ᠡ ᠵᠢᠯ ᠠᠴᠠ 7.5% ᠨᠡᠮᠡᠭᠳᠡᠵᠦ᠂ GDP ᠤᠨ | ᠶᠡᠷᠦᠩᠬᠡᠢ ᠬᠡᠮᠵᠢᠶᠡᠨ ᠤ 5.7% ᠶᠢ ᠡᠵᠡᠯᠡᠨ᠎ᠡ᠃ ᠪᠦᠬᠦ ᠲᠤᠭᠤᠷᠢᠭ ᠲᠤ 26 ᠬᠢᠷᠢ ᠬᠡᠮ ᠠᠴᠠ ᠳᠡᠭᠡᠭᠰᠢᠬᠢ | ᠪᠠᠷᠢᠯᠭ᠎ᠠ ᠶᠢᠨ ᠠᠵᠤ ᠠᠬᠤᠶᠢᠯᠠᠯ ᠪᠠᠶᠢᠵᠤ᠂ ᠠᠰᠢᠭ ᠤᠷᠤᠯᠭ᠎ᠠ 2.14 ᠳ᠋ᠦᠩᠰᠢᠭᠤᠷ ᠲᠦᠭᠦᠷᠢᠭ ᠬᠦᠷᠴᠦ᠂ 33. | 2% ᠳᠤᠷᠤᠭᠰᠢᠯᠠᠪᠠ︔ ᠭᠠᠶᠢᠯᠢ ᠶᠢᠨ ᠮᠦᠩᠭᠦ 0.99 ᠳ᠋ᠦᠩᠰᠢᠭᠤᠷ ᠲᠦᠭᠦᠷᠢᠭ᠂ 13.7% ᠳᠤᠷᠤᠭᠰᠢᠯᠠᠪᠠ᠃ | | | ᠳᠦᠷᠪᠡ᠂ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ | ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠲᠤᠭᠲᠠᠭᠤᠨ ᠨᠡᠮᠡᠭᠳᠡᠪᠡ᠃ ᠪᠦᠬᠦ ᠵᠢᠯ ᠳᠤ 500 | ᠲᠦᠮᠡᠨ ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠤᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ | 175.67 ᠳ᠋ᠦᠩᠰᠢᠭᠤᠷ ᠲᠦᠭᠦᠷᠢᠭ ᠬᠦᠷᠴᠦ᠂ ᠳᠡᠭᠡᠷ᠎ᠡ ᠵᠢᠯ ᠠᠴᠠ 15.0% ᠨᠡᠮᠡᠭᠳᠡᠪᠡ᠃ ᠠᠵᠤ ᠠᠬᠤᠢ ᠶᠢᠨ | ᠲᠦᠷᠦᠯ ᠵᠦᠢᠯ ᠢᠶᠠᠷ ᠬᠤᠪᠢᠶᠠᠪᠠᠯ᠂ ᠤᠯᠤᠰ ᠤᠨ ᠦᠮᠴᠢᠯᠡᠯᠲᠦ ᠠᠵᠤ ᠠᠬᠤᠢ ᠶᠢᠨ ᠨᠢᠭᠡᠴᠡ ᠶᠢᠨ ᠪᠡᠯᠡ | ᠤᠷᠤᠭᠤᠯᠤᠯᠲᠠ 50.35 ᠳ᠋ᠦᠩᠰᠢᠭᠤᠷ ᠲᠦᠭᠦᠷᠢᠭ᠂ 40.0% ᠨᠡᠮᠡᠭᠳᠡᠪᠡ︔ ᠬᠢᠵᠠᠭᠠᠷᠲᠤ ᠬᠠᠷᠢᠭᠤᠴᠠᠯᠭᠠᠲᠤ | ᠺᠤᠮᠫᠠᠨᠢ ᠶᠢᠨ ᠪᠡᠯᠡ ᠤᠷᠤᠭᠤᠯᠤᠯᠲᠠ 25.45 ᠳ᠋ᠦᠩᠰᠢᠭᠤᠷ ᠲᠦᠭᠦᠷᠢᠭ᠂ 71.6% ᠳᠤᠷᠤᠭᠰᠢᠯᠠᠪᠠ᠃ | ᠪᠡᠯᠡ ᠤᠷᠤᠭᠤᠯᠤᠯᠲᠠ ᠶᠢᠨ ᠪᠦᠲᠦᠴᠠ ᠦᠷᠭᠦᠯᠵᠢᠯᠡᠨ ᠰᠠᠶᠢᠵᠢᠷᠠᠪᠠ᠃ ᠠᠵᠤ ᠦᠢᠯᠡᠰ ᠤᠨ ᠪᠡᠯᠡ | ᠤᠷᠤᠭᠤᠯᠤᠯᠲᠠ ᠶᠢᠨ ᠪᠦᠲᠦᠴᠡ ᠠᠴᠠ ᠦᠵᠡᠪᠡᠯ᠂ ᠭᠤᠷᠪᠠᠨ ᠠᠵᠤ ᠦᠢᠯᠡᠰ ᠲᠤᠰᠪᠤᠷᠢ 0.3᠂ 43.78 ᠪᠠ | 131.58 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠲᠤᠰᠪᠤᠷᠢ ᠲᠤᠭᠲᠠᠮᠠᠯ ᠬᠦᠷᠦᠩᠭᠡ ᠶᠢᠨ ᠪᠡᠯᠡ | ᠤᠷᠤᠭᠤᠯᠤᠯᠲᠠ ᠶᠢᠨ 0.2%᠂ 24.9% ᠪᠠ 74.9% ᠶᠢ ᠡᠵᠡᠯᠡᠨ᠎ᠡ᠃ ᠨᠢᠭᠡᠳᠦᠭᠡᠷ ᠠᠵᠤ ᠦᠢᠯᠡᠰ ᠤᠨ | ᠡᠵᠡᠯᠡᠬᠦ ᠬᠠᠷᠢᠴᠠᠯ ᠳᠡᠭᠡᠷ᠎ᠡ ᠵᠢᠯ ᠤᠨ ᠬᠢ ᠠᠴᠠ 0.2 ᠵᠠᠭᠤᠨ ᠤ ᠬᠤᠪᠢ ᠶᠢᠨ ᠴᠡᠭ ᠳᠤᠷᠤᠭᠰᠢᠯᠠᠵᠤ᠂ ᠬᠤᠶᠠᠳᠤᠭᠠᠷ | ᠠᠵᠤ ᠦᠢᠯᠡᠰ ᠤᠨ ᠡᠵᠡᠯᠡᠬᠦ ᠬᠠᠷᠢᠴᠠᠯ ᠠᠳᠠᠯᠢ ᠬᠤᠭᠤᠴᠠᠭᠠᠨ ᠠᠴᠠ 10.4 ᠵᠠᠭᠤᠨ ᠤ ᠬᠤᠪᠢ ᠶᠢᠨ ᠴᠡᠭ | ᠳᠤᠷᠤᠭᠰᠢᠯᠠᠨ᠂ ᠭᠤᠷᠪᠠᠳᠤᠭᠠᠷ ᠠᠵᠤ ᠦᠢᠯᠡᠰ ᠠᠳᠠᠯᠢ ᠬᠤᠭᠤᠴᠠᠭᠠᠨ ᠠᠴᠠ 10.5 ᠵᠠᠭᠤᠨ ᠤ ᠬᠤᠪᠢ ᠶᠢᠨ ᠴᠡᠭ | ᠨᠡᠮᠡᠭᠳᠡᠪᠡ᠃ ᠠᠵᠤ ᠦᠢᠯᠡᠰ ᠤᠨ ᠪᠡᠯᠡ ᠤᠷᠤᠭᠤᠯᠤᠯᠲᠠ ᠠᠴᠠ ᠦᠵᠡᠪᠡᠯ᠂ ᠠᠵᠤ ᠦᠢᠯᠡᠳᠪᠦᠷᠢ ᠶᠢᠨ ᠪᠡᠯᠡ | ᠤᠷᠤᠭᠤᠯᠤᠯᠲᠠ 43.78 ᠳ᠋ᠦᠩᠰᠢᠭᠤᠷ ᠲᠦᠭᠦᠷᠢᠭ ᠬᠦᠷᠴᠦ᠂ 18.7% ᠳᠤᠷᠤᠭᠰᠢᠯᠠᠨ᠂ ᠲᠤᠭᠲᠠᠮᠠᠯ | ᠬᠦᠷᠦᠩᠭᠡ ᠶᠢᠨ ᠪᠡᠯᠡ ᠤᠷᠤᠭᠤᠯᠤᠯᠲᠠ ᠶᠢᠨ 24.9% ᠶᠢ ᠡᠵᠡᠯᠡᠵᠦ᠂ ᠡᠵᠡᠯᠡᠬᠦ ᠬᠠᠷᠢᠴᠠᠯ ᠨᠢ ᠠᠳᠠᠯᠢ | ᠬᠤᠭᠤᠴᠠᠭᠠᠨ ᠤ ᠬᠢ ᠠᠴᠠ 10.4 ᠵᠠᠭᠤᠨ ᠤ ᠬᠤᠪᠢ ᠶᠢᠨ ᠴᠡᠭ ᠳᠤᠷᠤᠭᠰᠢᠯᠠᠪᠠ᠃ ᠭᠤᠷᠪᠠᠳᠤᠭᠠᠷ ᠠᠵᠤ | ᠦᠢᠯᠡᠰ ᠤᠨ ᠪᠡᠯᠡ ᠤᠷᠤᠭᠤᠯᠤᠯᠲᠠ ᠶᠢᠨ ᠨᠡᠮᠡᠭᠳᠡᠯ ᠬᠠᠷᠢᠴᠠᠩᠭᠤᠢ ᠲᠦᠷᠭᠡᠨ᠂ ᠡᠭᠦᠨ ᠳᠤ ᠪᠦᠭᠡᠮ ᠢᠶᠠᠷ | ᠪᠤᠷᠤᠯᠠᠭᠤᠯᠬᠤ ᠪᠤᠯᠤᠨ ᠬᠡᠰᠡᠭᠯᠡᠨ ᠪᠤᠷᠤᠯᠠᠭᠤᠯᠬᠤ ᠦᠢᠯᠡᠰ᠂ ᠭᠡᠷ ᠬᠦᠷᠦᠩᠭᠡ ᠶᠢᠨ ᠦᠢᠯᠡᠰ᠂ ᠳᠦᠷᠢᠶᠡᠰᠦᠯᠡᠭᠦᠯᠬᠦ | ᠪᠤᠯᠤᠨ ᠠᠷᠠᠯᠵᠢᠶᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠤᠯᠠᠨ ᠨᠡᠶᠢᠲᠡ ᠶᠢᠨ ᠬᠠᠮᠢᠶᠠᠷᠤᠯᠲᠠ ᠶᠢᠨ | ᠦᠢᠯᠡᠰ᠂ ᠨᠡᠶᠢᠭᠡᠮ ᠤᠨ ᠪᠠᠲᠤᠯᠠᠭ᠎ᠠ ᠪᠤᠯᠤᠨ ᠨᠡᠶᠢᠭᠡᠮ ᠤᠨ ᠵᠤᠬᠢᠶᠠᠨ ᠪᠠᠶᠢᠭᠤᠯᠤᠯᠲᠠ ᠵᠡᠷᠭᠡ ᠠᠵᠤ ᠦᠢᠯᠡᠰ | ᠤᠨᠴᠠᠭᠠᠢ ᠳᠤᠪᠤᠶᠢᠮ᠎ᠠ᠂ ᠲᠤᠰᠪᠤᠷᠢ ᠳᠡᠭᠡᠷ᠎ᠡ ᠵᠢᠯ ᠠᠴᠠ 92.2%᠂ 86.9%᠂ 209.2% ᠪᠤᠯᠤᠨ 116. | 5%᠃ | ᠭᠡᠷ ᠬᠦᠷᠦᠩᠭᠡ ᠶᠢᠨ ᠵᠠᠬ᠎ᠠ ᠳᠡᠯᠭᠡᠭᠦᠷ ᠤᠨ ᠪᠡᠯᠡ ᠤᠷᠤᠭᠤᠯᠤᠯᠲᠠ ᠲᠦᠷᠭᠡᠨ ᠨᠡᠮᠡᠭᠳᠡᠪᠡ᠃ ᠪᠦᠬᠦ ᠵᠢᠯ ᠤᠨ | ᠭᠡᠷ ᠬᠦᠷᠦᠩᠭᠡ ᠶᠢᠨ ᠦᠢᠯᠡᠰ ᠤᠨ ᠨᠡᠭᠡᠭᠡᠯᠲᠡ ᠶᠢᠨ ᠪᠡᠯᠡ ᠤᠷᠤᠭᠤᠯᠤᠯᠲᠠ 48.14 ᠳ᠋ᠦᠩᠰᠢᠭᠤᠷ ᠲᠦᠭᠦᠷᠢᠭ᠂ | ᠳᠡᠭᠡᠷ᠎ᠡ ᠵᠢᠯ ᠠᠴᠠ 86.9% ᠨᠡᠮᠡᠭᠳᠡᠪᠡ᠃ ᠲᠠᠸᠠᠷ ᠤᠨ ᠭᠡᠷ ᠬᠦᠷᠦᠩᠭᠡ ᠶᠢᠨ ᠪᠦᠲᠦᠭᠡᠨ ᠪᠠᠶᠢᠭᠤᠯᠤᠯᠲᠠ ᠶᠢᠨ | ᠬᠡᠷᠡᠭᠴᠡᠭᠡ ᠠᠴᠠ ᠦᠵᠡᠪᠡᠯ᠂ ᠤᠷᠤᠨ ᠰᠠᠭᠤᠴᠠ ᠶᠢᠨ ᠪᠡᠯᠡ ᠤᠷᠤᠭᠤᠯᠤᠯᠲᠠ 40.81 ᠳ᠋ᠦᠩᠰᠢᠭᠤᠷ ᠲᠦᠭᠦᠷᠢᠭ᠂ | 138.7% ᠨᠡᠮᠡᠭᠳᠡᠪᠡ︔ ᠬᠤᠳᠠᠯᠳᠤᠭᠠᠨ ᠤ ᠦᠢᠯᠡᠰ ᠤᠨ ᠡᠵᠡᠩᠨᠡᠯᠲᠡ ᠳᠤ ᠬᠡᠷᠡᠭᠯᠡᠬᠦ ᠭᠡᠷ ᠬᠦᠷᠦᠩᠭᠡ ᠶᠢᠨ ᠪᠡᠯᠡ | ᠤᠷᠤᠭᠤᠯᠤᠯᠲᠠ 0.32 ᠳ᠋ᠦᠩᠰᠢᠭᠤᠷ ᠲᠦᠭᠦᠷᠢᠭ᠂ 57.3% ᠳᠤᠷᠤᠭᠰᠢᠯᠠᠪᠠ᠃ ᠪᠦᠬᠦ ᠵᠢᠯ ᠳᠤ ᠪᠦᠲᠦᠭᠡᠨ | ᠪᠠᠶᠢᠭᠤᠯᠤᠭᠰᠠᠨ ᠭᠡᠷ ᠪᠠᠷᠢᠯᠭ᠎ᠠ ᠶᠢᠨ ᠲᠠᠯᠠᠪᠠᠢ 199.92 ᠲᠦᠮᠡᠨ ᠲᠡᠭᠰᠢ ᠳᠦᠷᠪᠡᠯᠵᠢᠨ ᠮᠧᠲᠷ᠂ ᠡᠭᠦᠨ ᠳᠤ | ᠤᠷᠤᠨ ᠰᠠᠭᠤᠴᠠ 140.81 ᠲᠦᠮᠡᠨ ᠲᠡᠭᠰᠢ ᠳᠦᠷᠪᠡᠯᠵᠢᠨ ᠮᠧᠲᠷ᠂ ᠬᠤᠳᠠᠯᠳᠤᠭᠠᠨ ᠤ ᠦᠢᠯᠡᠰ ᠤᠨ | ᠡᠵᠡᠩᠨᠡᠯᠲᠡ ᠳᠤ ᠬᠡᠷᠡᠭᠯᠡᠬᠦ ᠭᠡᠷ ᠪᠠᠷᠢᠯᠭ᠎ᠠ 29.59 ᠲᠦᠮᠡᠨ ᠲᠡᠭᠰᠢ ᠳᠦᠷᠪᠡᠯᠵᠢᠨ ᠮᠧᠲᠷ᠃ | ᠲᠠᠪᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠪᠤᠯᠤᠨ ᠵᠤᠭᠠᠴᠠᠯ ᠤᠨ ᠦᠢᠯᠡᠰ | ᠵᠠᠮ ᠬᠠᠷᠢᠯᠴᠠᠭ᠎ᠠ ᠲᠡᠭᠡᠭᠡᠪᠦᠷᠢ ᠲᠤᠭᠲᠠᠭᠤᠨ ᠬᠦᠭᠵᠢᠪᠡ᠃ ᠵᠢᠯ ᠤᠨ ᠡᠴᠦᠰ ᠤᠨ ᠪᠦᠬᠦ ᠲᠤᠭᠤᠷᠢᠭ ᠤᠨ | ᠵᠠᠰᠠᠮᠠᠯ ᠵᠠᠮ ᠤᠨ ᠪᠦᠬᠦ ᠤᠷᠲᠤ 524.05 ᠺᠢᠯᠤᠮᠧᠲᠷ᠂ ᠡᠭᠦᠨ ᠳᠤ ᠤᠯᠤᠰ ᠤᠨ ᠵᠠᠮ 34.41 ᠺᠢᠯᠤᠮᠧᠲᠷ᠂ | ᠮᠤᠵᠢ ᠶᠢᠨ ᠵᠠᠮ 15.16 ᠺᠢᠯᠤᠮᠧᠲᠷ᠂ ᠰᠢᠶᠠᠨ ᠤ ᠵᠠᠮ 152.05 ᠺᠢᠯᠤᠮᠧᠲᠷ᠂ ᠰᠢᠶᠠᠩ ᠤᠨ ᠵᠠᠮ 155.17 | ᠺᠢᠯᠤᠮᠧᠲᠷ᠂ ᠲᠤᠰᠬᠤᠨ ᠤ ᠵᠠᠮ 167.26 ᠺᠢᠯᠤᠮᠧᠲᠷ᠃ ᠪᠦᠬᠦ ᠵᠢᠯ ᠤᠨ ᠵᠠᠰᠠᠮᠠᠯ ᠵᠠᠮ ᠤᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ 623 ᠲᠦᠮᠡᠨ ᠲᠤᠨ ᠬᠦᠷᠴᠦ᠂ 1.8% ᠨᠡᠮᠡᠭᠳᠡᠪᠡ︔ ᠪᠠᠷᠠᠭᠠᠨ ᠤ ᠲᠡᠭᠡᠭᠡᠪᠦᠷᠢ ᠶᠢᠨ | ᠡᠷᠭᠢᠯᠲᠡ ᠶᠢᠨ ᠬᠡᠮᠵᠢᠶ᠎ᠡ ᠺᠢᠯᠤᠮᠧᠲᠷ ᠪᠦᠷᠢ 83697 ᠲᠦᠮᠡᠨ ᠲᠤᠨ᠂ 3% ᠨᠡᠮᠡᠭᠳᠡᠪᠡ᠃ ᠵᠠᠰᠠᠮᠠᠯ ᠵᠠᠮ ᠤᠨ | ᠠᠶᠠᠨᠴᠢᠨ ᠤ ᠲᠡᠭᠡᠭᠡᠪᠦᠷᠢ ᠶᠢᠨ ᠬᠡᠮᠵᠢᠶ᠎ᠡ 88.7 ᠲᠦᠮᠡᠨ ᠬᠦᠮᠦᠨ ᠤᠳᠠᠭ᠎ᠠ ᠬᠦᠷᠴᠦ᠂ 37.5% ᠪᠠᠭᠠᠰᠪᠠ︔ | ᠠᠶᠠᠨᠴᠢᠨ ᠤ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ ᠺᠢᠯᠤᠮᠧᠲᠷ ᠪᠦᠷᠢ 3992.8 ᠲᠦᠮᠡᠨ ᠬᠦᠮᠦᠨ ᠬᠦᠷᠴᠦ᠂ | 37.5% ᠪᠠᠭᠠᠰᠪᠠ᠃ | ᠵᠤᠭᠠᠴᠠᠯ ᠤᠨ ᠦᠢᠯᠡᠰ ᠨᠡᠯᠢᠶᠡᠳ ᠲᠦᠷᠭᠡᠨ ᠨᠡᠮᠡᠭᠳᠡᠪᠡ᠃ 2016 ᠤᠨ ᠪᠤᠯ ᠪᠦᠬᠦ ᠲᠤᠭᠤᠷᠢᠭ ᠤᠨ | ᠵᠤᠭᠠᠴᠠᠯ ᠤᠨ ᠦᠢᠯᠡᠰ ᠤᠷᠤᠨ ᠬᠡᠪᠴᠢᠶᠡᠵᠢᠭᠰᠡᠨ ᠬᠦᠭᠵᠢᠯᠲᠡ᠂ ᠵᠤᠭᠠᠴᠠᠯ +᠂ ᠵᠤᠭᠠᠴᠠᠯ ᠤᠨ ᠦᠢᠯᠡᠰ ᠤᠨ | ᠬᠠᠩᠭᠠᠯᠭ᠎ᠠ ᠶᠢᠨ ᠲᠠᠯ᠎ᠠ ᠶᠢᠨ ᠬᠡᠯᠪᠡᠶᠢᠭᠦᠦ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠡᠬᠢᠯᠡᠯᠲᠡ ᠶᠢᠨ ᠤᠨ | ᠪᠠᠶᠢᠵᠤ᠂ ᠵᠤᠭᠠᠴᠠᠯ ᠤᠨ ᠦᠢᠯᠡᠰ ᠤᠨ ᠬᠦᠭᠵᠢᠯᠲᠡ ᠶᠢᠨ ᠬᠠᠨᠳᠤᠰᠢ ᠨᠡᠯᠢᠶᠡᠳ ᠰᠠᠶᠢᠨ᠃ ᠪᠦᠬᠦ ᠲᠤᠭᠤᠷᠢᠭ ᠲᠤ | ᠨᠡᠶᠢᠲᠡ 7 ᠤᠳᠤᠨ ᠳᠡᠰ ᠤᠨ ᠪᠠᠭᠤᠳᠠᠯ᠂ 36 ᠵᠢᠭᠤᠯᠴᠢᠨ ᠳᠤ ᠦᠢᠯᠡᠴᠢᠯᠡᠬᠦ ᠭᠠᠵᠠᠷ᠂ ᠨᠡᠶᠢᠲᠡ 5 ᠵᠤᠭᠠᠴᠠᠯ ᠤᠨ | ᠦᠵᠡᠮᠵᠢ ᠶᠢᠨ ᠤᠷᠤᠨ ᠪᠠᠶᠢᠵᠤ᠂ ᠡᠭᠦᠨ ᠳᠤ ᠨᠢᠭᠡ 3A ᠳᠡᠰ ᠤᠨ ᠦᠵᠡᠮᠵᠢ ᠶᠢᠨ ᠤᠷᠤᠨ᠂ ᠭᠤᠷᠪᠠᠨ 2A | ᠳᠡᠰ ᠤᠨ ᠦᠵᠡᠮᠵᠢ ᠶᠢᠨ ᠤᠷᠤᠨ ᠪᠠᠶᠢᠵᠤ᠂ ᠨᠢᠭᠡ ᠪᠦᠬᠦ ᠤᠯᠤᠰ ᠤᠨ ᠠᠵᠤ ᠦᠢᠯᠡᠳᠪᠦᠷᠢ ᠶᠢᠨ ᠵᠤᠭᠠᠴᠠᠯ ᠤᠨ | ᠵᠢᠱᠢᠶ᠎ᠡ ᠦᠵᠡᠭᠦᠯᠬᠦ ᠴᠡᠭ ᠪᠤᠢ᠃ ᠪᠦᠬᠦ ᠲᠤᠭᠤᠷᠢᠭ ᠲᠤ 90 ᠬᠦᠳᠡᠭᠡ ᠲᠤᠰᠬᠤᠨ ᠤ ᠬᠦᠯᠢᠶᠡᠨ ᠵᠤᠴᠢᠯᠠᠬᠤ ᠭᠠᠵᠠᠷ | ᠂ 50 ᠲᠠᠷᠢᠶᠠᠴᠢᠨ ᠠᠶᠢᠯ ᠤᠨ ᠵᠤᠭᠠᠴᠠᠯ ᠢ ᠳᠠᠩᠰᠠᠯᠠᠵᠤ᠂ 5 ᠲᠡᠭᠦᠵᠦ ᠴᠤᠭᠯᠠᠭᠤᠯᠬᠤ ᠬᠦᠷᠢᠶᠡᠯᠡᠩ ᠪᠠᠶᠢᠵᠤ᠂ | ᠡᠭᠦᠨ ᠳᠤ᠂ 1 ᠦᠪᠡᠷᠲᠡᠭᠡᠨ ᠵᠠᠰᠠᠬᠤ ᠤᠷᠤᠨ ᠤ ᠳᠦᠷᠪᠡᠨ ᠤᠳᠤᠨ ᠳᠡᠰ ᠤᠨ ᠬᠦᠳᠡᠭᠡ ᠲᠤᠰᠬᠤᠨ ᠤ | ᠵᠤᠭᠠᠴᠠᠯ ᠤᠨ ᠵᠢᠱᠢᠶ᠎ᠡ ᠦᠵᠡᠭᠦᠯᠬᠦ ᠴᠡᠭ᠂ 1 ᠦᠪᠡᠷᠲᠡᠭᠡᠨ ᠵᠠᠰᠠᠬᠤ ᠤᠷᠤᠨ ᠤ 3 ᠤᠳᠤᠨ ᠳᠡᠰ ᠤᠨ ᠬᠦᠳᠡᠭᠡ | ᠲᠤᠰᠬᠤᠨ ᠤ ᠵᠤᠭᠠᠴᠠᠯ ᠤᠨ ᠬᠦᠯᠢᠶᠡᠨ ᠵᠣᠴᠢᠯᠠᠬᠤ ᠭᠠᠵᠠᠷ᠂ 4 ᠬᠤᠲᠠ ᠶᠢᠨ ᠳᠡᠰ ᠤᠨ ᠰᠡᠯᠡᠭᠦᠴᠡᠯ ᠲᠠᠷᠢᠶᠠᠯᠠᠩ ᠮᠠᠯ | ᠠᠵᠤ ᠠᠬᠤᠢ ᠪᠤᠯᠤᠨ ᠬᠦᠳᠡᠭᠡ ᠲᠤᠰᠬᠤᠨ ᠮᠠᠯᠵᠢᠬᠤ ᠤᠷᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠴᠡᠭ ᠪᠤᠢ᠂ | 19 ᠪᠠᠶᠢᠭᠤᠯᠵᠤ ᠪᠠᠶᠢᠭ᠎ᠠ ᠪᠠ ᠲᠦᠯᠦᠪᠵᠢᠭᠦᠯᠦᠨ ᠪᠠᠶᠢᠭᠤᠯᠵᠤ ᠪᠠᠶᠢᠭ᠎ᠠ ᠵᠤᠭᠠᠴᠠᠯ ᠤᠨ ᠲᠦᠷᠦᠯ ᠵᠦᠢᠯ ᠪᠠᠶᠢᠵᠤ᠂ | 5 ᠨᠢ ᠨᠢᠭᠡᠨᠲᠡ ᠬᠡᠰᠡᠭ ᠲᠠᠯ᠎ᠠ ᠪᠠᠷ ᠡᠵᠡᠩᠨᠡᠯᠲᠡ ᠬᠢᠵᠡᠢ᠃ ᠪᠦᠬᠦ ᠵᠢᠯ ᠤᠨ ᠵᠤᠭᠠᠴᠠᠭᠰᠠᠳ 243.3 ᠲᠦᠮᠡᠨ | ᠬᠦᠮᠦᠨ ᠤᠳᠠᠭ᠎ᠠ᠂ ᠵᠤᠭᠠᠴᠠᠯ ᠤᠨ ᠤᠷᠤᠯᠭ᠎ᠠ 53.2 ᠳ᠋ᠦᠩᠰᠢᠭᠤᠷ ᠲᠦᠭᠦᠷᠢᠭ᠂ ᠲᠤᠰᠪᠤᠷᠢ ᠳᠡᠭᠡᠷ᠎ᠡ ᠵᠢᠯ ᠠᠴᠠ | 16.0% ᠪᠤᠯᠤᠨ 19.8% ᠨᠡᠮᠡᠭᠳᠡᠪᠡ᠃ | ᠵᠢᠷᠭᠤᠭ᠎ᠠ᠂ ᠤᠯᠤᠰ ᠤᠨ ᠲᠤᠲᠤᠭᠠᠲᠤ ᠶᠢᠨ ᠠᠷᠠᠯᠵᠢᠶ᠎ᠠ | ᠬᠡᠷᠡᠭᠯᠡᠭᠡᠨ ᠤ ᠡᠳ᠋ ᠤᠨ ᠵᠠᠬ᠎ᠠ ᠳᠡᠯᠭᠡᠭᠦᠷ ᠲᠤᠭᠲᠠᠭᠤᠨ ᠬᠦᠭᠵᠢᠪᠡ᠃ ᠪᠦᠬᠦ ᠵᠢᠯ ᠤᠨ ᠨᠡᠶᠢᠭᠡᠮ ᠤᠨ | ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠦᠷᠲᠡᠭ 140.29 ᠳ᠋ᠦᠩᠰᠢᠭᠤᠷ ᠲᠦᠭᠦᠷᠢᠭ᠂ | ᠳᠡᠭᠡᠷ᠎ᠡ ᠵᠢᠯ ᠠᠴᠠ 10.2% ᠨᠡᠮᠡᠭᠳᠡᠪᠡ᠃ ᠠᠵᠤ ᠦᠢᠯᠡᠰ ᠢᠶᠠᠷ ᠠᠩᠭᠢᠯᠠᠪᠠᠯ᠂ ᠪᠦᠭᠡᠮ ᠢᠶᠠᠷ ᠪᠤᠷᠤᠯᠠᠭᠤᠯᠬᠤ | ᠦᠢᠯᠡᠰ ᠬᠡᠰᠡᠭᠯᠡᠨ ᠪᠤᠷᠤᠯᠠᠭᠤᠯᠬᠤ ᠦᠢᠯᠡᠰ 120.55 ᠳ᠋ᠦᠩᠰᠢᠭᠤᠷ ᠲᠦᠭᠦᠷᠢᠭ᠂ 8.5% ᠨᠡᠮᠡᠭᠳᠡᠪᠡ︔ | ᠪᠠᠭᠤᠳᠠᠯ ᠢᠳᠡᠭᠡᠨ ᠤᠮᠳᠠᠭᠠᠨ ᠤ ᠦᠢᠯᠡᠰ 19.75 ᠳ᠋ᠦᠩᠰᠢᠭᠤᠷ ᠲᠦᠭᠦᠷᠢᠭ᠂ 21.7% ᠨᠡᠮᠡᠭᠳᠡᠪᠡ᠃ ᠪᠦᠬᠦ | ᠵᠢᠯ ᠤᠨ ᠲᠠᠸᠠᠷ ᠤᠨ ᠪᠤᠷᠤᠯᠠᠭᠤᠯᠭ᠎ᠠ ︵ᠡᠵᠡᠩᠨᠡᠯᠲᠡ︶ ᠶᠢᠨ ᠲᠤᠭ᠎ᠠ 373.11 ᠳ᠋ᠦᠩᠰᠢᠭᠤᠷ ᠲᠦᠭᠦᠷᠢᠭ᠂ | ᠳᠡᠭᠡᠷ᠎ᠡ ᠵᠢᠯ ᠠᠴᠠ 13.5% ᠨᠡᠮᠡᠭᠳᠡᠪᠡ᠃ ᠠᠵᠤ ᠦᠢᠯᠡᠰ ᠢᠶᠠᠷ ᠠᠩᠭᠢᠯᠠᠪᠠᠯ᠂ ᠪᠦᠭᠡᠮ ᠢᠶᠠᠷ ᠪᠤᠷᠤᠯᠠᠭᠤᠯᠬᠤ | ᠦᠢᠯᠡᠰ ᠤᠨ ᠪᠤᠷᠤᠯᠠᠭᠤᠯᠭ᠎ᠠ 205 ᠳ᠋ᠦᠩᠰᠢᠭᠤᠷ ᠲᠦᠭᠦᠷᠢᠭ᠂ 12.9% ᠨᠡᠮᠡᠭᠳᠡᠪᠡ︔ ᠬᠡᠰᠡᠭᠯᠡᠨ | ᠪᠤᠷᠤᠯᠠᠭᠤᠯᠤᠭᠰᠠᠨ ᠦᠷᠲᠡᠭ 141.98 ᠳ᠋ᠦᠩᠰᠢᠭᠤᠷ ᠲᠦᠭᠦᠷᠢᠭ᠂ 14.0% ᠨᠡᠮᠡᠭᠳᠡᠪᠡ︔ ᠪᠠᠭᠤᠳᠠᠯ ᠤᠨ | ᠡᠵᠡᠩᠨᠡᠯᠲᠡ ᠶᠢᠨ ᠤᠷᠤᠯᠭ᠎ᠠ 6.34 ᠳ᠋ᠦᠩᠰᠢᠭᠤᠷ ᠲᠦᠭᠦᠷᠢᠭ᠂ 15.0% ᠨᠡᠮᠡᠭᠳᠡᠪᠡ︔ ᠢᠳᠡᠭᠡᠨ ᠤᠮᠳᠠᠭᠠᠨ ᠤ | ᠦᠢᠯᠡᠰ ᠤᠨ ᠡᠵᠡᠩᠨᠡᠯᠲᠡ ᠶᠢᠨ ᠤᠷᠤᠯᠭ᠎ᠠ 19.8 ᠳ᠋ᠦᠩᠰᠢᠭᠤᠷ ᠲᠦᠭᠦᠷᠢᠭ᠂ 15.8% ᠨᠡᠮᠡᠭᠳᠡᠪᠡ᠃ ᠵᠢᠯ ᠤᠨ | ᠡᠴᠦᠰ ᠲᠤ ᠮᠠᠨ ᠤ ᠲᠤᠭᠤᠷᠢᠭ ᠤᠨ ᠳ᠋ᠦᠩᠰᠢᠭᠤᠷ ᠲᠦᠭᠦᠷᠢᠭ ᠠᠴᠠ ᠳᠡᠭᠡᠭᠰᠢᠬᠢ 4 ᠲᠠᠸᠠᠷ ᠤᠨ ᠰᠤᠯᠢᠯᠴᠠᠭᠠᠨ ᠤ | ᠵᠠᠬ᠎ᠠ ᠳᠡᠯᠭᠡᠭᠦᠷ ᠤᠨ ᠰᠤᠯᠢᠯᠴᠠᠭᠠᠨ ᠤ ᠦᠷᠲᠡᠭ 37.6 ᠳ᠋ᠦᠩᠰᠢᠭᠤᠷ ᠲᠦᠭᠦᠷᠢᠭ ᠬᠦᠷᠴᠦ᠂ ᠳᠡᠭᠡᠷ᠎ᠡ ᠵᠢᠯ ᠤᠨ ᠬᠢ | ᠲᠠᠢ ᠠᠳᠠᠯᠢ᠃ | | ᠳᠤᠯᠤᠭ᠎ᠠ᠂ ᠰᠢᠨᠵᠢᠯᠡᠭᠡ ᠮᠡᠷᠭᠡᠵᠢᠯ ᠪᠤᠯᠤᠨ ᠰᠤᠷᠭᠠᠨ ᠬᠦᠮᠦᠵᠢᠯ | ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠴᠢᠩᠭᠠᠷᠠᠪᠠ᠃ ᠪᠦᠬᠦ ᠵᠢᠯ ᠳᠤ 4 ᠦᠪᠡᠷᠲᠡᠭᠡᠨ | ᠵᠠᠰᠠᠬᠤ ᠤᠷᠤᠨ ᠤ ᠰᠢᠨᠵᠢᠯᠡᠭᠡ ᠮᠡᠷᠭᠡᠵᠢᠯ ᠤᠨ ᠲᠦᠷᠦᠯ ᠵᠦᠢᠯ ᠢ ᠤᠯᠵᠤ᠂ ᠨᠡᠶᠢᠲᠡ 483 ᠲᠦᠮᠡᠨ ᠲᠦᠭᠦᠷᠢᠭ ᠤᠨ | ᠳᠡᠭᠡᠷ᠎ᠡ ᠱᠠᠲᠤᠨ ᠤ ᠰᠢᠨᠵᠢᠯᠡᠭᠡ ᠮᠡᠷᠭᠡᠵᠢᠯ ᠤᠨ ᠲᠦᠷᠦᠯ ᠵᠦᠢᠯ ᠤᠨ ᠪᠡᠯᠡ ᠮᠦᠩᠭᠦ ᠤᠯᠪᠠ᠃ ᠳ᠋ᠦᠸᠧ ᠸᠧᠢ ᠡᠯ | ᠠᠮᠢᠳᠤ ᠪᠤᠳᠠᠰ᠂ ᠲᠦᠸᠧ ᠵᠢᠶᠠ ᠡᠯᠧᠺᠲᠷᠤᠨ ᠵᠡᠷᠭᠡ 6 ᠠᠵᠤ ᠠᠬᠤᠶᠢᠯᠠᠯ ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢᠶᠠᠷ ᠲᠤᠭᠲᠠᠭᠠᠭᠳᠠᠪᠠ︔ ᠰᠠᠢ ᠯᠢᠨ ᠲᠠᠢ ᠡᠮ ᠡᠮᠨᠡᠯᠭᠡ ᠦᠪᠡᠷᠲᠡᠭᠡᠨ ᠵᠠᠰᠠᠬᠤ | ᠤᠷᠤᠨ ᠤ ᠳᠠᠭᠤᠷᠢᠶᠠᠨ ᠦᠢᠯᠡᠳᠬᠦ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠦᠪ ᠢᠶᠠᠷ ᠲᠤᠭᠲᠠᠭᠠᠭᠳᠠᠪᠠ︔ | ᠲᠦᠮᠡᠨ ᠤᠯᠠᠨ ᠢᠶᠠᠷ ᠢᠶᠠᠨ ᠦᠢᠯᠡᠰ ᠪᠤᠰᠬᠠᠬᠤ ᠨᠡᠪᠴᠢᠯᠡᠭᠦᠷ᠂ ᠸᠠᠨ ᠳ᠋ᠠ ᠦᠢᠯᠡᠰ ᠪᠤᠰᠬᠠᠬᠤ ᠨᠡᠪᠴᠢᠯᠡᠭᠦᠷ ᠤᠨ | ᠰᠠᠭᠤᠷᠢᠨ ᠦᠪᠡᠷᠲᠡᠭᠡᠨ ᠵᠠᠰᠠᠬᠤ ᠤᠷᠤᠨ ᠤ ᠳᠡᠰ ᠤᠨ ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠤᠨ | ᠨᠡᠪᠴᠢᠯᠡᠭᠦᠷ ᠢᠶᠠᠷ ᠲᠤᠭᠲᠠᠭᠠᠭᠳᠠᠪᠠ︔ ᠮᠧᠩ ᠳ᠋ᠦᠩ ᠡᠭᠦᠯᠡᠨ ᠪᠤᠳᠤᠯᠲᠠ᠂ ᠲᠦᠮᠡᠨ ᠤᠯᠠᠨ ᠢᠶᠠᠷ ᠢᠶᠠᠨ ᠦᠢᠯᠡᠰ | ᠪᠤᠰᠬᠠᠬᠤ ᠨᠢ ᠤᠯᠤᠰ ᠤᠨ ᠳᠡᠰ ᠤᠨ ᠲᠦᠮᠡᠨ ᠤᠯᠠᠨ ᠢᠶᠠᠷ ᠢᠶᠠᠨ ᠦᠢᠯᠡᠰ ᠪᠤᠰᠬᠠᠬᠤ ᠤᠷᠤᠨ ᠵᠠᠢ ᠪᠤᠯᠪᠠ︔ ᠭᠧ | ᠯᠢᠨ ᠲᠧ ᠡᠮ ᠤᠨ ᠦᠢᠯᠡᠰ᠂ ᠲᠦᠩ ᠲᠠᠢ ᠮᠧᠬᠠᠨᠢᠭ ᠦᠪᠡᠷᠲᠡᠭᠡᠨ ᠵᠠᠰᠠᠬᠤ ᠤᠷᠤᠨ ᠤ ᠳᠡᠰ ᠤᠨ ᠠᠵᠤ | ᠦᠢᠯᠡᠰ ᠤᠨ ᠰᠤᠳᠤᠯᠭᠠᠨ ᠤ ᠨᠡᠭᠡᠭᠡᠯᠲᠡ ᠶᠢᠨ ᠲᠦᠪ ᠢᠶᠠᠷ ᠲᠤᠭᠲᠠᠭᠠᠭᠳᠠᠪᠠ᠃ ᠪᠦᠬᠦ ᠵᠢᠯ ᠳᠤ 134 ᠵᠦᠢᠯ ᠤᠨ | ᠲᠤᠰᠬᠠᠢ ᠠᠰᠢᠭ ᠤᠨ ᠡᠷᠬᠡ ᠭᠤᠶᠤᠴᠢᠯᠠᠵᠤ᠂ ᠡᠭᠦᠨ ᠳᠤ 43 ᠡᠭᠦᠳᠦᠯᠲᠡ ᠶᠢᠨ ᠲᠤᠰᠬᠠᠢ ᠠᠰᠢᠭ᠂ 66 ᠰᠢᠨ᠎ᠡ | ᠬᠡᠯᠪᠡᠷᠢ ᠶᠢᠨ ᠬᠡᠷᠡᠭᠯᠡᠭᠡᠨ ᠤ ᠲᠤᠰᠬᠠᠢ ᠠᠰᠢᠭ᠂ 25 ᠭᠠᠳᠠᠷ ᠦᠵᠡᠮᠵᠢ ᠶᠢᠨ ᠲᠦᠰᠦᠪᠯᠡᠯ ᠪᠤᠢ᠃ 85 ᠵᠦᠢᠯ ᠨᠢ | ᠲᠤᠰᠬᠠᠢ ᠠᠰᠢᠭ ᠤᠨ ᠡᠷᠬᠡ ᠬᠦᠷᠲᠡᠪᠡ᠃ ᠤᠯᠤᠰ ᠤᠨ ᠦᠷᠭᠦᠯᠵᠢᠯᠡᠭᠦᠶᠢᠴᠡ ᠬᠦᠭᠵᠢᠯᠲᠡ ᠶᠢᠨ ᠲᠤᠷᠰᠢᠯᠲᠠ ᠶᠢᠨ | ᠤᠷᠤᠨ ᠢ ᠪᠦᠲᠦᠭᠡᠨ ᠪᠠᠶᠢᠭᠤᠯᠬᠤ ᠪᠤᠯᠤᠨ ᠰᠢᠨ᠎ᠡ ᠶᠢ ᠡᠭᠦᠳᠬᠦ ᠴᠢᠳᠠᠪᠤᠷᠢ ᠶᠢᠨ ᠬᠢᠨᠠᠨ ᠰᠢᠯᠭᠠᠬᠤ ᠲᠤᠭ᠎ᠠ | ᠪᠠᠷᠢᠮᠲᠠ ᠶᠢᠨ 8 ᠤᠨ ᠤ ᠠᠵᠢᠯ᠂ 54 ᠵᠦᠢᠯ ᠤᠨ ᠲᠤᠭ᠎ᠠ ᠪᠠᠷᠢᠮᠲᠠ ᠶᠢ ᠴᠤᠭᠯᠠᠭᠤᠯᠬᠤ ᠪᠠ ᠳᠡᠭᠡᠭᠰᠢ ᠮᠡᠳᠡᠭᠦᠯᠬᠦ | ᠠᠵᠢᠯ ᠢ ᠪᠡᠶᠡᠯᠡᠭᠦᠯᠪᠡ᠃ | ᠰᠤᠷᠭᠠᠨ ᠬᠦᠮᠦᠵᠢᠯ ᠤᠨ ᠦᠢᠯᠡᠰ ᠪᠦᠬᠦ ᠲᠠᠯ᠎ᠠ ᠪᠠᠷ ᠬᠦᠭᠵᠢᠪᠡ᠃ ᠪᠦᠬᠦ ᠲᠤᠭᠤᠷᠢᠭ ᠲᠤ ᠡᠯ᠎ᠡ | ᠲᠦᠷᠦᠯ ᠤᠨ ᠰᠤᠷᠭᠠᠭᠤᠯᠢ 148 ᠪᠤᠢ᠃ ᠡᠭᠦᠨ ᠳᠤ᠂ 38 ᠪᠠᠭ᠎ᠠ ᠰᠤᠷᠭᠠᠭᠤᠯᠢ᠂ 10 ᠠᠩᠬ᠎ᠠ ᠳᠤᠮᠳᠠᠳᠤ᠂ 7 | ᠡᠩ ᠤᠨ ᠦᠨᠳᠦᠷ ᠳᠤᠮᠳᠠᠳᠤ᠂ 7 ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ᠂ 85 ᠰᠤᠷᠬᠤ ᠨᠡᠰᠤᠨ ᠠᠴᠠ | ᠡᠮᠦᠨᠡᠬᠢ ᠰᠤᠷᠭᠠᠨ ᠬᠦᠮᠦᠵᠢᠯ᠂ 1 ᠤᠨᠴᠠᠭᠠᠢ ᠰᠤᠷᠭᠠᠭᠤᠯᠢ ᠪᠤᠢ᠃ ᠡᠯ᠎ᠡ ᠲᠦᠷᠦᠯ ᠤᠨ ᠰᠤᠷᠭᠠᠭᠤᠯᠢ ᠳᠤ ᠪᠠᠶᠢᠭ᠎ᠠ | ᠰᠤᠷᠤᠭᠴᠢ 63773 ᠬᠦᠮᠦᠨ᠂ ᠡᠭᠦᠨ ᠳᠤ ᠳᠤᠮᠳᠠᠳᠤ ᠪᠠᠭ᠎ᠠ ᠰᠤᠷᠭᠠᠭᠤᠯᠢ ᠶᠢᠨ 26036 ᠰᠤᠷᠤᠭᠴᠢ᠂ ᠠᠩᠬ᠎ᠠ | ᠳᠤᠮᠳᠠᠳᠤ ᠶᠢᠨ 11247 ᠰᠤᠷᠤᠭᠴᠢ᠂ ᠡᠩ ᠤᠨ ᠳᠤᠮᠳᠠᠳᠤ ᠰᠤᠷᠭᠠᠭᠤᠯᠢ ᠶᠢᠨ 8426 ᠰᠤᠷᠤᠭᠴᠢ᠂ ᠠᠵᠢᠯ | ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ 3392 ᠰᠤᠷᠤᠭᠴᠢ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠦᠮᠦᠵᠢᠯ ᠤᠨ ᠴᠡᠴᠡᠷᠯᠢᠭ ᠲᠤ ᠪᠠᠶᠢᠭ᠎ᠠ ᠬᠡᠦᠬᠡᠳ 14576 ᠬᠦᠮᠦᠨ᠂ ᠤᠨᠴᠠᠭᠠᠢ ᠰᠤᠷᠭᠠᠨ ᠬᠦᠮᠦᠵᠢᠯ | ᠬᠦᠷᠲᠡᠭᠰᠡᠳ 121 ᠬᠦᠮᠦᠨ ᠪᠤᠢ᠃ ᠡᠯ᠎ᠡ ᠲᠦᠷᠦᠯ ᠤᠨ ᠰᠤᠷᠭᠠᠭᠤᠯᠢ ᠨᠡᠶᠢᠲᠡ 4832 ᠲᠤᠰᠬᠠᠢ ᠪᠠᠭᠰᠢ ᠲᠠᠢ᠃ | ᠪᠦᠬᠦ ᠲᠤᠭᠤᠷᠢᠭ ᠤᠨ ᠪᠠᠭ᠎ᠠ ᠰᠤᠷᠭᠠᠭᠤᠯᠢ ᠳᠤ ᠤᠷᠤᠬᠤ ᠨᠠᠰᠤᠨ ᠤ ᠬᠡᠦᠬᠡᠳ ᠤᠨ ᠰᠤᠷᠭᠠᠭᠤᠯᠢ ᠳᠤ ᠤᠷᠤᠬᠤ | ᠨᠤᠷᠮ᠎ᠠ 100% ᠬᠦᠷᠴᠦ᠂ ᠳᠤᠮᠳᠠᠳᠤ ᠰᠤᠷᠭᠠᠭᠤᠯᠢ ᠳᠤ ᠤᠷᠤᠬᠤ ᠨᠤᠷᠮ᠎ᠠ 100% ᠬᠦᠷᠴᠦ᠂ ᠠᠩᠬ᠎ᠠ | ᠳᠤᠮᠳᠠᠳᠤ ᠠᠴᠠ ᠦᠨᠳᠦᠷ ᠳᠤᠮᠳᠠᠳᠤ ᠳᠤ ᠳᠡᠪᠰᠢᠬᠦ ᠨᠤᠷᠮ᠎ᠠ 95% ᠬᠦᠷᠪᠡ᠃ ᠵᠢᠩᠬᠢᠨᠢ ᠠᠩᠭᠢ ᠶᠢᠨ ᠬᠤᠪᠢ ᠶᠢᠨ | ᠪᠠᠷᠢᠮᠵᠢᠶ᠎ᠠ ᠳᠤ ᠬᠦᠷᠦᠭᠰᠡᠳ 2074 ᠬᠦᠮᠦᠨ᠃ | ᠨᠠᠢᠮᠠ᠂ ᠰᠤᠶᠤᠯ᠂ ᠡᠷᠡᠭᠦᠯ ᠬᠠᠮᠠᠭᠠᠯᠠᠯ ᠪᠤᠯᠤᠨ ᠲᠠᠮᠢᠷ | ᠰᠤᠶᠤᠯ ᠤᠨ ᠦᠢᠯᠡᠰ ᠦᠷᠨᠢᠭᠦᠨ ᠬᠦᠭᠵᠢᠪᠡ᠃ ᠪᠦᠬᠦ ᠲᠤᠭᠤᠷᠢᠭ ᠲᠤ 15 ᠡᠯ᠎ᠡ ᠲᠦᠷᠦᠯ ᠤᠨ | ᠤᠨᠴᠠᠯᠢᠭᠲᠤ ᠤᠷᠠᠯᠢᠭ ᠤᠨ ᠪᠦᠯᠬᠦᠮ᠂ 1 ᠰᠤᠶᠤᠯ ᠤᠨ ᠤᠷᠳᠤᠨ᠂ 2 ᠤᠯᠠᠨ ᠨᠡᠶᠢᠲᠡ ᠶᠢᠨ ᠨᠤᠮ ᠤᠨ ᠰᠠᠩ᠂ | 55 ᠨᠤᠮ ᠤᠨ ᠰᠠᠩ ᠤᠨ ᠬᠤᠪᠢᠶᠠᠷᠢ ᠤᠷᠳᠤᠨ᠂ 4 ᠰᠢᠶᠠᠩ ᠪᠠᠯᠭᠠᠰᠤᠨ ᠤ ᠰᠤᠶᠤᠯ ᠤᠨ ᠦᠷᠲᠡᠭᠡ᠂ 28 ᠲᠠᠯ᠎ᠠ | ᠨᠤᠲᠤᠭ ᠤᠨ ᠨᠤᠮ ᠤᠨ ᠦᠷᠦᠭᠡ᠂ 24 ᠲᠤᠰᠬᠤᠨ ᠤ ᠳᠡᠰ ᠤᠨ ᠰᠤᠶᠤᠯ ᠲᠠᠮᠢᠷ ᠤᠨ ᠠᠵᠢᠯᠯᠠᠭᠠᠨ ᠤ ᠭᠠᠵᠠᠷ᠂ 1 | ᠤᠷᠠᠨ ᠵᠢᠷᠤᠭ ᠤᠨ ᠤᠷᠳᠤᠨ ᠲᠠᠢ᠃ ᠡᠨᠡ ᠵᠢᠯ ᠰᠤᠶᠤᠯ ᠢᠶᠠᠷ ᠠᠷᠠᠳ ᠲᠤ ᠦᠢᠯᠡᠴᠢᠯᠡᠬᠦ ᠠᠵᠢᠯ ᠤᠨ | ᠤᠳᠤᠷᠢᠳᠤᠮᠵᠢ ᠶᠢ ᠪᠠᠷᠢᠮᠲᠠᠯᠠᠨ᠂ ᠰᠤᠶᠤᠯ ᠤᠨ ᠠᠭᠤᠷ ᠠᠮᠢᠰᠬᠤᠯ ᠢ ᠬᠦᠭᠵᠢᠭᠡᠵᠦ᠂ ᠤᠯᠠᠨ ᠲᠦᠮᠡᠨ ᠤ ᠰᠤᠶᠤᠯ ᠤᠨ | ᠠᠮᠢᠳᠤᠷᠠᠯ ᠢ ᠪᠠᠶᠠᠯᠢᠭᠵᠢᠭᠤᠯᠤᠨ᠂ ᠵᠢᠯ ᠤᠨ ᠲᠤᠲᠤᠷ᠎ᠠ᠂ ᠬᠤᠩ ᠱᠠᠨ ᠲᠤᠭᠤᠷᠢᠭ ᠤᠨ ᠠᠩᠬᠠᠳᠤᠭᠠᠷ | ᠬᠤᠭᠤᠴᠠᠭᠠᠨ ᠤ ᠲᠠᠷᠢᠶᠠᠴᠢᠨ ᠤ ᠰᠤᠶᠤᠯ ᠤᠨ ᠨᠠᠶᠢᠷ᠂ ᠨᠠᠢᠮᠠᠳᠤᠭᠠᠷ ᠬᠤᠭᠤᠴᠠᠭᠠᠨ ᠤ ︽ᠪᠠᠶᠠᠰᠤᠯᠲᠤ ᠬᠤᠩ ᠱᠠᠨ | ᠰᠤᠶᠤᠯ ᠢ ᠨᠡᠶᠢᠭᠡᠮ ᠲᠤᠭᠤᠷᠢᠭ ᠲᠤ ᠬᠦᠷᠭᠡᠬᠦ︾ ᠠᠵᠢᠯᠯᠠᠭᠠᠨ᠂ ᠶᠢᠰᠦᠳᠦᠭᠡᠷ ᠬᠤᠭᠤᠴᠠᠭᠠᠨ ᠤ ᠬᠤᠩ ᠱᠠᠨ | ᠶᠠᠩᠭᠠᠷ ᠤᠨ ᠤᠷᠤᠯᠳᠤᠭᠠᠨ᠂ ᠤᠯᠠᠭᠠᠨᠬᠠᠳᠠ ᠶᠢᠨ ᠠᠷᠪᠠᠨ ᠨᠠᠢᠮᠠᠳᠤᠭᠠᠷ ᠬᠤᠭᠤᠴᠠᠭᠠᠨ ᠤ ︽ᠳᠤᠷᠤᠨᠠᠲᠤ ᠶᠢᠨ | ᠬᠤᠷᠳᠤᠨ ᠲᠡᠷᠭᠡ ᠬᠤᠨᠳᠠᠭᠠᠲᠤ︾ ᠬᠡᠦᠬᠡᠳ ᠪᠠᠭᠠᠴᠤᠳ ᠤᠨ ᠤᠷᠠᠨ ᠪᠢᠴᠢᠯᠭᠡ ᠶᠢᠨ ᠤᠷᠤᠯᠳᠤᠭᠠᠨ᠂ ᠭᠤᠴᠢᠳᠤᠭᠠᠷ | ᠬᠤᠭᠤᠴᠠᠭᠠᠨ ᠤ ︽ᠤᠨᠢᠰᠤᠭ᠎ᠠ ᠲᠠᠭᠠᠬᠤ ᠠᠵᠢᠯᠯᠠᠭᠠᠨ︾᠂ ︽ᠤᠯᠠᠭᠠᠨᠬᠠᠳᠠ ᠬᠤᠲᠠ ᠶᠢᠨ ᠠᠩᠬᠠᠳᠤᠭᠠᠷ | ᠬᠤᠭᠤᠴᠠᠭᠠᠨ ᠤ ᠪᠦᠬᠦ ᠤᠯᠤᠰ ᠤᠨ ᠬᠦᠳᠡᠯᠵᠦ ᠪᠤᠯᠬᠤ ᠡᠷᠲᠡᠨ ᠤ ᠡᠳ᠋ ᠤᠨ ᠪᠠᠶᠢᠴᠠᠭᠠᠨ ᠳᠠᠩᠰᠠᠯᠠᠭᠰᠠᠨ ᠦᠷ᠎ᠡ | ᠪᠦᠲᠦᠭᠡᠯ ᠤᠨ ᠦᠵᠡᠭᠦᠯᠦᠯᠭᠡ︾ ᠵᠡᠷᠭᠡ 100 ᠭᠠᠷᠤᠢ ᠲᠠᠯᠠᠪᠠᠢ ᠡᠯ᠎ᠡ ᠳᠡᠰ ᠡᠯ᠎ᠡ ᠲᠦᠷᠦᠯ ᠤᠨ ᠰᠤᠶᠤᠯ ᠤᠨ | ᠠᠵᠢᠯᠯᠠᠭᠠᠨ ᠢ ᠠᠮᠵᠢᠯᠲᠠ ᠲᠠᠢ ᠪᠠᠷ ᠵᠤᠬᠢᠶᠠᠨ ᠪᠠᠶᠢᠭᠤᠯᠵᠤ ᠦᠷᠨᠢᠭᠦᠯᠪᠡ᠃ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠯᠠᠪᠳᠠᠭᠤᠨ ᠠᠬᠢᠪᠠ᠃ ᠵᠢᠯ ᠤᠨ ᠡᠴᠦᠰ ᠪᠦᠬᠦ | ᠲᠤᠭᠤᠷᠢᠭ ᠲᠤ 419 ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠪᠠᠶᠢᠵᠤ᠂ ᠡᠭᠦᠨ ᠳᠤ 23 ᠡᠮᠨᠡᠯᠭᠡ᠂ 3 | ᠡᠷᠡᠭᠦᠯ ᠬᠠᠮᠠᠭᠠᠯᠠᠯ ᠤᠨ ᠬᠤᠷᠢᠶ᠎ᠠ᠂ 1 ᠴᠢᠰᠤ ᠴᠤᠭᠯᠠᠭᠤᠯᠵᠤ ᠬᠠᠩᠭᠠᠬᠤ ᠪᠠᠶᠢᠭᠤᠯᠤᠮᠵᠢ᠂ 2 ᠡᠬᠡ ᠨᠢᠯᠬᠠᠰ ᠤᠨ | ᠡᠷᠡᠭᠦᠯ ᠢ ᠬᠠᠮᠠᠭᠠᠯᠠᠬᠤ ᠪᠠᠶᠢᠭᠤᠯᠤᠮᠵᠢ᠂ 3 ᠲᠤᠰᠬᠠᠢ ᠮᠡᠷᠭᠡᠵᠢᠯ ᠤᠨ ᠡᠪᠡᠳᠴᠢᠨ ᠡᠮᠬᠡᠭ ᠢ ᠰᠡᠷᠭᠡᠶᠢᠯᠡᠨ ᠵᠠᠰᠠᠬᠤ | ᠪᠠᠶᠢᠭᠤᠯᠤᠮᠵᠢ ᠪᠤᠢ᠃ ᠵᠢᠯ ᠤᠨ ᠡᠴᠦᠰ ᠪᠦᠬᠦ ᠲᠤᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ 7698 ᠡᠪᠡᠳᠴᠢᠲᠡᠨ ᠤ ᠤᠷᠤ᠂ 9442 ᠲᠤᠰᠬᠠᠢ ᠮᠡᠷᠭᠡᠵᠢᠯ ᠤᠨ ᠡᠷᠡᠭᠦᠯ ᠬᠠᠮᠠᠭᠠᠯᠠᠯ ᠤᠨ | ᠮᠡᠷᠭᠡᠵᠢᠯᠲᠡᠨ᠂ ᠡᠭᠦᠨ ᠳᠤ 3413 ᠡᠮᠴᠢ ᠪᠤᠢ᠃ | ᠲᠠᠮᠢᠷ ᠤᠨ ᠬᠦᠳᠡᠯᠭᠡᠭᠡᠨ ᠢ ᠦᠷᠭᠡᠨ ᠳᠡᠯᠭᠡᠷᠡᠩᠭᠦᠢ ᠦᠷᠨᠢᠭᠦᠯᠪᠡ᠃ ᠮᠠᠨ ᠤ ᠲᠤᠭᠤᠷᠢᠭ ᠲᠠᠮᠢᠷ ᠤᠨ | ᠲᠠᠯᠠᠪᠤᠷ᠂ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠰᠢᠭᠯᠠᠯᠲᠠ ᠶᠢ ᠶᠡᠭᠡ ᠬᠦᠴᠦᠨ ᠢᠶᠠᠷ ᠴᠢᠩᠭᠠᠳᠬᠠᠨ | ᠂ ᠪᠦᠬᠦ ᠠᠷᠠᠳ ᠢᠶᠠᠷ ᠢᠶᠠᠨ ᠴᠢᠬᠢᠷᠠᠭᠵᠢᠬᠤ ᠢᠨᠵᠧᠨᠧᠷᠢᠩ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠬᠤᠲᠠ | ᠲᠤᠭᠤᠷᠢᠭ ᠲᠤ ᠨᠡᠶᠢᠲᠡ ᠵᠠᠰᠠᠨ ᠪᠠᠶᠢᠭᠤᠯᠤᠭᠰᠠᠨ ᠠᠭᠤᠳᠠᠮ ᠲᠠᠯᠠᠪᠤᠷ 52᠂ 87 ᠵᠦᠷᠢᠭ᠂ 2 ᠪᠠᠯᠭᠠᠰᠤᠨ ᠤ ︵ | ᠵᠡᠭᠡᠯᠢ︶ ᠪᠠᠭ᠎ᠠ ᠬᠡᠯᠪᠡᠷᠢ ᠶᠢᠨ ᠪᠡᠶ᠎ᠡ ᠴᠢᠬᠢᠷᠠᠭᠵᠢᠭᠤᠯᠬᠤ ᠠᠵᠢᠯᠯᠠᠭᠠᠨ ᠤ ᠲᠦᠪ ᠪᠠᠶᠢᠵᠤ᠂ 17 ᠵᠠᠰᠠᠭ ᠵᠠᠬᠢᠷᠭᠠᠨ ᠤ | ᠲᠤᠰᠬᠤᠨ ᠳᠤ ᠲᠠᠷᠢᠶᠠᠴᠢᠨ ᠤ ᠪᠡᠶ᠎ᠡ ᠴᠢᠬᠢᠷᠠᠭᠵᠢᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠵᠤ᠂ 1430 ᠨᠡᠷ᠎ᠡ | ᠲᠠᠰᠬᠠᠯᠵᠢᠭᠤᠯᠤᠭᠴᠢ᠂ 93 ᠲᠠᠮᠢᠷ ᠤᠨ ᠠᠩᠭᠢ᠂ 22 ᠲᠠᠮᠢᠷ ᠤᠨ ᠨᠡᠶᠢᠭᠡᠮᠯᠢᠭ ᠪᠠᠶᠢᠵᠤ᠂ ᠡᠯᠪᠡᠭ ᠪᠠᠶᠠᠯᠢᠭ ᠤᠯᠠᠨ | ᠲᠦᠮᠡᠨᠴᠢ ᠲᠠᠮᠢᠷ ᠤᠨ ᠠᠵᠢᠯᠯᠠᠭᠠᠨ ᠢ ᠦᠷᠨᠢᠭᠦᠯᠪᠡ᠃ ᠡᠭᠦᠨ ᠤ ᠬᠠᠮᠲᠤ᠂ ᠬᠠᠮᠲᠤ ᠨᠢᠭᠡᠴᠡ ᠪᠠ ᠬᠤᠪᠢ ᠬᠦᠮᠦᠨ ᠤ | ᠤᠷᠤᠯᠳᠤᠭᠠᠨ ᠴᠦ ᠰᠢᠯᠢᠳᠡᠭ ᠪᠦᠲᠦᠮᠵᠢ ᠤᠯᠪᠠ᠃ ᠪᠦᠬᠦ ᠤᠯᠤᠰ ᠤᠨ ᠨᠡᠷᠡᠭᠦᠢ ᠨᠢᠳᠤᠷᠭ᠎ᠠ ︵ᠨᠤᠮᠤ ᠰᠤᠮᠤ᠂ ᠫᠠᠢ︶ | ᠶᠢᠨ ᠤᠷᠤᠯᠳᠤᠭᠠᠨ ᠳᠤ᠂ 2 ᠠᠯᠲᠠ᠂ 1 ᠮᠦᠩᠭᠦ᠂ 3 ᠬᠦᠷᠡᠯ ᠮᠧᠲᠠᠯ ᠤᠯᠪᠠ︔ ᠪᠦᠬᠦ ᠤᠯᠤᠰ ᠤᠨ ᠳᠤᠮᠳᠠᠳᠤ | ᠰᠤᠷᠭᠠᠭᠤᠯᠢ ᠶᠢᠨ ᠰᠤᠷᠤᠭᠴᠢᠳ ᠤᠨ ᠦᠱᠦ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ 6 ᠠᠯᠲᠠ᠂ 2 | ᠮᠦᠩᠭᠦ᠂ 2 ᠬᠦᠷᠡᠯ ᠮᠧᠲᠠᠯ ᠬᠦᠷᠲᠡᠪᠡ︔ ᠦᠪᠡᠷᠲᠡᠭᠡᠨ ᠵᠠᠰᠠᠬᠤ ᠤᠷᠤᠨ ᠤ ᠲᠠᠮᠢᠷ ᠢ ᠨᠡᠶᠢᠭᠡᠮ ᠲᠤᠭᠤᠷᠢᠭ ᠲᠤ | ᠬᠦᠷᠭᠡᠬᠦ ᠠᠭᠤᠳᠠᠮ ᠲᠠᠯᠠᠪᠠᠢ ᠶᠢᠨ ᠪᠦᠵᠢᠭ ᠤᠨ ᠤᠷᠤᠯᠳᠤᠭᠠᠨ ᠳᠤ ᠨᠢᠭᠡᠳᠦᠭᠡᠷ ᠨᠡᠷ᠎ᠡ ᠳᠤ ᠲᠤᠳᠤᠷᠠᠪᠠ᠃ ᠲᠠᠮᠢᠷ ᠤᠨ | ᠬᠤᠨᠵᠢᠪᠤᠷᠢᠲᠤ ᠰᠤᠭᠤᠯᠠᠭ᠎ᠠ ᠶᠢ ᠲᠠᠷᠬᠠᠭᠠᠬᠤ ᠠᠵᠢᠯ ᠲᠤᠭᠲᠠᠭᠤᠨ ᠤᠷᠤᠭᠰᠢᠲᠠᠢ ᠶᠠᠪᠤᠭᠳᠠᠵᠤ᠂ ᠨᠡᠶᠢᠲᠡ 1.2 | ᠳ᠋ᠦᠩᠰᠢᠭᠤᠷ ᠲᠦᠭᠦᠷᠢᠭ ᠪᠤᠷᠤᠯᠠᠭᠤᠯᠪᠠ᠃ | ᠶᠢᠰᠦ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ᠂ ᠤᠷᠴᠢᠨ ᠲᠤᠭᠤᠷᠢᠨ ᠤ ᠬᠠᠮᠠᠭᠠᠯᠠᠯᠲᠠ ᠪᠠ | ᠠᠶᠤᠯᠭᠦᠢ ᠦᠢᠯᠡᠳᠪᠦᠷᠢᠯᠡᠯ | ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠠᠬᠢᠪᠠ᠃ ᠲᠢᠶᠧ ᠨᠠᠨ ᠶᠡᠭᠡ | ᠵᠡᠭᠡᠯᠢ ᠦᠨᠳᠦᠰᠦᠨ ᠳᠡᠭᠡᠨ ᠠᠵᠢᠯ ᠳᠠᠭᠤᠰᠴᠤ᠂ ᠤᠴᠢ ᠵᠠᠮ ᠤᠨ ᠶᠡᠭᠡ ᠬᠦᠭᠦᠷᠭᠡ ᠪᠤᠯᠤᠨ ᠬᠤᠲᠠ ᠶᠢᠨ ᠡᠮᠦᠨᠡᠬᠢ | ᠪᠤᠰᠤᠭ᠎ᠠ ᠰᠤᠯᠪᠢᠴᠠᠭᠠᠲᠤ ᠬᠦᠭᠦᠷᠭᠡ ᠶᠢ ᠲᠦᠷᠭᠡᠪᠴᠢᠯᠡᠨ ᠪᠠᠶᠢᠭᠤᠯᠵᠤ᠂ 10 ᠵᠤᠷᠪᠤᠰ ᠭᠤᠳᠤᠮ ᠢ ᠴᠡᠭᠴᠡᠯᠡᠨ | ᠵᠠᠰᠠᠵᠤ᠂ 28 ᠲᠦᠮᠡᠨ ᠲᠡᠭᠰᠢ ᠳᠦᠷᠪᠡᠯᠵᠢᠨ ᠮᠧᠲᠷ ᠡᠪᠳᠡᠭᠳᠡᠭᠰᠡᠨ ᠵᠠᠮ ᠢ ᠵᠠᠰᠠᠨ ᠰᠡᠯᠪᠢᠪᠡ᠃ ᠦᠵᠡᠰᠬᠦᠯᠡᠩᠲᠦ | ᠬᠦᠳᠡᠭᠡ ᠲᠤᠰᠬᠤᠨ ᠤ ᠪᠠᠶᠢᠭᠤᠯᠤᠯᠲᠠ ᠶᠢ ᠠᠬᠢᠭᠤᠯᠤᠨ᠂ ᠪᠦᠬᠦ ᠵᠢᠯ ᠳᠤ 2471 ᠡᠷᠦᠬᠡ ᠶᠢᠨ ᠰᠢᠷᠤᠢ ᠶᠢᠨ | ᠪᠠᠶᠢᠰᠢᠩ ᠢ ᠦᠭᠡᠷᠡᠴᠢᠯᠡᠨ ᠪᠠᠶᠢᠭᠤᠯᠵᠤ᠂ 14.24 ᠲᠦᠮᠡᠨ ᠮᠧᠲᠷ ᠰᠢᠷᠤᠢ ᠶᠢᠨ ᠭᠡᠷᠡᠮ ᠢ ᠤᠷᠲᠤᠳᠬᠠᠵᠤ | ᠦᠭᠡᠷᠡᠴᠢᠯᠡᠨ ᠪᠠᠶᠢᠭᠤᠯᠪᠠ᠃ 70 ᠲᠤᠰᠬᠤᠨ ᠢ ᠴᠢᠨᠠᠷᠯᠢᠭ ᠤᠶᠢᠵᠢᠭᠤᠯᠵᠤ᠂ ᠳ᠋ᠤᠤ ᠭᠦ᠋ ᠡᠮᠦᠨ᠎ᠡ ᠠᠭᠤᠯᠠᠨ ᠤ | ᠵᠠᠩᠭᠢᠯᠠᠭ᠎ᠠ ᠶᠢᠨ ᠬᠡᠰᠡᠭ ᠤᠨ ᠤᠶᠢᠵᠢᠭᠤᠯᠤᠯᠲᠠ᠂ ᠰᠢ ᠱᠦᠢ ᠳ᠋ᠢ ᠬᠡᠰᠡᠭ ᠤᠨ ᠤᠶᠢᠵᠢᠭᠤᠯᠤᠯᠲᠠ ᠵᠡᠷᠭᠡ ᠲᠦᠷᠦᠯ | ᠵᠦᠢᠯ ᠢ ᠪᠡᠶᠡᠯᠡᠭᠦᠯᠵᠦ᠂ ᠨᠡᠶᠢᠲᠡ 8.5 ᠲᠦᠮᠡᠨ ᠰᠠᠭᠤᠷᠢ ᠡᠪᠡᠰᠦ ᠮᠤᠳᠤ ᠵᠠᠶᠢᠯᠠᠨ ᠤᠶᠢᠵᠢᠭᠤᠯᠵᠤ᠂ 4000 | ᠢᠯᠡᠭᠦᠦ ᠲᠡᠭᠰᠢ ᠳᠦᠷᠪᠡᠯᠵᠢᠨ ᠮᠧᠲᠷ ᠬᠦᠲᠦᠯ ᠬᠠᠮᠠᠭᠠᠯᠠᠬᠤ ᠤᠢ ᠶᠢ ᠤᠶᠢᠵᠢᠭᠤᠯᠪᠠ᠃ ᠤᠯᠤᠰ ᠤᠨ | ᠴᠡᠴᠡᠷᠯᠢᠭᠵᠢᠭᠰᠡᠨ ᠬᠤᠲᠠ ᠶᠢ ᠢᠳᠡᠪᠬᠢᠲᠡᠢ ᠪᠦᠲᠦᠭᠡᠨ ᠪᠠᠶᠢᠭᠤᠯᠵᠤ᠂ ᠤᠳᠤ ᠨᠢᠭᠡᠨᠲᠡ ᠤᠶᠢᠵᠢᠭᠤᠯᠤᠯᠲᠠ ᠶᠢᠨ | ᠲᠦᠯᠦᠪᠵᠢᠭᠦᠯᠭᠡ ᠪᠠᠨ ᠲᠤᠭᠲᠠᠭᠠᠨ᠂ 17 ᠬᠡᠰᠡᠭ ᠤᠨ ᠲᠦᠯᠦᠪᠵᠢᠭᠦᠯᠭᠡ ᠡᠯᠰᠡᠬᠦ᠂ ᠪᠠᠷᠢᠯᠭ᠎ᠠ ᠶᠢᠨ ᠵᠢᠷᠤᠭ | ᠲᠦᠰᠦᠪᠯᠡᠯ ᠵᠡᠷᠭᠡ ᠠᠵᠢᠯ ᠢ ᠪᠡᠶᠡᠯᠡᠭᠦᠯᠪᠡ᠃ ᠳᠡᠭᠡᠳᠦ ᠬᠤᠷᠳᠤ ᠶᠢᠨ ᠵᠠᠰᠠᠮᠠᠯ ᠵᠠᠮ ᠪᠤᠯᠤᠨ ᠤᠯᠤᠰ ᠤᠨ ᠪᠠ | ᠮᠤᠵᠢ ᠶᠢᠨ ᠵᠠᠮ ᠵᠡᠷᠭᠡ ᠭᠤᠤᠯᠳᠠᠯᠭ᠎ᠠ ᠲᠠᠢ ᠤᠷᠤᠨ ᠬᠡᠪᠴᠢᠶᠡᠨ ᠤ ᠤᠶᠢᠵᠢᠭᠤᠯᠤᠯᠲᠠ ᠶᠢ ᠬᠦᠴᠦᠯᠡᠨ ᠠᠬᠢᠭᠤᠯᠵᠤ᠂ | ᠶᠡᠷᠦᠩᠬᠡᠢ ᠤᠶᠢᠵᠢᠭᠤᠯᠤᠯᠲᠠ ᠶᠢᠨ ᠲᠠᠯᠠᠪᠠᠢ 888.7 ᠮᠦ᠂ ᠨᠡᠶᠢᠲᠡ 10.5 ᠲᠦᠡᠮᠨ ᠰᠠᠭᠤᠷᠢ ᠡᠪᠡᠰᠦ ᠮᠤᠳᠤ᠂ | 3660 ᠲᠡᠭᠰᠢ ᠳᠦᠷᠪᠡᠯᠵᠢᠨ ᠮᠧᠲᠷ ᠤᠷᠭᠤᠭ᠎ᠠ ᠮᠤᠳᠤᠨ ᠬᠡᠷᠡᠰᠬᠡ ᠵᠠᠶᠢᠯᠠᠨ ᠤᠶᠢᠵᠢᠭᠤᠯᠪᠠ᠃ 18 ᠵᠦᠢᠯ ᠤᠨ | ᠬᠤᠲᠠ ᠲᠤᠭᠤᠷᠢᠭ ᠤᠨ ᠤᠶᠢᠵᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠨᠡᠶᠢᠲᠡ 11.5 ᠲᠦᠮᠡ ᠢᠯᠡᠭᠦᠦ | ᠰᠠᠭᠤᠷᠢ ᠡᠪᠡᠰᠦ ᠮᠤᠳᠤ᠂ ᠤᠷᠭᠤᠭ᠎ᠠ ᠮᠤᠳᠤᠨ ᠬᠡᠷᠡᠰᠬᠡ᠂ 1784 ᠲᠡᠭᠰᠢ ᠳᠦᠷᠪᠡᠯᠵᠢᠨ ᠮᠧᠲᠷ ᠬᠤᠸᠠᠷ ᠴᠡᠴᠡᠭ | ᠤᠶᠢᠵᠢᠭᠤᠯᠵᠤ᠂ ᠰᠢᠨ᠎ᠡ ᠪᠠᠷ ᠤᠶᠢᠵᠢᠭᠤᠯᠤᠭᠰᠠᠨ ᠵᠦᠯᠭᠡ ᠶᠢᠨ ᠲᠠᠯᠠᠪᠠᠢ 8 ᠲᠦᠮᠡᠨ ᠲᠡᠭᠰᠢ ᠳᠦᠷᠪᠡᠯᠵᠢᠨ ᠮᠧᠲᠷ᠂ | ᠦᠭᠡᠷᠡᠴᠢᠯᠡᠨ ᠪᠠᠶᠢᠭᠤᠯᠤᠭᠰᠠᠨ ᠵᠦᠯᠭᠡ ᠶᠢᠨ ᠲᠠᠯᠠᠪᠠᠢ 1 ᠲᠦᠮᠡᠨ ᠲᠡᠭᠰᠢ ᠳᠦᠷᠪᠡᠯᠵᠢᠨ ᠮᠧᠲᠷ᠃ ᠮᠠᠨ ᠤ | ᠲᠤᠭᠤᠷᠢᠭ ᠤᠨ ᠬᠤᠲᠠ ᠲᠤᠭᠤᠷᠢᠭ ᠤᠨ ᠤᠶᠢᠵᠢᠭᠤᠯᠤᠯᠲᠠ ᠶᠢᠨ ᠨᠤᠷᠮ᠎ᠠ 41.54%᠂ ᠨᠤᠭᠤᠭᠠᠷᠠᠭᠤᠯᠤᠯᠲᠠ ᠶᠢᠨ | ᠪᠦᠷᠬᠦᠴᠡ ᠶᠢᠨ ᠨᠤᠷᠮ᠎ᠠ 44.55% ᠬᠦᠷᠴᠦ᠂ ᠬᠦᠮᠦᠨ ᠳᠤᠮᠳᠠᠴᠢ ᠶᠢᠨ ᠴᠡᠴᠡᠷᠯᠢᠭ ᠤᠨ ᠵᠦᠯᠭᠡ ᠶᠢᠨ ᠲᠠᠯᠠᠪᠠᠢ | 22.76 ᠲᠡᠭᠰᠢ ᠳᠦᠷᠪᠡᠯᠵᠢᠨ ᠮᠧᠲᠷ ᠬᠦᠷᠪᠡ᠃ ᠲᠢᠶᠧ ᠨᠠᠨ ᠳᠦᠭᠦᠮ ᠪᠦᠲᠦᠴᠡᠲᠦ ᠤᠷᠤᠨ ᠰᠠᠭᠤᠴᠠ ᠶᠢ | ᠦᠭᠡᠷᠡᠴᠢᠯᠡᠨ ᠪᠠᠶᠢᠭᠤᠯᠬᠤ ᠪᠤᠴᠠᠭᠠᠨ ᠨᠡᠭᠦᠯᠭᠡᠬᠦ ᠲᠦᠷᠦᠯ ᠵᠦᠢᠯ ᠤᠨ ᠨᠢᠭᠡᠳᠦᠭᠡᠷ ᠬᠤᠭᠤᠴᠠᠭ᠎ᠠ ᠠᠵᠢᠯ ᠳᠠᠭᠤᠰᠴᠤ | ᠤᠷᠤᠵᠤ ᠰᠠᠭᠤᠷᠢᠰᠢᠨ᠂ ᠬᠤᠶᠠᠷ ᠠᠴᠠ ᠵᠢᠷᠭᠤᠳᠤᠭᠠᠷ ᠬᠤᠭᠤᠴᠠᠭᠠᠨ ᠤ ᠭᠤᠤᠯ ᠴᠤᠭᠴᠠ ᠪᠦᠬᠦᠨ ᠢᠶᠠᠷ ᠢᠶᠠᠨ ᠠᠵᠢᠯ | ᠳᠠᠭᠤᠰᠴᠤ᠂ ᠪᠤᠰᠤᠳ ᠬᠡᠰᠡᠭ ᠤᠷᠤᠨ ᠤ ᠳᠦᠭᠦᠮ ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ | ᠠᠵᠢᠯ ᠤᠷᠤᠭᠰᠢᠲᠠᠢ ᠶᠠᠪᠤᠭᠳᠠᠪᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠦᠭᠡᠷᠡᠴᠢᠯᠡᠯᠲᠡ ᠶᠢ ᠦᠷᠭᠦᠯᠵᠢᠯᠡᠨ | ᠠᠬᠢᠭᠤᠯᠵᠤ᠂ 11 ᠰᠠᠭᠤᠭᠠᠯᠢ ᠲᠤᠭᠤᠷᠢᠭ ᠢ ᠦᠭᠡᠷᠡᠴᠢᠯᠡᠨ ᠪᠠᠶᠢᠭᠤᠯᠵᠤ᠂ ᠨᠡᠶᠢᠲᠡ 56 ᠰᠠᠭᠤᠷᠢ ᠰᠠᠭᠤᠭᠠᠯᠢ | ᠠᠷᠠᠳ ᠤᠨ ᠠᠰᠠᠷ᠂ 31.03 ᠲᠦᠮᠡᠨ ᠲᠡᠭᠰᠢ ᠳᠦᠷᠪᠡᠯᠵᠢᠨ ᠮᠧᠲᠷ ᠪᠠᠶᠢᠵᠤ᠂ ᠨᠢᠭᠡᠨᠲᠡ ᠦᠨᠳᠦᠰᠦᠨ ᠳᠡᠭᠡᠨ | ᠠᠵᠢᠯ ᠳᠠᠭᠤᠰᠪᠠ᠃ ᠳ᠋ᠦᠩ ᠴᠧᠩ ᠬᠡᠰᠡᠭ ᠤᠨ ᠶᠤᠸᠠᠨ ᠬᠤᠸᠠ ᠶᠤᠸᠠᠨ ᠨᠤᠤᠰᠤᠨ ᠦᠢᠯᠡᠰ ᠤᠨ ᠤᠷᠤᠨ ᠤ 58 | ᠰᠠᠭᠤᠷᠢ ᠠᠰᠠᠷ ᠪᠠᠷᠤᠭ 14.8 ᠲᠦᠮᠡᠨ ᠲᠡᠭᠰᠢ ᠳᠦᠷᠪᠡᠯᠵᠢᠨ ᠮᠧᠲᠷ ᠡᠨᠧᠷᠭᠢ ᠶᠢᠨ ᠬᠤᠷᠤᠭᠳᠠᠯ ᠶᠡᠭᠡ ᠪᠠᠷᠢᠯᠭ᠎ᠠ | ᠪᠦᠬᠦᠢ ᠰᠠᠭᠤᠭᠠᠯᠢ ᠲᠤᠭᠤᠷᠢᠭ ᠤᠨ ᠢᠯᠴᠢ ᠶᠢᠨ ᠲᠤᠤᠷ ᠢ ᠰᠢᠨᠡᠴᠢᠯᠡᠨ ᠦᠭᠡᠷᠡᠴᠢᠯᠡᠵᠦ᠂ ᠤᠰᠤ ᠭᠠᠳᠠᠭᠰᠢᠯᠠᠭᠤᠯᠬᠤ | ᠂ ᠢᠯᠴᠢ ᠬᠠᠩᠭᠠᠬᠤ᠂ ᠲᠦᠭᠡᠭᠡᠯ ᠤᠰᠤᠨ ᠤ ᠬᠤᠭᠤᠯᠠᠢ ᠵᠡᠷᠭᠡ ᠪᠦᠬᠦᠨ ᠢᠶᠠᠷ ᠢᠶᠠᠨ ᠠᠵᠢᠯ ᠳᠠᠭᠤᠰᠴᠤ᠂ ᠶᠡᠷᠦᠩᠬᠡᠢ | ᠢᠨᠵᠧᠨᠧᠷᠢᠩ ᠤᠨ ᠬᠡᠮᠵᠢᠶᠡᠨ ᠤ 60% ᠠᠴᠠ ᠳᠡᠭᠡᠭᠰᠢᠬᠢ ᠶᠢ ᠪᠡᠶᠡᠯᠡᠭᠦᠯᠪᠡ᠃ ᠪᠠᠲᠤᠯᠠᠭ᠎ᠠ ᠶᠢᠨ ᠴᠢᠨᠠᠷᠲᠠᠢ ᠤᠷᠤᠨ | ᠰᠠᠭᠤᠴᠠ ᠶᠢᠨ ᠢᠨᠵᠧᠨᠧᠷᠢᠩ ᠤᠨ ᠪᠠᠶᠢᠭᠤᠯᠤᠯᠲᠠ ᠡᠷᠴᠢᠮᠲᠡᠢ ᠠᠬᠢᠵᠤ᠂ ᠳᠦᠷᠪᠡᠨ ᠪᠦᠯᠦᠭ ᠪᠠᠲᠤᠯᠠᠭ᠎ᠠ ᠶᠢᠨ ᠤᠷᠤᠨ | ᠰᠠᠭᠤᠴᠠ ᠦᠨᠳᠦᠰᠦᠨ ᠳᠡᠭᠡᠨ ᠠᠵᠢᠯ ᠳᠠᠭᠤᠰᠴᠤ᠂ ᠨᠡᠶᠢᠲᠡ 472 ᠢᠵᠢ ᠭᠡᠷ᠂ 3 ᠲᠦᠮᠡᠨ ᠲᠡᠭᠰᠢ ᠳᠦᠷᠪᠡᠯᠵᠢᠨ | ᠮᠧᠲᠷ᠃ | ᠤᠷᠴᠢᠨ ᠲᠤᠭᠤᠷᠢᠨ ᠤ ᠴᠡᠭᠴᠡᠯᠡᠯᠲᠡ ᠶᠢᠨ ᠬᠦᠴᠦᠯᠡᠴᠡ ᠤᠯᠠᠮ ᠨᠢᠭᠡ ᠠᠯᠬᠤᠮ ᠴᠢᠩᠭᠠᠷᠠᠪᠠ᠃ ᠪᠦᠬᠦ | ᠵᠢᠯ ᠳᠤ ᠭᠤᠤᠯ ᠪᠤᠯᠬᠤ ᠪᠤᠬᠢᠷᠳᠤᠯ ᠪᠤᠳᠠᠰ ᠢ ᠭᠠᠳᠠᠭᠰᠢᠯᠠᠭᠤᠯᠬᠤ᠂ ᠠᠭᠠᠷ ᠮᠠᠨᠳᠠᠯ ᠪᠤᠯᠤᠨ ᠤᠰᠤᠨ ᠤ ᠤᠷᠴᠢᠨ | ᠲᠤᠭᠤᠷᠢᠨ ᠤ ᠪᠤᠵᠠᠷᠳᠤᠯ ᠢ ᠰᠡᠷᠭᠡᠶᠢᠯᠡᠨ ᠵᠠᠰᠠᠬᠤ᠂ ᠤᠷᠴᠢᠨ ᠲᠤᠭᠤᠷᠢᠨ ᠢ ᠬᠢᠨᠠᠨ ᠪᠠᠶᠢᠴᠠᠭᠠᠬᠤ ᠶᠢ ᠴᠢᠩᠭᠠᠳᠬᠠᠬᠤ | ᠵᠡᠷᠭᠡ ᠠᠵᠢᠯ ᠢ ᠡᠷᠴᠢᠮᠲᠡᠢ ᠦᠷᠨᠢᠭᠦᠯᠪᠡ᠃ 9 ᠪᠠᠶᠢᠭᠤᠯᠭ᠎ᠠ ᠶᠢ ᠲᠦᠪᠯᠡᠷᠡᠭᠦᠯᠦᠨ ᠢᠯᠴᠢ ᠬᠠᠩᠭᠠᠬᠤ᠂ 48 | ᠨᠡᠭᠦᠷᠡᠰᠦᠨ ᠵᠤᠤᠬ᠎ᠠ ᠶᠢ ᠬᠦᠬᠦᠷ ᠦᠭᠡᠶᠢᠲᠡᠭᠦᠯᠦᠨ ᠦᠭᠡᠷᠡᠴᠢᠯᠡᠬᠦ᠂ 44 ᠨᠡᠭᠦᠷᠡᠰᠦᠨ ᠵᠤᠤᠬ᠎ᠠ ᠶᠢ ᠲᠤᠭᠤᠰᠤ | ᠠᠷᠢᠯᠭᠠᠬᠤ᠂ 2 ᠠᠵᠤ ᠦᠢᠯᠡᠳᠪᠦᠷᠢ ᠶᠢ ᠦᠭᠡᠷᠡᠴᠢᠯᠡᠨ ᠪᠠᠶᠢᠭᠤᠯᠬᠤ ᠶᠢ ᠪᠡᠶᠡᠯᠡᠭᠦᠯᠪᠡ︔ ᠠᠭᠤᠷᠰᠢᠯᠲᠠ ᠨᠢ 10 | ᠲᠤᠨ ᠠᠴᠠ ᠳᠤᠷᠤᠭᠰᠢᠬᠢ ᠨᠡᠭᠦᠷᠡᠰᠦᠨ ᠵᠤᠤᠬ᠎ᠠ ᠶᠢ ᠦᠭᠡᠶᠢᠰᠬᠡᠬᠦ᠂ ᠬᠤᠲᠠ ᠲᠤᠭᠤᠷᠢᠭ ᠤᠨ ᠡᠷᠭᠢᠨ ᠲᠤᠭᠤᠷᠢᠨ ᠤ | 4618 ᠡᠷᠦᠬᠡ ᠶᠢᠨ ᠨᠡᠭᠦᠷᠡᠰᠦᠨ ᠵᠤᠤᠬ᠎ᠠ ᠶᠢ ᠦᠭᠡᠷᠡᠴᠢᠯᠡᠨ ᠪᠠᠶᠢᠭᠤᠯᠬᠤ ᠶᠢ ᠪᠡᠶᠡᠯᠡᠭᠦᠯᠪᠡ᠃ ᠬᠤᠲᠠ | ᠲᠤᠭᠤᠷᠢᠭ ᠤᠨ ᠠᠭᠠᠷ ᠮᠠᠨᠳᠠᠯ ᠤᠨ ᠴᠢᠨᠠᠷ ᠴᠢᠨᠰᠠᠭ᠎ᠠ ᠰᠠᠶᠢᠨ ᠡᠳᠦᠷ 310 ᠡᠳᠦᠷ ᠬᠦᠷᠪᠡ᠃ ᠬᠢᠮᠢ ᠶᠢᠨ ᠤᠷᠪᠠᠯ | ᠳᠤ ᠬᠡᠷᠡᠭᠰᠡᠬᠦ ᠭᠦᠴᠢᠯᠳᠦ᠋ᠷᠦᠭᠴᠢ ᠶᠢᠨ ᠢᠯᠭᠠᠷᠠᠭᠤᠯᠬᠤ ᠬᠡᠮᠵᠢᠶ᠎ᠡ 2% ᠳᠤᠷᠤᠭᠰᠢᠯᠠᠵᠤ᠂ ᠬᠦᠬᠦᠷ ᠤᠨ ᠳᠠᠪᠬᠤᠷ | ᠢᠰᠦᠯ ᠪᠤᠯᠤᠨ ᠠᠽᠤᠲ ᠤᠨ ᠢᠰᠦᠮᠡᠭ ᠢ ᠢᠯᠭᠠᠷᠠᠭᠤᠯᠬᠤ ᠬᠡᠮᠵᠢᠶ᠎ᠡ 3% ᠪᠠᠭᠠᠰᠪᠠ᠃ ᠨᠢᠭᠡᠳᠦᠭᠡᠷ ᠤᠰᠤᠨ ᠤ | ᠦᠢᠯᠡᠳᠪᠦᠷᠢ ᠶᠢᠨ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠤᠷᠤᠨ ᠢ ᠲᠦᠪᠯᠡᠷᠡᠭᠦᠯᠦᠨ ᠴᠡᠭᠴᠡᠯᠡᠪᠡ᠃ | ᠤᠷᠴᠢᠨ ᠲᠤᠭᠤᠷᠢᠨ ᠤ ᠬᠢᠨᠠᠨ ᠬᠠᠮᠠᠭᠠᠯᠠᠯᠲᠠ ᠶᠢᠨ ᠲᠤᠤᠷᠵᠢᠯ ᠢ ᠪᠦᠷᠢᠯᠳᠦᠭᠦᠯᠪᠡ᠃ ᠡᠯ᠎ᠡ ᠲᠦᠷᠦᠯ ᠤᠨ ᠤᠷᠴᠢᠨ | ᠲᠤᠭᠤᠷᠢᠨ ᠤ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ 5 ᠬᠡᠷᠡᠭ ᠢ ᠬᠠᠤᠯᠢ | ᠶᠤᠰᠤᠭᠠᠷ ᠪᠠᠶᠢᠴᠠᠭᠠᠨ ᠪᠢᠲᠡᠭᠦᠮᠵᠢᠯᠡᠵᠦ᠂ 2 ᠬᠡᠷᠡᠭ ᠢ ᠵᠠᠷᠯᠢᠭᠳᠠᠨ ᠦᠢᠯᠡᠳᠪᠦᠷᠢᠯᠡᠬᠦ ᠶᠢ ᠵᠤᠭᠰᠤᠭᠠᠵᠤ ᠴᠡᠭᠴᠡᠯᠡᠨ᠂ | 1 ᠬᠡᠷᠡᠭ ᠢ ᠰᠢᠭᠦᠬᠦ ᠬᠤᠷᠢᠶᠠᠨ ᠳᠤ ᠡᠷᠡᠮᠡᠯᠵᠡᠨ ᠠᠯᠪᠠᠳᠠᠯᠭ᠎ᠠ ᠪᠠᠷ ᠬᠡᠷᠡᠭᠵᠢᠭᠦᠯᠵᠦ᠂ 17 ᠬᠡᠷᠡᠭ ᠲᠤ ᠵᠠᠰᠠᠭ | ᠵᠠᠬᠢᠷᠭᠠᠨ ᠤ ᠲᠤᠷᠭᠠᠭᠤᠯᠢ ᠦᠭᠪᠡ᠃ ︽ᠵᠦᠪᠰᠢᠶᠡᠷᠡᠯ ᠦᠭᠡᠢ ᠪᠠᠷ ᠪᠠᠷᠢᠭᠰᠠᠨ︾ ᠤᠷᠴᠢᠨ ᠲᠤᠭᠤᠷᠢᠨ ᠤ | ᠳᠦᠷᠢᠮ ᠠᠴᠠ ᠵᠦᠷᠢᠴᠡᠭᠰᠡᠨ 8 ᠲᠦᠷᠦᠯ ᠵᠦᠢᠯ ᠢ ᠴᠡᠭᠴᠡᠯᠡᠨ ᠠᠷᠢᠯᠭᠠᠪᠠ᠃ 4 ᠠᠵᠤ ᠠᠬᠤᠶᠢᠯᠠᠯ ︽ᠭᠤᠷᠪᠠᠨ | ᠬᠠᠮᠲᠤᠪᠡᠷ︾ ᠵᠦᠪᠰᠢᠶᠡᠷᠡᠨ ᠰᠢᠯᠭᠠᠬᠤ ᠶᠢ ᠦᠩᠭᠡᠷᠡᠵᠦ᠂ 2 ᠠᠵᠤ ᠠᠬᠤᠶᠢᠯᠠᠯ ᠲᠦᠷ ᠴᠠᠭ ᠤᠨ ᠪᠤᠬᠢᠷᠳᠤᠯ | ᠢᠯᠭᠠᠷᠠᠭᠤᠯᠬᠤ ᠵᠦᠪᠰᠢᠶᠡᠷᠡᠯ ᠤᠯᠪᠠ᠃ ᠡᠮ ᠡᠮᠨᠡᠯᠭᠡ ᠶᠢᠨ ᠬᠠᠶᠠᠭᠳᠠᠮᠠᠯ ᠢ ᠰᠢᠢᠳᠪᠦᠷᠢᠯᠡᠬᠦ ᠲᠦᠪ 2010 ᠲᠤᠨ | ᠡᠮ ᠡᠮᠨᠡᠯᠭᠡ ᠶᠢᠨ ᠬᠠᠶᠠᠭᠳᠠᠮᠠᠯ ᠢ ᠰᠢᠢᠳᠪᠦᠷᠢᠯᠡᠪᠡ᠃ ᠬᠢᠨᠠᠨ ᠪᠠᠶᠢᠴᠠᠭᠠᠬᠤ ᠦᠷᠲᠡᠭᠡᠨ ᠤ ᠬᠢᠨᠠᠨ ᠰᠢᠯᠭᠠᠬᠤ | ᠦᠷᠦᠭᠡ ᠶᠢᠨ ᠭᠤᠷᠪᠠᠨ ᠳᠡᠰ ᠤᠨ ᠪᠠᠷᠢᠮᠵᠢᠶ᠎ᠡ ᠶᠢ ᠦᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠪᠦᠬᠦ ᠵᠢᠯ ᠳᠤ | 1479 ᠤᠷᠴᠢᠨ ᠲᠤᠭᠤᠷᠢᠨ ᠤ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠤᠯᠪᠠ᠃ | ᠠᠶᠤᠯᠭᠦᠢ ᠦᠢᠯᠡᠳᠪᠦᠷᠢᠯᠡᠯ ᠤᠨ ᠬᠠᠨᠳᠤᠰᠢ ᠬᠠᠲᠠᠭᠤ ᠰᠢᠯᠭᠠᠯᠲᠠ ᠳᠤ ᠤᠴᠠᠷᠠᠪᠠ᠃ ᠪᠦᠬᠦ ᠵᠢᠯ ᠳᠤ | ᠠᠶᠤᠯᠭᠦᠢ ᠦᠢᠯᠡᠳᠪᠦᠷᠢᠯᠡᠯ ᠤᠨ ᠠᠳᠡᠯ ᠤᠨ ᠬᠡᠷᠡᠭ 65 ᠡᠭᠦᠰᠴᠦ᠂ 6 ᠬᠦᠮᠦᠨ ᠦᠬᠦᠵᠦ᠂ ᠳᠡᠭᠡᠷ᠎ᠡ ᠵᠢᠯ ᠠᠴᠠ | ᠲᠤᠰᠪᠤᠷᠢ 20% ᠪᠤᠯᠤᠨ 200% ᠳᠡᠭᠡᠭᠰᠢᠯᠡᠵᠦ᠂ ᠳ᠋ᠦᠩᠰᠢᠭᠤᠷ ᠲᠦᠭᠦᠷᠢᠭ ᠤᠨ GDP ᠤᠨ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠦᠬᠦᠵᠦ ᠠᠳᠡᠭᠰᠡᠨ ᠨᠤᠷᠮ᠎ᠠ 0.0189᠂ 182% | ᠪᠤᠯᠤᠨ ᠳᠡᠭᠡᠭᠰᠢᠯᠡᠪᠡ᠃ | ᠠᠷᠪᠠ᠂ ᠬᠦᠮᠦᠨ ᠠᠮᠠ᠂ ᠠᠷᠠᠳ ᠤᠨ ᠠᠮᠢᠳᠤᠷᠠᠯ ᠪᠤᠯᠤᠨ ᠨᠡᠶᠢᠭᠡᠮ ᠤᠨ ᠪᠠᠲᠤᠯᠠᠭ᠎ᠠ | ᠬᠦᠮᠦᠨ ᠠᠮᠠ ᠲᠤᠭᠲᠠᠭᠤᠨ ᠨᠡᠮᠡᠭᠳᠡᠪᠡ᠃ ᠬᠦᠮᠦᠨ ᠠᠮᠠ ᠶᠢᠨ ᠶᠠᠩᠵᠤ ᠰᠤᠭᠤᠯᠬᠤ ᠪᠠᠶᠢᠴᠠᠭᠠᠯᠲᠠ ᠶᠢᠨ | ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ ᠵᠢᠯ ᠤᠨ ᠡᠴᠦᠰ ᠤᠨ ᠪᠦᠬᠦ ᠲᠤᠭᠤᠷᠢᠭ ᠤᠨ ᠪᠠᠶᠢᠩᠭᠤ ᠶᠢᠨ | ᠰᠠᠭᠤᠭᠠᠯᠢ ᠠᠷᠠᠳ 46.15 ᠲᠦᠮᠡᠨ ᠬᠦᠮᠦᠨ᠂ ᠳᠡᠭᠡᠷ᠎ᠡ ᠵᠢᠯ ᠠᠴᠠ 0.1 ᠲᠦᠮᠡᠨ ᠬᠦᠮᠦᠨ ᠨᠡᠮᠡᠭᠳᠡᠵᠦ᠂ | ᠡᠭᠦᠨ ᠳᠤ ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ 44.68 ᠲᠦᠮᠡᠨ ᠬᠦᠮᠦᠨ᠂ ᠶᠡᠷᠦᠩᠬᠡᠢ | ᠬᠦᠮᠦᠨ ᠠᠮᠠ ᠶᠢᠨ ᠬᠠᠷᠢᠴᠠᠯ ᠤᠨ 96.81% ᠶᠢ ᠡᠵᠡᠯᠡᠨ᠎ᠡ᠃ ᠪᠦᠬᠦ ᠵᠢᠯ ᠤᠨ ᠰᠢᠨ᠎ᠡ ᠨᠡᠮᠡᠭᠳᠡᠭᠰᠡᠨ ᠬᠦᠮᠦᠨ ᠠᠮᠠ | 0.42 ᠲᠦᠮᠡᠨ ᠬᠦᠮᠦᠨ᠂ ᠲᠦᠷᠦᠯᠲᠠ ᠶᠢᠨ ᠨᠤᠷᠮ᠎ᠠ 9.10‰︔ ᠨᠠᠰᠤ ᠨᠦᠭᠴᠢᠭᠰᠡᠨ ᠬᠦᠮᠦᠨ ᠠᠮᠠ 0.22 | ᠲᠦᠮᠡᠨ ᠬᠦᠮᠦᠨ᠂ ᠦᠬᠦᠯᠲᠡ ᠶᠢᠨ ᠨᠤᠷᠮ᠎ᠠ 4.77‰︔ ᠠᠶᠠᠨᠳᠠᠭᠠᠨ ᠦᠰᠦᠯᠲᠡ ᠶᠢᠨ ᠨᠤᠷᠮ᠎ᠠ 4.33‰᠃ | ᠪᠦᠬᠦ ᠲᠤᠭᠤᠷᠢᠭ ᠤᠨ ᠡᠷᠦᠬᠡ ᠠᠮᠠ ᠶᠢᠨ ᠳᠠᠩᠰᠠᠨ ᠳᠠᠬᠢ ᠬᠦᠮᠦᠨ ᠠᠮᠠ 35.42 ᠲᠦᠮᠡᠨ ᠬᠦᠮᠦᠨ᠂ ᠳᠡᠭᠡᠷ᠎ᠡ | ᠵᠢᠯ ᠠᠴᠠ 0.8% ᠳᠤᠷᠤᠭᠰᠢᠯᠠᠪᠠ᠃ ᠡᠭᠦᠨ ᠳᠤ᠂ ᠬᠤᠲᠠ ᠪᠠᠯᠭᠠᠰᠤᠨ ᠤ ᠬᠦᠮᠦᠨ ᠠᠮᠠ 27.6 ᠲᠦᠮᠡᠨ | ᠬᠦᠮᠦᠨ᠂ 1.1% ᠳᠤᠷᠤᠭᠰᠢᠯᠠᠪᠠ᠃ ᠶᠡᠷᠦᠩᠬᠡᠢ ᠡᠷᠦᠬᠡ ᠠᠮᠠ ᠶᠢᠨ ᠲᠤᠭ᠎ᠠ 14. 72 ᠲᠦᠮᠡᠨ ᠡᠷᠦᠬᠡ᠂ 0. | 8% ᠳᠤᠷᠤᠭᠰᠢᠯᠠᠪᠠ᠃ | ᠰᠠᠭᠤᠭᠠᠯᠢ ᠠᠷᠠᠳ ᠤᠨ ᠤᠷᠤᠯᠭ᠎ᠠ ᠲᠤᠭᠲᠠᠭᠤᠨ ᠨᠡᠮᠡᠭᠳᠡᠪᠡ᠃ ᠪᠦᠬᠦ ᠰᠠᠭᠤᠭᠠᠯᠢ ᠠᠷᠠᠳ ᠤᠨ ᠬᠦᠮᠦᠨ | ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ 29757 ᠲᠦᠭᠦᠷᠢᠭ᠂ ᠳᠡᠭᠡᠷ᠎ᠡ ᠵᠢᠯ ᠠᠴᠠ 8.6% | ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ | ᠡᠵᠡᠮᠳᠡᠵᠦ ᠪᠤᠯᠬᠤᠶᠢᠴᠠ ᠤᠷᠤᠯᠭ᠎ᠠ 30520 ᠲᠦᠭᠦᠷᠢᠭ᠂ 8.9% ᠨᠡᠮᠡᠭᠳᠡᠪᠡ︔ ᠬᠦᠳᠡᠭᠡ ᠲᠤᠰᠬᠤᠨ ᠤ | ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ 16147 | ᠲᠦᠭᠦᠷᠢᠭ᠂ 7.7% ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ | ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 19217 ᠲᠦᠭᠦᠷᠢᠭ᠂ 6.3% ᠨᠡᠮᠡᠭᠳᠡᠪᠡ︔ ᠬᠦᠳᠡᠭᠡ ᠲᠤᠰᠬᠤᠨ ᠤ | ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 13200 ᠲᠦᠭᠦᠷᠢᠭ᠂ | 6.5% ᠨᠡᠮᠡᠭᠳᠡᠪᠡ᠃ | ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠦᠷᠭᠦᠯᠵᠢᠯᠡᠨ ᠳᠡᠭᠡᠭᠰᠢᠯᠡᠪᠡ᠃ ᠵᠢᠯ ᠤᠨ ᠡᠴᠦᠰ ᠪᠦᠬᠦ | ᠲᠤᠭᠤᠷᠢᠭ ᠲᠤ ᠠᠯᠪᠠᠨ ᠠᠴᠠ ᠡᠷᠬᠢᠯᠡᠭᠰᠡᠨ ᠨᠡᠶᠢᠭᠡᠮ ᠤᠨ ᠠᠰᠠᠷᠠᠮᠵᠢ ᠶᠢᠨ ᠴᠢᠨᠠᠷᠲᠠᠢ ᠪᠠᠶᠢᠭᠤᠯᠭ᠎ᠠ 2 ᠪᠠᠶᠢᠵᠤ᠂ | 277 ᠤᠷᠤ ᠲᠠᠢ᠃ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠠᠮᠤᠭ ᠳᠤᠤᠷ᠎ᠠ ᠠᠮᠢᠳᠤᠷᠠᠯ ᠤᠨ | ᠪᠠᠲᠤᠯᠠᠭ᠎ᠠ ᠶᠢᠨ ᠨᠦᠬᠦᠪᠦᠷᠢ ᠲᠠᠢ 5495 ᠬᠦᠮᠦᠨ ᠪᠠᠶᠢᠵᠤ᠂ ᠪᠠᠷᠢᠮᠵᠢᠶ᠎ᠠ ᠨᠢ 2015 ᠤᠨ ᠤ ᠰᠠᠷ᠎ᠠ ᠪᠦᠷᠢ | 520 ᠲᠦᠭᠦᠷᠢᠭ ᠠᠴᠠ 555 ᠲᠦᠭᠦᠷᠢᠭ ᠪᠤᠯᠤᠨ ᠳᠡᠭᠡᠭᠰᠢᠯᠡᠪᠡ︔ ᠬᠦᠳᠡᠭᠡ ᠲᠤᠰᠬᠤᠨ ᠤ ᠰᠠᠭᠤᠭᠠᠯᠢ | ᠠᠷᠠᠳ ᠤᠨ ᠬᠠᠮᠤᠭ ᠤᠨ ᠳᠤᠤᠷ᠎ᠠ ᠠᠮᠢᠳᠤᠷᠠᠯ ᠤᠨ ᠪᠠᠲᠤᠯᠠᠭ᠎ᠠ ᠶᠢᠨ ᠨᠦᠬᠦᠪᠦᠷᠢ ᠲᠠᠢ 5451 ᠬᠦᠮᠦᠨ ᠪᠠᠶᠢᠵᠤ᠂ | ᠪᠠᠷᠢᠮᠵᠢᠶ᠎ᠠ ᠨᠢ 2015 ᠤᠨ ᠤ ᠵᠢᠯ ᠪᠦᠷᠢ 3850 ᠲᠦᠭᠦᠷᠢᠭ ᠠᠴᠠ 4000 ᠲᠦᠭᠦᠷᠢᠭ ᠪᠤᠯᠤᠨ ᠳᠡᠭᠡᠭᠰᠢᠯᠡᠪᠡ | ᠃ ᠪᠦᠬᠦ ᠵᠢᠯ ᠳᠤ 5040 ᠲᠦᠮᠡᠨ ᠲᠦᠭᠦᠷᠢᠭ ᠤᠨ ᠳᠤᠤᠷ᠎ᠠ ᠪᠠᠲᠤᠯᠠᠭ᠎ᠠ ᠶᠢᠨ ᠮᠦᠩᠭᠦ ᠲᠠᠷᠬᠠᠭᠠᠪᠠ᠃ ᠮᠠᠨ ᠤ | ᠲᠤᠭᠤᠷᠢᠭ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠤᠷᠤᠯᠴᠠᠭᠰᠠᠨ ᠨᠤᠷᠮ᠎ᠠ 99% ᠬᠦᠷᠪᠡ᠃ ᠰᠢᠨ᠎ᠡ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠶᠢᠨ | ᠳᠠᠭᠠᠳᠬᠠᠯ ᠳᠤ ᠤᠷᠤᠯᠴᠠᠭᠰᠠᠳ 82481 ᠬᠦᠮᠦᠨ ᠪᠠᠶᠢᠵᠤ᠂ ᠤᠷᠤᠯᠴᠠᠭᠰᠠᠨ ᠨᠤᠷᠮ᠎ᠠ 99.57%᠃ | ᠲᠠᠶᠢᠯᠪᠤᠷᠢ᠄ | 1. ᠲᠤᠰ ᠠᠯᠪᠠᠨ ᠮᠡᠳᠡᠭᠡ ᠪᠤᠯ ᠠᠩᠬ᠎ᠠ ᠠᠯᠬᠤᠮ ᠤᠨ ᠪᠦᠷᠢᠳᠬᠡᠯ ᠤᠨ ᠲᠤᠭ᠎ᠠ ᠪᠠᠷᠢᠮᠲᠠ᠃ | 2. ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ᠂ ᠡᠯ᠎ᠡ ᠠᠵᠤ ᠦᠢᠯᠡᠰ ᠤᠨ ᠨᠡᠮᠡᠭᠳᠡᠯ | ᠦᠷᠲᠡᠭ ᠢ ᠤᠳᠤᠬᠠᠨ ᠤ ᠦᠨ᠎ᠡ ᠬᠠᠩᠰᠢ ᠪᠠᠷ ᠪᠤᠳᠤᠵᠤ᠂ ᠨᠡᠮᠡᠭᠳᠡᠯ ᠤᠨ ᠬᠤᠷᠳᠤᠴᠠ ᠶᠢ ᠬᠠᠷᠢᠴᠠᠭᠤᠯᠬᠤ | ᠦᠨ᠎ᠡ ᠪᠠᠷ ᠪᠤᠳᠤᠪᠠ᠃ | 3. ᠠᠯᠪᠠᠨ ᠮᠡᠳᠡᠭᠡ ᠳᠠᠬᠢ ᠬᠡᠰᠡᠭ ᠪᠦᠯᠦᠭ ᠪᠠᠷᠢᠮᠲᠠ ᠶᠢ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ | ᠬᠠᠩᠭᠠᠪᠠ᠃ | |