ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ 2016 ᠤᠨ ᠤ ᠡᠳ᠋ ᠤᠨ ᠵᠠᠰᠠᠭ ᠤᠨ ᠲᠦᠰᠦᠪ ᠢ ᠭᠦᠢᠴᠡᠳᠬᠡᠭᠰᠡᠨ ᠪᠠᠶᠢᠳᠠᠯ ᠪᠤᠯᠤᠨ 2017 ᠤᠨ ᠤ ᠡᠳ᠋ ᠤᠨ ᠵᠠᠰᠠᠭ ᠤᠨ ᠲᠦᠰᠦᠪ ᠤᠨ ᠲᠦᠰᠦᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2017-05-15
                 — — 2017 ᠤᠨ ᠤ 1 ᠰᠠᠷ᠎ᠠ ᠶᠢᠨ 12 ᠤ ᠡᠳᠦᠷ                  ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ                  ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ                  ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠳᠡᠭᠡᠷ᠎ᠡ                  ᠤᠯᠠᠭᠠᠨᠬᠠᠳᠠ ᠬᠤᠲᠠ ᠶᠢᠨ ᠬᠤᠩ ᠱᠠᠨ ᠲᠤᠭᠤᠷᠢᠭ ᠤᠨ                  ᠡᠳ᠋ ᠤᠨ ᠵᠠᠰᠠᠭ ᠤᠨ ᠲᠤᠪᠴᠢᠶ᠎ᠠ    ᠯᠢᠦ ᠶᠢᠨ ᠹᠦ᠋ᠲᠦᠯᠦᠭᠡᠯᠡᠭᠴᠢᠳ ᠡ᠄        ᠪᠢ ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ᠂ ᠤᠳᠤ ᠬᠤᠩ ᠱᠠᠨ ᠲᠤᠭᠤᠷᠢᠭ ᠤᠨ 2016 ᠤᠨ ᠤ ᠡᠳ᠋ ᠤᠨ ᠵᠠᠰᠠᠭ ᠤᠨ ᠲᠦᠰᠦᠪ ᠢ ᠭᠦᠢᠴᠡᠳᠭᠡᠭᠰᠡᠨ ᠪᠠᠶᠢᠳᠠᠯ ᠪᠤᠯᠤᠨ 2017 ᠤᠨ ᠤ ᠡᠳ᠋ ᠤᠨ ᠵᠠᠰᠠᠭ ᠤᠨ ᠲᠦᠰᠦᠪ ᠤᠨ ᠲᠦᠰᠦᠯ ᠤᠨ ᠮᠡᠳᠡᠭᠦᠯᠦᠯᠲᠡ ᠶᠢ ᠲᠤᠭᠤᠷᠢᠭ ᠤᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠳᠤ ᠬᠠᠷᠢᠭᠤ ᠮᠡᠳᠡᠭᠦᠯᠦᠶ᠎ᠡ᠂ ᠬᠢᠨᠠᠨ ᠵᠦᠪᠯᠡᠬᠦ  ᠶᠢᠨ ᠬᠠᠮᠳᠦ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠳᠤᠷᠠᠳᠬᠤ ᠪᠤᠯᠪᠠᠤ᠃        ᠨᠢᠭᠡ᠂ 2016 ᠤᠨ ᠤ ᠪᠦᠬᠦ ᠲᠤᠭᠤᠷᠢᠭ ᠤᠨ ᠡᠳ᠋ ᠤᠨ ᠵᠠᠰᠠᠭ ᠤᠨ ᠲᠦᠰᠦᠪ ᠢ ᠭᠦᠢᠴᠡᠳᠭᠡᠭᠰᠡᠨ ᠪᠠᠶᠢᠳᠠᠯ        2016 ᠤᠨ ᠳᠤ᠂ ᠲᠤᠭᠤᠷᠢᠭ ᠤᠨ ᠨᠠᠮ ᠤᠨ ᠬᠤᠷᠢᠶᠠᠨ ᠤ ᠵᠦᠪ ᠤᠨᠤᠪᠴᠢᠲᠡᠢ ᠤᠳᠤᠷᠢᠳᠤᠯᠭ᠎ᠠ ᠪᠠ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠳᠤᠤᠷ᠎ᠠ᠂ ᠡᠯ᠎ᠡ ᠰᠠᠯᠠᠭ᠎ᠠ ᠮᠦᠴᠢᠷ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠰᠢᠢᠳᠪᠦᠷᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭᠲᠠᠭᠤᠨ ᠤ ᠳᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠶᠡᠷᠦᠩᠬᠡᠢ ᠰᠠᠨᠠᠭ᠎ᠠ ᠶᠢ ᠪᠠᠷᠢᠮᠲᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠬᠤ ᠪᠠᠷ ᠭᠤᠤᠯ ᠱᠤᠭᠤᠮ ᠪᠤᠯᠭᠠᠨ᠂ ᠲᠤᠭᠤᠷᠢᠭ ᠤᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠲᠠᠪᠤᠳᠤᠭᠠᠷ ᠬᠤᠷᠠᠯᠳᠤᠭᠠᠨ ᠠᠴᠠ ᠬᠢᠨᠠᠨ ᠪᠠᠲᠤᠯᠠᠭᠰᠠᠨ ᠡᠳ᠋ ᠤᠨ ᠵᠠᠰᠠᠭ ᠤᠨ ᠲᠦᠰᠦᠪ ᠢ ᠨᠠᠷᠢᠨ ᠬᠢᠨᠠᠮᠠᠭᠠᠢ ᠭᠦᠢᠴᠡᠳᠬᠡᠵᠦ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠦᠰᠦᠪ ᠤᠨ ᠤᠷᠢᠳᠴᠢᠯᠡᠨ ᠵᠢᠱᠢᠭᠰᠡᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠂ ᠡᠳ᠋ ᠤᠨ ᠵᠠᠰᠠᠭ ᠤᠨ ᠲᠦᠰᠦᠪ ᠢ ᠭᠦᠢᠴᠡᠳᠭᠡᠭᠰᠡᠨ ᠪᠠᠶᠢᠳᠠᠯ ᠨᠡᠯᠢᠶᠡᠳ ᠰᠠᠶᠢᠨ᠃        ︵ᠨᠢᠭᠡ︶ ᠡᠩ ᠤᠨ ᠤᠯᠠᠨ ᠨᠡᠶᠢᠲᠡ ᠶᠢᠨ ᠲᠦᠰᠦᠪ ᠢ ᠭᠦᠢᠴᠡᠳᠭᠡᠭᠰᠡᠨ ᠪᠠᠶᠢᠳᠠᠯ        2016 ᠤᠨ ᠪᠤᠯ ᠪᠦᠬᠦ ᠲᠤᠭᠤᠷᠢᠭ ᠤᠨ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ 231335 ᠲᠦᠮᠡᠨ ᠲᠦᠭᠦᠷᠢᠭ ᠬᠦᠷᠴᠦ᠂ ᠲᠦᠰᠦᠪ ᠤᠨ ᠡᠭᠦᠷᠭᠡ ᠶᠢ 100% ᠪᠠᠷ ᠪᠡᠶᠡᠯᠡᠭᠦᠯᠦᠨ᠂ ᠨᠢᠳᠤᠨᠤᠨ ᠤ ᠠᠳᠠᠯᠢ ᠬᠤᠭᠤᠴᠠᠭᠠᠨ ᠤ 216200 ᠲᠦᠮᠡᠨ ᠲᠦᠭᠦᠷᠢᠭ ᠠᠴᠠ 15135 ᠲᠦᠮᠡᠨ ᠲᠦᠭᠦᠷᠢᠭ ᠤᠨ ᠤᠷᠤᠯᠭ᠎ᠠ ᠨᠡᠮᠡᠭᠳᠡᠵᠦ᠂ 7% ᠪᠠᠷ ᠨᠡᠮᠡᠭᠳᠡᠪᠡ᠃ ᠡᠭᠦᠨ ᠳᠤ᠂ ᠭᠠᠶᠢᠯᠢ ᠶᠢᠨ ᠤᠷᠤᠯᠭ᠎ᠠ 167374 ᠲᠦᠮᠡᠨ ᠲᠦᠭᠦᠷᠢᠭ ᠬᠦᠷᠴᠦ᠂ ᠠᠳᠠᠯᠢ ᠬᠤᠭᠤᠴᠠᠭᠠᠨ ᠠᠴᠠ 8569 ᠲᠦᠮᠡᠨ ᠲᠦᠭᠦᠷᠢᠭ ᠨᠡᠮᠡᠭᠳᠡᠨ᠂ 5.4% ᠪᠠᠷ ᠨᠡᠮᠡᠭᠳᠡᠪᠡ︔ ᠭᠠᠶᠢᠯᠢ ᠶᠢᠨ ᠪᠤᠰᠤ ᠤᠷᠤᠯᠭ᠎ᠠ 63961 ᠲᠦᠮᠡᠨ ᠲᠦᠭᠦᠷᠢᠭ ᠬᠦᠷᠴᠦ᠂ ᠠᠳᠠᠯᠢ ᠬᠤᠭᠤᠴᠠᠭᠠᠨ ᠠᠴᠠ 6566 ᠲᠦᠮᠡᠨ ᠲᠦᠭᠦᠷᠢᠭ ᠨᠡᠮᠡᠭᠳᠡᠨ᠂ 11.4% ᠪᠠᠷ ᠨᠡᠮᠡᠭᠳᠡᠪᠡ᠃        2016 ᠤᠨ ᠳᠤ ᠡᠩ ᠤᠨ ᠤᠯᠠᠨ ᠨᠡᠶᠢᠲᠡ ᠶᠢᠨ ᠲᠦᠰᠦᠪ ᠤᠨ ᠵᠠᠷᠤᠯᠭ᠎ᠠ 268666 ᠲᠦᠮᠡᠨ ᠲᠦᠭᠦᠷᠢᠭ ᠬᠦᠷᠴᠦ᠂ 273070 ᠲᠦᠮᠡᠨ ᠲᠦᠭᠦᠷᠢᠭ ᠤᠨ 98.4% ᠪᠠᠷ ᠲᠤᠬᠢᠷᠠᠭᠤᠯᠪᠠ᠃        ᠭᠤᠤᠯ ᠵᠠᠷᠤᠯᠭ᠎ᠠ ᠶᠢᠨ ᠲᠦᠷᠦᠯ ᠤᠨ ᠪᠡᠶᠡᠯᠡᠭᠳᠡᠭᠰᠡᠨ ᠪᠠᠶᠢᠳᠠᠯ᠄ ᠡᠩ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 24075 ᠲᠦᠮᠡᠨ ᠲᠦᠭᠦᠷᠢᠭ᠂ ᠲᠦᠰᠦᠪ ᠢ 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 1435 ᠲᠦᠮᠡᠨ ᠲᠦᠭᠦᠷᠢᠭ ᠪᠠᠭᠤᠷᠠᠨ᠂ 5.6% ᠪᠠᠷ ᠪᠠᠭᠠᠰᠪᠠ︔ ᠤᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 17212 ᠲᠦᠮᠡᠨ ᠲᠦᠭᠦᠷᠢᠭ᠂ ᠲᠦᠰᠦᠪ ᠢ 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 9576 ᠲᠦᠮᠡᠨ ᠲᠦᠭᠦᠷᠢᠭ ᠪᠠᠭᠤᠷᠠᠵᠤ᠂ 35.7% ᠪᠠᠷ ᠪᠠᠭᠠᠰᠪᠠ︔ ᠰᠤᠷᠭᠠᠨ ᠬᠦᠮᠦᠵᠢᠯ ᠤᠨ ᠵᠠᠷᠤᠯᠭ᠎ᠠ 71517 ᠲᠦᠮᠡᠨ ᠲᠦᠭᠦᠷᠢᠭ᠂ ᠲᠦᠰᠦᠪ ᠢ 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 11014 ᠲᠦᠮᠡᠨ ᠲᠦᠭᠦᠷᠢᠭ ᠨᠡᠮᠡᠭᠳᠡᠨ᠂ 18.2% ᠪᠠᠷ ᠨᠡᠮᠡᠭᠳᠡᠪᠡ︔ ᠰᠢᠨᠵᠢᠯᠡᠭᠡ ᠮᠡᠷᠭᠡᠵᠢᠯ ᠤᠨ ᠵᠠᠷᠤᠯᠭ᠎ᠠ 4050 ᠲᠦᠮᠡᠨ ᠲᠦᠭᠦᠷᠢᠭ᠂ ᠲᠦᠰᠦᠪ ᠢ 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 1606 ᠲᠦᠮᠡᠨ ᠲᠦᠭᠦᠷᠢᠭ ᠨᠡᠮᠡᠭᠳᠡᠨ᠂ 65.7% ᠪᠠᠷ ᠨᠡᠮᠡᠭᠳᠡᠪᠡ︔ ᠰᠤᠶᠤᠯ ᠲᠠᠮᠢᠷ ᠪᠠ ᠵᠠᠭᠤᠴᠢᠯᠠᠭᠤᠷ ᠤᠨ ᠵᠠᠷᠤᠯᠭ᠎ᠠ 1818 ᠲᠦᠮᠡᠨ ᠲᠦᠭᠦᠷᠢᠭ᠂ ᠲᠦᠰᠦᠪ ᠢ 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 288 ᠲᠦᠮᠡᠨ ᠲᠦᠭᠦᠷᠢᠭ ᠪᠠᠭᠠᠰᠴᠤ᠂ 13.7% ᠪᠠᠷ ᠪᠠᠭᠠᠰᠪᠠ︔ ᠨᠡᠶᠢᠭᠡᠮ ᠤᠨ ᠪᠠᠲᠤᠯᠠᠭ᠎ᠠ ᠪᠤᠯᠤᠨ ᠠᠵᠢᠯ ᠤᠯᠭᠤᠯᠲᠠ ᠶᠢᠨ ᠵᠠᠷᠤᠯᠭ᠎ᠠ 41686 ᠲᠦᠮᠡᠨ ᠲᠦᠭᠦᠷᠢᠭ᠂ ᠲᠦᠰᠦᠪ ᠢ 91.7% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 3148 ᠲᠦᠮᠡᠨ ᠲᠦᠭᠦᠷᠢᠭ ᠨᠡᠮᠡᠭᠳᠡᠨ᠂ 8.2% ᠪᠠᠷ ᠨᠡᠮᠡᠭᠳᠡᠪᠡ︔ ᠡᠮ ᠡᠮᠨᠡᠯᠭᠡ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠲᠦ ᠦᠷᠡᠵᠢᠯ ᠤᠨ ᠵᠠᠷᠤᠯᠭ᠎ᠠ 16625 ᠲᠦᠮᠡᠨ ᠲᠦᠭᠦᠷᠢᠭ᠂ ᠲᠦᠰᠦᠪ ᠢ 100% ᠪᠠᠷ ᠪᠡᠶᠡᠯᠡᠭᠦᠯᠵᠦ ᠂ ᠳᠡᠭᠡᠷ᠎ᠡ ᠵᠢᠯ ᠠᠴᠠ 1095 ᠲᠦᠮᠡᠨ ᠲᠦᠭᠦᠷᠢᠭ ᠪᠠᠭᠠᠰᠴᠤ᠂ 6.2% ᠪᠠᠷ ᠳᠤᠷᠤᠭᠰᠢᠯᠠᠪᠠ︔ ᠡᠨᠧᠷᠭᠢ ᠠᠷᠪᠢᠯᠠᠵᠤ ᠤᠷᠴᠢᠨ ᠲᠤᠭᠤᠷᠢᠨ ᠢ ᠬᠠᠮᠠᠭᠠᠯᠠᠬᠤ ᠵᠠᠷᠤᠯᠭ᠎ᠠ 5745 ᠲᠦᠮᠡᠨ ᠲᠦᠭᠦᠷᠢᠭ᠂ ᠲᠦᠰᠦᠪ ᠢ 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 7756 ᠲᠦᠮᠡᠨ ᠲᠦᠭᠦᠷᠢᠭ ᠪᠠᠭᠠᠰᠴᠤ᠂ 57.4% ᠪᠠᠷ ᠪᠠᠭᠠᠰᠪᠠ︔ ᠬᠤᠲᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠷᠤᠯᠭ᠎ᠠ 23077 ᠲᠦᠮᠡᠨ ᠲᠦᠭᠦᠷᠢᠭ᠂ ᠲᠦᠰᠦᠪ ᠢ 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 40445 ᠲᠦᠮᠡᠨ ᠲᠦᠭᠦᠷᠢᠭ ᠪᠠᠭᠠᠰᠴᠤ᠂ 63.7% ᠪᠠᠷ ᠪᠠᠭᠠᠰᠪᠠ︔ ᠲᠠᠷᠢᠶᠠᠯᠠᠩ᠂ ᠤᠢ ᠰᠢᠭᠤᠢ᠂ ᠤᠰᠤᠨ ᠠᠰᠢᠭᠯᠠᠯᠲᠠ ᠶᠢᠨ ᠵᠠᠷᠤᠯᠭ᠎ᠠ 14619 ᠲᠦᠮᠡᠨ ᠲᠦᠭᠦᠷᠢᠭ᠂ ᠲᠦᠰᠦᠪ ᠢ 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 3172 ᠲᠦᠮᠡᠨ ᠲᠦᠭᠦᠷᠢᠭ ᠪᠠᠭᠠᠰᠤᠨ᠂ 17.8% ᠪᠠᠷ ᠪᠠᠭᠤᠷᠠᠪᠠ︔ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 2290 ᠲᠦᠮᠡᠨ ᠲᠦᠭᠦᠷᠢᠭ᠂ ᠲᠦᠰᠦᠪ ᠢ 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 6911 ᠲᠦᠮᠡᠨ ᠲᠦᠭᠦᠷᠢᠭ ᠪᠠᠭᠤᠷᠠᠨ᠂ 75.1% ᠪᠠᠷ ᠪᠠᠭᠠᠰᠪᠠ︔ ᠡᠬᠢ ᠪᠠᠶᠠᠯᠢᠭ ᠢ ᠬᠠᠶᠢᠨ ᠰᠢᠨᠵᠢᠯᠡᠬᠦ ᠰᠤᠷᠠᠭ ᠵᠠᠩᠭᠢ ᠵᠡᠷᠭᠡ ᠶᠢᠨ ᠵᠠᠷᠤᠯᠭ᠎ᠠ 2280 ᠲᠦᠮᠡᠨ ᠲᠦᠭᠦᠷᠢᠭ᠂ ᠲᠦᠰᠦᠪ ᠢ 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 939 ᠲᠦᠮᠡᠨ ᠲᠦᠭᠦᠷᠢᠭ ᠪᠠᠭᠤᠷᠠᠨ᠂ 29.2% ᠪᠠᠷ ᠪᠠᠭᠠᠰᠪᠠ︔ ᠬᠤᠳᠠᠯᠳᠤᠭ᠎ᠠ ᠦᠢᠯᠡᠴᠢᠯᠡᠭᠡᠨ ᠤ ᠦᠢᠯᠡᠰ ᠵᠡᠷᠭᠡ ᠶᠢᠨ ᠵᠠᠷᠤᠯᠭ᠎ᠠ 3031 ᠲᠦᠮᠡᠨ ᠲᠦᠭᠦᠷᠢᠭ᠂ ᠲᠦᠰᠦᠪ ᠢ 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 171 ᠲᠦᠮᠡᠨ ᠲᠦᠭᠦᠷᠢᠭ ᠨᠡᠮᠡᠭᠳᠡᠵᠦ᠂ 6% ᠪᠠᠷ ᠨᠡᠮᠡᠭᠳᠡᠪᠡ︔ ᠭᠠᠵᠠᠷ ᠰᠢᠷᠤᠢ ᠳᠠᠯᠠᠢ ᠲᠠᠩᠭᠢᠰ ᠠᠭᠤᠷ ᠠᠮᠢᠰᠬᠤᠯ ᠵᠡᠷᠭᠡ ᠶᠢᠨ ᠵᠠᠷᠤᠯᠭ᠎ᠠ 228 ᠲᠦᠮᠡᠨ ᠲᠦᠭᠦᠷᠢᠭ᠂ ᠲᠦᠰᠦᠪ ᠢ 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 105 ᠲᠦᠮᠡᠨ ᠲᠦᠭᠦᠷᠢᠭ ᠪᠠᠭᠠᠰᠤᠨ᠂ 31.5% ᠪᠠᠷ ᠪᠠᠭᠠᠰᠪᠠ︔ ᠤᠷᠤᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 36836 ᠲᠦᠮᠡᠨ ᠲᠦᠭᠦᠷᠢᠭ᠂ ᠲᠦᠰᠦᠪ ᠢ 98.3% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 19234 ᠲᠦᠮᠡᠨ ᠲᠦᠭᠦᠷᠢᠭ ᠨᠡᠮᠡᠭᠳᠡᠨ᠂ 109.3% ᠪᠠᠷ ᠨᠡᠮᠡᠭᠳᠡᠪᠡ︔ ᠠᠮᠤ ᠲᠤᠰᠤ ᠡᠳ᠋ ᠪᠠᠷᠠᠭ᠎ᠠ ᠶᠢᠨ ᠬᠠᠳᠠᠭᠠᠯᠠᠯᠲᠠ ᠶᠢᠨ ᠵᠠᠷᠤᠯᠭ᠎ᠠ 94 ᠲᠦᠮᠡᠨ ᠲᠦᠭᠦᠷᠢᠭ᠂ ᠲᠦᠰᠦᠪ ᠢ 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 695 ᠲᠦᠮᠡᠨ ᠲᠦᠭᠦᠷᠢᠭ ᠪᠠᠭᠠᠰᠤᠨ᠂ 88.1% ᠪᠠᠷ ᠳᠤᠷᠤᠭᠰᠢᠯᠠᠪᠠ︔ ᠦᠷᠢ ᠦᠭᠴᠡᠭᠡᠨ ᠤ ᠬᠦᠦ ᠮᠦᠩᠭᠦ ᠵᠢᠴᠢ ᠪᠤᠰᠤᠳ ᠵᠠᠷᠤᠯᠭ᠎ᠠ 3483 ᠲᠦᠮᠡᠨ ᠲᠦᠭᠦᠷᠢᠭ᠂ ᠲᠦᠰᠦᠪ ᠢ 100% ᠪᠠᠷ ᠪᠡᠶᠡᠯᠡᠭᠦᠯᠵᠦ᠂ ᠳᠡᠭᠡᠷ᠎ᠡ ᠵᠢᠯ ᠠᠴᠠ 12328 ᠲᠦᠮᠡᠨ ᠲᠦᠭᠦᠷᠢᠭ ᠪᠠᠭᠠᠰᠤᠨ᠂ 78% ᠪᠠᠷ ᠳᠤᠷᠤᠭᠰᠢᠯᠠᠪᠠ᠃        2016 ᠤᠨ ᠤ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ 231335 ᠲᠦᠮᠡᠨ ᠲᠦᠭᠦᠷᠢᠭ᠂ ᠳᠡᠭᠡᠷ᠎ᠡ ᠱᠠᠲᠤᠨ ᠤ ᠨᠦᠬᠦᠪᠦᠷᠢ ᠶᠢᠨ ᠤᠷᠤᠯᠭ᠎ᠠ 132055 ᠲᠦᠮᠡᠨ ᠲᠦᠭᠦᠷᠢᠭ᠂ ᠵᠠᠰᠠᠭ ᠤᠨ ᠤᠷᠳᠤᠨ ᠤ ᠠᠯᠪᠠᠨ ᠵᠢᠭᠡᠯᠡᠯᠭᠡ ᠶᠢᠨ ᠲᠡᠮᠳᠡᠭᠲᠦ ᠶᠢ ᠳᠠᠮᠵᠢᠭᠤᠯᠤᠨ ᠵᠢᠭᠡᠯᠡᠭᠦᠯᠦᠭᠰᠡᠨ ᠤᠷᠤᠯᠭ᠎ᠠ 18230 ᠲᠦᠮᠡᠨ ᠲᠦᠭᠦᠷᠢᠭ᠂ ᠳᠡᠭᠡᠷ᠎ᠡ ᠵᠢᠯ ᠤᠨ ᠦᠯᠡᠳᠡᠪᠦᠷᠢ 13992 ᠲᠦᠮᠡᠨ ᠲᠦᠭᠦᠷᠢᠭ᠂ ᠰᠢᠯᠵᠢᠭᠦᠯᠦᠨ ᠤᠷᠤᠭᠤᠯᠤᠭᠰᠠᠨ ᠪᠡᠯᠡ ᠮᠦᠩᠭᠦ 695 ᠲᠦᠮᠡᠨ ᠲᠦᠭᠦᠷᠢᠭ︔ ᠡᠩ ᠤᠨ ᠤᠯᠠᠨ ᠨᠡᠶᠢᠲᠡ ᠶᠢᠨ ᠲᠦᠰᠦᠪ ᠤᠨ ᠵᠠᠷᠤᠯᠭ᠎ᠠ 268666 ᠲᠦᠮᠡᠨ ᠲᠦᠭᠦᠷᠢᠭ᠂ ᠳᠡᠭᠡᠷ᠎ᠡ ᠱᠠᠲᠤᠨ ᠳᠤ ᠳᠡᠭᠡᠭᠰᠢ ᠲᠤᠰᠢᠶᠠᠭᠰᠠᠨ ᠵᠠᠷᠤᠯᠭ᠎ᠠ 105637 ᠲᠦᠮᠡᠨ ᠲᠦᠭᠦᠷᠢᠭ᠂ ᠭᠠᠵᠠᠷ ᠤᠷᠤᠨ ᠤ ᠵᠠᠰᠠᠭ ᠤᠨ ᠤᠷᠳᠤᠨ ᠤ ᠠᠯᠪᠠᠨ ᠵᠢᠭᠡᠯᠡᠯᠭᠡ ᠶᠢᠨ ᠲᠡᠮᠳᠡᠭᠲᠦ ᠶᠢᠨ ᠡᠬᠡ ᠮᠦᠩᠭᠦ ᠶᠢ ᠪᠤᠴᠠᠭᠠᠭᠰᠠᠨ ᠵᠠᠷᠤᠯᠭ᠎ᠠ 17600 ᠲᠦᠮᠡᠨ ᠲᠦᠭᠦᠷᠢᠭ︔ ᠤᠷᠤᠯᠭ᠎ᠠ ᠵᠠᠷᠤᠯᠭ᠎ᠠ ᠶᠢ ᠲᠤᠯᠭᠠᠨ ᠪᠤᠳᠤᠭᠰᠠᠨ ᠤ ᠳᠠᠷᠠᠭ᠎ᠠ᠂ ᠵᠢᠯ ᠤᠨ ᠡᠴᠦᠰ ᠤᠨ ᠦᠯᠡᠳᠡᠪᠦᠷᠢ 4404 ᠲᠦᠮᠡᠨ ᠲᠦᠭᠦᠷᠢᠭ᠃        ︵ᠬᠤᠶᠠᠷ︶ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢ ᠭᠦᠢᠴᠡᠳᠭᠡᠭᠰᠡᠨ ᠪᠠᠶᠢᠳᠠᠯ        2016 ᠤᠨ ᠤ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠤᠷᠤᠯᠭ᠎ᠠ 19537 ᠲᠦᠮᠡᠨ ᠲᠦᠭᠦᠷᠢᠭ᠂ ᠳᠡᠭᠡᠷ᠎ᠡ ᠵᠢᠯ ᠠᠴᠠ 31380 ᠲᠦᠮᠡᠨ ᠲᠦᠭᠦᠷᠢᠭ ᠪᠠᠭᠠᠰᠤᠨ᠂ 61.6% ᠪᠠᠷ ᠳᠤᠷᠤᠭᠰᠢᠯᠠᠪᠠ᠃ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠵᠠᠷᠤᠯᠭ᠎ᠠ 56887 ᠲᠦᠮᠡᠨ ᠲᠦᠭᠦᠷᠢᠭ᠂ ᠳᠡᠭᠡᠷ᠎ᠡ ᠵᠢᠯ ᠠᠴᠠ 16522 ᠲᠦᠮᠡᠨ ᠲᠦᠭᠦᠷᠢᠭ ᠪᠠᠭᠠᠰᠤᠨ᠂ 22.5% ᠪᠠᠷ ᠳᠤᠷᠤᠭᠰᠢᠯᠠᠪᠠ᠃ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠪᠠᠭᠠᠰᠤᠭᠰᠠᠨ ᠭᠤᠤᠯ ᠰᠢᠯᠲᠠᠭᠠᠨ ᠨᠢ ᠭᠠᠵᠠᠷ ᠰᠢᠷᠤᠢ ᠶᠢ ᠬᠢᠮᠳᠠ ᠦᠨ᠎ᠡ ᠪᠠᠷ ᠬᠤᠳᠠᠯᠳᠤᠭᠰᠠᠨ ᠤᠷᠤᠯᠭ᠎ᠠ ᠶᠡᠭᠡ ᠬᠡᠮᠵᠢᠶ᠎ᠡ ᠪᠠᠷ ᠪᠠᠭᠠᠰᠬᠤ ᠶᠢᠨ ᠳᠠᠯᠢᠮ ᠢᠶᠠᠷ᠂ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠵᠠᠷᠤᠯᠭ᠎ᠠ ᠶᠢ ᠨᠦᠯᠦᠭᠡᠯᠡᠨ ᠪᠠᠭᠠᠰᠬᠠᠪᠠ᠃        2016 ᠤᠨ ᠤ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠤᠷᠤᠯᠭ᠎ᠠ 19537 ᠲᠦᠮᠡᠨ ᠲᠦᠭᠦᠷᠢᠭ᠂ ᠳᠡᠭᠡᠷ᠎ᠡ ᠱᠠᠲᠤᠨ ᠤ ᠨᠦᠬᠦᠪᠦᠷᠢ ᠶᠢᠨ ᠤᠷᠤᠯᠭ᠎ᠠ 25871 ᠲᠦᠮᠡᠨ ᠲᠦᠭᠦᠷᠢᠭ᠂ ᠵᠠᠰᠠᠭ ᠤᠨ ᠤᠷᠳᠤᠨ ᠤ ᠠᠯᠪᠠᠨ ᠵᠢᠭᠡᠯᠡᠯᠭᠡ ᠶᠢᠨ ᠲᠡᠮᠳᠡᠭᠲᠦ ᠶᠢ ᠰᠢᠯᠵᠢᠭᠦᠯᠦᠨ ᠵᠢᠭᠡᠯᠡᠭᠦᠯᠦᠭᠰᠡᠨ ᠤᠷᠤᠯᠭ᠎ᠠ 35100 ᠲᠦᠮᠡᠨ ᠲᠦᠭᠦᠷᠢᠭ᠂ ᠳᠡᠭᠡᠷ᠎ᠡ ᠵᠢᠯ ᠤᠨ ᠦᠯᠡᠳᠡᠪᠦᠷᠢ 22515 ᠲᠦᠮᠡᠨ ᠲᠦᠭᠦᠷᠢᠭ︔ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠵᠠᠷᠤᠯᠭ᠎ᠠ 56887 ᠲᠦᠮᠡᠨ ᠲᠦᠭᠦᠷᠢᠭ᠂ ᠳᠡᠭᠡᠷ᠎ᠡ ᠱᠠᠲᠤᠨ ᠳᠤ ᠳᠡᠭᠡᠭᠰᠢ ᠲᠤᠰᠢᠶᠠᠭᠰᠠᠨ ᠵᠠᠷᠤᠯᠭ᠎ᠠ 37 ᠲᠦᠮᠡᠨ ᠲᠦᠭᠦᠷᠢᠭ᠂ ᠰᠢᠯᠵᠢᠭᠦᠯᠦᠨ ᠭᠠᠷᠭᠠᠭᠰᠠᠨ ᠪᠡᠯᠡ ᠮᠦᠩᠭᠦ 621 ᠲᠦᠮᠡᠨ ᠲᠦᠭᠦᠷᠢᠭ᠂ ᠭᠠᠵᠠᠷ ᠤᠷᠤᠨ ᠤ ᠵᠠᠰᠠᠭ ᠤᠨ ᠤᠷᠳᠤᠨ ᠤ ᠠᠯᠪᠠᠨ ᠵᠢᠭᠡᠯᠡᠯᠭᠡ ᠶᠢᠨ ᠲᠡᠮᠳᠡᠭᠲᠦ ᠶᠢᠨ ᠡᠬᠡ ᠮᠦᠩᠭᠦ ᠶᠢ ᠪᠤᠴᠠᠭᠠᠭᠰᠠᠨ ᠵᠠᠷᠤᠯᠭ᠎ᠠ 32100 ᠲᠦᠮᠡᠨ ᠲᠦᠭᠦᠷᠢᠭ︔ ᠤᠷᠤᠯᠭ᠎ᠠ ᠵᠠᠷᠤᠯᠭ᠎ᠠ ᠶᠢ ᠲᠤᠯᠭᠠᠨ ᠪᠤᠳᠤᠭᠰᠠᠨ ᠤ ᠳᠠᠷᠠᠭ᠎ᠠ᠂ ᠵᠢᠯ ᠤᠨ ᠡᠴᠦᠰ ᠤᠨ ᠦᠯᠡᠳᠡᠪᠦᠷᠢ 13378 ᠲᠦᠮᠡᠨ ᠲᠦᠭᠦᠷᠢᠭ᠃        ︵ᠭᠤᠷᠪᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠲᠦᠰᠦᠪ ᠢ ᠭᠦᠢᠴᠡᠳᠭᠡᠭᠰᠡᠨ ᠪᠠᠶᠢᠳᠠᠯ        2016 ᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠤᠷᠤᠯᠭ᠎ᠠ 26189 ᠲᠦᠮᠡᠨ ᠲᠦᠭᠦᠷᠢᠭ᠂ ᠳᠡᠭᠡᠷ᠎ᠡ ᠵᠢᠯ ᠠᠴᠠ 4080 ᠲᠦᠮᠡᠨ ᠲᠦᠭᠦᠷᠢᠭ ᠨᠡᠮᠡᠭᠳᠡᠨ᠂ 18.5% ᠪᠠᠷ ᠨᠡᠮᠡᠭᠳᠡᠪᠡ︔ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠵᠠᠷᠤᠯᠭ᠎ᠠ 22895 ᠲᠦᠮᠡᠨ ᠲᠦᠭᠦᠷᠢᠭ᠂ ᠳᠡᠭᠡᠷ᠎ᠡ ᠵᠢᠯ ᠠᠴᠠ 3467 ᠲᠦᠮᠡᠨ ᠲᠦᠭᠦᠷᠢᠭ ᠨᠡᠮᠡᠭᠳᠡᠨ᠂ 17.8% ᠪᠠᠷ ᠨᠡᠮᠡᠭᠳᠡᠪᠡ᠃        ︵ᠳᠦᠷᠪᠡ︶ 2016 ᠤᠨ ᠤ ᠡᠳ᠋ ᠤᠨ ᠵᠠᠰᠠᠭ ᠤᠨ ᠭᠤᠤᠯ ᠠᠵᠢᠯ ᠢ ᠪᠠᠶᠠᠯᠠᠭᠦᠯᠦᠭᠰᠡᠨ ᠪᠠᠶᠢᠳᠠᠯ        2016 ᠤᠨ ᠳᠤ ᠮᠦᠨ ᠬᠦ ᠨᠠᠷᠢᠨ ᠪᠤᠳᠤᠯᠢᠶᠠᠨᠲᠠᠢ ᠠᠵᠤ ᠠᠬᠤᠢ ᠶᠢᠨ ᠬᠠᠨᠳᠤᠰᠢ ᠪᠠᠶᠢᠳᠠᠯ ᠳᠤᠤᠷ᠎ᠠ᠂ ᠡᠳ᠋ ᠤᠨ ᠵᠠᠰᠠᠭ ᠤᠨ ᠰᠠᠯᠠᠭ᠎ᠠ ᠮᠦᠴᠢᠷ ᠢᠳᠡᠪᠬᠢᠲᠡᠢ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ ᠬᠦᠳᠡᠯᠦᠩᠭᠦᠢ ᠪᠠᠷ ᠦᠢᠯᠡᠳᠦᠯᠭᠡᠵᠢᠭᠦᠯᠦᠨ᠂ ᠠᠵᠤ ᠠᠬᠤᠢ ᠶᠢᠨ ᠲᠤᠭᠲᠠᠭᠤᠨ ᠡᠷᠡᠭᠦᠯ ᠬᠦᠭᠵᠢᠯᠲᠡ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠬᠤ ᠵᠡᠷᠭᠡ ᠲᠠᠯ᠎ᠠ ᠳᠤ ᠢᠳᠡᠪᠬᠢᠲᠡᠢ ᠦᠢᠯᠡᠳᠦᠯ ᠢ ᠪᠠᠳᠠᠷᠠᠭᠤᠯᠪᠠ᠃ ᠪᠦᠬᠦ ᠵᠢᠯ ᠤᠨ ᠡᠳ᠋ ᠤᠨ ᠵᠠᠰᠠᠭ ᠤᠨ ᠲᠦᠰᠦᠪ ᠤᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠶᠢᠨ ᠲᠦᠯᠦᠭᠡ᠂ ᠳᠤᠤᠷᠠᠬᠢ ᠬᠡᠳᠦᠨ ᠠᠵᠢᠯ ᠢ ᠭᠤᠤᠯᠳᠠᠯᠭ᠎ᠠ ᠲᠠᠢ ᠬᠢᠪᠡ᠃        1. ᠡᠳ᠋ ᠤᠨ ᠵᠠᠰᠠᠭ ᠤᠨ ᠤᠷᠤᠯᠭ᠎ᠠ ᠶᠢ ᠪᠦᠬᠦ ᠬᠦᠴᠦᠨ ᠢᠶᠠᠷ ᠵᠤᠬᠢᠶᠠᠨ ᠪᠠᠶᠢᠭᠤᠯᠵᠤ᠂ ᠡᠯ᠎ᠡ ᠲᠦᠷᠦᠯ ᠤᠨ ᠲᠦᠷᠦᠯ ᠵᠦᠢᠯ ᠤᠨ ᠪᠡᠯᠡ ᠮᠦᠩᠭᠦ ᠶᠢ ᠢᠳᠡᠪᠬᠢᠲᠡᠢ ᠴᠤᠭᠯᠠᠭᠤᠯᠪᠠ᠃ ᠠᠵᠤ ᠠᠬᠤᠢ ᠶᠢᠨ ᠦᠷᠭᠦᠯᠵᠢᠯᠡᠨ ᠤᠷᠤᠭᠤᠳᠠᠬᠤ ᠳᠠᠷᠤᠯᠲᠠ ᠪᠤᠯᠤᠨ ᠤᠯᠤᠰ ᠤᠨ ︽ᠡᠵᠡᠩᠨᠡᠯᠲᠡ ᠶᠢᠨ ᠭᠠᠶᠢᠯᠢ ᠶᠢ ᠨᠡᠮᠡᠭᠳᠡᠯ ᠦᠷᠲᠡᠭ ᠤᠨ ᠭᠠᠶᠢᠯᠢ ᠪᠤᠯᠭᠠᠨ ᠦᠭᠡᠷᠡᠴᠢᠯᠡᠬᠦ︾ ᠭᠠᠶᠢᠯᠢ ᠶᠢ ᠪᠠᠭᠠᠰᠬᠠᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠵᠡᠷᠭᠡ ᠡᠯᠧᠮᠧᠨ᠋ᠲ ᠤᠨ ᠨᠦᠯᠦᠭᠡ ᠪᠠᠷ᠂ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠤᠨ ᠬᠠᠨᠳᠤᠰᠢ ᠤᠳᠠᠭᠠᠰᠢᠷᠠᠵᠤ᠂ ᠡᠯ᠎ᠡ ᠬᠤᠷᠢᠶᠠᠨ ᠲᠠᠲᠠᠪᠤᠷᠢᠯᠠᠬᠤ ᠰᠠᠯᠠᠭ᠎ᠠ ᠮᠦᠴᠢᠷ ᠤᠨ ᠤᠷᠤᠯᠭ᠎ᠠ ᠶᠢᠨ ᠠᠬᠢᠴᠠ ᠲᠡᠩᠴᠡᠭᠦᠷᠢ ᠦᠭᠡᠢ᠂ ᠡᠭᠦᠨ ᠳᠤ ᠡᠳ᠋ ᠤᠨ ᠵᠠᠰᠠᠭ ᠭᠠᠶᠢᠯᠢ ᠶᠢᠨ ᠰᠠᠯᠠᠭ᠎ᠠ ᠮᠦᠴᠢᠷ ᠨᠢᠭᠲᠠ ᠬᠠᠮᠵᠢᠯᠴᠠᠨ᠂ ᠭᠤᠤᠯᠳᠠᠯᠭ᠎ᠠ ᠲᠠᠢ ᠠᠵᠤ ᠦᠢᠯᠡᠰ᠂ ᠭᠤᠤᠯᠳᠠᠯᠭ᠎ᠠ ᠲᠠᠢ ᠭᠠᠶᠢᠯᠢ ᠶᠢᠨ ᠡᠬᠢ ᠰᠤᠷᠪᠤᠯᠵᠢ ᠶᠢᠨ ᠭᠠᠶᠢᠯᠢ ᠲᠠᠲᠠᠪᠤᠷᠢ ᠶᠢᠨ ᠪᠠᠶᠢᠳᠠᠯ ᠢ ᠴᠠᠭ ᠲᠤᠬᠠᠢ ᠳᠤᠨᠢ ᠤᠶᠢᠯᠠᠭᠠᠵᠤ᠂ ᠭᠠᠶᠢᠯᠢ ᠲᠠᠲᠠᠪᠤᠷᠢ ᠶᠢᠨ ᠤᠷᠤᠯᠭ᠎ᠠ ᠶᠢᠨ ᠭᠦᠢᠴᠡᠳᠬᠡᠭᠳᠡᠭᠰᠡᠨ ᠵᠠᠳᠠᠯᠤᠯᠲᠠ ᠪᠤᠯᠤᠨ ᠬᠢᠨᠠᠨ ᠡᠵᠡᠮᠰᠢᠯ ᠢ ᠴᠢᠩᠭᠠᠳᠬᠠᠨ᠂ ᠤᠷᠤᠯᠭ᠎ᠠ ᠶᠢᠨ ᠬᠤᠪᠢᠷᠠᠯᠲᠠ ᠶᠢᠨ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠤᠷᠢᠳᠴᠢᠯᠡᠨ ᠮᠠᠭᠠᠳᠯᠠᠵᠤ᠂ ᠭᠠᠶᠢᠯᠢ ᠲᠠᠲᠠᠪᠤᠷᠢ ᠶᠢᠨ ᠬᠦᠳᠡᠯᠦᠩᠭᠦᠢ ᠪᠠᠶᠢᠳᠠᠯ ᠢ ᠨᠠᠷᠢᠨ ᠤᠨᠤᠪᠴᠢᠲᠠᠢ ᠡᠵᠡᠮᠰᠢᠨ᠂ ᠤᠷᠤᠯᠭ᠎ᠠ ᠶᠢᠨ ᠲᠠᠲᠠᠪᠤᠷᠢᠯᠠᠨ ᠬᠠᠮᠢᠶᠠᠷᠬᠤ ᠠᠵᠢᠯ ᠤᠨ ᠳᠤᠮᠳᠠ ᠤᠷᠤᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠵᠦ᠂ ᠲᠠᠲᠠᠪᠤᠷᠢᠯᠠᠨ ᠬᠠᠮᠢᠶᠠᠷᠤᠯᠲᠠ ᠶᠢᠨ ᠭᠡᠮ ᠲᠤᠲᠠᠭᠳᠠᠯ ᠢ ᠨᠦᠬᠦᠪᠦᠷᠢᠯᠡᠨ᠂ ᠡᠯ᠎ᠡ ᠲᠦᠷᠦᠯ ᠤᠨ ᠭᠠᠶᠢᠯᠢ ᠲᠠᠲᠠᠪᠤᠷᠢ ᠶᠢᠨ ᠬᠤᠷᠢᠶᠠᠬᠤ ᠶᠤᠰᠤᠲᠠᠢ ᠶᠢ ᠪᠦᠬᠦᠨ ᠢ ᠬᠤᠷᠢᠶᠠᠬᠤ ᠶᠢ ᠪᠠᠲᠤᠯᠠᠪᠠ᠃ ᠡᠭᠦᠨ ᠤ ᠬᠠᠮᠲᠤ᠂ ᠪᠦᠬᠦ ᠲᠤᠭᠤᠷᠢᠭ ᠤᠨ ᠡᠯ᠎ᠡ ᠰᠠᠯᠠᠭ᠎ᠠ ᠮᠦᠴᠢᠷ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠤᠳᠤᠯᠤᠨ᠂ ᠪᠡᠯᠡ ᠮᠦᠩᠭᠦ ᠶᠢᠨ ᠤᠷᠤᠭᠤᠯᠤᠯᠲᠠ ᠶᠢ ᠤᠨᠤᠪᠴᠢᠲᠠᠢ ᠠᠳᠬᠤᠵᠤ᠂ ᠮᠠᠨ ᠤ ᠲᠤᠭᠤᠷᠢᠭ ᠤᠨ ᠠᠵᠤ ᠠᠬᠤᠢ ᠶᠢᠨ ᠬᠦᠭᠵᠢᠯᠲᠡ ᠶᠢᠨ ᠪᠤᠳᠠᠲᠠᠢ ᠲᠠᠢ ᠪᠠᠨ ᠤᠶᠠᠯᠳᠤᠭᠤᠯᠤᠨ᠂ ᠳᠡᠭᠡᠷ᠎ᠡ ᠱᠠᠲᠤᠨ ᠤ ᠡᠳ᠋ ᠤᠨ ᠵᠠᠰᠠᠭ ᠤᠨ ᠪᠡᠯᠡ ᠮᠦᠩᠭᠦ ᠶᠢᠨ ᠳᠡᠮᠵᠢᠯᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠲᠡᠮᠡᠴᠡᠨ ᠤᠯᠵᠤ᠂ ᠮᠠᠨ ᠤ ᠲᠤᠭᠤᠷᠢᠭ ᠤᠨ ᠬᠡᠷᠡᠭᠯᠡᠵᠦ ᠪᠤᠯᠬᠤ ᠡᠳ᠋ ᠤᠨ ᠵᠠᠰᠠᠭ ᠤᠨ ᠬᠦᠴᠦᠨ ᠢ ᠬᠦᠴᠦᠲᠡᠢ ᠲᠡᠭᠦᠯᠳᠡᠷᠵᠢᠭᠦᠯᠪᠡ᠃ ᠬᠦᠷᠦᠩᠭᠡ ᠠᠭᠤᠰᠬᠠᠬᠤ ᠰᠢᠨ᠎ᠡ ᠬᠡᠯᠪᠡᠷᠢ ᠶᠢ ᠢᠳᠡᠪᠬᠢᠲᠡᠢ ᠰᠦᠪᠡᠭᠴᠢᠯᠡᠨ᠂ ᠬᠦᠷᠦᠩᠬᠡ ᠠᠭᠤᠰᠬᠠᠬᠤ ᠠᠷᠭ᠎ᠠ ᠵᠠᠮ ᠢ ᠦᠷᠭᠡᠳᠬᠡᠵᠦ᠂ ᠵᠠᠰᠠᠭ ᠤᠨ ᠤᠷᠳᠤᠨ ᠤ ᠠᠯᠪᠠᠨ ᠵᠢᠭᠡᠯᠡᠯᠭᠡ ᠶᠢᠨ ᠲᠡᠮᠳᠡᠭᠲᠦ᠂ ᠠᠵᠤ ᠦᠢᠯᠡᠰ ᠤᠨ ᠰᠠᠭᠤᠷᠢ ᠮᠦᠩᠭᠦ᠂ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠪᠤᠯᠤᠨ PPP ᠵᠡᠷᠭᠡ ᠠᠷᠭ᠎ᠠ ᠮᠠᠶ᠋ᠢᠭ ᠢᠶᠠᠷ 80 ᠳ᠋ᠦᠩᠰᠢᠭᠤᠷ ᠲᠦᠭᠦᠷᠢᠭ ᠤᠨ ᠬᠦᠷᠦᠩᠭᠡ ᠠᠭᠤᠰᠬᠠᠵᠤ᠂ ᠮᠠᠨ ᠤ ᠲᠤᠭᠤᠷᠢᠭ ᠤᠨ ᠡᠯ᠎ᠡ ᠲᠦᠷᠦᠯ ᠤᠨ ᠭᠤᠤᠯᠳᠠᠯᠭ᠎ᠠ ᠲᠠᠢ ᠲᠦᠷᠦᠯ ᠵᠦᠢᠯ ᠤᠨ ᠵᠠᠷᠤᠯᠭ᠎ᠠ ᠶᠢᠨ ᠬᠡᠷᠡᠭᠰᠡᠬᠦ ᠪᠡᠯᠡ ᠮᠦᠩᠭᠦ ᠶᠢ ᠪᠠᠲᠤᠯᠠᠪᠠ᠃        2. ᠵᠠᠷᠤᠯᠭ᠎ᠠ ᠶᠢᠨ ᠪᠦᠲᠦᠴᠡ ᠶᠢ ᠲᠤᠬᠢᠷᠠᠭᠤᠯᠤᠨ᠂ ᠡᠳ᠋ ᠤᠨ ᠵᠠᠰᠠᠭ ᠤᠨ ᠤᠯᠠᠨ ᠨᠡᠶᠢᠲᠡ ᠶᠢᠨ ᠪᠠᠲᠤᠯᠠᠭ᠎ᠠ ᠶᠢᠨ ᠴᠢᠳᠠᠮᠵᠢ ᠶᠢ ᠪᠠᠳᠠᠷᠠᠭᠤᠯᠪᠠ᠃ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ ᠳᠠᠬᠢ ᠤᠷᠤᠭᠤᠯᠤᠯᠲᠠ ᠶᠢᠨ ᠬᠦᠴᠦᠯᠡᠴᠡ ᠪᠠᠨ ᠲᠠᠰᠤᠷᠠᠯᠲᠠ ᠦᠭᠡᠢ ᠨᠡᠮᠡᠭᠳᠡᠭᠦᠯᠦᠨ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠶᠢ ᠬᠡᠵᠢᠶᠡᠳᠡ ᠲᠡᠷᠢᠭᠦᠨ ᠪᠠᠶᠢᠷᠢᠨ ᠳᠤ ᠲᠠᠯᠪᠢᠪᠠ᠃ ᠰᠤᠷᠭᠠᠨ ᠬᠦᠮᠦᠵᠢᠯ ᠤᠨ ᠦᠢᠯᠡᠰ ᠢ ᠡᠩ ᠲᠡᠷᠢᠭᠦᠨ ᠳᠤ ᠬᠦᠭᠵᠢᠭᠦᠯᠬᠦ ᠶᠢ ᠳᠡᠮᠵᠢᠨ᠂ ᠡᠳ᠋ ᠤᠨ ᠵᠠᠰᠠᠭ ᠤᠨ ᠰᠤᠷᠭᠠᠨ ᠬᠦᠮᠦᠵᠢᠯ ᠤᠨ ᠠᠵᠢᠯ ᠦᠢᠯᠡᠰ ᠲᠠᠬᠢ ᠤᠷᠤᠭᠤᠯᠤᠯᠲᠠ ᠶᠢᠨ ᠬᠦᠴᠦᠯᠡᠴᠡ ᠪᠠᠨ ᠨᠡᠮᠡᠭᠳᠡᠭᠦᠯᠵᠦ᠂ ᠪᠦᠬᠦ ᠵᠢᠯ ᠳᠤ ᠨᠡᠶᠢᠲᠡ ᠰᠤᠷᠭᠠᠨ ᠬᠦᠮᠦᠵᠢᠯ ᠳᠤ ᠤᠷᠤᠭᠤᠯᠤᠭᠰᠠᠨ ᠪᠡᠯᠡ ᠮᠦᠩᠭᠦ 7.1 ᠳ᠋ᠦᠩᠰᠢᠭᠤᠷ ᠲᠦᠭᠦᠷᠢᠭ᠃ ᠡᠯ᠎ᠡ ᠲᠦᠷᠦᠯ ᠤᠨ ᠠᠷᠠᠳ ᠤᠨ ᠠᠮᠢᠳᠤᠷᠠᠯ ᠢ ᠪᠠᠲᠤᠯᠠᠬᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠲᠤᠭᠤᠷᠢᠭ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠦᠩᠭᠦ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠬᠤᠲᠠ ᠬᠦᠳᠡᠭᠡ ᠶᠢᠨ ᠬᠠᠮᠤᠭ ᠤᠨ ᠳᠤᠤᠷ᠎ᠠ ᠠᠮᠢᠳᠤᠷᠠᠯ ᠤᠨ ᠪᠠᠲᠤᠯᠠᠭ᠎ᠠ᠂ ︽ᠭᠤᠷᠪᠠᠨ ᠦᠭᠡᠢ︾᠂ ᠲᠠᠪᠤᠨ ᠪᠠᠲᠤᠯᠠᠭᠠᠲᠤ ᠠᠰᠠᠷᠠᠨ ᠬᠠᠷᠠᠭᠠᠯᠵᠠᠯ᠂ ᠬᠠᠷᠠᠭᠠᠯᠵᠠᠬᠤ ᠡᠲᠡᠭᠡᠳ᠂ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠨᠦᠬᠦᠪᠦᠷᠢ ᠵᠡᠷᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯ ᠢ ᠪᠡᠶᠡᠯᠡᠭᠦᠯᠪᠡ︔ ᠡᠳ᠋ ᠤᠨ ᠵᠠᠰᠠᠭ ᠠᠴᠠ ᠠᠵᠢᠯ ᠮᠡᠷᠭᠡᠵᠢᠯ ᠤᠨ ᠤᠷ᠎ᠠ ᠳᠡᠮ ᠤᠨ ᠪᠤᠯᠪᠠᠰᠤᠷᠠᠯ᠂ ᠠᠵᠢᠯ ᠤᠯᠭᠤᠯᠲᠠ ᠶᠢᠨ ᠨᠦᠬᠦᠪᠦᠷᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠵᠡᠷᠭᠡ ᠲᠦᠷᠦᠯ ᠵᠦᠢᠯ ᠳᠠᠬᠢ ᠤᠷᠤᠭᠤᠯᠤᠯᠲᠠ ᠪᠠᠨ ᠨᠡᠮᠡᠭᠳᠡᠭᠦᠯᠪᠡ︔ ᠪᠠᠲᠤᠯᠠᠭ᠎ᠠ ᠶᠢᠨ ᠤᠷᠤᠨ ᠰᠠᠭᠤᠴᠠ ᠶᠢᠨ ᠪᠠᠶᠢᠭᠤᠯᠤᠯᠲᠠ ᠶᠢᠨ ᠤᠷᠤᠭᠤᠯᠤᠯᠲᠠ ᠶᠢᠨ ᠲᠤᠭᠲᠠᠴᠠ ᠶᠢ ᠲᠡᠭᠦᠯᠳᠡᠷᠵᠢᠭᠦᠯᠦᠨ᠂ ᠮᠠᠨ ᠤ ᠲᠤᠭᠤᠷᠢᠭ ᠤᠨ ᠬᠢᠮᠳᠠ ᠳᠦᠷᠢᠶᠡᠰᠦᠨ ᠭᠡᠷ᠂ ᠨᠡᠶᠢᠲᠡ ᠶᠢᠨ ᠳᠦᠷᠢᠶᠡᠰᠦᠨ ᠭᠡᠷ᠂ ᠬᠠᠭᠤᠴᠢᠨ ᠰᠠᠭᠤᠭᠠᠯᠢ ᠲᠤᠭᠤᠷᠢᠭ ᠤᠨ ᠦᠭᠡᠷᠡᠴᠢᠯᠡᠨ ᠪᠠᠶᠢᠭᠤᠯᠤᠯᠲᠠ᠂ ᠲᠢᠶᠧ ᠨᠠᠨ ᠳᠦᠭᠦᠮ ᠪᠦᠲᠦᠴᠡᠲᠦ ᠤᠷᠤᠨ ᠰᠠᠭᠤᠴᠠ ᠶᠢᠨ ᠤᠷᠤᠨ ᠪᠤᠯᠤᠨ ᠴᠢᠶᠤᠤ ᠪᠸᠢ ᠳᠦᠭᠦᠮ ᠪᠦᠲᠦᠴᠡᠲᠦ ᠤᠷᠤᠨ ᠰᠠᠭᠤᠴᠠ ᠶᠢᠨ ᠦᠭᠡᠷᠡᠴᠢᠯᠡᠨ ᠪᠠᠶᠢᠭᠤᠯᠤᠯᠲᠠ ᠵᠡᠷᠭᠡ ᠲᠦᠷᠦᠯ ᠵᠦᠢᠯ ᠤᠨ ᠢᠨᠵᠧᠨᠧᠷᠢᠩ ᠢ ᠤᠷᠤᠭᠰᠢᠲᠠᠢ ᠨᠠᠶᠢᠳᠠᠪᠤᠷᠢᠵᠢᠭᠤᠯᠬᠤ ᠶᠢ ᠪᠠᠲᠤᠯᠠᠪᠠ᠃ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠯᠠᠩ ᠢ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠲᠦᠷᠦᠯ ᠤᠨ ᠲᠠᠷᠢᠶᠠᠯᠠᠩ ᠳᠤ ᠬᠤᠯᠪᠤᠭᠳᠠᠭᠰᠠᠨ ᠪᠡᠯᠡ ᠮᠦᠩᠭᠦ ᠶᠢ 6.06 ᠳ᠋ᠦᠩᠰᠢᠭᠤᠷ ᠲᠦᠭᠦᠷᠢᠭ ᠨᠢᠭᠡᠲᠦᠯᠲᠡᠢ ᠲᠦᠯᠦᠪᠯᠡᠵᠦ᠂ ︽ᠠᠷᠪᠠ ᠶᠢ ᠪᠦᠷᠬᠦᠭᠦᠯᠬᠦ︾ ᠵᠢᠴᠢ ᠦᠵᠡᠰᠬᠦᠯᠡᠩᠲᠦ ᠬᠦᠳᠡᠭᠡ ᠲᠤᠰᠬᠤᠨ ᠤ ᠲᠦᠷᠦᠯ ᠵᠦᠢᠯ ᠤᠨ ᠪᠠᠶᠢᠭᠤᠯᠤᠯᠲᠠ ᠳᠤ ᠬᠡᠷᠡᠭᠯᠡᠨ᠂ ᠬᠦᠳᠡᠭᠡ ᠲᠤᠰᠬᠤᠨ ᠤ ᠦᠩᠭᠡ ᠲᠦᠷᠬᠦ ᠶᠢ ᠲᠤᠶᠢᠯ ᠤᠨ ᠶᠡᠬᠡᠪᠡᠷ ᠰᠠᠶᠢᠵᠢᠷᠠᠭᠤᠯᠪᠠ᠃        3. ᠡᠳ᠋ ᠤᠨ ᠵᠠᠰᠠᠭ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨᠴᠢ ᠪᠠᠷ ᠡᠳ᠋ ᠤᠨ ᠶᠠᠪᠤᠳᠠᠯ ᠢ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠪᠡ᠃ ᠤᠯᠤᠰ ᠤᠨ ᠬᠦᠮᠦᠷᠭᠡ ᠶᠢᠨ ᠲᠦᠪᠯᠡᠷᠡᠭᠦᠯᠦᠨ ᠵᠠᠷᠤᠴᠠᠭᠤᠯᠬᠤ ᠬᠠᠮᠢᠶᠠᠷᠤᠯᠲᠠ ᠶᠢ ᠲᠡᠭᠦᠯᠳᠡᠷᠵᠢᠭᠦᠯᠦᠨ᠂ ᠤᠯᠤᠰ ᠤᠨ ᠬᠦᠮᠦᠷᠭᠡ ᠶᠢᠨ ᠲᠦᠪᠯᠡᠷᠡᠭᠦᠯᠦᠨ ᠵᠠᠷᠤᠴᠠᠭᠤᠯᠬᠤ ᠪᠡᠯᠡ ᠮᠦᠩᠭᠦ ᠶᠢᠨ ᠬᠡᠷᠡᠭᠯᠡᠬᠦ ᠬᠦᠷᠢᠶ᠎ᠡ ᠬᠡᠪᠴᠢᠶ᠎ᠡ᠂ ᠤᠯᠤᠰ ᠤᠨ ᠬᠦᠮᠦᠷᠭᠡ ᠶᠢᠨ ᠲᠤᠭᠲᠠᠮᠠᠯ ᠳᠠᠩᠰᠠᠨ ᠡᠷᠦᠬᠡ ᠶᠢᠨ ᠬᠡᠷᠡᠭᠯᠡᠯᠲᠡ ᠪᠠ ᠬᠠᠮᠢᠶᠠᠷᠤᠯᠲᠠ ᠶᠢ ᠲᠤᠳᠤᠷᠬᠠᠶᠢᠯᠠᠪᠠ᠃ ᠵᠠᠰᠠᠭ ᠤᠨ ᠤᠷᠳᠤᠨ ᠪᠤᠯᠤᠨ ᠰᠠᠯᠠᠭ᠎ᠠ ᠮᠦᠴᠢᠷ ᠤᠨ ᠲᠦᠰᠦᠪ ᠪᠠ ᠲᠦᠰᠦᠪ ᠤᠨ ᠭᠦᠢᠴᠡᠳᠬᠡᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠂ ᠮᠠᠨ ᠤ ᠲᠤᠭᠤᠷᠢᠭ ᠤᠨ ᠲᠦᠰᠦᠪ ᠪᠠ ᠲᠦᠰᠦᠪ ᠤᠨ ᠭᠦᠢᠴᠡᠳᠬᠡᠯ ᠤᠨ ᠰᠤᠷᠠᠭ ᠵᠠᠩᠭᠢ ᠶᠢ ᠨᠡᠩ ᠨᠠᠷᠢᠯᠢᠭ᠂ ᠪᠦᠷᠢᠨ ᠭᠦᠢᠴᠡᠳ ᠪᠤᠯᠭᠠᠪᠠ᠃ ᠵᠠᠰᠠᠭ ᠤᠨ ᠤᠷᠳᠤᠨ ᠤ ᠦᠷᠢ ᠦᠭᠴᠡᠭᠡᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠵᠠᠰᠠᠭ ᠤᠨ ᠤᠷᠳᠤᠨ ᠤ ᠦᠷᠢ ᠦᠭᠴᠡᠭᠡ ᠶᠢ ᠬᠦᠳᠡᠯᠦᠩᠭᠦᠢ ᠪᠠᠷ ᠬᠢᠨᠠᠨ ᠬᠠᠮᠢᠶᠠᠷᠬᠤ ᠶᠢ ᠨᠠᠶᠢᠳᠠᠪᠤᠷᠢᠵᠢᠭᠤᠯᠵᠤ᠂ ᠦᠷᠢ ᠦᠭᠴᠡᠭᠡ ᠶᠢ ᠪᠤᠴᠠᠭᠠᠬᠤ ᠪᠠᠶᠢᠳᠠᠯ ᠢ ᠠᠯᠬᠤᠮ ᠳᠠᠷᠠᠭ᠎ᠠ ᠲᠠᠢ ᠨᠠᠷᠢᠯᠢᠭ ᠵᠠᠳᠠᠯᠤᠨ᠂ ᠦᠷᠢ ᠦᠭᠴᠡᠭᠡ ᠶᠢ ᠬᠠᠷᠢᠭᠤᠯᠤᠭᠰᠠᠨ ᠪᠡᠯᠡ ᠮᠦᠩᠭᠦ ᠶᠢᠨ ᠢᠷᠡᠯᠲᠡ ᠶᠢ ᠲᠤᠳᠤᠷᠬᠠᠶᠢᠯᠠᠵᠤ᠂ ᠦᠷᠢ ᠦᠭᠴᠡᠭᠡ ᠶᠢ ᠬᠠᠷᠢᠭᠤᠯᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠵᠠᠰᠠᠭ ᠤᠨ ᠤᠷᠳᠤᠨ ᠤ ᠴᠢᠨᠠᠷᠲᠠᠢ ᠦᠷᠢ ᠦᠭᠴᠡᠭᠡᠨ ᠤ ᠲᠦᠭᠰᠢᠭᠦᠷᠢ ᠠᠴᠠ ᠵᠠᠶᠢᠯᠠᠰᠬᠢᠪᠠ᠃ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠬᠦᠷᠢᠶ᠎ᠡ ᠬᠡᠪᠴᠢᠶᠡᠨ ᠤ ᠦᠷᠭᠡᠵᠢᠬᠦ ᠶᠢ ᠠᠬᠢᠭᠤᠯᠵᠤ᠂ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠲᠦᠰᠦᠪ ᠢ ᠨᠠᠶᠢᠷᠠᠭᠤᠯᠬᠤ ᠠᠵᠢᠯ ᠢ ᠴᠢᠩᠭᠠᠳᠬᠠᠨ᠂ ᠬᠠᠮᠢᠶ᠎ᠠ ᠪᠦᠬᠦᠢ ᠰᠤᠷᠠᠭ ᠵᠠᠩᠭᠢ ᠶᠢᠨ ᠳᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠪᠡ᠃        4. ᠡᠳ᠋ ᠤᠨ ᠵᠠᠰᠠᠭ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠤᠨ ᠪᠡᠯᠡ ᠮᠦᠩᠭᠦ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠪᠡ᠃ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠨ ᠬᠠᠮᠢᠶᠠᠷᠤᠯᠲᠠ ᠶᠢ ᠳᠦᠷᠢᠮᠵᠢᠭᠦᠯᠦᠨ᠂ ᠪᠦᠬᠦ ᠲᠤᠭᠤᠷᠢᠭ ᠤᠨ 183 ᠡᠷᠦᠬᠡ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠡᠯᠲᠦ ᠬᠦᠷᠦᠩᠭᠡ ᠶᠢ ᠪᠠᠶᠢᠴᠠᠭᠠᠨ ᠳᠡᠭᠰᠢᠯᠡᠵᠦ᠂ ᠡᠯ᠎ᠡ ᠪᠠᠶᠢᠭᠤᠯᠭ᠎ᠠ ᠶᠢᠨ ᠡᠳ᠋ ᠬᠦᠷᠦᠩᠭᠡ ᠦᠷᠢ ᠦᠭᠴᠡᠭᠡᠨ ᠤ ᠪᠠᠶᠢᠳᠠᠯ ᠢ ᠪᠦᠬᠦ ᠲᠠᠯ᠎ᠠ ᠪᠠᠷ ᠬᠢᠨᠠᠨ ᠬᠠᠷᠭᠤᠭᠤᠯᠪᠠ᠃ ᠡᠯ᠎ᠡ ᠲᠦᠷᠦᠯ ᠤᠨ ᠪᠡᠯᠡ ᠮᠦᠩᠭᠦ ᠶᠢᠨ ᠳᠠᠩᠰᠠᠨ ᠡᠷᠦᠬᠡ ᠶᠢ ᠪᠠᠶᠢᠴᠠᠭᠠᠨ ᠴᠡᠭᠴᠡᠯᠡᠵᠦ᠂ ᠳᠦᠷᠢᠮ ᠠᠴᠠ ᠵᠦᠷᠢᠴᠡᠨ ᠳᠠᠩᠰᠠᠯᠠᠭᠰᠠᠨ ᠳᠠᠩᠰᠠᠨ ᠡᠷᠦᠬᠡ ᠶᠢ ᠬᠦᠴᠦᠨ ᠦᠭᠡᠢ ᠪᠤᠯᠭᠠᠨ᠂ ᠤᠯᠠᠨ ᠭᠠᠵᠠᠷ ᠳᠠᠩᠰᠠᠨ ᠡᠷᠦᠬᠡ ᠳᠠᠩᠰᠠᠯᠠᠭᠰᠠᠨ ᠢ ᠨᠡᠶᠢᠭᠡᠳᠬᠡᠨ᠂ ᠪᠦᠬᠦ ᠵᠢᠯ ᠳᠤ ᠡᠯ᠎ᠡ ᠲᠦᠷᠦᠯ ᠤᠨ 80 ᠭᠠᠷᠤᠢ ᠳᠠᠩᠰᠠᠨ ᠡᠷᠦᠬᠡ ᠶᠢ ᠪᠠᠶᠢᠴᠠᠭᠠᠨ ᠴᠡᠭᠴᠡᠯᠡᠪᠡ᠃ ᠵᠠᠰᠠᠭ ᠤᠨ ᠤᠷᠳᠤᠨ ᠤ ᠪᠡᠯᠡ ᠤᠷᠤᠭᠤᠯᠤᠯᠲᠠ ᠶᠢᠨ ᠲᠦᠷᠦᠯ ᠵᠦᠢᠯ ᠢ ᠬᠢᠨᠠᠨ ᠲᠤᠭᠲᠠᠭᠠᠬᠤ ᠬᠠᠮᠢᠶᠠᠷᠤᠯᠲᠠ ᠶᠢᠨ ᠠᠵᠢᠯ ᠢ ᠦᠨᠳᠦᠷ ᠪᠦᠲᠦᠮᠵᠢᠲᠡᠢ ᠦᠷᠨᠢᠭᠦᠯᠵᠦ᠂ ᠵᠠᠭᠤᠴᠢ ᠶᠢᠨ ᠪᠠᠶᠢᠭᠤᠯᠤᠮᠵᠢ ᠶᠢᠨ ᠬᠦᠴᠦᠨ ᠢ ᠲᠠᠲᠠᠨ ᠤᠷᠤᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠤᠨ ᠨᠢᠭᠡᠳᠬᠡᠵᠦ᠂ ᠪᠦᠬᠦ ᠵᠢᠯ ᠳᠤ ᠨᠡᠶᠢᠲᠡ 240 ᠲᠦᠷᠦᠯ ᠤᠨ ᠲᠦᠷᠦᠯ ᠵᠦᠢᠯ ᠤᠨ ᠲᠦᠰᠦᠪ ᠢ ᠬᠢᠨᠠᠨ ᠲᠤᠭᠲᠠᠭᠠᠵᠤ᠂ ᠬᠢᠨᠡᠨ ᠲᠤᠭᠲᠠᠭᠠᠬᠤ ᠪᠠᠷ ᠡᠷᠡᠮᠡᠯᠵᠡᠭᠰᠡᠨ ᠦᠷᠲᠡᠭ 9.69 ᠳ᠋ᠦᠩᠰᠢᠭᠤᠷ ᠲᠦᠭᠦᠷᠢᠭ᠂ ᠬᠢᠨᠠᠨ ᠲᠤᠭᠲᠠᠭᠠᠭᠰᠠᠨ ᠦᠷᠲᠡᠭ 8.78 ᠳ᠋ᠦᠩᠰᠢᠭᠤᠷ ᠲᠦᠭᠦᠷᠢᠭ᠂ ᠬᠢᠨᠠᠨ ᠪᠠᠭᠤᠷᠠᠭᠤᠯᠤᠭᠰᠠᠨ ᠦᠷᠲᠡᠭ 0.91 ᠳ᠋ᠦᠩᠰᠢᠭᠤᠷ ᠲᠦᠭᠦᠷᠢᠭ᠂ ᠬᠢᠨᠠᠨ ᠪᠠᠭᠤᠷᠠᠭᠤᠯᠤᠭᠰᠠᠨ ᠨᠤᠷᠮ᠎ᠠ 9.4%︔ 61 ᠲᠦᠷᠦᠯ ᠤᠨ ᠲᠦᠷᠦᠯ ᠵᠦᠢᠯ ᠤᠨ ᠳ᠋ᠦᠩᠨᠡᠨ ᠪᠤᠳᠤᠯᠲᠠ ᠶᠢ ᠬᠢᠨᠠᠨ ᠲᠤᠭᠲᠠᠭᠠᠵᠤ᠂ ᠬᠢᠨᠡᠨ ᠡᠷᠡᠮᠡᠯᠵᠡᠭᠰᠡᠨ ᠦᠷᠲᠡᠭ 7.49 ᠳ᠋ᠦᠩᠰᠢᠭᠤᠷ ᠲᠦᠭᠦᠷᠢᠭ᠂ ᠬᠢᠨᠠᠨ ᠲᠤᠭᠲᠠᠭᠠᠭᠰᠠᠨ ᠦᠷᠲᠡᠭ 6.0 ᠳ᠋ᠦᠩᠰᠢᠭᠤᠷ ᠲᠦᠭᠦᠷᠢᠭ᠂ ᠬᠢᠨᠠᠨ ᠪᠠᠭᠤᠷᠠᠭᠤᠯᠤᠭᠰᠠᠨ ᠦᠷᠲᠡᠭ 1.49 ᠳ᠋ᠦᠩᠰᠢᠭᠤᠷ ᠲᠦᠭᠦᠷᠢᠭ᠂ ᠬᠢᠨᠠᠨ ᠪᠠᠭᠤᠷᠠᠭᠤᠯᠤᠭᠰᠠᠨ ᠨᠤᠷᠮ᠎ᠠ 19.9%᠃ ᠵᠠᠰᠠᠭ ᠤᠨ ᠤᠷᠳᠤᠨ ᠤ ᠬᠤᠳᠠᠯᠳᠤᠨ ᠠᠪᠬᠤ ᠬᠠᠮᠢᠶᠠᠷᠤᠯᠲᠠ ᠶᠢᠨ ᠴᠢᠳᠠᠮᠵᠢ ᠶᠢ ᠴᠢᠩᠭᠠᠳᠬᠠᠨ᠂ ᠬᠤᠳᠠᠯᠳᠤᠨ ᠠᠪᠬᠤ ᠠᠷᠭ᠎ᠠ ᠮᠠᠶ᠋ᠢᠭ ᠢ ᠡᠷᠡᠰ ᠴᠢᠩᠭ᠎ᠠ ᠪᠠᠷ ᠬᠢᠨᠠᠨ ᠵᠦᠪᠰᠢᠶᠡᠷᠡᠵᠦ᠂ ᠪᠦᠬᠦ ᠵᠢᠯ ᠳᠤ 326 ᠤᠳᠠᠭᠠᠨ ᠤ ᠬᠤᠳᠠᠯᠳᠤᠨ ᠠᠪᠬᠤ ᠶᠢ ᠬᠢᠨᠡᠨ ᠵᠦᠪᠰᠢᠶᠡᠷᠡᠵᠦ᠂ ᠵᠠᠰᠠᠭ ᠤᠨ ᠤᠷᠳᠤᠨ ᠬᠤᠳᠠᠯᠳᠤᠨ ᠠᠪᠬᠤ ᠲᠦᠰᠦᠪ 2.77 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠪᠤᠳᠠᠲᠠᠢ ᠬᠤᠳᠠᠯᠳᠤᠨ ᠠᠪᠤᠭᠰᠠᠨ ᠨᠢ 2.63 ᠳ᠋ᠦᠩᠰᠢᠭᠤᠷ ᠲᠦᠭᠦᠷᠢᠭ᠂ ᠠᠷᠪᠢᠯᠠᠭᠰᠠᠨ ᠪᠡᠯᠡ ᠮᠦᠩᠭᠦ 0.14 ᠳ᠋ᠦᠩᠰᠢᠭᠤᠷ ᠲᠦᠭᠦᠷᠢᠭ᠂ ᠠᠷᠪᠢᠯᠠᠭᠰᠠᠨ ᠨᠤᠷᠮ᠎ᠠ 5.1%᠃        2016 ᠤᠨ ᠳᠤ᠂ ᠪᠦᠬᠦ ᠲᠤᠭᠤᠷᠢᠭ ᠤᠨ ᠬᠠᠮᠲᠤ ᠶᠢᠨ ᠴᠢᠷᠮᠠᠶᠢᠯᠭ᠎ᠠ ᠪᠠᠷ᠂ ᠡᠳ᠋ ᠤᠨ ᠵᠠᠰᠠᠭ ᠤᠨ ᠶᠡᠷᠦᠩᠬᠡᠢ ᠴᠤᠭᠴᠠ ᠶᠢᠨ ᠡᠵᠡᠩᠨᠡᠯᠲᠡ ᠨᠡᠯᠢᠶᠡᠳ ᠰᠠᠶᠢᠨ᠂ ᠭᠡᠪᠡᠴᠦ ᠪᠠᠰᠠ ᠨᠢᠭᠡ ᠪᠦᠯᠦᠭ ᠬᠦᠴᠢᠷᠳᠡᠯ ᠪᠠ ᠠᠰᠠᠭᠤᠳᠠᠯ ᠳᠤ ᠲᠤᠯᠭᠠᠷᠠᠵᠤ ᠪᠠᠶᠢᠨ᠎ᠠ᠃ ᠨᠢᠭᠡ ᠳᠤ᠂ ᠠᠵᠤ ᠠᠬᠤᠢ ᠶᠢᠨ ᠤᠷᠤᠭᠤᠳᠠᠬᠤ ᠳᠠᠷᠤᠯᠲᠠ ᠪᠠ ᠡᠯ᠎ᠡ ᠲᠦᠷᠦᠯ ᠤᠨ ᠭᠠᠶᠢᠯᠢ ᠶᠢ ᠪᠠᠭᠠᠰᠬᠠᠬᠤ ᠡᠯᠧᠮᠧᠨ᠋ᠲ ᠳᠠᠪᠬᠤᠴᠠᠭᠰᠠᠨ ᠠᠴᠠ᠂ ᠡᠳ᠋ ᠤᠨ ᠵᠠᠰᠠᠭ ᠤᠨ ᠤᠷᠤᠯᠭ᠎ᠠ ᠦᠷᠭᠦᠯᠵᠢᠯᠡᠨ ᠨᠡᠮᠡᠭᠳᠡᠬᠦ ᠳᠤ ᠲᠤᠩ ᠶᠡᠭᠡ ᠬᠦᠴᠢᠷᠳᠡᠯ ᠳᠤ ᠲᠤᠯᠭᠠᠷᠠᠵᠤ ᠪᠠᠶᠢᠨ᠎ᠠ︔ ᠬᠤᠶᠠᠷ ᠲᠤ᠂ ᠡᠯ᠎ᠡ ᠲᠦᠷᠦᠯ ᠤᠨ ᠡᠳ᠋ ᠤᠨ ᠵᠠᠰᠠᠭ ᠤᠨ ᠲᠤᠭᠲᠠᠮᠠᠯ ᠵᠠᠷᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠨᠡᠮᠡᠭᠳᠡᠯ ᠨᠡᠯᠢᠶᠡᠳ ᠲᠦᠷᠭᠡᠨ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠡᠳᠦᠷ ᠢᠷᠡᠬᠦᠶ᠎ᠡ ᠳᠤᠪᠤᠶᠢᠮ᠎ᠠ ᠪᠤᠯᠵᠤ ᠪᠠᠶᠢᠨ᠎ᠠ︔ ᠭᠤᠷᠪᠠ ᠳᠤ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠪᠤᠯᠤᠨ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ ᠦᠢᠯᠡᠳᠦᠯᠭᠡᠵᠢᠭᠦᠯᠬᠦ ᠳᠤ ᠵᠤᠬᠢᠴᠠᠬᠤ ᠲᠠᠯ᠎ᠠ ᠪᠠᠷ᠂ ᠡᠳ᠋ ᠤᠨ ᠵᠠᠰᠠᠭ ᠤᠨ ᠦᠭᠡᠷᠡᠴᠢᠯᠡᠯᠲᠡ ᠶᠢᠨ ᠬᠦᠴᠦᠯᠡᠴᠡ ᠶᠢ ᠪᠠᠰᠠ ᠤᠯᠠᠮ ᠨᠢᠭᠡ ᠠᠯᠬᠤᠮ ᠨᠡᠮᠡᠭᠳᠡᠭᠦᠯᠬᠦ ᠴᠢᠬᠤᠯᠠᠲᠠᠢ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠶᠢᠰᠢᠲᠠ ᠶᠢᠨ ᠠᠵᠢᠯ ᠳᠤᠮᠳᠠ ᠪᠠᠨ ᠨᠠᠷᠢᠨ ᠬᠢᠨᠠᠮᠠᠭᠠᠢ ᠪᠠᠷ ᠰᠢᠢᠳᠪᠦᠷᠢᠯᠡᠨ᠎ᠡ᠃        ᠬᠤᠶᠠᠷ᠂ 2017 ᠤᠨ ᠤ ᠪᠦᠬᠦ ᠲᠤᠭᠤᠷᠢᠭ ᠤᠨ ᠡᠳ᠋ ᠤᠨ ᠵᠠᠰᠠᠭ ᠤᠨ ᠲᠦᠰᠦᠪ ᠤᠨ ᠲᠤᠬᠢᠷᠠᠭᠤᠯᠤᠯᠲᠠ ᠶᠢᠨ ᠪᠠᠶᠢᠳᠠᠯ        2017 ᠤᠨ ᠤ ᠡᠳ᠋ ᠤᠨ ᠵᠠᠰᠠᠭ ᠤᠨ ᠲᠦᠰᠦᠪ ᠤᠨ ᠲᠦᠰᠦᠯ ᠢ ᠨᠠᠶᠢᠷᠠᠭᠤᠯᠤᠭᠰᠠᠨ ᠵᠢᠯᠤᠭᠤᠳᠬᠤ ᠦᠵᠡᠯ ᠰᠠᠨᠠᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭᠲᠠᠭᠤᠨ ᠤ ᠳᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠶᠡᠷᠦᠩᠬᠡᠢ ᠰᠠᠨᠠᠭ᠎ᠠ ᠶᠢ ᠪᠠᠷᠢᠮᠲᠠᠯᠠᠨ᠂ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ ᠪᠠᠲᠤᠵᠢᠭᠤᠯᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠵᠢᠯ ᠤᠨ ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠡᠳ᠋ ᠤᠨ ᠵᠠᠰᠠᠭ ᠭᠠᠶᠢᠯᠢ ᠶᠢᠨ ᠰᠢᠰᠲ᠋ᠧᠮ ᠤᠨ ᠦᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠵᠤ᠂ ᠢᠯᠡ᠂ ᠲᠤᠳᠤ᠂ ᠳᠦᠷᠢᠮᠵᠢᠭᠦᠨ᠂ ᠪᠦᠷᠢᠨ ᠲᠦᠬᠦᠷ ᠲᠦᠰᠦᠪ ᠤᠨ ᠳᠦᠷᠢᠮ ᠢ ᠪᠠᠶᠢᠭᠤᠯᠤᠨ᠎ᠠ︔ ᠡᠯ᠎ᠡ ᠲᠦᠷᠦᠯ ᠤᠨ ᠡᠳ᠋ ᠤᠨ ᠵᠠᠰᠠᠭ ᠤᠨ ᠤᠷᠤᠯᠭ᠎ᠠ ᠶᠢ ᠢᠳᠡᠪᠬᠢᠲᠡᠢ ᠵᠤᠬᠢᠶᠠᠨ ᠪᠠᠶᠢᠭᠤᠯᠵᠤ᠂ ᠪᠡᠯᠡ ᠮᠦᠩᠭᠦ ᠶᠢᠨ ᠴᠤᠭᠯᠠᠭᠤᠯᠬᠤ ᠬᠦᠴᠦᠯᠡᠴᠡ ᠶᠢ ᠨᠡᠮᠡᠭᠳᠡᠭᠦᠯᠦᠨ᠂ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠤᠨᠴᠠᠭᠠᠶᠢᠯᠠᠨ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠱᠠᠭᠠᠷᠳᠠᠯᠭ᠎ᠠ ᠶᠢ ᠪᠠᠲᠤᠯᠠᠨ᠎ᠠ︔ ᠡᠳ᠋ ᠤᠨ ᠵᠠᠰᠠᠭ ᠤᠨ ᠬᠢᠨᠠᠨ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠤᠨ ᠪᠡᠯᠡ ᠮᠦᠩᠭᠦ ᠶᠢᠨ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠵᠦ᠂ ᠪᠦᠬᠦ ᠲᠤᠭᠤᠷᠢᠭ ᠤᠨ ᠠᠵᠤ ᠠᠬᠤᠢ ᠶᠢᠨ ᠲᠤᠭᠲᠠᠭᠤᠨ ᠡᠷᠡᠭᠦᠯ ᠬᠦᠭᠵᠢᠯᠲᠡ ᠪᠤᠯᠤᠨ ᠨᠡᠶᠢᠭᠡᠮ ᠤᠨ ᠡᠶ᠎ᠡ ᠵᠤᠬᠢᠴᠠᠯ ᠳᠤ ᠬᠦᠴᠦᠲᠡᠢ ᠪᠠᠲᠤᠯᠠᠭ᠎ᠠ ᠬᠠᠩᠭᠠᠨ᠎ᠠ᠃        ᠳᠡᠭᠡᠷ᠎ᠡ ᠳᠤᠷᠠᠳᠤᠭᠰᠠᠨ ᠵᠢᠯᠤᠭᠤᠳᠬᠤ ᠦᠵᠡᠯ ᠰᠠᠨᠠᠭ᠎ᠠ ᠶᠢ ᠦᠨᠳᠦᠰᠦᠯᠡᠨ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠤᠳᠠᠲᠠᠢ ᠲᠠᠢ ᠤᠶᠠᠯᠳᠤᠭᠤᠯᠵᠤ᠂ 2017 ᠤᠨ ᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠲᠦᠰᠦᠪ ᠤᠨ ᠲᠦᠰᠦᠯ ᠢ ᠨᠠᠶᠢᠷᠠᠭᠤᠯᠪᠠ᠃        ︵ᠨᠢᠭᠡ︶ 2017 ᠤᠨ ᠤ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠵᠠᠷᠤᠯᠭ᠎ᠠ ᠶᠢᠨ ᠲᠤᠬᠢᠷᠠᠭᠤᠯᠭ᠎ᠠ        1. ᠡᠩ ᠤᠨ ᠤᠯᠠᠨ ᠨᠡᠶᠢᠲᠡ ᠶᠢᠨ ᠤᠷᠤᠯᠭ᠎ᠠ ᠶᠢᠨ ᠲᠦᠰᠦᠪ        2017 ᠤᠨ ᠤ ᠪᠦᠬᠦ ᠲᠤᠭᠤᠷᠢᠭ ᠤᠨ ᠡᠩ ᠤᠨ ᠤᠯᠠᠨ ᠨᠡᠶᠢᠲᠡ ᠶᠢᠨ ᠤᠷᠤᠯᠭ᠎ᠠ ᠶᠢᠨ ᠲᠦᠰᠦᠪ ᠤᠨ ᠡᠭᠦᠷᠭᠡ ᠪᠤᠯ 247530 ᠲᠦᠮᠡᠨ ᠲᠦᠭᠦᠷᠢᠭ᠂ ᠳᠡᠭᠡᠷ᠎ᠡ ᠵᠢᠯ ᠤᠨ ᠪᠡᠶᠡᠯᠡᠭᠦᠯᠦᠭᠰᠡᠨ ᠦᠷᠲᠡᠭ ᠠᠴᠠ 16195 ᠲᠦᠮᠡᠨ ᠲᠦᠭᠦᠷᠢᠭ ᠨᠡᠮᠡᠭᠳᠡᠵᠦ᠂ 7% ᠤᠷᠴᠢᠮ ᠨᠡᠮᠡᠭᠳᠡᠪᠡ᠃ ᠡᠭᠦᠨ ᠳᠤ᠄ ᠭᠠᠶᠢᠯᠢ ᠲᠠᠲᠠᠪᠤᠷᠢ ᠶᠢᠨ ᠤᠷᠤᠯᠭ᠎ᠠ 217530 ᠲᠦᠮᠡᠨ ᠲᠦᠭᠦᠷᠢᠭ᠂ ᠭᠠᠶᠢᠯᠢ ᠶᠢᠨ ᠪᠤᠰᠤ ᠤᠷᠤᠯᠭ᠎ᠠ 30000 ᠲᠦᠮᠡᠨ ᠲᠦᠭᠦᠷᠢᠭ᠃        2. ᠡᠩ ᠤᠨ ᠤᠯᠠᠨ ᠨᠡᠶᠢᠲᠡ ᠶᠢᠨ ᠵᠠᠷᠤᠯᠭ᠎ᠠ ᠶᠢᠨ ᠲᠦᠰᠦᠪ        2017 ᠤᠨ ᠤ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ ᠪᠤᠯᠤᠨ ᠡᠳ᠋ ᠤᠨ ᠵᠠᠰᠠᠭ ᠤᠨ ᠪᠠᠶᠢᠭᠤᠯᠤᠯ ᠤᠨ ᠲᠦᠰᠦᠭᠡᠯᠡᠨ ᠪᠤᠳᠤᠯᠲᠠ ᠶᠢ ᠦᠨᠳᠦᠰᠦᠯᠡᠪᠡᠯ᠂ 2017 ᠤᠨ ᠤ ᠪᠦᠬᠦ ᠲᠤᠭᠤᠷᠢᠭ ᠤᠨ ᠡᠩ ᠤᠨ ᠤᠯᠠᠨ ᠨᠡᠶᠢᠲᠡ ᠶᠢᠨ ᠲᠦᠰᠦᠪ ᠤᠨ ᠬᠡᠷᠡᠭᠯᠡᠵᠦ ᠪᠤᠯᠬᠤ ᠪᠡᠯᠡ ᠮᠦᠩᠭᠦ 216000 ᠲᠦᠮᠡᠨ ᠲᠦᠭᠦᠷᠢᠭ᠃ ᠡᠭᠦᠨ ᠳᠤ᠄ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ 247530 ᠲᠦᠮᠡᠨ ᠲᠦᠭᠦᠷᠢᠭ᠂ ᠳᠡᠭᠡᠷ᠎ᠡ ᠱᠠᠲᠤᠨ ᠤ ᠨᠦᠬᠦᠪᠦᠷᠢ ᠶᠢᠨ ᠤᠷᠤᠯᠭ᠎ᠠ 81267 ᠲᠦᠮᠡᠨ ᠲᠦᠭᠦᠷᠢᠭ︔ ᠳᠡᠭᠡᠷ᠎ᠡ ᠵᠢᠯ ᠤᠨ ᠦᠯᠡᠳᠡᠪᠦᠷᠢ 4404 ᠲᠦᠮᠡᠨ ᠲᠦᠭᠦᠷᠢᠭ︔ ᠳᠡᠭᠡᠷ᠎ᠡ ᠱᠠᠲᠤᠨ ᠳᠤ ᠳᠡᠭᠡᠭᠰᠢ ᠲᠤᠰᠢᠶᠠᠭᠰᠠᠨ ᠪᠡᠯᠨ ᠮᠦᠩᠭᠦ 112161 ᠲᠦᠮᠡᠨ ᠲᠦᠭᠦᠷᠢᠭ ᠪᠤᠯᠤᠨ ᠤᠷᠤᠨ ᠨᠤᠲᠤᠭ ᠤᠨ ᠵᠠᠰᠠᠭ ᠤᠨ ᠤᠷᠳᠤᠨ ᠤ ᠠᠯᠪᠠᠨ ᠵᠢᠭᠡᠯᠡᠯᠭᠡ ᠶᠢᠨ ᠲᠡᠮᠳᠡᠭᠲᠦ ᠶᠢᠨ ᠡᠬᠡ ᠮᠦᠩᠭᠦ ᠶᠢ ᠪᠤᠴᠠᠭᠠᠭᠰᠠᠨ ᠵᠠᠷᠤᠯᠭ᠎ᠠ 5040 ᠲᠦᠮᠡᠨ ᠲᠦᠭᠦᠷᠢᠭ ᠢ ᠭᠠᠷᠭᠠᠪᠠᠯ᠂ ᠪᠤᠳᠠᠲᠠᠢ ᠬᠡᠷᠡᠭᠯᠡᠵᠦ ᠪᠤᠯᠬᠤ ᠪᠡᠯᠡ ᠮᠦᠩᠭᠦ 216000 ᠲᠦᠮᠡᠨ ᠲᠦᠭᠦᠷᠢᠭ︔ ᠤᠷᠤᠯᠭ᠎ᠠ ᠪᠠᠷ ᠵᠠᠷᠤᠯᠭ᠎ᠠ ᠪᠠᠨ ᠲᠤᠭᠲᠠᠭᠠᠨ᠂ ᠤᠷᠤᠯᠭ᠎ᠠ ᠵᠠᠷᠤᠯᠭ᠎ᠠ ᠶᠢ ᠲᠡᠩᠴᠡᠭᠦᠷᠢᠰᠢᠭᠦᠯᠬᠦ ᠵᠠᠷᠴᠢᠮ ᠶᠤᠰᠤᠭᠠᠷ᠂ ᠡᠳ᠋ ᠤᠨ ᠵᠠᠰᠠᠭ ᠤᠨ ᠵᠠᠷᠤᠯᠭ᠎ᠠ ᠶᠢᠨ ᠲᠦᠰᠦᠪ ᠢ 216000 ᠲᠦᠮᠡᠨ ᠲᠦᠭᠦᠷᠢᠭ ᠢᠶᠠᠷ ᠲᠤᠬᠢᠷᠠᠭᠤᠯᠪᠠ᠃        ᠠᠵᠤ ᠠᠬᠤᠢ ᠶᠢᠨ ᠲᠦᠷᠦᠯ ᠵᠦᠢᠯ ᠢᠶᠠᠷ ᠠᠩᠭᠢᠯᠠᠪᠠᠯ᠂ ᠡᠩ ᠤᠨ ᠤᠯᠠᠨ ᠨᠡᠶᠢᠲᠡ ᠶᠢᠨ ᠲᠦᠰᠦᠪ ᠤᠨ ᠵᠠᠷᠤᠯᠭ᠎ᠠ ᠶᠢ ᠲᠤᠬᠢᠷᠠᠭᠤᠯᠤᠭᠰᠠᠨ ᠪᠠᠶᠢᠳᠠᠯ᠄ ᠴᠠᠯᠢᠩ ᠠᠰᠠᠷᠠᠮᠵᠢ ᠶᠢᠨ ᠵᠠᠷᠤᠯᠭ᠎ᠠ 86361 ᠲᠦᠮᠡᠨ ᠲᠦᠭᠦᠷᠢᠭ᠂ ᠦᠷᠢ ᠦᠭᠴᠡᠭᠡᠨ ᠤ ᠬᠦᠦ ᠮᠦᠩᠭᠦ ᠶᠢᠨ ᠵᠠᠷᠤᠯᠭ᠎ᠠ 10329 ᠲᠦᠮᠡᠨ ᠲᠦᠭᠦᠷᠢᠭ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠦᠬᠦᠪᠦᠷᠢ ᠶᠢᠨ ᠵᠠᠷᠤᠯᠭ᠎ᠠ 4860 ᠲᠦᠮᠡᠨ ᠲᠦᠭᠦᠷᠢᠭ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ 6580 ᠲᠦᠮᠡᠨ ᠲᠦᠭᠦᠷᠢᠭ᠂ ᠪᠤᠰᠤᠳ ᠪᠡᠯᠡ ᠮᠦᠩᠭᠦ ᠶᠢᠨ ᠴᠢᠨᠠᠷᠲᠠᠢ ᠵᠠᠷᠤᠯᠭ᠎ᠠ 19801 ᠲᠦᠮᠡᠨ ᠲᠦᠭᠦᠷᠢᠭ᠂ ᠪᠡᠯᠡᠳᠬᠡᠯ ᠰᠦᠢᠳᠬᠡᠯ 5723 ᠲᠦᠮᠡᠨ ᠲᠦᠭᠦᠷᠢᠭ᠃        ᠡᠭᠦᠷᠭᠡ ᠴᠢᠳᠠᠮᠵᠢ ᠪᠠᠷ ᠨᠢ ᠠᠩᠭᠢᠯᠠᠪᠠᠯ᠂ ᠡᠩ ᠤᠨ ᠤᠯᠠᠨ ᠨᠡᠶᠢᠲᠡ ᠶᠢᠨ ᠲᠦᠰᠦᠪ ᠤᠨ ᠵᠠᠷᠤᠯᠭ᠎ᠠ ᠶᠢᠨ ᠭᠤᠤᠯ ᠡᠯᠧᠮᠧᠨ᠋ᠲ ᠪᠤᠯ᠄ ᠡᠩ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 23788 ᠲᠦᠮᠡᠨ ᠲᠦᠭᠦᠷᠢᠭ︔ ᠤᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 11587 ᠲᠦᠮᠡᠨ ᠲᠦᠭᠦᠷᠢᠭ︔ ᠰᠤᠷᠭᠠᠨ ᠬᠦᠮᠦᠵᠢᠯ ᠤᠨ ᠵᠠᠷᠤᠯᠭ᠎ᠠ 59553 ᠲᠦᠮᠡᠨ ᠲᠦᠭᠦᠷᠢᠭ᠂ ᠰᠤᠶᠤᠯ ᠲᠠᠮᠢᠷ ᠪᠤᠯᠤᠨ ᠵᠠᠭᠤᠴᠢᠯᠠᠭᠤᠷ ᠤᠨ ᠵᠠᠷᠤᠯᠭ᠎ᠠ 1551 ᠲᠦᠮᠡᠨ ᠲᠦᠭᠦᠷᠢᠭ︔ ᠨᠡᠶᠢᠭᠡᠮ ᠤᠨ ᠪᠠᠲᠤᠯᠠᠭ᠎ᠠ ᠪᠤᠯᠤᠨ ᠠᠵᠢᠯ ᠤᠯᠭᠤᠯᠲᠠ ᠶᠢᠨ ᠵᠠᠷᠤᠯᠭ᠎ᠠ 45403 ᠲᠦᠮᠡᠨ ᠲᠦᠭᠦᠷᠢᠭ︔ ᠡᠮ ᠡᠮᠨᠡᠯᠭᠡ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠲᠦ ᠦᠷᠡᠵᠢᠯ ᠤᠨ ᠵᠠᠷᠤᠯᠭ᠎ᠠ 6131 ᠲᠦᠮᠡᠨ ᠲᠦᠭᠦᠷᠢᠭ︔ ᠡᠨᠧᠷᠭᠢ ᠠᠷᠪᠢᠯᠠᠵᠤ ᠤᠷᠴᠢᠨ ᠲᠤᠭᠤᠷᠢᠨ ᠢ ᠬᠠᠮᠠᠭᠠᠯᠠᠬᠤ ᠵᠠᠷᠤᠯᠭ᠎ᠠ 3419 ᠲᠦᠮᠡᠨ ᠲᠦᠭᠦᠷᠢᠭ︔ ᠬᠤᠲᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠷᠤᠯᠭ᠎ᠠ 38523 ᠲᠦᠮᠡᠨ ᠲᠦᠭᠦᠷᠢᠭ᠂ ᠲᠠᠷᠢᠶᠠᠯᠠᠩ᠂ ᠤᠢ ᠰᠢᠭᠤᠢ᠂ ᠤᠰᠤᠨ ᠠᠰᠢᠭᠯᠠᠯᠲᠠ ᠶᠢᠨ ᠵᠠᠷᠤᠯᠭ᠎ᠠ 5764 ᠲᠦᠮᠡᠨ ᠲᠦᠭᠦᠷᠢᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 1414 ᠲᠦᠮᠡᠨ ᠲᠦᠭᠦᠷᠢᠭ᠂ ᠡᠬᠢ ᠪᠠᠶᠠᠯᠢᠭ ᠢ ᠬᠠᠶᠢᠨ ᠰᠢᠨᠵᠢᠯᠡᠬᠦ ᠰᠤᠷᠠᠭ ᠵᠠᠩᠭᠢ ᠵᠡᠷᠭᠡ ᠶᠢᠨ ᠵᠠᠷᠤᠯᠭ᠎ᠠ 352 ᠲᠦᠮᠡᠨ ᠲᠦᠭᠦᠷᠢᠭ᠂ ᠬᠤᠳᠠᠯᠳᠤᠭ᠎ᠠ ᠦᠢᠯᠡᠴᠢᠯᠡᠭᠡᠨ ᠤ ᠦᠢᠯᠡᠰ ᠵᠡᠷᠭᠡ ᠶᠢᠨ ᠵᠠᠷᠤᠯᠭ᠎ᠠ 436 ᠲᠦᠮᠡᠨ ᠲᠦᠭᠦᠷᠢᠭ᠂ ᠭᠠᠵᠠᠷ ᠰᠢᠷᠤᠢ᠂ ᠳᠠᠯᠠᠢ ᠲᠠᠩᠭᠢᠰ᠂ ᠠᠭᠤᠷ  ᠠᠮᠢᠰᠬᠤᠯ ᠵᠡᠷᠭᠡ ᠶᠢᠨ ᠵᠠᠷᠤᠯᠭ᠎ᠠ 112 ᠲᠦᠮᠡᠨ ᠲᠦᠭᠦᠷᠢᠭ᠂ ᠤᠷᠤᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 5995 ᠲᠦᠮᠡᠨ ᠲᠦᠭᠦᠷᠢᠭ᠂ ᠠᠮᠤ ᠲᠤᠰᠤ ᠪᠤᠳᠠᠰ ᠤᠨ ᠬᠠᠳᠠᠭᠠᠯᠠᠮᠵᠢ ᠶᠢᠨ ᠵᠠᠷᠤᠯᠭ᠎ᠠ 228 ᠲᠦᠮᠡᠨ ᠲᠦᠭᠦᠷᠢᠭ᠂ ᠵᠠᠰᠠᠭ ᠤᠨ ᠤᠷᠳᠤᠨ ᠤ ᠠᠯᠪᠠᠨ ᠵᠢᠭᠡᠯᠡᠯᠭᠡ ᠶᠢᠨ ᠲᠡᠮᠳᠡᠭᠲᠦ ᠶᠢᠨ ᠬᠦᠦ ᠮᠦᠩᠭᠦ ᠶᠢᠨ ᠵᠠᠷᠤᠯᠭ᠎ᠠ 3099 ᠲᠦᠮᠡᠨ ᠲᠦᠭᠦᠷᠢᠭ᠂ ᠪᠡᠯᠡᠳᠬᠡᠯ ᠰᠦᠢᠳᠬᠡᠯ 5723 ᠲᠦᠮᠡᠨ ᠲᠦᠭᠦᠷᠢᠭ᠃        ︵ᠬᠤᠶᠠᠷ︶ 2017 ᠤᠨ ᠤ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠲᠦᠰᠦᠪ ᠤᠨ ᠤᠷᠤᠯᠭ᠎ᠠ ᠵᠠᠷᠤᠯᠭ᠎ᠠ ᠶᠢᠨ ᠲᠤᠬᠢᠷᠠᠭᠤᠯᠭ᠎ᠠ        2017 ᠤᠨ ᠳᠤ᠂ ᠪᠦᠬᠦ ᠲᠤᠭᠤᠷᠢᠭ ᠤᠨ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠤᠷᠤᠯᠭ᠎ᠠ ᠶᠢᠨ ᠲᠤᠬᠢᠷᠠᠭᠤᠯᠭ᠎ᠠ 314419 ᠲᠦᠮᠡᠨ ᠲᠦᠭᠦᠷᠢᠭ᠂ ᠳᠡᠭᠡᠷ᠎ᠡ ᠵᠢᠯ ᠤᠨ ᠪᠡᠶᠡᠯᠡᠭᠦᠯᠦᠭᠰᠡᠨ ᠲᠤᠭ᠎ᠠ ᠠᠴᠠ 294882 ᠲᠦᠮᠡᠨ ᠲᠦᠭᠦᠷᠢᠭ ᠨᠡᠮᠡᠭᠳᠡᠨ᠂ 15 ᠲᠠᠬᠢᠨ ᠨᠡᠮᠡᠭᠳᠡᠵᠦ᠂ ᠤᠷᠤᠯᠭ᠎ᠠ ᠶᠢᠨ ᠶᠡᠭᠡ ᠬᠡᠮᠵᠢᠶ᠎ᠡ ᠪᠠᠷ ᠨᠡᠮᠡᠭᠳᠡᠭᠰᠡᠨ ᠭᠤᠤᠯ ᠰᠢᠯᠲᠠᠭᠠᠨ ᠪᠤᠯ ᠡᠯ᠎ᠡ ᠬᠦᠷᠢᠶᠡᠯᠡᠩ ᠲᠤᠭᠤᠷᠢᠭ ᠵᠢᠴᠢ ᠳᠦᠭᠦᠮ ᠪᠦᠲᠦᠴᠡᠲᠦ ᠤᠷᠤᠨ ᠰᠠᠭᠤᠴᠠ ᠶᠢᠨ ᠦᠭᠡᠷᠡᠴᠢᠯᠡᠨ ᠪᠠᠶᠢᠭᠤᠯᠤᠯᠲᠠ ᠶᠢᠨ ᠭᠠᠵᠠᠷ ᠰᠢᠷᠤᠢ ᠶᠢ ᠬᠢᠮᠲᠠ ᠪᠠᠷ ᠬᠤᠳᠠᠯᠳᠤᠭᠰᠠᠨ ᠤᠷᠤᠯᠭ᠎ᠠ ᠠᠴᠠ ᠢᠷᠡᠯᠲᠡᠲᠡᠢ︔ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠨᠦᠬᠦᠪᠦᠷᠢ ᠶᠢᠨ ᠤᠷᠤᠯᠭ᠎ᠠ 5500 ᠲᠦᠮᠡᠨ ᠲᠦᠭᠦᠷᠢᠭ︔ ᠳᠡᠭᠡᠷ᠎ᠡ ᠵᠢᠯ ᠤᠨ ᠦᠯᠡᠳᠡᠪᠦᠷᠢ 13378 ᠲᠦᠮᠡᠨ ᠲᠦᠭᠦᠷᠢᠭ︔ ᠪᠦᠬᠦ ᠲᠤᠭᠤᠷᠢᠭ ᠤᠨ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢᠨ ᠲᠦᠰᠦᠪ ᠤᠨ ᠵᠠᠷᠤᠯᠭ᠎ᠠ ᠶᠢᠨ ᠬᠠᠷᠠᠭᠠᠯᠵᠠᠭᠰᠠᠨ ᠲᠤᠬᠢᠷᠠᠭᠤᠯᠭ᠎ᠠ 333297 ᠲᠦᠮᠡᠨ ᠲᠦᠭᠦᠷᠢᠭ᠂ ᠭᠤᠤᠯ ᠪᠤᠯᠬᠤ ᠡᠯ᠎ᠡ ᠲᠦᠷᠦᠯ ᠤᠨ ᠦᠷᠢ ᠦᠭᠴᠡᠭᠡᠨ ᠤ ᠲᠦᠷᠦᠯ ᠳᠤ ᠬᠡᠷᠡᠭᠯᠡᠬᠦ ᠵᠠᠷᠤᠯᠭ᠎ᠠ᠂ PPP ᠲᠦᠷᠦᠯ ᠵᠦᠢᠯ ᠤᠨ ᠦᠭᠴᠡᠭᠡ ᠵᠢᠴᠢ ᠭᠠᠵᠠᠷ ᠰᠢᠷᠤᠢ ᠬᠤᠷᠢᠶᠠᠨ ᠲᠠᠲᠠᠪᠤᠷᠢᠯᠠᠬᠤ᠂ ᠨᠤᠷᠠᠭᠠᠬᠤ᠂ ᠴᠡᠭᠴᠡᠯᠡᠬᠦ ᠵᠡᠷᠭᠡ ᠰᠦᠢᠳᠬᠡᠯ ᠤᠨ ᠵᠠᠷᠤᠯᠭ᠎ᠠ᠃        ︵ᠭᠤᠷᠪᠠ︶ 2017 ᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠤᠷᠤᠯᠭ᠎ᠠ ᠵᠠᠷᠤᠯᠭ᠎ᠠ ᠶᠢᠨ ᠲᠦᠰᠦᠪ ᠤᠨ ᠲᠣᠬᠢᠷᠠᠭᠤᠯᠭ᠎ᠠ        2017 ᠤᠨ ᠳᠤ᠂ ᠪᠦᠬᠦ ᠲᠤᠭᠤᠷᠢᠭ ᠤᠨ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠤᠷᠤᠯᠭ᠎ᠠ ᠶᠢᠨ ᠲᠤᠬᠢᠷᠠᠭᠤᠯᠭ᠎ᠠ 82081 ᠲᠦᠮᠡᠨ ᠲᠦᠭᠦᠷᠢᠭ᠃ ᠤᠷᠤᠯᠭ᠎ᠠ ᠶᠢᠨ ᠢᠷᠡᠯᠲᠡ ᠨᠢ ᠭᠤᠤᠯᠳᠠᠭᠤ ᠳᠠᠭᠠᠳᠬᠠᠯ᠂  ᠡᠳ᠋ ᠤᠨ ᠵᠠᠰᠠᠭ ᠤᠨ ᠨᠦᠬᠦᠪᠦᠷᠢ ᠪᠤᠯᠤᠨ ᠬᠦᠦ ᠮᠦᠩᠭᠦ ᠶᠢᠨ ᠤᠷᠤᠯᠭ᠎ᠠ ᠵᠡᠷᠭᠡ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢᠨ ᠵᠠᠷᠤᠯᠭ᠎ᠠ ᠶᠢᠨ ᠲᠤᠬᠢᠷᠠᠭᠤᠯᠭ᠎ᠠ 78652 ᠲᠦᠮᠡᠨ ᠲᠦᠭᠦᠷᠢᠭ᠂ ᠭᠤᠤᠯᠳᠠᠭᠤ ᠬᠤᠲᠠ ᠬᠦᠳᠡᠭᠡ ᠶᠢᠨ ᠰᠠᠭᠤᠭᠠᠯᠢ ᠠᠷᠠᠳ ᠪᠤᠯᠤᠨ ᠠᠵᠢᠯᠲᠠᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠦᠩᠭᠦ᠂ ᠡᠮ ᠡᠮᠨᠡᠯᠭᠡ ᠶᠢᠨ ᠳᠠᠭᠠᠳᠬᠠᠯ ᠪᠤᠯᠤᠨ ᠦᠷᠡᠵᠢᠯ ᠤᠨ ᠳᠠᠭᠠᠳᠬᠠᠯ ᠵᠡᠷᠭᠡ ᠵᠠᠷᠤᠯᠭ᠎ᠠ ᠳᠤ ᠬᠡᠷᠡᠭᠯᠡᠨ᠎ᠡ᠃        ᠭᠤᠷᠪᠠ᠂ 2017 ᠤᠨ ᠤ ᠡᠳ᠋ ᠤᠨ ᠵᠠᠰᠠᠭ ᠤᠨ ᠲᠦᠰᠦᠪ ᠤᠨ ᠡᠭᠦᠷᠭᠡ ᠶᠢ ᠪᠡᠶᠡᠯᠡᠭᠦᠯᠬᠦ ᠠᠵᠢᠯ ᠤᠨ ᠠᠷᠭ᠎ᠠ ᠬᠡᠮᠵᠢᠶ᠎ᠡ        ︵ᠨᠢᠭᠡ︶ ᠭᠠᠶᠢᠯᠢ ᠶᠢᠨ ᠢᠷᠡᠯᠲᠡ ᠶᠢᠨ ᠪᠠᠶᠢᠭᠤᠯᠤᠯᠲᠠ ᠶᠢ ᠴᠢᠩᠭᠠᠳᠬᠠᠨ᠂ ᠭᠠᠶᠢᠯᠢ ᠲᠠᠲᠠᠪᠤᠷᠢ ᠶᠢᠨ ᠬᠤᠷᠢᠶᠠᠨ ᠲᠠᠲᠠᠪᠤᠷᠢᠯᠠᠬᠤ ᠬᠠᠮᠢᠶᠠᠷᠤᠯᠲᠠ ᠶᠢ ᠴᠢᠩᠭᠠᠳᠬᠠᠵᠤ᠂ ᠤᠷᠤᠯᠭ᠎ᠠ ᠶᠢᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠨ᠎ᠠ        ᠭᠠᠶᠢᠯᠢ ᠶᠢᠨ ᠡᠬᠢ ᠰᠤᠷᠪᠤᠯᠵᠢ ᠶᠢ ᠪᠤᠶᠢᠵᠢᠭᠤᠯᠬᠤ ᠬᠦᠴᠦᠯᠡᠴᠡ ᠪᠠᠨ ᠨᠡᠮᠡᠭᠳᠡᠭᠦᠯᠦᠨ᠂ ᠡᠯ᠎ᠡ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠡᠷᠦᠩᠬᠡᠢ ᠬᠡᠯᠲᠡᠰ ᠤᠨ ᠠᠵᠤ ᠠᠬᠤᠢ ᠶᠢᠨ ᠬᠤᠩ ᠱᠠᠨ ᠲᠤᠭᠤᠷᠢᠭ ᠲᠤ ᠨᠠᠶᠢᠳᠠᠪᠤᠷᠢᠵᠢᠬᠤ ᠶᠢ ᠠᠬᠢᠭᠤᠯᠤᠨ᠂ ᠭᠤᠤᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠠᠬᠢᠴᠠ ᠶᠢ ᠠᠬᠢᠭᠤᠯᠤᠨ᠎ᠠ︔ ᠤᠳᠤ ᠪᠠᠶᠢᠭ᠎ᠠ ᠠᠵᠤ ᠠᠬᠤᠶᠢᠯᠠᠯ ᠤᠨ ᠠᠵᠤ ᠠᠬᠤᠢ ᠶᠢᠨ ᠬᠦᠷᠢᠶ᠎ᠡ ᠬᠡᠪᠴᠢᠶ᠎ᠡ ᠶᠢ ᠪᠤᠵᠠᠭᠠᠶᠢᠷᠠᠭᠤᠯᠤᠨ᠂ ᠠᠵᠤ ᠠᠬᠤᠶᠢᠯᠠᠯ ᠤᠨ ᠬᠤᠲᠠ ᠠᠴᠠ ᠤᠬᠤᠷᠢᠨ ᠬᠦᠷᠢᠶᠡᠯᠡᠩ ᠳᠤ ᠤᠷᠤᠬᠤ ᠶᠢ ᠵᠢᠯᠤᠭᠤᠳᠴᠤ᠂ ᠠᠵᠤ ᠠᠬᠤᠶᠢᠯᠠᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠤᠨ᠂ ᠮᠠᠨ ᠤ ᠲᠤᠭᠤᠷᠢᠭ ᠤᠨ ᠠᠵᠤ ᠠᠬᠤᠢ ᠶᠢᠨ ᠬᠦᠭᠵᠢᠯᠲᠡ ᠶᠢᠨ ᠬᠦᠳᠡᠯᠭᠡᠭᠴᠢ ᠬᠦᠴᠦᠨ ᠢ ᠴᠢᠩᠭᠠᠷᠠᠭᠤᠯᠤᠨ᠎ᠠ᠃ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠭᠠᠶᠢᠯᠢ ᠶᠢᠨ ᠶᠡᠷᠦᠩᠬᠡᠶᠢᠯᠡᠭᠰᠡᠨ ᠴᠡᠭᠴᠡᠯᠡᠯᠲᠡ︾ ᠶᠢᠨ ᠠᠵᠢᠯ ᠢ ᠪᠦᠬᠦ ᠲᠠᠯ᠎ᠠ ᠪᠠᠷ ᠦᠷᠨᠢᠭᠦᠯᠵᠦ᠂ ᠡᠯ᠎ᠡ ᠰᠠᠯᠠᠭ᠎ᠠ ᠮᠦᠴᠢᠷ ᠤᠨ ᠭᠠᠶᠢᠯᠢ ᠳᠤ ᠬᠤᠯᠪᠤᠭᠳᠠᠭᠰᠠᠨ ᠰᠤᠷᠠᠭ ᠵᠠᠩᠭᠢ ᠶᠢᠨ ᠰᠤᠯᠢᠯᠴᠠᠭ᠎ᠠ ᠶᠢ ᠴᠢᠩᠭᠠᠳᠬᠠᠨ᠂ ᠡᠯ᠎ᠡ ᠲᠦᠷᠦᠯ ᠤᠨ ᠭᠠᠶᠢᠯᠢ ᠶᠢᠨ ᠰᠤᠷᠪᠤᠯᠵᠢ ᠶᠢ ᠨᠡᠩ ᠪᠦᠲᠦᠮᠵᠢᠲᠡᠢ ᠪᠠᠷ ᠡᠵᠡᠮᠳᠡᠵᠦ᠂ ᠡᠯ᠎ᠡ ᠲᠦᠷᠦᠯ ᠤᠨ ᠬᠤᠷᠢᠶᠠᠵᠤ ᠪᠤᠯᠬᠤ ᠭᠠᠶᠢᠯᠢ ᠲᠠᠲᠠᠪᠤᠷᠢ ᠶᠢ ᠪᠦᠬᠦᠨ ᠢ ᠬᠤᠷᠢᠶᠠᠬᠤ ᠶᠢ ᠪᠠᠲᠤᠯᠠᠨ᠎ᠠ᠃ ᠬᠤᠲᠠ ᠲᠤᠭᠤᠷᠢᠭ ᠤᠨ ᠨᠡᠭᠡᠭᠡᠯᠲᠡ ᠪᠠᠶᠢᠭᠤᠯᠤᠯᠲᠠ ᠶᠢᠨ ᠠᠰᠢᠭᠲᠠᠢ ᠲᠤᠬᠢᠶᠠᠯ ᠢ ᠠᠳᠬᠤᠵᠤ᠂ ᠤᠷᠤᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠭᠠᠵᠠᠷ ᠰᠢᠷᠤᠢ ᠪᠤᠯᠤᠨ ᠪᠡᠯᠡ ᠮᠦᠩᠭᠦ ᠶᠢ ᠴᠢᠯᠦᠭᠡᠲᠡᠢ ᠠᠰᠢᠭᠯᠠᠵᠤ᠂ ᠬᠠᠮᠤᠭ ᠶᠡᠭᠡ ᠦᠷ᠎ᠡ ᠠᠰᠢᠭ ᠢ ᠪᠡᠶᠡᠯᠡᠭᠦᠯᠦᠨ᠎ᠡ᠃        ︵ᠬᠤᠶᠠᠷ︶ ᠤᠯᠠᠨ ᠨᠡᠶᠢᠲᠡ ᠶᠢᠨ ᠡᠳ᠋ ᠤᠨ ᠵᠠᠰᠠᠭ ᠤᠨ ᠰᠢᠰᠲ᠋ᠧᠮ ᠢ ᠲᠡᠭᠦᠯᠳᠡᠷᠵᠢᠭᠦᠯᠦᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠴᠢᠬᠤᠯᠠᠴᠢᠯᠠᠵᠤ᠂ ᠠᠵᠤ ᠠᠬᠤᠢ ᠨᠡᠶᠢᠭᠡᠮ ᠤᠨ ᠵᠤᠬᠢᠴᠠᠩᠭᠤᠢ ᠬᠦᠭᠵᠢᠯᠲᠡ ᠶᠢ ᠠᠬᠢᠭᠤᠯᠤᠨ᠎ᠠ        ᠰᠢᠶᠠᠨ ᠤ ᠳᠡᠰ ᠤᠨ ᠦᠨᠳᠦᠰᠦᠨ ᠡᠳ᠋ ᠤᠨ ᠵᠠᠰᠠᠭ ᠤᠨ ᠪᠠᠲᠤᠯᠠᠭ᠎ᠠ ᠶᠢᠨ ᠲᠤᠭᠲᠠᠴᠠ ᠶᠢᠨ ᠦᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ︽ᠴᠠᠯᠢᠩ ᠢ ᠪᠠᠲᠤᠯᠠᠨ᠂ ᠡᠷᠭᠢᠯᠲᠡ ᠶᠢ ᠪᠠᠲᠤᠯᠠᠵᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ︾ ᠴᠢᠳᠠᠪᠤᠷᠢ ᠶᠢ ᠳᠡᠭᠡᠭᠰᠢᠯᠡᠭᠦᠯᠦᠨ᠂ ᠡᠳ᠋ ᠤᠨ ᠵᠠᠰᠠᠭ ᠤᠨ ᠦᠨᠳᠦᠰᠦᠨ ᠵᠠᠷᠤᠯᠭ᠎ᠠ ᠪᠤᠯᠤᠨ ᠭᠤᠤᠯᠳᠠᠯᠭ᠎ᠠ ᠲᠠᠢ ᠵᠠᠷᠤᠯᠭ᠎ᠠ ᠶᠢ ᠵᠤᠬᠢᠰᠲᠠᠢ ᠲᠤᠬᠢᠷᠠᠭᠤᠯᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠰᠢᠯ ᠢ ᠠᠭᠠᠵᠢᠮ ᠢᠶᠠᠷ ᠪᠡᠶᠡᠯᠡᠭᠦᠯᠦᠨ᠎ᠡ᠃ ᠰᠤᠷᠭᠠᠨ ᠬᠦᠮᠦᠵᠢᠯ ᠤᠨ ᠦᠢᠯᠡᠰ ᠲᠠᠬᠢ ᠤᠷᠤᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠰᠤᠷᠭᠠᠨ ᠬᠦᠮᠦᠵᠢᠯ ᠢ ᠡᠩ ᠲᠡᠷᠢᠭᠦᠨ ᠳᠤ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠦᠭᠵᠢᠯᠲᠡ ᠶᠢᠨ ᠪᠠᠷᠢᠮᠵᠢᠶ᠎ᠠ ᠳᠤ ᠬᠦᠷᠬᠦ ᠶᠢ ᠪᠦᠬᠦ ᠬᠦᠴᠦᠨ ᠢᠶᠠᠷ ᠳᠡᠮᠵᠢᠨ᠎ᠡ᠃ ᠢᠳᠡᠪᠬᠢᠲᠡᠢ ᠪᠠᠷ ᠪᠡᠯᠡ ᠮᠦᠩᠭᠦ ᠴᠤᠭᠯᠠᠭᠤᠯᠤᠨ ᠳᠦᠭᠦᠮ ᠪᠦᠲᠦᠴᠡᠲᠦ ᠤᠷᠤᠨ ᠰᠠᠭᠤᠴᠠ ᠶᠢᠨ ᠲᠤᠭᠤᠷᠢᠭ᠂ ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠡᠨ ᠪᠠᠶᠢᠭᠤᠯᠬᠤ ᠵᠢᠴᠢ ᠰᠠᠭᠤᠷᠢ ᠲᠦᠬᠦᠭᠡᠷᠦᠮᠵᠢ ᠶᠢᠨ ᠢᠵᠢ ᠪᠦᠷᠢᠳᠦᠭᠰᠡᠨ ᠪᠠᠶᠢᠭᠤᠯᠤᠯᠲᠠ ᠶᠢ ᠳᠡᠮᠵᠢᠵᠦ᠂ ᠤᠯᠠᠨ ᠲᠦᠮᠡᠨ ᠤ ᠰᠠᠭᠤᠷᠢᠰᠢᠨ ᠰᠠᠭᠤᠬᠤ ᠨᠦᠬᠦᠴᠡᠯ ᠢ ᠦᠨᠡᠨᠬᠦ ᠰᠠᠶᠢᠵᠢᠷᠠᠭᠤᠯᠤᠨ᠎ᠠ ᠃ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠠᠵᠢᠯ ᠤᠯᠭᠤᠯᠲᠠ ᠵᠡᠷᠭᠡ ᠲᠠᠯ᠎ᠠ ᠶᠢᠨ ᠤᠷᠤᠭᠤᠯᠤᠯᠲᠠ ᠶᠢᠨ ᠬᠦᠴᠦᠯᠡᠴᠡ ᠶᠢ ᠨᠡᠮᠡᠭᠳᠡᠭᠦᠯᠦᠨ᠂  ᠬᠤᠲᠠ ᠬᠦᠳᠡᠭᠡ ᠶᠢ ᠪᠦᠷᠬᠦᠭᠰᠡᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠠᠮᠤᠭ ᠳᠤᠤᠷ᠎ᠠ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ᠂ ᠤᠨᠴᠠ ᠬᠦᠴᠢᠷᠳᠡᠯ ᠲᠠᠢ ᠬᠦᠮᠦᠰ ᠤᠨ ᠠᠰᠠᠷᠠᠨ ᠬᠠᠷᠠᠭᠠᠯᠵᠠᠬᠤ ᠪᠠᠷᠢᠮᠵᠢᠶ᠎ᠠ ᠪᠠ ᠨᠠᠰᠤᠲᠠᠶᠢᠴᠦᠦᠯ ᠤᠨ ᠨᠡᠶᠢᠭᠡᠮ ᠤᠨ ᠠᠰᠠᠷᠠᠮᠵᠢ ᠶᠢᠨ ᠪᠠᠷᠢᠮᠵᠢᠶ᠎ᠠ ᠶᠢ ᠲᠤᠭᠲᠠᠭᠤᠨ ᠢᠶᠠᠷ ᠳᠡᠭᠡᠭᠰᠢᠯᠡᠭᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠭᠡᠷᠡᠴᠢᠯᠡᠯᠲᠡ ᠪᠤᠯᠤᠨ ᠡᠷᠡᠭᠦᠯ ᠬᠠᠮᠠᠭᠠᠯᠠᠯ ᠤᠨ ᠰᠠᠭᠤᠷᠢ ᠲᠦᠬᠦᠭᠡᠷᠦᠮᠵᠢ ᠶᠢᠨ ᠪᠡᠯᠡ ᠮᠦᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠡᠯ᠎ᠡ ᠲᠦᠷᠦᠯ ᠤᠨ ᠲᠠᠷᠢᠶᠠᠯᠠᠩ ᠢ ᠬᠦᠭᠵᠢᠭᠦᠯᠬᠦ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠯᠠᠩ ᠳᠤ ᠬᠤᠯᠪᠤᠭᠳᠠᠭᠰᠠᠨ ᠪᠡᠯᠡ ᠮᠦᠩᠭᠦ ᠶᠢ ᠨᠢᠭᠡᠳᠬᠡᠬᠦ ᠬᠦᠴᠦᠯᠡᠴᠡ ᠶᠢ ᠨᠡᠮᠡᠭᠳᠡᠭᠦᠯᠦᠨ᠂ ᠦᠵᠡᠰᠬᠦᠯᠡᠩᠲᠦ ᠬᠦᠳᠡᠭᠡ ᠲᠤᠰᠬᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠲᠤᠵᠢᠭᠤᠯᠤᠨ᠎ᠠ᠃        ︵ᠭᠤᠷᠪᠠ︶ ᠡᠳ᠋ ᠤᠨ ᠵᠠᠰᠠᠭ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠳᠤ ᠦᠶ᠎ᠡ ᠶᠢᠨ ᠡᠳ᠋ ᠤᠨ ᠵᠠᠰᠠᠭ ᠤᠨ ᠳᠦᠷᠢᠮ ᠤᠨ ᠪᠠᠶᠢᠭᠤᠯᠤᠯᠲᠠ ᠶᠢ ᠠᠬᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ        ᠨᠢᠭᠡ ᠳᠤ᠂ ᠲᠦᠰᠦᠪ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠳᠤᠮᠳᠠ ᠤᠷᠲᠤ ᠬᠤᠭᠤᠴᠠᠭᠠᠨ ᠤ ᠡᠳ᠋ ᠤᠨ ᠵᠠᠰᠠᠭ ᠤᠨ ᠲᠦᠯᠦᠪᠵᠢᠭᠦᠯᠭᠡ ᠶᠢ ᠰᠤᠳᠤᠯᠤᠨ ᠨᠠᠶᠢᠷᠠᠭᠤᠯᠵᠤ᠂ ᠤᠨ ᠠᠯᠤᠰᠯᠠᠭᠰᠠᠨ ᠲᠦᠰᠦᠪ ᠤᠨ ᠲᠡᠩᠴᠡᠭᠦᠷᠢᠰᠢᠯ ᠤᠨ ᠲᠤᠭᠲᠠᠴᠠ ᠶᠢ ᠪᠠᠶᠢᠭᠤᠯᠤᠨ᠂ ᠴᠢᠬᠤᠯᠠ ᠶᠡᠭᠡ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠪᠠᠶᠢᠳᠠᠯ ᠢ ᠵᠠᠳᠠᠯᠤᠨ ᠲᠦᠰᠦᠭᠡᠯᠡᠵᠦ᠂ ᠲᠦᠷᠦ ᠶᠢᠨ ᠪᠤᠳᠤᠯᠭ᠎ᠠ ᠶᠢᠨ ᠬᠠᠷᠠᠯᠲᠠ᠂ ᠠᠵᠢᠯᠯᠠᠭᠠᠨ ᠤ ᠲᠤᠭᠲᠠᠴᠠ ᠪᠠ ᠬᠢᠨᠠᠨ ᠦᠨᠡᠯᠡᠬᠦ ᠠᠷᠭ᠎ᠠ ᠬᠡᠮᠵᠢᠶ᠎ᠡ ᠶᠢ ᠰᠤᠳᠤᠯᠤᠨ᠂ ᠡᠳ᠋ ᠤᠨ ᠵᠠᠰᠠᠭ ᠤᠨ ᠲᠦᠯᠦᠪᠵᠢᠭᠦᠯᠭᠡ ᠶᠢᠨ ᠤᠨ ᠤ ᠲᠦᠰᠦᠪ ᠲᠠᠬᠢ ᠬᠢᠵᠠᠭᠠᠷᠯᠠᠯ ᠢ ᠴᠢᠩᠭᠠᠳᠬᠠᠨ᠎ᠠ᠃ ᠬᠤᠶᠠᠷ ᠲᠤ᠂ ᠵᠠᠰᠠᠭ ᠤᠨ ᠤᠷᠳᠤᠨ ᠵᠢᠴᠢ ᠰᠠᠯᠠᠭ᠎ᠠ ᠮᠦᠴᠢᠷ ᠤᠨ ᠲᠦᠰᠦᠪ ᠪᠠ ᠲᠦᠰᠦᠪ ᠤᠨ ᠭᠦᠢᠴᠡᠳᠬᠡᠯ ᠢ ᠢᠯᠡ ᠪᠤᠯᠭᠠᠬᠤ ᠠᠵᠢᠯ ᠢ ᠰᠠᠶᠢᠲᠤᠷ ᠬᠢᠵᠦ᠂ ᠲᠦᠰᠦᠪ ᠪᠠ ᠲᠦᠰᠦᠪ ᠤᠨ ᠭᠦᠢᠴᠡᠳᠬᠡᠯ ᠢ ᠢᠯᠡ ᠪᠤᠯᠭᠠᠬᠤ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠢᠯᠡ ᠪᠤᠯᠭᠠᠬᠤ ᠠᠭᠤᠯᠭ᠎ᠠ ᠶᠢ ᠳᠦᠷᠢᠮᠵᠢᠭᠦᠯᠵᠦ᠂ ᠡᠳ᠋ ᠤᠨ ᠵᠠᠰᠠᠭ ᠤᠨ ᠲᠦᠰᠦᠪ ᠢ ᠨᠡᠩ ᠢᠯᠡ ᠲᠤᠳᠤ ᠪᠤᠯᠭᠠᠨ᠎ᠠ᠃ ᠭᠤᠷᠪᠠ ᠳᠤ᠂ ᠪᠡᠯᠡ ᠮᠦᠩᠭᠦ ᠶᠢ ᠴᠢᠯᠦᠭᠡᠲᠡᠢ ᠠᠰᠢᠭᠯᠠᠬᠤ ᠬᠦᠴᠦᠯᠡᠴᠡ ᠪᠠᠨ ᠨᠡᠮᠡᠭᠳᠡᠭᠦᠯᠦᠨ᠂ ᠰᠠᠯᠠᠭ᠎ᠠ ᠮᠦᠴᠢᠷ ᠤᠨ ᠪᠡᠯᠡ ᠮᠦᠩᠭᠦ ᠶᠢ ᠪᠦᠬᠦ ᠲᠠᠯ᠎ᠠ ᠪᠠᠷ ᠳᠦᠷᠢᠮᠵᠢᠭᠦᠯᠬᠦ ᠪᠠ ᠴᠡᠭᠴᠡᠯᠡᠵᠦ᠂ ᠡᠯ᠎ᠡ ᠪᠠᠶᠢᠭᠤᠯᠤᠯᠭ᠎ᠠ ᠶᠢᠨ ᠪᠠᠩᠭᠢ ᠶᠢᠨ ᠲᠤᠰᠬᠠᠢ ᠳᠠᠩᠰᠠᠨ ᠡᠷᠦᠬᠡ ᠶᠢ ᠬᠦᠴᠦᠨ ᠦᠭᠡᠢ ᠪᠤᠯᠭᠠᠨ᠂ ᠲᠤᠰᠬᠠᠢ ᠳᠠᠩᠰᠠᠨ ᠡᠷᠦᠬᠡ ᠳᠠᠬᠢ ᠰᠤᠯᠠ ᠪᠡᠯᠡ ᠮᠦᠩᠭᠦ ᠶᠢ ᠲᠦᠪᠯᠡᠷᠡᠭᠦᠯᠦᠨ ᠨᠢᠭᠡᠳᠬᠡᠵᠦ᠂ ᠨᠢᠭᠡᠲᠦᠯᠲᠡᠢ ᠲᠦᠯᠦᠪᠵᠢᠭᠦᠯᠦᠨ ᠬᠠᠮᠢᠶᠠᠷᠴᠤ᠂ ᠪᠡᠯᠡ ᠮᠦᠩᠭᠦ ᠶᠢᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠳᠦᠷᠪᠡ ᠳᠤ᠂ ᠤᠷᠤᠨ ᠨᠤᠲᠤᠭ ᠤᠨ ᠵᠠᠰᠠᠭ ᠤᠨ ᠤᠷᠳᠤᠨ ᠤ ᠦᠷᠢ ᠦᠭᠴᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠳᠦᠷᠢᠮᠵᠢᠭᠦᠯᠦᠨ᠂ ᠴᠢᠬᠤᠯᠠ ᠶᠡᠭᠡ ᠬᠦᠷᠦᠩᠭᠡ ᠠᠭᠤᠰᠬᠠᠬᠤ ᠲᠦᠷᠦᠯ ᠵᠦᠢᠯ ᠤᠨ ᠵᠢᠭᠡᠯᠡᠬᠦ ᠬᠡᠷᠡᠭᠯᠡᠬᠦ ᠪᠤᠴᠠᠭᠠᠬᠤ ᠠᠩᠬ᠎ᠠ ᠠᠯᠬᠤᠮ ᠤᠨ ᠲᠦᠰᠦᠯ ᠢ ᠲᠤᠭᠲᠠᠭᠠᠵᠤ᠂ ᠵᠠᠰᠠᠭ ᠤᠨ ᠤᠷᠳᠤᠨ ᠤ ᠦᠷᠢ ᠦᠭᠴᠡᠭᠡᠨ ᠤ ᠶᠠᠪᠤᠴᠠ ᠪᠠ ᠪᠡᠯᠡ ᠮᠦᠩᠭᠦ ᠶᠢᠨ ᠬᠡᠷᠡᠭᠯᠡᠯᠲᠡ ᠶᠢ ᠴᠢᠩᠭ᠎ᠠ ᠬᠢᠵᠠᠭᠠᠷᠯᠠᠨ ᠂ ᠦᠷᠢ ᠦᠭᠴᠡᠭᠡᠨ ᠤ ᠲᠦᠭᠰᠢᠭᠦᠷᠢ ᠶᠢᠨ ᠤᠷᠢᠳᠴᠢᠯᠠᠨ ᠰᠡᠷᠭᠡᠶᠢᠯᠡᠬᠦ ᠵᠢᠴᠢ ᠨᠠᠮᠬᠠᠳᠬᠠᠨ ᠰᠢᠢᠳᠪᠦᠷᠢᠯᠡᠬᠦ ᠲᠤᠭᠲᠠᠴᠠ ᠶᠢ ᠪᠠᠶᠢᠭᠤᠯᠤᠨ᠎ᠠ᠃ ᠲᠠᠪᠤ ᠳᠤ᠂ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠤᠷᠲᠤᠮᠵᠢ ᠶᠢᠨ ᠲᠤᠭᠲᠠᠴᠠ ᠶᠢ ᠪᠠᠶᠢᠭᠤᠯᠤᠨ᠂ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠳᠤ ᠬᠡᠷᠡᠭᠰᠡᠬᠦ ᠪᠡᠯᠡ ᠮᠦᠩᠭᠦ ᠶᠢ ᠡᠳ᠋ ᠤᠨ ᠵᠠᠰᠠᠭ ᠤᠨ ᠲᠦᠰᠦᠪ ᠲᠤ ᠤᠷᠤᠭᠤᠯᠵᠤ᠂ ᠡᠯ᠎ᠡ ᠰᠠᠯᠠᠭ᠎ᠠ ᠮᠦᠴᠢᠷ ᠬᠠᠮᠢᠶ᠎ᠠ ᠪᠦᠬᠦᠢ ᠲᠤᠭᠲᠠᠭᠠᠯ ᠶᠤᠰᠤᠭᠠᠷ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠠᠵᠢᠯ ᠢ ᠳᠡᠮᠵᠢᠨ᠂ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠬᠦᠷᠢᠶ᠎ᠡ ᠬᠡᠪᠴᠢᠶ᠎ᠡ ᠶᠢ ᠦᠷᠭᠡᠳᠬᠡᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠦᠪᠡᠷ ᠤᠨ ᠦᠷᠲᠡᠭ ᠢ ᠪᠠᠭᠤᠷᠠᠭᠤᠯᠤᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃        ︵ᠳᠦᠷᠪᠡ︶ ᠡᠳ᠋ ᠤᠨ ᠵᠠᠰᠠᠭ ᠤᠨ ᠬᠢᠨᠡᠯᠲᠡ ᠶᠢᠨ ᠲᠤᠭᠲᠠᠴᠠ ᠶᠢ ᠴᠢᠩᠭᠠᠳᠬᠠᠨ᠂ ᠡᠯ᠎ᠡ ᠲᠦᠷᠦᠯ ᠤᠨ ᠲᠦᠷᠦᠯ ᠵᠦᠢᠯ ᠤᠨ ᠵᠠᠷᠤᠯᠭ᠎ᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠳᠦᠷᠢᠮᠵᠢᠭᠦᠯᠵᠦ᠂ ᠪᠡᠯᠡ ᠮᠦᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ        ᠲᠦᠷᠦᠯ ᠵᠦᠢᠯ ᠤᠨ ᠲᠦᠰᠦᠪ ᠪᠠ ᠲᠦᠰᠦᠪ ᠤᠨ ᠭᠦᠢᠴᠡᠳᠬᠡᠯ ᠤᠨ ᠬᠢᠨᠠᠨ ᠲᠤᠭᠲᠠᠭᠠᠬᠤ ᠬᠠᠮᠢᠶᠠᠷᠤᠯᠲᠠ ᠶᠢᠨ ᠬᠦᠴᠦᠯᠡᠴᠡ ᠪᠠ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠲᠦᠰᠦᠪ ᠤᠨ ᠬᠠᠮᠢᠶᠠᠷᠤᠯᠲᠠ ᠶᠢᠨ ᠬᠦᠴᠦᠯᠡᠴᠡ ᠪᠠᠨ ᠨᠡᠮᠡᠭᠳᠡᠭᠦᠯᠦᠨ᠂ ᠠᠯᠢᠪᠠ ᠵᠠᠰᠠᠭ ᠤᠨ ᠤᠷᠳᠤᠨ ᠤ ᠴᠢᠨᠠᠷᠲᠠᠢ ᠪᠡᠯᠡ ᠮᠦᠩᠭᠦ ᠪᠤᠯᠤᠨ ᠡᠳ᠋ ᠤᠨ ᠵᠠᠰᠠᠭ ᠤᠨ ᠠᠵᠢᠯᠯᠠᠭᠠᠨ ᠤ ᠪᠦᠬᠦ ᠶᠠᠪᠤᠴᠠ ᠳᠠᠬᠢ ᠬᠢᠨᠠᠯᠲᠠ ᠶᠢᠨ ᠲᠤᠭᠲᠠᠴᠠ ᠶᠢ ᠲᠡᠭᠦᠯᠳᠡᠷᠵᠢᠭᠦᠯᠵᠦ᠂ ᠡᠳ᠋ ᠤᠨ ᠶᠠᠪᠤᠳᠠᠯ ᠤᠨ ᠠᠵᠢᠯ ᠤᠨ ᠬᠢᠨᠠᠯᠲᠠ ᠶᠢᠨ ᠬᠦᠴᠦᠯᠡᠴᠡ ᠪᠠᠨ ᠨᠡᠮᠡᠭᠳᠡᠭᠦᠯᠦᠨ᠂ ᠡᠳ᠋ ᠤᠨ ᠶᠠᠪᠤᠳᠠᠯ ᠤᠨ ᠠᠵᠢᠯ ᠤᠨ ᠳᠦᠷᠢᠮᠵᠢᠭᠦᠨ ᠶᠠᠪᠤᠭᠳᠠᠬᠤ ᠶᠢ ᠠᠬᠢᠭᠤᠯᠤᠨ᠎ᠠ᠃ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠬᠦᠴᠦᠯᠡᠴᠡ ᠪᠠᠨ ᠨᠡᠮᠡᠭᠳᠡᠭᠦᠯᠦᠨ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠶᠠᠪᠤᠴᠠ ᠶᠢ ᠤᠯᠠᠮ ᠨᠢᠭᠡ ᠠᠯᠬᠤᠮ ᠳᠦᠷᠢᠮᠵᠢᠭᠦᠯᠵᠦ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠬᠠᠤᠯᠢ ᠶᠤᠰᠤᠭᠠᠷ ᠵᠦᠢ ᠵᠤᠬᠢᠰᠲᠠᠢ ᠰᠢᠢᠳᠪᠦᠷᠢᠯᠡᠬᠦ ᠶᠢ ᠪᠠᠲᠤᠯᠠᠨ᠎ᠠ᠃ ᠤᠯᠤᠰ ᠤᠨ ᠬᠦᠮᠦᠷᠭᠡ ᠶᠢᠨ ᠲᠦᠪᠯᠡᠷᠡᠭᠦᠯᠦᠨ ᠵᠠᠷᠤᠴᠠᠭᠤᠯᠬᠤ ᠳᠦᠷᠢᠮ ᠲᠠᠢ ᠤᠶᠠᠯᠳᠤᠭᠤᠯᠤᠨ᠂ ᠠᠯᠪᠠᠨ ᠶᠠᠪᠤᠳᠠᠯ ᠤᠨ ᠺᠠᠷᠲ ᠤᠨ ᠬᠡᠷᠡᠭᠯᠡᠬᠦ ᠬᠦᠷᠢᠶ᠎ᠡ ᠬᠡᠪᠴᠢᠶ᠎ᠡ ᠶᠢ ᠦᠷᠭᠡᠳᠬᠡᠵᠦ᠂ ᠠᠯᠪᠠᠨ ᠶᠠᠪᠤᠳᠠᠯ ᠤᠨ ᠺᠠᠷᠲ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠡᠯ᠎ᠡ ᠪᠠᠶᠢᠭᠤᠯᠤᠯᠭ᠎ᠠ ᠶᠢᠨ ᠬᠤᠷᠠᠯ ᠴᠤᠭᠯᠠᠭ᠎ᠠ᠂ ᠠᠵᠢᠯᠯᠠᠭᠠᠨ᠂ ᠬᠤᠳᠠᠯᠳᠤᠨ ᠠᠪᠬᠤ᠂ ᠰᠡᠯᠪᠢᠨ ᠵᠠᠰᠠᠬᠤ ᠵᠡᠷᠭᠡ ᠲᠦᠷ ᠴᠠᠭ ᠤᠨ ᠵᠠᠷᠤᠯᠭ᠎ᠠ ᠶᠢ ᠴᠢᠩᠭ᠎ᠠ ᠬᠢᠨᠠᠨ ᠬᠠᠷᠭᠤᠭᠤᠯᠵᠤ᠂ ᠡᠳ᠋ ᠤᠨ ᠵᠠᠰᠠᠭ ᠤᠨ ᠪᠡᠯᠡ ᠮᠦᠩᠭᠦ ᠶᠢ ᠠᠷᠪᠢᠯᠠᠨ᠎ᠠ᠃        ᠲᠦᠯᠦᠭᠡᠯᠡᠭᠴᠢᠳ ᠡ᠂ 2017 ᠤᠨ ᠤ ᠡᠳ᠋ ᠤᠨ ᠵᠠᠰᠠᠭ ᠤᠨ ᠠᠵᠢᠯ ᠢ ᠰᠠᠶᠢᠲᠤᠷ ᠬᠢᠬᠦ ᠳᠤ ᠡᠭᠦᠷᠭᠡ ᠬᠠᠷᠢᠭᠤᠴᠠᠯᠭ᠎ᠠ ᠬᠦᠨᠳᠦ ᠪᠢᠯᠡ᠂ ᠪᠢᠳᠡ ᠲᠤᠭᠤᠷᠢᠭ ᠤᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠰᠢᠢᠳᠪᠦᠷᠢ ᠪᠠ ᠲᠤᠭᠲᠠᠭᠠᠯ ᠢ ᠡᠷᠡᠰ ᠰᠢᠭᠤᠷᠬᠠᠢ ᠭᠦᠢᠴᠡᠳᠬᠡᠵᠦ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠤᠯᠤᠨ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯᠲᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠨ᠂ ᠦᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠠᠲᠠᠭᠤᠵᠢᠯᠲᠠᠢ ᠲᠡᠮᠡᠴᠡᠨ ᠬᠦᠴᠢᠷ ᠪᠡᠷᠬᠡ ᠶᠢ ᠢᠯᠠᠨ ᠳᠠᠪᠠᠵᠤ᠂ ᠬᠦᠴᠦᠯᠡᠨ ᠴᠢᠷᠮᠠᠶᠢᠵᠤ᠂ ᠪᠦᠬᠦ ᠵᠢᠯ ᠤᠨ ᠡᠳ᠋ ᠤᠨ ᠵᠠᠰᠠᠭ ᠤᠨ ᠲᠦᠰᠦᠪ ᠤᠨ ᠡᠭᠦᠷᠭᠡ ᠶᠢ ᠪᠡᠶᠡᠯᠡᠭᠦᠯᠬᠦ ᠶᠢ ᠪᠠᠲᠤᠯᠠᠨ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠦᠷᠨᠢᠩᠭᠦᠢ ᠬᠦᠭᠵᠢᠯᠲᠡ ᠶᠢᠨ ᠰᠢᠨ᠎ᠡ ᠠᠮᠵᠢᠯᠲᠠ ᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠶ᠎ᠡ︕
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号