︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2017-05-22
       ᠰᠤᠷᠪᠤᠯᠵᠢᠯᠠᠭᠰᠠᠨ ᠴᠠᠭ᠄        2017 ᠤᠨ ᠤ 3 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ        ᠰᠤᠷᠪᠤᠯᠵᠢᠯᠠᠭᠰᠠᠨ ᠵᠣᠴᠢᠨ᠄        ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠵᠠᠶ ᠶᠧᠦ ᠵᠢᠶᠦ᠋ᠨ        ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄        ᠤᠯᠡᠠ ᠤ ᠮᠡᠳᠡᠭᠡᠵᠢ ᠪᠠᠷ ᠪᠤᠳᠠᠭ᠎ᠠ᠂ ᠲᠣᠰᠣ᠂ ᠮᠢᠬ᠎ᠠ᠂ ᠨᠤᠭᠤᠭ᠎ᠠ᠂ ᠥᠨᠳᠡᠭᠡ᠂ ᠰᠦ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠨᠢ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠂ ᠵᠠᠬ᠎ᠠ ᠳᠡᠯᠭᠡᠭᠦᠷ ᠳᠡᠭᠡᠷ᠎ᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠳᠤᠲᠠᠭᠳᠠᠬᠤ ᠲᠠᠰᠤᠯᠳᠠᠬᠤ᠂ ᠦᠨ᠎ᠡ ᠬᠠᠩᠰᠢ ᠲᠡᠩᠴᠡᠭᠦᠷᠢ ᠪᠠᠨ ᠠᠯᠳᠠᠬᠤ ᠬᠡᠷᠡᠭ ᠭᠠᠷᠤᠭᠰᠠᠭᠠᠷ ᠯᠡ ᠵᠠᠬ᠎ᠠ ᠳᠡᠯᠭᠡᠭᠦᠷ ᠤᠨ ᠡᠮᠬᠢ ᠵᠢᠷᠤᠮ ᠴᠢᠨᠠᠭᠰᠢᠯᠠᠪᠠᠯ ᠨᠡᠶᠢᠭᠡᠮ ᠤᠨ ᠲᠣᠭᠲᠠᠭᠤᠨ ᠪᠠᠶᠢᠳᠠᠯ ᠳᠤ ᠨᠡᠯᠢᠶᠡᠳ ᠶᠡᠭᠡ ᠨᠥᠯᠥᠭᠡ ᠦᠵᠡᠭᠦᠯᠳᠡᠭ᠃ ᠡᠶᠢᠮᠦ ᠠᠴᠠ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ ᠪᠦᠲᠦᠮᠵᠢᠲᠡᠢ ᠰᠡᠷᠭᠡᠶᠢᠯᠡᠵᠦ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠢ ᠲᠤᠭᠲᠠᠭᠠᠨ ᠲᠠᠷᠤᠮᠠᠯᠯᠠᠵᠤ ᠲᠠᠷᠬᠠᠭᠠᠪᠠ᠃ ᠣᠶᠢᠷ᠎ᠠ ᠳᠤ ᠪᠢᠳᠡ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠵᠠᠶ ᠶᠧᠦ ᠵᠢᠶᠦ᠋ᠨ ᠢ ᠤᠷᠢᠨ ︽ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠳᠤ ᠲᠠᠶᠢᠯᠤᠮᠵᠢ ᠬᠢᠯᠭᠡᠬᠦ ᠪᠠᠷ ᠪᠤᠯᠤᠯ᠎ᠠ᠂ ᠥᠷᠭᠡᠨ ᠣᠯᠠᠨ ᠰᠦᠯᠵᠢᠶᠡᠨ ᠤ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃        ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ        ᠬᠥᠲᠥᠯᠥᠭᠴᠢ᠄        ᠰᠦᠯᠵᠢᠶᠡᠨ ᠤ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ︕ ᠲᠠ ᠪᠦᠬᠦᠨ ᠤ ᠲᠣᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠦ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ ᠵᠣᠴᠢᠨ ᠪᠣᠯ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠵᠠᠶ ᠶᠧᠦ ᠵᠢᠶᠦ᠋ᠨ ᠪᠤᠯᠤᠨ᠎ᠠ᠂ ᠵᠠᠶ ᠲᠢᠩᠬᠢᠮ ᠤᠨ ᠳᠠᠷᠤᠭ᠎ᠠ᠂ ᠲᠠ ᠰᠠᠶᠢᠨ ᠤᠤ︕        ᠵᠠᠶ ᠶᠧᠦ ᠵᠢᠶᠦ᠋ᠨ᠄        ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ︕        ᠬᠥᠲᠥᠯᠥᠭᠴᠢ᠄        ᠵᠠᠶ ᠲᠢᠩᠬᠢᠮ ᠤᠨ ᠳᠠᠷᠤᠭ᠎ᠠ ᠡ᠂ ᠶᠠᠭᠤᠨ ᠤ ᠡᠮᠦᠨ᠎ᠡ ᠲᠠ ᠶᠠᠭᠤᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠢ ᠲᠤᠭᠲᠠᠭᠠᠭᠰᠠᠨ ᠲᠤᠬᠠᠢ ᠶᠠᠷᠢᠭᠠᠳ ᠥᠭᠭᠦᠨ᠎ᠡ ᠤᠤ︖        ᠵᠠᠶ ᠶᠧᠦ ᠵᠢᠶᠦ᠋ᠨ᠄        ᠤᠯᠡᠠ ᠤ ᠮᠡᠳᠡᠭᠡᠵᠢ ᠪᠠᠷ ᠠᠮᠤ ᠪᠤᠳᠠᠭ᠎ᠠ᠂ ᠲᠣᠰᠣ᠂ ᠮᠢᠬ᠎ᠠ᠂ ᠨᠤᠭᠤᠭ᠎ᠠ᠂ ᠥᠨᠳᠡᠭᠡ᠂ ᠰᠦ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠨᠢ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠪᠠᠶᠢᠳᠠᠭ᠂ ᠵᠠᠬ᠎ᠠ ᠳᠡᠯᠭᠡᠭᠦᠷ ᠳᠡᠭᠡᠷ᠎ᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠳᠤᠲᠠᠭᠳᠠᠬᠤ ᠲᠠᠰᠤᠯᠳᠠᠬᠤ᠂ ᠦᠨ᠎ᠡ ᠬᠠᠩᠰᠢ ᠲᠡᠩᠴᠡᠭᠦᠷᠢ ᠪᠠᠨ ᠠᠯᠳᠠᠬᠤ ᠬᠡᠷᠡᠭ ᠭᠠᠷᠤᠭᠰᠠᠭᠠᠷ ᠯᠡ ᠵᠠᠬ᠎ᠠ ᠳᠡᠯᠭᠡᠭᠦᠷ ᠤᠨ ᠡᠮᠬᠢ ᠵᠢᠷᠤᠮ ᠴᠢᠨᠠᠭᠰᠢᠯᠠᠪᠠᠯ ᠨᠡᠶᠢᠭᠡᠮ ᠤᠨ ᠲᠣᠭᠲᠠᠭᠤᠨ ᠪᠠᠶᠢᠳᠠᠯ ᠳᠤ ᠨᠡᠯᠢᠶᠡᠳ ᠶᠡᠭᠡ ᠨᠥᠯᠥᠭᠡ ᠦᠵᠡᠭᠦᠯᠳᠡᠭ᠃ ᠡᠶᠢᠮᠦ ᠠᠴᠠ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ ᠪᠦᠲᠦᠮᠵᠢᠲᠡᠢ ᠰᠡᠷᠭᠡᠶᠢᠯᠡᠵᠦ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠶᠢᠨ ᠲᠦᠯᠦᠭᠡ᠂ ᠮᠠᠨ ᠤ ᠲᠢᠩᠬᠢᠮ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠢ ᠲᠤᠭᠲᠠᠭᠠᠨ ᠳᠠᠷᠤᠮᠠᠯᠯᠠᠨ ᠲᠠᠷᠬᠠᠭᠠᠪᠠ᠃        ᠬᠥᠲᠥᠯᠥᠭᠴᠢ᠄        ᠮᠠᠨ ᠤ ᠣᠶᠢᠯᠠᠭᠠᠭᠰᠠᠨ ᠢᠶᠠᠷ᠂ ᠣᠳᠣᠬᠠᠨ ᠳᠤ ᠳᠠᠷᠤᠮᠠᠯᠯᠠᠨ ᠲᠠᠷᠬᠠᠭᠠᠨ ᠬᠡᠷᠡᠭᠵᠢᠭᠦᠯᠵᠦ ᠪᠠᠶᠢᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠨᠢ 2005 ᠣᠨ ᠳᠤ ᠲᠣᠭᠲᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ︾ ᠤᠨ ᠰᠠᠭᠤᠷᠢᠨ ᠳᠡᠭᠡᠷ᠎ᠡ ᠳᠠᠬᠢᠨ ᠵᠠᠰᠠᠪᠤᠷᠢ ᠤᠷᠤᠭᠤᠯᠤᠨ ᠲᠤᠭᠲᠠᠭᠠᠵᠠᠢ᠂ ᠶᠠᠭᠤᠨ ᠤ ᠤᠴᠢᠷ ᠠᠴᠠ ᠳᠠᠬᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠤᠬᠠᠢ ᠲᠠ ᠶᠠᠷᠢᠭᠠᠳ ᠥᠭᠭᠦᠨ᠎ᠡ ᠤᠤ︖        ᠵᠠᠶ ᠶᠸᠥ ᠵᠢᠶᠦ᠋ᠨ᠄        2005 ᠣᠨ ᠳᠤ ᠮᠠᠨ ᠤ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ︵ᠥᠪᠥᠷ ᠵᠠᠰᠠᠭ ᠠᠷᠠᠯᠵᠢᠶ᠎ᠠ ᠲᠡᠭᠡᠭᠡᠪᠦᠷᠢ ᠦᠰᠦᠭ ︹2005︺︶ ᠢ ᠲᠣᠭᠲᠠᠭᠠᠵᠤ᠂ ᠤᠷᠲᠤ ᠬᠤᠭᠤᠴᠠᠭᠠᠨ ᠤ ᠲᠤᠷᠰᠢ ᠵᠣᠬᠢᠬᠤ ᠬᠡᠮᠵᠢᠶᠡᠨ ᠤ ᠵᠢᠯᠣᠭᠤᠳᠬᠤ ᠴᠢᠨᠠᠷ ᠪᠣᠯᠤᠨ ᠬᠠᠨᠳᠤᠯᠭᠠᠲᠤ ᠴᠢᠨᠠᠷ ᠲᠠᠢ ᠪᠠᠶᠢᠭᠰᠠᠨ ᠶᠤᠮ᠃ ᠭᠡᠪᠡᠴᠦ ᠮᠠᠨ ᠤ ᠣᠷᠣᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠤᠯᠠᠰᠢᠷᠠᠬᠤ᠂ ᠰᠢᠨ᠎ᠡ ᠪᠠᠷ ᠬᠥᠭᠵᠢᠭᠰᠡᠨ ᠡᠵᠡᠩᠨᠡᠯᠲᠡ ᠶᠢᠨ ᠪᠠᠶᠢᠳᠠᠯ ᠤᠨ ᠬᠦᠭᠵᠢᠨ ᠪᠠᠳᠠᠷᠠᠬᠤ᠂ ᠭᠦᠢᠯᠭᠡᠭᠡᠨ ᠤ ᠬᠡᠪᠴᠢᠶ᠎ᠡ ᠶᠢᠨ ᠪᠤᠵᠠᠭᠠᠶᠢᠷᠠᠬᠤ᠂ ᠭᠦᠢᠯᠭᠡᠭᠡᠨ ᠤ ᠠᠷᠭ᠎ᠠ ᠬᠡᠯᠪᠡᠷᠢ ᠶᠢᠨ ᠬᠤᠪᠢᠷᠠᠭᠤᠯᠬᠤ᠂ ᠬᠤᠳᠡ ᠪᠡᠯᠭᠠᠰᠤᠴᠢᠯᠠᠯᠳᠡ ᠶᠢᠨ ᠠᠬᠢᠴᠠ ᠲᠦᠷᠭᠡᠳᠬᠦ᠂ ᠪᠦᠬᠦ ᠤᠯᠤᠰ ᠤᠨ ᠵᠠᠬ᠎ᠠ ᠳᠡᠯᠭᠡᠭᠦᠷ ᠯᠦᠭᠡ ᠲᠦᠷᠭᠡᠪᠴᠢᠯᠡᠨ ᠠᠭᠤᠰᠤᠯᠳᠤᠬᠤ ᠵᠢᠴᠢ ᠵᠠᠰᠠᠭ ᠤᠨ ᠣᠷᠳᠣᠨ ᠤ ᠬᠤᠯᠪᠣᠭᠳᠠᠯ ᠪᠦᠭᠦᠢ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢ ᠨᠡᠶᠢᠯᠡᠭᠦᠯᠬᠦ᠂ ᠥᠭᠡᠷᠡᠴᠢᠯᠡᠬᠦ ᠶᠢ ᠳᠠᠭᠠᠯᠳᠤᠨ᠂ ᠤᠤᠯ ︽ᠲᠥᠰᠦᠯ︾ ᠨᠢ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠶᠢᠨ ᠳᠡᠰ ᠬᠤᠪᠢᠶᠠᠬᠤ ᠪᠠᠷᠢᠮᠵᠢᠶ᠎ᠠ᠂ ᠪᠠᠴᠢᠮ ᠠᠷᠭᠠᠴᠠᠬᠤ ᠲᠥᠰᠦᠯ ᠵᠢᠴᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠵᠡᠷᠭᠡ ᠲᠠᠯ᠎ᠠ ᠪᠠᠷ ᠪᠦᠷ ᠥᠨᠥᠳᠦᠷ ᠤᠨ ᠵᠠᠬ᠎ᠠ ᠳᠡᠯᠭᠡᠭᠦᠷ ᠤᠨ ᠬᠤᠪᠢᠷᠠᠯᠲᠠ ᠲᠠᠢ ᠵᠤᠬᠢᠴᠠᠬᠤ ᠦᠭᠡᠢ ᠪᠤᠯᠤᠭᠰᠠᠨ ᠪᠠᠶᠢᠨ᠎ᠠ᠂ ᠡᠶᠢᠮᠦ ᠠᠴᠠ᠂ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠰᠢᠨ᠎ᠡ ᠪᠠᠶᠢᠳᠠᠯ ᠂ ᠰᠢᠨ᠎ᠡ ᠠᠰᠠᠭᠤᠳᠠᠯ ᠳᠤ ᠴᠢᠭᠯᠡᠭᠦᠯᠦᠨ᠂ ᠪᠢᠳᠡ ᠤᠤᠯ ︽ᠲᠥᠰᠦᠯ︾ ᠤᠨ ᠰᠠᠭᠤᠷᠢᠨ ᠳᠡᠭᠡᠷ᠎ᠡ ᠲᠠᠬᠢᠨ ᠵᠠᠰᠠᠪᠤᠷᠢ ᠣᠷᠣᠭᠤᠯᠵᠤ᠂ ᠪᠠᠴᠢᠮ ᠪᠠᠶᠢᠳᠠᠯ ᠢ ᠠᠷᠭᠠᠴᠠᠬᠤ ᠰᠢᠨ᠎ᠡ ᠪᠡᠯᠡᠳᠬᠡᠯ ᠲᠦᠰᠦᠯ ᠢ ᠪᠤᠢ ᠪᠤᠯᠭᠠᠪᠠ᠃        ᠬᠥᠲᠥᠯᠥᠭᠴᠢ᠄        ᠵᠠᠶ ᠲᠢᠩᠬᠢᠮ ᠤᠨ ᠳᠠᠷᠤᠭ᠎ᠠ ᠡ᠂ ᠲᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ︾ ᠢ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ ᠪᠠ ᠲᠣᠬᠢᠷᠠᠬᠤ ᠬᠡᠪᠴᠢᠶ᠎ᠡ ᠶᠢ ᠶᠠᠷᠢᠭᠠᠳ ᠥᠭᠭᠦᠨ᠎ᠡ ᠤᠤ︖        ᠵᠠᠢ ᠶᠸᠥ ᠵᠢᠶᠦ᠋ᠨ᠄        ︽ᠲᠥᠰᠦᠯ︾ ᠢ ᠨᠠᠶᠢᠷᠠᠭᠤᠯᠤᠨ ᠵᠣᠬᠢᠶᠠᠬᠤ ᠳᠤ ᠭᠤᠣᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾᠂ ᠬᠤᠳᠠᠯᠳᠤᠭᠠᠨ ᠤ ᠶᠠᠪᠤᠳᠠᠯ ᠤᠨ ᠶᠠᠮᠤᠨ ᠤ ︽ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠪᠡᠯᠡᠳᠬᠡᠯ ᠲᠥᠰᠦᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠨᠳᠦ ᠶᠡᠭᠡ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠᠷ ᠦᠨᠳᠦᠰᠦᠯᠡᠯ ᠪᠣᠯᠭᠠᠪᠠ᠃        ᠲᠤᠰ ︽ᠲᠥᠰᠦᠯ︾ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠤᠷᠠᠬᠢ ᠪᠠᠶᠢᠭᠠᠯᠢ ᠶᠢᠨ ᠭᠠᠶ ᠭᠠᠮᠰᠢᠭ᠂ ᠠᠳᠡᠯ ᠤᠨ ᠭᠠᠢ ᠵᠣᠪᠠᠯᠠᠩ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠪᠣᠯᠤᠨ ᠨᠡᠶᠢᠭᠡᠮ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠵᠢᠴᠢ ᠪᠤᠰᠤᠳ ᠭᠡᠨᠡᠳᠲᠡ ᠶᠢᠨ ᠰᠢᠯᠲᠠᠭᠠᠨ ᠵᠡᠷᠭᠡ ᠠᠴᠠ ᠪᠤᠯᠵᠤ ᠠᠮᠤ ᠪᠤᠳᠠᠭ᠎ᠠ᠂ ᠢᠳᠡᠰᠢᠨ ᠲᠤᠰᠦ᠂ ᠮᠢᠬᠠᠨ ᠤ ᠵᠦᠢᠯ᠂ ᠨᠣᠭᠤᠭ᠎ᠠ ᠴᠠᠭ᠎ᠠ᠂ ᠥᠨᠳᠡᠭᠡ᠂ ᠴᠠᠭᠠᠨ ᠢᠳᠡᠭᠡᠨ᠂ ᠢᠳᠡᠰᠢᠨ ᠳᠠᠪᠤᠰᠤ᠂ ᠬᠢᠯᠢ ᠬᠢᠵᠠᠭᠠᠷ ᠣᠷᠣᠨ ᠳᠤ ᠪᠣᠷᠣᠯᠠᠭᠤᠯᠬᠤ ᠴᠠᠢ ᠪᠣᠯᠣᠨ ᠡᠷᠡᠭᠦᠯ ᠬᠠᠮᠠᠭᠠᠯᠠᠯ ᠠᠷᠢᠭᠤᠨ ᠴᠡᠪᠡᠷ ᠤᠨ ᠬᠡᠷᠡᠭᠰᠡᠯ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠬᠦᠨᠳᠦ ᠨᠣᠴᠢᠲᠠᠶ ᠠᠯᠳᠠᠭᠤᠯᠬᠤ᠂ ᠨᠡᠯᠢᠶᠡᠳ ᠶᠡᠭᠡ ᠬᠡᠪᠴᠢᠶᠡᠨ ᠳᠣᠲᠣᠷ᠎ᠠ ᠪᠤᠯᠢᠶᠠᠯᠳᠤᠨ ᠬᠤᠳᠠᠯᠳᠤᠨ ᠠᠪᠬᠤ᠂ ᠦᠨ᠎ᠡ ᠬᠠᠩᠰᠢ ᠶᠡᠬᠡᠪᠡᠷ ᠥᠰᠬᠦ ᠪᠤᠶᠤ ᠲᠠᠸᠠᠷ ᠤᠨ ᠪᠣᠷᠣᠯᠠᠭᠤᠯᠭ᠎ᠠ ᠲᠠᠰᠤᠷᠠᠬᠤ ᠶᠠᠪᠤᠳᠠᠯ ᠭᠠᠷᠴᠤ ᠮᠡᠳᠡᠬᠦ ᠪᠣᠶᠣ ᠭᠠᠷᠤᠭᠠᠳ ᠨᠡᠶᠢᠭᠡᠮ ᠤᠨ ᠲᠣᠭᠲᠠᠭᠤᠨ ᠪᠠᠶᠢᠳᠠᠯ ᠢ ᠨᠦᠯᠦᠭᠡᠯᠡᠨ᠂ ᠳᠠᠷᠤᠶ ᠲᠦᠷᠭᠡᠨ ᠰᠢᠶ᠋ᠳᠪᠦᠷᠢᠯᠡᠬᠦ ᠴᠢᠬᠤᠯᠠᠲᠠᠶ ᠭᠡᠨᠡᠳᠲᠡ ᠡᠭᠦᠰᠬᠦ ᠤᠯᠠᠨ ᠨᠡᠶᠢᠲᠡ ᠶᠢᠨ ᠬᠡᠷᠡᠭ ᠢ ᠠᠷᠭᠠᠴᠠᠬᠤ ᠠᠵᠢᠯ ᠳᠤ ᠲᠣᠬᠢᠷᠠᠨ᠎ᠠ᠃ ᠠᠩᠬᠠᠷᠤᠭᠤᠰᠢᠲᠠᠶ ᠨᠢ᠂ ᠠᠮᠤ ᠲᠤᠰᠤ ᠪᠣᠯᠣᠨ ᠢᠳᠡᠰᠢᠨ ᠳᠠᠪᠤᠰᠦ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠳᠤ ᠰᠠᠯᠠᠭ᠎ᠠ ᠮᠥᠴᠢᠷ ᠤᠨ ᠲᠣᠭᠲᠠᠭᠠᠭᠰᠠᠨ ᠲᠤᠰᠬᠠᠶ ᠪᠡᠯᠡᠳᠬᠡᠯ ᠲᠥᠰᠦᠯ ᠪᠠᠶᠢᠳᠠᠭ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠨᠢ ᠲᠤᠰ ᠲᠤᠰ ︽ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ︵ᠥᠪᠥᠷ ᠵᠠᠰᠠᠭ ᠦᠰᠦᠭ ︹2006︺ 395 ᠳ᠋ᠤᠭᠠᠷ ᠲᠣᠭᠠᠲᠤ︶ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠰᠢᠨ ᠳᠠᠪᠤᠰᠤᠨ ᠤ ᠬᠠᠩᠭᠠᠯᠭ᠎ᠠ ᠵᠢᠴᠢ ᠶᠠᠰᠤ ᠴᠢᠨᠠᠷ ᠤᠨ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ︵ᠦᠪᠦᠷ ᠳᠠᠪᠤᠰᠤ ᠲᠣᠪᠴᠢᠶ᠎ᠠ ᠲᠠᠷᠬᠠᠭᠠᠭᠰᠠᠨ ︹2016︺ 5 ᠳ᠋ᠤᠭᠠᠷ ᠲᠣᠭᠠᠲᠤ︶ ᠢᠶᠠᠷ ᠬᠡᠷᠡᠭᠵᠢᠭᠦᠯᠬᠦ ᠬᠡᠷᠡᠭᠲᠡᠢ᠃        ᠬᠥᠲᠥᠯᠥᠭᠴᠢ᠄        ᠵᠠᠶ ᠲᠢᠩᠬᠢᠮ ᠤᠨ ᠳᠠᠷᠤᠭ᠎ᠠ ᠡ᠂ ︽ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠤᠨ ᠭᠤᠣᠯ ᠠᠭᠤᠯᠭ᠎ᠠ ᠶᠢ ᠲᠠᠨᠢᠯᠴᠠᠭᠤᠯᠤᠭᠠᠳ ᠥᠭᠭᠦᠨ᠎ᠡ ᠤᠤ︖        ᠵᠠᠢ ᠶᠸᠥ ᠵᠢᠶᠦ᠋ᠨ᠄        ᠪᠢ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠲᠠᠨᠢᠯᠴᠠᠭᠤᠯᠤᠶ᠎ᠠ᠄        ᠨᠢᠭᠡᠳᠦᠭᠡᠷ ᠲᠤ᠂ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢᠨ ᠲᠤᠬᠠᠢ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠪᠠᠶᠢᠭᠤᠯᠵᠤ᠂ ᠥᠪᠡᠷᠲᠡᠭᠡᠨ ᠵᠠᠰᠠᠭ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠠᠷᠤᠭ᠎ᠠ ᠶᠡᠷᠦᠩᠬᠡᠶ ᠵᠢᠯᠣᠭᠤᠳᠤᠭᠴᠢ ᠶᠢᠨ ᠲᠤᠰᠢᠶᠠᠯ ᠢ ᠬᠠᠷᠢᠭᠤᠴᠠᠨ᠂ ᠪᠦᠷᠢᠯᠳᠦᠭᠦᠨ ᠨᠢ ᠬᠤᠳᠠᠯᠳᠤᠭᠠᠨ ᠤ ᠶᠠᠪᠤᠳᠠᠯ᠂ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ᠂ ᠵᠠᠰᠠᠭ ᠤᠨ ᠣᠷᠳᠣᠨ ᠤ ᠪᠠᠴᠢᠮ ᠪᠠᠶᠢᠳᠠᠯ ᠢ ᠠᠷᠭᠠᠴᠠᠬᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ᠂ ᠠᠵᠤ ᠠᠬᠤᠶ ᠮᠡᠳᠡᠭᠡ ᠵᠠᠩᠭᠢᠵᠢᠯᠲᠠ ᠶᠢᠨ ᠵᠦᠪᠯᠡᠯ᠂ ᠡᠳ᠋ ᠤᠨ ᠵᠠᠰᠠᠭ ᠵᠡᠷᠭᠡ 18 ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠪᠦᠷᠢᠯᠳᠦᠪᠡ᠂ ᠡᠯ᠎ᠡ ᠰᠠᠯᠠᠭ᠎ᠠ ᠮᠦᠴᠢᠷ ᠨᠢ ︽ᠲᠥᠰᠦᠯ︾ ᠳᠤ ᠲᠣᠳᠣᠷᠬᠠᠶᠢᠯᠠᠭᠰᠠᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠤᠭᠠᠷ ᠪᠠᠴᠢᠮ ᠪᠠᠶᠢᠳᠠᠯ ᠢ ᠠᠷᠭᠠᠴᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠠᠶᠢᠮᠠᠭ ᠬᠤᠳᠠ᠂ ᠬᠤᠰᠢᠭᠤ ᠰᠢᠶᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠦᠴᠢᠷ ᠤᠳ ᠴᠦ ᠲᠤᠰ ᠭᠠᠵᠠᠷ ᠣᠷᠣᠨ ᠤ ᠪᠠᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠬᠤ ᠪᠥᠭᠡᠳ ᠬᠠᠷᠢᠴᠠᠩᠭᠤᠢ ᠪᠦᠬᠦᠢ ᠪᠠᠴᠢᠮ ᠪᠠᠶᠢᠳᠠᠯ ᠢ ᠠᠷᠭᠠᠴᠠᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠢ᠃        ᠬᠤᠶᠠᠳᠤᠭᠠᠷ ᠲᠤ᠂ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠤᠨ ᠲᠡᠰ ᠬᠤᠪᠢᠶᠠᠬᠤ ᠪᠠᠷᠢᠮᠵᠢᠶ᠎ᠠ ᠶᠢᠨ ᠲᠤᠬᠠᠢ᠂ ᠪᠢᠳᠡ ᠥᠪᠡᠷᠲᠡᠭᠡᠨ ᠵᠠᠰᠠᠭ ᠣᠷᠣᠨ ᠤ ᠪᠣᠳᠠᠲᠠᠶ ᠲᠠᠢ ᠤᠶᠠᠯᠳᠤᠭᠤᠯᠤᠨ Ⅰ ᠳᠡᠰ ︵ᠣᠨᠴᠠ ᠶᠡᠭᠡ︶᠂ Ⅱ ᠳᠡᠰ ︵ᠬᠦᠨᠳᠦ ᠶᠡᠭᠡ︶᠂ Ⅲ ᠳᠡᠰ ︵ᠨᠡᠯᠢᠶᠡᠳ ᠶᠡᠭᠡ︶᠂ Ⅳ ᠳᠡᠰ ︵ᠡᠩ ᠤᠨ︶ ᠵᠡᠷᠭᠡ ᠳᠦᠷᠪᠡᠨ ᠳᠡᠰ ᠬᠤᠪᠢᠶᠠᠭᠰᠠᠨ ᠪᠠᠶᠢᠨ᠎ᠠ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ Ⅰ ᠳᠡᠰ ᠤᠨ ᠬᠡᠪ ᠤᠨ ᠪᠤᠰᠤ ᠬᠡᠯᠪᠡᠯᠵᠡᠯᠲᠡ ᠶᠢᠨ ᠬᠡᠪᠴᠢᠶ᠎ᠡ ᠨᠢ ᠭᠤᠣᠯᠳᠠᠭᠤ ᠲᠤᠰ ᠥᠪᠡᠷᠲᠡᠭᠡᠨ ᠵᠠᠰᠠᠬᠤ ᠣᠷᠣᠨ ᠪᠣᠯᠤᠨ 1 ᠠᠴᠠ ᠳᠡᠭᠡᠭᠰᠢᠬᠢ ᠬᠥᠷᠰᠢ ᠵᠡᠷᠭᠡᠯᠡᠳᠡᠭᠡ ᠮᠤᠵᠢ ᠤᠷᠤᠨ ᠤ ᠮᠤᠵᠢ ᠶᠢᠨ ᠲᠥᠪ ᠪᠠᠶᠢᠭ᠎ᠠ ᠬᠤᠳᠠ ᠳᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠡᠭᠦᠰᠬᠦ᠂ ᠡᠰᠡᠬᠦᠯ᠎ᠡ ᠳᠤᠰ ᠥᠪᠡᠷᠲᠡᠭᠡᠨ ᠵᠠᠰᠠᠬᠤ ᠣᠷᠣᠨ ᠬᠢᠭᠡᠳ ᠬᠥᠷᠰᠢ ᠵᠡᠷᠭᠡᠯᠡᠳᠡᠭᠡ ᠮᠤᠵᠢ ᠣᠷᠣᠨ ᠤ ᠬᠦᠷᠰᠢᠯᠡᠵᠦ ᠪᠠᠶᠢᠭ᠎ᠠ ᠣᠷᠣᠨ ᠪᠦᠰᠡ ᠳᠤ ᠲᠤᠰᠬᠠᠢ ᠣᠷᠣᠨ ᠤ ᠳᠡᠰ ᠠᠴᠠ ᠳᠡᠭᠡᠭᠰᠢᠬᠢ 2 ᠬᠤᠲᠠ ᠳᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠡᠭᠦᠰᠬᠦ᠂ ᠡᠰᠡᠬᠦᠯ᠎ᠡ ᠪᠦᠬᠦ ᠤᠯᠤᠰ ᠤᠨ ᠬᠡᠳᠦᠨ ᠮᠤᠵᠢ ︵ᠥᠪᠡᠷᠲᠡᠭᠡᠨ ᠵᠠᠰᠠᠬᠤ ᠣᠷᠣᠨ︶ ᠳᠤ ᠬᠡᠪ ᠤᠨ ᠪᠤᠰᠤ ᠬᠡᠯᠪᠡᠯᠵᠡᠯ ᠤᠯᠠᠨ ᠡᠭᠦᠰᠬᠦ ᠬᠠᠨᠳᠤᠰᠢ ᠲᠠᠢ ᠪᠦᠭᠡᠳ ᠳᠤᠰ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠶᠢ ᠨᠦᠯᠦᠭᠡᠯᠡᠬᠦ ᠶᠢ ᠵᠢᠭᠠᠨ᠎ᠠ︔ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ Ⅱ ᠳᠡᠰ ᠤᠨ ᠬᠡᠪ ᠤᠨ ᠪᠤᠰᠤ ᠬᠡᠯᠪᠡᠯᠵᠡᠯᠲᠡ ᠶᠢᠨ ᠬᠡᠪᠴᠢᠶ᠎ᠡ ᠳᠤ ᠤᠷᠤᠨ ᠤ ᠲᠥᠪ ᠬᠥᠬᠡᠬᠤᠲᠠ ᠳᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠡᠭᠦᠰᠬᠦ ᠡᠰᠡᠬᠦᠯ᠎ᠡ ᠲᠤᠰᠬᠠᠶ ᠣᠷᠣᠨ ᠤ ᠳᠡᠰ ᠠᠴᠠ ᠳᠡᠭᠡᠭᠰᠢᠬᠢ 2 ᠬᠤᠲᠠ ᠳᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠡᠭᠦᠰᠬᠦ ᠪᠠᠭᠲᠠᠨ᠎ᠠ︔ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ Ⅲ ᠳᠡᠰ ᠤᠨ ᠬᠡᠪ ᠤᠨ ᠪᠤᠰᠤ ᠬᠡᠯᠪᠡᠯᠵᠡᠯᠲᠡ ᠶᠢᠨ ᠬᠡᠪᠴᠢᠶ᠎ᠡ ᠨᠢ ᠲᠤᠰᠬᠠᠶ ᠣᠷᠣᠨ ᠤ ᠳᠡᠰ ᠤᠨ 1 ᠬᠤᠲᠠ ᠳᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠡᠭᠦᠰᠬᠦ ᠡᠰᠡᠬᠦᠯ᠎ᠡ ᠲᠤᠰᠬᠠᠶ ᠣᠷᠣᠨ ᠤ ᠲᠠᠰ ᠤᠨ 1 ᠬᠤᠲᠠ ᠶᠢᠨ ᠬᠠᠷᠢᠶᠠᠨ ᠳᠤ 2 ᠠᠴᠠ ᠳᠡᠭᠡᠭᠰᠢ ᠬᠤᠰᠢᠭᠤ ᠰᠢᠶᠠᠨ ︵ᠲᠣᠭᠤᠷᠢᠭ︶ ᠳᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠡᠭᠦᠰᠬᠦ ᠶᠢ ᠵᠢᠭᠠᠨ᠎ᠠ︔ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ Ⅳ ᠳᠡᠰ ᠤᠨ ᠬᠡᠪ ᠤᠨ ᠪᠤᠰᠤ ᠬᠡᠯᠪᠡᠯᠵᠡᠯᠲᠡ ᠶᠢᠨ ᠬᠡᠪᠴᠢᠶ᠎ᠡ ᠨᠢ 1 ᠬᠤᠰᠢᠭᠤ ᠰᠢᠶᠠᠨ ︵ᠲᠣᠭᠤᠷᠢᠭ︶ ᠳᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠡᠭᠦᠰᠬᠦ ᠶᠢ ᠵᠢᠭᠠᠨ᠎ᠠ᠃        ᠭᠤᠷᠪᠠᠳᠤᠭᠠᠷ ᠲᠤ᠂ ᠤᠷᠢᠳᠴᠢᠯᠠᠨ ᠵᠢᠱᠢᠬᠦ ᠰᠡᠷᠡᠮᠵᠢᠯᠡᠭᠦᠯᠬᠦ ᠲᠣᠭᠲᠠᠴᠠ ᠶᠢᠨ ᠲᠤᠬᠠᠢ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠰᠢᠨᠵᠢᠯᠡᠬᠦ ᠤᠬᠠᠭᠠᠨᠴᠢ ᠪᠠᠷ ᠵᠠᠳᠠᠯᠤᠨ᠂ ᠶᠡᠷᠦᠩᠬᠡᠶᠢᠯᠡᠨ ᠦᠨᠡᠯᠡᠵᠦ᠂ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠢ ᠡᠵᠡᠮᠰᠢᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠶᠢ ᠬᠢᠨᠠᠨ ᠬᠡᠮᠵᠢᠵᠦ ᠣᠯᠣᠭᠰᠠᠨ ᠪᠤᠶᠤ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠶᠢᠨ ᠮᠡᠳᠡᠭᠦᠯᠦᠯᠲᠡ ᠶᠢ ᠭᠠᠷᠲᠠᠵᠤ ᠣᠯᠤᠭᠰᠠᠨ ᠪᠣᠯ᠂ 2 ᠴᠠᠭ ᠤᠨ ᠳᠣᠲᠣᠷ᠎ᠠ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠮᠥᠷᠲᠡᠭᠡᠨ ᠳᠡᠭᠡᠷ᠎ᠡ ᠨᠢᠭᠡᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠤᠭ ᠲᠤᠨᠢ ᠮᠡᠳᠡᠭᠦᠯᠬᠦ ᠬᠡᠷᠡᠭᠲᠡᠶ᠃ ᠲᠤᠮᠤ ᠬᠡᠯᠪᠡᠷᠢ ᠶᠢᠨ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠵᠡᠷᠭᠡ ᠬᠠᠮᠢᠶ᠎ᠠ ᠪᠦᠬᠦᠢ ᠨᠢᠭᠡᠴᠡ ᠨᠦᠭᠦᠳ ᠭᠠᠵᠠᠷ ᠬᠥᠳᠡᠯᠦᠯᠲᠡ ᠵᠡᠷᠭᠡ ᠬᠦᠨᠳᠦ ᠨᠣᠴᠢᠲᠠᠶ ᠪᠠᠶᠢᠭᠠᠯᠢ ᠶᠢᠨ ᠭᠠᠮᠰᠢᠭ᠂ ᠪᠦᠯᠦᠭᠯᠡᠯ ᠤᠨ ᠴᠢᠨᠠᠷᠲᠠᠶ ᠡᠪᠡᠳᠴᠢᠨ ᠬᠢᠵᠢᠭ ᠵᠡᠷᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ᠂ ᠳᠠᠶᠢᠨ ᠳᠠᠵᠢᠨ ᠵᠡᠷᠭᠡ ᠠᠶᠤᠮᠰᠢᠭᠲᠤ ᠬᠡᠷᠡᠭ ᠶᠠᠪᠤᠳᠠᠯ ᠡᠭᠦᠰᠦᠭᠰᠡᠨ ᠢ ᠮᠡᠳᠡᠪᠠᠯ 1 ᠴᠠᠭ ᠤᠨ ᠳᠣᠲᠣᠷ᠎ᠠ ᠬᠡᠷᠡᠭ ᠶᠠᠪᠤᠳᠠᠯ ᠡᠭᠦᠰᠦᠭᠰᠡᠨ ᠭᠠᠵᠠᠷ ᠤᠨ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠂ ᠡᠯ᠎ᠡ ᠠᠶᠢᠮᠠᠭ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠮᠡᠳᠡᠭᠦᠯᠦᠯᠲᠡ ᠶᠢ ᠣᠯᠤᠭᠰᠠᠨ 1 ᠴᠠᠭ ᠤᠨ ᠳᠣᠲᠣᠷ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠳᠤ ᠮᠡᠳᠡᠭᠦᠯᠬᠦ ᠬᠡᠷᠡᠭᠲᠡᠶ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠶᠢ ᠠᠷᠢᠯᠭᠠᠠᠬᠤ ᠠᠴᠠ ᠡᠮᠦᠨ᠎ᠡ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠴᠥᠮ 24 ᠴᠠᠭ ᠢᠶᠠᠷ ᠮᠡᠳᠡᠭᠦᠯᠬᠦ ᠲᠦᠷᠢᠮ ᠢ ᠬᠡᠷᠡᠭᠵᠢᠭᠦᠯᠬᠦ ᠬᠡᠷᠡᠭᠲᠡᠶ᠃        ᠳᠥᠷᠪᠡᠳᠦᠭᠡᠷ ᠲᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠲᠤᠬᠠᠶ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠡᠭᠦᠰᠴᠦ ᠮᠡᠳᠡᠬᠦ ᠪᠣᠯᠣᠯᠴᠠᠭᠠᠲᠤ ᠴᠢᠨᠠᠷ ᠪᠣᠯᠤᠨ ᠨᠥᠯᠥᠭᠡᠯᠡᠬᠦ ᠬᠡᠮᠵᠢᠶ᠎ᠡ ᠪᠠᠷ ᠤᠷᠢᠳᠴᠢᠯᠠᠨ ᠰᠡᠷᠡᠮᠵᠢᠯᠡᠭᠦᠯᠬᠦ ᠲᠡᠰ ᠢ ᠲᠣᠭᠲᠠᠭᠠᠵᠤ᠂ Ⅰ ᠳᠡᠰ᠂ Ⅱ ᠳᠡᠰ᠂ Ⅲ ᠳᠡᠰ᠂ Ⅳ ᠳᠡᠰ ᠬᠤᠪᠢᠶᠠᠵᠤ᠂ ᠳᠡᠰ ᠳᠠᠷᠠᠭᠠᠯᠠᠯ ᠢᠶᠠᠷ ᠨᠢ ᠤᠯᠠᠭᠠᠨ᠂ ᠤᠯᠠᠪᠤᠷ᠂ ᠰᠢᠷ᠎ᠠ ᠪᠣᠯᠤᠨ ᠬᠥᠭᠡ ᠦᠡᠭᠭᠡ ᠪᠠᠷ ᠢᠯᠡᠷᠬᠡᠶᠢᠯᠡᠨ᠎ᠡ᠂ Ⅰ ᠳᠡᠰ ᠪᠣᠯ ᠬᠠᠮᠤᠭ ᠤᠨ ᠥᠨᠳᠥᠷ ᠲᠡᠰ ᠪᠣᠯᠤᠨ᠎ᠠ᠃ Ⅰ ᠳᠡᠰ᠂ Ⅱ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠴᠥᠮ ᠥᠪᠡᠷᠲᠡᠭᠡᠨ ᠵᠠᠰᠠᠬᠤ ᠣᠷᠣᠨ ᠤ ᠵᠢᠯᠣᠭᠤᠳᠬᠤ ᠭᠠᠵᠠᠷ ᠢᠶᠠᠷ ᠵᠥᠪᠰᠢᠶᠡᠷᠡᠭᠦᠯᠦᠭᠰᠡᠨ ᠤ ᠲᠡᠷᠠᠭ᠎ᠠ ᠡᠬᠢᠯᠡᠭᠦᠯᠦᠨ ᠬᠡᠷᠡᠭᠵᠢᠭᠦᠯᠵᠦ᠂ ᠬᠠᠮᠢᠶ᠎ᠠ ᠪᠦᠬᠦᠢ ᠨᠢᠭᠡᠴᠡ ᠨᠦᠭᠦᠳ 1 ᠴᠠᠭ ᠤᠨ ᠳᠣᠲᠣᠷ᠎ᠠ ᠪᠠᠴᠢᠮ ᠪᠠᠶᠢᠳᠠᠯ ᠢ ᠠᠷᠭᠠᠴᠠᠬᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠦᠢᠯᠡᠳᠪᠦᠷᠢᠯᠡᠬᠦ᠂ ᠲᠡᠭᠡᠭᠡᠪᠦᠷᠢᠯᠡᠬᠦ ᠶᠢ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠬᠠᠮᠠᠭᠠᠯᠠᠬᠤ ᠪᠠ ᠢᠳᠡᠭᠡᠨ ᠤ ᠠᠮᠤᠷ ᠲᠥᠪᠰᠢᠨ ᠵᠢᠴᠢ ᠬᠠᠮᠢᠶ᠎ᠠ ᠪᠥᠬᠦᠢ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠡᠷᠡᠭ ᠶᠠᠪᠤᠳᠠᠯ ᠭᠠᠷᠤᠭᠰᠠᠨ ᠭᠠᠵᠠᠷ ᠤᠨ ᠵᠢᠯᠣᠭᠤᠳᠬᠤ ᠭᠠᠵᠠᠷ ᠨᠢ 1 ᠴᠠᠭ ᠤᠨ ᠳᠣᠲᠣᠷ᠎ᠠ ᠪᠦᠷᠢᠯᠳᠦᠬᠦᠨ ᠨᠢᠭᠡᠴᠡ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠳᠤ ᠬᠡᠷᠡᠭᠴᠡᠭᠡ ᠪᠦᠬᠦᠢ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠦᠢᠯᠡᠳᠪᠦᠷᠢᠯᠡᠬᠦ᠂ ᠲᠡᠭᠡᠭᠡᠪᠦᠷᠢᠯᠡᠬᠦ ᠶᠢ ᠪᠠᠲᠤᠯᠠᠨ᠎ᠠ︔ Ⅲ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠬᠡᠷᠡᠭ ᠶᠠᠪᠤᠳᠠᠯ ᠭᠠᠷᠤᠭᠰᠠᠨ ᠭᠠᠵᠠᠷ ᠤᠨ ᠠᠶᠢᠮᠠᠭ ᠬᠤᠳᠠ ᠪᠤᠶᠤ ᠬᠤᠰᠢᠭᠤ ᠰᠢᠶᠠᠨ ︵ᠲᠣᠭᠤᠷᠢᠭ︶ ᠤ ᠵᠢᠯᠣᠭᠤᠳᠬᠤ ᠭᠠᠵᠠᠷ ᠠᠴᠠ ᠡᠬᠢᠯᠡᠭᠦᠯᠦᠨ ᠬᠡᠷᠡᠭᠵᠢᠭᠦᠯᠦᠨ᠎ᠡ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠢ ᠥᠷᠨᠢᠭᠦᠯᠬᠦ ᠳᠤ᠂ ᠲᠣᠭᠲᠠᠭᠠᠯ ᠶᠣᠰᠣᠭᠠᠷ ᠳᠡᠭᠡᠷ᠎ᠡ ᠨᠢᠭᠡᠨ ᠱᠠᠲᠤᠨ ᠤ ᠵᠢᠯᠣᠭᠤᠳᠬᠤ ᠭᠠᠵᠠᠷ ᠵᠢᠴᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤ ᠴᠠᠭ ᠲᠤᠬᠠᠶ ᠳᠤᠨᠢ ᠮᠡᠳᠡᠭᠳᠡᠨ᠎ᠡ︔ Ⅳ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠬᠡᠷᠡᠭ ᠶᠠᠪᠤᠳᠠᠯ ᠭᠠᠷᠤᠭᠰᠠᠨ ᠭᠠᠵᠠᠷ ᠤᠨ ᠬᠤᠰᠢᠭᠤ ᠰᠢᠶᠠᠨ ︵ᠲᠣᠭᠤᠷᠢᠭ︶ ᠤ ᠵᠢᠯᠣᠭᠤᠳᠬᠤ ᠭᠠᠵᠠᠷ ᠠᠴᠠ ᠡᠬᠢᠯᠡᠭᠦᠯᠦᠨ᠎ᠡ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠢ ᠥᠷᠨᠢᠭᠦᠯᠬᠦ ᠳᠤ᠂ ᠲᠣᠭᠲᠠᠭᠠᠯ ᠶᠣᠰᠣᠭᠠᠷ ᠳᠡᠭᠡᠷ᠎ᠡ ᠨᠢᠭᠡᠨ ᠱᠠᠲᠤᠨ ᠤ ᠵᠢᠯᠣᠭᠤᠳᠬᠤ ᠭᠠᠵᠠᠷ ᠵᠢᠴᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤ ᠴᠠᠭ ᠲᠤᠬᠠᠶ ᠳᠤᠨᠢ ᠮᠡᠳᠡᠭᠳᠡᠨ᠎ᠡ᠃        ᠲᠠᠪᠤᠳᠤᠭᠠᠷ ᠲᠤ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠪᠠᠷᠠᠭ᠎ᠠ ᠲᠠᠰᠤᠯᠳᠠᠬᠤ ᠪᠤᠶᠤ ᠦᠨ᠎ᠡ ᠨᠢ ᠶᠡᠭᠡ ᠪᠠᠷ ᠥᠰᠬᠦ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠶᠢᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠲᠤᠬᠠᠢ᠂ ᠳᠣᠣᠷᠠᠬᠢ ᠬᠡᠳᠦᠨ ᠲᠠᠯ᠎ᠠ ᠪᠠᠷ ᠰᠢᠶ᠋ᠳᠪᠦᠷᠢᠯᠡᠵᠦ ᠪᠣᠯᠤᠨ᠎ᠠ᠄ ᠨᠢᠭᠡ ᠳᠤ ᠮᠡᠳᠡᠭᠡ ᠵᠠᠩᠭᠢ ᠨᠡᠶᠢᠲᠡᠯᠡᠨ᠎ᠠ᠃ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠠᠶᠢᠭᠠᠳ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠵᠠᠬ᠎ᠠ ᠳᠡᠯᠭᠡᠭᠦᠷ ᠤᠨ ᠲᠥᠰᠦᠪᠯᠡᠯ ᠢ ᠵᠥᠪ ᠢᠶᠠᠷ ᠵᠢᠯᠣᠭᠤᠳᠣᠨ᠎ᠠ᠃ ᠬᠤᠶᠠᠷ ᠲᠤ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶ᠎ᠡ ᠶᠢ ᠬᠤᠳᠠᠯᠳᠤᠨ ᠠᠪᠤᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠠᠶᠢᠭᠠᠳ ᠭᠤᠣᠯᠯᠠᠭᠴᠢ ᠭᠦᠢᠯᠭᠡᠭᠡᠨ ᠤ ᠠᠵᠤ ᠠᠬᠤᠶᠢᠯᠠᠯ ᠠᠴᠠ ᠦᠢᠯᠡᠳᠪᠦᠷᠢᠯᠡᠭᠴᠢ᠂ ᠬᠠᠩᠭᠠᠭᠴᠢ ᠬᠤᠳᠠᠯᠳᠤᠭᠠᠴᠢᠨ ᠲᠠᠢ ᠪᠠᠷᠠᠭᠠᠨ ᠤ ᠢᠷᠡᠯᠳᠡ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠬᠤ ᠶᠢ ᠨᠢ ᠰᠢᠮᠳᠠᠭᠤᠯᠵᠤ᠂ ᠬᠤᠳᠠᠯᠳᠤᠭᠠᠨ ᠤ ᠬᠥᠮᠥᠷᠭᠡ ᠶᠢᠨ ᠬᠠᠳᠠᠭᠠᠯᠠᠮᠵᠢ ᠶᠢ ᠬᠥᠳᠡᠯᠭᠡᠨ ᠬᠡᠷᠡᠭᠯᠡᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠭᠤᠷᠪᠠ ᠳᠤ ᠣᠷᠣᠨ ᠪᠦᠰᠡ ᠶᠢᠨ ᠬᠤᠭᠤᠷᠣᠨᠳᠣ ᠨᠢ ᠲᠣᠬᠢᠷᠠᠭᠤᠯᠤᠨ᠎ᠠ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠦᠨᠳᠦ ᠶᠡᠭᠡ ᠬᠡᠪ ᠤᠨ ᠪᠤᠰᠤ ᠬᠡᠯᠪᠡᠯᠵᠡᠯ ᠡᠭᠦᠰᠦᠭᠰᠡᠨ ᠦᠶ᠎ᠡ ᠳᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠠᠶᠢᠭᠠᠳ ᠵᠠᠬ᠎ᠠ ᠳᠡᠯᠭᠡᠭᠦᠷ ᠤᠨ ᠬᠡᠯᠪᠡᠯᠵᠡᠯ ᠡᠭᠦᠰᠦᠭᠰᠡᠨ ᠦᠭᠡᠢ ᠬᠥᠷᠰᠢ ᠵᠡᠷᠭᠡᠯᠡᠳᠡᠭᠡ ᠭᠠᠵᠠᠷ ᠣᠷᠣᠨ ᠠᠴᠠ ᠲᠠᠸᠠᠷ ᠪᠠᠴᠢᠮ ᠰᠢᠯᠵᠢᠭᠦᠯᠦᠨ ᠵᠥᠭᠡᠭᠡᠪᠦᠷᠢᠯᠡᠵᠦ᠂ ᠪᠤᠰᠤᠳ ᠭᠠᠵᠠᠷ ᠤᠨ ᠲᠠᠸᠠᠷ ᠢᠶᠠᠷ ᠦᠯᠡᠭᠦᠦ ᠳᠤᠲᠠᠭᠤ ᠪᠠᠨ ᠲᠣᠬᠢᠷᠠᠭᠤᠯᠵᠤ ᠪᠣᠯᠣᠨ᠎ᠠ᠃ ᠲᠦᠷᠪᠡ ᠳᠤ ᠨᠥᠭᠡᠴᠡ ᠪᠠᠨ ᠬᠥᠳᠡᠯᠭᠡᠵᠦ ᠬᠡᠷᠡᠭᠯᠡᠨ᠎ᠡ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠨᠡᠯᠢᠶᠡᠳ ᠶᠡᠭᠡ ᠪᠤᠶᠤ ᠬᠦᠨᠳᠦ ᠶᠡᠭᠡ ᠬᠡᠪ ᠤᠨ ᠪᠤᠰᠤ ᠬᠡᠯᠪᠡᠯᠵᠡᠯ ᠡᠭᠦᠰᠦᠭᠰᠡᠨ ᠦᠶ᠎ᠡ ᠳᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠠᠶᠢᠭᠠᠳ ᠲᠣᠭᠲᠠᠭᠰᠠᠨ ᠳᠡᠰ ᠳᠠᠷᠠᠭᠠᠯᠠᠯ ᠪᠠ ᠡᠷᠬᠡ ᠮᠡᠳᠡᠯ ᠢᠶᠠᠷ ᠢᠶᠠᠨ᠂ ᠲᠤᠬᠠᠶ ᠶᠢᠨ ᠭᠠᠵᠠᠷ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠨᠥᠭᠡᠴᠡ ᠶᠢ ᠴᠠᠭ ᠲᠤᠨᠢ ᠲᠣᠬᠢᠷᠠᠭᠤᠯᠤᠨ ᠬᠡᠷᠡᠭᠯᠡᠵᠦ ᠵᠠᠬ᠎ᠠ ᠳᠡᠯᠭᠡᠭᠦᠷ ᠲᠤ ᠣᠷᠣᠭᠤᠯᠤᠨ᠎ᠠ᠂ ᠲᠤᠬᠠᠶ ᠶᠢᠨ ᠭᠠᠵᠠᠷ ᠤᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠨᠥᠭᠡᠴᠡ ᠨᠢ ᠬᠦᠷᠦᠯᠴᠡᠬᠦ ᠦᠭᠡᠢ ᠪᠣᠯ ᠳᠡᠭᠡᠳᠦ ᠱᠠᠲᠤᠨ ᠤ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠨᠥᠭᠡᠴᠡ ᠶᠢ ᠬᠡᠷᠡᠭᠯᠡᠬᠦ ᠪᠠᠷ ᠳᠠᠬᠢᠨ ᠭᠤᠶᠤᠴᠢᠯᠠᠨ᠎ᠠ᠃ ᠲᠠᠪᠤ ᠳᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠢ ᠵᠣᠬᠢᠶᠠᠨ ᠪᠠᠶᠢᠭᠤᠯᠤᠨ᠎ᠠ᠃ ᠤᠯᠤᠰ ᠤᠨ ᠳᠣᠲᠣᠭᠠᠳᠤ ᠶᠢᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠡᠬᠢ ᠪᠠᠶᠠᠯᠢᠭ ᠬᠦᠷᠦᠯᠴᠡᠬᠦ ᠦᠭᠡᠢ ᠦᠶ᠎ᠡ ᠳᠤ᠂ ᠲᠠᠸᠠᠷ ᠢ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠂ ᠬᠠᠮᠢᠶᠠᠷᠤᠯᠲᠠ ᠶᠢᠨ ᠠᠷᠭ᠎ᠠ ᠶᠢ ᠵᠢᠷᠤᠮᠯᠠᠨ ᠰᠠᠬᠢᠭᠰᠠᠨ ᠤᠷᠢᠲᠠᠯ ᠳᠣᠣᠷ᠎ᠠ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠠᠶᠢᠭᠠᠳ ᠭᠠᠳᠠᠭᠠᠳᠤ ᠠᠴᠠ ᠣᠷᠣᠭᠤᠯᠬᠤ ᠪᠤᠶᠤ ᠭᠠᠳᠠᠭᠠᠳᠤ ᠳᠤ ᠭᠠᠷᠭᠠᠬᠤ ᠶᠢ ᠬᠢᠵᠠᠭᠠᠷᠯᠠᠬᠤ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ᠎ᠠ᠃ ᠵᠢᠷᠭᠤᠭ᠎ᠠ ᠳᠤ ᠬᠡᠮᠵᠢᠶ᠎ᠡ ᠲᠠᠢ ᠪᠣᠷᠣᠯᠠᠭᠤᠯᠬᠤ ᠪᠤᠶᠤ ᠬᠡᠮᠵᠢᠶ᠎ᠡ ᠬᠢᠵᠠᠭᠠᠷᠯᠠᠵᠤ ᠪᠣᠷᠣᠯᠠᠭᠤᠯᠤᠨ᠎ᠠ᠃ ᠪᠠᠶᠢᠳᠠᠯ ᠬᠦᠨᠳᠦ ᠨᠣᠴᠢᠲᠠᠶ ᠦᠶ᠎ᠡ ᠳᠤ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠵᠤ ᠪᠠᠶᠢᠭᠠᠳ ᠭᠤᠣᠯᠳᠠᠯᠭ᠎ᠠ ᠲᠠᠢ ᠭᠠᠵᠠᠷ ᠣᠷᠣᠨ ᠳᠤ ᠦᠨᠳᠦᠰᠦᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠬᠡᠮᠵᠢᠶ᠎ᠡ ᠲᠠᠢ ᠪᠣᠷᠣᠯᠠᠭᠤᠯᠬᠤ ᠪᠤᠶᠤ ᠬᠡᠮᠵᠢᠶ᠎ᠡ ᠬᠢᠵᠠᠭᠠᠷᠯᠠᠵᠤ ᠪᠣᠷᠣᠯᠠᠭᠤᠯᠬᠤ ᠡᠰᠡᠬᠦᠯ᠎ᠡ ᠨᠢᠭᠡᠳᠦᠯᠲᠡᠶ ᠲᠠᠷᠬᠠᠭᠠᠬᠤ ᠪᠠ ᠨᠢᠭᠡᠳᠦᠯᠲᠡᠶ ᠬᠤᠪᠢᠶᠠᠷᠢᠯᠠᠵᠤ ᠪᠣᠯᠣᠨ᠎ᠠ᠃ ᠲᠤᠯᠤᠭ᠎ᠠ ᠳᠤ ᠬᠠᠤᠯᠢ ᠶᠣᠰᠣᠭᠠᠷ ᠲᠠᠲᠠᠪᠤᠷᠢᠯᠠᠵᠤ ᠬᠡᠷᠡᠭᠯᠡᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠳᠠᠯᠳᠤᠭᠠᠨ ᠤ ᠶᠠᠪᠤᠳᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠲᠤᠰ ᠱᠠᠲᠤᠨ ᠤ ᠪᠠᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠲᠠᠷᠠᠭ᠎ᠠ ᠨᠢᠭᠡᠴᠡ ᠪᠣᠯᠣᠨ ᠬᠤᠪᠢ ᠬᠥᠮᠦᠨ ᠠᠴᠠ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ᠂ ᠵᠠᠮ ᠬᠠᠷᠢᠯᠴᠠᠭᠠᠨ ᠤ ᠪᠠᠭᠠᠵᠢ ᠵᠢᠴᠢ ᠬᠤᠯᠪᠣᠭᠳᠠᠯ ᠪᠦᠬᠦᠢ ᠪᠡᠯᠡᠳᠬᠡᠮᠵᠢ᠂ ᠲᠥᠬᠦᠭᠡᠷᠦᠮᠵᠢ ᠶᠢ ᠪᠠᠴᠢᠮ ᠲᠠᠲᠠᠪᠤᠷᠢᠯᠠᠨ ᠬᠡᠷᠡᠭᠯᠡᠵᠦ ᠪᠣᠯᠣᠨ᠎ᠠ᠃          ᠵᠢᠷᠭᠤᠳᠤᠭᠠᠷ ᠲᠤ᠂ ᠪᠠᠴᠢᠮ ᠪᠠᠶᠢᠳᠠᠯ ᠢ ᠠᠷᠭᠠᠴᠠᠵᠤ ᠳᠠᠭᠤᠰᠤᠭᠰᠠᠨ ᠤ ᠳᠠᠷᠠᠭᠠᠬᠢ ᠶᠢ ᠰᠢᠶ᠋ᠳᠪᠦᠷᠢᠯᠡᠬᠦ ᠲᠤᠬᠠᠶ᠂ ᠭᠤᠣᠯᠳᠠᠭᠤ ᠪᠠᠶᠢᠴᠠᠭᠠᠨ ᠦᠨᠡᠯᠡᠬᠦ᠂ ᠵᠦᠢ ᠶᠣᠰᠣᠨ ᠤ ᠲᠥᠯᠥᠪᠦᠷᠢ ᠥᠭᠬᠦ᠂ ᠰᠡᠷᠭᠦᠭᠡᠨ ᠲᠠᠬᠢᠨ ᠪᠠᠶᠢᠭᠤᠯᠬᠤ ᠵᠡᠷᠭᠡ ᠦᠯᠡᠳᠡᠭᠰᠡᠨ ᠠᠵᠢᠯ ᠢ ᠰᠠᠶᠢᠲᠤᠷ ᠬᠢᠬᠦ ᠶᠠᠪᠤᠳᠠᠯ ᠪᠠᠭᠲᠠᠨ᠎ᠠ᠃        ᠬᠥᠲᠥᠯᠥᠭᠴᠢ᠄        ᠲᠠᠨ ᠤ ᠲᠠᠨᠢᠯᠴᠠᠭᠤᠯᠤᠯᠭ᠎ᠠ ᠶᠢ ᠰᠣᠨᠣᠰᠤᠭᠠᠳ ᠤ ᠳᠠᠷᠠᠭ᠎ᠠ᠂ ︽ᠲᠥᠰᠦᠯ︾ ᠨᠢ ᠦᠨᠡᠬᠡᠷ ᠠᠭᠤᠯᠭ᠎ᠠ ᠨᠢ ᠪᠦᠷᠢᠨ᠂ ᠵᠣᠬᠢᠶᠠᠮᠵᠢ ᠨᠢ ᠴᠢᠩᠭ᠎ᠠ᠂ ᠬᠠᠷᠢᠭᠤᠴᠠᠯᠭ᠎ᠠ ᠨᠢ ᠲᠣᠳᠣᠷᠬᠠᠶ᠂ ᠰᠢᠰᠲ᠋ᠧᠮᠵᠢ ᠨᠢ ᠲᠡᠭᠦᠯᠳᠡᠷ ᠪᠣᠯᠬᠤ ᠶᠢ ᠣᠶᠢᠯᠠᠭᠠᠯ᠎ᠠ᠂ ︽ᠲᠥᠰᠦᠯ︾ ᠢ ᠲᠤᠭᠤᠷᠪᠢᠨ ᠪᠢᠴᠢᠬᠦ ᠦᠶᠡᠰ ᠤᠨ ᠶᠡᠷᠦᠩᠬᠡᠶ ᠪᠣᠳᠣᠯᠬᠢᠯᠠᠯ ᠢᠶᠠᠨ ᠶᠠᠷᠢᠭᠠᠳ ᠥᠭᠭᠦᠨ᠎ᠡ ᠤᠤ᠃        ᠵᠠᠶ ᠶᠸᠥ ᠵᠢᠶᠦ᠋ᠨ᠄        ︽ᠲᠥᠰᠦᠯ︾ ᠢ ᠲᠤᠭᠤᠷᠪᠢᠨ ᠪᠢᠴᠢᠬᠦ ᠦᠶ᠎ᠡ ᠳᠤ ᠭᠤᠣᠯᠳᠠᠭᠤ ᠬᠤᠶᠠᠷ ᠵᠠᠷᠴᠢᠮ ᠢ ᠪᠠᠷᠢᠮᠲᠠᠯᠠᠵᠠᠢ᠃        ᠨᠢᠭᠡ ᠳᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠪᠠᠶᠢᠬᠤ ᠵᠠᠷᠴᠢᠮ ᠢ ᠪᠠᠷᠢᠮᠲᠠᠯᠠᠪᠠ᠃ ᠲᠤᠰ ︽ᠲᠥᠰᠦᠯ︾ ᠨᠢ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠬᠡᠷᠡᠭ ᠢ ᠤᠷᠢᠳᠴᠢᠯᠠᠨ ᠵᠢᠱᠢᠬᠦ ᠤᠷᠢᠳᠴᠢᠯᠠᠨ ᠰᠡᠷᠡᠮᠵᠢᠯᠡᠭᠦᠯᠬᠦ᠂ ᠮᠡᠳᠡᠭᠡ ᠵᠠᠩᠭᠢ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ᠂ ᠰᠡᠷᠭᠦᠭᠡᠨ ᠳᠠᠬᠢᠨ ᠪᠠᠶᠢᠭᠤᠯᠬᠤ᠂ ᠪᠠᠶᠢᠴᠠᠭᠠᠨ ᠦᠨᠡᠯᠡᠬᠦ᠂ ᠱᠠᠩᠨᠠᠬᠤ ᠲᠣᠷᠭᠠᠬᠤ ᠵᠡᠷᠭᠡ ᠨᠢᠭᠡ ᠢᠵᠢ ᠲᠣᠭᠲᠠᠴᠠ ᠶᠢ ᠪᠠᠶᠢᠭᠤᠯᠵᠤ᠂ ᠬᠡᠷᠡᠭ ᠤᠨ ᠡᠮᠦᠨ᠎ᠡ᠂ ᠬᠡᠷᠡᠭ ᠡᠭᠦᠰᠬᠦ᠂ ᠬᠡᠷᠡᠭ ᠤᠨ ᠳᠤᠮᠳᠠ᠂ ᠬᠡᠷᠡᠭ ᠤᠨ ᠳᠠᠷᠠᠭ᠎ᠠ ᠵᠡᠷᠭᠡ ᠵᠠᠩᠭᠢᠯᠠᠭ᠎ᠠ ᠨᠤᠭᠤᠳ ᠢ ᠪᠠᠭᠲᠠᠭᠠᠭᠰᠠᠨ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠪᠠᠶᠢᠬᠤ ᠠᠵᠢᠯᠯᠠᠭᠠᠨ ᠤ ᠲᠣᠭᠲᠠᠴᠠ ᠶᠢ ᠪᠤᠢ ᠪᠣᠯᠭᠠᠬᠤ ᠪᠠᠷ ᠵᠣᠷᠢᠯᠭ᠎ᠠ ᠪᠠᠨ ᠪᠣᠯᠭᠠᠪᠠ᠃ ᠵᠢᠱᠢᠶᠡᠯᠡᠪᠡᠯ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯᠲᠡ ᠶᠢᠨ ᠳᠡᠰ ᠬᠤᠪᠢᠶᠠᠬᠤ ᠪᠠᠷᠢᠮᠵᠢᠶ᠎ᠠ ᠶᠢᠨ ᠲᠠᠯ᠎ᠠ ᠪᠠᠷ᠂ ᠮᠠᠨ ᠤ ᠣᠷᠣᠨ ᠤ ᠨᠤᠲᠤᠭ ᠤᠰᠤ ᠥᠷᠭᠡᠨ ᠠᠭᠤᠳᠠᠮ᠂ ᠬᠥᠮᠦᠨ ᠠᠮᠠ ᠦᠯᠡᠮᠵᠢ ᠤᠯᠠᠨ ᠪᠠᠶᠢᠬᠤ ᠪᠤᠳᠠᠲᠠᠢ ᠲᠠᠢ ᠤᠶᠠᠯᠳᠤᠭᠤᠯᠤᠨ᠂ ᠬᠡᠯᠪᠡᠯᠵᠡᠯ ᠤᠨ ᠨᠥᠯᠥᠭᠡ ᠶᠢᠨ ᠬᠡᠪᠴᠢᠶᠡᠨ ᠤ ᠶᠡᠭᠡ ᠪᠠᠭ᠎ᠠ ᠪᠠᠷ ᠨᠢ ᠳᠥᠷᠪᠡᠨ ᠳᠡᠰ ᠬᠤᠪᠢᠶᠠᠵᠤ᠂ ᠵᠠᠰᠠᠭ ᠵᠠᠬᠢᠷᠭᠠᠨ ᠤ ᠣᠷᠣᠨ ᠪᠦᠰᠡ ᠳᠠᠬᠢ ᠪᠤᠢ ᠪᠦᠬᠦᠢ ᠠᠶᠢᠮᠠᠭ ᠬᠤᠳᠠ ᠵᠢᠴᠢ ᠬᠤᠰᠢᠭᠤ ᠰᠢᠶᠠᠨ ︵ᠲᠣᠭᠤᠷᠢᠭ︶ ᠢ ᠪᠠᠭᠲᠠᠭᠠᠭᠰᠠᠨ ᠤ ᠬᠠᠮᠲᠤ ᠬᠥᠷᠰᠢ ᠵᠡᠷᠭᠡᠯᠡᠳᠡᠭᠡ ᠮᠤᠵᠢ ᠣᠷᠣᠨ ᠤ ᠬᠠᠷᠢᠴᠠᠭ᠎ᠠ ᠶᠢ ᠨᠢᠭᠡᠳᠦᠯᠲᠡᠶ ᠲᠥᠯᠥᠪᠯᠡᠵᠦ ᠪᠣᠳᠣᠯᠬᠢᠯᠠᠨ᠂ ᠵᠡᠷᠭᠡᠯᠡᠳᠡᠭᠡ ᠮᠤᠵᠢ ᠣᠷᠣᠨ ᠵᠢᠴᠢ ᠵᠡᠷᠭᠡᠯᠡᠳᠡᠭᠡ ᠮᠤᠵᠢ ᠣᠷᠣᠨ ᠤ ᠵᠡᠷᠭᠡᠯᠡᠳᠡᠭᠡ ᠣᠷᠣᠨ ᠪᠦᠰᠡ ᠶᠢ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠤᠨ ᠬᠡᠪᠴᠢᠶᠡᠨ ᠳᠤ ᠣᠷᠣᠭᠤᠯᠪᠠ᠂ ᠤᠷᠢᠳᠴᠢᠯᠠᠨ ᠰᠡᠷᠡᠮᠵᠢᠯᠡᠭᠦᠯᠬᠦ ᠲᠡᠰ ᠵᠢᠴᠢ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠬᠤ ᠲᠠᠯ᠎ᠠ ᠪᠠᠷ᠂ ᠲᠡᠭᠦᠨ ᠤ ᠰᠢᠨᠵᠢᠯᠡᠬᠦ ᠤᠬᠠᠭᠠᠨᠴᠢ ᠴᠢᠨᠠᠷ ᠪᠣᠯᠤᠨ ᠵᠦᠶ ᠵᠣᠬᠢᠰᠲᠤ ᠴᠢᠨᠠᠷ ᠢ ᠭᠦᠢᠴᠡᠳ ᠪᠣᠳᠣᠯᠬᠢᠯᠠᠵᠤ᠂ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠳᠤ ᠵᠢᠷᠤᠮᠯᠠᠬᠤ ᠳᠦᠷᠢᠮ ᠲᠠᠢ᠂ ᠠᠩᠭᠢ ᠢᠯᠭᠠᠪᠤᠷᠢ ᠲᠠᠢ ᠪᠠᠶᠢᠬᠤ ᠶᠢ ᠦᠨᠡᠨᠬᠦ ᠪᠠᠲᠤᠯᠠᠪᠠ᠃        ᠬᠤᠶᠠᠷ ᠲᠤ ᠥᠨᠳᠥᠷ ᠪᠦᠲᠦᠮᠵᠢᠲᠡᠶ ᠬᠡᠷᠡᠭᠵᠢᠭᠦᠯᠦᠭᠦᠰᠢᠲᠡᠢ ᠪᠠᠶᠢᠬᠤ ᠵᠠᠷᠴᠢᠮ ᠢ ᠪᠠᠷᠢᠮᠲᠠᠯᠠᠪᠠ᠃ ︽ᠲᠥᠰᠦᠯ︾ ᠳᠤ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠢ ᠨᠢᠭᠡᠳᠦᠯᠲᠡᠶ ᠤᠳᠤᠷᠢᠳᠤᠨ᠂ ᠱᠠᠳᠤ ᠬᠤᠪᠢᠶᠠᠨ ᠬᠠᠷᠢᠭᠤᠴᠠᠬᠤ ᠶᠢ ᠰᠠᠶᠢᠲᠤᠷ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠶᠢ ᠵᠢᠯᠣᠭᠤᠳᠬᠤ ᠭᠠᠵᠠᠷ ᠪᠠᠶᠢᠭᠤᠯᠤᠨ᠂ ᠶᠡᠷᠦᠩᠬᠡᠶ ᠵᠢᠯᠤᠭᠤᠳᠤᠭᠴᠢ ᠶᠢᠨ ᠲᠤᠰᠢᠶᠠᠯ ᠢ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠠᠷᠤᠭ᠎ᠠ ᠪᠠᠷ ᠡᠭᠦᠷᠭᠡᠯᠡᠭᠦᠯᠵᠦ᠂ ᠪᠦᠷᠢᠯᠳᠦᠭᠦᠨ ᠢ ᠬᠤᠳᠠᠯᠳᠤᠭᠠᠨ ᠤ ᠶᠠᠪᠤᠳᠠᠯ᠂ ᠥᠭᠡᠷᠡᠴᠢᠯᠡᠯᠲᠡ ᠬᠥᠭᠵᠢᠭᠦᠯᠦᠯᠲᠡ᠂ ᠠᠵᠤ ᠠᠬᠤᠶ ᠮᠡᠳᠡᠭᠡ ᠵᠠᠩᠭᠢᠵᠢᠯᠲᠠ᠂ ᠲᠠᠷᠢᠶᠠᠯᠠᠩ ᠮᠠᠯ ᠠᠵᠤ ᠠᠬᠤᠶ᠂ ᠡᠷᠡᠭᠦᠯ ᠬᠠᠮᠠᠭᠠᠯᠠᠯ᠂ ᠠᠵᠤ ᠦᠢᠯᠡᠳᠪᠦᠷᠢ ᠬᠤᠳᠠᠯᠳᠤᠭ᠎ᠠ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠵᠡᠷᠭᠡ 18 ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢᠶᠠᠷ ᠪᠦᠷᠢᠯᠳᠦᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ︵ᠲᠣᠭᠤᠷᠢᠭ︶ ᠨᠢ ᠥᠪᠡᠷᠲᠡᠭᠡᠨ ᠵᠠᠰᠠᠬᠤ ᠣᠷᠣᠨ ᠤ ᠬᠢ ᠪᠠᠷ ᠯᠠᠪᠯᠠᠯᠲᠠ ᠪᠣᠯᠭᠠᠵᠤ ᠲᠤᠰ ᠲᠤᠰ ᠲᠠᠭᠠᠨ ᠲᠤᠰ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠶᠢ ᠵᠢᠯᠣᠭᠤᠳᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠭᠡᠨᠡᠳᠲᠡ ᠶᠢᠨ ᠬᠡᠷᠡᠭ ᠡᠭᠦᠰᠦᠭᠰᠡᠨ ᠦᠶ᠎ᠡ ᠳᠤ᠂ ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ ᠤᠳ ᠡᠷᠬᠡᠪᠰᠢ ︽ᠲᠥᠰᠦᠯ︾ ᠳᠠᠬᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠷ ᠢᠶᠠᠨ ᠡᠷᠬᠢᠯᠡᠭᠰᠡᠨ ᠠᠵᠢᠯ ᠢᠶᠠᠨ ᠰᠠᠶᠢᠲᠤᠷ ᠬᠢᠬᠦ ᠶᠢᠨ ᠬᠠᠮᠲᠤ ᠵᠣᠬᠢᠴᠠᠭᠤᠯᠤᠨ ᠬᠠᠮᠵᠢᠯᠴᠠᠵᠤ᠂ ᠪᠦᠲᠦᠮᠵᠢ ᠰᠠᠶᠢᠲᠠᠶ ᠠᠵᠢᠯᠯᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠲᠣᠭᠲᠠᠭᠠᠵᠠᠢ᠃ ︽ᠲᠥᠰᠦᠯ︾ ᠳᠤ ᠪᠠᠰᠠ ᠡᠳ᠋ ᠪᠣᠳᠠᠰ᠂ ᠵᠠᠷᠤᠳᠠᠯ᠂ ᠵᠠᠮ ᠬᠠᠷᠢᠯᠴᠠᠭ᠎ᠠ ᠵᠡᠷᠭᠡ ᠪᠠᠲᠤᠯᠠᠭ᠎ᠠ ᠶᠢᠨ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠴᠤ᠂ ᠵᠠᠬ᠎ᠠ ᠳᠡᠯᠭᠡᠭᠦᠷ ᠤᠨ ᠬᠡᠪ ᠤᠨ ᠪᠤᠰᠤ ᠬᠡᠯᠪᠡᠯᠵᠡᠯ ᠢ ᠠᠷᠭᠠᠴᠠᠬᠤ ᠳᠤ ᠠᠯᠢ ᠴᠢᠳᠠᠬᠤ ᠪᠠᠷ ᠬᠠᠮᠤᠭ ᠤᠨ ᠶᠡᠭᠡ ᠦᠢᠯᠡᠳᠦᠯ ᠦᠵᠡᠭᠦᠯᠬᠦ ᠪᠠᠷ ᠴᠢᠷᠮᠠᠶᠢᠵᠠᠢ᠃        ᠬᠥᠲᠥᠯᠥᠭᠴᠢ᠄        ᠵᠠᠶ ᠳᠠᠷᠤᠭ᠎ᠠ ᠶᠢᠨ ᠲᠠᠶᠢᠯᠪᠤᠷᠢ ᠬᠢᠭᠰᠡᠨ ᠳᠤ ᠲᠣᠩ ᠪᠠᠶᠠᠷᠯᠠᠯ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠢ ᠵᠣᠯᠭᠠᠶ᠎ᠠ︕
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号