ᠬᠤᠩ ᠱᠠᠨ ᠲᠤᠭᠤᠷᠢᠭ ᠤᠨ 2016 ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠲᠦᠯᠦᠪᠯᠡᠭᠡ ᠶᠢ ᠭᠦᠢᠴᠡᠳᠬᠡᠭᠰᠡᠨ ᠪᠠᠶᠢᠳᠠᠯ ᠪᠤᠯᠤᠨ 2017 ᠤᠨ ᠤ ᠲᠦᠯᠦᠪᠯᠡᠭᠡ  ᠶᠢᠨ ᠲᠦᠰᠦᠯ ᠤᠨ ᠮᠡᠳᠡᠭᠦᠯᠦᠯᠲᠡ
ᠨᠡᠶᠢᠲᠡᠯᠡᠭᠰᠡᠨ ᠴᠠᠭ᠄
2017-05-09
                 2017 ᠤᠨ ᠤ 1 ᠰᠠᠷ᠎ᠠ ᠶᠢᠨ 11 ᠤ ᠡᠳᠦᠷ ᠤᠯᠠᠭᠠᠨᠬᠠᠳᠠ ᠬᠤᠲᠠ ᠶᠢᠨ                  ᠬᠤᠩ ᠱᠠᠨ ᠲᠤᠭᠤᠷᠢᠭ ᠤᠨ ᠨᠠᠢᠮᠠᠳᠤᠭᠠᠷ ᠬᠤᠭᠤᠴᠠᠭᠠᠨ ᠤ ᠠᠷᠠᠳ ᠤᠨ                  ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠳᠡᠭᠡᠷ᠎ᠡ                  ᠲᠤᠭᠤᠷᠢᠭ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ                  ᠵᠦᠪᠯᠡᠯ ᠤᠨ ᠲᠤᠪᠴᠢᠶᠠᠨ ᠤ ᠳᠠᠷᠤᠭ᠎ᠠ    ᠱᠢ ᠯᠸᠢᠲᠦᠯᠦᠭᠡᠯᠡᠭᠴᠢᠳ ᠡ᠄        ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ᠂ ᠪᠢ ᠶᠡᠭᠡ ᠬᠤᠷᠠᠯ ᠳᠤ ︽ᠬᠤᠩ ᠱᠠᠨ ᠲᠤᠭᠤᠷᠢᠭ ᠤᠨ 2016 ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠲᠦᠯᠦᠪᠯᠡᠭᠡ  ᠶᠢ ᠭᠦᠢᠴᠡᠳᠬᠡᠭᠰᠡᠨ ᠪᠠᠶᠢᠳᠠᠯ ᠪᠤᠯᠤᠨ 2017 ᠤᠨ ᠤ ᠲᠦᠰᠦᠪ ᠤᠨ ᠲᠦᠰᠦᠯ︾ ᠤᠨ ᠮᠡᠳᠡᠭᠦᠯᠦᠯᠲᠡ ᠬᠢᠶ᠎ᠡ᠂ ᠬᠢᠨᠠᠨ ᠵᠦᠪᠯᠡᠬᠦ ᠪᠤᠯᠪᠠᠤ᠃        ᠨᠢᠭᠡ᠂ 2016 ᠤᠨ ᠤ ᠪᠦᠬᠦ ᠲᠤᠭᠤᠷᠢᠭ ᠤᠨ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ  ᠲᠦᠯᠦᠪᠯᠡᠭᠡ  ᠶᠢ ᠭᠦᠢᠴᠡᠳᠬᠡᠭᠰᠡᠨ ᠪᠠᠶᠢᠳᠠᠯ        2016 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠡᠬᠢᠯᠡᠯᠲᠡ ᠶᠢᠨ ᠤᠨ ᠮᠦᠨ᠃ ᠨᠢᠭᠡ ᠵᠢᠯ ᠤᠨ ᠲᠤᠷᠰᠢ᠂ ᠪᠦᠬᠦ ᠲᠤᠭᠤᠷᠢᠭ ᠢᠶᠠᠷ ᠢᠶᠠᠨ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠪᠠᠷ ᠤᠳᠤᠷᠢᠳᠤᠭᠤᠯᠤᠨ᠂ ᠰᠢᠨ᠎ᠡ ᠶᠢ ᠡᠭᠦᠳᠬᠦ᠂ ᠵᠤᠬᠢᠴᠠᠩᠭᠤᠢ᠂ ᠠᠮᠢ ᠠᠬᠤᠢ᠂ ᠨᠡᠭᠡᠭᠡᠯᠲᠡᠲᠦ᠂ ᠬᠠᠮᠲᠤᠪᠡᠷ ᠡᠳ᠋ᠯᠡᠬᠦ ᠬᠦᠭᠵᠢᠯᠲᠡ ᠶᠢᠨ ᠤᠶᠢᠯᠠᠭᠠᠭᠳᠠᠬᠤᠨ ᠢ ᠪᠠᠲᠤᠵᠢᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠬᠦᠳᠡᠯᠦᠩᠭᠦᠢ ᠪᠠᠷ ᠵᠤᠬᠢᠴᠠᠨ᠂ ᠲᠤᠭᠲᠠᠭᠤᠨ ᠤ ᠳᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠶᠡᠷᠦᠩᠬᠡᠢ ᠰᠠᠨᠠᠭ᠎ᠠ ᠶᠢ ᠪᠠᠷᠢᠮᠲᠠᠯᠠᠵᠤ᠂ ᠠᠷᠭ᠎ᠠ ᠬᠡᠮᠵᠢᠶ᠎ᠡ ᠶᠢ ᠴᠢᠩᠭᠠᠳᠬᠠᠵᠤ᠂ ᠴᠢᠩᠭ᠎ᠠ ᠨᠠᠶᠢᠳᠠᠪᠤᠷᠢᠵᠢᠭᠤᠯᠤᠨ᠂ ᠪᠦᠬᠦ ᠲᠤᠭᠤᠷᠢᠭ ᠤᠨ ᠠᠵᠤ ᠠᠬᠤᠢ ᠶᠢᠨ ᠡᠵᠡᠩᠨᠡᠯᠲᠡ ᠶᠡᠷᠦᠩᠬᠡᠢ ᠳᠡᠭᠡᠨ ᠲᠤᠭᠲᠠᠭᠤᠨ ᠪᠠᠶᠢᠵᠤ᠂ ᠪᠦᠲᠦᠴᠡ ᠶᠢᠨ ᠦᠭᠡᠷᠡᠴᠢᠯᠡᠯᠲᠡ ᠶᠢᠨ ᠠᠯᠬᠤᠴᠠ ᠲᠦᠷᠭᠡᠰᠴᠦ᠂ ᠦᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠶᠢᠷᠡᠨ᠂ ᠠᠷᠠᠳ ᠤᠨ ᠠᠮᠢᠳᠤᠷᠠᠯ ᠲᠠᠰᠤᠷᠠᠯᠲᠠ ᠦᠭᠡᠢ ᠰᠠᠶᠢᠵᠢᠷᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠬᠢᠴᠠ ᠯᠠᠪᠳᠠᠭᠤᠨ ᠠᠬᠢᠪᠠ᠃ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠷᠢᠳᠴᠢᠯᠠᠨ ᠵᠢᠱᠢᠭᠰᠡᠨ ᠢᠶᠠᠷ 316 ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠠᠴᠠ 8% ᠨᠡᠮᠡᠭᠳᠡᠪᠡ︔ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 23.1 ᠳ᠋ᠦᠩᠰᠢᠭᠤᠷ ᠲᠦᠭᠦᠷᠢᠭ ᠪᠠᠶᠢᠵᠤ᠂ ᠠᠳᠠᠯᠢ ᠬᠤᠭᠤᠴᠠᠭᠠᠨ ᠠᠴᠠ 7% ᠨᠡᠮᠡᠭᠳᠡᠪᠡ︔ 500 ᠲᠦᠮᠡᠨ ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠤᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ 173 ᠳ᠋ᠦᠩᠰᠢᠭᠤᠷ ᠲᠦᠭᠦᠷᠢᠭ ᠪᠠᠶᠢᠵᠤ᠂ ᠠᠳᠠᠯᠢ ᠬᠤᠭᠤᠴᠠᠭᠠᠨ ᠠᠴᠠ 13% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠦᠷᠲᠡᠭ 141 ᠳ᠋ᠦᠩᠰᠢᠭᠤᠷ ᠲᠦᠭᠦᠷᠢᠭ᠂ ᠠᠳᠠᠯᠢ ᠬᠤᠭᠤᠴᠠᠭᠠᠨ ᠠᠴᠠ 11% ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ 30800 ᠲᠦᠭᠦᠷᠢᠭ᠂ ᠠᠳᠠᠯᠢ ᠬᠤᠭᠤᠴᠠᠭᠠᠨ ᠠᠴᠠ 10% ᠨᠡᠮᠡᠭᠳᠡᠪᠡ︔ ᠬᠦᠳᠡᠭᠡ ᠲᠤᠰᠬᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ 16600 ᠲᠦᠭᠦᠷᠢᠭ᠂ ᠠᠳᠠᠯᠢ ᠬᠤᠭᠤᠴᠠᠭᠠᠨ ᠠᠴᠠ 11% ᠨᠡᠮᠡᠭᠳᠡᠪᠡ᠃        ︵ᠨᠢᠭᠡ︶ ᠲᠠᠷᠢᠶᠠᠯᠠᠩ ᠤᠨ ᠬᠦᠭᠵᠢᠯᠲᠡ ᠶᠢᠨ ᠬᠠᠨᠳᠤᠰᠢ ᠨᠡᠯᠢᠶᠠᠳ ᠰᠠᠶᠢᠨ        ᠲᠠᠷᠢᠮᠠᠯ ᠤᠨ ᠪᠦᠲᠦᠴᠡ ᠶᠢᠨ ᠲᠤᠬᠢᠷᠠᠭᠤᠯᠤᠯᠲᠠ ᠨᠡᠯᠢᠶᠠᠳ ᠶᠡᠭᠡ᠂ ᠪᠦᠬᠦ ᠵᠢᠯ ᠳᠤ 3000 ᠮᠦ ᠲᠦᠭᠦᠭᠡᠷᠦᠮᠵᠢᠲᠦ ᠲᠠᠷᠢᠶᠠᠯᠠᠩ ᠢ ᠰᠢᠨ᠎ᠡ ᠪᠠᠷ ᠨᠡᠮᠡᠭᠳᠡᠭᠦᠯᠦᠨ ᠦᠭᠡᠷᠡᠴᠢᠯᠡᠵᠦ᠂ ᠲᠦᠭᠦᠭᠡᠷᠦᠮᠵᠢᠲᠦ ᠲᠠᠷᠢᠶᠠᠯᠠᠩ 1.91 ᠲᠦᠮᠡᠨ ᠮᠦ ᠬᠦᠷᠴᠦ᠂ ᠡᠷᠳᠡᠨᠢ ᠰᠢᠰᠢ ᠶᠢᠨ ᠲᠠᠷᠢᠮᠠᠯ ᠤᠨ ᠲᠠᠯᠠᠪᠠᠢ ᠶᠢ 2.8 ᠲᠦᠮᠡᠨ ᠮᠦ ᠪᠠᠭᠠᠰᠬᠠᠵᠤ  ᠂ ᠤᠨᠴᠠᠯᠢᠭᠲᠤ ᠵᠢᠮᠢᠰ᠂ ᠬᠤᠸᠠᠷ ᠴᠡᠴᠡᠭ ᠤᠨ ᠲᠠᠯᠠᠪᠠᠢ 1208 ᠮᠦ ᠬᠦᠷᠴᠦ᠂ ᠰᠢᠨ᠎ᠡ ᠪᠠᠷ ᠲᠠᠷᠢᠭᠰᠠᠨ ᠰᠢᠯᠢᠳᠡᠭ ᠴᠢᠨᠠᠷ ᠤᠨ ᠠᠮᠤ 2000 ᠮᠦ᠂ ᠵᠠᠳᠠᠭᠠᠢ ᠲᠠᠷᠢᠭᠰᠠᠨ ᠤᠨᠴᠠᠯᠢᠭᠲᠤ ᠵᠢᠮᠢᠰ 1300 ᠮᠦ᠃ ᠮᠠᠯ ᠠᠵᠤ ᠠᠬᠤᠢ ᠶᠢᠨ ᠦᠢᠯᠡᠳᠪᠦᠷᠢᠯᠡᠯ ᠲᠤᠭᠲᠠᠭᠤᠨ ᠭᠦᠭᠵᠢᠵᠦ᠂ ᠭᠡᠷ ᠤᠨ ᠲᠡᠵᠢᠭᠡᠪᠦᠷᠢ ᠶᠢᠨ ᠵᠤᠭᠰᠤᠭ᠎ᠠ ᠲᠤᠭ᠎ᠠ 10 ᠲᠦᠮᠡ᠃ ᠲᠠᠷᠢᠶᠠᠯᠠᠩ ᠤᠨ ᠮᠧᠬᠠᠨᠢᠭ ᠤᠨ ᠦᠢᠯᠡᠴᠢᠯᠡᠭᠡᠨ ᠤ ᠴᠢᠳᠠᠪᠤᠷᠢ ᠴᠢᠩᠭᠠᠷᠠᠵᠤ᠂ 15 ᠲᠦᠮᠡᠨ ᠮᠦ ᠮᠠᠰᠢᠨ ᠮᠧᠬᠠᠨᠢᠭ ᠢᠶᠠᠷ ᠲᠠᠷᠢᠶᠠᠯᠠᠪᠠ᠃ ᠭᠠᠵᠠᠷ ᠰᠢᠷᠤᠢ ᠶᠢᠨ ᠡᠷᠭᠢᠯᠲᠡ ᠶᠢᠨ ᠠᠵᠢᠯ ᠢ ᠡᠷᠴᠢᠮᠲᠡᠢ ᠠᠬᠢᠭᠤᠯᠪᠠ᠃ ᠭᠠᠵᠠᠷ ᠰᠢᠷᠤᠢ ᠶᠢᠨ ᠡᠷᠭᠢᠯᠲᠡ ᠶᠢᠨ ᠲᠠᠯᠠᠪᠠᠢ 5.9 ᠲᠦᠮᠡᠨ ᠮᠦ᠃ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠢᠷᠢ ᠲᠦᠪᠰᠢᠨ ᠪᠤᠯᠤᠨ ᠵᠤᠬᠢᠶᠠᠨ ᠪᠠᠶᠢᠭᠤᠯᠤᠯᠲᠠ ᠶᠢᠨ ᠲᠦᠪᠰᠢᠨ ᠳᠡᠭᠡᠭᠰᠢᠯᠡᠵᠦ᠂ ᠲᠤᠰᠬᠠᠢ ᠬᠤᠷᠰᠢᠶᠡᠵᠢᠯ 146 ᠪᠤᠯᠵᠤ᠂ ᠬᠡᠪᠴᠢᠶᠡᠵᠢᠯ ᠠᠴᠠ ᠳᠡᠭᠡᠭᠰᠢᠬᠢ ᠲᠤᠯᠤᠭᠠᠶᠢᠯᠠᠭᠴᠢ ᠠᠵᠤ ᠠᠬᠤᠶᠢᠯᠠᠯ 95 ᠡᠷᠦᠬᠡ ᠪᠤᠯᠵᠤ᠂ ᠡᠭᠦᠨ ᠳᠤ᠂ ᠦᠪᠡᠷᠲᠡᠭᠡᠨ ᠵᠠᠰᠠᠬᠤ ᠤᠷᠤᠨ ᠤ ᠳᠡᠰ ᠤᠨ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ 17 ᠡᠷᠦᠬᠡ ᠂ ᠬᠤᠲᠠ ᠶᠢᠨ ᠳᠡᠰ ᠤᠨ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ 13 ᠡᠷᠦᠬᠡ ᠪᠤᠢ᠃ ᠬᠦᠳᠡᠭᠡ ᠲᠤᠰᠬᠤᠨ ᠤ ᠵᠤᠭᠠᠴᠠᠯ ᠲᠦᠷᠭᠡᠪᠴᠢᠯᠡᠨ ᠬᠦᠭᠵᠢᠵᠦ᠂ ᠬᠦᠳᠡᠭᠡ ᠲᠤᠰᠬᠤᠨ ᠤ ᠵᠤᠭᠠᠴᠠᠯ ᠤᠨ ᠦᠵᠡᠮᠵᠢ ᠶᠢᠨ ᠪᠦᠰᠡ ᠠᠩᠬ᠎ᠠ ᠠᠯᠬᠤᠮ ᠪᠦᠷᠢᠯᠳᠦᠵᠦ᠂ ᠰᠡᠯᠡᠭᠦᠴᠡᠯ ᠲᠠᠷᠢᠶᠠᠯᠠᠩ᠂ ᠲᠠᠷᠢᠶᠠᠴᠢᠨ ᠠᠶᠢᠯ ᠤᠨ ᠵᠤᠭᠠᠴᠠᠯ ᠤᠨ ᠳᠡᠰ ᠳᠡᠭᠡᠭᠰᠢᠯᠡᠪᠡ᠃        ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠢ ᠲᠤᠭᠲᠠᠭᠤᠨ ᠠᠬᠢᠪᠠ        ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠠᠵᠤ ᠠᠬᠤᠶᠢᠯᠠᠯ ᠲᠤᠭᠲᠠᠭᠤᠨ ᠬᠦᠭᠵᠢᠪᠡ᠃ ᠪᠦᠬᠦ ᠲᠤᠭᠤᠷᠢᠭ ᠤᠨ 67 ᠡᠷᠦᠬᠡ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ   ᠦᠢᠯᠡᠳᠪᠦᠷᠢ  ᠶᠢᠨ ᠶᠡᠷᠦᠩᠬᠡᠢ ᠦᠷᠲᠡᠭ 385 ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠠᠴᠠ 7.1% ᠨᠡᠮᠡᠭᠳᠡᠪᠡ︔ ᠶᠤᠸᠠᠨ ᠯᠢᠶᠠᠨ ᠪᠤᠯᠤᠳ ᠲᠡᠮᠦᠷ᠂ ᠠᠢ ᠺᠧ ᠡᠮ ᠤᠨ ᠦᠢᠯᠡᠰ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠠᠯᠳᠠᠭᠳᠠᠯ ᠲᠠᠢ ᠪᠠᠶᠢᠭᠰᠠᠨ ᠠᠴᠠ ᠪᠠᠨ ᠠᠰᠢᠭ ᠤᠯᠵᠠᠪᠤᠷᠢ ᠲᠠᠢ ᠪᠤᠯᠪᠠ︔ ᠵᠢᠯ ᠤᠨ ᠡᠬᠢᠨ ᠤ ᠬᠢᠨᠠᠨ ᠲᠤᠭᠲᠠᠭᠠᠭᠰᠠᠨ ᠶᠡᠷᠦᠩᠬᠡᠢ ᠪᠡᠯᠡ ᠤᠷᠤᠭᠤᠯᠤᠯᠲᠠ ᠨᠢ 3000 ᠲᠦᠮᠡᠨ ᠲᠦᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ ᠢ ᠡᠬᠢᠯᠡᠨ ᠪᠦᠲᠦᠭᠡᠨ ᠪᠠᠶᠢᠭᠤᠯᠤᠭᠰᠠᠨ ᠪᠠ ᠠᠵᠢᠯ ᠰᠡᠷᠭᠦᠭᠡᠵᠡᠢ︔ ᠦᠪᠡᠷ ᠤᠨ ᠦᠷᠲᠡᠭ ᠢ ᠪᠠᠭᠤᠷᠠᠭᠤᠯᠬᠤ ᠠᠷᠭ᠎ᠠ ᠠᠪᠴᠠᠯ ᠤᠨ ᠦᠷ᠎ᠡ ᠪᠦᠲᠦᠮᠵᠢ ᠢᠯᠡᠷᠬᠡᠢ ᠪᠠᠶᠢᠵᠤ᠂ ᠠᠵᠤ ᠠᠬᠤᠶᠢᠯᠠᠯ ᠳᠤ ᠴᠠᠬᠢᠯᠭᠠᠨ ᠤ ᠨᠦᠬᠦᠪᠦᠷᠢ 3600 ᠲᠦᠮᠡᠨ ᠲᠦᠭᠦᠷᠢᠭ ᠤᠯᠭᠤᠨ᠂ ᠲᠤᠮᠤ ᠬᠡᠷᠡᠭᠯᠡᠭᠴᠢ ᠳᠤ 8.5 ᠳ᠋ᠦᠩᠰᠢᠭᠤᠷ ᠭᠷᠡᠳᠦ᠋ᠰ ᠴᠠᠬᠢᠯᠭᠠᠨ ᠰᠢᠭᠤᠳ ᠬᠠᠩᠭᠠᠪᠠ᠃ ᠠᠵᠤ ᠦᠢᠯᠡᠳᠪᠦᠷᠢ ᠶᠢᠨ ᠬᠦᠭᠵᠢᠯᠲᠡ ᠶᠢᠨ ᠲᠠᠪᠴᠠᠩ ᠤᠨ ᠠᠴᠢᠶᠠᠯᠠᠬᠤ ᠴᠢᠳᠠᠮᠵᠢ ᠴᠢᠩᠭᠠᠷᠠᠪᠠ᠃ ᠬᠤᠩ ᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠲᠤ ᠨᠡᠭᠦᠨ ᠤᠷᠤᠭᠰᠠᠨ ᠠᠵᠤ ᠠᠬᠤᠶᠢᠯᠠᠯ 136 ᠡᠷᠦᠬᠡ ᠪᠠᠶᠢᠵᠤ᠂ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠪᠦᠷᠢᠯᠡᠯ ᠤᠨ ᠦᠷᠲᠡᠭ 352 ᠳ᠋ᠦᠩᠰᠢᠭᠤᠷ ᠲᠦᠭᠦᠷᠢᠭ ᠪᠠᠶᠢᠵᠤ᠂ ᠠᠳᠠᠯᠢ ᠬᠤᠭᠤᠴᠠᠭᠠᠨ ᠠᠴᠠ 5% ᠨᠡᠮᠡᠭᠳᠡᠨ᠂ 2.8 ᠲᠦᠮᠡ ᠢᠯᠡᠭᠦᠦ ᠬᠦᠮᠦᠨ ᠳᠤ ᠠᠵᠢᠯ ᠲᠤᠬᠢᠷᠠᠭᠤᠯᠪᠠ︔ ᠬᠤᠩ ᠱᠠᠨ ᠪᠤᠬᠢᠷᠳᠤᠯ ᠦᠭᠡᠢ ᠢᠳᠡᠭᠡᠨ ᠤ ᠠᠵᠤ ᠦᠢᠯᠡᠰ ᠤᠨ ᠬᠦᠷᠢᠶᠡᠯᠡᠩ ᠲᠤᠭᠤᠷᠢᠭ ᠬᠤᠲᠠ ᠶᠢᠨ ᠳᠡᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠢᠶᠠᠷ ᠳᠡᠪᠰᠢᠵᠦ᠂ ᠬᠦᠷᠢᠶᠡᠯᠡᠩ ᠲᠤᠭᠤᠷᠢᠭ ᠲᠤ ᠨᠡᠭᠦᠨ ᠤᠷᠤᠭᠰᠠᠨ ᠠᠵᠤ ᠠᠬᠤᠶᠢᠯᠠᠯ 55 ᠡᠷᠦᠬᠡ ᠪᠠᠶᠢᠵᠤ᠂ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠪᠦᠷᠢᠯᠡᠯ ᠤᠨ ᠦᠷᠲᠡᠭ 3.5 ᠳ᠋ᠦᠩᠰᠢᠭᠤᠷ ᠲᠦᠭᠦᠷᠢᠭ ᠬᠦᠷᠴᠦ᠂ ᠠᠳᠠᠯᠢ ᠬᠤᠭᠤᠴᠠᠭᠠᠨ ᠠᠴᠠ 9.3% ᠨᠡᠮᠡᠭᠳᠡᠨ᠂ 2800 ᠢᠯᠡᠭᠦᠦ ᠬᠦᠮᠦᠨ ᠳᠤ ᠠᠵᠢᠯ ᠤᠯᠭᠤᠪᠠ᠃ ᠡᠯᠧᠺᠲᠷᠤᠨ ᠪᠦᠲᠦᠭᠡᠭᠳᠡᠭᠦᠨ ᠤ ᠦᠢᠯᠡᠰ᠂ ᠡᠮ ᠡᠮᠨᠡᠯᠭᠡ᠂ ᠨᠡᠬᠡᠮᠡᠯ᠂ ᠪᠤᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠭᠦᠨ ᠢ ᠪᠤᠯᠪᠠᠰᠤᠷᠠᠭᠤᠯᠬᠤ᠂ ᠦᠩᠭᠡᠲᠦ ᠲᠡᠮᠦᠷᠯᠢᠭ ᠪᠤᠯᠪᠠᠰᠤᠷᠠᠭᠤᠯᠬᠤ ᠵᠡᠷᠭᠡ ᠰᠠᠭᠤᠷᠢᠨ ᠭᠠᠵᠠᠷ ᠤᠨ ᠪᠠᠶᠢᠭᠤᠯᠤᠯᠲᠠ ᠶᠢᠨ ᠠᠯᠬᠤᠴᠠ ᠲᠦᠷᠭᠡᠰᠪᠡ᠃ ᠠᠮᠢᠳᠤ ᠪᠤᠳᠠᠰ ᠤᠨ ᠠᠵᠤ ᠦᠢᠯᠡᠰ᠂ ᠡᠯᠧᠺᠲᠷᠤᠨ ᠰᠤᠷᠠᠭ ᠵᠠᠩᠭᠢ᠂ ᠡᠨᠧᠷᠭᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠤ ᠦᠢᠯᠡᠰ ᠲᠦᠷᠭᠡᠪᠴᠢᠯᠡᠨ ᠬᠦᠭᠵᠢᠪᠡ᠃        ︵ᠭᠤᠷᠪᠡ︶ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠡᠯᠪᠡᠷᠢ ᠶᠢ ᠦᠭᠡᠷᠡᠲᠦᠭᠦᠯᠦᠨ ᠳᠡᠰ ᠳᠡᠪᠰᠢᠭᠦᠯᠪᠡ        ᠬᠤᠩ ᠱᠠᠨ ᠲᠤᠭᠤᠷᠢᠭ ᠠᠮᠵᠢᠯᠲᠠ ᠲᠠᠢ ᠪᠠᠷ ︽ᠠᠷᠪᠠᠨ ᠭᠤᠷᠪᠠᠳᠤᠭᠠᠷ ᠲᠠᠪᠤᠨ ᠵᠢᠯ︾ ᠤᠨ ᠤᠯᠤᠰ ᠤᠨ ᠦᠢᠯᠡᠴᠢᠯᠡᠭᠡᠨ ᠤ ᠦᠢᠯᠡᠰ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠤᠷᠤᠨ ᠬᠡᠪᠴᠢᠶ᠎ᠡ ᠪᠠᠷ ᠵᠢᠭᠰᠠᠭᠠᠭᠳᠠᠪᠠ᠃ ᠵᠢᠯ ᠤᠨ ᠡᠬᠢᠨ ᠠᠴᠠ ᠠᠪᠤᠭᠠᠳ᠂ ︽ᠨᠢᠭᠡ ᠲᠡᠩᠭᠡᠯᠢᠭ ᠬᠤᠶᠠᠷ ᠪᠦᠰᠡ᠂ ᠭᠤᠷᠪᠠᠨ ᠲᠤᠭᠤᠷᠢᠭ ᠨᠢᠭᠡ ᠬᠦᠷᠢᠶᠡᠯᠡᠩ︾ ᠤᠨ ᠬᠦᠭᠵᠢᠯᠲᠡ ᠶᠢᠨ ᠲᠤᠭᠤᠷᠢᠨ ᠳᠤ᠂ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠢ ᠤᠯᠠᠮ ᠨᠢᠭᠡ ᠠᠯᠬᠤᠮ ᠦᠭᠡᠷᠡᠴᠢᠯᠡᠨ ᠰᠠᠶᠢᠵᠢᠷᠠᠭᠤᠯᠵᠤ᠂ ᠰᠢᠨ᠎ᠡ ᠪᠠᠷ ᠬᠦᠭᠵᠢᠭᠰᠡᠨ ᠦᠢᠯᠡᠴᠢᠯᠡᠭᠡᠨ ᠤ ᠦᠢᠯᠡᠰ ᠢ ᠬᠦᠭᠵᠢᠭᠦᠯᠦᠨ ᠪᠤᠵᠠᠭᠠᠶᠢᠷᠠᠭᠤᠯᠵᠤ᠂ ᠦᠢᠯᠡᠴᠢᠯᠡᠭᠡᠨ ᠤ ᠦᠢᠯᠡᠰ ᠤᠨ ᠬᠠᠩᠭᠠᠯᠭ᠎ᠠ ᠬᠡᠷᠡᠭᠴᠡᠭᠡᠨ ᠤ ᠬᠢᠷᠢ ᠲᠦᠪᠰᠢᠨ ᠢ ᠯᠠᠪᠳᠠᠭᠤᠨ ᠠᠬᠢᠭᠤᠯᠪᠠ᠃        ᠦᠢᠯᠡᠴᠢᠯᠡᠭᠡᠨ ᠤ ᠦᠢᠯᠡᠰ ᠤᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠴᠢᠭᠯᠡᠯ ᠢ ᠠᠳᠬᠤᠵᠤ᠂ ᠶᠠᠪᠠᠭᠠᠨ ᠵᠡᠭᠡᠯᠢ ᠶᠢᠨ ᠬᠡᠯᠪᠡᠷᠢ ᠳᠤ ᠪᠦᠬᠦᠯᠢ ᠴᠤᠭᠴᠠ ᠶᠢᠨ ᠲᠦᠯᠦᠪᠵᠢᠭᠦᠯᠭᠡ ᠲᠤᠭᠲᠠᠭᠠᠨ ᠦᠭᠡᠷᠡᠴᠢᠯᠡᠵᠦ᠂ ᠠᠵᠤ ᠦᠢᠯᠡᠰ ᠤᠨ ᠲᠦᠯᠦᠪ ᠢ ᠤᠯᠠᠮ ᠨᠢᠭᠡ ᠠᠯᠬᠤᠮ ᠲᠤᠬᠢᠷᠠᠭᠤᠯᠵᠤ᠂ ᠤᠯᠠᠮᠵᠢᠯᠠᠯᠲᠤ ᠬᠡᠷᠡᠭᠯᠡᠭᠡᠨ ᠤ ᠠᠷᠭ᠎ᠠ ᠠᠪᠴᠠᠯ ᠢ ᠳᠡᠰ ᠳᠡᠪᠰᠢᠭᠦᠯᠪᠡ᠃ ᠸᠠᠨ ᠶᠤᠸᠠᠢ ᠬᠤᠲᠠ ᠶᠢᠨ ᠠᠭᠤᠳᠠᠮ ᠲᠠᠯᠠᠪᠠᠢ᠂ ᠯᠦᠩ ᠲᠧᠩ ᠤᠯᠠᠨ ᠤᠯᠤᠰ ᠤᠨ ᠬᠤᠳᠠᠯᠳᠤᠭᠠᠨ ᠤ ᠠᠭᠤᠳᠠᠮ ᠲᠠᠯᠠᠪᠠᠢ ᠵᠡᠷᠭᠡ ᠲᠤᠮᠤ ᠬᠡᠯᠪᠡᠷᠢ ᠶᠢᠨ ᠬᠤᠳᠠᠯᠳᠤᠭᠠᠨ ᠤ ᠲᠦᠷᠦᠯ ᠵᠦᠢᠯ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠪᠠ᠃ 306 ᠤᠯᠤᠰ ᠤᠨ ᠵᠠᠮ ᠳᠠᠭᠠᠤ ᠤᠳᠤ ᠦᠶ᠎ᠡ ᠶᠢᠨ ᠦᠢᠯᠡᠴᠢᠯᠡᠭᠡᠨ ᠤ ᠠᠵᠤ ᠦᠢᠯᠡᠰ ᠤᠨ ᠪᠦᠰᠡ ᠶᠢᠨ ᠲᠢᠶᠠᠨ ᠹᠧᠩ ᠠᠷᠠᠯᠵᠢᠶ᠎ᠠ ᠬᠤᠳᠠᠯᠳᠤᠭᠠᠨ ᠤ ᠬᠤᠲᠠ᠂ ᠲᠢᠶᠠᠨ ᠹᠧᠩ ᠢᠳᠡᠰᠢᠨ ᠨᠤᠭᠤᠭᠠᠨ ᠤ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠪᠤᠯᠤᠨ ᠱᠢ ᠱᠠᠩ ᠲᠢᠶᠠᠨ ᠵᠡᠭᠡᠯᠢ ᠵᠡᠷᠭᠡ ᠨᠢᠭᠡ ᠪᠦᠯᠦᠭ ᠦᠪᠡᠷᠲᠡᠭᠡᠨ ᠵᠠᠰᠠᠬᠤ ᠤᠷᠤᠨ᠂ ᠬᠤᠲᠠ ᠶᠢᠨ ᠳᠡᠰ ᠤᠨ ᠭᠤᠤᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠪᠠ᠃ ᠬᠤᠲᠠ ᠶᠢ ᠲᠤᠭᠤᠷᠢᠭᠰᠠᠨ ᠰᠤᠶᠤᠯ ᠵᠤᠭᠠᠴᠠᠯ ᠤᠨ ᠠᠵᠤ ᠦᠢᠯᠡᠰ ᠤᠨ ᠪᠦᠰᠡ ᠰᠤᠶᠤᠯ ᠵᠤᠭᠠᠴᠠᠯ ᠤᠨ ᠭᠦᠨᠵᠡᠭᠡᠢ ᠠᠭᠤᠰᠤᠯᠴᠠᠬᠤ ᠶᠢ ᠭᠤᠤᠯᠳᠠᠯᠭ᠎ᠠ ᠲᠠᠢ ᠠᠬᠢᠭᠤᠯᠤᠨ᠂ ᠡᠯ ᠳ᠋ᠤᠤ ᠵᠢᠩ ᠽᠢ ᠪᠠᠭᠤᠷᠢ ᠶᠢᠨ ᠬᠠᠮᠠᠭᠠᠯᠠᠯᠲᠠ ᠶᠢᠨ ᠦᠵᠡᠭᠦᠯᠦᠯᠭᠡ ᠶᠢᠨ ᠤᠷᠳᠤᠨ᠂ ᠳ᠋ᠤᠤ ᠭᠦ᠋ ᠡᠮᠦᠨ᠎ᠡ ᠠᠭᠤᠯᠠᠨ ᠤ ᠠᠮᠢ ᠠᠬᠤᠢ ᠵᠤᠭᠠᠴᠠᠯ ᠬᠤᠳᠠᠯᠳᠤᠭᠠᠨ ᠤ ᠶᠠᠪᠤᠳᠠᠯ ᠤᠨ ᠤᠷᠤᠨ ᠵᠡᠷᠭᠡ ᠦᠵᠡᠮᠵᠢ ᠶᠢᠨ ᠤᠷᠤᠨ ᠤ ᠦᠵᠡᠮᠵᠢ ᠶᠢᠨ ᠴᠡᠭ ᠪᠤᠯᠤᠨ ᠰᠡᠯᠡᠭᠦᠴᠡᠯ ᠵᠤᠭᠠᠴᠠᠯ ᠤᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠪᠠ᠃        ᠬᠤᠩ ᠱᠠᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ ︽ᠤᠯᠤᠰ ᠤᠨ ᠵᠢᠱᠢᠶ᠎ᠡ ᠦᠵᠡᠭᠦᠯᠬᠦ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ︾ ᠢᠶᠠᠷ ᠳᠡᠪᠰᠢᠵᠦ᠂ ᠪᠠᠶᠢᠭᠤᠯᠵᠤ ᠪᠠᠶᠢᠭ᠎ᠠ ᠪᠠ ᠨᠢᠭᠡᠨᠲᠡ ᠪᠠᠶᠢᠭᠤᠯᠤᠭᠰᠠᠨ ᠲᠠᠯᠠᠪᠠᠢ 10 ᠲᠡᠭᠰᠢ ᠳᠦᠷᠪᠡᠯᠵᠢᠨ ᠺᠢᠯᠦᠮᠧᠲᠷ ᠪᠤᠯᠤᠨ ᠦᠷᠭᠡᠵᠢᠵᠦ᠂ ᠰᠤᠯᠢᠯᠴᠠᠭᠠᠨ ᠤ ᠦᠷᠲᠡᠭ 450 ᠳ᠋ᠦᠩᠰᠢᠭᠤᠷ ᠲᠦᠭᠦᠷᠢᠭ ᠬᠦᠷᠴᠦ᠂ 3.3 ᠲᠦᠮᠡᠨ ᠬᠦᠮᠦᠨ ᠳᠤ ᠠᠵᠢᠯ ᠤᠯᠭᠤᠪᠠ︔ ᠬᠦᠷᠢᠶᠡᠯᠡᠩ ᠲᠤᠭᠤᠷᠢᠭ ᠤᠯᠠᠮᠵᠢᠯᠠᠯᠲᠤ ᠠᠵᠤ ᠦᠢᠯᠡᠰ ᠤᠨ ᠲᠦᠯᠦᠪ ᠢ ᠳᠡᠰ ᠳᠡᠪᠰᠢᠭᠦᠯᠬᠦ ᠪᠠ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠪᠤᠶᠢᠵᠢᠭᠤᠯᠤᠨ ᠬᠦᠭᠵᠢᠭᠦᠯᠬᠦ ᠶᠢ ᠠᠬᠢᠭᠤᠯᠬᠤ ᠪᠠᠷ ᠭᠤᠤᠯ ᠬᠠᠷᠠᠯᠲᠠ ᠪᠤᠯᠭᠠᠨ᠂ ᠠᠵᠤ ᠦᠢᠯᠡᠰ ᠤᠨ ᠪᠦᠲᠦᠴᠡ ᠪᠤᠯᠤᠨ ᠠᠵᠤ ᠦᠢᠯᠡᠰ ᠤᠨ ᠲᠦᠯᠦᠪ ᠤᠨ ᠲᠤᠬᠢᠷᠠᠭᠤᠯᠤᠯᠲᠠ ᠰᠢᠯᠢᠳᠡᠭᠵᠢᠪᠡ︔ ᠢᠵᠢ ᠪᠦᠷᠢᠳᠦᠭᠰᠡᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ︽ᠲᠤᠯᠤᠭ᠎ᠠ ᠶᠢ ᠨᠡᠪᠲᠡᠷᠡᠭᠦᠯᠵᠦ᠂ ᠨᠢᠭᠡ ᠶᠢ ᠲᠡᠭᠰᠢᠯᠡᠨ᠂ ᠨᠢᠭᠡ ᠶᠢ ᠬᠢᠨᠠᠨ ᠡᠵᠡᠮᠳᠡᠬᠦ︾ ᠶᠢ ᠪᠡᠶᠡᠯᠡᠭᠦᠯᠪᠡ︔ ᠭᠤᠤᠯᠳᠠᠯᠭ᠎ᠠ ᠲᠠᠢ ᠲᠦᠷᠦᠯ ᠵᠦᠢᠯ ᠢ ᠲᠦᠷᠭᠡᠪᠴᠢᠯᠡᠨ ᠪᠠᠶᠢᠭᠤᠯᠵᠤ᠂ ᠪᠤᠯᠤᠳ ᠮᠠᠲ᠋ᠧᠷᠢᠶᠠᠯ ᠤᠨ ᠬᠤᠲᠠ᠂ ᠴᠢᠯᠠᠭᠤᠨ ᠮᠠᠲ᠋ᠧᠷᠢᠶᠠᠯ ᠤᠨ ᠬᠤᠲᠠ᠂ ᠤᠮᠠᠷᠠᠲᠤ ᠤᠷᠤᠨ ᠤ ᠤᠳᠤ ᠦᠶ᠎ᠡ ᠶᠢᠨ ᠪᠠᠷᠠᠭᠠᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠲᠦᠪ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠲᠦᠷᠦᠯ ᠵᠦᠢᠯ ᠢ ᠡᠷᠴᠢᠮᠲᠡᠢ ᠠᠬᠢᠭᠤᠯᠪᠠ︔ ᠮᠦᠩᠭᠦᠨ ᠭᠦᠢᠯᠭᠡᠭᠡᠨ ᠤ ᠪᠠᠷᠠᠭᠠᠨ ᠭᠦᠢᠯᠭᠡᠭᠡᠨ ᠤ ᠬᠤᠶᠠᠳᠤᠭᠠᠷ ᠬᠤᠭᠤᠴᠠᠭ᠎ᠠ ᠠᠵᠢᠯ ᠳᠠᠭᠤᠰᠴᠤ ᠡᠵᠡᠩᠨᠡᠨ᠂ ᠤᠯᠤᠰ ᠤᠨ ᠵᠠᠰᠠᠮᠠᠯ ᠵᠠᠮ ᠤᠨ ᠲᠡᠭᠡᠭᠡᠪᠦᠷᠢ ᠶᠢᠨ ᠲᠤᠷᠰᠢᠯᠲᠠ ᠶᠢᠨ ᠴᠡᠭ ᠪᠤᠯᠪᠠ᠃ ᠤᠯᠠᠭᠠᠨᠬᠠᠳᠠ ᠶᠢᠨ ᠭᠠᠶᠢᠯᠢ  ᠪᠠᠲᠤᠯᠠᠬᠤ ᠪᠠᠷᠠᠭᠠᠨ ᠭᠦᠢᠯᠭᠡᠭᠡᠨ ᠤ ᠲᠦᠪ ᠲᠤ ᠨᠡᠭᠦᠨ ᠤᠷᠤᠭᠰᠠᠨ ᠠᠵᠤ ᠠᠬᠤᠶᠢᠯᠠᠯ 10 ᠡᠷᠦᠬᠡ ᠪᠠᠶᠢᠵᠤ᠂ ᠨᠡᠭᠦᠨ ᠰᠠᠭᠤᠷᠢᠰᠢᠭᠰᠠᠨ ᠠᠵᠤ ᠠᠬᠤᠶᠢᠯᠠᠯ ᠤᠨ ᠶᠡᠷᠦᠩᠬᠡᠢ ᠲᠤᠭ᠎ᠠ 30 ᠡᠷᠦᠬᠡ ᠬᠦᠷᠴᠡᠢ︔ ᠳᠤᠮᠳᠠᠳᠤ ᠡᠸᠦ᠋ᠷᠦᠫᠡ ︵ᠤᠯᠠᠭᠠᠨᠬᠠᠳᠠ ᠮᠠᠨᠵᠤᠤᠷ ᠡᠸᠦ᠋ᠷᠦᠫᠡ︶ ᠶᠢᠨ ᠤᠯᠠᠨ ᠤᠯᠤᠰ ᠤᠨ ᠡᠭᠡᠯᠵᠢ ᠶᠢᠨ ᠭᠠᠯᠲᠤ ᠠᠶᠠᠯᠠᠯ ᠡᠬᠢᠯᠡᠵᠦ᠂ ᠮᠠᠨᠵᠤᠤᠷ ᠪᠤᠭᠤᠮᠲᠠ ᠲᠠᠢ ᠬᠠᠮᠲᠤ ᠪᠠᠷ ︽ᠬᠠᠮᠲᠤ ᠶᠢᠨ ᠠᠷᠠᠯᠵᠢᠶᠠᠨ ᠤ ᠤᠷᠤᠨ᠂ ᠶᠡᠷᠦᠩᠬᠡᠶᠢᠯᠡᠭᠰᠡᠨ ᠭᠠᠶᠢᠯᠢ  ᠪᠠᠲᠤᠯᠠᠬᠤ ᠤᠷᠤᠨ᠂ B ᠭᠠᠶᠢᠯᠢ  ᠪᠠᠲᠤᠯᠠᠬᠤ ᠤᠷᠤᠨ︾ ᠭᠤᠷᠪᠠᠨ ᠭᠠᠵᠠᠷ ᠤᠨ ᠬᠠᠮᠲᠤᠷᠠᠯᠴᠠᠭᠰᠠᠨ ᠲᠠᠪᠴᠠᠩ ᠢ ᠪᠠᠶᠢᠭᠤᠯᠪᠠ︔ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠰᠦᠯᠵᠢᠶᠡᠨ ᠳᠠᠬᠢ ᠭᠠᠶᠢᠯᠢ  ᠪᠠᠲᠤᠯᠠᠬᠤ ᠬᠢᠯᠢ ᠳᠤ ᠤᠷᠤᠭᠤᠯᠬᠤ ᠠᠵᠢᠯ ᠨᠢᠭᠡᠨᠲᠡ ᠪᠤᠭᠤᠮᠲᠠ ᠶᠢᠨ ᠵᠦᠪᠰᠢᠶᠡᠷᠡᠯ ᠢ ᠤᠯᠵᠤ᠂ ᠤᠯᠤᠰ ᠤᠨ ᠲᠤᠲᠤᠭᠠᠳᠤ ᠶᠢᠨ 10 ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠲᠤᠷᠰᠢᠯᠲᠠ ᠶᠢᠨ ᠴᠡᠭ ᠠᠴᠠ ᠭᠠᠳᠠᠨ᠎ᠠ ᠴᠤᠷ ᠤᠨ ᠭᠠᠭᠴᠠ ᠡᠨᠡᠬᠦ ᠲᠦᠷᠦᠯ ᠤᠨ ᠠᠵᠢᠯ ᠢ ᠪᠡᠶᠡᠯᠡᠭᠦᠯᠵᠦ ᠳᠡᠶᠢᠯᠬᠦ ᠤᠨᠴᠠᠭᠠᠢ ᠬᠢᠨᠠᠨ ᠬᠠᠮᠢᠶᠠᠷᠬᠤ ᠤᠷᠤᠨ ᠪᠤᠯᠪᠠ︔ ᠶᠡᠷᠦᠩᠬᠡᠶᠢᠯᠡᠭᠰᠡᠨ ᠭᠠᠶᠢᠯᠢ  ᠪᠠᠲᠤᠯᠠᠬᠤ ᠤᠷᠤᠨ ᠢ ᠡᠷᠡᠮᠡᠯᠵᠡᠬᠦ ᠠᠵᠢᠯ ᠢᠵᠢᠯ ᠠᠯᠬᠤᠮ ᠢᠶᠠᠷ ᠡᠬᠢᠯᠡᠪᠡ᠃ ᠵᠡᠭᠦᠨ ᠬᠡᠰᠡᠭ ᠤᠨ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠤᠷᠤᠨ ᠤ ᠰᠠᠭᠤᠷᠢ ᠲᠦᠬᠦᠭᠡᠷᠦᠮᠵᠢ ᠠᠭᠠᠵᠢᠮ ᠢᠶᠠᠷ ᠲᠡᠭᠦᠯᠳᠡᠷᠵᠢᠭᠦᠯᠵᠦ᠂ ᠲᠡᠮᠦᠷ ᠵᠠᠮ ᠤᠨ ᠲᠤᠰᠬᠠᠢ ᠱᠤᠭᠤᠮ 9 ᠰᠠᠷ᠎ᠠ ᠳᠤ ᠠᠵᠢᠯ ᠳᠠᠭᠤᠰᠴᠤ᠂ ᠳᠤᠮᠳᠠᠳᠤ ᠶᠢᠨ ᠴᠢᠯᠠᠭᠤᠨ ᠲᠤᠰᠤᠨ ᠤ ᠬᠠᠳᠠᠭᠠᠯᠠᠯᠲᠠ ᠶᠢᠨ ᠬᠦᠮᠦᠷᠭᠡ ᠶᠢᠨ ᠪᠠᠶᠢᠭᠤᠯᠤᠯᠲᠠ ᠶᠢᠨ ᠲᠦᠷᠦᠯ ᠵᠦᠢᠯ ᠡᠬᠢᠯᠡᠨ ᠰᠠᠭᠤᠷᠢ ᠲᠠᠯᠪᠢᠪᠠ᠃ ᠮᠧᠩ ᠳ᠋ᠦᠩ ᠡᠭᠦᠯᠡᠨ ᠪᠤᠳᠤᠯᠲᠠ ᠪᠤᠯᠤᠨ ᠲᠤᠮᠤ ᠳ᠋ᠠᠶᠢᠲ᠋ᠠ ᠶᠢᠨ ᠬᠦᠷᠢᠶᠡᠯᠡᠩ ᠲᠤᠭᠤᠷᠢᠭ ᠲᠤ ᠨᠡᠭᠦᠨ ᠤᠷᠤᠭᠰᠠᠨ ᠠᠵᠤ ᠠᠬᠤᠶᠢᠯᠠᠯ 85 ᠡᠷᠦᠬᠡ ᠪᠠᠶᠢᠵᠤ᠂ ᠰᠤᠯᠢᠯᠴᠠᠭᠠᠨ ᠤ ᠦᠷᠲᠡᠭ 16 ᠳ᠋ᠦᠩᠰᠢᠭᠤᠷ ᠲᠦᠭᠦᠷᠢᠭ ᠬᠦᠷᠴᠦ᠂ 1500 ᠬᠦᠮᠦᠨ ᠳᠤ ᠠᠵᠢᠯ ᠤᠯᠭᠤᠪᠠ︔ ︽ᠰᠦᠯᠵᠢᠶ᠎ᠡ ᠲᠤᠤᠷᠵᠢᠯ︾᠂ ᠲᠤᠮᠤ ᠳ᠋ᠠᠶᠢᠲ᠋ᠠ ᠶᠢᠨ ᠲᠦᠪ ᠤᠨ ᠴᠢᠳᠠᠮᠵᠢ ᠶᠢᠨ ᠪᠠᠶᠢᠭᠤᠯᠤᠯᠲᠠ ᠪᠤᠯᠤᠨ ᠤᠶᠤᠨᠴᠢ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠵᠢᠯᠤᠭᠤᠳᠬᠤ ᠲᠦᠪ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠲᠦᠷᠦᠯ ᠵᠦᠢᠯ ᠢ ᠡᠬᠢᠯᠡᠨ ᠨᠠᠶᠢᠳᠠᠪᠤᠷᠢᠵᠢᠭᠤᠯᠪᠠ︔ ︽ᠬᠤᠶᠠᠷ ᠢ ᠡᠭᠦᠳᠬᠦ︾ ᠦᠢᠯᠡᠴᠢᠯᠡᠭᠡᠨ ᠤ ᠰᠢᠨ᠎ᠡ ᠶᠢ ᠡᠭᠦᠳᠬᠦ ᠠᠵᠢᠯ ᠢ ᠢᠳᠡᠪᠬᠢᠲᠡᠢ ᠠᠬᠢᠭᠤᠯᠤᠨ᠂ ᠨᠡᠪᠴᠢᠯᠡᠭᠦᠷ ᠤᠨ ᠰᠠᠭᠤᠷᠢᠨ ᠤ ᠦᠢᠯᠡᠴᠢᠯᠡᠭᠡᠨ ᠤ ᠴᠢᠳᠠᠮᠵᠢ ᠪᠤᠯᠤᠨ ᠠᠴᠢᠶᠠᠯᠠᠬᠤ ᠴᠢᠳᠠᠮᠵᠢ ᠲᠠᠰᠤᠷᠠᠯᠲᠠ ᠦᠭᠡᠢ ᠳᠡᠭᠡᠭᠰᠢᠯᠡᠪᠡ᠃        ︵ᠳᠦᠷᠪᠡ︶ ᠬᠤᠲᠠ ᠪᠠᠯᠭᠠᠰᠤᠨ ᠤ ᠨᠢᠭᠡᠲᠦᠯᠲᠡᠢ ᠲᠦᠯᠦᠪᠵᠢᠭᠦᠯᠦᠯᠲᠡ ᠲᠤᠭᠲᠠᠭᠤᠨ ᠠᠬᠢᠪᠠ        ᠳᠦᠭᠦᠮ ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠠᠵᠢᠯ ᠤᠷᠤᠭᠰᠢᠲᠠᠢ ᠠᠬᠢᠪᠠ᠃ ᠲᠢᠶᠧ ᠨᠠᠨ ᠳᠦᠭᠦᠮ ᠪᠦᠲᠦᠴᠡᠲᠦ ᠤᠷᠤᠨ ᠰᠠᠭᠤᠴᠠ ᠶᠢᠨ ᠪᠡᠯᠡ ᠤᠷᠤᠭᠤᠯᠤᠯᠲᠠ ᠨᠡᠶᠢᠲᠡ 52 ᠳ᠋ᠦᠩᠰᠢᠭᠤᠷ ᠲᠦᠭᠦᠷᠢᠭ ᠬᠦᠷᠴᠦ᠂ ᠪᠤᠴᠠᠭᠠᠨ ᠨᠡᠭᠦᠯᠭᠡᠵᠦ ᠲᠤᠬᠢᠷᠠᠭᠤᠯᠬᠤ ᠤᠷᠤᠨ ᠰᠠᠭᠤᠴᠠ᠂ ᠢᠵᠢ ᠪᠦᠷᠢᠳᠦᠭᠰᠡᠨ ᠰᠠᠭᠤᠷᠢ ᠲᠦᠬᠦᠭᠡᠷᠦᠮᠵᠢ ᠶᠢ ᠢᠵᠢᠯ ᠠᠯᠬᠤᠮ ᠢᠶᠠᠷ ᠪᠦᠲᠦᠭᠡᠨ ᠪᠠᠶᠢᠭᠤᠯᠪᠠ︔ ᠨᠢᠭᠡᠳᠦᠭᠡᠷ ᠪᠠᠷᠠᠭᠤᠨ ᠵᠡᠭᠡᠯᠢ ᠪᠤᠯᠤᠨ ᠳ᠋ᠦᠩ ᠨᠠᠨ ᠭᠤᠸᠠᠨ ᠳᠦᠭᠦᠮ ᠪᠦᠲᠦᠴᠡᠲᠦ ᠤᠷᠤᠨ ᠰᠠᠭᠤᠴᠠ ᠶᠢ ᠬᠤᠷᠢᠶᠠᠨ ᠲᠠᠲᠠᠪᠤᠷᠢᠯᠠᠬᠤ ᠠᠵᠢᠯ ᠳᠠᠭᠤᠰᠴᠤ᠂ ᠪᠤᠰᠤᠳ ᠲᠠᠷᠠᠬᠠᠢ ᠪᠤᠲᠠᠷᠬᠠᠢ ᠳᠦᠭᠦᠮ ᠪᠦᠲᠦᠴᠡᠲᠦ ᠤᠷᠤᠨ ᠰᠠᠭᠤᠴᠠ ᠶᠢ ᠬᠤᠷᠢᠶᠠᠨ ᠲᠠᠲᠠᠪᠤᠷᠢᠯᠠᠬᠤ ᠠᠵᠢᠯ ᠤᠷᠢᠳ ᠬᠤᠵᠢᠳ ᠡᠷᠴᠢᠮᠲᠡᠢ ᠪᠠᠷ ᠠᠬᠢᠵᠤ ᠪᠠᠶᠢᠨ᠎ᠠ᠃ ᠦᠵᠡᠰᠬᠦᠯᠡᠩᠲᠦ ᠬᠦᠳᠡᠭᠡ ᠲᠤᠰᠬᠤᠨ ᠢ ᠪᠦᠲᠦᠭᠡᠨ ᠪᠠᠶᠢᠭᠤᠯᠬᠤ ᠠᠵᠢᠯ ᠡᠷᠴᠢᠮᠲᠡᠢ ᠦᠷᠨᠢᠪᠡ᠃ ᠵᠡᠭᠡᠯᠢ ᠭᠤᠳᠤᠮᠵᠢ ᠶᠢ ᠬᠠᠲᠠᠭᠤᠷᠠᠭᠤᠯᠬᠤ᠂ ᠤᠰᠤ ᠤᠮᠳᠠ ᠶᠢᠨ ᠠᠮᠤᠷ ᠲᠦᠪᠰᠢᠨ᠂ ᠡᠷᠡᠭᠦᠯ ᠬᠠᠮᠠᠭᠠᠯᠠᠯ ᠤᠨ ᠦᠷᠦᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠠᠷᠠᠳ ᠲᠤ ᠳᠦᠭᠦᠮ ᠦᠵᠡᠭᠦᠯᠬᠦ ᠬᠡᠯᠬᠢᠶ᠎ᠡ ᠳᠡᠯᠭᠡᠭᠦᠷ ᠢ ᠳᠡᠰ ᠳᠡᠪᠰᠢᠭᠦᠯᠬᠦ᠂ ᠰᠤᠶᠤᠯ ᠤᠨ ᠦᠷᠦᠭᠡ ᠶᠢ ᠦᠭᠡᠷᠡᠴᠢᠯᠡᠬᠦ ᠪᠠ ᠪᠠᠶᠢᠭᠤᠯᠬᠤ ᠵᠡᠷᠭᠡ ᠢᠨᠵᠧᠨᠧᠷᠢᠩ ᠠᠵᠢᠯ ᠳᠠᠭᠤᠰᠪᠠ︔ 2489 ᠡᠷᠦᠬᠡ ᠶᠢᠨ ᠠᠶᠤᠯᠲᠠᠢ ᠭᠡᠷ ᠪᠠᠶᠢᠰᠢᠩ ᠪᠠ ᠰᠢᠷᠤᠢ ᠶᠢᠨ ᠪᠠᠶᠢᠰᠢᠩ ᠢ ᠦᠭᠡᠷᠡᠴᠢᠯᠡᠨ ᠪᠠᠶᠢᠭᠤᠯᠪᠠ︔ ︽ᠵᠠᠭᠤᠨ ᠭᠠᠵᠠᠷ ᠤᠨ ᠬᠦᠳᠡᠭᠡ ᠲᠤᠰᠬᠤᠨ ᠤ ᠵᠤᠭᠠᠴᠠᠯ ᠤᠨ ᠪᠦᠰᠡ︾ ᠶᠢᠨ ᠤᠶᠢᠵᠢᠭᠤᠯᠤᠯᠲᠠ᠂ ᠭᠤᠶᠤᠵᠢᠭᠤᠯᠤᠯᠲᠠ ᠶᠢᠨ ᠢᠨᠵᠧᠨᠧᠷᠢᠩ ᠠᠵᠢᠯ ᠳᠠᠭᠤᠰᠪᠠ︔ ᠬᠤᠲᠠ ᠪᠠᠯᠭᠠᠰᠤᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠠᠷᠢᠭᠤᠨ ᠴᠡᠪᠡᠷ ᠤᠨ ᠠᠵᠢᠯ ᠢ ᠨᠢᠭᠡ ᠴᠤᠭᠴᠠᠵᠢᠭᠤᠯᠪᠠ᠃ ᠬᠤᠲᠠ ᠶᠢᠨ ᠵᠠᠮ ᠬᠠᠷᠢᠯᠴᠠᠭ᠎ᠠ ᠨᠡᠩ ᠢᠯᠭᠤᠮ ᠨᠡᠪᠲᠡᠷᠡᠪᠡ᠃ 306 ᠤᠯᠤᠰ ᠤᠨ ᠵᠠᠮ ᠤᠨ ᠤᠯᠠᠭᠠᠨᠬᠠᠳᠠ ᠶᠢᠨ ᠨᠠᠨ ᠳ᠋ᠠ ᠶᠢᠩᠽᠢ ᠠᠴᠠ ᠸᠧᠨ ᠵᠦᠩ ᠬᠦᠷᠬᠦ ᠵᠠᠰᠠᠮᠠᠯ ᠵᠠᠮ ᠠᠵᠢᠯ ᠳᠠᠭᠤᠰᠴᠤ᠂ ᠲᠢᠶᠧ ᠨᠠᠨ ᠶᠡᠭᠡ ᠵᠡᠭᠡᠯᠢ ᠲᠠᠢ ᠨᠡᠪᠲᠡᠷᠡᠪᠡ︔ ᠤᠴᠢ ᠵᠠᠮ ᠤᠨ ᠶᠡᠭᠡ ᠬᠦᠭᠦᠷᠭᠡ ᠪᠤᠯᠤᠨ ᠬᠤᠲᠠ ᠶᠢᠨ ᠡᠮᠦᠨᠡᠬᠢ ᠪᠤᠰᠤᠭ᠎ᠠ  ᠰᠤᠯᠪᠢᠴᠠᠲᠤ  ᠬᠦᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠶᠠᠭ ᠪᠦᠬᠦ ᠬᠦᠴᠦᠨ ᠢᠶᠠᠷ ᠠᠬᠢᠭᠤᠯᠵᠤ ᠪᠠᠶᠢᠨ᠎ᠠ︔ ᠳᠡᠭᠡᠳᠦ ᠬᠤᠷᠳᠤ ᠶᠢᠨ ᠲᠡᠮᠦᠷ ᠵᠠᠮ ᠤᠨ ᠬᠤᠷᠢᠶᠠᠨ ᠲᠠᠲᠠᠪᠤᠷᠢᠯᠠᠬᠤ ᠠᠵᠢᠯ ᠤᠷᠤᠭᠰᠢᠲᠠᠢ ᠶᠠᠪᠤᠭᠳᠠᠵᠤ᠂ ᠤᠷᠤᠨ ᠰᠠᠭᠤᠴᠠ ᠶᠢ ᠪᠦᠬᠦᠨ ᠢ ᠬᠤᠷᠢᠶᠠᠨ ᠲᠠᠲᠠᠪᠤᠷᠢᠯᠠᠵᠤ ᠳᠠᠭᠤᠰᠪᠠ᠃ ᠤᠯᠤᠰ ᠤᠨ ᠴᠡᠴᠡᠷᠯᠢᠭᠵᠢᠭᠰᠡᠨ ᠬᠤᠲᠠ ᠶᠢ ᠢᠳᠡᠪᠬᠢᠲᠡᠢ ᠪᠠᠷ ᠪᠦᠲᠦᠭᠡᠨ ᠪᠠᠶᠢᠭᠤᠯᠪᠠ᠃ ᠰᠢᠨ᠎ᠡ ᠪᠠᠷ ᠤᠶᠢᠵᠢᠭᠤᠯᠤᠭᠰᠠᠨ ᠪᠠ ᠵᠠᠰᠠᠨ ᠤᠶᠢᠵᠢᠭᠤᠯᠤᠭᠰᠠᠨ ᠨᠤᠭᠤᠭᠠᠷᠠᠭᠤᠯᠤᠯᠲᠠ ᠶᠢᠨ ᠲᠠᠯᠠᠪᠠᠢ 1 ᠲᠦᠮᠡᠨ ᠮᠦ᠃ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠤᠷᠢᠳᠴᠢᠯᠡᠨ ᠵᠢᠱᠢᠭᠰᠡᠨ ᠬᠤᠭᠤᠴᠠᠭᠠᠨ ᠳᠠᠭᠠᠨ ᠠᠵᠢᠯ ᠳᠠᠭᠤᠰᠪᠠ᠃ ᠲᠤᠤ ᠷᠠᠨ ᠵᠢᠦᠢ ᠬᠢᠮᠳᠡ ᠳᠦᠷᠢᠶᠡᠰᠦᠨ ᠭᠡᠷ᠂ ᠴᠧᠨ ᠰᠢ ᠲᠢᠩ ᠶᠤᠸᠠᠨ ᠨᠡᠶᠢᠲᠡ ᠶᠢᠨ ᠳᠦᠷᠢᠶᠡᠰᠦᠨ ᠭᠡᠷ ᠤᠨ ᠭᠤᠷᠪᠠᠳᠤᠭᠠᠷ ᠬᠤᠭᠤᠴᠠᠭ᠎ᠠ ᠠᠵᠢᠯ ᠳᠠᠭᠤᠰᠴᠤ᠂ ᠴᠧᠨ ᠰᠢ ᠲᠢᠩ ᠶᠤᠸᠠᠨ ᠳᠦᠷᠪᠡᠳᠦᠭᠡᠷ᠂ ᠲᠠᠪᠤᠳᠤᠭᠠᠷ ᠬᠤᠭᠤᠴᠠᠭᠠᠨ ᠤ ᠨᠡᠶᠢᠲᠡ ᠶᠢᠨ ᠳᠦᠷᠢᠶᠡᠰᠦᠨ ᠭᠡᠷ ᠤᠨ ᠲᠦᠷᠦᠯ ᠵᠦᠢᠯ ᠠᠵᠢᠯ ᠳᠠᠭᠤᠰᠬᠤ ᠤᠶᠢᠷᠠᠳᠪᠠ︔ 81 ᠲᠦᠮᠡᠨ ᠲᠡᠭᠰᠢ ᠳᠦᠷᠪᠡᠯᠵᠢᠨ ᠮᠧᠲᠷ ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠡᠨ ᠪᠠᠶᠢᠭᠤᠯᠪᠠ᠃        ︵ᠲᠠᠪᠤ︶ ᠠᠷᠠᠳ ᠤᠨ ᠠᠮᠢᠳᠤᠷᠠᠯ ᠤᠨ ᠪᠤᠶᠠᠨ ᠬᠡᠰᠢᠭ ᠦᠷᠭᠦᠯᠵᠢᠯᠡᠨ ᠨᠡᠮᠡᠭᠳᠡᠪᠡ        ᠨᠠᠷᠢᠯᠢᠭ  ᠤᠨᠤᠴᠠᠲᠠᠢ  ᠪᠠᠷ ᠶᠠᠳᠠᠭᠤ ᠶᠢ ᠳᠡᠳᠬᠦᠬᠦ ᠶᠢ ᠪᠦᠬᠦ ᠲᠠᠯ᠎ᠠ ᠪᠠᠷ ᠠᠬᠢᠭᠤᠯᠪᠠ᠃ ᠤᠯᠤᠰ ᠤᠨ ᠪᠠᠷᠢᠮᠵᠢᠶ᠎ᠠ ᠠᠴᠠ ᠳᠤᠷᠤᠭᠰᠢᠬᠢ ᠶᠠᠳᠠᠭᠤᠴᠤᠳ 484 ᠬᠦᠮᠦᠨ ᠪᠤᠯᠵᠤ ᠳᠤᠷᠤᠭᠰᠢᠯᠠᠨ᠂ 839 ᠶᠠᠳᠠᠭᠤᠴᠤᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠶᠠᠳᠠᠭᠤ ᠶᠢ ᠳᠡᠳᠬᠦᠬᠦ ᠪᠠᠷᠢᠮᠵᠢᠶ᠎ᠠ ᠶᠢ ᠳᠠᠪᠠᠵᠤ᠂ ︽ᠬᠤᠶᠠᠷ ᠲᠤ ᠰᠠᠨᠠᠭ᠎ᠠ ᠵᠤᠪᠠᠭ᠋ᠤ ᠦᠭᠡᠢ᠂ ᠭᠤᠷᠪᠠ ᠶᠢ ᠪᠠᠳᠤᠯᠠᠬᠤ ︾ ᠶᠢ ᠪᠡᠶᠡᠯᠡᠭᠦᠯᠪᠡ᠃ ᠨᠡᠶᠢᠭᠡᠮ ᠤᠨ ᠪᠠᠲᠤᠯᠠᠭ᠎ᠠ ᠲᠠᠰᠤᠷᠠᠯᠲᠠ ᠦᠭᠡᠢ ᠴᠢᠩᠭᠠᠷᠠᠪᠠ᠃ ᠬᠤᠲᠠ ᠪᠠᠯᠭᠠᠰᠤᠨ ᠤ ᠠᠵᠢᠯ ᠤᠯᠤᠭᠰᠠᠳ 9100 ᠬᠦᠮᠦᠨ ᠰᠢᠨ᠎ᠡ ᠪᠠᠷ ᠨᠡᠮᠡᠭᠳᠡᠨ᠂ ᠬᠦᠳᠡᠭᠡ ᠲᠤᠰᠬᠤᠨ ᠤ ᠬᠦᠳᠡᠯᠮᠦᠷᠢ ᠬᠦᠴᠦᠨ ᠢ ᠰᠢᠯᠵᠢᠭᠦᠯᠦᠨ ᠠᠵᠢᠯ ᠤᠯᠤᠭᠰᠠᠳ 1 ᠲᠦᠮᠡ ᠢᠯᠡᠭᠦᠦ ᠬᠦᠮᠦᠨ ᠤᠳᠠᠭ᠎ᠠ᠂ ᠬᠤᠲᠠ ᠪᠠᠯᠭᠠᠰᠤᠨ ᠤ ᠳᠠᠩᠰᠠᠯᠠᠭᠰᠠᠨ ᠠᠵᠢᠯ ᠠᠯᠳᠠᠯᠲᠠ ᠶᠢᠨ ᠨᠤᠷᠮ᠎ᠠ ᠶᠢ 4.0% ᠶᠢᠨ ᠲᠤᠲᠤᠷ᠎ᠠ ᠬᠢᠵᠠᠭᠠᠷᠯᠠᠪᠠ︔ ᠬᠤᠲᠠ ᠬᠦᠳᠡᠭᠡ ᠶᠢᠨ ᠳᠤᠤᠷ᠎ᠠ ᠪᠠᠲᠤᠯᠠᠭ᠎ᠠ ᠶᠢᠨ ᠪᠠᠷᠢᠮᠵᠢᠶ᠎ᠠ ᠵᠢᠯ ᠪᠦᠷᠢ 6240 ᠲᠦᠭᠦᠷᠢᠭ ᠪᠠ 3850 ᠲᠦᠭᠦᠷᠢᠭ ᠤᠨ ᠰᠠᠭᠤᠷᠢᠨ ᠳᠡᠭᠡᠷ᠎ᠡ ᠵᠢᠯ ᠪᠦᠷᠢ 6660 ᠲᠦᠭᠦᠷᠢᠭ ᠪᠠ 4000 ᠲᠦᠭᠦᠷᠢᠭ ᠪᠤᠯᠤᠨ ᠳᠡᠭᠡᠭᠰᠢᠯᠡᠵᠦ᠂ ᠠᠵᠤ ᠠᠬᠤᠶᠢᠯᠠᠯ ᠤᠨ ᠠᠵᠢᠯᠲᠠᠨ ᠤ ᠠᠵᠢᠯ ᠠᠴᠠ ᠪᠠᠭᠤᠭᠰᠠᠨ ᠮᠦᠩᠭᠦ ᠬᠦᠮᠦᠨ ᠪᠦᠷᠢ ᠳᠤᠮᠳᠠᠴᠢ ᠪᠠᠷ ᠰᠠᠷ᠎ᠠ ᠳᠤ 139 ᠲᠦᠭᠦᠷᠢᠭ ᠨᠡᠮᠡᠭᠳᠡᠵᠦ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠠᠵᠢᠯᠲᠠᠨ ᠪᠤᠯᠤᠨ ᠨᠡᠶᠢᠭᠡᠮ ᠲᠤᠭᠤᠷᠢᠭ ᠤᠨ ᠠᠵᠢᠯᠲᠠᠨ ᠤ ᠴᠠᠯᠢᠩ ᠰᠠᠷ᠎ᠠ ᠪᠦᠷᠢ ᠳᠤᠮᠳᠠᠴᠢ ᠪᠠᠷ 15% ᠪᠠᠷ ᠨᠡᠮᠡᠭᠳᠡᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠠᠮᠤᠭ ᠳᠤᠤᠷ᠎ᠠ ᠲᠠᠷᠬᠠᠭᠠᠯᠲᠠ ᠶᠢᠨ ᠪᠠᠷᠢᠮᠵᠢᠶ᠎ᠠ ᠬᠦᠮᠦᠨ ᠪᠦᠷᠢ ᠰᠠᠷ᠎ᠠ ᠪᠦᠷᠢ 90 ᠲᠦᠭᠦᠷᠢᠭ ᠪᠤᠯᠤᠨ ᠳᠡᠭᠡᠭᠰᠢᠯᠡᠵᠦ᠂ ᠨᠡᠶᠢᠭᠡᠮ ᠤᠨ ᠳᠠᠭᠠᠳᠬᠠᠯ ᠤᠨ ᠳᠠᠭᠠᠳᠬᠠᠯ ᠳᠤ ᠤᠷᠤᠯᠴᠠᠭᠰᠠᠨ ᠶᠡᠷᠦᠩᠬᠡᠢ ᠲᠤᠭ᠎ᠠ 35.45 ᠲᠦᠮᠡᠨ ᠬᠦᠮᠦᠨ ᠤᠳᠠᠭ᠎ᠠ ᠬᠦᠷᠪᠡ︔ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠰᠢᠨ᠎ᠡ ᠰᠢᠪᠲᠤᠯᠤᠯᠲᠠ ᠲᠠᠢ ᠪᠤᠯᠪᠠ᠃ ︽ᠦᠨᠳᠦᠰᠦᠨ ᠱᠠᠳᠤᠨ ᠳᠤ ᠠᠩᠬ᠎ᠠ ᠤᠨᠤᠰᠢᠯᠠᠨ᠂ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠵᠦ᠂ ᠤᠳᠠᠭᠠᠨ ᠲᠦᠷᠭᠡᠨ ᠢ ᠢᠯᠭᠠᠨ ᠡᠮᠴᠢᠯᠡᠵᠦ᠂ ᠳᠡᠭᠡᠷ᠎ᠡ ᠳᠤᠤᠷ᠎ᠠ ᠱᠠᠲᠤ ᠬᠤᠯᠪᠤᠭᠠᠯᠠᠬᠤ︾ ᠡᠮᠴᠢᠯᠡᠭᠡᠨ ᠤ ᠰᠢᠨ᠎ᠡ ᠲᠤᠭᠲᠠᠴᠠ ᠠᠩᠬ᠎ᠠ ᠠᠯᠬᠤᠮ ᠲᠦᠯᠦᠪᠰᠢᠪᠡ︔ ᠤᠯᠠᠭᠠᠨᠬᠠᠳᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠭᠤᠷᠪᠠᠳᠤᠭᠠᠷ ᠳᠡᠰ ᠤᠨ ᠭᠦᠭᠡᠭᠴᠢᠨ ᠳᠡᠰ ᠤᠨ ᠡᠮᠨᠡᠯᠭᠡ ᠶᠢᠨ ᠬᠤᠷᠢᠶ᠎ᠠ ᠪᠤᠯᠤᠨ ᠳᠡᠰ ᠳᠡᠪᠰᠢᠪᠡ︔ ᠬᠤᠶᠠᠳᠤᠭᠠᠷ ᠮᠤᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠰᠢᠯᠵᠢᠭᠦᠯᠦᠨ ᠪᠠᠶᠢᠭᠤᠯᠬᠤ ᠲᠦᠷᠦᠯ ᠵᠦᠢᠯ ᠤᠨ ᠲᠦᠯᠦᠪᠵᠢᠭᠦᠯᠭᠡ ᠳᠠᠭᠤᠰᠴᠤ᠂ ᠲᠤᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠤᠨ ᠰᠢᠯᠵᠢᠭᠦᠯᠦᠨ ᠪᠠᠶᠢᠭᠤᠯᠬᠤ ᠲᠦᠷᠦᠯ ᠵᠦᠢᠯ ᠶᠠᠭ ᠶᠠᠪᠤᠭᠳᠠᠵᠤ ᠪᠠᠶᠢᠨ᠎ᠠ᠃ ᠰᠤᠷᠭᠠᠨ ᠬᠦᠮᠦᠵᠢᠯ ᠤᠨ ᠪᠡᠯᠡ ᠤᠷᠤᠭᠤᠯᠤᠯᠲᠠ ᠤᠯᠠᠮ ᠨᠢᠭᠡ ᠠᠯᠬᠤᠮ ᠨᠡᠮᠡᠭᠳᠡᠪᠡ᠃ ᠬᠤᠩ ᠱᠠᠨ ᠵᠢᠶᠦ᠋ᠨ ᠵᠤᠤ ᠤᠳᠠ ᠪᠠᠭ᠎ᠠ ᠰᠤᠷᠭᠠᠭᠤᠯᠢ ᠶᠢᠨ ᠪᠠᠶᠢᠭᠤᠯᠤᠯᠲᠠ ᠠᠵᠢᠯ ᠳᠠᠭᠤᠰᠴᠤ ᠠᠰᠢᠭᠯᠠᠯᠲᠠ ᠳᠤ ᠤᠷᠤᠨ᠂ ᠬᠤᠩ ᠱᠠᠨ ᠲᠤᠭᠤᠷᠢᠭ ᠤᠨ ᠳᠦᠷᠪᠡᠳᠦᠭᠡᠷ ᠪᠠᠭ᠎ᠠ ᠰᠤᠷᠭᠠᠭᠤᠯᠢ᠂ ᠯᠢᠦ ᠲᠢᠶᠤᠤ ᠭᠧᠦ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠨᠠᠨ ᠳ᠋ᠠ ᠶᠢᠩᠽᠢ ᠲᠤᠰᠬᠤᠨ ᠤ ᠬᠡᠦᠬᠡᠳ ᠤᠨ ᠴᠡᠴᠡᠷᠯᠢᠭ ᠤᠨ ᠭᠤᠤᠯ ᠴᠤᠭᠴᠠ ᠶᠢᠨ ᠪᠠᠷᠢᠯᠭ᠎ᠠ ᠠᠵᠢᠯ ᠳᠠᠭᠤᠰᠴᠤ᠂ ᠪᠠᠷᠢᠮᠵᠢᠶᠠᠵᠢᠭᠰᠠᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠵᠦ ᠳᠠᠭᠠᠭᠠᠴᠢᠯᠠᠯᠲᠠ ᠭᠦᠯᠢᠶᠡᠬᠦ ᠠᠵᠢᠯ ᠳᠠᠭᠤᠰᠪᠠ᠃        ︵ᠵᠢᠷᠭᠤᠭ᠎ᠠ︶ ᠡᠯ᠎ᠡ ᠲᠦᠷᠦᠯ ᠤᠨ ᠦᠭᠡᠷᠡᠴᠢᠯᠡᠯᠲᠡ ᠬᠦᠴᠦᠲᠡᠢ ᠠᠬᠢᠪᠠ        ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠡᠮᠬᠢᠳᠬᠡᠨ ᠨᠠᠶᠢᠷᠠᠭᠤᠯᠵᠤ ᠳᠠᠭᠤᠰᠤᠨ᠂ ᠤᠯᠠᠨ ᠨᠡᠶᠢᠲᠡ ᠶᠢᠨ ᠦᠢᠯᠡᠴᠢᠯᠡᠭᠡᠨ ᠤ ᠶᠠᠪᠤᠳᠠᠯ ᠤᠨ ᠬᠢᠨᠠᠨ ᠵᠦᠪᠰᠢᠶᠡᠷᠡᠬᠦ ᠴᠠᠭ ᠪᠤᠭᠤᠨᠢᠰᠪᠠ᠃ ᠠᠵᠤ ᠠᠬᠤᠶᠢᠯᠠᠯ ᠤᠨ ︽ᠲᠠᠪᠤᠨ ᠦᠨᠡᠮᠯᠡᠯ ᠢ ᠨᠢᠭᠡᠳᠬᠡᠨ᠂ ᠨᠢᠭᠡ ᠦᠨᠡᠮᠯᠡᠯ ᠢ ᠨᠢᠭᠡ ᠳ᠋ᠤᠭᠠᠷᠯᠠᠬᠤ︾ ᠳᠠᠩᠰᠠᠯᠠᠯᠲᠠ ᠪᠤᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠬᠤᠶᠠᠷ ᠦᠨᠡᠮᠯᠡᠯ ᠢ ᠨᠢᠭᠡᠳᠬᠡᠬᠦ︾ ᠳᠠᠩᠰᠠᠯᠠᠯᠲᠠ ᠶᠢ ᠠᠬᠢᠭᠤᠯᠤᠨ᠂ 8000 ᠡᠷᠦᠬᠡ ᠵᠠᠬ᠎ᠠ ᠳᠡᠯᠭᠡᠭᠦᠷ ᠤᠨ ᠭᠤᠤᠯ ᠴᠤᠭᠴᠠ ᠰᠢᠨ᠎ᠡ ᠪᠠᠷ ᠨᠡᠮᠡᠭᠳᠡᠪᠡ᠃ ᠠᠯᠪᠠᠨ ᠤ ᠲᠡᠷᠭᠡ ᠶᠢᠨ ᠳᠦᠷᠢᠮ ᠤᠨ ᠦᠭᠡᠷᠡᠴᠢᠯᠡᠯᠲᠡ ᠪᠤᠯᠤᠨ ᠤᠯᠤᠰ ᠤᠨ ᠦᠮᠴᠢᠯᠡᠯᠲᠦ ᠤᠢ ᠶᠢᠨ ᠲᠠᠯᠠᠪᠠᠢ ᠶᠢᠨ ᠦᠭᠡᠷᠡᠴᠢᠯᠡᠯᠲᠡ ᠶᠢ ᠪᠡᠶᠡᠯᠡᠭᠦᠯᠪᠡ᠃ ᠬᠦᠳᠡᠭᠡ ᠲᠤᠰᠬᠤᠨ ᠤ ᠭᠠᠵᠠᠷ ᠰᠢᠷᠤᠢ ᠶᠢᠨ ᠳᠠᠭᠠᠭᠠᠴᠢᠯᠠᠨ ᠡᠵᠡᠩᠨᠡᠯᠲᠡ ᠶᠢᠨ ᠡᠷᠬᠡ ᠶᠢ ᠪᠠᠲᠤᠯᠠᠬᠤ ᠳᠠᠩᠰᠠᠯᠠᠯᠲᠠ ᠶᠢᠨ ᠦᠨᠡᠮᠯᠡᠯ ᠬᠢᠬᠦ ᠶᠢ ᠪᠦᠬᠦ ᠲᠠᠯ᠎ᠠ ᠪᠠᠷ ᠦᠷᠨᠢᠭᠦᠯᠦᠨ᠂ ᠨᠡᠶᠢᠲᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠤᠯᠤᠨ ᠰᠠᠭᠤᠴᠠ ᠰᠠᠭᠤᠷᠢᠨ ᠳᠤ ᠬᠡᠷᠡᠭᠯᠡᠬᠦ ᠭᠠᠵᠠᠷ ᠤᠨ ᠡᠷᠬᠡ ᠶᠢ ᠪᠠᠲᠤᠯᠠᠬᠤ ᠳᠠᠩᠰᠠᠯᠠᠯᠲᠠ ᠢᠯᠭᠤᠮ ᠪᠡᠶᠡᠯᠡᠭᠳᠡᠪᠡ᠃ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠦᠭᠡᠷᠡᠴᠢᠯᠡᠯᠲᠡ ᠲᠤᠭᠲᠠᠭᠤᠨ ᠠᠬᠢᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠤᠯᠤᠨ ᠰᠢᠨ᠎ᠡ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠶᠢ ᠨᠢᠭᠡᠳᠬᠡᠪᠡ᠃        ᠲᠦᠯᠦᠭᠡᠯᠡᠭᠴᠢᠳ ᠡ᠂ ᠨᠠᠷᠢᠨ ᠪᠤᠳᠤᠯᠢᠶᠠᠨᠲᠠᠢ ᠬᠤᠷᠸ᠎ᠠ ᠠᠵᠤ ᠠᠬᠤᠢ ᠶᠢᠨ ᠬᠠᠨᠳᠤᠰᠢ ᠪᠠ ᠲᠠᠰᠤᠷᠠᠯᠲᠠ ᠦᠭᠡᠢ ᠶᠡᠬᠡᠰᠴᠦ ᠪᠠᠶᠢᠭ᠎ᠠ ᠠᠵᠤ ᠠᠬᠤᠢ ᠶᠢᠨ ᠪᠠᠭᠤᠷᠠᠬᠤ ᠳᠠᠷᠤᠯᠲᠠ ᠶᠢᠨ ᠳᠤᠤᠷ᠎ᠠ᠂ ᠪᠦᠬᠦ ᠲᠤᠭᠤᠷᠢᠭ ᠢᠶᠠᠷ ᠢᠶᠠᠨ ᠰᠡᠳᠬᠢᠯ ᠨᠢᠭᠡᠲᠦᠨ᠂ ᠬᠦᠴᠢᠷ ᠪᠡᠷᠬᠡ ᠶᠢ ᠵᠤᠷᠢᠭᠲᠠᠢ ᠲᠤᠭᠤᠯᠵᠤ᠂ ᠬᠦᠳᠡᠯᠦᠩᠭᠦᠢ ᠠᠵᠢᠯᠯᠠᠨ᠂ ᠪᠦᠬᠦ ᠵᠢᠯ ᠳᠤ ᠠᠵᠤ ᠠᠬᠤᠢ ᠶᠢᠨ ᠡᠵᠡᠩᠨᠡᠯᠲᠡ ᠲᠤᠭᠲᠠᠭᠤᠨ ᠤ ᠳᠤᠮᠳᠠ ᠤᠷᠤᠭᠰᠢ ᠠᠬᠢᠬᠤ ᠬᠦᠭᠵᠢᠯᠲᠡ ᠶᠢᠨ ᠬᠠᠨᠳᠤᠰᠢ ᠢᠯᠡᠷᠡᠪᠡ᠂ ᠭᠡᠪᠡᠴᠦ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠶᠠᠪᠤᠴᠠ ᠳᠤ ᠮᠦᠨ ᠬᠦ ᠪᠡᠯᠡ ᠤᠷᠤᠭᠤᠯᠤᠯᠲᠠ ᠶᠢᠨ ᠨᠡᠮᠡᠭᠳᠡᠯ ᠤᠨ ᠳᠠᠷᠤᠯᠲᠠ ᠨᠡᠯᠢᠶᠡᠳ ᠶᠡᠭᠡ᠂ ᠰᠢᠨ᠎ᠡ ᠶᠢ ᠡᠭᠦᠳᠬᠦ ᠬᠦᠳᠡᠯᠭᠡᠭᠴᠢ ᠬᠦᠴᠦᠨ ᠮᠡᠬᠦᠰ᠂ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠬᠦᠭᠵᠢᠯᠲᠡ ᠲᠦᠷᠭᠡᠨ ᠪᠢᠰᠢ᠂ ᠬᠤᠲᠠ ᠶᠢᠨ ᠠᠴᠢᠶᠠᠯᠠᠬᠤ ᠴᠢᠳᠠᠮᠵᠢ ᠶᠢ ᠳᠡᠭᠡᠭᠰᠢᠯᠡᠭᠦᠯᠬᠦ ᠴᠢᠬᠤᠯᠠᠲᠠᠢ ᠵᠡᠷᠭᠡ ᠠᠰᠠᠭᠤᠳᠠᠯ ᠤᠷᠤᠰᠢᠵᠤ ᠪᠠᠶᠢᠨ᠎ᠠ᠂ ᠪᠢᠳᠡ ᠡᠷᠴᠢᠮᠲᠡᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠬᠡᠷᠡᠭᠲᠡᠢ᠃        ᠬᠤᠶᠠᠷ᠂ 2017 ᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠤᠷᠢᠳᠴᠢᠯᠡᠨ ᠵᠢᠱᠢᠭᠰᠡᠨ ᠬᠠᠷᠠᠯᠲᠠ ᠪᠤᠯᠤᠨ ᠭᠤᠤᠯ ᠡᠭᠦᠷᠭᠡ        2017 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠴᠢᠬᠤᠯᠠ ᠨᠢᠭᠡᠨ ᠵᠢᠯ ᠪᠠᠶᠢᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠭᠦᠨᠵᠡᠭᠡᠶᠢᠷᠡᠯᠲᠡ ᠶᠢᠨ ᠤᠨ ᠪᠤᠯᠤᠨ᠎ᠠ᠃ ᠪᠦᠬᠦ ᠲᠤᠭᠤᠷᠢᠭ ᠢᠶᠠᠷ ᠢᠶᠠᠨ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠵᠤᠬᠢᠴᠠᠩᠭᠤᠢ ᠠᠬᠢᠭᠤᠯᠤᠨ᠂ ᠲᠤᠭᠲᠠᠭᠤᠨ ᠤ ᠳᠤᠮᠳᠠ ᠯᠠᠪᠳᠠᠭᠤᠨ ᠤᠷᠤᠭᠰᠢᠯᠠᠬᠤ ᠠᠵᠢᠯ ᠤᠨ ᠶᠡᠷᠦᠩᠬᠡᠢ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠦᠭᠵᠢᠯᠲᠡ ᠶᠢᠨ ᠤᠶᠢᠯᠠᠭᠠᠭᠳᠠᠬᠤᠨ ᠢ ᠪᠠᠲᠤᠵᠢᠭᠤᠯᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠤᠬᠢᠴᠠᠬᠤ ᠪᠠ ᠤᠳᠤᠷᠢᠳᠤᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠬᠤ ᠪᠠᠷ ᠭᠤᠤᠯ ᠱᠤᠭᠤᠮ ᠪᠤᠯᠭᠠᠨ᠂ ᠶᠡᠷᠦᠩᠬᠡᠢ ᠬᠡᠷᠡᠭᠴᠡᠭᠡ ᠱᠠᠭᠠᠷᠳᠠᠯᠭ᠎ᠠ ᠶᠢ ᠵᠤᠬᠢᠰᠲᠠᠢ ᠶᠡᠬᠡᠰᠬᠡᠵᠦ᠂ ᠡᠮᠦᠨ᠎ᠡ ᠬᠤᠭᠤᠴᠠᠭᠠᠨ ᠤ ᠬᠦᠲᠦᠯᠦᠨ ᠳᠠᠭᠠᠭᠤᠯᠬᠤ ᠶᠢ ᠴᠢᠩᠭᠠᠳᠬᠠᠨ᠂ ᠰᠢᠨ᠎ᠡ ᠶᠢ ᠡᠭᠦᠳᠬᠦ ᠬᠦᠳᠡᠯᠭᠡᠭᠦᠷ ᠢ ᠭᠦᠨᠵᠡᠭᠡᠶᠢᠷᠡᠭᠦᠯᠵᠦ᠂ ᠲᠤᠭᠲᠠᠭᠤᠨ ᠨᠡᠮᠡᠭᠳᠡᠭᠦᠯᠦᠨ᠂ ᠦᠭᠡᠷᠡᠴᠢᠯᠡᠯᠲᠡ ᠶᠢ ᠠᠬᠢᠭᠤᠯᠵᠤ᠂ ᠪᠦᠲᠦᠴᠡ ᠶᠢ ᠲᠤᠬᠢᠷᠠᠭᠤᠯᠤᠨ᠂ ᠠᠷᠠᠳ ᠤᠨ ᠠᠮᠢᠳᠤᠷᠠᠯ ᠢ ᠬᠠᠷᠠᠭᠠᠯᠵᠠᠵᠤ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠲᠦᠷᠦᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠵᠤ ᠠᠬᠤᠢ ᠲᠤᠭᠲᠠᠭᠤᠨ ᠡᠷᠡᠭᠦᠯ ᠢᠶᠠᠷ ᠬᠦᠭᠵᠢᠬᠦ ᠪᠠ ᠨᠡᠶᠢᠭᠡᠮ ᠠᠮᠤᠷ ᠲᠤᠭᠲᠠᠭᠤᠨ ᠡᠶ᠎ᠡ ᠵᠤᠬᠢᠴᠠᠯ ᠲᠠᠢ ᠪᠠᠶᠢᠬᠤ ᠶᠢ ᠠᠬᠢᠭᠤᠯᠤᠨ᠎ᠠ᠃        ᠪᠤᠳᠠᠲᠠᠢ ᠲᠠᠢ ᠤᠶᠠᠯᠳᠤᠭᠤᠯᠤᠨ᠂ ᠮᠠᠨ ᠤ ᠲᠤᠭᠤᠷᠢᠭ ᠤᠨ 2017 ᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠤᠯ ᠪᠤᠯᠬᠤ ᠤᠷᠢᠳᠴᠢᠯᠡᠨ ᠵᠢᠱᠢᠭᠰᠡᠨ ᠬᠠᠷᠠᠯᠲᠠ ᠪᠤᠯ᠄        — — ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠡᠮᠡᠭᠳᠡᠯ 8% ᠤᠷᠴᠢᠮ︔        — — ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢᠨ ᠨᠡᠮᠡᠭᠳᠡᠯ 7% ᠤᠷᠴᠢᠮ︔        — — 500 ᠲᠦᠮᠡᠨ ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠤᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ 15% ᠤᠷᠴᠢᠮ︔        — — ᠨᠡᠶᠢᠭᠡᠮ ᠤᠨ ᠬᠡᠷᠡᠭᠯᠡᠭᠡᠨ ᠤ ᠡᠳ᠋ ᠤᠨ ᠬᠡᠰᠡᠭᠯᠡᠨ ᠪᠤᠷᠤᠯᠠᠭᠤᠯᠤᠭᠰᠠᠨ ᠶᠡᠷᠦᠩᠬᠡᠢ ᠦᠷᠲᠡᠭ ᠤᠨ ᠨᠡᠮᠡᠭᠳᠡᠯ 11% ᠤᠷᠴᠢᠮ︔        — — ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠪᠠ ᠬᠦᠳᠡᠭᠡ ᠲᠤᠰᠬᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤᠶᠢᠴᠠ ᠤᠷᠤᠯᠭ᠎ᠠ ᠶᠢᠨ ᠨᠡᠮᠡᠭᠳᠡᠯ ᠲᠤᠰᠪᠤᠷᠢ 10% ᠪᠠ 11% ᠤᠷᠴᠢᠮ︔        — — ᠬᠤᠲᠠ ᠪᠠᠯᠭᠠᠰᠤᠨ ᠤ ᠰᠢᠨ᠎ᠡ ᠪᠠᠷ ᠠᠵᠢᠯ ᠤᠯᠤᠭᠰᠠᠳ 9000 ᠬᠦᠮᠦᠨ ᠠᠴᠠ ᠳᠡᠭᠡᠭᠰᠢ ᠪᠠᠶᠢᠵᠤ᠂ ᠬᠤᠲᠠ ᠪᠠᠯᠭᠠᠰᠤᠨ ᠤ ᠳᠠᠩᠰᠠᠯᠠᠭᠰᠠᠨ ᠠᠵᠢᠯ ᠠᠯᠳᠠᠯᠲᠠ ᠶᠢᠨ ᠨᠤᠷᠮ᠎ᠠ ᠶᠢ 4.0% ᠶᠢᠨ ᠲᠤᠲᠤᠷ᠎ᠠ ᠬᠢᠵᠠᠭᠠᠷᠯᠠᠨ᠎ᠠ᠃        ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠦᠯᠦᠭᠡ ᠳᠤᠤᠷᠠᠬᠢ ᠠᠵᠢᠯ ᠤᠳ ᠢ ᠭᠤᠤᠯᠳᠠᠯᠭ᠎ᠠ  ᠲᠠᠢ ᠰᠠᠶᠢᠲᠤᠷ ᠬᠢᠨ᠎ᠠ᠄        ︵ᠨᠢᠭᠡ︶ ᠲᠦᠷᠦᠯ ᠵᠦᠢᠯ ᠤᠨ ᠪᠤᠭᠤᠮᠲᠠ ᠰᠢᠪᠳᠤᠯᠬᠤ ᠪᠠᠶᠢᠯᠳᠤᠭᠠᠨ ᠢ ᠬᠦᠴᠦᠯᠡᠨ ᠬᠢᠵᠦ᠂ ᠪᠡᠯᠡ ᠤᠷᠤᠭᠤᠯᠤᠯᠲᠠ ᠶᠢᠨ ᠲᠤᠭᠲᠠᠭᠤᠨ ᠨᠡᠮᠡᠭᠳᠡᠯ ᠢ ᠠᠬᠢᠭᠤᠯᠤᠨ᠎ᠠ        ᠲᠦᠷᠦᠯ ᠵᠦᠢᠯ ᠤᠨ ᠬᠠᠳᠠᠭᠠᠯᠠᠮᠵᠢ ᠶᠢ ᠰᠠᠶᠢᠲᠤᠷ ᠠᠳᠬᠤᠵᠤ᠂ ᠪᠡᠯᠡ ᠤᠷᠤᠭᠤᠯᠤᠯᠲᠠ ᠶᠢᠨ ᠨᠡᠮᠡᠭᠳᠡᠯ ᠴᠡᠭ ᠢ ᠬᠦᠴᠦᠯᠡᠨ ᠪᠤᠶᠢᠵᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠰᠢᠨ᠎ᠡ ᠠᠵᠤ ᠠᠬᠤᠢ ᠶᠢᠨ ᠨᠡᠮᠡᠭᠳᠡᠯ ᠴᠡᠭ ᠢ ᠪᠤᠶᠢᠵᠢᠭᠤᠯᠬᠤ᠂ ᠦᠢᠯᠡᠴᠢᠯᠡᠭᠡᠨ ᠤ ᠦᠢᠯᠡᠰ ᠢ ᠳᠡᠰ ᠳᠡᠪᠰᠢᠭᠦᠯᠬᠦ᠂ ᠪᠦᠬᠦ ᠤᠷᠤᠨ ᠬᠡᠪᠴᠢᠶᠡᠨ ᠤ ᠵᠤᠭᠠᠴᠠᠯ ᠤᠨ ᠬᠦᠭᠵᠢᠯᠲᠡ᠂ ᠬᠤᠲᠠ ᠪᠠᠯᠭᠠᠰᠤᠨ ᠤ ᠢᠵᠢ ᠪᠦᠷᠢᠳᠦᠭᠦᠯᠬᠦ ᠪᠠ ᠠᠴᠢᠶᠠᠯᠠᠬᠤ ᠴᠢᠳᠠᠮᠵᠢ ᠶᠢ ᠳᠡᠭᠡᠭᠰᠢᠯᠡᠭᠦᠯᠬᠦ᠂ ᠠᠷᠠᠳ ᠤᠨ ᠠᠮᠢᠳᠤᠷᠠᠯ ᠤᠨ ᠲᠤᠲᠠᠭᠳᠠᠯ ᠢ ᠨᠦᠬᠦᠪᠦᠷᠢᠯᠡᠬᠦ ᠶᠢᠨ ᠲᠤᠭᠤᠷᠢᠨ ᠳᠤ᠂ ᠪᠦᠬᠦ ᠤᠷᠤᠨ ᠪᠠᠶᠢᠷᠢ᠂ ᠤᠯᠠᠨ ᠳᠠᠪᠬᠤᠷᠭ᠎ᠠ ᠠᠴᠠ ᠨᠢᠭᠡ ᠪᠦᠯᠦᠭ ᠵᠢᠩᠬᠢᠨᠢ ᠭᠠᠵᠠᠷ ᠤᠷᠤᠨ ᠤ ᠳᠠᠪᠠᠭᠤᠯᠢᠭ ᠢ ᠪᠠᠳᠠᠷᠠᠭᠤᠯᠵᠤ᠂ ᠤᠷᠤᠨ ᠬᠡᠪᠴᠢᠶᠡᠨ ᠤ ᠤᠨᠴᠠᠯᠢᠭ ᠢ ᠢᠯᠡᠷᠡᠭᠦᠯᠦᠭᠰᠡᠨ᠂ ᠪᠡᠯᠡ ᠤᠷᠤᠭᠤᠯᠤᠯᠲᠠ ᠶᠢ ᠲᠠᠲᠠᠬᠤ ᠬᠦᠴᠦᠨ ᠶᠡᠭᠡ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠢᠯᠡᠷᠡᠭᠦᠯᠬᠦ ᠶᠢᠨ ᠬᠠᠮᠲᠤ᠂ ᠲᠦᠯᠦᠪᠯᠡᠨ ᠪᠡᠯᠡᠳᠬᠡᠭᠰᠡᠨ ᠶᠡᠷᠦᠩᠬᠡᠢ ᠪᠡᠯᠡ ᠤᠷᠤᠭᠤᠯᠤᠯᠲᠠ ᠨᠢ 385 ᠳ᠋ᠦᠩᠰᠢᠭᠤᠷ ᠲᠦᠭᠦᠷᠢᠭ ᠤᠨ 154 ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠠᠬᠢᠭᠤᠯᠵᠤ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠡᠬᠢᠯᠡᠨ ᠪᠠᠶᠢᠭᠤᠯᠤᠭᠰᠠᠨ 181 ᠭᠤᠤᠯᠳᠠᠯᠭ᠎ᠠ ᠲᠠᠢ ᠲᠦᠷᠦᠯ ᠵᠦᠢᠯ ᠢ ᠪᠦᠬᠦ ᠬᠦᠴᠦᠨ ᠢᠶᠠᠷ ᠨᠠᠶᠢᠳᠠᠪᠤᠷᠢᠵᠢᠭᠤᠯᠤᠨ᠎ᠠ᠃ ᠬᠠᠷᠢᠭᠤᠴᠠᠯᠭ᠎ᠠ ᠶᠢ ᠲᠤᠳᠤᠷᠠᠭᠤᠯᠤᠨ᠂ ᠡᠬᠡ ᠳᠠᠩᠰᠠ ᠪᠠᠶᠢᠭᠤᠯᠵᠤ᠂ ᠲᠦᠯᠦᠪᠵᠢᠭᠦᠯᠭᠡ ᠶᠤᠰᠤᠭᠠᠷ ᠠᠵᠢᠯᠯᠠᠨ᠂   ᠨᠠᠶᠢᠳᠠᠪᠤᠷᠢᠵᠢᠭᠤᠯᠬᠤ ᠶᠢ ᠠᠬᠢᠭᠤᠯᠤᠨ᠎ᠠ︔ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠪᠴᠢᠯᠡᠨ ᠬᠢᠵᠦ᠂ ᠵᠢᠯ ᠤᠨ ᠳᠤᠳᠤᠷ᠎ᠠ ᠡᠬᠢᠯᠡᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠪᠡᠯᠡ ᠤᠷᠤᠭᠤᠯᠤᠯᠲᠠ ᠶᠢᠨ ᠲᠦᠯᠦᠪᠯᠡᠭᠡ ᠶᠢ ᠪᠡᠶᠡᠯᠡᠭᠦᠯᠬᠦ ᠶᠢ ᠪᠠᠲᠤᠯᠠᠨ᠎ᠠ᠃ ᠪᠡᠯᠡ ᠤᠷᠤᠭᠤᠯᠵᠤ ᠬᠦᠷᠦᠩᠭᠡ ᠠᠭᠤᠰᠬᠠᠬᠤ ᠬᠡᠯᠪᠡᠷᠢ ᠶᠢᠨ ᠰᠢᠨ᠎ᠡ ᠶᠢ ᠡᠭᠦᠳᠬᠦ ᠪᠠᠷ ᠰᠦᠪᠡᠭᠴᠢᠯᠡᠨ᠎ᠡ᠃ ᠲᠦᠪ᠂ ᠦᠪᠡᠷᠲᠡᠭᠡᠨ ᠵᠠᠰᠠᠬᠤ ᠤᠷᠤᠨ ᠤ ᠲᠦᠰᠦᠪ ᠤᠨ ᠪᠡᠯᠡ ᠮᠦᠩᠭᠦ ᠪᠤᠯᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠰᠠᠭᠤᠷᠢ ᠮᠦᠩᠭᠦ ᠵᠡᠷᠭᠡ ᠵᠠᠰᠠᠭ ᠤᠨ ᠤᠷᠳᠤᠨ ᠤ ᠪᠡᠯᠡ ᠮᠦᠩᠭᠦ ᠶᠢᠨ ᠬᠦᠰᠢᠭᠦᠷᠭᠡ ᠶᠢᠨ ᠦᠢᠯᠡᠳᠦᠯ ᠢ ᠪᠠᠳᠠᠷᠠᠭᠤᠯᠤᠨ᠂ ᠨᠡᠶᠢᠭᠡᠮ ᠤᠨ ᠬᠦᠷᠦᠩᠭᠡ ᠶᠢ ᠲᠠᠲᠠᠨ ᠭᠠᠵᠠᠷ ᠤᠷᠤᠨ ᠤ ᠪᠦᠲᠦᠭᠡᠨ ᠪᠠᠶᠢᠭᠤᠯᠤᠯᠲᠠ ᠳᠤ ᠤᠷᠤᠯᠴᠠᠭᠤᠯᠵᠤ᠂ PPP ᠲᠦᠷᠦᠯ ᠵᠦᠢᠯ ᠠᠮᠵᠢᠯᠲᠠ ᠤᠯᠬᠤ ᠶᠢ ᠠᠬᠢᠭᠤᠯᠤᠨ᠂ ᠠᠷᠠᠯᠵᠢᠶᠠᠴᠢᠨ ᠤᠷᠢᠵᠤ ᠪᠡᠯᠡ ᠲᠠᠲᠠᠬᠤ ᠶᠢ ᠴᠢᠩᠭᠠᠳᠬᠠᠵᠤ᠂ ᠠᠵᠤ ᠦᠢᠯᠡᠰ ᠤᠨ ᠰᠢᠯᠵᠢᠯᠲᠠ ᠶᠢ ᠵᠠᠯᠭᠠᠮᠵᠢᠯᠠᠨ᠎ᠠ᠃ ᠤᠷᠤᠨ ᠬᠡᠪᠴᠢᠶᠡᠨ ᠤ ᠰᠤᠯᠢᠯᠴᠠᠭ᠎ᠠ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠂ ᠬᠦᠳᠡᠯᠦᠩᠭᠦᠢ ᠪᠠᠷ ᠵᠢᠩ ᠶᠢᠨ ᠵᠢᠢ ᠠᠵᠤ ᠠᠬᠤᠢ ᠶᠢᠨ ᠴᠠᠭᠠᠷᠢᠭ᠂ ᠵᠡᠭᠦᠨ ᠬᠤᠶᠢᠲᠤ ᠶᠢᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠤ ᠬᠦᠭᠵᠢᠯᠲᠡ ᠳᠤ ᠠᠭᠤᠰᠴᠤ᠂ ᠬᠦᠭᠵᠢᠭᠰᠡᠨ ᠭᠠᠵᠠᠷ ᠤᠷᠤᠨ ᠤ ᠠᠵᠤ ᠦᠢᠯᠡᠰ ᠢ ᠰᠢᠯᠵᠢᠭᠦᠯᠦᠨ ᠠᠪᠴᠢᠷᠠᠨ᠎ᠠ︔ ᠠᠵᠤ ᠠᠬᠤᠢ ᠶᠢᠨ ᠬᠦᠭᠵᠢᠯᠲᠡ ᠶᠢᠨ ᠤᠷᠴᠢᠨ ᠲᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠲᠦᠷᠦᠯ ᠵᠦᠢᠯ ᠤᠨ ᠡᠯᠧᠮᠧᠨ᠋ᠲ ᠢ ᠲᠤᠬᠢᠷᠠᠭᠤᠯᠬᠤ ᠶᠢ ᠪᠠᠲᠤᠯᠠᠵᠤ᠂ ᠶᠠᠷᠢᠯᠴᠠᠨ ᠲᠤᠭᠲᠠᠬᠤ ᠭᠡᠵᠦ ᠪᠠᠶᠢᠭ᠎ᠠ ᠲᠦᠷᠦᠯ ᠵᠦᠢᠯ ᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠂ ᠠᠷᠠᠯᠵᠢᠶᠠᠴᠢᠨ ᠤᠷᠢᠵᠤ ᠪᠡᠯᠡ ᠲᠠᠲᠠᠬᠤ ᠪᠤᠯᠤᠨ ᠲᠦᠷᠦᠯ ᠵᠦᠢᠯ ᠤᠨ ᠪᠠᠶᠢᠭᠤᠯᠤᠯᠲᠠ ᠶᠢᠨ ᠪᠤᠭᠤᠮᠲᠠ ᠰᠢᠪᠲᠤᠯᠬᠤ ᠰᠢᠨ᠎ᠡ ᠤᠷᠭᠢᠯ ᠢ ᠲᠡᠮᠡᠴᠡᠨ ᠤᠯᠤᠨ᠎ᠠ᠃        ︵ᠬᠤᠶᠠᠷ︶ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠵᠤ᠂ ᠬᠦᠭᠵᠢᠯᠲᠡ ᠶᠢᠨ ᠲᠤᠲᠤᠭᠠᠳᠤ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠎ᠠ        ᠰᠢᠨ᠎ᠡ ᠶᠢ ᠡᠭᠦᠳᠬᠦ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠡᠭᠦᠷᠭᠡ ᠶᠢ ᠪᠡᠶᠡᠯᠡᠭᠦᠯᠦᠨ᠎ᠡ᠃ ᠤᠯᠤᠰ ᠤᠨ ᠦᠷᠭᠦᠯᠵᠢᠯᠡᠬᠦᠶᠢᠴᠡ ᠬᠦᠭᠵᠢᠯᠲᠡ ᠶᠢᠨ ᠲᠤᠷᠰᠢᠯᠲᠠ ᠶᠢᠨ ᠤᠷᠤᠨ᠂ ᠵᠤᠤ ᠤᠳᠠ ᠬᠠᠭᠤᠴᠢᠨ ᠠᠵᠤ ᠦᠢᠯᠡᠳᠪᠦᠷᠢ ᠶᠢᠨ ᠤᠷᠤᠨ ᠢ ᠨᠡᠭᠦᠯᠭᠡᠨ ᠦᠭᠡᠷᠡᠴᠢᠯᠡᠬᠦ ᠲᠤᠷᠰᠢᠯᠲᠠ ᠶᠢᠨ ᠴᠡᠭ᠂ ᠤᠯᠤᠰ ᠤᠨ ᠦᠢᠯᠡᠴᠢᠯᠡᠭᠡᠨ ᠤ ᠦᠢᠯᠡᠰ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠵᠡᠷᠭᠡ ᠴᠢᠬᠤᠯᠠ ᠶᠡᠭᠡ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠡᠭᠦᠷᠭᠡ ᠶᠢ ᠪᠡᠶᠡᠯᠡᠭᠦᠯᠵᠦ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠳᠠᠪᠠᠯᠲᠠ ᠶᠢ ᠬᠦᠴᠦᠯᠡᠨ ᠠᠬᠢᠭᠤᠯᠵᠤ᠂ ᠰᠤᠷᠤᠯᠴᠠᠬᠤ ᠳᠤ ᠳᠦᠭᠦᠮ᠂ ᠲᠦᠭᠡᠮᠡᠯᠵᠢᠭᠦᠯᠬᠦ ᠳᠤ ᠬᠢᠯᠪᠠᠷ᠂ ᠤᠨᠴᠠᠯᠢᠭᠲᠤ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠰᠦᠪᠡᠭᠴᠢᠯᠡᠨ ᠪᠦᠷᠢᠳᠦᠭᠦᠯᠦᠨ᠎ᠡ᠃ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠪᠦᠲᠦᠭᠡᠨ ᠪᠠᠶᠢᠭᠤᠯᠤᠨ᠎ᠠ᠃ ᠰᠠᠢ ᠯᠢᠨ ᠲᠠᠢ ᠳᠠᠭᠤᠷᠢᠶᠠᠮᠠᠯ ᠡᠮ ᠤᠨ ᠦᠢᠯᠡᠰ᠂ ᠲᠦᠸᠧ ᠵᠢᠶᠠ ᠵᠦᠩ ᠰᠧᠨ ᠤᠶᠤᠨᠴᠢ ᠦᠵᠦᠭᠦᠷ ᠵᠡᠷᠭᠡ ᠨᠢᠭᠡ ᠪᠦᠯᠦᠭ ᠰᠤᠳᠤᠯᠭᠠᠨ ᠤ ᠲᠦᠪ ᠤᠨ ᠪᠠᠶᠢᠭᠤᠯᠤᠯᠲᠠ ᠶᠢ ᠳᠡᠮᠵᠢᠵᠦ᠂ ᠲᠠᠢ ᠯᠢᠩ ᠡᠮ ᠤᠨ ᠦᠢᠯᠡᠰ᠂ ᠤᠯᠠᠭᠠᠨᠬᠠᠳᠠ ᠶᠢᠨ ᠡᠮ ᠤᠨ ᠦᠢᠯᠡᠰ ᠵᠡᠷᠭᠡ ᠨᠢᠭᠡ ᠪᠦᠯᠦᠭ ᠠᠵᠤ ᠠᠬᠤᠶᠢᠯᠠᠯ ᠤᠨ ᠵᠠᠪᠰᠠᠷ ᠤᠨ ᠲᠤᠷᠰᠢᠯᠲᠠ ᠶᠢᠨ ᠰᠠᠭᠤᠷᠢᠨ ᠤ ᠬᠦᠭᠵᠢᠯᠲᠡ ᠶᠢ ᠠᠬᠢᠭᠤᠯᠤᠨ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢ ᠠᠰᠢᠭᠯᠠᠯᠲᠠ ᠳᠤ ᠤᠷᠤᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠦᠪᠡᠷᠲᠡᠭᠡᠨ ᠡᠵᠡᠨ ᠮᠡᠳᠡᠨ ᠰᠤᠳᠤᠯᠬᠤ ᠴᠢᠳᠠᠪᠤᠷᠢ ᠪᠤᠯᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠬᠤᠶᠠᠷ ᠢ ᠡᠭᠦᠳᠬᠦ︾ ᠠᠴᠢᠶᠠᠯᠠᠭᠴᠢ ᠶᠢ ᠨᠠᠷᠢᠨ ᠬᠢᠨᠠᠮᠠᠭᠠᠢ ᠪᠠᠷ ᠡᠭᠦᠳᠦᠨ ᠪᠠᠶᠢᠭᠤᠯᠤᠨ᠎ᠠ᠃ ᠵᠠᠰᠠᠭ ᠤᠨ ᠤᠷᠳᠤᠨ᠂ ᠦᠢᠯᠡᠳᠪᠦᠷᠢᠯᠡᠯ᠂ ᠰᠤᠷᠤᠯᠴᠠᠯᠭ᠎ᠠ᠂ ᠰᠢᠨᠵᠢᠯᠡᠭᠡ ᠮᠡᠷᠭᠡᠵᠢᠯ ᠰᠤᠳᠤᠯᠭᠠᠨ ᠤ ᠬᠠᠮᠵᠢᠯᠴᠠᠭ᠎ᠠ ᠶᠢ ᠴᠢᠩᠭᠠᠳᠬᠠᠨ᠂ ᠨᠢᠭᠡ ᠪᠦᠯᠦᠭ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠠᠴᠢᠶᠠᠯᠠᠭᠴᠢ ᠶᠢ ᠪᠠᠶᠢᠭᠤᠯᠵᠤ᠂ ᠪᠢᠴᠢᠯ ᠵᠢᠵᠢᠭ ᠠᠵᠤ ᠠᠬᠤᠶᠢᠯᠠᠯ ᠤᠨ ᠨᠡᠪᠴᠢᠯᠡᠭᠦᠷ ᠤᠨ ᠬᠦᠷᠢᠶᠡᠯᠡᠩ ᠢ ᠪᠠᠶᠢᠭᠤᠯᠤᠨ᠂ ᠰᠢᠨ᠎ᠡ ᠶᠢ ᠡᠭᠦᠳᠬᠦ ᠦᠢᠯᠡᠰ ᠪᠤᠰᠬᠠᠬᠤ ᠴᠢᠳᠠᠪᠤᠷᠢᠲᠠᠨ ᠢ ᠪᠤᠶᠢᠵᠢᠭᠤᠯᠬᠤ ᠪᠠ ᠲᠠᠲᠠᠨ ᠤᠷᠤᠭᠤᠯᠵᠤ᠂ ᠤᠶᠤᠲᠠᠳ ᠤᠨ ᠦᠢᠯᠡᠰ ᠪᠤᠰᠬᠠᠬᠤ᠂ ᠨᠤᠲᠤᠭ ᠲᠠᠭᠠᠨ ᠪᠤᠴᠠᠭᠰᠠᠨ ᠲᠠᠷᠢᠶᠠᠴᠢᠳ ᠤᠨ ᠦᠢᠯᠡᠰ ᠪᠤᠰᠬᠠᠬᠤ ᠶᠢ ᠵᠤᠷᠢᠭᠵᠢᠭᠤᠯᠤᠨ᠎ᠠ᠃ ᠨᠡᠷᠡᠲᠦ ᠲᠡᠮᠳᠡᠭᠲᠦ ᠬᠤᠩ ᠱᠠᠨ ᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯᠲᠠᠨ ᠢ ᠬᠦᠮᠦᠵᠢᠭᠦᠯᠬᠦ ᠲᠤᠭᠲᠠᠴᠠ ᠶᠢ ᠪᠠᠶᠢᠭᠤᠯᠵᠤ᠂ ᠰᠢᠨ᠎ᠡ ᠶᠢ ᠡᠭᠦᠳᠬᠦ ᠮᠠᠶ᠋ᠢᠭ ᠤᠨ ᠠᠵᠤ ᠠᠬᠤᠶᠢᠯᠠᠯᠲᠠᠨ ᠤ ᠡᠩᠨᠡᠭᠡ ᠶᠢ ᠪᠠᠶᠢᠭᠤᠯᠤᠨ᠂ ᠠᠵᠤ ᠠᠬᠤᠶᠢᠯᠠᠯ ᠢ ᠤᠳᠤᠷᠢᠳᠤᠨ ᠨᠡᠷᠡᠲᠦ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃        ︵ᠭᠤᠷᠪᠠ︶ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠭᠤᠷᠪᠠᠨ ᠠᠵᠤ ᠦᠢᠯᠡᠰ ᠤᠨ ᠠᠭᠤᠰᠤᠯᠴᠠᠨ ᠭᠦᠭᠵᠢᠬᠦ ᠶᠢ ᠠᠬᠢᠭᠤᠯᠤᠨ᠎ᠠ        ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠠᠬᠢᠭᠤᠯᠤᠨ ᠂ ᠲᠠᠷᠢᠶᠠᠯᠠᠩ ᠤᠨ ᠬᠦᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠵᠤ᠂ ᠲᠠᠷᠢᠶᠠᠯᠠᠩ ᠤᠨ ᠠᠵᠤ ᠠᠬᠤᠢ ᠶᠢᠨ ᠪᠦᠲᠦᠴᠡ ᠶᠢ ᠲᠤᠬᠢᠷᠠᠭᠤᠯᠤᠨ᠂ ᠲᠠᠷᠢᠶᠠᠯᠠᠩ ᠤᠨ ᠠᠵᠤ ᠦᠢᠯᠡᠰᠵᠢᠯᠲᠡ ᠶᠢᠨ ᠠᠬᠢᠴᠠ ᠶᠢ ᠲᠦᠷᠭᠡᠳᠬᠡᠨ᠎ᠡ᠃ ᠠᠵᠤ ᠦᠢᠯᠡᠰ ᠠᠭᠤᠰᠤᠯᠴᠠᠭᠰᠡᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠪᠠᠯᠭᠠᠰᠤ ᠲᠤᠰᠬᠤᠨ ᠢ ᠡᠷᠡᠮᠡᠯᠵᠡᠬᠦ ᠪᠠᠷ ᠲᠤᠬᠢᠶᠠᠯ ᠪᠤᠯᠭᠠᠨ᠂ ᠬᠤᠨᠤᠭ ᠪᠠᠭᠤᠳᠠᠯ ᠢᠳᠡᠭᠡᠨ ᠤᠮᠳᠠᠭᠠᠨ᠂ ᠦᠵᠡᠮᠵᠢ ᠰᠤᠨᠢᠷᠬᠠᠨ ᠲᠡᠭᠦᠵᠦ ᠴᠤᠭᠯᠠᠭᠤᠯᠬᠤ᠂ ᠠᠮᠠᠷᠠᠨ ᠰᠡᠯᠡᠭᠦᠴᠡᠵᠦ ᠨᠠᠰᠤᠲᠠᠨ ᠢ ᠠᠰᠠᠷᠠᠬᠤ ᠵᠡᠷᠭᠡ ᠦᠢᠯᠡᠴᠢᠯᠡᠭᠡᠨ ᠤ ᠲᠦᠬᠦᠭᠡᠷᠦᠮᠵᠢ ᠶᠢᠨ ᠲᠦᠯᠦᠪᠵᠢᠭᠦᠯᠭᠡ ᠪᠠᠶᠢᠭᠤᠯᠤᠯᠲᠠ ᠶᠢᠨ ᠪᠠᠷᠢᠮᠵᠢᠶ᠎ᠠ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ ᠤᠶᠢᠷ᠎ᠠ ᠲᠡᠭᠦᠷᠭᠡ ᠶᠢᠨ ᠵᠤᠭᠠᠴᠠᠨ ᠰᠡᠯᠡᠭᠦᠴᠡᠬᠦ ᠠᠵᠤ ᠦᠢᠯᠡᠰ ᠢ ᠲᠦᠷᠭᠡᠪᠴᠢᠯᠡᠨ ᠬᠦᠭᠵᠢᠭᠦᠯᠵᠦ᠂ ᠲᠠᠷᠢᠶᠠᠴᠢᠳ ᠤᠨ ᠠᠵᠢᠯ ᠤᠯᠵᠤ ᠤᠷᠤᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ︔ ᠬᠢᠲᠠᠳ ᠡᠮ ᠤᠨ ᠮᠠᠲ᠋ᠧᠷᠢᠶᠠᠯ᠂ ᠡᠯᠳᠡᠪ ᠠᠮᠤ ᠪᠤᠷᠴᠠᠭ ᠤᠨ ᠵᠦᠢᠯ ᠢ ᠲᠠᠷᠢᠬᠤ᠂ ᠳ᠋ᠧ ᠵᠸᠦ ᠬᠠᠷ᠎ᠠ ᠡᠯᠵᠢᠭᠡ ᠲᠡᠵᠢᠭᠡᠬᠦ ᠵᠡᠷᠭᠡ ᠤᠨᠴᠠᠯᠢᠭᠲᠤ ᠲᠠᠷᠢᠶᠠᠯᠠᠩ ᠢ ᠬᠦᠭᠵᠢᠭᠦᠯᠦᠨ᠂ ᠤᠷᠤᠨ ᠬᠡᠪᠴᠢᠶᠡᠨ ᠤ ᠤᠨᠴᠠᠯᠢᠭᠲᠤ ᠨᠡᠷᠡᠲᠦ ᠲᠡᠮᠳᠡᠭᠲᠦ ᠶᠢ ᠡᠭᠦᠳᠴᠦ᠂ ᠡᠷᠳᠡᠨᠢ ᠰᠢᠰᠢ ᠶᠢᠨ ᠲᠠᠷᠢᠮᠠᠯ ᠤᠨ ᠲᠠᠯᠠᠪᠠᠢ ᠶᠢ ᠤᠯᠠᠮ ᠨᠢᠭᠡ ᠠᠯᠬᠤᠮ ᠪᠠᠭᠠᠰᠬᠠᠨ᠂ ᠲᠠᠷᠢᠶᠠᠯᠠᠩ ᠤᠨ ᠠᠵᠤ ᠠᠬᠤᠢ ᠶᠢᠨ ᠪᠦᠲᠦᠴᠡ ᠶᠢ ᠲᠤᠬᠢᠷᠠᠭᠤᠯᠤᠨ᠎ᠠ︔ ᠲᠦᠬᠦᠭᠡᠷᠦᠮᠵᠢᠲᠦ ᠲᠠᠷᠢᠶᠠᠯᠠᠩ ᠢ ᠶᠡᠭᠡ ᠬᠦᠴᠦᠨ ᠢᠶᠠᠷ ᠬᠦᠭᠵᠢᠭᠦᠯᠦᠨ᠂ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠲᠦᠭᠡᠮᠡᠯᠵᠢᠯ ᠪᠠ ᠦᠢᠯᠡᠴᠢᠯᠡᠭᠡ ᠶᠢ ᠴᠢᠩᠭ᠎ᠠ ᠠᠳᠬᠤᠵᠤ᠂ ᠢᠳᠡᠰᠢᠨ ᠨᠤᠭᠤᠭ᠎ᠠ᠂ ᠵᠢᠮᠢᠰ᠂ ᠬᠤᠸᠠᠷ ᠴᠡᠴᠡᠭ ᠤᠨ ᠰᠢᠨ᠎ᠡ ᠡᠭᠦᠯᠳᠡᠷ ᠢ ᠨᠡᠮᠡᠭᠳᠡᠭᠦᠯᠦᠨ᠂ ᠲᠠᠷᠢᠮᠠᠯ ᠤᠨ ᠬᠦᠷᠢᠶ᠎ᠡ ᠬᠡᠪᠴᠢᠶ᠎ᠡ ᠶᠢ ᠦᠷᠭᠡᠳᠬᠡᠵᠦ᠂ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ︔ ᠬᠦᠳᠡᠭᠡ ᠲᠤᠰᠬᠤᠨ ᠤ ᠡᠯᠧᠺᠲᠷᠤᠨ ᠬᠤᠳᠠᠯᠳᠤᠭ᠎ᠠ ᠶᠢ ᠢᠳᠡᠪᠬᠢᠲᠡᠢ ᠬᠦᠭᠵᠢᠭᠦᠯᠦᠨ᠂ ᠳᠤᠤᠷ᠎ᠠ ᠳᠤᠯᠠᠭᠠᠨ ᠳᠤ ᠬᠠᠳᠠᠭᠠᠯᠠᠬᠤ ᠪᠠᠷᠠᠭᠠᠨ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠤᠷᠤᠯᠠᠭᠤᠯᠭ᠎ᠠ ᠶᠢᠨ ᠠᠷᠭ᠎ᠠ ᠵᠠᠮ ᠢ ᠦᠷᠭᠡᠳᠬᠡᠨ᠎ᠡ︔ ᠮᠠᠨ ᠤ ᠲᠤᠭᠤᠷᠢᠭ ᠤᠨ ᠲᠠᠷᠢᠶᠠᠯᠠᠩ ᠤᠨ ᠪᠦᠲᠦᠭᠡᠭᠳᠡᠭᠦᠨ ᠤ ᠴᠢᠨᠠᠷ ᠴᠢᠨᠰᠠᠭ᠎ᠠ ᠪᠠ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠲᠠᠪᠴᠠᠩ ᠤᠨ ᠴᠢᠳᠠᠮᠵᠢ ᠶᠢ ᠪᠠᠳᠠᠷᠠᠭᠤᠯᠤᠨ᠂ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠪᠦᠬᠦ ᠶᠠᠪᠤᠴᠠ ᠳᠤ ᠮᠦᠷᠳᠡᠵᠦ ᠪᠤᠯᠬᠤ ᠰᠢᠰᠲ᠋ᠧᠮ ᠢ ᠪᠠᠶᠢᠭᠤᠯᠤᠨ᠎ᠠ︔ ᠲᠠᠷᠢᠶᠠᠯᠠᠩ ᠤᠨ ᠠᠵᠤ ᠦᠢᠯᠡᠰᠵᠢᠯᠲᠡ ᠶᠢᠨ ᠲᠤᠯᠤᠭᠠᠶᠢᠯᠠᠭᠴᠢ ᠠᠵᠤ ᠠᠬᠤᠶᠢᠯᠠᠯ᠂ ᠲᠤᠰᠬᠠᠢ ᠮᠡᠷᠭᠡᠵᠢᠯ ᠤᠨ ᠬᠤᠷᠰᠢᠶᠠᠵᠢᠯ ︵ᠲᠤᠰᠬᠠᠢ ᠬᠤᠷᠰᠢᠶᠠᠵᠢᠯ︶᠂ ᠲᠠᠷᠢᠶᠠᠯᠠᠩ ᠤᠨ ᠵᠠᠭᠤᠴᠢ ᠶᠢ ᠵᠤᠬᠢᠶᠠᠨ ᠪᠠᠶᠢᠭᠤᠯᠤᠨ ᠳᠡᠮᠵᠢᠬᠦ ᠬᠦᠴᠦᠯᠡᠴᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠯᠠᠩ ᠤᠨ ᠵᠤᠬᠢᠶᠠᠨ ᠪᠠᠶᠢᠭᠤᠯᠤᠯᠲᠠᠴᠢᠯᠠᠬᠤ ᠠᠬᠢᠴᠠ ᠶᠢ ᠳᠡᠭᠡᠭᠰᠢᠯᠡᠭᠦᠯᠦᠨ᠎ᠡ︔ ᠲᠠᠷᠢᠶᠠᠯᠠᠩ ᠤᠨ ᠭᠠᠷᠤᠯᠲᠠ ᠪᠠᠨ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ᠂ ᠬᠦᠳᠡᠭᠡ ᠲᠤᠰᠬᠤᠨ ᠢ ᠬᠦᠭᠵᠢᠭᠦᠯᠬᠦ ᠵᠡᠷᠭᠡ ᠶᠢ ᠦᠷᠭᠦᠯᠵᠢᠯᠡᠨ ᠠᠬᠢᠭᠤᠯᠤᠨ᠎ᠠ᠃        ᠠᠵᠤ ᠠᠬᠤᠶᠢᠯᠠᠯ ᠤᠨ ᠮᠡᠷᠭᠡᠵᠢᠯ ᠤᠨ ᠰᠠᠶᠢᠵᠢᠷᠠᠯᠲᠠ ᠪᠠ ᠳᠡᠰ ᠳᠡᠪᠰᠢᠯᠲᠡ ᠶᠢ ᠠᠬᠢᠭᠤᠯᠤᠨ᠂ ᠠᠵᠤ ᠦᠢᠯᠡᠳᠪᠦᠷᠢ ᠶᠢᠨ ᠬᠦᠭᠵᠢᠯᠲᠡ ᠶᠢᠨ ᠴᠢᠨᠠᠷ ᠴᠢᠨᠰᠠᠭ᠎ᠠ ᠪᠤᠯᠤᠨ ᠦᠷ᠎ᠡ ᠠᠰᠢᠭ ᠢ ᠳᠡᠭᠡᠭᠰᠢᠯᠡᠭᠦᠯᠵᠦ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠠᠬᠢᠴᠠ ᠶᠢ ᠲᠦᠷᠭᠡᠳᠬᠡᠨ᠎ᠡ᠃ ᠬᠦᠭᠵᠢᠯᠲᠡ ᠶᠢᠨ ᠲᠦᠯᠦᠪᠵᠢᠭᠦᠯᠭᠡ ᠶᠢ ᠵᠠᠰᠠᠨ ᠲᠡᠭᠦᠯᠳᠡᠷᠵᠢᠭᠦᠯᠵᠦ᠂ ᠠᠵᠤ ᠦᠢᠯᠡᠰ ᠤᠨ ᠪᠠᠶᠢᠷᠢᠰᠢᠯᠲᠠ ᠶᠢ ᠰᠢᠯᠢᠳᠡᠭᠵᠢᠭᠦᠯᠦᠨ᠂ ᠳᠤᠮᠳᠠ ᠪᠠᠭ᠎ᠠ ᠠᠵᠤ ᠠᠬᠤᠶᠢᠯᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠤᠯᠤᠨ ᠳᠤᠮᠳᠠ ᠪᠠᠭ᠎ᠠ ᠠᠵᠤ ᠠᠬᠤᠶᠢᠯᠠᠯ ᠤᠨ ᠰᠤᠷᠠᠭ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠲᠦᠪ ᠬᠤᠳᠠᠯᠳᠤᠭᠠᠨ ᠤ ᠶᠠᠪᠤᠳᠠᠯ ᠤᠨ ᠤᠷᠤᠨ ᠢ ᠲᠦᠷᠭᠡᠪᠴᠢᠯᠡᠨ ᠪᠠᠶᠢᠭᠤᠯᠵᠤ᠂ ᠴᠢᠳᠠᠮᠵᠢ ᠶᠢᠨ ᠲᠤᠬᠢᠷᠠᠭᠤᠯᠤᠯᠲᠠ ᠶᠢ ᠲᠡᠭᠦᠯᠳᠡᠷᠵᠢᠭᠦᠯᠦᠨ᠂ ᠠᠵᠤ ᠦᠢᠯᠡᠰ ᠬᠤᠲᠠ ᠠᠭᠤᠰᠤᠯᠴᠠᠬᠤ ᠶᠢ ᠠᠬᠢᠭᠤᠯᠵᠤ᠂ ᠬᠦᠷᠢᠶᠡᠯᠡᠩ ᠲᠤᠭᠤᠷᠢᠭ ᠤᠨ ᠠᠴᠢᠶᠠᠯᠠᠬᠤ ᠴᠢᠳᠠᠮᠵᠢ᠂ ᠦᠷᠢᠰᠦᠯᠳᠦᠬᠦ ᠬᠦᠴᠦᠨ ᠪᠤᠯᠤᠨ ᠦᠷᠭᠦᠯᠵᠢᠯᠡᠬᠦᠶᠢᠴᠡ ᠬᠦᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠦᠷᠦᠯ ᠵᠦᠢᠯ ᠤᠨ ᠪᠠᠶᠢᠭᠤᠯᠤᠯᠲᠠ ᠪᠠᠷ ᠬᠦᠳᠡᠯᠭᠡᠭᠦᠷ ᠪᠤᠯᠭᠠᠨ᠂ ᠬᠤᠩ ᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠤᠭᠤᠷᠢᠭ ᠤᠨ ︽ᠬᠠᠷᠢᠯᠴᠠᠨ ᠬᠠᠮᠵᠢᠯᠴᠠᠬᠤ︾ ᠠᠵᠤ ᠠᠬᠤᠢ ᠶᠢ ᠰᠠᠶᠢᠲᠤᠷ ᠠᠳᠬᠤᠵᠤ᠂ ᠶᠢᠨ ᠵᠢᠶᠠᠨ ᠬᠦᠷᠡᠯ ᠤᠨ ᠦᠢᠯᠡᠰ ᠤᠨ ᠪᠦᠬᠦᠯᠢ ᠴᠤᠭᠴᠠ ᠶᠢᠨ ᠰᠢᠯᠵᠢᠨ ᠨᠡᠭᠦᠬᠦ ᠠᠵᠢᠯ ᠢ ᠠᠬᠢᠭᠤᠯᠤᠨ᠎ᠠ︔ ᠬᠠᠢ ᠨᠠᠨ ᠤ ᠲᠢᠶᠠᠨ ᠬᠤᠸᠠᠩ᠂ ᠲᠠᠢ ᠯᠢᠩ ᠬᠠᠢ ᠴᠤᠸᠠᠩ ᠰᠢᠨᠵᠢᠯᠡᠭᠡ ᠮᠡᠷᠭᠡᠵᠢᠯ ᠤᠨ ᠬᠦᠷᠢᠶᠡᠯᠡᠩ ᠢ ᠡᠬᠢᠯᠡᠨ ᠪᠠᠶᠢᠭᠤᠯᠬᠤ ᠶᠢ ᠠᠬᠢᠭᠤᠯᠤᠨ᠎ᠠ︔ ᠤᠯᠠᠭᠠᠨᠬᠠᠳᠠ ᠶᠢᠨ ᠡᠮ ᠤᠨ ᠦᠢᠯᠡᠰ ᠤᠨ ᠬᠤᠲᠠ ᠠᠴᠠ ᠤᠬᠤᠷᠢᠨ ᠬᠦᠷᠢᠶᠡᠯᠡᠩ ᠳᠤ ᠤᠷᠤᠬᠤ ᠠᠯᠬᠤᠴᠠ ᠶᠢ ᠲᠦᠷᠭᠡᠳᠬᠡᠨ᠎ᠡ︔ ᠰᠠᠢ ᠯᠢᠨ ᠲᠠᠢ ᠡᠮ ᠤᠨ ᠦᠢᠯᠡᠰ᠂ ᠲᠢᠶᠠᠨ ᠴᠢ ᠡᠮ ᠤᠨ ᠦᠢᠯᠡᠰ᠂ ᠮᠧᠩ ᠰᠢᠨ᠂ ᠠᠢ ᠺᠧ ᠵᠡᠷᠭᠡ ᠡᠮ ᠡᠮᠨᠡᠯᠭᠡ ᠶᠢᠨ ᠠᠵᠤ ᠠᠬᠤᠶᠢᠯᠠᠯ ᠤᠨ ᠮᠡᠷᠭᠡᠵᠢᠯ ᠤᠨ ᠰᠠᠶᠢᠵᠢᠷᠠᠯᠲᠠ ᠪᠠ ᠳᠡᠰ ᠳᠡᠪᠰᠢᠯᠲᠡ ᠶᠢ ᠳᠡᠮᠵᠢᠨ᠎ᠡ︔ ᠲᠦᠸᠧ ᠵᠢᠶᠠ ᠡᠯᠧᠺᠲᠷᠤᠨ ᠰᠤᠷᠠᠭ ᠵᠠᠩᠭᠢ ᠶᠢᠨ ᠠᠵᠤ ᠦᠢᠯᠡᠰ ᠤᠨ ᠰᠠᠭᠤᠷᠢᠨ ᠤ ᠪᠠᠶᠢᠭᠤᠯᠤᠯᠲᠠ ᠶᠢ ᠠᠬᠢᠭᠤᠯᠤᠨ᠂ ᠰᠠᠭᠤᠷᠢ ᠠᠵᠤ ᠦᠢᠯᠡᠰ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠢ ᠤᠷᠤᠭᠤᠯᠵᠤ᠂ ᠢᠵᠢ ᠪᠦᠷᠢᠳᠦᠭᠰᠡᠨ ᠴᠠᠬᠢᠯᠭᠠᠨ ᠲᠤᠨᠤᠭ ᠲᠦᠬᠦᠭᠡᠷᠦᠮᠵᠢ ᠦᠢᠯᠡᠳᠬᠦ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠦᠨ᠎ᠡ︔ ᠦᠪᠡᠷᠲᠡᠭᠡᠨ ᠦᠢᠯᠡᠳᠬᠦ ᠴᠠᠬᠢᠯᠭᠠᠨ ᠤ ᠦᠢᠯᠡᠳᠪᠦᠷᠢ ᠶᠢᠨ ᠲᠦᠷᠦᠯ ᠵᠦᠢᠯ ᠢ ᠡᠬᠢᠯᠡᠭᠦᠯᠦᠨ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠦᠪᠡᠷ ᠤᠨ ᠦᠷᠲᠡᠭ ᠢ ᠪᠠᠭᠤᠷᠠᠭᠤᠯᠤᠨ᠎ᠠ︔ ᠳ᠋ᠦᠩ ᠷᠦᠩ ᠪᠦᠯᠦᠭᠯᠡᠯ᠂ ᠵᠤᠤ ᠤᠳᠠ ᠨᠤᠤᠰᠤᠨ ᠨᠡᠬᠡᠮᠡᠯ᠂ ᠱᠧᠩ ᠯᠦᠨ ᠨᠤᠤᠰᠤᠨ ᠨᠡᠬᠡᠮᠡᠯ᠂ ᠬᠤᠸᠠ ᠶᠤᠸᠠᠨ ᠨᠤᠤᠰᠤᠨ ᠦᠢᠯᠡᠰ ᠵᠡᠷᠭᠡ ᠠᠵᠤ ᠠᠬᠤᠶᠢᠯᠠᠯ ᠨᠡᠷᠡᠲᠦ ᠲᠡᠮᠳᠡᠭᠲᠦ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠨᠡᠬᠡᠮᠡᠯ ᠤᠨ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ᠃ ᠪᠤᠬᠢᠷᠳᠤᠯ ᠦᠭᠡᠢ ᠲᠠᠷᠢᠶᠠᠯᠠᠩ ᠤᠨ ᠪᠦᠲᠦᠭᠡᠭᠳᠡᠭᠦᠨ ᠢ ᠪᠤᠯᠪᠠᠰᠤᠷᠠᠭᠤᠯᠬᠤ ᠰᠠᠭᠤᠷᠢᠨ ᠢ ᠪᠠᠶᠢᠭᠤᠯᠬᠤ ᠪᠠᠷ ᠬᠠᠷᠠᠯᠲᠠ ᠪᠤᠯᠭᠠᠨ᠂ ᠬᠤᠩ ᠱᠠᠨ ᠪᠤᠬᠢᠷᠳᠤᠯ ᠦᠭᠡᠢ ᠢᠳᠡᠭᠡᠨ ᠤ ᠠᠵᠤ ᠦᠢᠯᠡᠰ ᠤᠨ ᠬᠦᠷᠢᠶᠡᠯᠡᠩ ᠤᠨ ᠲᠠᠢ ᠳ᠋ᠧ ᠺᠤᠮᠫᠠᠨᠢ ᠶᠢᠨ ᠠᠮᠤ ᠪᠤᠯᠪᠠᠰᠤᠷᠠᠭᠤᠯᠬᠤ᠂ ᠰᠠᠨ ᠡᠾᠧ ᠲᠠᠷᠢᠶᠠᠯᠠᠩ ᠮᠠᠯ ᠤᠨ ᠠᠰᠢᠭ ᠰᠢᠮ᠎ᠡ ᠶᠢ ᠪᠤᠯᠪᠠᠰᠤᠷᠠᠭᠤᠯᠬᠤ᠂ ᠮᠦ ᠶᠤᠸᠠᠨ ᠤᠰᠤ ᠠᠷᠪᠢᠯᠠᠬᠤ ᠠᠵᠤ ᠠᠬᠤᠶᠢᠯᠠᠯ ᠤᠨ ᠶᠡᠷᠦᠩᠬᠡᠢ ᠬᠡᠯᠲᠡᠰ ᠪᠤᠯᠤᠨ ᠦᠨᠳᠦᠷ ᠦᠷ᠎ᠡ ᠠᠰᠢᠭᠲᠤ ᠤᠰᠤᠯᠠᠯᠲᠠ ᠶᠢᠨ ᠲᠦᠬᠦᠭᠡᠷᠦᠮᠵᠢ ᠶᠢᠨ ᠦᠢᠯᠡᠳᠪᠦᠷᠢᠯᠡᠯ᠂ ᠪᠢᠴᠢᠯ ᠵᠢᠵᠢᠭ ᠠᠵᠤ ᠠᠬᠤᠶᠢᠯᠠᠯ ᠤᠨ ᠦᠢᠯᠡᠰ ᠪᠤᠰᠬᠠᠬᠤ ᠰᠠᠭᠤᠷᠢᠨ ᠵᠡᠷᠭᠡ ᠭᠤᠤᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠳᠤᠮᠳᠠᠳᠤ ᠶᠢᠨ ᠨᠡᠬᠡᠮᠡᠯ ᠠᠮᠤ ᠲᠤᠰᠤ ᠪᠤᠯᠤᠨ ᠪᠡᠭᠡᠵᠢᠩ ᠤᠨ ᠵᠢᠶᠠ ᠡᠾᠧ ᠵᠡᠷᠭᠡ ᠢᠳᠡᠭᠡᠨ ᠪᠤᠯᠪᠠᠰᠤᠷᠠᠭᠤᠯᠬᠤ ᠠᠵᠤ ᠠᠬᠤᠶᠢᠯᠠᠯ ᠢ ᠢᠳᠡᠪᠬᠢᠲᠡᠢ ᠲᠠᠲᠠᠨ ᠤᠷᠤᠭᠤᠯᠵᠤ᠂ ᠳ᠋ᠦᠩ ᠮᠢᠩ ᠴᠢᠶᠠᠨ ᠡᠾᠧ᠂ ᠳ᠋ᠦ᠋ ᠢ ᠵᠢᠶᠠ᠂ ᠭᠤᠸᠠ ᠽᠢ ᠵᠠᠩ ᠵᠡᠷᠭᠡ ᠭᠤᠤᠯᠳᠠᠯᠭ᠎ᠠ ᠲᠠᠢ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠢ ᠪᠤᠶᠢᠵᠢᠭᠤᠯᠤᠨ᠂ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ᠃        ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ ᠪᠠᠶᠢᠷᠢᠰᠢᠯᠲᠠ ᠶᠢ ᠰᠢᠯᠢᠳᠡᠭᠵᠢᠭᠦᠯᠦᠨ᠂ ᠰᠢᠯᠢᠳᠡᠭ ᠴᠢᠨᠠᠷ ᠤᠨ ᠦᠨᠳᠦᠷ ᠦᠷ᠎ᠡ ᠠᠰᠢᠭᠲᠤ ᠬᠦᠭᠵᠢᠯᠲᠡ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠦᠢᠯᠡᠴᠢᠯᠡᠭᠡᠨ ᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠤᠯᠤᠰ ᠤᠨ ᠦᠢᠯᠡᠴᠢᠯᠡᠭᠡᠨ ᠤ ᠦᠢᠯᠡᠰ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠢ ᠦᠷᠨᠢᠭᠦᠯᠵᠦ᠂ ᠦᠢᠯᠡᠴᠢᠯᠡᠭᠡᠨ ᠤ ᠦᠢᠯᠡᠰ ᠤᠨ ︽ᠨᠢᠭᠡ ᠲᠡᠩᠭᠡᠯᠢᠭ ᠬᠤᠶᠠᠷ ᠪᠦᠰᠡ᠂ ᠭᠤᠷᠪᠠᠨ ᠲᠤᠭᠤᠷᠢᠭ ᠨᠢᠭᠡ ᠬᠦᠷᠢᠶᠡᠯᠡᠩ︾ ᠤᠨ ᠶᠡᠷᠦᠩᠬᠡᠢ ᠴᠤᠭᠴᠠ ᠶᠢᠨ ᠪᠠᠶᠢᠷᠢᠰᠢᠯ ᠶᠤᠰᠤᠭᠠᠷ᠂ ᠦᠢᠯᠡᠴᠢᠯᠡᠭᠡᠨ ᠤ ᠦᠢᠯᠡᠰ ᠤᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ ᠬᠦᠴᠦᠯᠡᠴᠡ ᠶᠢ ᠨᠡᠮᠡᠭᠳᠡᠭᠦᠯᠦᠨ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠠᠴᠠ ᠦᠷᠲᠡᠭ ᠤᠨ ᠬᠡᠯᠬᠢᠶ᠎ᠡ ᠳᠡᠭᠡᠳᠦ ᠦᠵᠦᠭᠦᠷ ᠲᠡᠶᠢᠰᠢ ᠦᠷᠭᠡᠵᠢᠬᠦ ᠶᠢ ᠠᠬᠢᠭᠤᠯᠵᠤ᠂ ᠠᠮᠢᠳᠤᠷᠠᠯ ᠤᠨ ᠦᠢᠯᠡᠴᠢᠯᠡᠭᠡᠨ ᠢ ᠳᠦᠭᠦᠮ ᠳᠦᠲᠡ᠂ ᠨᠠᠷᠢᠯᠢᠭᠵᠢᠭᠰᠠᠨ᠂ ᠴᠢᠨᠠᠷᠯᠢᠭ ᠬᠦᠭᠵᠢᠭᠦᠯᠦᠨ᠎ᠡ᠃        ᠯᠦᠩ ᠲᠧᠩ ᠤᠯᠠᠨ ᠤᠯᠤᠰ᠂ ᠸᠠᠨ ᠶᠤᠸᠠᠢ ᠬᠤᠲᠠ ᠶᠢᠨ ᠠᠭᠤᠳᠠᠮ ᠲᠠᠯᠠᠪᠠᠢ᠂ ᠠᠢ ᠮᠸᠢ ᠤᠯᠠᠨ ᠤᠯᠤᠰ ᠤᠨ ᠠᠭᠤᠳᠠᠮ ᠲᠠᠯᠠᠪᠠᠢ ᠶᠢ ᠪᠠᠶᠢᠭᠤᠯᠤᠨ ᠡᠵᠡᠩᠨᠡᠬᠦ ᠶᠢ ᠲᠦᠷᠭᠡᠳᠬᠡᠵᠦ᠂ ᠰᠢᠨᠬᠤᠸᠠ ᠵᠠᠮ ᠤᠨ ᠠᠷᠠᠯᠵᠢᠶᠠᠨ ᠤ ᠴᠠᠭᠠᠷᠢᠭ᠂ ᠬᠦᠭᠦᠷᠭᠡᠨ ᠤ ᠤᠮᠠᠷᠠᠲᠠᠬᠢ ᠠᠷᠠᠯᠵᠢᠶᠠᠨ ᠤ ᠴᠠᠭᠠᠷᠢᠭ ᠢ ᠬᠤᠯᠪᠤᠭᠠᠯᠠᠭᠤᠯᠤᠨ ᠬᠦᠭᠵᠢᠭᠦᠯᠦᠨ᠎ᠡ᠃ ᠲᠢᠶᠠᠨ ᠹᠧᠩ ᠢᠳᠡᠰᠢᠨ ᠨᠤᠭᠤᠭᠠᠨ ᠤ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠲᠢᠶᠠᠨ ᠹᠧᠩ ᠠᠷᠠᠯᠵᠢᠶ᠎ᠠ ᠬᠤᠳᠠᠯᠳᠤᠭᠠᠨ ᠤ ᠬᠤᠲᠠ ᠵᠡᠷᠭᠡ ᠲᠤᠰᠬᠠᠢ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠠᠬᠢᠭᠤᠯᠵᠤ᠂ ᠴᠢᠶᠠᠨ ᠰᠢ᠂ ᠳ᠋ᠠ ᠹᠦ᠋᠂ ᠲᠦᠩ ᠰᠢᠩ᠂ ᠰᠢ ᠴᠧᠩ᠂ ᠲᠢᠶᠠᠨ ᠶᠤᠸᠠᠢ ᠵᠡᠷᠭᠡ ᠬᠠᠭᠤᠴᠢᠨ ᠵᠠᠬ᠎ᠠ ᠳᠡᠯᠭᠡᠭᠦᠷ ᠤᠨ ᠬᠤᠲᠠ ᠠᠴᠠ ᠤᠬᠤᠷᠢᠨ ᠬᠦᠷᠢᠶᠡᠯᠩ ᠳᠤ ᠤᠷᠤᠬᠤ ᠶᠢ ᠵᠢᠯᠤᠭᠤᠳᠤᠨ᠎ᠠ᠃ ︽ᠬᠤᠶᠠᠷ ᠠᠭᠤᠯᠠ ᠬᠤᠶᠠᠷ ᠬᠦᠷᠢᠶᠡᠯᠡᠩ ︾᠂ ᠡᠯ ᠳ᠋ᠤᠤ ᠵᠢᠩᠽᠢ ᠪᠠᠭᠤᠷᠢ ᠶᠢᠨ ᠴᠡᠴᠡᠷᠯᠢᠭ᠂ ᠬᠤᠩ ᠱᠠᠨ ᠰᠤᠶᠤᠯ ᠤᠨ ᠦᠵᠡᠭᠦᠯᠦᠯᠭᠡ ᠶᠢᠨ ᠲᠦᠪ᠂ ᠤᠯᠠᠭᠠᠨᠬᠠᠳᠠ ᠶᠢᠨ ᠵᠤᠭᠠᠴᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠪ᠂ ᠱᠢ ᠱᠠᠩ ᠲᠢᠶᠠᠨ ᠵᠡᠭᠡᠯᠢ ᠵᠡᠷᠭᠡ ᠲᠦᠷᠦᠯ ᠵᠦᠢᠯ ᠤᠨ ᠪᠠᠶᠢᠭᠤᠯᠤᠯᠲᠠ ᠶᠢᠨ ᠲᠤᠭᠤᠷᠢᠨ ᠳᠤ᠂ ᠵᠤᠭᠠᠴᠠᠯ ᠤᠨ ᠰᠠᠭᠤᠷᠢ ᠲᠦᠬᠦᠭᠡᠷᠦᠮᠵᠢ ᠶᠢ ᠲᠡᠭᠦᠯᠳᠡᠷᠵᠢᠭᠦᠯᠵᠦ᠂ ᠵᠤᠭᠠᠴᠠᠯ ᠤᠨ ᠵᠤᠬᠢᠴᠠᠩᠭᠤᠢ ᠲᠤᠭᠲᠠᠴᠠ ᠶᠢ ᠪᠠᠶᠢᠭᠤᠯᠤᠨ᠂ ᠵᠤᠭᠠᠴᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠭᠦᠯᠵᠦ᠂ ᠪᠦᠬᠦ ᠤᠷᠤᠨ ᠬᠡᠪᠴᠢᠶᠡᠨ ᠤ ᠵᠤᠭᠠᠴᠠᠯ ᠢ ᠬᠦᠭᠵᠢᠭᠦᠯᠦᠨ᠎ᠡ ᠃ ᠴᠢᠶᠤᠤ ᠪᠸᠢ ᠪᠤᠯᠤᠨ ᠡᠯ ᠳ᠋ᠤᠤ ᠵᠢᠩᠽᠢ ᠡᠷᠡᠭᠦᠯ ᠴᠢᠬᠢᠷᠠᠭ ᠨᠠᠰᠤᠲᠠᠨ ᠢ ᠠᠰᠠᠷᠠᠬᠤ ᠠᠵᠤ ᠦᠢᠯᠡᠰ ᠤᠨ ᠲᠦᠯᠦᠪᠵᠢᠭᠦᠯᠦᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ ᠡᠷᠡᠭᠦᠯ ᠴᠢᠬᠢᠷᠠᠭ ᠨᠠᠰᠤᠲᠠᠨ ᠢ ᠠᠰᠠᠷᠠᠬᠤ ᠠᠵᠢᠯᠯᠠᠭᠠᠨ ᠢ ᠦᠷᠨᠢᠭᠦᠯᠵᠦ᠂ ᠭᠡᠷ ᠲᠤ ᠪᠠᠨ ᠰᠠᠭᠤᠵᠦ ᠨᠠᠰᠤᠲᠠᠨ ᠢ ᠠᠰᠠᠷᠠᠬᠤ ᠰᠢᠨ᠎ᠡ ᠬᠡᠯᠪᠡᠷᠢ ᠶᠢ ᠰᠦᠪᠡᠭᠴᠢᠯᠡᠨ᠂ ᠠᠷᠠᠳ ᠤᠨ ᠳᠤᠮᠳᠠᠬᠢ ᠬᠦᠷᠦᠩᠭᠡ ᠮᠦᠩᠭᠦ᠂ ᠨᠡᠶᠢᠭᠡᠮ ᠤᠨ ᠬᠦᠴᠦᠨ ᠤ ᠨᠠᠰᠤᠲᠠᠨ ᠢ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠳᠤ ᠤᠷᠤᠯᠴᠠᠬᠤ ᠪᠠ ᠪᠠᠶᠢᠭᠤᠯᠤᠨ ᠬᠦᠭᠵᠢᠭᠦᠯᠬᠦ ᠶᠢ ᠵᠤᠷᠢᠭᠵᠢᠭᠤᠯᠤᠨ᠎ᠠ᠃        ᠬᠤᠩ ᠱᠠᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ ᠤᠨ ᠮᠦᠩᠭᠦᠨ ᠭᠦᠢᠯᠭᠡᠭᠡᠨ ᠤ ᠪᠠᠷᠠᠭᠠᠨ ᠭᠦᠢᠯᠭᠡᠭᠡᠨ ᠤ ᠭᠤᠳᠤᠮ ᠤᠨ ᠬᠤᠶᠠᠳᠤᠭᠠᠷ ᠬᠤᠭᠤᠴᠠᠭᠠᠨ ᠤ ᠡᠵᠡᠩᠨᠡᠯᠲᠡ ᠪᠠ ᠭᠤᠷᠪᠠᠳᠤᠭᠠᠷ ᠬᠤᠭᠤᠴᠠᠭᠠᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠮᠧᠩ ᠳ᠋ᠦᠩ ᠹᠧᠩ ᠴᠤᠸᠠᠩ ᠺᠤᠮᠫᠠᠨᠢ ᠶᠢᠨ ᠡᠯᠧᠺᠲᠷᠤᠨ ᠬᠤᠳᠠᠯᠳᠤᠭᠠᠨ ᠤ ᠰᠦᠯᠵᠢᠶᠡᠨ ᠬᠦᠮᠦᠷᠭᠡ᠂ ᠲᠢᠶᠧ ᠹᠠ ᠪᠦᠯᠦᠭᠯᠡᠯ ᠤᠨ ᠪᠠᠷᠠᠭᠠᠨ ᠭᠦᠢᠯᠭᠡᠭᠡᠨ ᠤ ᠰᠠᠭᠤᠷᠢᠨ ᠵᠡᠷᠭᠡ ᠤᠳᠤ ᠦᠶ᠎ᠡ ᠶᠢᠨ ᠪᠠᠷᠠᠭᠠᠨ ᠭᠦᠢᠯᠭᠡᠭᠡᠨ ᠤ ᠭᠤᠤᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠲᠠ ᠶᠢ ᠲᠦᠷᠭᠡᠳᠬᠡᠵᠦ᠂ ᠵᠢᠦ ᠲᠦᠩ᠂ ᠡᠸ᠋ᠨ ᡁᠢ᠂ ᠶᠤᠸᠠᠨ ᠲᠦᠩ᠂ ᠱᠧᠨ ᠲᠦᠩ ᠵᠡᠷᠭᠡ ᠨᠢᠭᠡ ᠪᠦᠯᠦᠭ ᠤᠯᠠᠮᠵᠢᠯᠠᠯᠲᠤ ᠪᠠᠷᠠᠭᠠᠨ ᠭᠦᠢᠯᠭᠡᠭᠡᠨ ᠤ ᠠᠵᠤ ᠠᠬᠤᠶᠢᠯᠠᠯ ᠢ ᠳᠡᠰ ᠳᠡᠪᠰᠢᠭᠦᠯᠬᠦ ᠶᠢ ᠠᠬᠢᠭᠤᠯᠤᠨ᠎ᠠ᠃ ᠭᠠᠳᠠᠭᠠᠳᠦ ᠬᠠᠨᠳᠦᠯᠭᠠᠲᠦ ᠬᠡᠯᠪᠡᠷᠢ ᠶᠢᠨ ᠠᠵᠤ ᠠᠬᠤᠶᠢᠯᠠᠯ ᠢ ᠤᠷᠢᠨ ᠤᠷᠤᠭᠤᠯᠬᠤ ᠬᠦᠴᠦᠯᠡᠴᠡ ᠪᠠᠨ ᠨᠡᠮᠡᠭᠳᠡᠭᠦᠯᠦᠨ᠂ ᠬᠢᠯᠢ ᠠᠯᠤᠰᠯᠠᠭᠰᠠᠨ ᠡᠯᠧᠺᠲᠷᠤᠨ ᠬᠤᠳᠠᠯᠳᠤᠭᠠᠨ ᠤ ᠰᠦᠯᠵᠢᠶᠡᠨ ᠳᠤ ᠨᠡᠪᠲᠡᠷᠡᠬᠦ ᠶᠢ ᠠᠬᠢᠭᠤᠯᠵᠤ᠂ ᠭᠠᠶᠢᠯᠢ  ᠪᠠᠲᠤᠯᠠᠬᠤ ᠲᠠᠸᠠᠷ ᠤᠨ ᠰᠤᠯᠢᠯᠴᠠᠭ᠎ᠠ ᠪᠤᠯᠤᠨ ᠬᠢᠯᠢ ᠠᠯᠤᠰᠯᠠᠭᠰᠠᠨ ᠪᠠᠷᠠᠭᠠᠨ ᠲᠡᠭᠡᠭᠡᠪᠦᠷᠢ ᠶᠢᠨ ᠡᠭᠡᠯᠵᠢ ᠶᠢᠨ ᠭᠠᠯᠲᠤ ᠶᠢᠨ ᠠᠵᠢᠯ ᠢ ᠰᠠᠶᠢᠲᠤᠷ ᠬᠢᠵᠦ᠂ ᠤᠯᠠᠭᠠᠨᠬᠠᠳᠠ ᠶᠢᠨ ᠭᠠᠶᠢᠯᠢ  ᠪᠠᠲᠤᠯᠠᠬᠤ ᠪᠠᠷᠠᠭᠠᠨ ᠭᠦᠢᠯᠭᠡᠭᠡᠨ ᠤ ᠲᠦᠪ ᠤᠨ ᠡᠵᠡᠩᠨᠡᠯᠲᠡ ᠪᠠ ᠬᠦᠭᠵᠢᠯᠲᠡ ᠶᠢ ᠲᠦᠷᠭᠡᠳᠬᠡᠨ᠎ᠡ︔ ᠤᠯᠤᠰ ᠤᠨ ᠲᠦᠷᠦ ᠶᠢᠨ ᠪᠤᠳᠤᠯᠭ᠎ᠠ ᠶᠢᠨ ᠠᠵᠠ ᠲᠤᠬᠢᠶᠠᠯ ᠢ ᠠᠳᠬᠤᠵᠤ᠂ ᠶᠡᠷᠦᠩᠬᠡᠶᠢᠯᠡᠭᠰᠡᠨ ᠭᠠᠶᠢᠯᠢ  ᠪᠠᠲᠤᠯᠠᠬᠤ ᠤᠷᠤᠨ ᠢ ᠢᠳᠡᠪᠬᠢᠲᠡᠢ ᠡᠷᠡᠮᠡᠯᠵᠡᠨ᠂ ᠦᠪᠡᠷᠲᠡᠭᠡᠨ ᠵᠠᠰᠠᠬᠤ ᠤᠷᠤᠨ ᠤ ︽ᠲᠤᠷᠭᠠᠨ ᠵᠠᠮ ᠤᠨ ᠠᠵᠤ ᠠᠬᠤᠢ ᠶᠢᠨ ᠪᠦᠰᠡ︾ ᠶᠢᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠴᠢᠬᠤᠯᠠ ᠲᠤᠯᠭᠠᠭᠤᠷᠢ ᠴᠡᠭ ᠢ ᠪᠠᠶᠢᠭᠤᠯᠤᠨ᠎ᠠ᠃ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠤᠷᠤᠨ ᠤ ᠪᠠᠶᠢᠭᠤᠯᠤᠯᠲᠠ ᠶᠢ ᠲᠦᠷᠭᠡᠳᠬᠡᠨ᠂ ᠨᠡᠶᠢᠲᠡ ᠶᠢᠨ ᠲᠡᠮᠦᠷ ᠵᠠᠮ ᠤᠨ ᠬᠤᠯᠪᠤᠭᠠᠯᠠᠭᠰᠠᠨ ᠲᠡᠭᠡᠭᠡᠪᠦᠷᠢ ᠪᠠᠷ ᠭᠤᠤᠯᠳᠠᠯᠭ᠎ᠠ ᠪᠤᠯᠭᠠᠭᠰᠠᠨ ᠵᠠᠮ ᠲᠡᠭᠡᠪᠦᠷᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠪᠠᠷᠠᠭᠠᠨ ᠭᠦᠢᠯᠭᠡᠭᠡᠨ ᠤ ᠦᠪᠡᠷ ᠤᠨ ᠦᠷᠲᠡᠭ ᠢ ᠪᠠᠭᠤᠷᠠᠭᠤᠯᠤᠨ᠎ᠠ᠃ ᠳᠤᠮᠳᠠᠳᠤ ᠤᠯᠤᠰ ᠤᠨ ᠴᠢᠯᠠᠭᠤᠨ ᠲᠤᠰᠤᠨ ᠤ ᠤᠯᠠᠭᠠᠨᠬᠠᠳᠠ ᠶᠢᠨ ᠲᠤᠰᠤᠨ ᠬᠦᠮᠦᠷᠭᠡ ᠶᠢ ᠰᠢᠯᠵᠢᠭᠦᠯᠦᠨ ᠪᠠᠶᠢᠭᠤᠯᠬᠤ ᠠᠵᠢᠯ ᠢ ᠰᠠᠶᠢᠲᠤᠷ ᠬᠢᠨ᠎ᠡ᠃        ᠶᠡᠭᠡ ᠳ᠋ᠠᠶᠢᠲ᠋ᠠ ᠪᠤᠯᠤᠨ ᠡᠭᠦᠯᠡᠨ ᠪᠤᠳᠤᠯᠲᠠ ᠵᠡᠷᠭᠡ ᠤᠶᠤᠨᠴᠢ ᠠᠵᠤ ᠦᠢᠯᠡᠰ ᠢ ᠢᠳᠡᠪᠬᠢᠲᠡᠢ ᠬᠦᠭᠵᠢᠭᠦᠯᠦᠨ᠂ ᠤᠶᠤᠨᠴᠢ ᠬᠤᠲᠠ ᠶᠢᠨ ᠲᠤᠰᠬᠠᠢ ᠭᠡᠷᠡᠯ ᠰᠢᠷᠬᠡᠭ ᠤᠨ ᠰᠦᠯᠵᠢᠶ᠎ᠡ ᠵᠢᠴᠢ ᠬᠤᠲᠠ ᠶᠢᠨ ᠲᠦᠪ ᠢ ᠪᠦᠷᠬᠦᠭᠰᠡᠨ ᠤᠲᠠᠰᠤ ᠦᠭᠡᠢ Wifi ᠰᠦᠯᠵᠢᠶ᠎ᠡ ᠶᠢ ᠲᠦᠷᠭᠡᠪᠴᠢᠯᠡᠨ ᠪᠠᠶᠢᠭᠤᠯᠤᠨ᠎ᠠ︔ ᠡᠵᠡᠩᠨᠡᠨ ᠵᠢᠯᠤᠭᠤᠳᠬᠤ ᠪᠤᠯᠤᠨ ᠠᠵᠤ ᠦᠢᠯᠡᠰ ᠤᠨ ᠬᠡᠷᠡᠭᠯᠡᠯᠲᠡ ᠶᠢᠨ ᠦᠵᠡᠭᠦᠯᠦᠯᠭᠡ ᠶᠢᠨ ᠤᠯᠠᠨ ᠴᠢᠳᠠᠮᠵᠢ ᠶᠢ ᠲᠦᠪᠯᠡᠷᠡᠭᠦᠯᠦᠭᠰᠡᠨ ᠤᠶᠤᠨᠴᠢ ᠬᠤᠲᠠ ᠶᠢᠨ ᠡᠵᠡᠩᠨᠡᠨ ᠵᠢᠯᠤᠭᠤᠳᠬᠤ ᠲᠦᠪ ᠢ ᠪᠠᠶᠢᠭᠤᠯᠤᠨ᠎ᠠ︔ ᠠᠮᠤᠷ ᠲᠦᠪᠰᠢᠨ ᠬᠤᠲᠠ᠂ ᠤᠶᠤᠨᠴᠢ ᠨᠡᠶᠢᠭᠡᠮ ᠲᠤᠭᠤᠷᠢᠭ᠂ ᠢᠳᠡᠭᠡᠨ ᠡᠮ ᠤᠨ ᠬᠢᠨᠠᠨ ᠬᠠᠮᠢᠶᠠᠷᠤᠯᠲᠠ ᠶᠢᠨ ᠡᠭᠦᠯᠡᠨᠴᠢᠷ᠂ ᠠᠶᠤᠯᠭᠦᠢ ᠦᠢᠯᠡᠳᠪᠦᠷᠢᠯᠡᠯ᠂ ᠬᠢᠨᠠᠨ ᠪᠠᠶᠢᠴᠠᠭᠠᠵᠤ ᠰᠢᠯᠭᠠᠬᠤ᠂ ᠬᠠᠤᠯᠢ  ᠬᠡᠷᠡᠭᠵᠢᠭᠦᠯᠦᠨ ᠬᠢᠨᠠᠨ ᠪᠠᠶᠢᠴᠠᠭᠠᠬᠤ᠂ ᠰᠢᠯᠵᠢᠮᠡᠯ ᠠᠯᠪᠠᠯᠠᠬᠤ ᠭᠠᠵᠠᠷ ᠪᠤᠯᠤᠨ ︽ᠢᠨᠲ᠋ᠧᠷᠨᠧᠲ ᠰᠦᠯᠵᠢᠶ᠎ᠡ +︾ ᠨᠠᠮ ᠤᠨ ᠪᠠᠶᠢᠭᠤᠯᠤᠯᠲᠠ ᠵᠡᠷᠭᠡ 13 ᠲᠦᠷᠦᠯ ᠵᠦᠢᠯ ᠢ ᠪᠦᠬᠦ ᠲᠠᠯ᠎ᠠ ᠪᠠᠷ ᠪᠠᠶᠢᠭᠤᠯᠤᠨ ᠬᠡᠷᠡᠭᠯᠡᠬᠦ ᠶᠢ ᠠᠬᠢᠭᠤᠯᠤᠨ᠎ᠠ︔ ᠨᠠᠨᠵᠢᠩ ᠤᠨ ᠯᠠᠩ ᠺᠦᠨ᠂ ᠴᠢ ᠡᠾᠧᠤ 360᠂ ᠬᠤᠸᠠ ᠸᠧᠢ᠂ ᠱᠧᠨ᠋ᠵᠧᠨ ᠤ ᠵᠧᠨ ᠶᠦᠨ᠂ ᠱᠧᠨ᠋ᠵᠧᠨ ᠤ ᠴᠢᠩ ᠬᠤᠸᠠ ᠰᠤᠳᠤᠯᠭᠠᠨ ᠤ ᠬᠦᠷᠢᠶᠡᠯᠡᠩ᠂ ᠪᠡᠭᠡᠵᠢᠩ ᠤᠨ ᠡᠸ᠋ᠨ ᠶᠤᠸᠠᠨ ᠵᠡᠷᠭᠡ ᠺᠤᠮᠫᠠᠨᠢ ᠲᠠᠢ ᠢᠳᠡᠪᠬᠢᠲᠡᠢ ᠬᠠᠮᠵᠢᠯᠴᠠᠨ᠂ ᠤᠶᠤᠨᠴᠢ ᠬᠤᠲᠠ᠂ ᠲᠤᠭ᠎ᠠ ᠪᠠᠷᠢᠮᠲᠠ ᠶᠢᠨ ᠠᠮᠤᠷ ᠲᠦᠪᠰᠢᠨ᠂ ᠲᠤᠭ᠎ᠠ ᠪᠠᠷᠢᠮᠲᠠ ᠶᠢᠨ ᠬᠦᠮᠦᠷᠭᠡ᠂ ᠶᠡᠭᠡ ᠳ᠋ᠠᠶᠢᠲ᠋ᠠ ᠶᠢᠨ ᠮᠡᠷᠭᠡᠵᠢᠯ ᠵᠢᠴᠢ ᠮᠤᠩᠭᠤᠯ ᠬᠡᠯᠡᠨ ᠤ ᠡᠬᠢ ᠪᠠᠶᠠᠯᠢᠭ ᠤᠨ ᠡᠭᠦᠯᠡᠨᠴᠢᠷ ᠵᠡᠷᠭᠡ ᠭᠤᠤᠯᠳᠠᠯᠭ᠎ᠠ ᠲᠠᠢ ᠢᠨᠵᠧᠨᠧᠷᠢᠩ ᠢ ᠪᠠᠶᠢᠭᠤᠯᠤᠨ᠎ᠠ᠃        ︵ᠳᠦᠷᠪᠡ︶ ᠵᠤᠬᠢᠴᠠᠩᠭᠤᠢ ᠭᠦᠭᠵᠢᠭᠦᠯᠬᠦ ᠳᠤ ᠭᠦᠴᠦᠯᠡᠨ᠂ ᠬᠤᠲᠠ ᠬᠦᠳᠡᠭᠡ ᠶᠢᠨ ᠨᠢᠭᠡ ᠴᠤᠭᠴᠠᠴᠢᠯᠠᠬᠤ ᠶᠢ ᠠᠬᠢᠭᠤᠯᠤᠨ᠎ᠠ        ᠳᠦᠭᠦᠮ ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠠᠬᠢᠭᠤᠯᠤᠨ᠎ᠠ᠃ ᠲᠢᠶᠧ ᠨᠠᠨ ᠳᠦᠭᠦᠮ ᠪᠦᠲᠦᠴᠡᠲᠦ ᠤᠷᠤᠨ ᠰᠠᠭᠤᠴᠠ ᠶᠢᠨ ᠲᠦᠪᠬᠢᠨᠡᠭᠦᠯᠬᠦ ᠰᠠᠭᠤᠴᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠪᠤᠴᠠᠨ ᠲᠦᠪᠬᠢᠨᠡᠭᠦᠯᠬᠦ ᠰᠠᠭᠤᠭᠠᠯᠢ ᠠᠷᠠᠳ ᠤᠨ ᠤᠷᠤᠵᠤ ᠰᠠᠭᠤᠷᠢᠰᠢᠬᠤ ᠶᠢ ᠪᠠᠲᠤᠯᠠᠨ᠎ᠠ︔ ᠰᠤᠷᠭᠠᠭᠤᠯᠢ᠂ ᠬᠡᠦᠬᠡᠳ ᠤᠨ ᠴᠡᠴᠡᠷᠯᠢᠭ᠂ ᠰᠤᠶᠤᠯ ᠤᠨ ᠠᠵᠢᠯᠯᠠᠭᠠᠨ ᠤ ᠲᠦᠪ ᠪᠠ ᠠᠷᠠᠳ ᠲᠤ ᠳᠦᠭᠦᠮ ᠦᠵᠡᠭᠦᠯᠬᠦ ᠵᠠᠬ᠎ᠠ ᠳᠡᠯᠭᠡᠭᠦᠷ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠲᠦᠬᠦᠭᠡᠷᠦᠮᠵᠢ ᠶᠢ ᠪᠠᠶᠢᠭᠤᠯᠤᠨ᠎ᠠ︔ ᠴᠢᠶᠤᠤ ᠪᠸᠢ ᠶᠢᠨ ᠬᠠᠳᠠᠨᠬᠤᠰᠢᠭᠤ᠂ ᠳ᠋ᠦᠩ ᠴᠧᠩ᠂ ᠰᠢ ᠴᠧᠩ ᠪᠤᠯᠤᠨ ᠰᠢ ᠨᠠᠨ ᠳ᠋ᠢ ᠵᠡᠷᠭᠡ ᠳᠦᠭᠦᠮ ᠪᠦᠲᠦᠴᠡᠲᠦ ᠤᠷᠤᠨ ᠰᠠᠭᠤᠴᠠ ᠶᠢ ᠬᠤᠷᠢᠶᠠᠨ ᠲᠠᠲᠠᠪᠤᠷᠢᠯᠠᠬᠤ ᠠᠵᠢᠯ ᠢ ᠤᠷᠢᠳ ᠬᠤᠵᠢᠳ ᠡᠬᠢᠯᠡᠭᠦᠯᠦᠨ᠎ᠡ᠃ ᠦᠵᠡᠰᠬᠦᠯᠡᠩᠲᠦ ᠬᠦᠳᠡᠭᠡ ᠲᠤᠰᠬᠤᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ᠤᠷᠲᠤᠮᠵᠢ ᠶᠢᠨ ᠲᠤᠭᠲᠠᠴᠠ ᠶᠢ ᠪᠠᠶᠢᠭᠤᠯᠤᠨ᠂ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠦᠷ᠎ᠡ ᠪᠦᠲᠦᠮᠵᠢ ᠶᠢ ᠪᠠᠲᠤᠳᠬᠠᠵᠤ᠂ ᠨᠢᠭᠡ ᠪᠦᠯᠦᠭ ᠰᠡᠯᠡᠭᠦᠴᠡᠯ ᠵᠤᠭᠠᠴᠠᠯ ᠤᠨ ᠲᠦᠷᠦᠯ ᠵᠦᠢᠯ ᠪᠠ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠤᠲᠠ ᠶᠢᠨ ᠪᠠᠶᠢᠭᠤᠯᠤᠯᠲᠠ ᠶᠢᠨ ᠳᠠᠶᠢᠴᠢᠯᠡᠨ ᠳᠠᠭᠠᠭᠤᠯᠬᠤ ᠦᠢᠯᠡᠳᠦᠯ ᠢ ᠭᠤᠤᠯᠳᠠᠯᠭ᠎ᠠ  ᠲᠠᠢ ᠪᠠᠳᠠᠷᠠᠭᠤᠯᠤᠨ᠂ ᠬᠤᠩ ᠱᠠᠨ ᠦᠵᠡᠰᠬᠦᠯᠡᠩᠲᠦ ᠬᠦᠳᠡᠭᠡ ᠲᠤᠰᠬᠤᠨ ᠢ ᠪᠠᠶᠢᠭᠤᠯᠤᠨ᠎ᠠ᠃ ᠵᠠᠮ ᠬᠠᠷᠢᠯᠴᠠᠭᠠᠨ ᠤ ᠰᠢᠯᠦᠭᠤᠳᠬᠠᠨ ᠨᠠᠮᠳᠠᠭᠤᠯᠬᠤ ᠢᠨᠵᠧᠨᠧᠷᠢᠩ ᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠲᠦᠷᠭᠡᠨ ᠬᠤᠷᠲᠦ ᠶᠢᠨ ᠵᠠᠮ ᠂ ᠬᠤᠲᠠ ᠶᠢᠨ ᠬᠦᠩᠭᠡᠨ ᠵᠠᠮ ︵ᠲᠡᠮᠦᠷ ᠵᠠᠮ ᠤᠨ︶ ᠪᠣᠯᠤᠨ ᠭᠦᠩᠭᠡᠨ ᠵᠠᠮᠲᠦ ᠴᠠᠬᠢᠯᠭᠠᠨ ᠲᠡᠷᠭᠡ ᠶᠢᠨ ᠪᠠᠶᠢᠭᠤᠯᠤᠯᠲᠠ ᠶᠢ ᠠᠬᠢᠭᠤᠯᠤᠨ᠎ᠠ︔ ᠲᠢᠶᠧ ᠨᠠᠨ ᠶᠡᠭᠡ ᠵᠡᠭᠡᠯᠢ ᠶᠢᠨ ᠬᠤᠲᠠ ᠶᠢᠨ ᠡᠮᠦᠨᠡᠬᠢ ᠪᠤᠰᠤᠭ᠎ᠠ  ᠰᠤᠯᠪᠢᠴᠠᠲᠤ ᠬᠦᠭᠦᠷᠭᠡ᠂ ᠤᠴᠢ ᠵᠠᠮ ᠤᠨ ᠶᠡᠭᠡ ᠬᠦᠭᠦᠷᠭᠡ ᠪᠤᠯᠤᠨ ᠬᠤᠩ ᠶᠤᠸᠠᠨ ᠵᠠᠮ ᠤᠨ ᠬᠤᠩ ᠱᠠᠨ ᠲᠤᠭᠤᠷᠢᠭ ᠤᠨ ᠬᠡᠰᠡᠭ ᠲᠠᠬᠢ ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠦᠨ᠎ᠡ︔ ᠸᠧᠨ ᠯᠢᠶᠠᠨ ᠵᠠᠮ᠂ ᠬᠤᠩ ᠰᠢᠩ ᠵᠠᠮ ᠤᠨ ᠦᠷᠲᠡᠭᠡᠨ ᠤ ᠡᠮᠦᠨᠡᠬᠢ ᠬᠦᠭᠦᠷᠭᠡ ᠵᠢᠴᠢ ᠨᠡᠬᠡᠮᠡᠯ ᠤᠨ ᠦᠢᠯᠡᠳᠪᠦᠷᠢ ᠶᠢᠨ ᠬᠦᠭᠦᠷᠭᠡ ᠶᠢ ᠰᠢᠨ᠎ᠡ ᠪᠠᠷ ᠪᠠᠶᠢᠭᠤᠯᠤᠨ᠂ ᠵᠢᠯ ᠤᠨ ᠲᠤᠳᠤᠷ᠎ᠠ ᠠᠵᠢᠯ ᠳᠠᠭᠤᠰᠬᠠᠵᠤ ᠲᠡᠷᠭᠡ ᠨᠡᠪᠲᠡᠷᠡᠭᠦᠯᠬᠦ ᠪᠠᠷ ᠴᠢᠷᠮᠠᠶᠢᠨ᠎ᠠ︔ ᠨᠢᠩ ᠯᠠᠨ ᠵᠠᠮ᠂ ᠰᠦᠩ ᠵᠸᠦ ᠵᠠᠮ ᠵᠡᠷᠭᠡ ᠲᠠᠰᠤᠷᠬᠠᠢ ᠵᠠᠮ ᠢ ᠨᠡᠪᠲᠡᠷᠡᠭᠦᠯᠦᠨ᠎ᠡ︔ ᠤᠶᠤᠨᠴᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠬᠠᠭᠤᠴᠢᠨ ᠰᠠᠭᠤᠭᠠᠯᠢ ᠲᠤᠭᠤᠷᠢᠭ ᠤᠨ ᠦᠭᠡᠷᠡᠴᠢᠯᠡᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠨ᠎ᠡ᠃ ᠵᠢᠯ ᠤᠨ ᠲᠤᠳᠤᠷ᠎ᠠ ᠬᠠᠭᠤᠴᠢᠨ ᠰᠠᠭᠤᠭᠠᠯᠢ ᠲᠤᠭᠤᠷᠢᠭ ᠢ ᠦᠭᠡᠷᠡᠴᠢᠯᠡᠨ ᠪᠠᠶᠢᠭᠤᠯᠬᠤ ᠡᠭᠦᠷᠭᠡ ᠶᠢ ᠪᠡᠶᠡᠯᠡᠭᠦᠯᠦᠨ᠂ ᠬᠠᠭᠤᠴᠢᠨ ᠰᠠᠭᠤᠭᠠᠯᠢ ᠲᠤᠭᠤᠷᠢᠭ ᠤᠨ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠰᠠᠶᠢᠵᠢᠷᠠᠭᠤᠯᠤᠨ᠎ᠠ᠃        ︵ᠲᠠᠪᠤ︶ ᠠᠷᠠᠳ ᠤᠨ ᠠᠮᠢᠳᠤᠷᠠᠯ ᠢ ᠬᠦᠴᠦᠯᠡᠨ ᠰᠠᠶᠢᠵᠢᠷᠠᠭᠤᠯᠵᠤ᠂ ᠤᠯᠠᠨ ᠲᠦᠮᠡᠨ ᠤ ᠵᠤᠯ ᠵᠢᠷᠭᠠᠯᠲᠤ ᠰᠡᠳᠬᠢᠭᠳᠡᠯ ᠢ ᠨᠡᠮᠡᠭᠳᠡᠭᠦᠯᠦᠨ᠎ᠡ        ᠨᠠᠷᠢᠯᠢᠭ  ᠤᠨᠤᠴᠠᠲᠠᠢ ᠪᠠᠷ ᠶᠠᠳᠠᠭᠤ ᠶᠢ ᠳᠡᠳᠬᠦᠬᠦ ᠲᠠᠯ᠎ᠠ ᠪᠠᠷ᠂ ᠨᠠᠷᠢᠯᠢᠭ ᠤᠨᠤᠴᠠᠲᠠᠢ ᠪᠠᠷ ᠶᠠᠳᠠᠭᠤ ᠶᠢ ᠳᠡᠳᠬᠦᠬᠦ ᠠᠵᠢᠯ ᠢ ᠦᠷᠭᠦᠯᠵᠢᠯᠡᠨ ᠦᠷᠨᠢᠭᠦᠯᠵᠦ᠂ ᠬᠤᠩ ᠱᠠᠨ ᠲᠤᠭᠤᠷᠢᠭ ᠤᠨ ᠦᠭᠡᠷ᠎ᠡ ᠭᠠᠵᠠᠷ ᠰᠢᠯᠵᠢᠭᠦᠯᠦᠨ ᠨᠡᠭᠦᠯᠭᠡᠵᠦ ᠶᠠᠳᠠᠭᠤ ᠶᠢ ᠳᠡᠳᠬᠦᠬᠦ ᠠᠵᠢᠯ ᠢ ᠪᠡᠶᠡᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠰᠤᠷᠭᠠᠨ ᠬᠦᠮᠦᠵᠢᠯ ᠤᠨ ᠲᠠᠯ᠎ᠠ ᠪᠠᠷ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠦᠭᠵᠢᠯᠲᠡ ᠶᠢᠨ ᠪᠠᠷᠢᠮᠵᠢᠶ᠎ᠠ ᠳᠤ ᠬᠦᠷᠬᠦ ᠡᠰᠡᠬᠦ ᠶᠢ ᠬᠢᠨᠠᠨ ᠰᠢᠯᠭᠠᠬᠤ ᠠᠵᠢᠯ ᠤᠨ ᠲᠤᠭᠤᠷᠢᠨ ᠳᠤ᠂ ᠲᠦᠪ ᠬᠤᠲᠠ ᠲᠤᠭᠤᠷᠢᠭ ᠤᠨ ᠰᠤᠷᠭᠠᠭᠤᠯᠢ ᠶᠢᠨ ᠪᠠᠶᠢᠷᠢᠰᠢᠯ ᠢ ᠲᠡᠭᠦᠯᠳᠡᠷᠵᠢᠭᠦᠯᠦᠨ᠎ᠡ︔ ᠴᠢᠶᠤᠤ ᠪᠸᠢ ᠬᠡᠦᠬᠡᠳ ᠤᠨ ᠴᠡᠴᠡᠷᠯᠢᠭ᠂ ᠳᠡᠭᠡᠳᠦ ᠰᠤᠷᠭᠠᠭᠤᠯᠢ ᠶᠢᠨ ᠬᠤᠶᠢᠲᠤ ᠵᠡᠭᠡᠯᠢ ᠶᠢᠨ ᠬᠡᠦᠬᠡᠳ ᠤᠨ ᠴᠡᠴᠡᠷᠯᠢᠭ ᠵᠡᠷᠭᠡ 7 ᠰᠠᠭᠤᠷᠢ ᠬᠡᠦᠬᠡᠳ ᠤᠨ ᠴᠡᠴᠡᠷᠯᠢᠭ ᠤᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠬᠦᠳᠡᠭᠡ ᠶᠢᠨ ᠰᠤᠷᠬᠤ ᠨᠠᠰᠤᠨ ᠤ ᠬᠡᠦᠬᠡᠳ ᠤᠨ ᠴᠡᠴᠡᠷᠯᠢᠭ ᠲᠤ ᠤᠷᠤᠬᠤ ᠱᠠᠭᠠᠷᠳᠠᠯᠭ᠎ᠠ ᠶᠢ ᠬᠠᠩᠭᠠᠨ᠎ᠠ︔ ᠳᠦᠷᠪᠡᠳᠦᠭᠡᠷ ᠪᠠᠭ᠎ᠠ ᠰᠤᠷᠭᠠᠭᠤᠯᠢ᠂ ᠰᠢᠨ ᠳ᠋ᠢ ᠪᠠᠭ᠎ᠠ ᠰᠤᠷᠭᠠᠭᠤᠯᠢ ᠵᠡᠷᠭᠡ 3 ᠰᠠᠭᠤᠷᠢ ᠪᠠᠭ᠎ᠠ ᠰᠤᠷᠭᠠᠭᠤᠯᠢ ᠶᠢ ᠪᠠᠶᠢᠭᠤᠯᠤᠨ᠎ᠠ︔ 8 ᠰᠠᠭᠤᠷᠢ ᠰᠤᠷᠭᠠᠭᠤᠯᠢ ᠶᠢᠨ ᠪᠠᠷᠢᠮᠵᠢᠶᠠᠵᠢᠭᠰᠠᠨ ᠲᠠᠮᠢᠷ ᠤᠨ ᠲᠠᠯᠠᠪᠤᠷ᠂ ᠬᠤᠩ ᠮᠢᠶᠤᠤ ᠽᠢ ᠳᠤᠮᠳᠠᠳᠤ ᠰᠤᠷᠭᠠᠭᠤᠯᠢ ᠶᠢᠨ ᠬᠦᠯ ᠪᠦᠮᠪᠦᠭᠡ ᠶᠢᠨ ᠤᠷᠳᠤᠨ᠂ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠲᠠᠮᠢᠷ ᠤᠨ ᠤᠷᠳᠤᠨ ᠢ ᠪᠠᠶᠢᠭᠤᠯᠤᠨ᠎ᠠ︔ ᠤᠯᠠᠭᠠᠨᠬᠠᠳᠠ ᠶᠢᠨ ᠳᠦᠷᠪᠡᠳᠦᠭᠡᠷ ᠳᠤᠮᠳᠠᠳᠤ ᠰᠤᠷᠭᠠᠭᠤᠯᠢ ᠶᠢᠨ ᠴᠢᠶᠤᠤ ᠪᠸᠢ ᠬᠤᠪᠢᠶᠠᠷᠢ ᠰᠤᠷᠭᠠᠭᠤᠯᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠢᠯᠢᠳᠡᠭ ᠡᠩ ᠤᠨ ᠳᠤᠮᠳᠠᠳᠤ ᠰᠤᠷᠭᠠᠭᠤᠯᠢ ᠶᠢᠨ ᠬᠦᠷᠢᠶ᠎ᠡ ᠬᠡᠪᠴᠢᠶ᠎ᠡ ᠶᠢ ᠦᠷᠭᠡᠳᠬᠡᠨ᠎ᠡ︔ ᠤᠯᠠᠭᠠᠨᠬᠠᠳᠠ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠤᠲᠠ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠦᠨ᠂ ︽ᠠᠵᠤ ᠦᠢᠯᠡᠰ᠂ ᠰᠤᠷᠭᠠᠭᠤᠯᠢ᠂ ᠰᠤᠳᠤᠯᠭᠠᠨ᠂ ᠰᠤᠷᠭᠠᠨ ᠬᠦᠮᠦᠵᠢᠯ︾ ᠭᠦᠨᠵᠡᠭᠡᠢ ᠠᠭᠤᠰᠤᠯᠴᠠᠭᠰᠠᠨ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮ ᠢ ᠪᠠᠶᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠲᠠᠯ᠎ᠠ ᠪᠠᠷ᠂ ᠬᠤᠶᠠᠳᠤᠭᠠᠷ ᠮᠤᠩᠭᠤᠯ ᠬᠢᠲᠠᠳ ᠡᠮᠨᠡᠯᠭᠡ ᠶᠢᠨ ᠬᠤᠷᠢᠶᠠᠨ ᠤ ᠰᠢᠯᠵᠢᠭᠦᠯᠦᠨ ᠪᠠᠶᠢᠭᠤᠯᠬᠤ ᠶᠢ ᠠᠬᠢᠭᠤᠯᠤᠨ᠂ ᠡᠬᠡ ᠨᠢᠯᠬᠠᠰ ᠤᠨ ᠡᠷᠡᠭᠦᠯᠵᠢᠯ ᠤᠨ ᠭᠠᠵᠠᠷ ᠢ ᠰᠢᠯᠵᠢᠭᠦᠯᠦᠨ ᠪᠠᠶᠢᠭᠤᠯᠤᠨ᠎ᠠ︔ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ︔ ᠬᠤᠶᠠᠷ ᠬᠡᠦᠬᠡᠳ ᠠᠪᠬᠤ ᠲᠦᠷᠦ ᠶᠢᠨ ᠪᠤᠳᠤᠯᠭ᠎ᠠ ᠶᠢ ᠡᠷᠴᠢᠮᠲᠡᠢ᠂ ᠠᠯᠬᠤᠮ ᠳᠠᠷᠠᠭ᠎ᠠ ᠲᠠᠢ ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠰᠤᠶᠤᠯ ᠤᠨ ᠲᠠᠯ᠎ᠠ ᠪᠠᠷ᠂ ᠬᠤᠩ ᠱᠠᠨ ᠰᠤᠶᠤᠯ ᠤᠨ ᠪᠠᠭᠤᠷᠢ ᠶᠢ ᠡᠷᠡᠮᠡᠯᠵᠡᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ᠂ ᠪᠦᠬᠦ ᠵᠢᠯ ᠳᠤ ᠰᠢᠨ᠎ᠡ ᠪᠠᠷ ᠨᠡᠮᠡᠭᠳᠡᠭᠰᠡᠨ ᠬᠤᠲᠠ ᠪᠠᠯᠭᠠᠰᠤᠨ ᠤ ᠠᠵᠢᠯ ᠤᠯᠤᠭᠰᠠᠳ ᠢ 9000 ᠬᠦᠮᠦᠨ ᠠᠴᠠ ᠳᠡᠭᠡᠭᠰᠢ ᠪᠠᠶᠢᠯᠭᠠᠵᠦ ᠂ ᠬᠦᠳᠡᠭᠡ ᠲᠤᠰᠬᠤᠨ ᠤ ᠬᠦᠳᠡᠯᠮᠦᠷᠢ ᠬᠦᠴᠦᠨ ᠢ ᠰᠢᠯᠵᠢᠭᠦᠯᠦᠨ ᠠᠵᠢᠯ ᠤᠯᠤᠭᠰᠠᠳ ᠢ 1 ᠲᠦᠮᠡᠨ ᠬᠦᠮᠦᠨ ᠤᠳᠠᠭ᠎ᠠ ᠠᠴᠠ ᠳᠡᠭᠡᠭᠰᠢ ᠪᠠᠶᠢᠯᠭᠠᠨ᠂ 600 ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠨᠡᠭᠡᠭᠡᠨ᠎ᠠ ︔ ᠨᠡᠶᠢᠭᠡᠮ ᠤᠨ ᠳᠠᠭᠠᠳᠬᠠᠯ ᠢ ᠤᠬᠠᠭᠤᠯᠬᠤ ᠬᠦᠴᠦᠯᠡᠴᠡ ᠪᠠᠨ ᠨᠡᠮᠡᠭᠳᠡᠭᠦᠯᠦᠨ᠂ ᠪᠦᠷᠬᠦᠴᠡ ᠶᠢᠨ ᠬᠦᠷᠢᠶ᠎ᠡ ᠬᠡᠪᠴᠢᠶ᠎ᠡ ᠶᠢ ᠦᠷᠭᠡᠳᠬᠡᠨ᠎ᠡ︔ ᠪᠦᠬᠦ ᠵᠢᠯ ᠳᠤ ︽ᠲᠠᠪᠤᠨ ᠳᠠᠭᠠᠳᠬᠠᠯ︾ ᠳᠤ ᠤᠷᠤᠯᠴᠠᠭᠰᠠᠳ ᠤᠨ ᠴᠡᠪᠡᠷ ᠨᠡᠮᠡᠭᠳᠡᠯ ᠢ 2000 ᠬᠦᠮᠦᠨ ᠠᠴᠠ ᠳᠡᠭᠡᠭᠰᠢ ᠪᠠᠶᠢᠯᠭᠠᠨ᠎ᠠ︔ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠭᠲᠠᠴᠠ ᠶᠢ ᠲᠡᠭᠦᠯᠳᠡᠷᠵᠢᠭᠦᠯᠦᠨ᠂ ᠬᠤᠲᠠ ᠬᠦᠳᠡᠭᠡ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠰᠢᠯ ᠢ ᠠᠬᠢᠭᠤᠯᠤᠨ᠎ᠠ᠃        ᠲᠦᠯᠦᠭᠡᠯᠡᠭᠴᠢᠳ ᠡ᠂ 2017 ᠤᠨ ᠤ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠠᠵᠢᠯ ᠢ ᠰᠠᠶᠢᠲᠤᠷ ᠬᠢᠬᠦ ᠳᠤ ᠡᠭᠦᠷᠭᠡ ᠬᠠᠷᠢᠭᠤᠴᠠᠯᠭ᠎ᠠ ᠬᠦᠨᠳᠦ ᠶᠤᠮ᠂ ᠪᠢᠳᠡ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠷᠡᠰ ᠴᠢᠩᠭ᠎ᠠ ᠤᠳᠤᠷᠢᠳᠤᠯᠭ᠎ᠠ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠵᠢᠯᠦᠭᠤᠳᠤᠯᠭ᠎ᠠ ᠳᠤᠤᠷ᠎ᠠ᠂ ᠪᠦᠯᠬᠦᠮᠳᠡᠨ ᠲᠡᠮᠡᠴᠡᠵᠦ᠂ ᠬᠦᠴᠢᠷ ᠪᠡᠷᠬᠡ ᠶᠢ ᠢᠯᠠᠨ ᠳᠠᠪᠠᠵᠤ᠂ ᠰᠢᠨ᠎ᠡ ᠬᠡᠪ ᠪᠠᠶᠢᠳᠠᠯ ᠳᠤ ᠵᠤᠬᠢᠴᠠᠬᠤ ᠪᠠ ᠳᠠᠭᠠᠭᠤᠯᠵᠤ᠂ ᠬᠦᠭᠵᠢᠯᠲᠡ ᠶᠢᠨ ᠰᠢᠨ᠎ᠡ ᠬᠦᠳᠡᠯᠭᠡᠭᠴᠢ ᠬᠦᠴᠦᠨ ᠢ ᠪᠤᠶᠢᠵᠢᠭᠤᠯᠤᠨ᠂ ᠰᠢᠨ᠎ᠡ ᠨᠢᠭᠤᠭᠳᠠᠮᠠᠯ ᠬᠦᠴᠦᠨ ᠢ ᠢᠳᠡᠪᠬᠢᠲᠡᠢ ᠠᠭᠤᠳᠠᠯᠵᠤ᠂ ᠰᠢᠨ᠎ᠡ ᠭᠢᠯᠠᠰ ᠴᠡᠭ ᠢ ᠴᠢᠷᠮᠠᠶᠢᠨ ᠡᠭᠦᠳᠴᠦ᠂ ᠬᠤᠩ ᠱᠠᠨ ᠲᠤᠭᠤᠷᠢᠭ ᠤᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠲᠦᠷᠭᠡᠨ ᠬᠦᠭᠵᠢᠬᠦ ᠶᠢ ᠪᠡᠶᠡᠯᠡᠭᠦᠯᠦᠶ᠎ᠡ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号