ᠪᠠᠶᠢᠭᠤᠯᠤᠯᠭ᠎ᠠ ᠠᠴᠠ ᠵᠠᠪᠠᠯ ᠦᠭᠬᠦ ᠴᠢᠬᠤᠯᠠᠲᠠᠢ ᠴᠠᠯᠢᠩ ᠠᠮᠠᠷᠠᠯᠲᠠ ᠨᠦᠬᠦᠪᠦᠷᠢ
ᠨᠡᠶᠢᠲᠡᠯᠡᠭᠰᠡᠨ ᠴᠠᠭ᠄
2017-06-08
       ᠤᠷᠤᠯᠭ᠎ᠠ ᠶᠢᠨ ᠲᠤᠬᠠᠢ        ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠦᠳᠡᠯᠮᠦᠷᠢ ᠶᠢᠨ ᠬᠠᠤᠯᠢ︾ ᠶᠢᠨ 50 ᠳ᠋ᠤᠭᠠᠷ ᠵᠤᠷᠪᠤᠰ ᠲᠤ ᠲᠤᠭᠲᠠᠭᠠᠭᠰᠠᠨ ᠢᠶᠠᠷ᠂ ᠴᠠᠯᠢᠩ ᠪᠤᠯ ᠪᠠᠶᠢᠭᠤᠯᠤᠯᠭ᠎ᠠ ᠠᠴᠠ ᠵᠤᠭᠤᠰ ᠤᠨ ᠬᠡᠯᠪᠡᠷᠢ ᠪᠠᠷ ᠰᠠᠷ᠎ᠠ ᠪᠦᠷᠢ ᠬᠦᠳᠡᠯᠮᠦᠷᠢᠴᠢᠨ ᠤ ᠲᠤᠰ ᠬᠦᠮᠦᠨ ᠳᠤᠨᠢ ᠦᠭᠬᠦ ᠴᠢᠬᠤᠯᠠᠲᠠᠢ ᠬᠦᠯᠦᠰᠦ ᠤᠯᠭᠤᠮᠵᠢ ᠪᠤᠯᠤᠨ᠎ᠠ᠃ ᠬᠦᠳᠡᠯᠮᠦᠷᠢᠴᠢᠨ ᠤ ᠴᠠᠯᠢᠩ ᠢ ᠦᠯᠡᠳᠡᠭᠡᠵᠦ ᠠᠪᠬᠤ ᠡᠰᠡᠬᠦᠯ᠎ᠡ ᠰᠢᠯᠲᠠᠭᠠᠨ ᠦᠭᠡᠢ ᠪᠠᠷ ᠦᠷᠢᠲᠦᠵᠦ ᠪᠤᠯᠬᠤ ᠦᠭᠡᠢ᠃        ᠨᠡᠮᠡᠵᠦ ᠠᠵᠢᠯᠯᠠᠭᠰᠠᠨ ᠴᠠᠯᠢᠩ ᠪᠤᠯ ᠬᠦᠳᠡᠯᠮᠦᠷᠢᠴᠢᠨ ᠤ ᠠᠮᠠᠷᠠᠯᠲᠠ ᠶᠢᠨ ᠬᠤᠬᠢᠷᠠᠯ ᠤᠨ ᠨᠦᠬᠦᠪᠦᠷᠢ᠂ ᠬᠠᠤᠯᠢ ᠶᠤᠰᠤᠨ ᠤ ᠴᠠᠯᠢᠩ ᠤᠯᠭᠤᠮᠵᠢ ᠶᠢᠨ ᠨᠢᠭᠡ ᠲᠦᠷᠦᠯ ᠪᠠᠶᠢᠵᠤ᠂ ᠬᠠᠤᠯᠢ ᠴᠠᠭᠠᠵᠠ ᠳᠤ ᠲᠤᠳᠤᠷᠬᠠᠢ ᠲᠤᠭᠲᠠᠭᠠᠭᠰᠠᠨ ᠠᠵᠤ ᠠᠬᠤᠶᠢᠯᠠᠯ ᠤᠨ ᠵᠠᠪᠠᠯ ᠡᠭᠦᠷᠭᠡᠯᠡᠬᠦ ᠴᠢᠬᠤᠯᠠᠲᠠᠢ ᠬᠠᠤᠯᠢ ᠶᠤᠰᠤᠨ ᠤ ᠡᠭᠦᠷᠭᠡ ᠪᠤᠯᠤᠨ᠎ᠠ᠃        ᠨᠡᠮᠡᠵᠦ ᠠᠵᠢᠯᠯᠠᠭᠰᠠᠨ ᠴᠠᠯᠢᠩ ᠪᠤᠯ ᠬᠦᠳᠡᠯᠮᠦᠷᠢ ᠶᠢᠨ ᠬᠦᠯᠦᠰᠦ ᠤᠯᠭᠤᠮᠵᠢ ᠪᠠᠶᠢᠵᠤ᠂ ᠵᠠᠪᠠᠯ ᠵᠤᠭᠤᠰ ᠤᠨ ᠬᠡᠯᠪᠡᠷᠢ ᠪᠠᠷ ᠦᠭᠬᠦ ᠴᠢᠬᠤᠯᠠᠲᠠᠢ᠃ ᠲᠡᠶᠢᠮᠦ ᠪᠤᠯᠬᠤᠷ ᠠᠵᠢᠯᠲᠠᠨ ᠢ ᠨᠡᠮᠡᠵᠦ ᠠᠵᠢᠯᠯᠠᠭᠤᠯᠬᠤ ᠳᠠᠭᠠᠨ᠂ ᠵᠠᠪᠠᠯ ᠬᠠᠤᠯᠢ ᠶᠤᠰᠤᠭᠠᠷ ᠨᠦᠬᠦᠵᠦ ᠠᠮᠠᠷᠠᠬᠤ ᠠᠮᠠᠷᠠᠯᠲᠠ ᠲᠤᠬᠢᠷᠠᠭᠤᠯᠬᠤ ᠪᠤᠶᠤ ᠨᠡᠮᠡᠵᠦ ᠠᠵᠢᠯᠯᠠᠭᠰᠠᠨ ᠴᠠᠯᠢᠩ ᠢ ᠦᠭᠬᠦ ᠴᠢᠬᠤᠯᠠᠲᠠᠢ᠃        ᠵᠢᠯ ᠤᠨ ᠡᠴᠦᠰ ᠤᠨ ᠱᠠᠩᠨᠠᠯ ᠦᠭᠬᠦ ᠲᠤᠬᠠᠢ ᠬᠠᠤᠯᠢ ᠳᠤ ᠲᠤᠳᠤᠷᠬᠠᠢ ᠲᠤᠭᠲᠠᠭᠠᠭᠰᠠᠨ ᠦᠭᠡᠢ᠃ ᠭᠡᠪᠡᠴᠦ ᠬᠡᠷᠪᠡ ᠬᠦᠳᠡᠯᠮᠦᠷᠢ ᠶᠢᠨ ᠭᠡᠷ᠎ᠡ ᠳᠤ ᠲᠤᠳᠤᠷᠬᠠᠢ ᠲᠤᠭᠲᠠᠭᠠᠯ ᠲᠠᠢ ᠡᠰᠡᠬᠦᠯ᠎ᠡ ᠪᠠᠶᠢᠭᠤᠯᠤᠯᠭ᠎ᠠ ᠶᠢᠨ ᠳᠦᠷᠢᠮ ᠲᠤᠭᠲᠠᠭᠠᠯ ᠳᠤ ᠵᠢᠯ ᠤᠨ ᠡᠴᠦᠰ ᠤᠨ ᠱᠠᠩᠨᠠᠯ ᠤᠨ ᠲᠤᠬᠠᠢ ᠲᠤᠳᠤᠷᠬᠠᠢ ᠲᠤᠭᠲᠠᠭᠠᠭᠰᠠᠨ ᠪᠤᠯ᠂ ᠪᠠᠶᠢᠭᠤᠯᠤᠯᠭ᠎ᠠ ᠨᠢ ᠬᠡᠯᠡᠯᠴᠡᠵᠦ ᠲᠤᠭᠲᠠᠭᠰᠠᠨ ᠶᠤᠰᠤᠭᠠᠷ ᠡᠰᠡᠬᠦᠯ᠎ᠡ ᠳᠦᠷᠢᠮ ᠲᠤᠭᠲᠠᠭᠠᠯ ᠶᠤᠰᠤᠭᠠᠷ ᠲᠤᠭᠲᠠᠭᠰᠠᠨ ᠱᠠᠩᠨᠠᠯ ᠤᠨ ᠮᠦᠩᠭᠦ ᠦᠭᠬᠦ ᠬᠡᠷᠡᠭᠲᠡᠢ᠃        ᠠᠵᠢᠯᠲᠠᠨ ᠤᠴᠢᠷ ᠶᠠᠪᠤᠳᠠᠯ ᠤᠨ ᠴᠢᠯᠦᠭᠡ ᠠᠪᠤᠭᠰᠠᠨ ᠬᠤᠭᠤᠴᠠᠭᠠᠨ ᠳᠤ ᠬᠦᠮᠦᠨ ᠬᠡᠷᠡᠭᠯᠡᠬᠦ ᠪᠠᠶᠢᠭᠤᠯᠤᠯᠭ᠎ᠠ ᠳᠠᠭᠠᠨ ᠬᠦᠳᠡᠯᠮᠦᠷᠢᠯᠡᠭᠰᠡᠨ ᠦᠭᠡᠢ ᠪᠠᠶᠢᠳᠠᠯ ᠳᠤᠤᠷ᠎ᠠ᠂ ᠬᠦᠮᠦᠨ ᠬᠡᠷᠡᠭᠯᠡᠬᠦ ᠪᠠᠶᠢᠭᠤᠯᠤᠯᠭ᠎ᠠ ᠵᠠᠷᠴᠢᠮ ᠳᠡᠭᠡᠷ᠎ᠡ ᠪᠠᠨ ᠠᠵᠢᠯᠲᠠᠨ ᠳᠤ ᠤᠴᠢᠷ ᠶᠠᠪᠤᠳᠠᠯ ᠤᠨ ᠴᠢᠯᠦᠭᠡ ᠠᠪᠤᠭᠰᠠᠨ ᠬᠤᠭᠤᠴᠠᠭᠠᠨ ᠳᠠᠬᠢ ᠬᠦᠳᠡᠯᠮᠦᠷᠢ ᠶᠢᠨ ᠬᠦᠯᠦᠰᠦ ᠤᠯᠭᠤᠮᠵᠢ ᠶᠢ ᠦᠭᠬᠦ ᠦᠭᠡᠢ ᠪᠠᠶᠢᠵᠤ ᠪᠤᠯᠤᠨ᠎ᠠ᠃        ᠬᠡᠷᠪᠡ ᠬᠦᠮᠦᠨ ᠬᠡᠷᠡᠭᠯᠡᠬᠦ ᠪᠠᠶᠢᠭᠤᠯᠤᠯᠭ᠎ᠠ ᠶᠢᠨ ᠳᠦᠷᠢᠮ ᠲᠤᠭᠲᠠᠭᠠᠯ ᠳᠤ ᠠᠵᠢᠯᠲᠠᠨ ᠤ ᠤᠴᠢᠷ ᠶᠠᠪᠤᠳᠠᠯ ᠤᠨ ᠴᠢᠯᠦᠭᠡ ᠠᠪᠤᠭᠰᠠᠨ ᠬᠤᠭᠤᠴᠠᠭᠠᠨ ᠳᠠᠬᠢ ᠴᠠᠯᠢᠩ ᠢ ᠬᠡᠷᠬᠢᠨ ᠪᠤᠳᠤᠬᠤ ᠲᠤᠬᠠᠢ ᠲᠤᠳᠤᠷᠬᠠᠢ ᠲᠤᠭᠲᠠᠭᠠᠯ ᠪᠠᠶᠢᠪᠠᠯ᠂ ᠪᠤᠳᠠᠲᠠᠢ ᠲᠤᠭᠲᠠᠭᠠᠯ ᠶᠤᠰᠤᠭᠠᠷ ᠰᠢᠢᠳᠪᠦᠷᠢᠯᠡᠨ᠎ᠡ᠃        ᠠᠮᠠᠷᠠᠯᠲᠠ ᠶᠢᠨ ᠲᠤᠬᠠᠢ        ᠪᠠᠶᠢᠭᠤᠯᠤᠯᠭ᠎ᠠ ᠠᠴᠠ ᠠᠵᠢᠯᠲᠠᠨ ᠤ ᠡᠪᠡᠳᠴᠢᠨ ᠢᠶᠠᠷ ᠴᠢᠯᠦᠭᠡ ᠠᠪᠬᠤ ᠶᠢ ᠬᠢᠨᠠᠨ ᠬᠠᠷᠭᠤᠭᠤᠯᠬᠤ ᠡᠷᠬᠡ  ᠲᠠᠢ᠃ ᠡᠪᠡᠳᠴᠢᠨ ᠢᠶᠠᠷ ᠴᠢᠯᠦᠭᠡ ᠠᠪᠤᠭᠰᠠᠨ ᠠᠵᠢᠯᠲᠠᠨ ᠡᠮᠨᠡᠯᠭᠡ ᠶᠢᠨ ᠬᠤᠷᠢᠶᠠᠨ ᠠᠴᠠ ᠭᠠᠷᠭᠠᠵᠤ ᠦᠭᠭᠦᠭᠰᠡᠨ ᠡᠪᠡᠳᠴᠢᠯᠡᠭᠰᠡᠨ ᠭᠡᠷᠡᠴᠢ ᠬᠠᠩᠭᠠᠵᠤ᠂ ᠴᠢᠯᠦᠭᠡ ᠠᠪᠬᠤ ᠵᠦᠪᠰᠢᠶᠡᠷᠡᠭᠰᠡᠨ ᠭᠠᠷ ᠭᠦᠢᠴᠡᠳᠬᠡᠯ ᠢ ᠭᠦᠢᠴᠡᠳᠬᠡᠭᠰᠡᠨ ᠪᠤᠯ᠂ ᠪᠠᠶᠢᠭᠤᠯᠤᠯᠭ᠎ᠠ ᠠᠴᠠ ᠵᠦᠪᠰᠢᠶᠡᠷᠡᠬᠦ ᠦᠭᠡᠢ ᠪᠠᠶᠢᠵᠤ ᠪᠤᠯᠬᠤ ᠦᠭᠡᠢ᠃        ᠴᠠᠯᠢᠩ ᠲᠠᠢ ᠠᠮᠠᠷᠠᠯᠲᠠ ᠪᠤᠯ ᠬᠠᠤᠯᠢ ᠶᠤᠰᠤᠭᠠᠷ ᠲᠤᠭᠲᠠᠭᠠᠭᠰᠠᠨ ᠠᠮᠠᠷᠠᠯᠲᠠ ᠪᠤᠯᠤᠨ᠎ᠠ᠂ ᠭᠡᠪᠡᠴᠦ ᠴᠠᠯᠢᠩ  ᠲᠠᠢ ᠠᠮᠠᠷᠠᠯᠲᠠ ᠶᠢ ᠳᠤᠷ᠎ᠠ ᠪᠠᠷ ᠠᠪᠴᠤ ᠪᠤᠯᠬᠤ ᠦᠭᠡᠢ᠃ ᠬᠦᠮᠦᠨ ᠬᠡᠷᠡᠭᠯᠡᠬᠦ ᠪᠠᠶᠢᠭᠤᠯᠤᠯᠭ᠎ᠠ ᠠᠵᠢᠯ ᠤᠨ ᠪᠤᠳᠠᠲᠠᠢ ᠪᠠᠶᠢᠳᠠᠯ ᠪᠤᠶᠤ ᠬᠤᠪᠢ ᠬᠦᠮᠦᠨ ᠤ ᠰᠠᠨᠠᠯ ᠢ ᠦᠨᠳᠦᠰᠦᠯᠡᠵᠦ᠂ ᠠᠵᠢᠯᠲᠠᠨ ᠤ ᠴᠠᠯᠢᠩ ᠲᠠᠢ ᠠᠮᠠᠷᠠᠯᠲᠠ ᠶᠢ ᠨᠢᠭᠡᠲᠦᠯᠲᠡᠢ ᠲᠤᠬᠢᠷᠠᠭᠤᠯᠵᠤ᠂ ᠲᠦᠪᠯᠡᠷᠡᠭᠦᠯᠦᠨ ᠠᠮᠠᠷᠠᠭᠤᠯᠬᠤ ᠪᠤᠶᠤ ᠴᠠᠭ ᠬᠤᠭᠤᠴᠠᠭ᠎ᠠ ᠬᠤᠪᠢᠶᠠᠨ ᠠᠮᠠᠷᠠᠭᠤᠯᠵᠤ ᠪᠤᠯᠤᠨ᠎ᠠ᠃        ᠬᠤᠷᠢᠮ ᠤᠨ ᠴᠢᠯᠦᠭᠡ ᠪᠤᠯ ᠠᠵᠢᠯᠲᠠᠨ ᠤ ᠬᠠᠤᠯᠢ ᠶᠤᠰᠤᠨ ᠤ ᠴᠢᠯᠦᠭᠡ ᠠᠪᠬᠤ ᠰᠢᠯᠲᠠᠭᠠᠨ ᠪᠤᠯᠤᠨ᠎ᠠ᠃ ᠬᠠᠤᠯᠢ ᠳᠤ ᠲᠤᠭᠲᠠᠭᠰᠠᠨ ᠭᠠᠷ ᠭᠦᠢᠴᠡᠳᠬᠡᠯ ᠳᠤ ᠨᠡᠶᠢᠴᠡᠭᠰᠡᠨ ᠠᠵᠢᠯᠲᠠᠨ ᠬᠤᠷᠢᠮ ᠤᠨ ᠴᠢᠯᠦᠭᠡ ᠠᠪᠬᠤ ᠦᠶᠡᠰ᠂ ᠪᠠᠶᠢᠭᠤᠯᠤᠯᠭ᠎ᠠ ᠠᠴᠠ ᠵᠠᠷᠴᠢᠮ ᠳᠡᠭᠡᠷ᠎ᠡ ᠪᠠᠨ ᠵᠦᠪᠰᠢᠶᠡᠷᠡᠬᠦ ᠬᠡᠷᠡᠭᠲᠡᠢ᠃ ᠪᠠᠰᠠ ᠠᠵᠢᠯ ᠤᠨ ᠠᠬᠢᠴᠠ ᠲᠠᠢ ᠪᠠᠨ ᠤᠶᠠᠯᠳᠤᠭᠤᠯᠵᠤ ᠠᠵᠢᠯᠲᠠᠨ ᠲᠠᠢ ᠪᠤᠳᠠᠲᠠᠢ ᠠᠮᠠᠷᠠᠯᠲᠠ ᠶᠢᠨ ᠬᠤᠭᠤᠴᠠᠭ᠎ᠠ ᠶᠢ ᠵᠦᠪᠳᠡᠯᠴᠡᠵᠦ ᠪᠤᠯᠤᠨ᠎ᠠ᠃        ᠤᠯᠤᠰ ᠠᠴᠠ ᠨᠢᠭᠡᠨᠲᠡ ᠲᠤᠭᠲᠠᠭᠠᠭᠰᠠᠨ ᠡᠯ᠎ᠡ ᠵᠦᠢᠯ ᠤᠨ ᠠᠯᠪᠠᠨ ᠠᠮᠠᠷᠠᠯᠲᠠ ᠶᠢᠨ ᠡᠳᠦᠷ ᠪᠤᠯᠤᠨ ᠠᠮᠠᠷᠠᠯᠲᠠ ᠶᠢᠨ ᠬᠤᠭᠤᠴᠠᠭᠠᠨ ᠠᠴᠠ ᠭᠠᠳᠠᠨ᠎ᠠ᠂ ᠬᠡᠷᠪᠡ ᠤᠨᠴᠠᠭᠠᠢ ᠪᠠᠶᠢᠳᠠᠯ ᠳᠤᠤᠷ᠎ᠠ ᠠᠵᠢᠯᠲᠠᠨ ᠤ ᠬᠤᠪᠢ ᠬᠦᠮᠦᠨ ᠠᠴᠠ ᠠᠵᠢᠯ ᠤᠨ ᠪᠠᠶᠢᠷᠢ ᠠᠴᠠ ᠪᠠᠨ ᠰᠠᠯᠬᠤ ᠴᠢᠬᠤᠯᠠᠲᠠᠢ ᠦᠶᠡᠰ ᠤᠴᠢᠷ ᠶᠠᠪᠤᠳᠠᠯ ᠤᠨ ᠴᠢᠯᠦᠭᠡ ᠠᠪᠴᠤ ᠪᠤᠯᠤᠨ᠎ᠠ᠂ ᠭᠡᠪᠡᠴᠦ ᠵᠦᠪᠰᠢᠶᠡᠷᠡᠬᠦ ᠡᠷᠬᠡ ᠨᠢ ᠬᠦᠮᠦᠨ ᠬᠡᠷᠡᠭᠯᠡᠬᠦ ᠪᠠᠶᠢᠭᠤᠯᠤᠯᠭ᠎ᠠ ᠳᠤ ᠪᠤᠢ᠃        ᠬᠦᠮᠦᠨ ᠬᠡᠷᠡᠭᠯᠡᠬᠦ ᠪᠠᠶᠢᠭᠤᠯᠤᠯᠭ᠎ᠠ ᠠᠴᠠ ᠠᠵᠢᠯᠲᠠᠨ ᠤ ᠤᠴᠢᠷ ᠶᠠᠪᠤᠳᠠᠯ ᠤᠨ ᠴᠢᠯᠦᠭᠡ ᠠᠪᠬᠤ ᠪᠤᠳᠠᠲᠠᠢ ᠪᠠᠶᠢᠳᠠᠯ ᠢ ᠦᠨᠳᠦᠰᠦᠯᠡᠵᠦ᠂ ᠵᠦᠪᠰᠢᠶᠡᠷᠡᠬᠦ ᠡᠰᠡᠭᠦ ᠪᠠᠨ ᠲᠤᠭᠲᠠᠭᠠᠵᠤ ᠪᠤᠯᠤᠨ᠎ᠠ᠃        ᠶᠠᠷᠢᠶᠠᠨ ᠦᠭᠡᠢ ᠡᠨᠡ ᠨᠢ ᠬᠦᠮᠦᠨ ᠬᠡᠷᠡᠭᠯᠡᠬᠦ ᠪᠠᠶᠢᠭᠤᠯᠤᠯᠭ᠎ᠠ ᠶᠢᠨ ᠳᠦᠷᠢᠮ ᠲᠤᠭᠲᠠᠭᠠᠯ ᠢᠶᠠᠨ ᠲᠡᠭᠦᠯᠳᠡᠷᠵᠢᠭᠦᠯᠬᠦ᠂ ᠠᠵᠢᠯᠲᠠᠨ ᠤ ᠤᠴᠢᠷ ᠶᠠᠪᠤᠳᠠᠯ ᠤᠨ ᠴᠢᠯᠦᠭᠡ ᠠᠪᠬᠤ ᠶᠠᠪᠤᠴᠠ ᠪᠠ ᠵᠦᠪᠰᠢᠶᠡᠷᠡᠬᠦ ᠡᠷᠬᠡ ᠶᠢ ᠲᠤᠳᠤᠷᠠᠭᠤᠯᠬᠤ᠂ ᠳᠦᠷᠢᠮ ᠲᠤᠭᠲᠠᠭᠠᠯ ᠶᠤᠰᠤᠭᠠᠷ ᠬᠢᠨᠠᠨ ᠵᠦᠪᠰᠢᠶᠡᠷᠡᠬᠦ ᠪᠠᠷ ᠪᠠᠷᠠᠬᠤ ᠦᠭᠡᠢ ᠪᠠᠰᠠ ᠠᠵᠢᠯᠲᠠᠨ ᠤ ᠪᠤᠳᠠᠲᠠᠢ ᠪᠠᠶᠢᠳᠠᠯ ᠢ ᠶᠡᠷᠦᠩᠬᠡᠶᠢᠯᠡᠨ ᠪᠤᠳᠤᠯᠬᠢᠯᠠᠬᠤ ᠶᠢ ᠱᠠᠭᠠᠷᠳᠠᠨ᠎ᠠ᠃        ᠨᠦᠬᠦᠪᠦᠷᠢ ᠶᠢᠨ ᠲᠤᠬᠠᠢ        ᠦᠨᠳᠦᠷ ᠳᠤᠯᠠᠭᠠᠨ ᠤ ᠨᠦᠬᠦᠪᠦᠷᠢ ᠪᠤᠯ ᠵᠤᠨ ᠤ ᠤᠯᠠᠷᠢᠯ ᠤᠨ ᠦᠨᠳᠦᠷ ᠳᠤᠯᠠᠭᠠᠨ ᠤ ᠨᠦᠬᠦᠴᠡᠯ ᠳᠤᠤᠷᠠᠬᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠬᠡᠪ ᠤᠨ ᠶᠤᠰᠤᠭᠠᠷ ᠶᠠᠪᠤᠭᠳᠠᠬᠤ᠂ ᠠᠵᠤ ᠠᠬᠤᠶᠢᠯᠠᠯ ᠤᠨ ᠠᠵᠢᠯᠲᠠᠨ ᠤ ᠬᠦᠳᠡᠯᠮᠦᠷᠢ ᠦᠢᠯᠡᠳᠪᠦᠷᠢᠯᠡᠯ ᠤᠨ ᠶᠠᠪᠤᠴᠠ ᠶᠢᠨ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠢ ᠪᠠᠲᠤᠯᠠᠬᠤ ᠶᠢᠨ ᠲᠦᠯᠦᠭᠡ ᠠᠵᠢᠯᠲᠠᠨ ᠤ ᠵᠤᠨ ᠤ ᠤᠯᠠᠷᠢᠯ ᠤᠨ ᠰᠡᠷᠢᠭᠦᠨ ᠤᠮᠳᠠᠭᠠᠨ ᠤ ᠮᠦᠩᠭᠦ ᠦᠭᠬᠦ ᠪᠠᠷᠢᠮᠵᠢᠶ᠎ᠠ ᠶᠢ ᠵᠤᠬᠢᠰᠲᠠᠢ ᠦᠰᠬᠡᠬᠦ ᠪᠠᠷ ᠲᠤᠭᠲᠠᠭᠠᠭᠰᠠᠨ ᠵᠦᠢᠯ ᠪᠤᠯᠤᠨ᠎ᠠ᠃        ᠦᠨᠳᠦᠷ ᠳᠤᠯᠠᠭᠠᠨ ᠤ ᠨᠦᠬᠦᠪᠦᠷᠢ ᠪᠤᠯ ᠴᠠᠯᠢᠩ ᠤᠨ ᠨᠢᠭᠡ ᠪᠦᠷᠢᠯᠳᠦᠭᠦᠨ ᠬᠡᠰᠡᠭ ᠪᠤᠯᠬᠤᠷ ᠵᠤᠭᠤᠰ ᠤᠨ ᠬᠡᠯᠪᠡᠷᠢ ᠪᠠᠷ ᠬᠦᠳᠡᠯᠮᠦᠷᠢᠴᠢᠨ ᠳᠤ ᠦᠭᠬᠦ ᠴᠢᠬᠤᠯᠠᠲᠠᠢ᠃ ᠦᠭᠬᠦ ᠴᠢᠬᠤᠯᠠᠲᠠᠢ ᠪᠠᠶᠢᠲᠠᠯ᠎ᠠ ᠪᠠᠶᠢᠭᠤᠯᠤᠯᠭ᠎ᠠ ᠠᠴᠠ ᠦᠭᠬᠦ ᠦᠭᠡᠢ ᠪᠤᠯ ᠬᠠᠤᠯᠢ ᠠᠴᠠ ᠵᠦᠷᠢᠴᠡᠭᠰᠡᠨ ᠳᠤ ᠲᠤᠭᠠᠴᠠᠭᠳᠠᠵᠤ᠂ ᠬᠠᠮᠤᠭ ᠦᠨᠳᠦᠷ ᠲᠡᠭᠡᠨ 1 ᠲᠦᠮᠡᠨ ᠲᠦᠭᠦᠷᠢᠭ ᠢᠶᠠᠷ ᠲᠤᠷᠭᠠᠨ᠎ᠠ᠃ ᠬᠡᠷᠪᠡ ᠪᠦᠬᠦᠨ ᠢ ᠦᠭᠭᠦᠭᠰᠡᠨ ᠦᠭᠡᠢ ᠪᠤᠯ ᠴᠠᠯᠢᠩ ᠢ ᠦᠷᠢᠲᠦᠭᠰᠡᠨ ᠪᠤᠶᠤ ᠦᠯᠡᠳᠡᠭᠡᠵᠦ ᠠᠪᠤᠭᠰᠠᠨ ᠢᠶᠠᠷ ᠦᠵᠡᠨ᠎ᠡ᠃        ᠬᠦᠩᠭᠡᠵᠢᠬᠦ ᠨᠡᠮᠡᠭᠦᠷᠢ ᠪᠤᠯ ᠳᠠᠷᠤᠢ ᠬᠦᠩᠭᠡᠵᠢᠬᠦ ᠳᠠᠭᠠᠳᠬᠠᠯ ᠤᠨ ᠰᠠᠭᠤᠷᠢ ᠮᠦᠩᠭᠦ ᠠᠴᠠ ᠡᠮᠡᠭᠲᠡᠢ ᠠᠵᠢᠯᠲᠠᠨ ᠳᠤ ᠤᠯᠭᠤᠬᠤ ᠬᠦᠩᠭᠡᠵᠢᠭᠰᠡᠨ ᠬᠤᠭᠤᠴᠠᠭᠠᠨ ᠤ ᠴᠠᠯᠢᠩ ᠪᠤᠯᠤᠨ᠎ᠠ᠃        ᠬᠦᠩᠭᠡᠵᠢᠬᠦ ᠨᠡᠮᠡᠭᠦᠷᠢ ᠪᠤᠯ ᠡᠮᠡᠭᠲᠡᠢ ᠠᠵᠢᠯᠲᠠᠨ ᠤ ᠬᠦᠩᠭᠡᠵᠢᠬᠦ ᠬᠤᠭᠤᠴᠠᠭᠠᠨ ᠤ ᠴᠠᠯᠢᠩ ᠮᠦᠷᠲᠡᠭᠡᠨ ᠬᠦᠷᠲᠡᠬᠦ ᠶᠤᠰᠤᠲᠠᠢ ᠬᠠᠤᠯᠢ ᠶᠤᠰᠤᠨ ᠤ ᠡᠷᠬᠡ ᠠᠰᠢᠭ ᠪᠤᠯᠤᠨ᠎ᠠ᠃ ᠡᠨᠡᠬᠦ ᠡᠷᠬᠡ ᠶᠢ ᠠᠵᠤ ᠠᠬᠤᠶᠢᠯᠠᠯ ᠤᠨ ᠤᠯᠭᠤᠭᠰᠠᠨ ᠱᠠᠩᠨᠠᠯ ᠪᠤᠯᠭᠠᠨ ᠬᠤᠪᠢᠷᠠᠭᠤᠯᠵᠤ ᠪᠤᠯᠬᠤ ᠦᠭᠡᠢ᠃        ᠨᠡᠮᠡᠵᠦ ᠠᠵᠢᠯᠯᠠᠭᠰᠠᠨ ᠨᠡᠮᠡᠭᠦᠷᠢ ᠪᠤᠯ ᠬᠦᠮᠦᠨ ᠬᠡᠷᠡᠭᠯᠡᠬᠦ ᠪᠠᠶᠢᠭᠤᠯᠤᠯᠭ᠎ᠠ ᠶᠢᠨ ᠲᠤᠰ ᠠᠵᠤ ᠠᠬᠤᠶᠢᠯᠠᠯ ᠤᠨ ᠠᠵᠢᠯᠲᠠᠨ ᠳᠠᠭᠠᠨ ᠲᠤᠭᠲᠠᠭᠠᠭᠰᠠᠨ ᠨᠢᠭᠡ ᠵᠦᠢᠯ ᠤᠨ ᠠᠰᠠᠷᠠᠮᠵᠢ ᠶᠢᠨ ᠳᠦᠷᠢᠮ ᠪᠠᠶᠢᠵᠤ᠂ ᠬᠠᠤᠯᠢ ᠴᠠᠭᠠᠵᠠ ᠠᠴᠠ ᠨᠡᠮᠡᠵᠦ ᠠᠵᠢᠯᠯᠠᠭᠰᠠᠨ ᠨᠡᠮᠡᠭᠦᠷᠢ ᠳᠤ ᠠᠯᠪᠠᠳᠠᠯᠭ᠎ᠠ ᠶᠢᠨ ᠴᠢᠨᠠᠷᠲᠠᠢ ᠱᠠᠭᠠᠷᠳᠠᠯᠭ᠎ᠠ ᠦᠭᠡᠢ᠃ ᠬᠦᠮᠦᠨ ᠬᠡᠷᠡᠭᠯᠡᠬᠦ ᠪᠠᠶᠢᠭᠤᠯᠤᠯᠭ᠎ᠠ ᠡᠵᠡᠩᠨᠡᠯᠲᠡ ᠶᠢᠨ ᠤᠨᠴᠠᠯᠢᠭ ᠪᠠ ᠠᠵᠤ ᠠᠬᠤᠶᠢᠯᠠᠯ ᠤᠨ ᠱᠠᠭᠠᠷᠳᠠᠯᠭ᠎ᠠ ᠲᠠᠢ ᠤᠶᠠᠯᠳᠤᠭᠤᠯᠵᠤ᠂ ᠨᠡᠮᠡᠵᠦ ᠠᠵᠢᠯᠯᠠᠭᠰᠠᠨ ᠨᠡᠮᠡᠭᠦᠷᠢ ᠶᠢᠨ ᠳᠦᠷᠢᠮ ᠢᠶᠠᠨ ᠲᠤᠭᠲᠠᠭᠠᠬᠤ ᠪᠠ ᠬᠡᠷᠡᠭᠵᠢᠭᠦᠯᠬᠦ ᠪᠠᠨ ᠰᠢᠢᠳᠪᠦᠷᠢᠯᠡᠵᠦ ᠪᠤᠯᠤᠨ᠎ᠠ        ᠳᠤᠯᠠᠭᠠᠯᠠᠭ᠎ᠠ ᠶᠢᠨ ᠨᠦᠬᠦᠪᠦᠷᠢ ᠪᠤᠯ ᠠᠵᠢᠯᠲᠠᠨ ᠤ ᠨᠢᠭᠡ ᠵᠦᠢᠯ ᠤᠨ ᠠᠰᠠᠷᠠᠮᠵᠢ ᠪᠤᠯᠤᠨ᠎ᠠ᠃ ᠠᠵᠢᠯᠲᠠᠨ ᠳᠤ ᠳᠤᠯᠠᠭᠠᠯᠠᠭ᠎ᠠ ᠶᠢᠨ ᠨᠦᠬᠦᠪᠦᠷᠢ ᠦᠭᠬᠦ ᠲᠤᠬᠠᠢ ᠬᠠᠤᠯᠢ ᠴᠠᠭᠠᠵᠠ ᠶᠢᠨ ᠠᠯᠪᠠᠳᠠᠯᠭ᠎ᠠ ᠶᠢᠨ ᠴᠢᠨᠠᠷᠲᠠᠢ ᠲᠤᠭᠲᠠᠭᠠᠯ ᠦᠭᠡᠢ᠂ ᠠᠵᠤ ᠠᠬᠤᠶᠢᠯᠠᠯ ᠠᠴᠠ ᠡᠵᠡᠩᠨᠡᠯᠲᠡ ᠶᠢᠨ ᠪᠠᠶᠢᠳᠠᠯ ᠢᠶᠠᠨ ᠦᠨᠳᠦᠰᠦᠯᠡᠵᠦ ᠦᠪᠡᠷᠲᠡᠭᠡᠨ ᠲᠤᠭᠲᠠᠭᠠᠵᠤ ᠪᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号