ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠠᠳᠡᠯ ︵ᠵᠢᠷᠭᠤᠭ᠎ᠠ︶
ᠨᠡᠶᠢᠲᠡᠯᠡᠭᠰᠡᠨ ᠴᠠᠭ᠄
2017-07-10
       ᠵᠠᠷ ᠤᠨ ᠴᠢᠨᠠᠷᠳᠠᠢ ᠴᠢᠰᠤ ᠭᠠᠷᠬᠤ ᠬᠠᠯᠠᠭᠤᠨ        ᠵᠠᠷ ᠤᠨ ᠴᠢᠨᠠᠷᠳᠠᠢ ᠴᠢᠰᠤ ᠭᠠᠷᠬᠤ ᠬᠠᠯᠠᠭᠤᠨ ᠪᠤᠯ ᠨᠢᠬᠡ ᠵᠦᠢᠯ ᠤᠨ ᠡᠪᠡᠳᠴᠢᠨ ᠤ ᠬᠤᠤᠷ᠎ᠠ ᠠᠴᠠ ᠡᠬᠦᠰᠦᠭᠰᠡᠨ ᠬᠢᠵᠢᠭ ᠤᠨ ᠴᠢᠨᠠᠷᠳᠠᠢ ᠡᠪᠡᠳᠴᠢᠨ ᠪᠤᠯᠤᠨ᠎ᠠ᠃ ᠳᠤᠯᠤᠭᠠᠢ ᠡᠪᠡᠳᠬᠦ᠂ ᠨᠢᠷᠤᠭᠤ ᠡᠪᠡᠳᠬᠦ᠂ ᠨᠢᠳᠦᠨ ᠵᠤᠪᠬᠢ ᠡᠪᠡᠳᠬᠦ᠂ ᠬᠠᠴᠠᠷ᠂ ᠬᠦᠵᠦᠬᠦᠤ᠂ ᠴᠡᠬᠡᠵᠢ ᠤᠯᠠᠶᠢᠬᠤ ᠵᠡᠷᠬᠡ ᠢᠯᠡᠷᠡᠯ ᠭᠠᠷᠳᠠᠭ᠃ ᠬᠦᠨᠳᠦ ᠨᠤᠴᠢᠳᠠᠢ ᠨᠢ ᠠᠷᠠᠰᠤ ᠵᠡᠷᠬᠡ ᠠᠴᠠ ᠴᠢᠰᠤ ᠭᠠᠷᠴᠤ᠂ ᠳᠤᠳᠤᠷ ᠪᠦᠬᠡᠷ᠎ᠡ ᠶᠢ ᠬᠤᠤᠷᠠᠳᠠᠭᠤᠯᠳᠠᠭ᠃        ᠰᠡᠷᠬᠡᠶᠢᠯᠡᠬᠦ ᠭᠤᠤᠯᠳᠠᠯᠭ᠎ᠠ        ● ᠤᠯᠠᠨ ᠵᠦᠢᠯ ᠤᠨ ᠬᠡᠯᠪᠡᠷᠢ ᠪᠠᠷ ᠬᠤᠯᠤᠭᠠᠨ᠎ᠠ ᠶᠢ ᠤᠰᠠᠳᠬᠠᠨ᠎ᠠ᠃        ● ᠢᠳᠡᠬᠡᠨ ᠪᠤᠯᠤᠨ ᠬᠤᠪᠢ ᠬᠦᠮᠦᠨ ᠤ ᠡᠷᠡᠬᠦᠯ ᠬᠠᠮᠠᠭᠠᠯᠠᠯ ᠢ ᠰᠠᠶᠢᠳᠤᠷ ᠬᠢᠨ᠎ᠡ᠃        ᠠᠷᠭᠠᠴᠠᠭᠠᠬᠤ ᠭᠤᠤᠯᠳᠠᠯᠭ᠎ᠠ        ● ᠡᠪᠡᠳᠴᠢᠨ ᠤ ᠢᠯᠡᠷᠡᠯ ᠭᠠᠷᠪᠠᠯ ᠳᠠᠷᠦ᠋ᠢᠬᠠᠨ ᠡᠮᠨᠡᠯᠬᠡ ᠳᠤ ᠤᠴᠢᠵᠤ ᠤᠨᠤᠰᠢᠭᠤᠯᠤᠨ ᠵᠠᠰᠠᠨ᠎ᠠ᠃        ● ᠡᠪᠡᠳᠴᠢᠳᠡᠨ ᠢ ᠤᠷᠤ ᠠᠴᠠ ᠨᠢ ᠬᠦᠳᠡᠯᠬᠡᠵᠦ ᠪᠤᠯᠬᠤ ᠦᠬᠡᠢ᠂ ᠮᠡᠳᠡᠭᠡ ᠠᠯᠳᠠᠬᠤ ᠶᠢ ᠰᠡᠷᠬᠡᠶᠢᠯᠡᠨ᠎ᠡ᠃ ᠰᠢᠮ᠎ᠡ ᠳᠡᠵᠢᠬᠡᠯ ᠰᠠᠶᠢᠳᠠᠢ ᠢᠳᠡᠬᠡᠨ ᠵᠡᠷᠬᠡ ᠶᠢ ᠢᠳᠡᠬᠦᠯᠵᠦ ᠰᠢᠩᠬᠡᠬᠡᠯᠳᠡ ᠳᠤ ᠰᠠᠶᠢᠨ ᠡᠰᠡᠬᠦ ᠶᠢ ᠠᠩᠬᠠᠷᠤᠨ᠎ᠠ᠃        ● ᠡᠪᠡᠳᠴᠢᠳᠡᠨ ᠤ ᠬᠡᠷᠡᠭᠰᠡᠯ ᠡᠳ᠋ᠯᠡᠯ ᠢ ᠠᠷᠢᠭᠤᠳᠬᠠᠨ᠎ᠠ᠃        ● ᠡᠪᠡᠳᠴᠢᠳᠡᠨ ᠲᠠᠢ ᠤᠶᠢᠷᠠᠳᠤᠭᠠᠳ ᠪᠡᠶ᠎ᠡ ᠳᠤ ᠳᠠᠭᠠᠯᠠᠮᠵᠢ ᠦᠬᠡᠢ ᠢᠯᠡᠷᠡᠯ ᠭᠠᠷᠪᠠᠯ ᠳᠠᠷᠦ᠋ᠢᠬᠠᠨ ᠡᠮᠨᠡᠯᠬᠡ ᠳᠤ ᠤᠴᠢᠨ᠎ᠠ᠃        ᠠᠶᠢᠽ ᠡᠪᠡᠳᠴᠢᠨ        ᠠᠶᠢᠽ ᠡᠪᠡᠳᠴᠢᠨ ᠪᠤᠯ ᠬᠦᠮᠦᠨ ᠤ ᠪᠡᠶ᠎ᠡ ᠮᠠᠬᠠᠪᠤᠳ ᠤᠨ ᠦᠯᠦ ᠬᠠᠯᠳᠠᠭᠠᠬᠤ ᠴᠢᠳᠠᠪᠤᠷᠢ ᠮᠡᠬᠦᠰᠳᠡᠭᠰᠡᠨ ᠠᠴᠠ ᠪᠤᠯᠤᠭᠰᠠᠨ ᠬᠢᠵᠢᠭ ᠪᠤᠯᠤᠨ᠎ᠠ᠃ ᠭᠤᠤᠯᠳᠠᠭᠤ ᠬᠠᠯᠠᠭᠤᠷᠠᠬᠤ᠂ ᠯᠢᠮᠹ ᠤᠨ ᠪᠤᠯᠴᠢᠷᠬᠠᠢ ᠳᠤᠮᠤᠷᠠᠬᠤ᠂ ᠪᠡᠶ᠎ᠡ ᠶᠢᠨ ᠬᠦᠴᠦ ᠳᠠᠮᠢᠷ ᠪᠠᠭᠤᠷᠠᠬᠤ᠂ ᠳᠤᠯᠤᠭᠠᠢ ᠡᠷᠬᠢᠬᠦ᠂ ᠳᠤᠯᠤᠭᠠᠢ ᠡᠪᠡᠳᠬᠦ ᠵᠡᠷᠬᠡ ᠶᠢᠨ ᠢᠯᠡᠷᠡᠯ ᠭᠠᠷᠳᠠᠭ᠃ ᠪᠡᠯᠬᠡ ᠶᠢᠨ ᠠᠵᠢᠯᠯᠠᠭ᠎ᠠ᠂ ᠴᠢᠰᠤ᠂ ᠬᠡᠥᠬᠡᠳ ᠬᠦᠬᠦᠬᠦᠯᠬᠦ ᠵᠡᠷᠬᠡ ᠠᠴᠠ ᠬᠠᠯᠳᠠᠪᠤᠷᠢᠯᠠᠭᠳᠠᠨ᠎ᠠ᠃        ᠰᠡᠷᠬᠡᠶᠢᠯᠡᠬᠦ ᠭᠤᠤᠯᠳᠠᠯᠭ᠎ᠠ        ● ᠬᠤᠤᠷ ᠳᠠᠳᠠᠬᠤ ᠦᠬᠡᠢ᠃        ● ᠬᠠᠰᠢ ᠶᠠᠰᠢ ᠪᠠᠷ ᠴᠢᠰᠤ ᠶᠡᠬᠦᠯᠡᠵᠦ ᠪᠤᠯᠬᠤ ᠦᠬᠡᠢ᠂ ᠤᠯᠠᠨ ᠬᠦᠮᠦᠨ ᠬᠠᠮᠳᠤ ᠪᠠᠷ ᠡᠮ ᠶᠡᠬᠦᠯᠡᠬᠦ ᠪᠠᠭᠠᠵᠢ ᠶᠢ ᠬᠡᠷᠡᠭᠯᠡᠵᠦ ᠪᠤᠯᠬᠤ ᠦᠬᠡᠢ᠃        ● ᠠᠷᠢᠭᠤᠳᠬᠠᠯ ᠢ ᠴᠢᠩᠭ᠎ᠠ ᠨᠢᠮᠪᠠᠢ ᠬᠢᠭᠰᠡᠨ ᠦᠬᠡᠢ ᠡᠮᠨᠡᠯᠬᠡ ᠶᠢᠨ ᠭᠠᠵᠠᠷ ᠤᠴᠢᠵᠤ ᠰᠢᠳᠦ ᠪᠠᠨ ᠠᠪᠤᠭᠤᠯᠬᠤ᠂ ᠴᠢᠬᠢ ᠪᠠᠨ ᠴᠤᠭᠤᠯᠬᠤ᠂ ᠬᠦᠮᠦᠰᠬᠡ ᠪᠠᠨ ᠵᠠᠰᠠᠬᠤ᠂ ᠮᠡᠰᠡ ᠵᠠᠰᠠᠯ ᠬᠢᠯᠬᠡᠬᠦ ᠶᠢ ᠬᠢᠴᠢᠶᠡᠨ᠎ᠡ᠃        ● ᠶᠠᠩᠬᠠᠯᠠᠬᠤ᠂ ᠶᠠᠩᠬᠠᠨ ᠳᠤ ᠤᠷᠤᠬᠤ ᠶᠢ ᠴᠡᠬᠡᠷᠯᠡᠨ᠎ᠡ᠃        ᠠᠷᠭᠠᠴᠠᠭᠠᠬᠤ ᠭᠤᠤᠯᠳᠠᠯᠭ᠎ᠠ        ● ᠠᠶᠢᠽ ᠡᠪᠡᠳᠴᠢᠨ ᠳᠤ ᠨᠡᠷᠪᠡᠭᠳᠡᠭᠰᠡᠨ ᠡᠮᠡᠭᠳᠠᠶᠢᠴᠤᠳ ᠵᠢᠷᠮᠦᠰᠯᠡᠬᠦ ᠶᠢ ᠴᠡᠬᠡᠷᠯᠡᠨ᠎ᠡ᠃        ● ᠠᠶᠢᠽ ᠡᠪᠡᠳᠴᠢᠨ ᠳᠤ ᠨᠡᠷᠪᠡᠭᠳᠡᠭᠰᠡᠳ ᠬᠠᠮᠠᠭᠠᠯᠠᠯ ᠦᠬᠡᠢ ᠠᠵᠢᠯᠯᠠᠭ᠎ᠠ ᠶᠢ ᠴᠡᠬᠡᠷᠯᠡᠨ᠎ᠡ᠃        ● ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠡᠮᠴᠢᠯᠡᠨ ᠵᠠᠰᠠᠵᠤ ᠬᠠᠮᠢᠶᠠᠷᠬᠤ ᠳᠤ ᠢᠳᠡᠪᠬᠢᠳᠠᠢ ᠬᠠᠮᠵᠢᠯᠴᠠᠨ᠎ᠠ᠃
 
ᠢᠷᠡᠯᠲᠡ᠄ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号