ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠠᠳᠡᠯ ︵ᠳᠦᠷᠪᠡ︶
ᠨᠡᠶᠢᠲᠡᠯᠡᠭᠰᠡᠨ ᠴᠠᠭ᠄
2017-07-10
       ᠭᠠᠷ ᠬᠦᠯ ᠠᠮᠠᠨ ᠬᠦᠨᠳᠡᠢ ᠶᠢᠨ ᠡᠪᠡᠳᠴᠢᠨ ᠭᠠᠷ ᠬᠦᠯ ᠠᠮᠠᠨ ᠬᠦᠨᠳᠡᠢ ᠶᠢᠨ ᠡᠪᠡᠳᠴᠢᠨ ᠨᠢ ᠬᠡᠳᠡᠰᠦᠨ ᠵᠠᠮ ᠤᠨ ᠡᠪᠡᠳᠴᠢᠨ ᠤ ᠬᠤᠤᠷ᠎ᠠ ᠠᠴᠠ ᠡᠬᠦᠰᠳᠡᠭ ᠳᠦᠷᠬᠡᠨ ᠴᠢᠨᠠᠷᠳᠠᠢ ᠬᠠᠯᠳᠠᠪᠤᠷᠢᠳᠤ ᠡᠪᠡᠳᠴᠢᠨ ᠪᠤᠯᠤᠨ᠎ᠠ᠃ ᠭᠤᠤᠯᠳᠠᠭᠤ ᠰᠤᠷᠬᠤ ᠨᠠᠰᠤᠨ ᠠᠴᠠ ᠡᠮᠦᠨᠡᠬᠢ ᠬᠡᠥᠬᠡᠳ᠂ ᠢᠯᠠᠩᠭᠤᠶ᠎ᠠ 3 ᠨᠠᠰᠤᠨ ᠠᠴᠠ ᠳᠤᠷᠤᠭᠰᠢᠬᠢ ᠬᠡᠥᠬᠡᠳ ᠲᠤ ᠬᠠᠮᠤᠭ ᠤᠯᠠᠨ ᠢᠯᠡᠷᠡᠳᠡᠭ᠃ ᠡᠪᠡᠳᠴᠢᠳᠡᠨ ᠪᠤᠶᠤ ᠨᠢᠭᠤᠭᠳᠠᠮᠠᠯ ᠦᠷᠪᠢᠰᠦᠯ ᠲᠠᠢ ᠬᠦᠮᠦᠨ ᠪᠦᠷ ᠬᠠᠯᠳᠠᠪᠤᠷᠢᠯᠠᠵᠤ ᠮᠡᠳᠡᠨ᠎ᠡ᠃ ᠭᠤᠤᠯᠳᠠᠭᠤ ᠰᠢᠩᠬᠡᠬᠡᠯᠳᠡ ᠶᠢᠨ ᠵᠠᠮ᠂ ᠠᠮᠢᠰᠬᠤᠯ ᠤᠨ ᠵᠠᠮ ᠪᠤᠯᠤᠨ ᠡᠪᠡᠳᠴᠢᠳᠡᠨ ᠲᠠᠢ ᠤᠶᠢᠷᠠᠳᠤᠭᠰᠠᠨ ᠵᠡᠷᠬᠡ ᠪᠠᠷ ᠬᠠᠯᠳᠠᠪᠤᠷᠢᠯᠠᠨ᠎ᠠ᠃ ᠭᠤᠤᠯ ᠢᠯᠡᠷᠡᠯ ᠨᠢ ᠬᠡᠪᠡᠯ ᠭᠠᠷ᠂ ᠬᠦᠯ᠂ ᠠᠮᠠᠨ ᠬᠦᠨᠳᠡᠢ ᠶᠢᠨ ᠬᠡᠰᠡᠭ ᠲᠤ ᠳᠤᠯᠪᠤ᠂ ᠴᠦᠬᠦᠷᠢᠬᠦᠤ ᠭᠠᠷᠳᠠᠭ᠃ ᠴᠦᠬᠡᠨ ᠳᠤᠭᠠᠨ ᠤ ᠡᠪᠡᠳᠴᠢᠳᠡᠨ ᠨᠢ ᠳᠠᠷᠢᠬᠢᠨ ᠤ ᠪᠦᠷᠬᠦᠪᠴᠢ ᠶᠢᠨ ᠦᠷᠪᠢᠰᠦᠯ᠂ ᠳᠠᠷᠢᠬᠢᠨ ᠦᠷᠪᠢᠰᠦᠯ᠂ ᠠᠭᠤᠰᠬᠢᠨ ᠬᠠᠪᠤᠩ ᠵᠡᠷᠬᠡ ᠶᠢᠨ ᠢᠯᠡᠷᠡᠯ ᠭᠠᠷᠳᠠᠭ᠃        ᠰᠡᠷᠬᠡᠶᠢᠯᠡᠬᠦ ᠭᠤᠤᠯᠳᠠᠯᠭ᠎ᠠ        ● ᠬᠤᠪᠢ ᠬᠦᠮᠦᠨ ᠤ ᠡᠷᠡᠬᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠤᠢ ᠪᠤᠯᠭᠠᠵᠤ᠂ ᠪᠤᠳᠠᠭ᠎ᠠ ᠢᠳᠡᠬᠦ ᠠᠴᠠ ᠡᠮᠦᠨ᠎ᠡ ᠭᠠᠷ ᠢᠶᠠᠨ ᠤᠬᠢᠶᠠᠵᠤ᠂ ᠪᠡᠶ᠎ᠡ ᠵᠠᠰᠠᠭᠰᠠᠨ ᠤ ᠳᠠᠷᠠᠭ᠎ᠠ ᠭᠠᠷ ᠢᠶᠠᠨ ᠤᠬᠢᠶᠠᠬᠤ ᠶᠢ ᠪᠠᠷᠢᠮᠳᠠᠯᠠᠵᠤ᠂ ᠬᠠᠨᠢᠶᠠᠬᠤ ᠨᠢᠳᠠᠭᠠᠬᠤ ᠳᠤ ᠪᠠᠨ ᠠᠮᠠ ᠪᠠᠨ ᠪᠢᠳᠡᠬᠦᠯᠬᠦ ᠬᠡᠷᠡᠭᠳᠠᠢ᠃        ● ᠬᠡᠥᠬᠡᠳ ᠢᠶᠠᠨ ᠳᠠᠭᠠᠭᠤᠯᠤᠨ ᠬᠦᠮᠦᠨ ᠤᠯᠠᠨ ᠭᠠᠵᠠᠷ ᠤᠴᠢᠬᠤ ᠶᠢ ᠬᠢᠴᠢᠶᠡᠵᠦ᠂ ᠬᠡᠷ ᠤᠨ ᠴᠤᠩᠬᠤ ᠪᠠᠨ ᠦᠷᠬᠦᠯᠵᠢ ᠨᠡᠬᠡᠬᠡᠵᠦ ᠠᠷᠢᠭᠤᠨ ᠴᠡᠪᠡᠷ ᠠᠭᠤᠷ ᠠᠮᠢᠰᠬᠤᠯ ᠨᠡᠪᠳᠡᠷᠡᠬᠦᠯᠦᠨ᠎ᠡ᠃        ● ᠭᠠᠷ ᠬᠦᠯ ᠠᠮᠠᠨ ᠬᠦᠨᠳᠡᠢ ᠶᠢᠨ ᠡᠪᠡᠳᠴᠢᠳᠡᠨ ᠯᠦᠭᠡ ᠤᠶᠢᠷᠠᠳᠬᠤ ᠶᠢ ᠴᠡᠬᠡᠷᠯᠡᠨ᠎ᠡ᠃        ᠠᠷᠭᠠᠴᠠᠭᠠᠬᠤ ᠭᠤᠤᠯᠳᠠᠯᠭ᠎ᠠ        ● ᠬᠡᠥᠬᠡᠳ ᠬᠠᠯᠠᠭᠤᠷᠠᠬᠤ᠂ ᠳᠤᠯᠪᠤ ᠭᠠᠷᠬᠤ ᠮᠡᠳᠦ ᠶᠢᠨ ᠢᠯᠡᠷᠡᠯ ᠲᠠᠢ ᠪᠤᠯ ᠡᠷᠳᠡᠬᠡᠨ ᠡᠮᠨᠡᠯᠬᠡ ᠳᠤ ᠬᠦᠷᠴᠦ ᠡᠮᠨᠡᠬᠦᠯᠦᠨ᠎ᠡ᠃ ᠡᠷᠳᠡ ᠢᠯᠡᠷᠡᠬᠦᠯᠵᠦ᠂ ᠡᠷᠳᠡ ᠮᠡᠳᠡᠬᠦᠯᠵᠦ᠂ ᠡᠷᠳᠡ ᠳᠤᠰᠠᠭᠠᠷᠯᠠᠵᠤ᠂ ᠡᠷᠳᠡ ᠡᠮᠨᠡᠨ ᠵᠠᠰᠠᠭᠤᠯᠤᠨ᠎ᠠ᠃        ● ᠬᠡᠥᠬᠡᠳ ᠤᠨ ᠡᠪᠡᠳᠴᠢᠨ ᠢ ᠳᠤᠳᠤᠯᠠᠪᠠᠯ ᠳᠤᠰᠭᠠᠷᠯᠠᠬᠤ ᠪᠤᠶᠤ ᠠᠷᠢᠭᠤᠳᠬᠠᠨ᠎ᠠ᠃        ● ᠡᠪᠡᠳᠴᠢᠨ ᠲᠠᠢ ᠬᠡᠥᠬᠡᠳ ᠲᠤ ᠰᠢᠩᠬᠡᠨ ᠪᠤᠶᠤ ᠬᠠᠭᠠᠰ ᠰᠢᠩᠬᠡᠨ ᠢᠳᠡᠬᠡᠨ ᠢᠳᠡᠬᠦᠯᠦᠨ᠎ᠡ᠃        ᠪᠤᠭᠤᠮ᠎ᠠ ᠡᠪᠡᠳᠴᠢᠨ        ᠪᠤᠭᠤᠮ᠎ᠠ ᠡᠪᠡᠳᠴᠢᠨ ᠪᠤᠯ ᠠᠮᠢᠳᠠᠨ ᠳᠤ ᠬᠠᠯᠳᠠᠪᠤᠷᠢᠯᠠᠬᠤ ᠡᠪᠡᠳᠴᠢᠨ ᠪᠤᠯᠤᠨ᠎ᠠ᠃ ᠬᠦᠮᠦᠰ ᠪᠤᠭᠤᠮ᠎ᠠ ᠡᠪᠡᠳᠴᠢᠨ ᠲᠠᠢ ᠦᠬᠡᠷ᠂ ᠬᠤᠨᠢ᠂ ᠭᠠᠭ᠋ᠠᠢ᠂ ᠨᠤᠬᠠᠢ ᠵᠡᠷᠬᠡ ᠠᠮᠢᠳᠠᠨ ᠠᠳᠤᠭᠤᠰᠤ ᠲᠠᠢ ᠤᠶᠢᠷᠠᠳᠤᠭᠰᠠᠨ ᠠᠴᠠ ᠬᠠᠯᠳᠠᠪᠤᠷᠢᠯᠠᠨ ᠦᠷᠪᠢᠰᠦᠯ ᠡᠬᠦᠰᠳᠡᠭ᠃ ᠬᠦᠮᠦᠨ ᠳᠤ ᠬᠠᠯᠳᠠᠪᠤᠷᠢᠯᠠᠪᠠᠯ ᠴᠦᠪᠦᠷᠢᠬᠦᠤ ᠭᠠᠷᠴᠤ᠂ ᠡᠴᠦᠰ ᠲᠤ ᠪᠠᠨ ᠴᠢᠰᠤ ᠭᠠᠷᠴᠤ ᠦᠬᠦᠳᠡᠭ᠃        ᠰᠡᠷᠬᠡᠶᠢᠯᠡᠬᠦ ᠭᠤᠤᠯᠳᠠᠯᠭ᠎ᠠ        ● ᠰᠠᠷᠢᠭᠠᠴᠢᠨ ᠠᠴᠠ ᠦᠬᠦᠭᠰᠡᠨ ᠮᠠᠯ ᠤᠨ ᠮᠢᠬ᠎ᠠ ᠶᠢ ᠠᠪᠴᠤ ᠢᠳᠡᠬᠦ ᠦᠬᠡᠢ᠂ ᠦᠬᠦᠭᠰᠡᠨ ᠮᠠᠯ ᠲᠠᠢ ᠤᠶᠢᠷᠠᠳᠴᠤ ᠪᠤᠯᠬᠤ ᠦᠬᠡᠢ᠃        ● ᠮᠠᠯ ᠠᠷᠠᠴᠢᠯᠠᠬᠤ ᠪᠤᠶᠤ ᠠᠯᠠᠵᠤ ᠨᠢᠳᠤᠯᠠᠬᠤ ᠬᠦᠮᠦᠰ ᠬᠤᠪᠢ ᠬᠦᠮᠦᠨ ᠤ ᠡᠷᠡᠬᠦᠯ ᠬᠠᠮᠠᠭᠠᠯᠠᠯ ᠢ ᠠᠩᠬᠠᠷᠴᠤ᠂ ᠠᠵᠢᠯ ᠤᠨ ᠬᠤᠪᠴᠠᠰᠤ ᠡᠮᠦᠰᠴᠦ᠂ ᠳᠤᠭᠳᠠᠭᠰᠠᠨ ᠬᠤᠭᠤᠴᠠᠭ᠎ᠠ ᠲᠠᠢ ᠪᠠᠷ ᠡᠷᠡᠬᠦᠯ ᠮᠡᠨᠳᠦ ᠶᠢᠨ ᠪᠠᠶᠢᠴᠠᠭᠠᠯᠳᠠ ᠬᠢᠬᠦ ᠬᠡᠷᠡᠭᠳᠠᠢ᠃        ᠠᠷᠭᠠᠴᠠᠭᠠᠬᠤ ᠭᠤᠤᠯᠳᠠᠯᠭ᠎ᠠ        ● ᠪᠤᠭᠤᠮ᠎ᠠ ᠡᠪᠡᠳᠴᠢᠨ ᠤ ᠢᠯᠡᠷᠡᠯ ᠭᠠᠷᠪᠠᠯ ᠴᠠᠭ ᠳᠤᠬᠠᠢ ᠳᠤ ᠨᠢ ᠡᠮᠨᠡᠬᠦᠯᠬᠦ ᠬᠡᠷᠡᠭᠳᠠᠢ᠃        ● ᠪᠤᠭᠤᠮ᠎ᠠ ᠡᠪᠡᠳᠴᠢᠨ ᠤ ᠪᠠᠶᠢᠳᠠᠯ ᠢ ᠮᠡᠳᠡᠪᠡᠯ ᠴᠠᠭ ᠳᠤᠬᠠᠢ ᠳᠤ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠮᠡᠳᠡᠬᠦᠯᠬᠦ ᠬᠡᠷᠡᠭᠳᠠᠢ᠃        ● ᠡᠪᠡᠳᠴᠢᠳᠡᠨ ᠢ ᠳᠤᠰᠠᠭᠠᠷᠯᠠᠵᠤ᠂ ᠡᠪᠡᠳᠴᠢᠨ ᠢ ᠨᠢ ᠡᠮᠨᠡᠵᠦ ᠠᠷᠢᠭᠤᠳᠬᠠᠬᠤ ᠬᠡᠷᠡᠭᠳᠠᠢ᠃        ● ᠬᠡᠮ ᠲᠠᠢ ᠮᠠᠯ ᠢ ᠳᠠᠷᠤᠢ ᠳᠤ ᠨᠢ ᠰᠦᠷᠦᠭ ᠠᠴᠠ ᠨᠢ ᠳᠤᠰᠠᠭᠠᠷᠯᠠᠵᠤ᠂ ᠨᠠᠭᠠᠰᠢ ᠴᠠᠭᠠᠰᠢ ᠶᠠᠪᠤᠬᠤ ᠶᠢ ᠬᠢᠵᠠᠭᠠᠷᠯᠠᠨ᠎ᠠ᠃        ᠱᠦᠯᠬᠦᠬᠡ ᠡᠪᠡᠳᠴᠢᠨ        ᠱᠦᠯᠬᠦᠬᠡ ᠡᠪᠡᠳᠴᠢᠨ ᠪᠤᠯ ᠬᠦᠮᠦᠨ ᠮᠠᠯ ᠳᠤ ᠪᠦᠷ ᠬᠠᠯᠳᠠᠪᠤᠷᠢᠯᠠᠬᠤ ᠡᠪᠡᠳᠴᠢᠨ ᠪᠤᠯᠤᠨ᠎ᠠ᠃ ᠱᠦᠯᠬᠦᠬᠡ ᠡᠪᠡᠳᠴᠢᠨ ᠲᠠᠢ ᠮᠠᠯ ᠤᠨ ᠤᠷᠤᠭᠤᠯ ᠠᠮᠠ᠂ ᠰᠢᠬᠢᠷ᠎ᠡ ᠶᠢᠨ ᠬᠡᠰᠡᠭ ᠨᠢ ᠴᠦᠪᠦᠷᠢᠳᠦᠳᠡᠭ᠃ ᠬᠦᠮᠦᠨ ᠳᠤ ᠬᠠᠯᠳᠠᠪᠤᠷᠢᠯᠠᠪᠠᠯ ᠬᠡᠯᠡ᠂ ᠵᠠᠪᠠᠵᠢ᠂ ᠰᠢᠳᠦ᠂ ᠭᠠᠷ ᠬᠦᠯ ᠨᠢ ᠤᠯᠠᠶᠢᠵᠤ᠂ ᠤᠰᠤᠨ ᠴᠦᠪᠦᠷᠢᠬᠦᠤ ᠭᠠᠷᠴᠤ᠂ ᠶᠡᠷᠦ ᠳᠤ ᠪᠠᠨ ᠬᠠᠯᠠᠭᠤᠷᠠᠬᠤ᠂ ᠳᠤᠯᠤᠭᠠᠢ ᠡᠪᠡᠳᠬᠦ᠂ ᠳᠦᠷᠪᠡᠨ ᠮᠦᠴᠢ ᠡᠪᠡᠳᠬᠦ᠂ ᠪᠦᠬᠡᠯᠵᠢᠬᠦ᠂ ᠰᠠᠭᠤᠯᠭᠠᠬᠤ ᠮᠡᠳᠦ ᠶᠢᠨ ᠢᠯᠡᠷᠡᠯ ᠭᠠᠷᠳᠠᠭ᠃ ᠭᠤᠤᠯᠳᠠᠭᠤ ᠠᠭᠤᠷ ᠠᠮᠢᠰᠬᠤᠯ᠂ ᠤᠰᠤ ᠪᠤᠯᠤᠨ ᠡᠪᠡᠳᠴᠢᠨ ᠲᠠᠢ ᠮᠠᠯ ᠯᠤᠭ᠎ᠠ ᠤᠶᠢᠷᠠᠳᠤᠭᠰᠠ ᠵᠡᠷᠬᠡ ᠠᠴᠠ ᠬᠠᠯᠳᠠᠪᠤᠷᠢᠯᠠᠨ᠎ᠠ᠃        ᠰᠡᠷᠬᠡᠶᠢᠯᠡᠬᠦ ᠭᠤᠤᠯᠳᠠᠯᠭ᠎ᠠ        ● ᠮᠠᠯ ᠤᠨ ᠬᠠᠰᠢᠶ᠎ᠠ ᠰᠠᠷᠠᠪᠴᠢ ᠶᠢᠨ ᠠᠷᠢᠭᠤᠨ ᠴᠡᠪᠡᠷ ᠢ ᠪᠠᠳᠤᠯᠠᠵᠤ᠂ ᠳᠤᠭᠳᠠᠭᠰᠠᠨ ᠬᠤᠭᠤᠴᠠᠭ᠎ᠠ ᠲᠠᠢ ᠪᠠᠷ ᠠᠷᠢᠭᠤᠳᠬᠠᠨ᠎ᠠ᠃        ● ᠮᠠᠯ ᠠᠬᠤᠢ ᠳᠤ ᠪᠠᠨ ᠱᠦᠯᠬᠦᠬᠡ ᠡᠪᠡᠳᠴᠢᠨ ᠢ ᠰᠡᠷᠬᠡᠶᠢᠯᠡᠬᠦ ᠳᠠᠷᠢᠯᠭ᠎ᠠ ᠶᠢ ᠳᠤᠭᠳᠠᠭᠰᠠᠨ ᠬᠤᠭᠤᠴᠠᠭ᠎ᠠ ᠲᠠᠢ ᠪᠠᠷ ᠬᠢᠨ᠎ᠡ᠃        ● ᠬᠢᠵᠢᠭᠳᠦ ᠤᠷᠤᠨ ᠠᠴᠠ ᠮᠠᠯ ᠤᠨᠤᠭ᠎ᠠ᠂ ᠠᠮᠢᠳᠠᠨ ᠤ ᠪᠦᠳᠦᠬᠡᠭᠳᠡᠬᠦᠨ ᠢ ᠤᠷᠤᠭᠤᠯᠬᠤ ᠦᠬᠡᠢ᠃        ᠠᠷᠭᠠᠴᠠᠭᠠᠬᠤ ᠭᠤᠤᠯᠳᠠᠯᠭ᠎ᠠ        ● ᠮᠠᠯ ᠰᠦᠷᠦᠭ ᠲᠤ ᠴᠦᠪᠦᠷᠢᠬᠦᠳᠡᠬᠦ ᠵᠡᠷᠬᠡ ᠶᠢᠨ ᠦᠵᠡᠭᠳᠡᠯ ᠢᠯᠡᠷᠡᠪᠡᠯ ᠳᠠᠷᠦ᠋ᠢᠬᠠᠨ ᠮᠠᠯ ᠡᠮᠨᠡᠯᠬᠡ ᠶᠢᠨ ᠦᠷᠳᠡᠭᠡ ᠳᠤ ᠮᠡᠳᠡᠬᠦᠯᠦᠨ᠎ᠡ᠃        ● ᠡᠪᠡᠳᠴᠢᠨ ᠲᠠᠢ ᠮᠠᠯ ᠯᠤᠭ᠎ᠠ ᠤᠶᠢᠷᠠᠳᠬᠤ ᠦᠬᠡᠢ᠂ ᠮᠢᠬ᠎ᠠ ᠶᠢ ᠨᠢ ᠢᠳᠡᠬᠦ ᠦᠬᠡᠢ᠂ ᠰᠦ ᠶᠢ ᠨᠢ ᠤᠤᠭᠤᠬᠤ ᠦᠬᠡᠢ᠃ ᠭᠠᠷ ᠬᠦᠯ ᠳᠡᠬᠡᠷ᠎ᠡ ᠤᠯᠠᠶᠢᠵᠤ ᠳᠤᠯᠪᠤ ᠭᠠᠷᠪᠠᠯ ᠳᠠᠷᠦ᠋ᠢᠬᠠᠨ ᠡᠮᠨᠡᠯᠬᠡ ᠶᠢᠨ ᠬᠤᠷᠢᠶ᠎ᠠ ᠳᠤ ᠬᠦᠷᠴᠦ ᠡᠮᠨᠡᠬᠦᠯᠦᠨ᠎ᠡ᠃        ● ᠪᠢᠳᠡᠬᠦᠮᠵᠢᠯᠡᠬᠦ᠂ ᠳᠤᠰᠠᠭᠠᠷᠯᠠᠬᠤ᠂ ᠠᠷᠢᠭᠤᠳᠬᠠᠬᠤ ᠬᠢᠬᠡᠳ ᠰᠡᠷᠬᠡᠶᠢᠯᠡᠨ ᠵᠠᠰᠠᠬᠤ ᠠᠵᠢᠯ ᠳᠤ ᠰᠠᠶᠢᠳᠤᠷ ᠬᠠᠮᠵᠢᠯᠴᠠᠨ᠎ᠠ᠃ ᠮᠠᠯ ᠤᠨ ᠦᠬᠦᠳᠡᠯ ᠢ ᠬᠤᠤᠷᠳᠠᠭᠤᠯᠤᠯ ᠦᠬᠡᠢ ᠰᠢᠢᠳᠪᠦᠷᠢᠯᠡᠨ᠎ᠡ᠃        ● ᠬᠢᠵᠢᠭᠳᠦ ᠤᠷᠤᠨ ᠠᠴᠠ ᠭᠠᠷᠤᠭᠰᠠᠨ ᠬᠦᠮᠦᠰ ᠡᠷᠬᠡᠪᠰᠢ ᠪᠦᠬᠦ ᠳᠠᠯ᠎ᠠ ᠪᠠᠷ ᠠᠷᠢᠭᠤᠳᠬᠠᠨ᠎ᠠ᠃
 
ᠢᠷᠡᠯᠲᠡ᠄ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号