ᠳ᠋ᠦᠩ ᠴᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠰᠠᠶᠢᠨ ᠳᠤᠷᠠᠴᠤᠳ ᠤᠨ ᠦᠢᠯᠡᠴᠢᠯᠡᠭᠡᠨ ᠤ ᠠᠵᠢᠯ ᠢ ᠭᠦᠨᠵᠡᠭᠡᠶᠢᠷᠡᠭᠦᠯᠵᠦ ᠪᠤᠢ
ᠨᠡᠶᠢᠲᠡᠯᠡᠭᠰᠡᠨ ᠴᠠᠭ᠄
2017-07-11
       ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠦᠯᠦᠭᠡ ᠂ ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢᠮᠵᠢᠯᠲᠡ᠂ ᠪᠠᠶᠢᠩᠭᠤ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠤᠩ ᠱᠠᠨ ᠲᠤᠭᠤᠷᠢᠭ ᠤᠨ ᠳ᠋ᠦᠩ ᠴᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠪᠤᠳᠠᠲᠤ ᠪᠠᠶᠢᠳᠠᠯ᠂ ᠡᠬᠢ ᠪᠠᠶᠠᠯᠢᠭ ᠢ ᠨᠡᠶᠢᠳᠬᠡᠬᠦ᠂ ᠠᠷᠭ᠎ᠠ ᠪᠠᠷᠢᠯ ᠳᠤ ᠰᠢᠨ᠎ᠡ ᠶᠢ ᠡᠭᠦᠳᠬᠦ ᠶᠢ ᠤᠶᠠᠯᠳᠤᠭᠤᠯᠵᠤ᠂ ᠰᠠᠶᠢᠨ ᠳᠤᠷᠠᠴᠤᠳ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠳ᠋ᠢᠩ ᠴᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠠᠶᠢᠨ ᠳᠤᠷᠠᠴᠤᠳ ᠤᠨ ᠦᠢᠯᠡᠴᠢᠯᠡᠭᠡᠨ ᠤ ᠠᠵᠢᠯ ᠤᠨ ᠬᠦᠭᠵᠢᠯᠲᠡ ᠶᠢ ᠪᠦᠬᠦ ᠲᠠᠯ᠎ᠠ ᠪᠠᠷ ᠠᠬᠢᠭᠤᠯᠵᠠᠢ᠃        ᠠᠵᠢᠯ ᠤᠨ ᠪᠠᠶᠢᠷᠢᠨ ᠳᠤ ᠪᠠᠶᠢᠭ᠎ᠠ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠵᠡᠢ᠃ ᠠᠵᠢᠯ ᠤᠨ ᠪᠠᠶᠢᠷᠢᠨ ᠳᠤ ᠪᠠᠶᠢᠭ᠎ᠠ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡ ᠶᠢ ᠦᠷᠨᠢᠭᠦᠯᠬᠦ ᠠᠵᠢᠯᠯᠠᠭᠠᠨ ᠢ ᠠᠬᠢᠭᠤᠯᠬᠤ ᠶᠢᠨ ᠲᠦᠯᠦᠭᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠡᠳᠡᠨ ᠤ ᠠᠵᠢᠯ ᠤᠨ ᠤᠨᠴᠠᠯᠢᠭ᠂ ᠲᠤᠰᠬᠠᠢ ᠮᠡᠷᠭᠡᠵᠢᠯ ᠤᠨ ᠴᠢᠳᠠᠪᠤᠷᠢ ᠪᠠ ᠦᠢᠯᠡᠴᠢᠯᠡᠭᠡᠨ ᠤ ᠰᠠᠨᠠᠭ᠎ᠠ ᠵᠤᠷᠢᠯᠲᠠ ᠶᠢᠨ ᠲᠤᠭᠤᠷᠢᠨ ᠳᠤ ᠦᠢᠯᠡᠴᠢᠯᠡᠭᠡᠨ ᠤ ᠠᠵᠢᠯᠯᠠᠭᠠᠨ ᠦᠷᠨᠢᠭᠦᠯᠵᠦ ᠨᠠᠮ ᠤᠨ ᠭᠡᠰᠢᠭᠦᠨ ᠪᠦᠷᠢ ᠶᠢᠨ ᠪᠠᠶᠢᠪᠠᠰᠤ ᠵᠤᠬᠢᠬᠤ ᠦᠢᠯᠡᠳᠦᠯ ᠢ ᠨᠢ ᠭᠦᠢᠴᠡᠳ ᠪᠠᠳᠠᠷᠠᠭᠤᠯᠬᠤ ᠶᠢᠨ ᠬᠠᠮᠲᠤ᠂ ᠠᠵᠢᠯ ᠤᠨ ᠪᠠᠶᠢᠷᠢᠨ ᠳᠤ ᠪᠠᠶᠢᠭ᠎ᠠ ᠨᠠᠮ ᠤᠨ ᠭᠡᠰᠢᠭᠦᠨ ᠰᠠᠶᠢᠨ ᠳᠤᠷᠠᠴᠤᠳ ᠤᠨ ᠡᠩᠨᠡᠭᠡᠨ ᠤ ᠨᠦᠯᠦᠭᠡ ᠲᠤᠰᠬᠠᠯ ᠢ ᠤᠯᠠᠮ ᠰᠠᠶᠢᠵᠢᠷᠠᠭᠤᠯᠤᠨ᠂ ᠦᠢᠯᠡᠴᠢᠯᠡᠭᠡᠨ ᠤ ᠳᠤᠮᠳᠠ ᠦᠵᠡᠯ ᠰᠠᠨᠠᠭ᠎ᠠ ᠪᠠᠨ ᠡᠷᠡᠰ ᠴᠢᠩᠭ᠎ᠠ ᠪᠠᠶᠢᠯᠭᠠᠬᠤ ᠪᠠ ᠨᠠᠮᠴᠢ ᠴᠢᠨᠠᠷ ᠢ ᠨᠢ ᠤᠯᠠᠮ ᠴᠢᠩᠭᠠᠳᠬᠠᠭᠰᠠᠨ ᠪᠠᠶᠢᠨ᠎ᠠ᠃        ᠨᠡᠶᠢᠭᠡᠮ ᠲᠤᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠶᠢ ᠭᠦᠨᠵᠡᠭᠡᠶᠢᠷᠡᠭᠦᠯᠵᠡᠢ᠃ ᠨᠡᠶᠢᠭᠡᠮ ᠲᠤᠭᠤᠷᠢᠭ ᠨᠢ ᠠᠵᠢᠯᠯᠠᠭᠠᠨ ᠦᠷᠨᠢᠭᠦᠯᠬᠦ ᠪᠠᠷ ᠳᠠᠮᠵᠢᠨ ᠤᠬᠠᠭᠤᠯᠬᠤ᠂ ᠨᠠᠮ ᠤᠨ ᠭᠡᠰᠢᠭᠦᠨ ᠠᠷᠠᠳ ᠤᠯᠠᠨ ᠢ ᠳᠠᠶᠢᠴᠢᠯᠠᠬᠤ ᠵᠡᠷᠭᠡ ᠠᠷᠭ᠎ᠠ ᠪᠠᠷᠢᠯ ᠢ ᠠᠰᠢᠭᠯᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠤᠷᠢᠭ ᠰᠠᠨᠠᠭ᠎ᠠ ᠶᠢ ᠤᠷᠢᠶᠠᠯᠠᠵᠤ᠂ ᠬᠦᠮᠦᠰ ᠤᠨ ᠦᠵᠡᠯᠲᠡ ᠲᠠᠨᠢᠯᠲᠠ ᠶᠢ ᠳᠡᠭᠡᠭᠰᠢᠯᠡᠭᠦᠯᠦᠨ᠂ ᠤᠯᠠᠨ ᠲᠦᠮᠡᠨ ᠤ ᠬᠠᠮᠲᠤᠪᠡᠷ ᠨᠡᠶᠢᠭᠡᠮ ᠤᠨ ᠬᠠᠮᠢᠶᠠᠷᠤᠯᠲᠠ ᠳᠤ ᠤᠷᠤᠯᠴᠠᠬᠤ ᠢᠳᠡᠪᠬᠢᠵᠢᠯ ᠢ ᠳᠠᠶᠢᠴᠢᠯᠠᠵᠤ᠂ ᠨᠡᠶᠢᠭᠡᠮ ᠲᠤᠭᠤᠷᠢᠭ ᠤᠨ ᠬᠠᠮᠢᠶᠠᠷᠤᠯᠲᠠ ᠶᠢ ᠠᠩᠬᠠᠷᠤᠨ ᠬᠠᠯᠠᠮᠵᠢᠯᠠᠳᠠᠭ ᠪᠠ ᠤᠷ᠎ᠠ ᠮᠡᠷᠭᠡᠵᠢᠯ ᠲᠠᠢ ᠰᠠᠭᠤᠭᠠᠯᠢ ᠠᠷᠠᠳ ᠢ ᠪᠦᠷᠢᠳᠬᠡᠨ ᠨᠡᠶᠢᠭᠡᠮ ᠲᠤᠭᠤᠷᠢᠭ ᠤᠨ ᠰᠠᠶᠢᠨ ᠳᠤᠷᠠᠴᠤᠳ ᠤᠨ ᠡᠩᠨᠡᠭᠡᠨ ᠳᠤ ᠤᠷᠤᠬᠤ ᠶᠢ ᠢᠳᠡᠪᠬᠢᠲᠡᠢ ᠵᠤᠷᠢᠭᠵᠢᠭᠤᠯᠤᠭᠰᠠᠨ ᠪᠠᠶᠢᠨ᠎ᠠ᠃        ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠰᠠᠶᠢᠨ ᠳᠤᠷᠠᠴᠤᠳ ᠤᠨ ᠦᠢᠯᠡᠴᠢᠯᠡᠭᠡᠨ ᠤ ᠠᠵᠢᠯ ᠢ ᠭᠦᠨᠵᠡᠭᠡᠶᠢᠷᠡᠭᠦᠯᠵᠡᠢ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠠᠷᠢᠶ᠎ᠠ ᠨᠡᠶᠢᠭᠡᠮ ᠲᠤᠭᠤᠷᠢᠭ ᠨᠢ ᠨᠡᠶᠢᠭᠡᠮ ᠤᠨ ᠵᠤᠬᠢᠶᠠᠨ ᠪᠠᠶᠢᠭᠤᠯᠤᠯᠲᠠ ᠪᠠᠶᠢᠭᠤᠯᠵᠤ ᠲᠡᠭᠦᠯᠳᠡᠷᠵᠢᠭᠦᠯᠦᠨ᠂ ᠠᠷᠠᠳ ᠲᠤ ᠦᠢᠯᠡᠴᠢᠯᠡᠬᠦ ᠠᠵᠢᠯᠯᠠᠭᠠᠨ ᠳᠤ ᠤᠷᠤᠯᠴᠠᠵᠤ᠂ ᠨᠠᠰᠤᠲᠠᠶᠢᠴᠤᠳ᠂ ᠨᠢᠯᠬ᠎ᠠ ᠪᠠᠭᠠᠴᠤᠳ᠂ ᠶᠠᠳᠠᠭᠤ ᠬᠦᠴᠢᠷᠲᠡᠢ᠂ ᠵᠡᠮᠳᠡᠭᠴᠦᠳ ᠵᠡᠷᠭᠡ ᠤᠯᠠᠨ ᠲᠦᠮᠡᠨ ᠳᠤ ᠪᠤᠳᠠᠲᠠᠢ ᠪᠠᠷ ᠦᠢᠯᠡᠴᠢᠯᠡᠬᠦ ᠲᠦᠷᠦᠯ ᠵᠦᠢᠯ ᠢ ᠳᠠᠭᠠᠭᠠᠴᠢᠯᠠᠨ ᠠᠪᠴᠤ ᠠᠵᠢᠯ ᠤᠨ ᠲᠤᠭᠲᠠᠴᠠ ᠪᠠᠨ ᠲᠡᠭᠦᠯᠳᠡᠷᠵᠢᠭᠦᠯᠦᠨ ᠦᠢᠯᠡᠴᠢᠯᠡᠭᠡᠨ ᠤ ᠪᠠᠶᠢᠩᠭᠤᠵᠢᠯᠲᠠ ᠶᠢ ᠪᠡᠶᠡᠯᠡᠭᠦᠯᠦᠭᠰᠡᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号