2020 ᠤᠨ ᠤ ᠰᠡᠭᠦᠯᠴᠢ ᠠᠴᠠ ᠡᠮᠦᠨ᠎ᠡ ᠠᠵᠢᠯ ᠠᠴᠠ ᠪᠤᠯᠤᠭᠰᠠᠨ ᠬᠡᠯᠲᠦᠯ ᠤᠨ ᠳᠠᠭᠠᠳᠬᠠᠯ ᠤᠨ ᠮᠤᠵᠢ ᠶᠢᠨ ᠳᠡᠰ ᠤᠨ ᠨᠢᠭᠡᠲᠦᠯᠲᠡᠢ ᠲᠦᠯᠦᠪᠵᠢᠭᠦᠯᠭᠡ ᠶᠢ ᠪᠡᠶᠡᠯᠡᠭᠦᠯᠦᠨ᠎ᠡ
ᠨᠡᠶᠢᠲᠡᠯᠡᠭᠰᠡᠨ ᠴᠠᠭ᠄
2017-07-13
       ᠤᠶᠢᠷ᠎ᠠ ᠶᠢᠨ ᠡᠳᠦᠷ᠂ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠲᠤᠯᠠᠪᠤᠷᠢ ᠶᠢᠨ ᠶᠠᠮᠤᠨ ᠤ ᠳᠡᠳ᠋ ᠰᠠᠶᠢᠳ ᠶᠢᠦ ᠵᠢᠶᠦ᠋ᠨ ᠬᠡᠯᠡᠬᠦ ᠳᠡᠭᠡᠨ᠂ ᠠᠵᠢᠯ ᠠᠴᠠ ᠪᠤᠯᠤᠭᠰᠠᠨ ᠳᠠᠭᠠᠳᠬᠠᠯ ᠤᠨ ᠰᠠᠭᠤᠷᠢ ᠮᠦᠩᠭᠦ ᠶᠢ ᠮᠤᠵᠢ ᠶᠢᠨ ᠳᠡᠰ ᠲᠤ ᠨᠢᠭᠡᠲᠦᠯᠲᠡᠢ ᠲᠦᠯᠦᠪᠵᠢᠭᠦᠯᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠳᠦᠷᠢᠮ ᠢ ᠨᠢᠭᠡᠳᠬᠡᠬᠦ᠂ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠬᠤ᠂ ᠨᠢᠭᠡᠳᠬᠡᠵᠦ ᠲᠤᠬᠢᠷᠠᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ︽ᠨᠢᠭᠡᠲᠦᠯᠲᠡᠢ ᠲᠦᠯᠦᠪᠵᠢᠭᠦᠯᠬᠦ ᠳᠡᠰ ᠳᠠᠪᠬᠤᠷᠭ᠎ᠠ ᠶᠢ ᠳᠡᠭᠡᠭᠰᠢᠯᠡᠭᠦᠯᠵᠦ᠂ ᠬᠠᠮᠢᠶᠠᠷᠤᠯᠲᠠ ᠦᠢᠯᠡᠴᠢᠯᠡᠭᠡ ᠶᠢ ᠳᠤᠷᠤᠭᠰᠢ ᠪᠠᠭᠤᠯᠭᠠᠬᠤ︾ ᠶᠢ ᠦᠨᠡᠨᠬᠦ ᠪᠡᠶᠡᠯᠡᠭᠦᠯᠵᠦ᠂ 2020 ᠤᠨ ᠤ ᠰᠡᠭᠦᠯᠴᠢ ᠠᠴᠠ ᠡᠮᠦᠨ᠎ᠡ ᠠᠵᠢᠯ ᠠᠴᠠ ᠪᠤᠯᠤᠭᠰᠠᠨ ᠭᠡᠮᠲᠦᠯ ᠤᠨ ᠳᠠᠭᠠᠳᠬᠠᠯ ᠤᠨ ᠮᠤᠵᠢ ᠶᠢᠨ ᠳᠡᠰ ᠤᠨ ᠨᠢᠭᠡᠲᠦᠯᠲᠡᠢ ᠲᠦᠯᠦᠪᠵᠢᠭᠦᠯᠭᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ ᠭᠡᠵᠡᠢ᠃        ᠶᠢᠦ ᠵᠢᠶᠦ᠋ᠨ ᠪᠦᠬᠦ ᠤᠯᠤᠰ ᠤᠨ ᠠᠵᠢᠯ ᠠᠴᠠ ᠪᠤᠯᠤᠭᠰᠠᠨ ᠭᠡᠮᠲᠦᠯ ᠤᠨ ᠳᠠᠭᠠᠳᠬᠠᠯ ᠤᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ 2016 ᠤᠨ ᠠᠴᠠ ᠨᠠᠰᠢ᠂ ᠠᠵᠢᠯ ᠠᠴᠠ ᠪᠤᠯᠤᠭᠰᠠᠨ ᠭᠡᠮᠲᠦᠯ ᠤᠨ ᠳᠠᠭᠠᠳᠬᠠᠯ ᠤᠨ ᠠᠵᠢᠯ ᠤᠨ ᠴᠢᠬᠤᠯᠠ ᠲᠦᠷᠦᠯ ᠵᠦᠢᠯ ᠢ ᠠᠬᠢᠭᠤᠯᠵᠤ ᠴᠢᠬᠤᠯᠠ ᠲᠦᠷᠦ ᠶᠢᠨ ᠪᠤᠳᠤᠯᠭ᠎ᠠ ᠶᠢ ᠲᠤᠭᠲᠠᠭᠠᠪᠠ᠃ ᠵᠢᠱᠢᠶᠡᠯᠡᠪᠡᠯ ᠪᠦᠬᠦ ᠤᠯᠤᠰ ᠤᠨ ᠰᠢᠨ᠎ᠡ ᠪᠠᠷ ᠪᠠᠷᠢᠯᠭ᠎ᠠ ᠡᠬᠢᠯᠡᠭᠦᠯᠦᠭᠰᠡᠨ ᠪᠠᠷᠢᠯᠭ᠎ᠠ ᠶᠢᠨ ᠲᠦᠷᠦᠯ ᠵᠦᠢᠯ ᠤᠨ ᠳᠠᠭᠠᠳᠬᠠᠯ ᠳᠤ ᠤᠷᠤᠯᠴᠠᠭᠰᠠᠨ ᠨᠤᠷᠮ᠎ᠠ 97.1% ᠳᠤ ᠬᠦᠷᠴᠦ᠂ ᠪᠠᠷᠢᠯᠭ᠎ᠠ ᠶᠢᠨ ᠦᠢᠯᠡᠰ ᠲᠠᠬᠢ ᠬᠦᠯᠦᠰᠦᠨ ᠲᠠᠷᠢᠶᠠᠴᠢᠨ ᠤ ᠠᠵᠢᠯ ᠠᠴᠠ ᠪᠤᠯᠤᠭᠰᠠᠨ ᠭᠡᠮᠲᠦᠯ ᠤᠨ ᠡᠷᠬᠡ ᠠᠰᠢᠭ ᠢ ᠪᠦᠲᠦᠮᠵᠢᠲᠡᠢ ᠪᠠᠲᠤᠯᠠᠪᠠ︔ ᠪᠦᠬᠦ ᠤᠯᠤᠰ ᠤᠨ ᠠᠵᠢᠯ ᠠᠴᠠ ᠪᠤᠯᠤᠭᠰᠠᠨ ᠭᠡᠮᠲᠦᠯ ᠤᠨ ᠳᠠᠭᠠᠳᠬᠠᠯ ᠤᠨ ᠰᠢᠨ᠎ᠡ ᠵᠠᠷᠤᠳᠠᠯ ᠤᠨ ᠨᠤᠷᠮ᠎ᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠢᠶᠠᠷ ᠠᠵᠤ ᠠᠬᠤᠶᠢᠯᠠᠯ ᠤᠨ ᠬᠦᠮᠦᠨ ᠬᠡᠷᠡᠭᠯᠡᠬᠦ ᠦᠪᠡᠷ ᠤᠨ ᠦᠷᠲᠡᠭ ᠢ 130 ᠭᠠᠷᠤᠢ ᠳ᠋ᠦᠩᠰᠢᠭᠤᠷ ᠲᠦᠭᠦᠷᠢᠭ ᠪᠠᠭᠤᠷᠠᠭᠤᠯᠵᠠᠢ︔ ᠮᠤᠵᠢ ᠶᠢᠨ ᠳᠡᠰ ᠲᠤ ᠨᠢᠭᠡᠲᠦᠯᠲᠡᠢ ᠲᠦᠯᠦᠪᠵᠢᠭᠦᠯᠵᠦ ᠵᠢᠭᠠᠨ ᠵᠢᠯᠤᠭᠤᠳᠬᠤ ᠰᠠᠨᠠᠯ ᠲᠤᠭᠲᠠᠭᠠᠬᠤ᠂ ᠤᠷᠢᠳᠴᠢᠯᠠᠨ ᠰᠡᠷᠭᠡᠶᠢᠯᠡᠬᠦ ᠵᠠᠷᠤᠳᠠᠯ ᠤᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠲᠤᠭᠲᠠᠭᠠᠬᠤ᠂ ᠬᠠᠷᠠᠭᠠᠯᠵᠠᠯ ᠬᠦᠷᠲᠡᠭᠡᠮᠵᠢ ᠶᠢ ᠲᠤᠬᠢᠷᠠᠭᠤᠯᠬᠤ ᠪᠠ ᠲᠤᠭᠲᠠᠴᠠ ᠶᠢᠨ ᠵᠢᠭᠠᠨ ᠵᠢᠯᠤᠭᠤᠳᠬᠤ ᠰᠠᠨᠠᠯ ᠢ ᠲᠤᠭᠲᠠᠭᠠᠬᠤ ᠵᠡᠷᠭᠡ ᠵᠠᠩᠭᠢᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠰᠢᠪᠲᠤᠯᠤᠯᠲᠠ ᠲᠠᠢ ᠪᠤᠯᠵᠤ᠂ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠠᠬᠢᠴᠠ ᠶᠢ ᠲᠦᠷᠭᠡᠳᠬᠡᠪᠡ ᠭᠡᠵᠦ ᠬᠡᠯᠡᠪᠡ᠃
 
ᠢᠷᠡᠯᠲᠡ᠄ ᠠᠷᠠᠳ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号