ᠴᠠᠭ ᠠᠭᠤᠷ ᠤᠨ ᠭᠠᠮᠰᠢᠭ ︵ᠵᠢᠷᠭᠤᠭ᠎ᠠ︶
ᠨᠡᠶᠢᠲᠡᠯᠡᠭᠰᠡᠨ ᠴᠠᠭ᠄
2017-07-18
    ᠭᠠᠩ ᠬᠠᠭᠰᠠᠷᠭᠠᠨ        ᠭᠠᠩ ᠬᠠᠭᠰᠠᠷᠭᠠᠨ ᠬᠡᠳᠡᠭ ᠨᠢ ᠬᠦᠮᠦᠰ ᠤᠨ ᠠᠮᠢᠳᠤᠷᠠᠯ᠂ ᠦᠢᠯᠡᠳᠪᠦᠷᠢᠯᠡᠯ ᠳᠤ ᠤᠰᠤᠨ ᠤ ᠬᠠᠩᠭᠠᠯᠭ᠎ᠠ ᠬᠦᠨᠳᠦ ᠰᠦᠷᠡᠬᠡᠢ ᠳᠤᠳᠠᠭᠳᠠᠭᠰᠠᠨ᠂ ᠬᠦᠷᠦᠰᠦᠨ ᠤ ᠴᠢᠬᠢᠭᠯᠢᠭ ᠳᠤᠳᠠᠭᠳᠠᠭᠰᠠᠨ᠂ ᠤᠷᠭᠤᠮᠠᠯ ᠤᠨ ᠤᠰᠤᠨ ᠤ ᠬᠠᠩᠭᠠᠯᠭ᠎ᠠ ᠳᠤᠳᠠᠭᠳᠠᠭᠰᠠᠨ ᠠᠴᠠ ᠦᠰᠦᠯᠳᠡ ᠶᠢ ᠨᠢ ᠨᠦᠯᠦᠬᠡᠯᠡᠨ ᠬᠤᠷᠢᠶᠠᠯᠳᠠ ᠬᠠᠰᠤᠭᠳᠠᠬᠤ ᠪᠤᠶᠤ ᠬᠤᠷᠢᠶᠠᠯᠳᠠ ᠤᠯᠬᠤ ᠦᠬᠡᠢ ᠶᠢ ᠵᠢᠭᠠᠵᠤ ᠪᠤᠢ᠃        ᠰᠡᠷᠬᠡᠶᠢᠯᠡᠬᠦ ᠭᠤᠤᠯᠳᠠᠯᠭ᠎ᠠ        ● ᠠᠭᠤᠯᠠᠷᠬᠠᠭ ᠤᠷᠤᠨ ᠤ ᠤᠰᠤ ᠳᠤᠳᠠᠭᠳᠠᠬᠤ ᠤᠯᠠᠨ ᠳᠦᠮᠡᠨ ᠠᠷᠭ᠎ᠠ ᠪᠦᠬᠦᠨ ᠢ ᠰᠦᠪᠡᠭᠴᠢᠯᠡᠨ ᠬᠦᠮᠦᠨ ᠮᠠᠯ ᠤᠨ ᠤᠰᠤ ᠤᠮᠳᠠ ᠪᠠᠨ ᠬᠦᠢᠴᠡᠳ ᠨᠦᠬᠡᠴᠡᠯᠡᠬᠦ ᠬᠡᠷᠡᠭᠳᠠᠢ᠃        ● ᠤᠰᠤ ᠶᠢ ᠠᠷᠪᠢᠯᠠᠵᠤ᠂ ᠤᠷᠤᠨ ᠭᠠᠵᠠᠷ ᠤᠨ ᠪᠠᠶᠢᠳᠠᠯ ᠳᠤ ᠪᠠᠨ ᠳᠤᠬᠢᠷᠠᠭᠤᠯᠤᠨ ᠤᠰᠤ ᠠᠷᠪᠢᠯᠠᠵᠤ ᠤᠰᠤᠯᠠᠬᠤ ᠠᠷᠭ᠎ᠠ ᠬᠡᠮᠵᠢᠶ᠎ᠡ ᠠᠪᠴᠤ᠂ ᠭᠠᠩ ᠳᠤ ᠳᠡᠰᠪᠦᠷᠢᠳᠠᠢ ᠤᠷᠭᠤᠮᠠᠯ ᠢ ᠳᠠᠷᠢᠬᠤ ᠬᠡᠷᠡᠭᠳᠠᠢ᠃        ᠠᠷᠭᠠᠴᠠᠭᠠᠬᠤ ᠭᠤᠤᠯᠳᠠᠯᠭ᠎ᠠ        ● ᠤᠰᠤ ᠶᠢ ᠠᠷᠪᠢᠳᠠᠢ ᠬᠡᠷᠡᠭᠯᠡᠵᠦ᠂ ᠡᠬᠡᠯᠵᠢᠯᠡᠨ ᠬᠡᠷᠡᠭᠯᠡᠬᠦ ᠠᠷᠭ᠎ᠠ ᠬᠡᠮᠵᠢᠶ᠎ᠡ ᠠᠪᠴᠤ᠂ ᠤᠯᠠᠨ ᠳᠠᠯ᠎ᠠ ᠪᠠᠷ ᠠᠰᠢᠭᠯᠠᠬᠤ ᠬᠡᠷᠡᠭᠳᠠᠢ᠃        ● ᠠᠮᠢᠳᠤᠷᠠᠯ ᠳᠤ ᠬᠡᠷᠡᠭᠯᠡᠬᠦ ᠤᠰᠤ ᠶᠢ ᠤᠷᠢᠳ ᠢᠶᠠᠷ ᠪᠠᠳᠤᠯᠠᠵᠤ᠂ ᠦᠢᠯᠡᠳᠪᠦᠷᠢᠯᠡᠯ ᠳᠤ ᠬᠡᠷᠡᠭᠯᠡᠬᠦ ᠤᠰᠤ ᠶᠢ ᠬᠢᠵᠠᠭᠠᠷᠯᠠᠬᠤ ᠪᠤᠶᠤ ᠵᠤᠭᠰᠤᠭᠠᠨ᠎ᠠ᠃         ● ᠳᠠᠷᠢᠮᠠᠯ ᠤᠨ ᠪᠠᠶᠢᠳᠠᠯ ᠢᠶᠠᠨ ᠦᠵᠡᠵᠦ᠂ ᠭᠠᠩ ᠳᠤ ᠳᠡᠰᠪᠦᠷᠢᠳᠠᠢ ᠤᠷᠭᠤᠮᠠᠯ ᠢ ᠳᠠᠷᠢᠬᠤ ᠪᠤᠶᠤ ᠨᠦᠬᠦᠪᠦᠷᠢᠯᠡᠨ ᠳᠠᠷᠢᠬᠤ ᠬᠡᠷᠡᠭᠳᠠᠢ᠃        ᠤᠢ ᠰᠢᠭᠤᠢ ᠶᠢᠨ ᠭᠠᠯ ᠤᠨ ᠠᠶᠤᠯ        ᠤᠢ ᠰᠢᠭᠤᠢ ᠶᠢᠨ ᠭᠠᠯ ᠤᠨ ᠠᠶᠤᠯ ᠪᠤᠯ ᠬᠦᠮᠦᠰ ᠤᠨ ᠬᠢᠴᠢᠶᠡᠮᠵᠢ ᠦᠬᠡᠢ ᠠᠴᠠ ᠭᠠᠯ ᠠᠯᠳᠠᠵᠤ ᠤᠢ ᠰᠢᠭᠤᠢ ᠶᠢᠨ ᠳᠤᠳᠤᠷ᠎ᠠ ᠠᠶᠠᠨᠳᠠᠭᠠᠨ ᠦᠷᠬᠡᠵᠢᠨ ᠨᠤᠴᠤᠵᠤ ᠭᠠᠮᠰᠢᠭ ᠡᠬᠦᠰᠬᠡᠬᠦ ᠶᠢ ᠵᠢᠭᠠᠵᠤ ᠪᠤᠢ᠃        ᠠᠷᠭᠠᠴᠠᠭᠠᠬᠤ ᠭᠤᠤᠯᠳᠠᠯᠭ᠎ᠠ        ● ᠤᠢ ᠰᠢᠭᠤᠢ ᠶᠢᠨ ᠳᠦᠢᠮᠡᠷ ᠲᠤ ᠳᠤᠬᠢᠶᠠᠯᠳᠤᠭᠰᠠᠨ ᠪᠤᠯ ᠭᠠᠯ ᠦᠩᠬᠡᠷᠡᠨ ᠭᠠᠷᠤᠭᠰᠠᠨ ᠭᠠᠵᠠᠷ ᠪᠤᠶᠤ ᠤᠷᠭᠤᠮᠠᠯ ᠰᠡᠶᠢᠷᠡᠭ᠂ ᠭᠠᠵᠠᠷ ᠤᠨ ᠪᠠᠶᠢᠴᠠ ᠳᠡᠭᠰᠢᠬᠡᠨ ᠭᠠᠵᠠᠷ ᠰᠢᠯᠵᠢᠬᠦ ᠬᠡᠷᠡᠭᠳᠠᠢ᠃        ● ᠳᠦᠢᠮᠡᠷ ᠢ ᠬᠡᠳᠦᠯᠬᠦ ᠳᠤ ᠴᠢᠳᠠᠬᠤ ᠶᠢᠨ ᠬᠢᠷᠢ ᠪᠠᠷ ᠨᠦᠢᠳᠠᠨ ᠬᠤᠪᠴᠠᠰᠤ ᠪᠠᠷ ᠳᠤᠯᠤᠭᠠᠢ ᠪᠠᠨ ᠤᠷᠢᠶᠠᠵᠤ ᠳᠦᠷᠬᠡᠬᠡᠨ ᠠᠮᠤᠷ ᠳᠦᠪᠰᠢᠨ ᠭᠠᠵᠠᠷ ᠲᠤ ᠰᠢᠯᠵᠢᠨ ᠳᠦᠢᠮᠡᠷ ᠠᠴᠠ ᠳᠠᠯᠳᠠᠯᠠᠬᠤ ᠬᠡᠷᠡᠭᠳᠠᠢ᠃        ● ᠳᠦᠢᠮᠡᠷ ᠠᠴᠠ ᠵᠠᠶᠢᠯᠠᠨ ᠰᠢᠯᠵᠢᠬᠦ ᠶᠢᠨ ᠠᠷᠭ᠎ᠠ ᠦᠬᠡᠢ ᠪᠤᠯ ᠤᠷᠭᠤᠮᠠᠯ ᠦᠬᠡᠢ ᠭᠠᠵᠠᠷ ᠪᠤᠶᠤ ᠡᠪᠡᠰᠦ ᠮᠤᠳᠤ ᠰᠡᠶᠢᠷᠡᠭ ᠭᠠᠵᠠᠷ ᠲᠤ ᠰᠠᠯᠬᠢᠨ ᠤ ᠳᠡᠬᠡᠷ᠎ᠡ ᠳᠠᠯ᠎ᠠ ᠳᠤ ᠨᠢ ᠰᠢᠯᠵᠢᠨ ᠬᠡᠪᠳᠡᠵᠦ᠂ ᠭᠠᠵᠠᠷ ᠢ ᠮᠠᠯᠳᠠᠨ ᠴᠢᠬᠢᠭ ᠲᠠᠢ ᠬᠡᠰᠡᠭ ᠯᠦᠭᠡ ᠬᠠᠴᠠᠷ ᠢᠶᠠᠨ ᠨᠠᠭᠠᠯᠳᠤᠭᠤᠯᠤᠨ ᠠᠮᠢᠰᠬᠤᠯ ᠠᠪᠬᠤ ᠬᠡᠷᠡᠭᠳᠠᠢ᠃
 
ᠢᠷᠡᠯᠲᠡ᠄ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号