ᠴᠠᠭ ᠠᠭᠤᠷ ᠤᠨ ᠭᠠᠮᠰᠢᠭ ︵ᠲᠠᠪᠤ︶
ᠨᠡᠶᠢᠲᠡᠯᠡᠭᠰᠡᠨ ᠴᠠᠭ᠄
2017-07-18
        ᠦᠶᠡᠷ ᠭᠠᠩᠳᠠᠯ ᠤᠨ ᠭᠠᠮᠰᠢᠭ        ᠦᠶᠡᠷ ᠤᠨ ᠭᠠᠮᠰᠢᠭ ᠬᠡᠳᠡᠭ ᠨᠢ ᠦᠶᠡᠷ ᠤᠨ ᠤᠰᠤᠨ ᠠᠴᠠ ᠪᠤᠯᠵᠤ ᠬᠦᠮᠦᠰ ᠤᠨ ᠠᠮᠢ ᠨᠠᠰᠤ ᠡᠳ᠋ ᠬᠦᠷᠦᠩᠬᠡ ᠳᠤ ᠬᠤᠬᠢᠷᠠᠯ ᠤᠴᠠᠷᠠᠭᠤᠯᠬᠤ ᠶᠢ ᠵᠢᠭᠠᠵᠤ ᠪᠤᠢ᠃ ᠭᠠᠩᠳᠠᠯ ᠬᠡᠳᠡᠭ ᠨᠢ ᠤᠰᠤᠨ ᠤ ᠬᠠᠩᠭᠠᠯᠭ᠎ᠠ ᠬᠦᠨᠳᠦ ᠨᠤᠴᠢᠳᠠᠢ ᠳᠤᠳᠠᠭᠳᠠᠭᠰᠠᠨ ᠠᠴᠠ ᠬᠦᠮᠦᠰ ᠤᠨ ᠠᠮᠢᠳᠤᠷᠠᠯ ᠦᠢᠯᠡᠳᠪᠦᠷᠢᠯᠡᠯ ᠳᠤ ᠨᠦᠯᠦᠬᠡ ᠤᠴᠠᠷᠠᠭᠤᠯᠬᠤ ᠶᠢ ᠵᠢᠭᠠᠵᠤ ᠪᠤᠢ᠃        ᠭᠤᠤᠯ ᠤᠨ ᠤᠰᠤ ᠪᠢᠯᠬᠠᠷᠠᠨ ᠬᠠᠰᠢᠯᠭ᠎ᠠ ᠰᠡᠳᠡᠷᠡᠬᠦ ᠬᠡᠳᠡᠭ ᠨᠢ ᠳᠤᠭᠰᠢᠨ ᠪᠤᠷᠤᠭᠠᠨ᠂ ᠮᠦᠰᠦ ᠬᠡᠰᠦᠬᠦ ᠵᠡᠷᠬᠡ ᠰᠢᠯᠳᠠᠭᠠᠨ ᠢᠶᠠᠷ ᠤᠰᠤᠨ ᠳᠦᠪᠰᠢᠨ ᠳᠡᠬᠡᠭᠰᠢᠯᠡᠵᠦ ᠨᠡᠮᠡᠭᠳᠡᠬᠡᠳ ᠬᠡᠪᠴᠢᠶ᠎ᠡ ᠠᠴᠠ ᠪᠠᠨ ᠳᠠᠪᠠᠭ᠋ᠤ ᠶᠢ ᠵᠢᠭᠠᠵᠤ ᠪᠤᠢ᠃        ᠠᠷᠭᠠᠴᠠᠭᠠᠬᠤ ᠭᠤᠤᠯᠳᠠᠯᠭ᠎ᠠ        ● ᠦᠨᠳᠦᠷᠯᠢᠭ ᠭᠠᠵᠠᠷ᠂ ᠠᠭᠤᠯᠠᠨ ᠪᠡᠯ ᠵᠡᠷᠬᠡ ᠦᠶᠡᠷ ᠠᠴᠠ ᠳᠠᠯᠳᠠᠯᠠᠬᠤ ᠭᠠᠵᠠᠷ ᠳᠦᠷᠬᠡᠬᠡᠨ ᠰᠢᠯᠵᠢᠬᠦ ᠬᠡᠷᠡᠭᠳᠠᠢ᠃        ● ᠦᠶᠡᠷ ᠤᠰᠤᠨ ᠳᠤ ᠪᠦᠰᠡᠯᠡᠭᠳᠡᠭᠰᠡᠨ ᠪᠤᠯ ᠪᠠᠬᠢᠯᠢᠭ᠌ ᠪᠤᠶᠤ ᠨᠡᠯᠢᠶᠡᠳ ᠳᠤᠮᠤ ᠬᠠᠳᠠᠭᠤ ᠪᠡᠶᠡᠳᠦ ᠬᠦᠪᠪᠦᠮᠡᠯ ᠪᠤᠳᠠᠰ ᠠᠴᠠ ᠠᠳᠬᠤᠵᠤ ᠪᠤᠯᠤᠨ᠎ᠠ᠃ ᠤᠰᠤᠨ ᠳᠤ ᠤᠨᠠᠭᠰᠠᠨ ᠬᠦᠮᠦᠨ ᠢ ᠤᠯᠵᠤ ᠦᠵᠡᠪᠡᠯ ᠬᠦᠪᠪᠦᠮᠡᠯ ᠪᠠᠭᠠᠵᠢ ᠪᠤᠶᠤ ᠮᠤᠳᠤ ᠪᠠᠨ ᠤᠶᠢᠷᠠᠯᠴᠠᠭ᠎ᠠ ᠰᠢᠭ᠋ ᠭᠠᠵᠠᠷ ᠲᠤ ᠨᠢ ᠬᠠᠶᠠᠵᠤ ᠦᠭᠬᠦ ᠬᠡᠷᠡᠭᠳᠠᠢ᠃        ● ᠮᠠᠰᠢᠨ ᠳᠡᠷᠬᠡ ᠴᠢᠨᠢ ᠦᠶᠡᠷ ᠤᠨ ᠤᠰᠤᠨ ᠳᠤ ᠤᠨᠳᠠᠷᠠᠭᠰᠠᠨ ᠪᠤᠯ ᠳᠠᠷᠦ᠋ᠢᠬᠠᠨ ᠳᠡᠷᠬᠡ ᠪᠠᠨ ᠬᠠᠶᠠᠵᠤ ᠵᠠᠶᠢᠯᠠᠨ ᠳᠤᠳᠠᠭᠠᠬᠤ ᠬᠡᠷᠡᠭᠳᠠᠢ᠃        ᠠᠭᠤᠯᠠᠨ ᠦᠶᠡᠷ        ᠠᠭᠤᠯᠠᠨ ᠦᠶᠡᠷ ᠬᠡᠳᠡᠭ ᠨᠢ ᠳᠤᠭᠰᠢᠨ ᠪᠤᠷᠤᠭᠠᠨ᠂ ᠰᠦᠩ ᠬᠠᠯᠢᠶ᠎ᠠ ᠵᠡᠷᠬᠡ ᠶᠢᠨ ᠰᠢᠯᠳᠠᠭᠠᠨ ᠢᠶᠠᠷ ᠠᠭᠤᠯᠠ ᠳᠠᠭᠠᠥ ᠶᠢᠨ ᠭᠤᠤᠯ ᠭᠤᠷᠤᠭ᠎ᠠ ᠬᠡᠨᠡᠳᠳᠡ ᠪᠠᠷ ᠦᠶᠡᠷᠯᠡᠬᠦ ᠶᠢ ᠵᠢᠭᠠᠵᠤ ᠪᠤᠢ᠃        ᠰᠡᠷᠬᠡᠶᠢᠯᠡᠬᠦ ᠭᠤᠤᠯᠳᠠᠯᠭ᠎ᠠ        ● ᠠᠭᠤᠯᠠᠨ ᠦᠶᠡᠷ ᠬᠢᠯᠪᠠᠷᠬᠠᠨ ᠪᠠᠭᠤᠬᠤ ᠤᠷᠤᠨ ᠪᠤᠶᠤ ᠭᠤᠤ ᠭᠠᠩᠭ᠎ᠠ᠂ ᠬᠠᠪᠴᠢᠯ᠂ ᠭᠤᠤᠯ ᠤᠨ ᠬᠦᠪᠡᠭᠡ ᠳᠠᠭᠠᠥ ᠰᠠᠭᠤᠷᠢᠰᠢᠭᠰᠠᠨ ᠰᠠᠭᠤᠭᠠᠯᠢ ᠠᠷᠠᠳ ᠪᠤᠷᠤᠭᠠᠨ ᠦᠷᠬᠦᠯᠵᠢᠯᠡᠬᠦ ᠦᠶᠡᠰ ᠳᠡᠬᠡᠳᠦ ᠬᠡᠮᠵᠢᠶᠡᠨ ᠤ ᠰᠤᠨᠤᠷ ᠰᠡᠷᠡᠮᠵᠢ ᠲᠠᠢ ᠪᠠᠶᠢᠬᠤ ᠬᠡᠷᠡᠭᠳᠠᠢ᠃          ᠠᠷᠭᠠᠴᠠᠭᠠᠬᠤ ᠭᠤᠤᠯᠳᠠᠯᠭ᠎ᠠ        ● ᠦᠨᠳᠦᠷᠯᠢᠭ ᠭᠠᠵᠠᠷ᠂ ᠠᠭᠤᠯᠠᠨ ᠪᠠᠯ᠂ ᠰᠠᠭᠤᠷᠢ ᠨᠢ ᠪᠠᠬᠢᠯᠢᠭ᠌ ᠬᠡᠷ ᠤᠨ ᠤᠷᠤᠢ ᠳᠤ ᠰᠢᠯᠵᠢᠬᠦ ᠬᠡᠷᠡᠭᠳᠠᠢ᠃ ᠠᠭᠤᠯᠠ ᠶᠢᠨ ᠦᠶᠡᠷ ᠳᠠᠭᠠᠥ ᠪᠤᠶᠤ ᠡᠰᠡᠷᠬᠦ ᠴᠢᠭᠯᠡᠯ ᠢᠶᠠᠷ ᠨᠢ ᠬᠦᠶᠦᠵᠦ ᠪᠤᠯᠬᠤ ᠦᠬᠡᠢ᠂ ᠬᠠᠷᠢᠨ ᠦᠶᠡᠷ ᠤᠨ ᠤᠷᠤᠰᠬᠠᠯ ᠤᠨ ᠬᠤᠶᠠᠷ ᠳᠠᠯ᠎ᠠ ᠶᠢᠨ ᠬᠠᠵᠠᠭᠤ ᠳᠡᠶᠢᠰᠢ ᠬᠦᠶᠦᠬᠦ ᠬᠡᠷᠡᠭᠳᠠᠢ᠃        ● ᠦᠶᠡᠷ ᠲᠤ ᠳᠠᠭᠠᠷᠢᠭᠳᠠᠭᠰᠠᠨ ᠦᠶ᠎ᠡ ᠳᠤ ᠮᠤᠳᠤ ᠪᠤᠶᠤ ᠮᠤᠳᠤᠨ ᠤ ᠨᠠᠮᠠᠭ᠎ᠠ ᠰᠠᠯᠠᠭ᠎ᠠ ᠠᠴᠠ ᠠᠳᠬᠤᠵᠤ᠂ ᠳᠤᠬᠢᠶᠠᠯ ᠢ ᠠᠮᠵᠢᠨ ᠦᠪᠡᠷ ᠢ ᠪᠠᠨ ᠠᠪᠤᠷᠠᠬᠤ ᠬᠡᠷᠡᠭᠳᠠᠢ᠃
 
ᠢᠷᠡᠯᠲᠡ᠄ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号