ᠴᠠᠭ ᠠᠭᠤᠷ ᠤᠨ ᠭᠠᠮᠰᠢᠭ ︵ᠬᠤᠶᠠᠷ︶
ᠨᠡᠶᠢᠲᠡᠯᠡᠭᠰᠡᠨ ᠴᠠᠭ᠄
2017-07-18
       ᠮᠦᠨᠳᠦᠷ        ᠮᠦᠨᠳᠦᠷ ᠪᠤᠯ ᠠᠭᠠᠷ ᠤᠨ ᠰᠢᠷᠦᠬᠦᠨ ᠬᠦᠳᠡᠯᠬᠡᠬᠡᠨ ᠠᠴᠠ ᠪᠤᠯᠵᠤ ᠤᠰᠤ ᠬᠦᠯᠳᠡᠬᠡᠳ ᠬᠠᠳᠠᠭᠤ ᠪᠡᠶᠡᠳᠦ ᠪᠤᠯᠤᠨ ᠭᠠᠵᠠᠷ ᠲᠤ ᠪᠠᠭᠤᠬᠤ ᠶᠢ ᠬᠡᠯᠡᠳᠡᠭ᠃ ᠪᠠᠭ᠎ᠠ ᠰᠢᠭ᠋ ᠨᠢ ᠪᠤᠷᠴᠠᠭ ᠤᠨ ᠬᠢᠷᠢ᠂ ᠳᠤᠮᠤ ᠰᠢᠭ᠋ ᠨᠢ ᠳᠠᠬᠢᠶᠠᠨ ᠦᠨᠳᠡᠬᠡᠨ ᠤ ᠬᠢᠷᠢ᠂ ᠨᠢᠳᠤᠷᠭ᠎ᠠ ᠶᠢᠨ ᠴᠢᠨᠡᠭᠡ ᠪᠤᠢ᠃ ᠶᠡᠷᠦ ᠳᠤ ᠪᠠᠨ ᠴᠠᠬᠢᠯᠭᠠᠨ ᠴᠠᠬᠢᠯᠬᠤ᠂ ᠶᠡᠭᠡ ᠰᠠᠯᠬᠢᠨ ᠤ ᠴᠠᠭ ᠠᠭᠤᠷ ᠤᠨ ᠬᠤᠪᠢᠷᠠᠯᠳᠠ ᠠᠴᠠ ᠬᠡᠨᠡᠳᠳᠡ ᠡᠬᠦᠰᠳᠡᠭ᠃        ᠠᠷᠭᠠᠴᠠᠭᠠᠬᠤ ᠭᠤᠤᠯᠳᠠᠯᠭ᠎ᠠ        ● ᠡᠬᠦᠳᠡ ᠴᠤᠩᠬᠤ ᠪᠠᠨ ᠰᠠᠶᠢᠳᠤᠷ ᠬᠠᠭᠠᠨ᠎ᠠ᠃ ᠮᠦᠨᠳᠦᠷ ᠲᠤ ᠬᠢᠯᠪᠠᠷᠬᠠᠨ ᠴᠤᠬᠢᠭᠳᠠᠬᠤ᠂ ᠶᠡᠭᠡ ᠰᠠᠯᠬᠢᠨ ᠳᠤ ᠬᠢᠯᠪᠠᠷᠬᠠᠨ ᠰᠦᠢᠳᠬᠦ ᠬᠡᠷ ᠤᠨ ᠭᠠᠳᠠᠨᠠᠬᠢ ᠡᠳ᠋ ᠪᠤᠳᠠᠰ ᠢᠶᠠᠨ ᠴᠠᠭ ᠳᠤᠬᠠᠢ ᠳᠤ ᠨᠢ ᠬᠠᠮᠠᠭᠠᠯᠠᠨ᠎ᠠ᠃        ● ᠬᠡᠷ ᠤᠨ ᠭᠠᠳᠠᠨᠠᠬᠢ ᠠᠵᠢᠯ ᠢᠶᠠᠨ ᠳᠦᠷ ᠵᠤᠭᠰᠤᠵᠤ᠂ ᠳᠤᠯᠤᠭᠠᠢ ᠪᠠᠨ ᠰᠠᠶᠢᠳᠤᠷ ᠬᠠᠮᠠᠭᠠᠯᠠᠵᠤ᠂ ᠳᠠᠷᠦ᠋ᠢᠬᠠᠨ ᠠᠮᠤᠷ ᠳᠦᠪᠰᠢᠨ ᠭᠠᠵᠠᠷ ᠰᠢᠯᠵᠢᠨ᠎ᠡ᠃        ● ᠮᠦᠨᠳᠦᠷ᠂ ᠠᠶᠤᠩᠭ᠎ᠠ ᠴᠠᠬᠢᠯᠭᠠᠨ᠂ ᠶᠡᠭᠡ ᠰᠠᠯᠬᠢ᠂ ᠰᠢᠷᠦᠬᠦᠨ ᠪᠤᠷᠤᠭᠠᠨ ᠵᠡᠷᠬᠡ ᠦᠷᠬᠦᠯᠵᠢᠯᠡᠨ ᠡᠬᠦᠰᠬᠦ ᠬᠦᠨᠦᠬᠡᠯ ᠭᠠᠮᠰᠢᠭ ᠢ ᠰᠡᠷᠬᠡᠶᠢᠯᠡᠨ᠎ᠡ᠃        ᠴᠠᠰᠤ ᠰᠢᠭᠤᠷᠭ᠎ᠠ        ᠴᠠᠰᠤ ᠰᠢᠭᠤᠷᠭ᠎ᠠ ᠬᠡᠭᠴᠢ 24 ᠴᠠᠭ ᠤᠨ ᠳᠤᠳᠤᠷᠠᠬᠢ ᠴᠠᠰᠤ ᠪᠠᠭᠤᠭᠰᠠᠨ ᠬᠡᠮᠵᠢᠶ᠎ᠡ 10 ᠮᠢᠯᠢᠮᠧᠲᠷ ᠠᠴᠠ ᠳᠡᠬᠡᠭᠰᠢᠬᠢ ᠶᠢ ᠵᠢᠭᠠᠳᠠᠭ᠃ ᠶᠡᠷᠦ ᠳᠤ ᠪᠠᠨ ᠳᠤᠯᠠᠭᠠᠨ ᠤ ᠬᠡᠮᠵᠢᠶ᠎ᠡ ᠳᠤᠷᠤᠭᠰᠢᠯᠠᠬᠤ᠂ ᠶᠡᠭᠡ ᠰᠠᠯᠬᠢᠯᠠᠬᠤ ᠵᠡᠷᠬᠡ ᠴᠠᠭ ᠠᠭᠤᠷ ᠤᠨ ᠬᠤᠪᠢᠷᠠᠯᠳᠠ ᠶᠢ ᠳᠠᠭᠠᠯᠳᠤᠨ ᠬᠦᠮᠦᠰ ᠤᠨ ᠦᠢᠯᠡᠳᠪᠦᠷᠢᠯᠡᠯ᠂ ᠠᠮᠢᠳᠤᠷᠠᠯ᠂ ᠶᠠᠪᠤᠵᠤ ᠰᠠᠭᠤᠬᠤ ᠳᠤ ᠮᠠᠰᠢ ᠳᠦᠬᠦᠮ ᠦᠬᠡᠢ ᠨᠦᠬᠦᠴᠡᠯ ᠢ ᠪᠤᠢ ᠪᠤᠯᠭᠠᠳᠠᠭ᠃        ᠠᠷᠭᠠᠴᠠᠭᠠᠬᠤ ᠭᠤᠤᠯᠳᠠᠯᠭ᠎ᠠ        ● ᠬᠦᠢᠳᠡᠨ ᠢ ᠰᠡᠷᠬᠡᠶᠢᠯᠡᠨ ᠳᠤᠯᠠᠭᠠᠴᠠᠬᠤ ᠶᠢ ᠠᠩᠬᠠᠷᠴᠤ᠂ ᠨᠡᠬᠦᠷᠡᠰᠦ ᠵᠡᠷᠬᠡ ᠶᠢ ᠰᠢᠳᠠᠭᠠᠬᠤ ᠳᠤ ᠪᠠᠨ ᠬᠡᠷ ᠳᠤᠳᠤᠷ᠎ᠠ ᠪᠠᠨ ᠰᠠᠯᠬᠢ ᠨᠡᠪᠳᠡᠷᠡᠬᠦᠯᠵᠦ᠂ ᠨᠡᠬᠦᠷᠡᠰᠦᠳᠦ᠋ᠷᠦᠭᠴᠢ ᠶᠢᠨ ᠢᠰᠦᠯ ᠳᠤ ᠬᠤᠤᠷᠳᠠᠭᠳᠠᠬᠤ ᠠᠴᠠ ᠰᠡᠷᠬᠡᠶᠢᠯᠡᠨ᠎ᠡ᠃        ● ᠵᠠᠮ ᠶᠠᠪᠤᠬᠤ ᠬᠦᠮᠦᠰ ᠬᠦᠢᠳᠡᠨ ᠢ ᠰᠡᠷᠬᠡᠶᠢᠯᠡᠵᠦ ᠬᠠᠯᠳᠤᠷᠢᠬᠤ ᠶᠢ ᠬᠢᠴᠢᠶᠡᠵᠦ᠂ ᠴᠢᠬᠤᠯᠠ ᠪᠤᠰᠤ ᠬᠡᠷ ᠤᠨ ᠭᠠᠳᠠᠨᠠᠬᠢ ᠬᠦᠳᠡᠯᠬᠡᠬᠡᠨ ᠢ ᠪᠠᠭᠠᠰᠬᠠᠨ᠎ᠠ᠃        ● ᠵᠢᠯᠤᠭᠤᠴᠢ ᠨᠠᠷ ᠬᠢᠴᠢᠶᠡᠮᠡᠳᠡᠬᠡᠢ ᠠᠶᠠᠯᠠᠵᠤ᠂ ᠭᠤᠯᠭᠤᠷᠢᠬᠤ ᠶᠢ ᠰᠡᠷᠬᠡᠶᠢᠯᠡᠬᠦ ᠬᠢᠨᠵᠢ ᠤᠭᠰᠠᠷᠠᠬᠤ ᠪᠤᠶᠤ ᠳᠡᠷᠬᠡᠨ ᠪᠤᠯᠤ ᠶᠢᠨ ᠢᠶᠠᠨ ᠬᠡᠢ ᠶᠢ ᠪᠠᠭᠠᠰᠬᠠᠬᠤ ᠵᠡᠷᠬᠡ ᠠᠷᠭ᠎ᠠ ᠬᠡᠮᠵᠢᠶ᠎ᠡ ᠠᠪᠬᠤ ᠬᠡᠷᠡᠭᠳᠠᠢ᠃        ● ᠴᠠᠰᠤ ᠰᠢᠭᠤᠷᠭ᠎ᠠ ᠳᠤ ᠬᠢᠯᠪᠠᠷᠬᠠᠨ ᠳᠠᠷᠤᠭᠳᠠᠬᠤ ᠰᠠᠷᠠᠪᠴᠢ ᠵᠡᠷᠬᠡ ᠪᠠᠷᠢᠯᠭ᠎ᠠ ᠶᠢ ᠪᠠᠬᠢᠯᠡᠵᠦ᠂ ᠴᠠᠭ ᠳᠤᠬᠠᠢ ᠳᠤ ᠨᠢ ᠴᠠᠰᠤ ᠪᠠᠨ ᠴᠡᠪᠡᠷᠯᠡᠬᠦ ᠬᠡᠷᠡᠭᠳᠠᠢ᠃        ● ᠮᠠᠯᠵᠢᠬᠤ ᠳᠠᠷᠢᠶᠠᠯᠠᠬᠤ ᠤᠷᠤᠨ ᠪᠤᠯᠤᠨ ᠳᠡᠵᠢᠬᠡᠪᠦᠷᠢ ᠶᠢᠨ ᠳᠤᠰᠬᠠᠢ ᠡᠷᠦᠬᠡ ᠨᠢ ᠡᠪᠡᠰᠦ ᠪᠤᠷᠳᠤᠭ᠎ᠠ ᠪᠠᠨ ᠨᠦᠬᠡᠴᠡᠯᠡᠵᠦ᠂ ᠴᠠᠰᠤ ᠵᠤᠳ ᠪᠤᠯᠤᠨ ᠬᠦᠯᠳᠡᠬᠦ ᠭᠠᠮᠰᠢᠭ ᠢ ᠰᠡᠷᠬᠡᠶᠢᠯᠡᠬᠦ ᠪᠡᠯᠡᠳᠬᠡᠯ ᠢ ᠰᠠᠶᠢᠳᠤᠷ ᠬᠢᠬᠦ ᠬᠡᠷᠡᠭᠳᠠᠢ᠃
 
ᠢᠷᠡᠯᠲᠡ᠄ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号