ᠴᠠᠭ ᠠᠭᠤᠷ ᠤᠨ ᠭᠠᠮᠰᠢᠭ ︵ᠨᠢᠭᠡ︶
ᠨᠡᠶᠢᠲᠡᠯᠡᠭᠰᠡᠨ ᠴᠠᠭ᠄
2017-07-18
       ᠴᠠᠭ ᠠᠭᠤᠷ ᠤᠨ ᠭᠠᠮᠰᠢᠭ ᠬᠡᠳᠡᠭ ᠨᠢ ᠬᠠᠷ᠎ᠠ ᠰᠠᠯᠬᠢ᠂ ᠠᠭᠠᠳᠠᠷ ᠪᠤᠷᠤᠭᠠᠨ᠂ ᠵᠤᠳ ᠰᠢᠭᠤᠷᠭ᠎ᠠ᠂ ᠬᠦᠢᠳᠡᠨ ᠪᠤᠷᠤᠭᠠᠨ᠂ ᠶᠡᠭᠡ ᠰᠠᠯᠬᠢ ︵ᠡᠯᠡᠰᠦᠨ ᠰᠢᠭᠤᠷᠭ᠎ᠠ︶᠂ ᠳᠤᠤᠷ᠎ᠠ ᠠᠭᠠᠷ ᠤᠨ ᠳᠤᠯᠠᠭᠠᠨ᠂ ᠦᠨᠳᠦᠷ ᠬᠠᠯᠠᠭᠤᠨ᠂ ᠠᠶᠤᠩᠭ᠎ᠠ ᠴᠠᠬᠢᠯᠭᠠᠨ᠂ ᠬᠢᠷᠠᠭᠤ ᠬᠦᠯᠳᠡᠬᠦ᠂ ᠮᠦᠰᠦ ᠬᠦᠯᠳᠡᠬᠦ ᠪᠤᠯᠤᠨ ᠮᠠᠨᠠᠨ ᠵᠡᠷᠬᠡ ᠠᠴᠠ ᠪᠤᠯᠤᠭᠰᠠᠨ ᠭᠠᠮᠰᠢᠭ ᠢ ᠬᠡᠯᠡᠵᠦ ᠪᠤᠢ᠃        ᠠᠭᠠᠳᠠᠷ ᠪᠤᠷᠤᠭᠠᠨ        ᠠᠭᠠᠳᠠᠷ ᠪᠤᠷᠤᠭᠠᠨ ᠪᠤᠯ 24 ᠴᠠᠭ ᠤᠨ ᠳᠤᠳᠤᠷᠠᠬᠢ ᠳᠤᠨᠤᠳᠠᠰᠤᠨ ᠤ ᠬᠡᠮᠵᠢᠶ᠎ᠡ 50 ᠮᠢᠯᠢᠮᠧᠲᠷ ᠠᠴᠠ ᠳᠡᠬᠡᠭᠰᠢ ᠪᠠᠶᠢᠬᠤ ᠶᠢ ᠬᠡᠯᠡᠳᠡᠭ᠃ ᠳᠤᠨᠤᠳᠠᠰᠤᠨ ᠤ ᠬᠡᠮᠵᠢᠶ᠎ᠡ 100 ᠮᠢᠯᠢᠮᠧᠲᠷ ᠠᠴᠠ ᠳᠠᠪᠠᠪᠠᠯ ᠶᠡᠭᠡ ᠠᠭᠠᠳᠠᠷ ᠪᠤᠷᠤᠭᠠᠨ᠂ 250 ᠮᠢᠯᠢᠮᠧᠲᠷ ᠠᠴᠠ ᠳᠠᠪᠠᠪᠠᠯ ᠤᠨᠴᠠ ᠶᠡᠭᠡ ᠠᠭᠠᠳᠠᠷ ᠪᠤᠷᠤᠭᠠᠨ ᠳᠤ ᠲᠤᠭᠠᠴᠠᠭᠳᠠᠨ᠎ᠠ᠃        ᠠᠷᠭᠠᠴᠠᠭᠠᠬᠤ ᠭᠤᠤᠯᠳᠠᠯᠭ᠎ᠠ        ● ᠠᠭᠠᠳᠠᠷ ᠪᠤᠷᠤᠭᠠᠨ ᠤᠷᠤᠵᠤ ᠪᠠᠶᠢᠭ᠎ᠠ ᠦᠶᠡᠰ ᠦᠨᠳᠦᠷ ᠬᠦᠴᠦᠳᠡᠯᠳᠦ ᠴᠠᠬᠢᠯᠭᠠᠨ ᠤᠳᠠᠰᠤ᠂ ᠴᠠᠬᠢᠯᠭᠠᠨ ᠳᠦᠬᠦᠬᠡᠷᠦᠮᠵᠢ᠂ ᠱᠠᠩᠰᠢ ᠮᠤᠳᠤ᠂ ᠠᠭᠤᠯᠠᠨ ᠬᠦᠨᠳᠡᠢ᠂ ᠬᠦᠬᠦᠷᠬᠡ᠂ ᠨᠠᠮ ᠳᠤᠤᠷ᠎ᠠ ᠭᠠᠵᠠᠷ ᠬᠢᠬᠡᠳ ᠬᠢᠯᠪᠠᠷᠬᠠᠨ ᠭᠤᠯᠭᠤᠷᠢᠬᠤ ᠵᠡᠷᠬᠡ ᠭᠠᠵᠠᠷ ᠲᠤ ᠪᠤᠷᠤᠭᠠᠨ ᠠᠴᠠ ᠳᠠᠯᠳᠠᠯᠠᠵᠤ ᠪᠤᠯᠬᠤ ᠦᠬᠡᠢ᠃        ● ᠬᠤᠷᠠᠮᠠᠯ ᠤᠰᠤᠨ ᠳᠤ ᠶᠠᠪᠤᠬᠤ ᠳᠤ ᠪᠠᠨ ᠰᠠᠶᠢᠳᠤᠷ ᠠᠵᠢᠭᠯᠠᠵᠤ ᠰᠤᠬᠤᠷ ᠬᠤᠳᠳᠤᠭ ᠪᠤᠶᠤ ᠨᠦᠬᠡᠨ ᠳᠤ ᠤᠨᠠᠬᠤ ᠶᠢ ᠬᠢᠴᠢᠶᠡᠬᠦ ᠬᠡᠷᠡᠭᠳᠠᠢ᠃        ● ᠮᠠᠰᠢᠨ ᠳᠡᠷᠬᠡ ᠴᠢᠨᠢ ᠬᠡᠷᠪᠡ ᠰᠤᠵᠠᠭ ᠬᠦᠨᠳᠡᠢ ᠳᠤ ᠤᠨᠳᠠᠷᠠᠭᠰᠠᠨ ᠪᠤᠯ ᠦᠨᠳᠦᠷᠯᠢᠭ ᠭᠠᠵᠠᠷ ᠲᠤ ᠰᠢᠯᠵᠢᠵᠦ ᠠᠪᠤᠷᠠᠨ ᠳᠤᠰᠠᠯᠠᠬᠤ ᠶᠢ ᠬᠦᠯᠢᠶᠡᠬᠦ ᠬᠡᠷᠡᠭᠳᠠᠢ᠂ ᠬᠠᠷᠢᠨ ᠮᠠᠰᠢᠨ ᠳᠡᠷᠬᠡᠨ ᠳᠤ ᠪᠠᠨ ᠰᠠᠭᠤᠵᠤ ᠠᠪᠤᠷᠠᠨ ᠳᠤᠰᠠᠯᠠᠬᠤ ᠶᠢ ᠬᠦᠯᠢᠶᠡᠵᠦ ᠪᠤᠯᠬᠤ ᠦᠬᠡᠢ᠃        ᠠᠶᠤᠩᠭ᠎ᠠ ᠴᠠᠬᠢᠯᠭᠠᠨ        ᠠᠶᠤᠩᠭ᠎ᠠ ᠴᠠᠬᠢᠯᠭᠠᠨ ᠬᠡᠳᠡᠭ ᠨᠢ ᠡᠬᠦᠯᠡ ᠬᠤᠷᠠᠨ ᠪᠤᠷᠤᠭᠠᠨ ᠴᠢᠳᠬᠤᠯᠠᠵᠤ ᠪᠠᠶᠢᠭ᠎ᠠ ᠦᠶᠡᠰ ᠠᠶᠤᠩᠭ᠎ᠠ ᠨᠢᠵᠢᠬᠢᠨᠡᠨ ᠴᠠᠬᠢᠯᠭᠠᠨ ᠬᠢᠯᠪᠠᠭ᠋ᠤ ᠶᠢ ᠵᠢᠭᠠᠵᠤ ᠪᠠᠶᠢᠳᠠᠭ᠃ ᠬᠤᠷᠤᠮᠬᠠᠨ ᠵᠠᠭᠤᠷ᠎ᠠ ᠶᠢᠨ ᠬᠦᠴᠦᠳᠦ ᠴᠠᠬᠢᠯᠭᠠᠨ ᠤ ᠰᠠᠴᠤᠷᠠᠭ ᠨᠢ ᠬᠦᠮᠦᠨ ᠤ ᠪᠡᠶ᠎ᠡ ᠮᠠᠬᠠᠪᠤᠳ᠂ ᠪᠠᠷᠢᠯᠭ᠎ᠠ᠂ ᠴᠠᠬᠢᠯᠭᠠᠨ ᠬᠦᠴᠦ ᠪᠤᠯᠤᠨ ᠴᠢᠮᠡᠭᠡ ᠬᠤᠯᠪᠤᠭ᠎ᠠ ᠶᠢᠨ ᠳᠦᠬᠦᠬᠡᠷᠦᠮᠵᠢ ᠳᠤ ᠬᠦᠨᠦᠬᠡᠯ ᠬᠤᠬᠢᠷᠠᠯ ᠤᠴᠠᠷᠠᠭᠤᠯᠳᠠᠭ᠃        ᠠᠷᠭᠠᠴᠠᠭᠠᠬᠤ ᠭᠤᠤᠯᠳᠠᠯᠭ᠎ᠠ        ● ᠭᠠᠳᠠᠨ᠎ᠠ ᠪᠠᠶᠢᠬᠤ ᠳᠤ ᠠᠶᠤᠩᠭ᠎ᠠ ᠴᠠᠬᠢᠯᠬᠤ ᠳᠤᠬᠢᠶᠠᠯᠳᠤᠪᠠᠯ ᠰᠢᠭᠦᠷ ᠢᠶᠠᠨ ᠳᠡᠯᠬᠡᠵᠦ ᠪᠤᠯᠬᠤ ᠦᠬᠡᠢ᠂ ᠳᠠᠷᠢᠶᠠᠯᠠᠩ ᠤᠨ ᠪᠠᠭᠠᠵᠢ᠂ ᠦᠳᠦᠨ ᠪᠦᠮᠪᠦᠭᠡ ᠶᠢᠨ ᠫᠠᠶᠢᠰᠠ᠂ ᠵᠢᠭᠠᠰᠤ ᠬᠦᠬᠢᠳᠡᠬᠦ ᠡᠰᠢ ᠵᠡᠷᠬᠡ ᠶᠢ ᠮᠦᠷᠦᠯᠡᠵᠦ ᠪᠤᠯᠬᠤ ᠦᠬᠡᠢ᠃ ᠬᠡᠬᠡᠷ᠎ᠡ ᠭᠠᠳᠠᠨ᠎ᠠ ᠪᠠᠶᠢᠪᠠᠯ ᠨᠠᠮ ᠭᠠᠵᠠᠷ ᠢ ᠡᠷᠢᠵᠦ ᠬᠤᠶᠠᠷ ᠭᠠᠷ ᠢᠶᠠᠷ ᠢᠶᠠᠨ ᠡᠪᠦᠳᠦᠭ ᠢᠶᠠᠨ ᠳᠡᠪᠡᠷᠢᠵᠦ ᠰᠦᠬᠦᠳᠬᠦ ᠬᠡᠷᠡᠭᠳᠠᠢ᠃        ● ᠠᠭᠤᠯᠠᠨ ᠤᠷᠤᠢ᠂ ᠠᠭᠤᠯᠠ ᠨᠢᠷᠤᠭᠤ᠂ ᠪᠠᠷᠢᠯᠭ᠎ᠠ ᠶᠢᠨ ᠤᠷᠤᠢ᠂ ᠳᠡᠮᠦᠷ ᠬᠠᠰᠢᠭᠠᠰᠤ᠂ ᠬᠤᠪᠴᠠᠰᠤ ᠡᠯᠬᠦᠨ ᠬᠠᠳᠠᠭᠠᠬᠤ ᠳᠡᠮᠦᠷ ᠳᠡᠬᠡᠰᠦ᠂ ᠳᠡᠮᠦᠷ ᠡᠬᠦᠳᠡ ᠴᠤᠩᠬᠤ᠂ ᠳᠡᠮᠦᠷ ᠵᠠᠮ ᠵᠡᠷᠬᠡ ᠭᠠᠵᠠᠷ ᠢᠶᠠᠷ ᠡᠷᠬᠢᠴᠡᠵᠦ ᠪᠤᠯᠬᠤ ᠦᠬᠡᠢ᠂ ᠤᠮᠪᠠᠯᠳᠠ ᠶᠢᠨ ᠭᠠᠵᠠᠷ᠂ ᠨᠠᠭᠤᠷ ᠪᠦᠷᠢᠳᠦ᠂ ᠳᠠᠯᠠᠢ ᠶᠢᠨ ᠬᠦᠪᠡᠭᠡ᠂ ᠱᠠᠩᠰᠢ ᠮᠤᠳᠤ ᠶᠢᠨ ᠳᠤᠤᠷ᠎ᠠ ᠵᠤᠭᠰᠤᠵᠤ ᠪᠤᠯᠬᠤ ᠦᠬᠡᠢ᠂ ᠴᠠᠬᠢᠯᠭᠠᠨ ᠤᠳᠠᠰᠤᠨ ᠪᠠᠭᠠᠨ᠎ᠠ᠂ ᠡᠷᠬᠦᠬᠦᠷ ᠮᠠᠰᠢᠨ ᠤ ᠳᠤᠤᠷ᠎ᠠ ᠵᠤᠭᠰᠤᠵᠤ ᠪᠤᠯᠬᠤ ᠦᠬᠡᠢ᠃        ● ᠬᠡᠷ ᠪᠠᠷᠢᠯᠭ᠎ᠠ᠂ ᠳᠡᠷᠬᠡ ᠪᠤᠶᠤ ᠳᠡᠮᠦᠷᠯᠢᠭ ᠤᠨ ᠬᠤᠩᠬᠢᠶ᠎ᠠ ᠲᠠᠢ ᠤᠩᠭᠤᠴᠠᠨ ᠳᠤ ᠳᠦᠷᠬᠡᠬᠡᠨ ᠤᠷᠤᠵᠤ ᠳᠠᠯᠳᠠᠯᠠᠬᠤ ᠬᠡᠷᠡᠭᠳᠠᠢ᠃        ● ᠬᠡᠷ ᠳᠤᠳᠤᠷ᠎ᠠ ᠪᠠᠶᠢᠬᠤ ᠳᠤ ᠴᠠᠬᠢᠯᠭᠠᠨ ᠴᠠᠬᠢᠯᠪᠠᠯ ᠴᠤᠩᠬᠤ ᠡᠬᠦᠳᠡ ᠪᠠᠨ ᠰᠠᠶᠢᠳᠤᠷ ᠬᠠᠭᠠᠵᠤ᠂ ᠪᠦᠮᠪᠦᠬᠡᠯᠢᠭ ᠴᠠᠬᠢᠯᠭᠠᠨ ᠬᠡᠷ ᠲᠤ ᠤᠷᠤᠵᠤ ᠬᠦᠨᠦᠬᠡᠯ ᠪᠤᠯᠬᠤ ᠶᠢ ᠰᠡᠷᠬᠡᠶᠢᠯᠡᠬᠦ ᠬᠡᠷᠡᠭᠳᠠᠢ᠃        ● ᠴᠠᠬᠢᠯᠭᠠᠨ ᠴᠠᠬᠢᠯᠵᠤ ᠠᠶᠤᠩᠭ᠎ᠠ ᠳᠤᠤᠭᠠᠷᠬᠤ ᠦᠶᠡᠰ ᠴᠠᠬᠢᠯᠭᠠᠨ ᠬᠡᠷᠡᠭᠰᠡᠯ ᠤᠨ ᠢᠶᠠᠨ ᠴᠠᠬᠢᠯᠭᠠᠨ ᠢ ᠰᠠᠯᠭᠠᠬᠤ ᠬᠡᠷᠡᠭᠳᠠᠢ᠃ ᠤᠳᠠᠰᠤ ᠠᠪᠴᠤ ᠪᠤᠯᠬᠤ ᠦᠬᠡᠢ᠂ ᠪᠡᠶ᠎ᠡ ᠪᠠᠨ ᠰᠦᠷᠴᠢᠨ ᠤᠬᠢᠶᠠᠵᠤ ᠪᠤᠯᠬᠤ ᠦᠬᠡᠢ᠂ ᠰᠢᠳᠠᠮᠠᠬᠠᠢ ᠬᠡᠢ ᠶᠢᠨ ᠳᠡᠮᠦᠷ ᠭᠤᠤᠷᠰᠤ ᠲᠠᠢ ᠵᠤᠯᠭᠠᠯᠴᠠᠵᠤ ᠪᠤᠯᠬᠤ ᠦᠬᠡᠢ᠂ ᠬᠡᠷ ᠲᠤ ᠤᠷᠤᠭᠰᠠᠨ ᠴᠠᠬᠢᠯᠭᠠᠨ ᠤᠳᠠᠰᠤ ᠶᠢᠨ ᠨᠡᠬᠡᠬᠡᠯᠬᠡ ᠬᠢᠬᠡᠳ ᠠᠭᠠᠷ ᠤᠳᠠᠰᠤ ᠶᠢ ᠴᠢᠳᠠᠬᠤ ᠶᠢᠨ ᠬᠢᠷᠢ ᠪᠠᠷ ᠰᠠᠯᠭᠠᠬᠤ ᠬᠡᠷᠡᠭᠳᠠᠢ᠃
 
ᠢᠷᠡᠯᠲᠡ᠄ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号