ᠰᠢ ᠲᠦᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠭᠤᠷᠪᠠᠨ ᠠᠵᠢᠯ︾ ᠢ ᠢᠯᠡ ᠪᠠᠷ ᠶᠠᠪᠤᠭᠳᠠᠭᠤᠯᠵᠤ ᠪᠤᠢ
ᠨᠡᠶᠢᠲᠡᠯᠡᠭᠰᠡᠨ ᠴᠠᠭ᠄
2017-07-19
       ᠦᠨᠳᠦᠰᠦᠨ ᠱᠠᠲᠤᠨ ᠤ ᠨᠠᠮ ᠤᠨ ᠰᠤᠷᠲᠠᠯ ᠴᠢᠭᠡᠴᠢ ᠵᠠᠰᠠᠭ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠲᠦᠯᠦᠭᠡ ︽ᠭᠤᠷᠪᠠᠨ ᠠᠵᠢᠯ︾ ᠢ ᠢᠯᠡ ᠪᠤᠯᠭᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠩ ᠱᠠᠨ ᠲᠤᠭᠤᠷᠢᠭ ᠤᠨ ᠰᠢ ᠲᠦᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠭᠤᠷᠪᠠᠨ ᠵᠦᠢᠯ ᠤᠨ ᠠᠷᠭ᠎ᠠ ᠪᠠᠷᠢᠯ ᠢᠶᠠᠷ ᠨᠡᠶᠢᠭᠡᠮ ᠲᠤᠭᠤᠷᠢᠭ ᠤᠨ ︽ᠭᠤᠷᠪᠠᠨ ᠠᠵᠢᠯ︾ ᠢ ᠢᠯᠠ ᠪᠤᠯᠭᠠᠬᠤ ᠠᠵᠢᠯ ᠢ ᠪᠠᠲᠤᠲᠠᠢ ᠠᠬᠢᠭᠤᠯᠤᠨ᠂ ᠬᠠᠷᠢᠶᠠᠲᠤ ᠲᠤᠭᠤᠷᠢᠭ ᠤᠨ ᠤᠯᠠᠨ ᠲᠦᠮᠡᠨ ᠤ ᠤᠴᠢᠷ ᠶᠠᠪᠤᠳᠠᠯ ᠢ ᠤᠶᠢᠯᠠᠭᠠᠨ ᠮᠡᠳᠡᠬᠦ ᠡᠷᠬᠡ᠂ ᠤᠷᠤᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠦᠨᠡᠨᠬᠦ ᠬᠦᠨᠳᠦᠳᠬᠡᠨ᠂ ᠵᠡᠭᠡᠯᠢ ᠭᠤᠳᠤᠮᠵᠢ᠂ ᠨᠡᠶᠢᠭᠡᠮ ᠲᠤᠭᠤᠷᠢᠭ ᠤᠨ ᠠᠵᠢᠯ ᠤᠨ ᠲᠤᠳᠤᠴᠠ ᠪᠠ ᠨᠡᠶᠢᠭᠡᠮ ᠤᠨ ᠢᠲᠡᠭᠡᠮᠵᠢ ᠶᠢ ᠨᠡᠮᠡᠭᠳᠡᠭᠦᠯᠦᠭᠰᠡᠨ ᠪᠠᠶᠢᠨ᠎ᠠ᠃        ᠨᠡᠶᠢᠭᠡᠮ ᠲᠤᠭᠤᠷᠢᠭ ᠤᠨ ︽ᠭᠤᠷᠪᠠᠨ ᠠᠵᠢᠯ︾ ᠢ ᠢᠯᠡ ᠪᠤᠯᠭᠠᠬᠤ ᠠᠵᠢᠯ ᠤᠨ ᠳᠦᠷᠢᠮ ᠲᠤᠭᠲᠠᠭᠠᠯ᠂ ᠱᠠᠭᠠᠷᠳᠠᠯᠭ᠎ᠠ ᠶᠢ ᠲᠤᠭᠲᠠᠭᠠᠵᠤ᠂ ᠤᠳᠤᠷᠢᠳᠤᠯᠭ᠎ᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ᠂ ᠬᠠᠮᠢᠶ᠎ᠠ ᠪᠦᠬᠦᠢ ᠠᠯᠪᠠᠨ ᠭᠡᠷ ︵ᠭᠠᠵᠠᠷ︶ ᠨᠢ ᠢᠳᠡᠪᠬᠢᠲᠡᠢ ᠬᠠᠮᠵᠢᠯᠴᠠᠬᠤ ᠠᠵᠢᠯ ᠤᠨ ᠲᠤᠭᠲᠠᠴᠠ ᠶᠢ ᠪᠠᠶᠢᠭᠤᠯᠤᠨ᠂ ︽ᠭᠤᠷᠪᠠᠨ ᠠᠵᠢᠯ︾ ᠢ ᠢᠯᠡ ᠪᠤᠯᠭᠠᠬᠤ ᠠᠵᠢᠯ ᠢ ᠡᠯ᠎ᠡ ᠨᠡᠶᠢᠭᠡᠮ ᠲᠤᠭᠤᠷᠢᠭ ᠤᠨ ᠵᠢᠯ ᠤᠨ ᠡᠴᠦᠰ ᠤᠨ ᠬᠠᠷᠠᠯᠲᠠᠲᠤ ᠬᠢᠨᠠᠨ ᠰᠢᠯᠭᠠᠬᠤ ᠠᠭᠤᠯᠭ᠎ᠠ ᠳᠤ ᠤᠷᠤᠭᠤᠯᠵᠤ᠂ ᠰᠢᠯᠢᠳᠡᠭ ᠢ ᠦᠨᠡᠯᠡᠨ᠂ ᠲᠡᠷᠢᠭᠦᠨ ᠤ ᠨᠢᠭᠡᠴᠡ ᠶᠢ ᠰᠢᠯᠭᠠᠷᠠᠭᠤᠯᠬᠤ ᠬᠢᠨᠠᠯᠲᠠ ᠳᠤ ᠤᠷᠤᠭᠤᠯᠵᠠᠢ᠃        ᠵᠡᠭᠡᠯᠢ ᠭᠤᠳᠤᠮᠵᠢ ᠶᠢᠨ ︽ᠭᠤᠷᠪᠠᠨ ᠠᠵᠢᠯ ᠢ ᠢᠯᠡ ᠪᠤᠯᠭᠠᠬᠤ ᠤᠳᠤᠷᠢᠳᠤᠮᠵᠢ ᠶᠢᠨ ᠬᠦᠰᠦᠨᠦᠭ︾ ᠢ ᠳᠠᠷᠤᠮᠠᠯᠯᠠᠨ ᠲᠠᠷᠬᠠᠭᠠᠵᠤ᠂ ᠬᠡᠯᠪᠡᠷᠢ ᠶᠢ ᠳᠦᠷᠢᠮᠵᠢᠭᠦᠯᠦᠨ᠂ ᠠᠭᠤᠯᠭ᠎ᠠ ᠶᠢ ᠪᠤᠳᠠᠲᠠᠢ ᠢᠯᠡ ᠪᠤᠯᠭᠠᠵᠤ᠂ ᠤᠯᠠᠨ ᠲᠦᠮᠡᠨ ᠤ ᠤᠴᠢᠷ ᠶᠠᠪᠤᠳᠠᠯ ᠢ ᠤᠶᠢᠯᠠᠭᠠᠨ ᠮᠡᠳᠡᠬᠦ ᠡᠷᠬᠡ᠂ ᠤᠷᠤᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠵᠡᠷᠭᠡ ᠭᠤᠤᠯᠯᠠᠬᠤ ᠠᠭᠤᠯᠭ᠎ᠠ ᠶᠢᠨ ᠲᠤᠭᠤᠷᠢᠨ ᠳᠤ ᠪᠦᠬᠦ ᠲᠠᠯ᠎ᠠ ᠪᠠᠷ ᠢᠯᠡ ᠪᠤᠯᠭᠠᠵᠠᠢ᠃ ᠭᠤᠤᠯᠳᠠᠯᠭ᠎ᠠ ᠲᠠᠢ ᠨᠠᠮ ᠤᠨ ᠵᠤᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ᠂ ᠨᠠᠮ ᠳᠤ ᠡᠷᠡᠮᠡᠯᠵᠡᠬᠦ ᠢᠳᠡᠪᠬᠢᠲᠡᠨ ᠵᠢᠴᠢ ᠬᠦᠮᠦᠵᠢᠭᠦᠯᠬᠦ ᠡᠲᠡᠭᠡᠳ᠂ ᠨᠠᠮ ᠤᠨ ᠰᠦᠢᠳᠬᠡᠯ ᠲᠤᠰᠢᠶᠠᠭᠰᠠᠨ ᠪᠠᠶᠢᠳᠠᠯ᠂ ᠡᠳ᠋ ᠤᠨ ᠶᠠᠪᠤᠳᠠᠯ ᠤᠨ ᠤᠷᠤᠯᠭ᠎ᠠ ᠵᠠᠷᠤᠯᠭ᠎ᠠ ᠵᠡᠷᠭᠡ ᠲᠠᠯ᠎ᠠ ᠶᠢᠨ ᠠᠭᠤᠯᠭ᠎ᠠ ᠶᠢ ᠢᠯᠡ ᠪᠤᠯᠭᠠᠭᠰᠠᠨ ᠪᠠᠶᠢᠨ᠎ᠠ᠃        ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠵᠢᠯ ᠤᠨ ᠰᠠᠬᠢᠯᠭ᠎ᠠ ᠪᠠᠲᠤ ᠶᠢ ᠪᠠᠶᠢᠴᠠᠭᠠᠬᠤ ᠵᠦᠪᠯᠡᠯ ᠠᠴᠠ ᠡᠯ᠎ᠡ ᠨᠡᠶᠢᠭᠡᠮ ᠲᠤᠭᠤᠷᠢᠭ ᠤᠨ ︽ᠭᠤᠷᠪᠠᠨ ᠠᠵᠢᠯ︾ ᠢ ᠢᠯᠡ ᠪᠤᠯᠭᠠᠬᠤ ᠠᠵᠢᠯ ᠳᠤ ᠲᠤᠭᠲᠠᠮᠠᠯ ᠪᠤᠰᠤ ᠬᠤᠭᠤᠴᠠᠭ᠎ᠠ ᠲᠠᠢ ᠪᠠᠶᠢᠴᠠᠭᠠᠯᠲᠠ ᠬᠢᠵᠦ᠂ ᠠᠰᠠᠭᠤᠳᠠᠯ ᠢ ᠢᠯᠡᠷᠡᠭᠦᠯᠪᠡᠯ ᠴᠠᠭ ᠲᠤᠬᠠᠢ ᠳᠤᠨᠢ ᠵᠠᠰᠠᠨ ᠵᠠᠯᠠᠷᠠᠭᠤᠯᠵᠠᠢ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号