ᠦᠷᠲᠡᠭᠡᠨ ᠡᠮᠦᠨᠡᠬᠢ ᠵᠡᠭᠡᠯᠢ ᠭᠤᠳᠤᠮᠵᠢ ᠢᠲᠡᠭᠡᠮᠵᠢ ᠲᠠᠢ ᠪᠤᠯᠪᠠᠰᠤᠨ ᠬᠤᠳᠠᠯᠳᠤᠭᠠᠴᠢᠨ ᠡᠷᠦᠬᠡ ᠶᠢ ᠰᠠᠶᠢᠰᠢᠶᠠᠨ ᠬᠦᠬᠢᠭᠦᠯᠪᠡ
ᠨᠡᠶᠢᠲᠡᠯᠡᠭᠰᠡᠨ ᠴᠠᠭ᠄
2017-07-20
       ᠦᠨᠡᠨᠴᠢ ᠢᠲᠡᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠠᠷᠠᠳ ᠲᠤ ᠳᠦᠭᠦᠮ ᠦᠵᠡᠭᠦᠯᠬᠦ ᠵᠠᠬ᠎ᠠ ᠳᠡᠯᠭᠡᠭᠦᠷ ᠢ ᠦᠷᠭᠦᠯᠵᠢᠯᠡᠬᠦᠶᠢᠴᠡ ᠬᠦᠭᠵᠢᠯᠲᠡ ᠶᠢᠨ ᠵᠠᠮ ᠳᠤ ᠤᠷᠤᠭᠤᠯᠤᠨ ᠂ ᠬᠤᠳᠠᠯᠳᠤᠭᠠᠴᠢᠨ ᠡᠷᠦᠬᠡ ᠶᠢᠨ ᠦᠨᠡᠨᠴᠢ ᠢᠲᠡᠭᠡᠮᠵᠢ ᠲᠠᠢ ᠪᠠᠷ ᠡᠵᠡᠩᠨᠡᠯᠲᠡ ᠬᠢᠬᠦ ᠶᠢ ᠠᠬᠢᠭᠤᠯᠬᠤ ᠶᠢᠨ ᠲᠦᠯᠦᠭᠡ᠂ ᠤᠶᠢᠷ᠎ᠠ ᠳᠤ᠂ ᠬᠤᠩ ᠱᠠᠨ ᠲᠤᠭᠤᠷᠢᠭ ᠤᠨ ᠦᠷᠲᠡᠭᠡᠨ ᠡᠮᠦᠨᠡᠬᠢ ᠵᠡᠭᠡᠯᠢ ᠭᠤᠳᠤᠮᠵᠢ ᠵᠤᠤ ᠤᠳᠠ ᠶᠢᠨ ᠠᠷᠠᠳ ᠲᠤ ᠳᠦᠭᠦᠮ ᠦᠵᠡᠭᠦᠯᠬᠦ ᠵᠠᠬ᠎ᠠ ᠳᠡᠯᠭᠡᠭᠦᠷ ᠤᠨ 5 ᠦᠨᠡᠨᠴᠢ ᠢᠲᠡᠭᠡᠮᠵᠢ ᠲᠠᠢ ᠪᠤᠯᠪᠠᠰᠤᠨ ᠬᠤᠳᠠᠯᠳᠤᠭᠠᠴᠢᠨ ᠡᠷᠦᠬᠡ ᠶᠢ ᠰᠠᠶᠢᠰᠢᠶᠠᠨ ᠬᠦᠬᠢᠭᠦᠯᠦᠭᠰᠡᠨ ᠪᠠᠶᠢᠨ᠎ᠠ᠃        ᠵᠤᠤ ᠤᠳᠠ ᠶᠢᠨ ᠠᠷᠠᠳ ᠲᠤ ᠳᠦᠭᠦᠮ ᠦᠵᠡᠭᠦᠯᠬᠦ ᠵᠠᠬ᠎ᠠ ᠳᠡᠯᠭᠡᠭᠦᠷ ᠪᠤᠯ ᠮᠠᠨ ᠤ ᠬᠤᠲᠠ ᠳᠤ ᠬᠠᠮᠤᠭ ᠡᠷᠲᠡ ᠪᠠᠶᠢᠭᠤᠯᠤᠭᠳᠠᠭᠰᠠᠨ ᠨᠡᠶᠢᠭᠡᠮ ᠲᠤᠭᠤᠷᠢᠭ ᠤᠨ ᠠᠷᠠᠳ ᠲᠤ ᠳᠦᠭᠦᠮ ᠦᠵᠡᠭᠦᠯᠬᠦ ᠵᠠᠬ᠎ᠠ ᠳᠡᠯᠭᠡᠭᠦᠷ ᠪᠤᠯᠤᠨ᠎ᠠ᠃ ᠤᠯᠠᠨ ᠵᠢᠯ ᠤᠨ ᠲᠤᠷᠰᠢ᠂ ᠲᠤᠰ ᠵᠠᠬ᠎ᠠ ᠳᠡᠯᠭᠡᠭᠦᠷ ᠠᠴᠠ ᠨᠢᠭᠡ ᠪᠦᠯᠦᠭ ᠬᠠᠲᠠᠭᠤᠵᠢᠯᠲᠠᠢ ᠪᠠᠷ ᠦᠢᠯᠡᠰ ᠪᠤᠰᠬᠠᠭᠰᠠᠨ᠂ ᠬᠠᠤᠯᠢ ᠶᠤᠰᠤᠭᠠᠷ ᠡᠵᠡᠩᠨᠡᠭᠰᠡᠨ᠂ ᠠᠵᠢᠯ ᠬᠦᠳᠡᠯᠮᠦᠷᠢ ᠪᠠᠷ ᠪᠠᠶᠠᠵᠢᠭᠰᠠᠨ᠂ ᠨᠡᠶᠢᠭᠡᠮ ᠳᠤ ᠬᠤᠪᠢ ᠨᠡᠮᠡᠷᠢ ᠦᠵᠡᠭᠦᠯᠦᠭᠰᠡᠨ᠂ ᠪᠤᠯᠪᠠᠰᠤᠨ ᠢ ᠡᠷᠬᠢᠮᠯᠡᠨ᠂ ᠦᠨᠡᠨᠴᠢ ᠢᠲᠡᠭᠡᠮᠵᠢ ᠲᠠᠢ ᠲᠡᠷᠢᠭᠦᠨ ᠤ ᠬᠤᠪᠢ ᠶᠢᠨ ᠬᠤᠳᠠᠯᠳᠤᠭᠠᠴᠢᠨ ᠡᠷᠦᠭᠡ ᠢᠯᠡᠷᠡᠵᠦ᠂ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠵᠠᠬ᠎ᠠ ᠳᠡᠯᠭᠡᠭᠦᠷ ᠲᠤᠲᠤᠷᠠᠬᠢ ᠡᠯ᠎ᠡ ᠲᠦᠷᠦᠯ ᠤᠨ ᠬᠤᠳᠠᠯᠳᠤᠭᠠᠴᠢᠨ ᠡᠷᠦᠬᠡ ᠠᠷᠠᠳ ᠲᠤ ᠳᠦᠭᠦᠮ ᠦᠵᠡᠭᠦᠯᠬᠦ ᠶᠢᠨ ᠬᠠᠮᠲᠤ ᠪᠠᠰᠠ ᠨᠡᠯᠢᠶᠠᠳ ᠰᠠᠶᠢᠨ ᠠᠵᠤ ᠠᠬᠤᠢ ᠶᠢᠨ ᠦᠷ᠎ᠡ ᠠᠰᠢᠭ ᠬᠦᠷᠲᠡᠭᠰᠡᠨ ᠪᠠᠶᠢᠨ᠎ᠠ ᠃ ᠦᠷᠲᠡᠭᠡᠨ ᠡᠮᠦᠨᠡᠬᠢ ᠵᠡᠭᠡᠯᠢ ᠭᠤᠳᠤᠮᠵᠢ ᠶᠢᠨ ᠲᠤᠰ ᠤᠳᠠᠭᠠᠨ ᠤ ᠠᠵᠢᠯᠯᠠᠭᠠᠨ ᠨᠢ ᠦᠨᠡᠨᠴᠢ ᠢᠲᠡᠭᠡᠮᠵᠢ ᠲᠠᠢ ᠬᠤᠳᠠᠯᠳᠤᠭᠠᠴᠢᠨ ᠡᠷᠦᠬᠡ ᠶᠢᠨ ᠵᠢᠱᠢᠶᠡᠴᠢ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ ᠨᠡᠩ ᠤᠯᠠᠨ ᠡᠵᠡᠩᠨᠡᠯᠲᠡ ᠶᠢᠨ ᠡᠷᠦᠬᠡ ᠶᠢᠨ ᠰᠤᠷᠤᠯᠴᠠᠬᠤ ᠳᠠᠭᠤᠷᠢᠶᠠᠯ ᠪᠤᠯᠵᠤ᠂ ᠡᠶ᠎ᠡ ᠵᠤᠬᠢᠴᠠᠯᠲᠤ ᠬᠦᠭᠵᠢᠯᠲᠡ ᠶᠢᠨ ᠬᠠᠷᠠᠯᠲᠠ ᠶᠢ ᠪᠤᠢ ᠪᠤᠯᠭᠠᠭᠰᠠᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号