ᠨᠠᠨ ᠰᠢᠨ ᠵᠡᠭᠡᠯᠢ ᠶᠢᠨ ᠲᠤᠮᠢᠯᠠᠭᠰᠠᠨ ᠰᠠᠯᠪᠤᠷᠢ ᠬᠡᠦᠬᠡᠳ ᠤᠨ ᠴᠡᠴᠡᠷᠯᠢᠭ ᠤᠨ ᠭᠠᠯ ᠢ ᠰᠡᠷᠭᠡᠶᠢᠯᠡᠬᠦ ᠪᠠᠶᠢᠴᠠᠭᠠᠯᠲᠠ ᠶᠢ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2017-07-20
       ᠬᠡᠦᠬᠡᠳ ᠤᠨ ᠠᠮᠤᠷ ᠲᠦᠪᠰᠢᠨ ᠢ ᠪᠠᠲᠤᠯᠠᠨ᠂ ᠠᠮᠤᠷ ᠲᠦᠪᠰᠢᠨ ᠤ ᠳᠠᠯᠳᠠ ᠭᠡᠮ ᠢ ᠠᠷᠢᠯᠭᠠᠨ᠂ ᠪᠠᠭᠰᠢ ᠰᠤᠷᠤᠭᠴᠢᠳ ᠲᠤ ᠠᠮᠤᠷ ᠲᠤᠭᠲᠠᠭᠤᠨ᠂ ᠡᠶ᠎ᠡ ᠵᠤᠬᠢᠴᠠᠯᠲᠤ ᠰᠤᠷᠭᠠᠭᠤᠯᠢ ᠶᠢᠨ ᠬᠦᠷᠢᠶᠡᠨ ᠤ ᠤᠷᠴᠢᠨ ᠢ ᠬᠠᠩᠭᠠᠬᠤ ᠶᠢᠨ ᠲᠦᠯᠦᠭᠡ᠂ ᠬᠤᠩ ᠱᠠᠨ ᠲᠤᠭᠤᠷᠢᠭ ᠤᠨ ᠨᠠᠨ ᠰᠢᠨ ᠵᠡᠭᠡᠯᠢ ᠶᠢᠨ ᠲᠤᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠬᠠᠷᠢᠶ᠎ᠠ ᠲᠤᠭᠤᠷᠢᠭ ᠤᠨ ᠴᠡᠴᠡᠷᠯᠢᠭ ᠲᠤ ᠪᠦᠬᠦ ᠲᠠᠯ᠎ᠠ ᠪᠠᠷ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠬᠢᠪᠡ᠃        ᠪᠠᠶᠢᠴᠠᠭᠠᠯᠲᠠ ᠳᠤ᠂ ᠴᠡᠴᠡᠷᠯᠢᠭ ᠤᠨ ᠠᠮᠤᠷ ᠲᠦᠪᠰᠢᠨ ᠢᠶᠠᠷ ᠭᠠᠷᠬᠤ ᠡᠭᠦᠳᠡ᠂ ᠪᠠᠴᠢᠮ ᠡᠭᠦᠳᠡ ᠪᠦᠭᠯᠡᠷᠡᠭᠰᠡᠨ ᠡᠰᠡᠭᠦ᠂ ᠭᠠᠯ ᠤᠨᠲᠠᠷᠠᠭᠠᠬᠤ ᠪᠠᠭᠠᠵᠢ ᠲᠦᠬᠦᠭᠡᠷᠦᠮᠵᠢ ᠪᠦᠷᠢᠨ ᠪᠠᠶᠢᠬᠤ ᠡᠰᠡᠭᠦ ᠳᠤ ᠨᠠᠷᠢᠯᠢᠭ ᠪᠠᠶᠢᠴᠠᠭᠠᠯᠲᠠ ᠬᠢᠪᠡ᠃ ᠡᠭᠦᠨ ᠤ ᠬᠠᠮᠲᠤ᠂ ᠠᠷᠠᠳ ᠤᠨ ᠴᠠᠭᠳᠠᠭ᠎ᠠ ᠠᠴᠠ ᠰᠤᠷᠭᠠᠭᠤᠯᠢ ᠶᠢᠨ ᠬᠠᠷᠢᠭᠤᠴᠠᠯᠭᠠᠲᠠᠨ ᠳᠤ ᠂ ᠲᠤᠭᠲᠠᠮᠠᠯ ᠬᠤᠭᠤᠴᠠᠭ᠎ᠠ ᠲᠠᠢ ᠪᠠᠷ ᠭᠠᠯ ᠢ ᠰᠡᠷᠭᠡᠶᠢᠯᠡᠬᠦ ᠪᠤᠯᠪᠠᠰᠤᠷᠠᠯ ᠬᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃        ᠲᠤᠰ ᠤᠳᠠᠭᠠᠨ ᠤ ᠪᠠᠶᠢᠴᠠᠭᠠᠯᠲᠠ ᠪᠠᠷ ᠳᠠᠮᠵᠢᠨ᠂ ᠰᠣᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠳᠠᠯᠳᠠ ᠭᠡᠮ ᠰᠤᠭᠤᠭ ᠢ ᠠᠷᠢᠯᠭᠠᠭᠰᠠᠨ ᠢᠶᠠᠷ ᠪᠠᠷᠠᠬᠤ ᠦᠭᠡᠢ᠂ ᠰᠤᠷᠭᠠᠭᠤᠯᠢ ᠶᠢᠨ ᠭᠠᠯ ᠢ ᠰᠡᠷᠭᠡᠶᠢᠯᠡᠬᠦ ᠠᠮᠤᠷ ᠲᠦᠪᠰᠢᠨ ᠤ ᠬᠠᠮᠢᠶᠠᠷᠤᠯᠲᠠ ᠶᠢᠨ ᠦᠵᠡᠯᠲᠡ ᠲᠠᠨᠢᠯᠲᠠ ᠶᠢ ᠤᠯᠠᠮ ᠢᠶᠠᠷ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号