2017 ᠤᠨ ᠤ ᠰᠦᠢᠳᠬᠡᠯ ᠬᠤᠷᠢᠶᠠᠬᠤ ᠦᠭᠡᠢ ᠪᠠᠭᠰᠢ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠪᠠᠷ ᠮᠠᠨ ᠤ ᠤᠷᠤᠨ ᠠᠴᠠ 280 ᠰᠤᠷᠤᠭᠴᠢ ᠡᠯᠰᠡᠨ᠎ᠡ
ᠨᠡᠶᠢᠲᠡᠯᠡᠭᠰᠡᠨ ᠴᠠᠭ᠄
2017-07-06
       ᠰᠤᠷᠪᠤᠯᠵᠢᠯᠠᠭᠴᠢ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠠᠴᠠ ᠤᠶᠢᠯᠠᠭᠠᠭᠰᠠᠨ ᠢᠶᠠᠷ᠂ ᠡᠨᠡ ᠵᠢᠯ ᠤᠯᠤᠰ ᠤᠨ ᠪᠠᠭᠰᠢ ᠶᠢᠨ ᠰᠤᠷᠭᠠᠭᠤᠯᠢ ᠶᠢᠨ ᠰᠦᠢᠳᠬᠡᠯ ᠬᠤᠷᠢᠶᠠᠬᠤ ᠦᠭᠡᠢ ᠪᠠᠷ ᠰᠤᠷᠤᠭᠴᠢ ᠡᠯᠰᠡᠬᠦ ᠲᠦᠯᠦᠪᠯᠡᠭᠡ ᠪᠠᠷ ᠮᠠᠨ ᠤ ᠤᠷᠤᠨ ᠠᠴᠠ 280 ᠰᠤᠷᠤᠭᠴᠢ ᠡᠯᠰᠡᠨ᠎ᠡ᠃        ᠰᠤᠷᠤᠭᠴᠢ ᠡᠯᠰᠡᠬᠦ ᠠᠵᠢᠯ ᠢ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ᠲᠤ ᠲᠤᠬᠢᠷᠠᠭᠤᠯᠵᠤ᠂ ᠪᠠᠷᠠᠭᠤᠨ ᠡᠮᠦᠨᠡᠲᠦ ᠶᠢᠨ ᠶᠡᠭᠡ ᠰᠤᠷᠭᠠᠭᠤᠯᠢ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ᠂ ᠱᠠᠨᠰᠢ ᠶᠢᠨ ᠪᠠᠭᠰᠢ ᠶᠢᠨ ᠶᠡᠭᠡ ᠰᠤᠷᠭᠠᠭᠤᠯᠢ᠂ ᠬᠤᠸᠠ ᠳ᠋ᠦᠩ ᠪᠠᠭᠰᠢ ᠶᠢᠨ ᠶᠡᠭᠡ ᠰᠤᠷᠭᠠᠭᠤᠯᠢ ᠵᠡᠷᠭᠡ 6 ᠰᠤᠷᠭᠠᠭᠤᠯᠢ ᠮᠠᠨ ᠤ ᠤᠷᠤᠨ ᠠᠴᠠ ᠨᠡᠶᠢᠲᠡ 280 ᠰᠤᠷᠤᠭᠴᠢ ᠡᠯᠰᠡᠨ᠎ᠡ᠃        ᠰᠦᠢᠳᠬᠡᠯ ᠬᠤᠷᠢᠶᠠᠬᠤ ᠦᠭᠡᠢ ᠪᠠᠭᠰᠢ ᠶᠢᠨ ᠲᠤᠰᠬᠠᠢ ᠮᠡᠷᠭᠡᠵᠢᠯ ᠤᠨ ᠰᠤᠷᠤᠭᠴᠢ ᠰᠤᠷᠭᠠᠭᠤᠯᠢ ᠳᠤ ᠤᠷᠤᠬᠤ ᠠᠴᠠ ᠡᠮᠦᠨ᠎ᠡ᠂ ᠰᠤᠷᠭᠠᠭᠤᠯᠢ ᠪᠠ ᠤᠶᠤᠲᠠᠳ ᠤᠨ ᠢᠷᠡᠯᠲᠡ ᠶᠢᠨ ᠪᠠᠶᠢᠭ᠎ᠠ ᠭᠠᠵᠠᠷ ᠤᠨ ᠮᠤᠵᠢ ᠶᠢᠨ ᠳᠡᠰ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠵᠦᠪᠳᠡᠯᠴᠡᠭᠡᠷ ᠲᠤᠭᠲᠠᠵᠤ᠂ ᠲᠡᠭᠦᠰᠦᠭᠰᠡᠨ ᠤ ᠰᠡᠭᠦᠯᠡᠷ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠠᠵᠢᠯ ᠢ ᠠᠷᠪᠠᠨ ᠵᠢᠯ ᠪᠤᠶᠤ ᠠᠷᠪᠠᠨ ᠵᠢᠯ ᠠᠴᠠ ᠳᠡᠭᠡᠭᠰᠢ ᠬᠢᠬᠦ ᠬᠡᠷᠡᠭᠲᠡᠢ ᠭᠡᠵᠦ ᠠᠮᠠᠯᠠᠬᠤ ᠬᠡᠷᠡᠭᠲᠡᠢ᠃ ᠬᠤᠲᠠ ᠪᠠᠯᠭᠠᠰᠤ ᠶᠢᠨ ᠰᠤᠷᠭᠠᠭᠤᠯᠢ ᠳᠤ ᠬᠦᠷᠴᠦ ᠪᠠᠭᠰᠢᠯᠠᠬᠤ ᠰᠦᠢᠳᠬᠡᠯ ᠬᠤᠷᠢᠶᠠᠬᠤ ᠦᠭᠡᠢ ᠬᠦᠮᠦᠵᠢᠭᠦᠯᠦᠭᠰᠡᠨ ᠪᠠᠭᠰᠢ ᠶᠢᠨ ᠰᠤᠷᠭᠠᠭᠤᠯᠢ ᠶᠢᠨ ᠰᠤᠷᠤᠭᠴᠢ ᠤᠷᠢᠳᠠᠪᠡᠷ ᠦᠨᠳᠦᠰᠦᠨ ᠱᠠᠲᠤᠨ ᠳᠤ ᠤᠴᠢᠵᠤ 2 ᠵᠢᠯ ᠠᠵᠢᠯᠯᠠᠭᠰᠠᠨ ᠪᠠᠶᠢᠬᠤ ᠬᠡᠷᠡᠭᠲᠡᠢ᠃ ᠵᠦᠪᠳᠡᠯᠴᠡᠭᠡᠷ ᠶᠤᠰᠤᠭᠠᠷ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠠᠵᠢᠯ ᠢ ᠬᠢᠭᠰᠡᠨ ᠦᠭᠡᠢ ᠬᠦᠮᠦᠰ ᠠᠴᠠ ᠰᠦᠢᠳᠬᠡᠯ ᠬᠤᠷᠢᠶᠠᠭᠰᠠᠨ ᠦᠭᠡᠢ ᠰᠤᠷᠭᠠᠨ ᠬᠦᠮᠦᠵᠢᠯ ᠬᠦᠷᠲᠡᠭᠰᠡᠨ ᠬᠤᠭᠤᠴᠠᠭᠠᠨ ᠳᠠᠬᠢ ᠵᠠᠷᠤᠳᠠᠯ ᠪᠠ ᠵᠦᠪᠳᠡᠯᠴᠡᠭᠡᠷ ᠠᠴᠠ ᠵᠦᠷᠢᠴᠡᠭᠰᠡᠨ ᠵᠠᠷᠤᠳᠠᠯ ᠮᠦᠩᠭᠦ ᠠᠪᠤᠨ᠎ᠠ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号