2014 ᠤᠨ ᠤ ᠵᠠᠰᠠᠭ ᠤᠨ ᠤᠷᠲᠤᠨ ᠤ ᠮᠡᠲᠡᠭᠡ ᠵᠠᠩᠭᠢ ᠶᠢ ᠢᠯᠡ ᠪᠤᠯᠭᠠᠬᠤ ᠠᠵᠢᠯ ᠤᠨ ᠭᠤᠤᠯᠲᠠᠯᠭ᠎ᠠ
ᠨᠡᠶᠢᠲᠡᠯᠡᠭᠰᠡᠨ ᠴᠠᠭ᠄
2017-07-07
       ᠲᠦᠷᠦᠭᠦᠭᠡᠡ᠂ ᠲᠦᠷᠦ ᠶᠢᠨ ᠶᠠᠪᠤᠲᠠᠯ ᠤᠨ ᠬᠤᠷᠢᠶ᠎ᠠ ᠶᠢᠨ ᠠᠯᠪᠠᠠ ᠲᠢᠩᠭᠢᠮ ︽2014 ᠤᠨ ᠤ ᠵᠠᠰᠠᠭ ᠤᠨ ᠤᠷᠲᠤᠨ ᠤ ᠮᠡᠲᠡᠭᠡ ᠵᠠᠩᠭᠢ ᠶᠢ ᠢᠯᠡ ᠪᠤᠯᠭᠠᠬᠤ ᠠᠵᠢᠯ ᠤᠨ ᠭᠤᠤᠯᠲᠠᠯᠭ᠎ᠠ︾ ᠶᠢ ᠲᠠᠷᠤᠮᠠᠯᠯᠠᠠ ᠲᠠᠷᠬᠠᠭᠠᠵᠦ᠂ ᠡᠨᠡ ᠵᠢᠯ ᠤᠨ ᠵᠠᠰᠠᠭ ᠤᠨ ᠤᠷᠲᠤᠨ ᠤ ᠮᠡᠲᠡᠭᠡ ᠵᠠᠩᠭᠢ ᠶᠢ ᠢᠯᠡ ᠪᠤᠯᠭᠠᠬᠤ ᠠᠵᠢᠯ ᠳᠤ ᠪᠠᠶᠢᠷᠢᠯᠠᠭᠤᠯᠤᠯᠲᠠ ᠬᠢᠵᠠᠢ᠃        ᠪᠢᠴᠢᠭ ᠮᠠᠲ᠋ᠧᠷᠢᠶᠠᠯ ᠳᠤ᠂ ᠡᠯ᠎ᠠ ᠵᠠᠰᠠᠭ ᠵᠠᠬᠢᠷᠭᠠᠠ ᠤ ᠪᠠᠶᠢᠭᠤᠯᠤᠯᠭ᠎ᠠ ᠵᠠᠰᠠᠭ ᠤᠨ ᠤᠷᠲᠤᠨ ᠤ ᠮᠡᠲᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠠᠵᠢᠯ ᠢ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠬᠤᠯᠠ ᠠᠷᠭ᠎ᠠ ᠬᠡᠷᠡᠭᠯᠡᠭᠦᠷ ᠪᠤᠯᠭᠠᠵᠦ᠂ ᠢᠯᠡ ᠪᠤᠯᠭᠠᠬᠤ ᠬᠦᠷᠢᠶ᠎ᠠ ᠬᠡᠪᠴᠢᠶ᠎ᠠ ᠪᠠᠨ ᠲᠠᠰᠤᠷᠠᠯᠲᠠ ᠦᠭᠡᠢ ᠦᠷᠭᠡᠳᠭᠡᠵᠦ᠂ ᠢᠯᠡ ᠪᠤᠯᠭᠠᠬᠤ ᠠᠭᠤᠯᠭ᠎ᠠ ᠶᠢ ᠨᠢᠮᠪᠠᠢ ᠪᠤᠯᠭᠠᠬᠤ ᠭᠡᠷᠡᠭᠲᠡᠢ᠃ ᠮᠡᠲᠡᠭᠡ ᠵᠡᠩᠭᠢ ᠨᠡᠶᠢᠲᠡᠯᠡᠬᠦ᠂ ᠲᠠᠶᠢᠯᠪᠤᠷᠢᠯᠠᠬᠤ ᠪᠠ ᠬᠠᠷᠢᠭᠤ ᠲᠤᠰᠬᠠᠯ ᠭᠠᠷᠭᠠᠬᠤ ᠪᠦᠬᠦᠯᠢ ᠴᠤᠭᠴᠠ ᠶᠢᠨ ᠲᠦᠰᠦᠯ ᠢ ᠲᠤᠭᠲᠠᠭᠠᠵᠦ᠂ ᠰᠤᠨᠢᠨ ᠮᠡᠲᠡᠭᠡ ᠨᠡᠶᠢᠲᠡᠯᠡᠬᠦ ᠬᠦᠮᠦᠨ ᠤ ᠲᠦᠷᠢᠮ ᠪᠤᠯᠤᠨ ᠵᠠᠰᠠᠭ ᠤᠨ ᠤᠷᠲᠤᠨ ᠤ ᠰᠦᠯᠵᠢᠶ᠎ᠠ᠂ ᠵᠠᠰᠠᠭ ᠤᠨ ᠤᠷᠲᠤᠨ ᠤ ᠪᠢᠴᠢᠯ ᠪᠦᠷᠭᠡ ᠪᠢᠴᠢᠯ ᠮᠡᠲᠡᠭᠡ ᠵᠡᠷᠭᠡ ᠮᠡᠲᠡᠭᠡ ᠵᠠᠩᠭᠢ ᠶᠢ ᠢᠯᠡ ᠪᠤᠯᠭᠠᠬᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠠ᠂ ᠷᠠᠳᠢᠣ᠋ ᠲᠧᠯᠸᠢᠰ᠂ ᠰᠤᠨᠢᠨ ᠰᠡᠳᠭᠦᠯ᠂ ᠰᠤᠨᠢᠨ ᠮᠡᠲᠡᠭᠡᠡ ᠤ ᠰᠦᠯᠵᠢᠶ᠎ᠠ᠂ ᠬᠤᠲᠠᠯᠲᠤᠭᠠᠠ ᠤ ᠰᠦᠯᠵᠢᠶ᠎ᠠ ᠵᠡᠷᠭᠡ ᠵᠠᠭᠤᠴᠢᠯᠠᠭᠤᠷ ᠤᠨ ᠦᠢᠯᠡᠲᠦᠯ ᠢ ᠬᠦᠢᠴᠡᠳ ᠪᠠᠲᠠᠷᠠᠭᠤᠯᠬᠤ ᠭᠡᠷᠡᠭᠲᠡᠢ ᠭᠡᠵᠦ ᠱᠠᠭᠠᠷᠲᠠᠵᠠᠢ᠃        ᠪᠢᠴᠢᠭ ᠮᠠᠲ᠋ᠧᠷᠢᠶᠠᠯ ᠳᠤ᠂ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠤᠨ ᠬᠢᠨ ᠵᠠᠰᠠᠬ ᠵᠠᠬᠢᠷᠭᠠᠨ ᠤ ᠡᠷᠬᠡ ᠶᠢᠨ ᠠᠵᠢᠯᠯᠠᠭᠠᠨ᠂ ᠡᠳ᠋ ᠤᠨ ᠵᠠᠰᠠᠬ ᠤᠨ ᠪᠡᠯᠡ ᠮᠦᠩᠬᠦᠨ ᠤ ᠬᠠᠮᠢᠶᠠᠷᠤᠯᠳᠠ ᠭᠡᠷᠡᠭᠯᠡᠭᠡ᠂ ᠤᠯᠠᠨ ᠨᠡᠶᠢᠳᠠ ᠶᠢᠨ ᠡᠬᠢ ᠪᠠᠶᠠᠯᠢᠬ ᠤᠨ ᠲᠤᠬᠢᠷᠠᠭᠤᠯᠤᠯᠳᠠ᠂ ᠤᠯᠠᠨ ᠨᠡᠶᠢᠳᠠ ᠶᠢᠨ ᠤᠢᠢᠯᠡᠴᠢᠯᠡᠭᠡ ᠪᠤᠯᠤᠨ ᠤᠯᠠᠨ ᠨᠡᠶᠢᠳᠠ ᠶᠢᠨ ᠬᠢᠨᠠᠯᠳᠠ ᠬᠠᠮᠢᠶᠠᠷᠤᠯᠳᠠ ᠵᠡᠷᠬᠡ ᠲᠠᠪᠤᠨ ᠲᠠᠯ᠎ᠠ ᠪᠠᠷ ᠭᠤᠤᠯᠯᠠᠭᠤᠯᠵᠤ ᠵᠠᠰᠠᠬ ᠤᠨ ᠤᠷᠳᠤᠨ ᠤ ᠮᠡᠳᠡᠭᠡ ᠵᠠᠩᠬᠢ ᠶᠢ ᠢᠯᠠ ᠪᠤᠯᠭᠠᠬᠤ ᠠᠵᠢᠯ ᠢ ᠰᠠᠶᠢᠳᠤᠷ ᠬᠢᠬᠦ ᠭᠡᠷᠡᠭᠳᠠᠢ᠃ ᠨᠢᠬᠡ ᠳᠤ᠂ ᠬᠠᠤᠯᠢ ᠶᠤᠰᠤᠭᠠᠷ ᠵᠠᠰᠠᠬ ᠶᠠᠪᠤᠭᠤᠯᠵᠤ᠂ ᠵᠠᠰᠠᠬ ᠵᠠᠬᠢᠷᠭᠠᠨ ᠤ ᠪᠠᠶᠢᠭᠤᠯᠤᠯᠭ᠎ᠠ ᠶᠢᠨ ᠵᠠᠰᠠᠬ ᠵᠠᠬᠢᠷᠭᠠᠨ ᠤ ᠬᠢᠨᠠᠨ ᠵᠦᠪᠰᠢᠶᠡᠷᠡᠬᠦ᠂ ᠵᠠᠰᠠᠬ ᠵᠠᠬᠢᠷᠭᠠᠨ ᠤ ᠵᠦᠪᠰᠢᠶᠡᠷᠡᠯ᠂ ᠵᠠᠰᠠᠬ ᠵᠠᠬᠢᠷᠭᠠᠨ ᠤ ᠲᠤᠷᠭᠠᠭᠤᠯᠢ ᠵᠡᠷᠬᠡ ᠮᠡᠳᠡᠭᠡ ᠵᠠᠩᠬᠢ ᠶᠢ ᠢᠯᠠ ᠪᠤᠯᠭᠠᠬᠤ ᠡᠷᠴᠢᠮ ᠢ ᠴᠢᠩᠭᠠᠷᠠᠭᠤᠯᠵᠤ᠂ ᠵᠠᠰᠠᠬ ᠵᠠᠬᠢᠷᠭᠠᠨ ᠤ ᠡᠷᠬᠡ ᠶᠢ ᠢᠯᠠ ᠪᠠᠷ ᠭᠡᠷᠡᠭᠵᠢᠬᠦᠯᠬᠦ ᠶᠢ ᠠᠬᠢᠭᠤᠯᠬᠤ ᠭᠡᠷᠡᠭᠳᠠᠢ᠃ ᠬᠤᠶᠠᠷ ᠲᠤ᠂ ᠵᠠᠰᠠᠬ ᠤᠨ ᠤᠷᠳᠤᠨ ᠤ ᠲᠦᠰᠤᠪ ᠤᠨ ᠬᠦᠢᠴᠡᠳᠭᠡᠯ᠂ ᠰᠠᠯᠠᠭ᠎ᠠ ᠮᠦᠴᠢᠷ ᠤᠨ ᠲᠦᠰᠤᠪ ᠤᠨ ᠬᠦᠢᠴᠡᠳᠭᠡᠯ᠂ ︽ᠭᠤᠷᠪᠠᠨ ᠠᠯᠪᠠᠨ ᠤ ᠵᠠᠷᠤᠳᠠᠯ︾᠂ ᠡᠳ᠋ ᠤᠨ ᠵᠠᠰᠠᠬ ᠤᠨ ᠬᠢᠨᠠᠨ ᠪᠤᠳᠤᠯᠳᠠ ᠶᠢᠨ ᠦᠷ᠎ᠠ ᠳ᠋ᠦᠩ ᠪᠤᠯᠤᠨ ᠴᠡᠭᠴᠡᠯᠠᠨ ᠰᠠᠶᠢᠵᠢᠷᠠᠭᠤᠯᠤᠬᠰᠠᠨ ᠪᠠᠶᠢᠳᠠᠯ ᠵᠡᠷᠬᠡ ᠮᠡᠳᠡᠭᠡ ᠵᠠᠩᠬᠢ ᠶᠢ ᠢᠯᠠ ᠪᠤᠯᠭᠠᠬᠤ ᠠᠵᠢᠯ ᠢ ᠴᠢᠨᠠᠬᠰᠢᠳᠠ ᠠᠬᠢᠭᠤᠯᠵᠤ᠂ ︽ᠡᠳ᠋ ᠤᠨ ᠵᠠᠰᠠᠬ ᠤᠨ ᠪᠡᠯᠡ ᠮᠦᠩᠬᠦ ︾ ᠶᠢ ᠨᠠᠷᠠᠨ ᠭᠡᠷᠡᠯ ᠤᠨ ᠲᠤᠤᠷ᠎ᠠ ᠶᠠᠪᠤᠭᠳᠠᠭᠤᠯᠬᠤ ᠭᠡᠷᠡᠭᠳᠠᠢ᠃ ᠭᠤᠷᠪᠠ ᠳᠤ᠂ ᠭᠠᠵᠠᠷ ᠰᠢᠷᠤᠢ ᠲᠠᠳᠠᠪᠤᠷᠢᠯᠠᠬᠤ ᠪᠠ ᠨᠤᠷᠠᠭᠠᠵᠤ ᠨᠡᠬᠦᠯᠬᠡᠬᠦ᠂ ᠭᠠᠵᠠᠷ ᠰᠢᠷᠤᠢ ᠭᠡᠷᠡᠭᠯᠡᠬᠦ ᠡᠷᠭᠡ ᠶᠢ ᠬᠢᠮᠳᠠ ᠪᠠᠷ ᠬᠤᠳᠠᠯᠳᠤᠬᠤ᠂ ᠦᠮᠴᠢᠯᠠᠯ ᠤᠨ ᠡᠷᠬᠡ ᠶᠢ ᠠᠷᠠᠯᠵᠢᠶᠠᠯᠠᠬᠤ᠂ ᠵᠠᠰᠠᠬ ᠤᠨ ᠤᠷᠳᠤᠨ ᠤ ᠬᠤᠳᠠᠯᠳᠤᠨ ᠠᠪᠬᠤ᠂ ᠪᠠᠳᠤᠯᠠᠪᠤᠷᠢ ᠶᠢᠨ ᠤᠷᠤᠨ ᠰᠠᠭᠤᠴᠠ ᠶᠢ ᠬᠤᠪᠢᠶᠠᠷᠢᠯᠠᠬᠤ ᠵᠡᠷᠬᠡ ᠲᠠᠯ᠎ᠠ ᠪᠠᠷ ᠬᠢ ᠮᠡᠳᠡᠭᠡ ᠵᠠᠩᠬᠢ ᠶᠢ ᠢᠯᠠ ᠪᠤᠯᠭᠠᠬᠤ ᠭᠡᠷᠡᠭᠳᠠᠢ᠃ ᠲᠦᠷᠪᠡ ᠳᠤ᠂ ᠤᠯᠠᠨ ᠨᠡᠶᠢᠳᠡ ᠶᠢᠨ ᠤᠢᠢᠯᠡᠴᠢᠯᠡᠬᠡᠨ ᠤ ᠮᠡᠳᠡᠭᠡ ᠵᠠᠩᠬᠢ ᠶᠢ ᠢᠯᠠ ᠪᠤᠯᠭᠠᠬᠤ ᠲᠦᠷᠢᠮ ᠢ ᠪᠠᠶᠢᠭᠤᠯᠤᠨ ᠲᠡᠬᠦᠯᠳᠡᠷᠵᠢᠬᠦᠯᠵᠤ᠂ ᠰᠤᠷᠭᠠᠨ ᠬᠦᠮᠤᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠡᠮ ᠡᠮᠨᠡᠯᠬᠡ ᠡᠷᠡᠬᠦᠯ ᠬᠠᠮᠠᠭᠠᠯᠠᠯ᠂ ᠠᠵᠢᠯ ᠤᠯᠭᠤᠯᠳᠠ᠂ ᠨᠡᠶᠢᠬᠡᠮ ᠤᠨ ᠪᠠᠳᠤᠯᠠᠪᠤᠷᠢ ᠵᠡᠷᠬᠡ ᠬᠤᠯᠪᠤᠬᠳᠠᠯ ᠪᠦᠬᠦᠢ ᠬᠦᠷᠢᠶᠠᠨ ᠤ ᠮᠡᠳᠡᠭᠡ ᠵᠠᠩᠬᠢ ᠶᠢ ᠢᠯᠠ ᠪᠤᠯᠭᠠᠬᠤ ᠭᠡᠷᠡᠭᠳᠠᠢ᠃ ᠲᠠᠪᠤ ᠳᠤ᠂ ᠤᠷᠴᠢᠨ ᠲᠤᠭᠤᠷᠢᠨ ᠤ ᠬᠠᠮᠠᠭᠠᠯᠠᠯᠳᠠ᠂ ᠠᠶᠤᠯᠬᠦᠢ ᠤᠢᠢᠯᠡᠳᠪᠤᠷᠢᠯᠠᠯ᠂ ᠤᠯᠤᠰ ᠤᠨ ᠦᠮᠴᠢᠯᠠᠯ ᠤᠨ ᠠᠵᠤ ᠠᠬᠤᠢᠢᠯᠠᠯ ᠤᠨ ᠡᠳ᠋ ᠤᠨ ᠶᠠᠪᠤᠳᠠᠯ᠂ ᠢᠳᠡᠬᠡᠨ ᠤ ᠵᠦᠢᠯ ᠡᠮ ᠲᠠᠩ ᠤᠨ ᠠᠮᠤᠷ ᠲᠦᠪᠰᠢᠨ ᠵᠡᠷᠬᠡ ᠬᠢᠨᠠᠯᠳᠠ ᠬᠠᠮᠢᠶᠠᠷᠤᠯᠳᠠ ᠶᠢᠨ ᠮᠡᠳᠡᠭᠡ ᠵᠠᠩᠬᠢ ᠶᠢ ᠢᠯᠠ ᠪᠤᠯᠭᠠᠵᠤ᠂ ᠢᠳᠡᠬᠡᠮᠵᠢᠳᠤ ᠮᠡᠳᠡᠭᠡ ᠵᠠᠩᠬᠢ ᠶᠢ ᠢᠯᠠ ᠪᠤᠯᠭᠠᠬᠤ ᠶᠢ ᠠᠬᠢᠭᠤᠯᠬᠤ ᠭᠡᠷᠡᠭᠳᠠᠢ ᠬᠡᠵᠤ ᠵᠢᠭᠠᠵᠤ ᠭᠠᠷᠭᠠᠪᠠ᠃        ᠪᠢᠴᠢᠭ ᠮᠠᠲ᠋ᠧᠷᠢᠶᠠᠯ ᠳᠤ᠂ ᠭᠤᠶᠤᠴᠢᠯᠠᠯ ᠤᠨ ᠮᠡᠳᠡᠭᠡ ᠵᠠᠩᠬᠢ ᠶᠢ ᠢᠯᠠ ᠪᠤᠯᠭᠠᠬᠤ ᠠᠵᠢᠯ ᠢ ᠰᠠᠶᠢᠳᠤᠷ ᠬᠢᠬᠦ ᠶᠢ ᠬᠠᠤᠯᠢ ᠶᠤᠰᠤᠭᠠᠷ ᠵᠢᠷᠤᠮᠵᠢᠭᠤᠯᠵᠤ᠂ ᠬᠦᠯᠢᠶᠠᠨ ᠠᠪᠬᠤ᠂ ᠬᠢᠨᠠᠨ ᠪᠠᠶᠢᠴᠠᠭᠠᠬᠤ᠂ ᠰᠢᠢᠳᠪᠤᠷᠢᠯᠡᠬᠦ᠂ ᠬᠠᠷᠢᠭᠤᠯᠳᠠ ᠦᠭᠬᠦ ᠵᠢᠴᠢ ᠬᠠᠳᠠᠭᠠᠯᠠᠵᠤ ᠪᠠᠶᠢᠴᠠᠭᠠᠬᠤ ᠳᠤ ᠪᠡᠯᠡᠳᠭᠡᠯ ᠬᠢᠬᠦ ᠵᠡᠷᠬᠡ ᠡᠯ᠎ᠠ ᠭᠤᠬᠴᠤᠭ᠎ᠠ ᠶᠢᠨ ᠠᠵᠢᠯ ᠢ ᠲᠡᠬᠦᠯᠳᠡᠷᠵᠢᠬᠦᠯᠵᠤ᠂ ᠠᠷᠠᠳ ᠤᠯᠠᠨ ᠤ ᠤᠨᠴᠠᠭᠠᠢ ᠮᠡᠳᠡᠭᠡ ᠵᠠᠩᠬᠢ ᠶᠢᠨ ᠭᠡᠷᠡᠭᠴᠡᠭᠡ ᠶᠢ ᠬᠠᠤᠯᠢ ᠲᠦᠷᠢᠮ ᠶᠤᠰᠤᠭᠠᠷ ᠬᠠᠩᠭᠠᠬᠤ ᠭᠡᠷᠡᠭᠳᠠᠢ᠃ ᠠᠵᠢᠯ ᠤᠨ ᠬᠢᠨᠠᠨ ᠰᠢᠯᠭᠠᠯᠳᠠ ᠬᠢᠬᠦ᠂ ᠨᠡᠶᠢᠬᠡᠮ ᠤᠨ ᠦᠨᠡᠯᠡᠯᠳᠠ ᠬᠢᠬᠦ᠂ ᠬᠠᠷᠢᠭᠤᠴᠠᠯᠭ᠎ᠠ ᠨᠡᠬᠡᠮᠵᠢᠯᠡᠬᠦ᠂ ᠢᠯᠠᠴᠢᠯᠠᠨ ᠮᠡᠳᠡᠬᠦᠯᠵᠤ ᠪᠠᠶᠢᠴᠠᠭᠠᠬᠤ ᠪᠠ ᠰᠢᠢᠳᠪᠤᠷᠢᠯᠡᠬᠦ ᠵᠡᠷᠬᠡ ᠮᠡᠳᠡᠭᠡ ᠵᠠᠩᠬᠢ ᠶᠢ ᠢᠯᠠ ᠪᠤᠯᠭᠠᠬᠤ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠵᠤ᠂ ᠮᠡᠳᠡᠭᠡ ᠵᠠᠩᠬᠢ ᠶᠢ ᠢᠯᠠ ᠪᠤᠯᠭᠠᠬᠤ ᠶᠢ ᠬᠢᠨᠠᠨ ᠪᠠᠳᠤᠯᠠᠬᠤ ᠲᠤᠭᠳᠠᠴᠠ ᠶᠢ ᠪᠠᠶᠢᠭᠤᠯᠤᠨ ᠲᠡᠬᠦᠯᠳᠡᠷᠵᠢᠬᠦᠯᠬᠦ ᠭᠡᠷᠡᠭᠳᠠᠢ ᠬᠡᠵᠤ ᠴᠢᠬᠤᠯᠠᠴᠢᠯᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号