ᠬᠢᠮᠢ ᠶᠢᠨ ᠪᠤᠬᠢᠷᠳᠤᠯ ᠤᠨ ᠠᠳᠡᠯ
ᠨᠡᠶᠢᠲᠡᠯᠡᠭᠰᠡᠨ ᠴᠠᠭ᠄
2017-07-07
        ᠬᠢᠮᠢ ᠶᠢᠨ ᠪᠤᠳᠠᠰ ᠢ ᠦᠢᠯᠡᠳᠪᠦᠷᠢᠯᠡᠬᠦ᠂ ᠳᠡᠬᠡᠬᠡᠪᠦᠷᠢᠯᠡᠬᠦ᠂ ᠬᠡᠷᠡᠭᠯᠡᠬᠦ᠂ ᠬᠠᠶᠠᠬᠤ ᠶᠠᠪᠤᠴᠠ ᠳᠤ ᠯᠡᠪᠡᠷᠡᠬᠦ ᠵᠡᠷᠬᠡ ᠠᠴᠠ ᠡᠬᠦᠰᠦᠭᠰᠡᠨ ᠪᠤᠬᠢᠷᠳᠤᠯ ᠤᠨ ᠠᠳᠡᠯ ᠢ ᠵᠢᠭᠠᠵᠤ ᠪᠤᠢ᠃ ᠠᠵᠤ ᠦᠢᠯᠡᠳᠪᠦᠷᠢ ᠶᠢᠨ ᠬᠢᠮᠢ ᠶᠢᠨ ᠪᠤᠳᠠᠰ ᠯᠡᠪᠡᠷᠡᠪᠡᠯ ᠭᠠᠯ ᠤᠨ ᠠᠶᠤᠯ ᠭᠠᠷᠬᠤ ᠪᠤᠶᠤ ᠳᠡᠯᠪᠡᠷᠡᠯᠳᠡ ᠡᠬᠦᠰᠴᠦ᠂ ᠬᠦᠮᠦᠰ ᠢ ᠰᠢᠷᠬᠠᠳᠤᠭᠤᠯᠬᠤ᠂ ᠪᠦᠳᠡᠩᠰᠡᠭᠦᠯᠬᠦ᠂ ᠰᠢᠳᠠᠭᠠᠬᠤ᠂ ᠬᠦᠯᠳᠡᠬᠡᠬᠦ ᠵᠡᠷᠬᠡ ᠠᠶᠤᠯ ᠢ ᠡᠬᠦᠰᠬᠡᠳᠡᠭ᠃ ᠬᠢᠮᠢ ᠶᠢᠨ ᠪᠤᠬᠢᠷᠳᠠᠯᠳᠤ ᠪᠤᠳᠠᠰ ᠨᠢ ᠬᠦᠮᠦᠨ ᠤ ᠢᠳᠡᠬᠦ ᠤᠰᠤᠨ ᠳᠤ ᠤᠷᠤᠪᠠᠯ ᠦᠮᠠᠨ ᠡᠪᠡᠳᠴᠢᠨ ᠪᠤᠶᠤ ᠮᠡᠳᠡᠷᠡᠯ ᠤᠨ ᠴᠢᠨᠠᠷᠳᠠᠢ ᠤᠯᠠᠨ ᠵᠦᠢᠯ ᠤᠨ ᠡᠪᠡᠳᠴᠢᠨ ᠢ ᠡᠬᠦᠰᠬᠡᠳᠡᠭ᠃        ᠠᠷᠭᠠᠴᠠᠭᠠᠬᠤ ᠭᠤᠤᠯᠳᠠᠯᠭ᠎ᠠ        ● ᠬᠢᠮᠢ ᠶᠢᠨ ᠪᠤᠳᠠᠰ ᠤᠨ ᠠᠶᠤᠯᠳᠤ ᠪᠤᠳᠠᠰ ᠤᠨ ᠠᠳᠡᠯ ᠳᠤᠬᠢᠶᠠᠯᠳᠤᠪᠠᠯ ᠳᠠᠷᠦ᠋ᠢᠬᠠᠨ ᠳᠤᠬᠠᠢ ᠶᠢᠨ ᠳᠠᠯᠠᠪᠤᠷ ᠠᠴᠠ ᠵᠠᠶᠢᠯᠠᠬᠤ ᠬᠡᠷᠭᠳᠠᠢ᠃ ᠯᠡᠪᠡᠷᠡᠭᠰᠡᠨ ᠪᠤᠳᠠᠰ ᠢ ᠳᠤᠷ᠎ᠠ ᠪᠠᠷ ᠢᠶᠠᠨ ᠴᠡᠪᠡᠷᠯᠡᠵᠦ ᠪᠤᠯᠬᠤ ᠦᠬᠡᠢ᠂ ᠴᠠᠭ ᠳᠤᠬᠠᠢ ᠳᠤ ᠨᠢ ᠬᠡᠷᠡᠭ ᠮᠡᠳᠡᠬᠦᠯᠦᠨ᠎ᠡ᠃        ● ᠪᠠᠶᠢᠳᠠᠯ ᠢ ᠦᠵᠡᠵᠦ ᠪᠤᠬᠢᠷᠳᠤᠭᠰᠠᠨ ᠬᠤᠪᠴᠠᠰᠤ ᠬᠤᠨᠠᠷ ᠢᠶᠠᠨ ᠳᠠᠶᠢᠯᠵᠤ᠂ ᠴᠡᠪᠡᠷ ᠤᠰᠤ ᠪᠠᠷ ᠤᠬᠢᠶᠠᠵᠤ᠂ ᠨᠢᠳᠦ᠂ ᠬᠠᠮᠠᠷ᠂ ᠴᠢᠬᠢ᠂ ᠠᠮᠠ ᠪᠠᠨ ᠰᠠᠶᠢᠳᠤᠷ ᠤᠬᠢᠶᠠᠨ᠎ᠠ᠃        ● ᠬᠦᠯᠳᠡᠭᠰᠡᠨ ᠰᠢᠷᠬ᠎ᠠ ᠲᠠᠢ ᠪᠤᠯ ᠠᠷᠭ᠎ᠠ ᠬᠡᠮᠵᠢᠶ᠎ᠡ ᠠᠪᠬᠤ ᠬᠡᠷᠡᠭᠳᠠᠢ᠃ ᠰᠢᠳᠠᠭᠠᠭᠰᠠᠨ ᠰᠢᠷᠬ᠎ᠠ ᠪᠤᠯ ᠬᠤᠪᠴᠠᠰᠤ ᠪᠠᠨ ᠳᠠᠷᠦ᠋ᠢᠬᠠᠨ ᠳᠠᠶᠢᠯᠬᠤ ᠬᠡᠷᠡᠭᠳᠠᠢ᠃ ᠰᠢᠷᠬᠠᠳᠤᠭᠰᠠᠨ ᠬᠦᠮᠦᠰ ᠢ ᠳᠠᠷᠦ᠋ᠢᠬᠠᠨ ᠠᠶᠦᠯᠬᠦᠢ ᠭᠠᠵᠠᠷ ᠲᠤ ᠰᠢᠯᠵᠢᠬᠦᠯᠦᠨ᠎ᠡ᠃
 
ᠢᠷᠡᠯᠲᠡ᠄ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号