ᠭᠠᠯ ᠤᠨ ᠠᠶᠤᠯ ︵ᠭᠤᠷᠪᠠ︶
ᠨᠡᠶᠢᠲᠡᠯᠡᠭᠰᠡᠨ ᠴᠠᠭ᠄
2017-07-07
       ᠬᠡᠷ ᠵᠠᠭᠤᠷ᠎ᠠ ᠶᠢᠨ ᠭᠠᠯ ᠤᠨ ᠠᠶᠤᠯ        ᠬᠡᠷ ᠵᠠᠭᠤᠷ᠎ᠠ ᠶᠢᠨ ᠭᠠᠯ ᠤᠨ ᠠᠶᠤᠯ ᠬᠡᠳᠡᠭ ᠨᠢ ᠬᠢᠴᠢᠶᠡᠮᠵᠢ ᠦᠬᠡᠢ ᠠᠴᠠ ᠳᠤᠭᠤᠭ᠎ᠠ ᠲᠠᠢ ᠳᠤᠰᠤ᠂ ᠴᠠᠬᠢᠯᠭᠠᠨ ᠬᠡᠷᠡᠭᠰᠡᠯ᠂ ᠰᠢᠳᠠᠮᠠᠬᠠᠢ ᠬᠡᠢ ᠶᠢᠨ ᠯᠤᠩᠬᠤ ᠵᠡᠷᠬᠡ ᠠᠴᠠ ᠭᠠᠯ ᠭᠠᠷᠬᠤ ᠶᠢ ᠵᠢᠭᠠᠵᠤ ᠪᠤᠢ᠃        ᠰᠡᠷᠬᠡᠶᠢᠯᠡᠬᠦ ᠭᠤᠤᠯᠳᠠᠯᠭ᠎ᠠ        ● ᠳᠠᠮᠠᠬᠢᠨ ᠶᠤᠵᠤᠭᠤᠷ᠂ ᠴᠦᠢᠳᠡᠩ ᠵᠡᠷᠬᠡ ᠪᠠᠨ ᠬᠠᠮᠢᠶ᠎ᠠ ᠨᠠᠮᠢᠶ᠎ᠠ ᠦᠬᠡᠢ ᠬᠠᠶᠠᠵᠤ ᠪᠤᠯᠬᠤ ᠦᠬᠡᠢ᠃        ● ᠴᠠᠬᠢᠯᠭᠠᠨ ᠤᠳᠠᠰᠤ ᠶᠢ ᠳᠤᠷ᠎ᠠ ᠪᠠᠷ ᠢᠶᠠᠨ ᠳᠠᠳᠠᠵᠤ ᠪᠤᠯᠬᠤ ᠦᠬᠡᠢ᠂ ᠬᠡᠮᠵᠢᠶ᠎ᠡ ᠠᠴᠠ ᠨᠢ ᠬᠡᠳᠦᠷᠡᠳᠡᠯ᠎ᠡ ᠵᠠᠷᠤᠵᠤ ᠪᠤᠯᠬᠤ ᠦᠬᠡᠢ᠃ ᠵᠡᠰ᠂ ᠳᠡᠮᠦᠷ᠂ ᠬᠦᠩᠬᠡᠨ ᠴᠠᠭᠠᠨ ᠵᠡᠷᠬᠡ ᠪᠠᠷ ᠬᠠᠮᠠᠭᠠᠯᠠᠭᠤᠷ ᠤᠳᠠᠰᠤ ᠶᠢ ᠤᠷᠤᠯᠠᠭᠤᠯᠵᠤ ᠪᠤᠯᠬᠤ ᠦᠬᠡᠢ᠃        ᠠᠷᠭᠠᠴᠠᠭᠠᠬᠤ ᠭᠤᠤᠯᠳᠠᠯᠭ᠎ᠠ        ● ᠴᠠᠬᠢᠯᠭᠠᠨ ᠬᠡᠷᠡᠭᠰᠡᠯ ᠠᠴᠠ ᠭᠠᠯ ᠭᠠᠷᠪᠠᠯ ᠤᠷᠢᠳ ᠢᠶᠠᠷ ᠴᠠᠬᠢᠯᠭᠠᠨ ᠡᠬᠦᠰᠬᠡᠭᠴᠢ ᠶᠢ ᠰᠠᠯᠭᠠᠵᠤ᠂ ᠳᠠᠷᠠᠭ᠎ᠠ ᠪᠠᠷ ᠨᠢ ᠭᠠᠯ ᠢ ᠤᠳᠠᠷᠠᠭᠠᠬᠤ ᠬᠡᠷᠡᠭᠳᠠᠢ᠃        ● ᠰᠢᠳᠠᠮᠠᠬᠠᠢ ᠬᠡᠢ ᠶᠢᠨ ᠵᠤᠤᠬ᠎ᠠ ᠠᠴᠠ ᠭᠠᠯ ᠭᠠᠷᠤᠭᠰᠠᠨ ᠪᠤᠯ ᠳᠦᠷᠬᠡᠬᠡᠨ ᠠᠯᠴᠢᠭᠤᠷ ᠵᠡᠷᠬᠡ ᠪᠠᠷ ᠭᠠᠯ ᠢ ᠳᠠᠷᠤᠵᠤ᠂ ᠨᠦᠢᠳᠠᠨ ᠬᠦᠨᠵᠢᠯᠡ ᠵᠡᠷᠬᠡ ᠪᠠᠷ ᠭᠠᠯ ᠢ ᠳᠠᠷᠤᠨ ᠤᠨᠳᠠᠷᠠᠭᠠᠵᠤ᠂ ᠬᠠᠭᠠᠯᠳᠠ ᠶᠢ ᠨᠢ ᠳᠠᠷᠦ᠋ᠢᠬᠠᠨ ᠬᠠᠭᠠᠬᠤ ᠬᠡᠷᠡᠭᠳᠠᠢ᠃        ● ᠳᠤᠭᠤᠭᠠᠨ ᠠᠴᠠ ᠭᠠᠯ ᠭᠠᠷᠤᠭᠰᠠᠨ ᠪᠤᠯ ᠳᠠᠷᠦ᠋ᠢᠬᠠᠨ ᠬᠠᠪᠬᠠᠭᠠᠰᠤ ᠶᠢ ᠨᠢ ᠳᠠᠷᠤᠵᠤ᠂ ᠭᠠᠯ ᠢᠶᠠᠨ ᠤᠨᠳᠠᠷᠠᠭᠠᠨ᠎ᠠ᠃        ● ᠰᠫᠢᠷᠲ ᠤᠨ ᠳᠤᠭᠤᠭ᠎ᠠ ᠬᠡᠷᠡᠭᠯᠡᠵᠦ᠂ ᠰᠫᠢᠷᠲ ᠨᠡᠮᠡᠬᠦ ᠦᠶᠡᠰ ᠭᠠᠯ ᠭᠠᠷᠤᠭᠰᠠᠨ ᠪᠤᠯ ᠴᠠᠢ ᠶᠢᠨ ᠴᠤᠮᠤ᠂ ᠫᠢᠯᠠ᠂ ᠨᠦᠢᠳᠠᠨ ᠠᠯᠴᠢᠭᠤᠷ ᠵᠡᠷᠬᠡ ᠪᠠᠷ ᠭᠠᠯ ᠢ ᠳᠠᠷᠤᠵᠤ ᠤᠨᠳᠠᠷᠠᠭᠠᠨ᠎ᠠ᠃ ᠶᠠᠭᠠᠬᠢᠭᠰᠠᠨ ᠴᠦ ᠦᠯᠢᠶᠡᠵᠦ ᠪᠤᠯᠬᠤ ᠦᠬᠡᠢ᠃        ᠳᠡᠬᠦᠵᠢᠯᠡᠬᠦᠷ ᠬᠡᠯᠪᠡᠷᠢ ᠶᠢᠨ ᠬᠠᠭᠤᠷᠠᠢ ᠨᠤᠨᠳᠠᠭ ᠤᠨ ᠭᠠᠯ ᠤᠨᠳᠠᠷᠠᠭᠠᠬᠤ ᠪᠠᠭᠠᠵᠢ        ᠳᠡᠬᠦᠵᠢᠯᠡᠬᠦᠷ ᠬᠡᠯᠪᠡᠷᠢ ᠶᠢᠨ ᠬᠠᠭᠤᠷᠠᠢ ᠨᠤᠨᠳᠠᠭ ᠤᠨ ᠭᠠᠯ ᠤᠨᠳᠠᠷᠠᠭᠠᠬᠤ ᠪᠠᠭᠠᠵᠢ ᠪᠤᠯ ᠬᠠᠮᠤᠭ ᠤᠨ ᠦᠷᠬᠦᠯᠵᠢ ᠬᠡᠷᠡᠭᠯᠡᠭᠳᠡᠳᠡᠭ ᠪᠠᠭᠠᠵᠢ ᠶᠤᠮ᠃ ᠬᠡᠷᠡᠭᠯᠡᠬᠦ ᠳᠤ ᠳᠦᠬᠦᠮ᠂ ᠬᠠᠳᠠᠭᠤ ᠪᠡᠶᠡᠳᠦ᠂ ᠰᠢᠩᠬᠡᠨ ᠪᠡᠶᠡᠳᠦ᠂ ᠰᠢᠳᠠᠮᠠᠬᠠᠢ ᠬᠡᠢ᠂ ᠴᠠᠬᠢᠯᠭᠠᠨ ᠬᠡᠷᠡᠭᠰᠡᠯ ᠵᠡᠷᠬᠡ ᠠᠴᠠ ᠡᠬᠦᠰᠦᠭᠰᠡᠨ ᠭᠠᠯ ᠢ ᠪᠦᠷ ᠤᠨᠳᠠᠷᠠᠭᠠᠵᠤ ᠪᠤᠯᠳᠠᠭ᠃        
 
ᠢᠷᠡᠯᠲᠡ᠄ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号