ᠠᠳᠡᠯ ᠤᠨ ᠭᠠᠮᠰᠢᠭ ︵ᠨᠢᠭᠡ︶
ᠨᠡᠶᠢᠲᠡᠯᠡᠭᠰᠡᠨ ᠴᠠᠭ᠄
2017-07-07
       ᠤᠯᠠᠨ ᠨᠡᠶᠢᠳᠡ ᠶᠢᠨ ᠭᠠᠵᠠᠷ ᠴᠢᠬᠢᠯᠳᠦᠨ ᠬᠢᠰᠬᠢᠯᠡᠬᠦ        ᠤᠯᠠᠨ ᠨᠡᠶᠢᠳᠡ ᠶᠢᠨ ᠭᠠᠵᠠᠷ ᠴᠢᠬᠢᠯᠳᠦᠨ ᠬᠢᠰᠬᠢᠯᠡᠬᠦ ᠬᠡᠳᠡᠭ ᠪᠤᠯ ᠬᠦᠮᠦᠨ ᠤᠯᠠᠨ ᠴᠤᠭᠯᠠᠷᠠᠭᠰᠠᠨ ᠭᠠᠵᠠᠷ ᠲᠤ ᠡᠮᠬᠢ ᠳᠢᠭᠯᠢᠮ ᠢᠶᠠᠨ ᠠᠯᠳᠠᠭᠰᠠᠨ ᠵᠡᠷᠬᠡ ᠠᠴᠠ ᠢᠪᠡᠷᠡᠯᠳᠦᠵᠦ ᠦᠢᠮᠡᠯᠳᠦᠬᠡᠳ ᠤᠯᠠᠨ ᠬᠦᠮᠦᠨ ᠢ ᠰᠢᠷᠬᠠᠳᠤᠭᠤᠯᠬᠤ ᠪᠤᠶᠤ ᠬᠢᠰᠬᠢᠵᠦ ᠠᠯᠠᠬᠤ ᠠᠳᠡᠯ ᠭᠠᠷᠬᠤ ᠶᠢ ᠵᠢᠭᠠᠵᠤ ᠪᠤᠢ᠃        ᠠᠷᠭᠠᠴᠠᠭᠠᠬᠤ ᠭᠤᠤᠯᠳᠠᠯᠭ᠎ᠠ        ● ᠤᠯᠠᠨ ᠬᠦᠮᠦᠨ ᠴᠤᠭᠯᠠᠷᠠᠭᠰᠠᠨ ᠭᠠᠵᠠᠷ ᠲᠤ ᠤᠴᠢᠪᠠᠯ ᠪᠠᠴᠢᠮ ᠭᠠᠷᠬᠤ ᠡᠬᠦᠳᠡ᠂ ᠭᠠᠳᠠᠭᠰᠢ ᠳᠠᠷᠬᠠᠨ ᠶᠠᠪᠤᠬᠤ ᠭᠤᠳᠤᠮ ᠵᠡᠷᠬᠡ ᠶᠢ ᠰᠠᠶᠢᠳᠤᠷ ᠴᠡᠬᠡᠵᠢᠯᠡᠬᠦ ᠬᠡᠷᠡᠭᠳᠠᠢ᠃        ● ᠳᠤᠬᠠᠢ ᠶᠢᠨ ᠳᠠᠯᠠᠪᠤᠷ ᠤᠨ ᠵᠢᠯᠤᠭᠤᠳᠤᠯᠭ᠎ᠠ ᠶᠢ ᠰᠤᠨᠤᠰᠴᠤ᠂ ᠨᠠᠮ ᠵᠢᠮ ᠳᠢᠭᠯᠢᠮ ᠲᠠᠢ ᠪᠠᠷ ᠳᠤᠬᠠᠢ ᠶᠢᠨ ᠳᠠᠯᠠᠪᠤᠷ ᠠᠴᠠ ᠰᠠᠯᠬᠤ ᠬᠡᠷᠡᠭᠳᠠᠢ᠃ ᠤᠯᠠᠨ ᠬᠦᠮᠦᠨ ᠤ ᠴᠤᠭᠯᠠᠷᠠᠭᠰᠠᠨ ᠭᠠᠵᠠᠷ ᠵᠥᠭ ᠶᠠᠪᠤᠵᠤ ᠪᠤᠯᠬᠤ ᠦᠬᠡᠢ᠂ ᠬᠡᠥᠬᠡᠳ ᠳᠠᠭᠠᠭᠤᠯᠤᠭᠰᠠᠨ ᠪᠤᠯ ᠬᠡᠥᠬᠡᠳ ᠢᠶᠠᠨ ᠳᠡᠪᠡᠷᠢᠨ ᠴᠢᠬᠢᠯᠳᠦᠭᠰᠡᠨ ᠭᠠᠵᠠᠷ ᠠᠴᠠ ᠵᠠᠶᠢᠳᠠᠬᠤ ᠬᠡᠷᠡᠭᠳᠠᠢ᠃        ● ᠬᠦᠮᠦᠨ ᠤᠶᠢᠴᠢᠬᠤ ᠳᠤ ᠬᠦᠷᠪᠡᠯ ᠳᠠᠷᠦ᠋ᠢᠬᠠᠨ ᠵᠤᠭᠰᠤᠵᠤ ᠬᠤᠶᠢᠨᠠᠬᠢ ᠬᠦᠮᠦᠰ ᠲᠤ ᠪᠠᠨ ᠳᠡᠬᠡᠷ᠎ᠡ ᠳᠠᠭᠤᠨ ᠢᠶᠠᠷ ᠬᠡᠯᠡᠵᠦ ᠦᠭᠬᠦ ᠬᠡᠷᠡᠭᠳᠠᠢ᠃        ● ᠤᠶᠢᠴᠢᠪᠠᠯ ᠳᠦᠷᠬᠡᠬᠡᠨ ᠪᠤᠰᠬᠤ ᠬᠡᠷᠡᠭᠳᠠᠢ᠂ ᠪᠤᠰᠴᠤ ᠳᠡᠶᠢᠯᠬᠦ ᠦᠬᠡᠢ ᠪᠤᠯ ᠳᠠᠷᠦ᠋ᠢᠬᠠᠨ ᠪᠡᠶ᠎ᠡ ᠪᠠᠨ ᠠᠭᠵᠠᠶᠢᠯᠭᠠᠵᠤ᠂ ᠬᠤᠶᠠᠷ ᠭᠠᠷ ᠢᠶᠠᠷ ᠢᠶᠠᠨ ᠳᠤᠯᠤᠭᠠᠢ ᠪᠠᠨ ᠴᠢᠩᠭ᠎ᠠ ᠳᠡᠪᠡᠷᠢᠬᠦ ᠬᠡᠷᠡᠭᠳᠠᠢ᠃
 
ᠢᠷᠡᠯᠲᠡ᠄ ᠠᠷᠤ ᠬᠤᠷᠴᠢᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号