ᠺᠠᠳ᠋ᠷ ᠢ ᠲᠤᠰᠢᠶᠠᠯ ᠳᠤ ᠲᠣᠮᠢᠯᠠᠬᠤ ᠠᠴᠠ ᠡᠮᠦᠨᠡᠬᠢ ᠵᠠᠷᠯᠠᠨ ᠨᠡᠶᠢᠲᠡᠯᠡᠬᠦ ᠠᠯᠪᠠᠨ ᠵᠠᠷ
ᠨᠡᠶᠢᠲᠡᠯᠡᠭᠰᠡᠨ ᠴᠠᠭ᠄
2017-07-07
        ᠬᠤᠲᠠ ᠶᠢᠨ ᠨᠠᠮ ᠤᠨ ᠬᠤᠷᠢᠶᠠᠨ ᠤ ᠰᠣᠳᠣᠯᠣᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨᠠᠨ ᠵᠥᠪᠰᠢᠶᠡᠷᠡᠯ ᠢᠶᠠᠷ ᠵᠠᠩ ᠶᠠᠨ ᠨᠥᠬᠦᠷ ᠢ ᠲᠤᠰᠢᠶᠠᠯ ᠳᠤ ᠲᠣᠮᠢᠯᠠᠬᠤ ᠠᠴᠠ ᠡᠮᠦᠨ᠎ᠡ ᠵᠠᠷᠯᠠᠨ ᠨᠡᠶᠢᠲᠡᠯᠡᠶ᠎ᠡ᠃        ᠨᠢᠭᠡ᠂ ᠵᠠᠷᠯᠠᠬᠤ ᠨᠡᠷ᠎ᠡ        ᠵᠠᠩ ᠶᠠᠨ᠂ ᠡᠮᠡᠭᠲᠡᠶ᠂ 1980 ᠣᠨ ᠤ 10 ᠰᠠᠷ᠎ᠠ ᠳᠤ ᠲᠦᠷᠦᠵᠠᠢ᠂ ᠬᠢᠲᠠᠳ ᠦᠨᠳᠦᠰᠦᠲᠡᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠯᠢᠨᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠶᠢᠨ ᠲᠤᠰᠢᠶᠠᠯ ᠳᠤ ᠲᠣᠮᠢᠯᠠᠬᠤ ᠠᠴᠠ ᠡᠮᠦᠨ᠎ᠡ ᠵᠠᠷᠯᠠᠨ ᠨᠡᠶᠢᠲᠡᠯᠡᠬᠦ ᠪᠠᠷ ᠲᠤᠭᠲᠠᠪᠠ᠃        ᠬᠤᠶᠠᠷ᠂ ᠨᠡᠶᠢᠳᠡ ᠳᠤ ᠵᠠᠷᠯᠠᠬᠤ ᠴᠠᠭ ᠬᠤᠭᠤᠴᠠᠭ᠎ᠠ ᠪᠣᠯ 2016 ᠣᠨ ᠤ 5 ᠰᠠᠷ᠎ᠠ ᠶᠢᠨ 30 ᠤ ᠡᠳᠦᠷ ᠠᠴᠠ 2016 ᠣᠨ ᠤ 6 ᠰᠠᠷ᠎ᠠ ᠶᠢᠨ 3 ᠤ ᠡᠳᠦᠷ᠃        ᠭᠤᠷᠪᠠ᠂ ᠬᠦᠯᠢᠶᠡᠨ ᠠᠪᠬᠤ ᠠᠷᠭ᠎ᠠ ᠮᠠᠶ᠋ᠢᠭ        ᠨᠢᠭᠡᠴᠢ ᠪᠠ ᠬᠤᠪᠢ ᠬᠥᠮᠦᠨ ᠰᠤᠷᠪᠤᠯᠵᠢᠯᠠᠭ᠎ᠠ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ ᠪᠠᠷ ᠨᠡᠶᠢᠳᠡ ᠳᠤ ᠵᠠᠷᠯᠠᠭᠳᠠᠭᠰᠠᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠳᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠨᠢ ᠵᠣᠬᠢᠬᠤ ᠬᠥᠮᠦᠨ ᠵᠢᠴᠢ ᠪᠤᠰᠤᠳ ᠬᠠᠮᠢᠶ᠎ᠠ ᠪᠦᠬᠦᠢ ᠰᠦᠪᠡᠭᠴᠢ ᠶᠢ ᠬᠠᠩᠭᠠᠵᠤ ᠥᠭᠬᠦ ᠬᠡᠷᠡᠭᠲᠠᠢ᠃ ᠲᠤᠰᠬᠠᠭᠰᠠᠨ ᠡᠲᠡᠬᠡᠳ ᠪᠠ ᠲᠤᠰᠬᠠᠭᠰᠠᠨ ᠠᠰᠠᠭᠤᠳᠠᠯ ᠢ ᠴᠢᠩᠭ᠎ᠠ ᠰᠠᠬᠢᠨ ᠬᠠᠮᠠᠭᠠᠯᠠᠨ᠎ᠠ᠃        ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 8᠄ 30 — 12᠄ 00᠂ ᠦᠳᠡ ᠶᠢᠨ ᠬᠤᠶᠢᠨ᠎ᠠ 2᠄ 30 — 5᠄ 30        ᠵᠠᠷᠯᠠᠬᠤ ᠠᠯᠪᠠᠨ ᠭᠡᠷ ᠢ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠤᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ A ᠰᠠᠭᠤᠳᠠᠯ ᠤᠨ 715 ᠳ᠋ᠤᠭᠠᠷ ᠠᠯᠪᠠᠨ ᠭᠡᠷ ᠲᠤ ᠲᠣᠬᠢᠷᠠᠭᠤᠯᠪᠠ᠃        ᠵᠠᠷᠯᠠᠬᠤ ᠠᠯᠪᠠᠨ ᠭᠡᠷ ᠤᠨ ᠤᠲᠠᠰᠤ᠄ ︵0476︶ 12380        ᠡᠭᠦᠨ ᠤ ᠲᠤᠯᠠ ᠣᠨᠴᠠᠭᠠᠶᠢᠯᠠᠨ ᠵᠠᠷᠯᠠᠪᠠ                  ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ                  2016 ᠣᠨ ᠤ 5 ᠰᠠᠷ᠎ᠠ ᠶᠢᠨ 28 ᠤ ᠡᠳᠦᠷ
 
ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号