ᠲᠢᠶᠧ ᠨᠠᠨ ᠵᠡᠭᠡᠯᠢ ᠭᠤᠳᠤᠮᠵᠢ ᠴᠢᠭᠡᠴᠢ ᠵᠠᠰᠠᠭ ᠤᠨ ᠰᠤᠶᠤᠯ ᠤᠨ ᠤᠷᠲᠤ ᠬᠤᠩᠭᠢᠯ ᠢ ᠪᠦᠲᠦᠭᠡᠨ ᠪᠠᠶᠢᠭᠤᠯᠪᠠ
ᠨᠡᠶᠢᠲᠡᠯᠡᠭᠰᠡᠨ ᠴᠠᠭ᠄
2017-08-17
       ᠤᠷᠴᠢᠮᠬᠠᠨ᠂ ᠬᠤᠩ ᠱᠠᠨ ᠲᠤᠭᠤᠷᠢᠭ ᠤᠨ ᠲᠢᠶᠧ ᠨᠠᠨ ᠵᠡᠭᠡᠯᠢ ᠭᠤᠳᠤᠮᠵᠢ ᠶᠢᠨ ᠲᠢᠶᠧ ᠨᠠᠨ ᠨᠡᠶᠢᠭᠡᠮ ᠲᠤᠭᠤᠷᠢᠭ ᠴᠢᠭᠡᠴᠢ ᠵᠠᠰᠠᠭ ᠤᠨ ᠰᠤᠶᠤᠯ ᠤᠨ ᠤᠷᠲᠤ ᠬᠤᠩᠭᠢᠯ ᠢᠶᠠᠨ ᠪᠤᠰᠤᠳ ᠠᠴᠠ ᠤᠨᠴᠠᠯᠢᠭ ᠲᠠᠢ ᠲᠦᠯᠦᠪᠯᠡᠨ ᠤᠯᠠᠨ ᠨᠡᠶᠢᠲᠡ ᠶᠢᠨ ᠠᠩᠬᠠᠷᠤᠯ ᠢ ᠲᠠᠲᠠᠵᠤ ᠪᠠᠶᠢᠭ᠎ᠠ ᠶᠢ ᠤᠯᠵᠤ ᠬᠠᠷᠠᠯ᠎ᠠ᠃ ᠡᠶᠢᠮᠦᠷᠬᠦ ᠤᠨᠴᠠᠯᠢᠭᠲᠤ ᠬᠡᠯᠪᠡᠷᠢ ᠪᠠᠷ ︽ᠨᠠᠮ ᠤᠨ ᠰᠤᠷᠲᠠᠯ ᠴᠢᠭᠡᠴᠢ ᠵᠠᠰᠠᠭ ᠢ ᠨᠡᠶᠢᠭᠡᠮ ᠲᠤᠭᠤᠷᠢᠭ ᠲᠤ ᠤᠷᠤᠭᠤᠯᠵᠤ︾ ᠬᠠᠷᠢᠶ᠎ᠠ ᠲᠤᠭᠤᠷᠢᠭ ᠤᠨ ᠨᠠᠮ ᠤᠨ ᠭᠡᠰᠢᠭᠦᠳ ᠤᠨ ᠬᠠᠵᠠᠭᠤ ᠳᠤ ᠠᠪᠴᠢᠷᠠᠭᠰᠠᠨ ᠨᠢ ᠬᠦᠮᠦᠰ ᠲᠤ ᠴᠢᠭᠡᠴᠢ ᠵᠠᠰᠠᠭ ᠢ ᠴᠠᠭ ᠦᠷᠭᠦᠯᠵᠢ ᠬᠠᠳᠠᠩᠰᠢᠭᠤᠯᠵᠤ ᠴᠢᠭᠡᠴᠢ ᠵᠠᠰᠠᠭ ᠢ ᠡᠷᠬᠢᠮᠯᠡᠬᠦ ᠠᠭᠤᠷ ᠠᠮᠢᠰᠬᠤᠯ ᠢ ᠪᠤᠢ ᠪᠤᠯᠭᠠᠵᠤ ᠴᠢᠳᠠᠭᠰᠠᠨ ᠪᠠᠶᠢᠨ᠎ᠠ᠃        ᠲᠢᠶᠧ ᠨᠠᠨ ᠨᠡᠶᠢᠭᠡᠮ ᠲᠤᠭᠤᠷᠢᠭ ᠤᠨ ᠴᠢᠭᠡᠴᠢ ᠵᠠᠰᠠᠭ ᠤᠨ ᠰᠤᠶᠤᠯ ᠤᠨ ᠤᠷᠲᠤ ᠬᠤᠩᠭᠢᠯ ᠨᠢ ︽ᠲᠤᠭ ᠲᠡᠮᠳᠡᠭ ᠲᠤᠳᠤᠷᠬᠠᠢ᠂ ᠦᠢᠯᠡᠳᠦᠯᠭᠡ ᠶᠢ ᠡᠷᠢᠯᠬᠢᠯᠡᠨ᠂ ᠰᠤᠶᠤᠯ ᠢ ᠡᠷᠬᠢᠮᠯᠡᠬᠦ︾ ᠭᠡᠬᠦ ᠭᠤᠷᠪᠠᠨ ᠪᠤᠯᠤᠩ ᠭᠠᠷᠭᠠᠨ᠂ ᠬᠠᠷᠠᠬᠠᠨ ᠪᠠᠭ᠎ᠠ ᠠᠴᠠ ᠪᠠᠨ ᠴᠢᠭᠡᠴᠢ ᠵᠠᠰᠠᠭ ᠢ ᠪᠠᠷᠢᠮᠲᠠᠯᠠᠨ᠂ ᠬᠦᠮᠦᠵᠢᠯ ᠤᠨ ᠬᠡᠯᠪᠡᠷᠢ ᠳᠡᠭᠡᠨ ᠰᠢᠨ᠎ᠡ ᠶᠢ ᠡᠭᠦᠳᠴᠦ᠂ ᠨᠠᠮ ᠤᠨ ᠰᠤᠷᠲᠠᠯ ᠴᠢᠭᠡᠴᠢ ᠵᠠᠰᠠᠭ ᠤᠨ ᠬᠦᠮᠦᠵᠢᠯ ᠤᠨ ᠰᠢᠨ᠎ᠡ ᠲᠠᠪᠴᠠᠩ ᠢ ᠢᠳᠡᠪᠬᠢᠲᠡᠢ ᠪᠠᠷ ᠴᠤᠭᠴᠠᠯᠠᠪᠠ᠃ ᠵᠢᠷᠤᠭ ᠪᠢᠴᠢᠭ ᠬᠠᠪᠰᠤᠷᠭᠠᠭᠰᠠᠨ ᠬᠡᠯᠪᠡᠷᠢ ᠪᠠᠷ ᠨᠠᠮ ᠤᠨ ᠰᠤᠷᠲᠠᠯ ᠴᠢᠭᠡᠴᠢ ᠵᠠᠰᠠᠭ ᠤᠨ ᠪᠦᠲᠦᠭᠡᠨ ᠪᠠᠶᠢᠭᠤᠯᠤᠯᠲᠠ ᠪᠠ ᠢᠯᠵᠢᠷᠠᠯ ᠢ ᠡᠰᠡᠷᠭᠦᠴᠡᠬᠦ ᠤᠬᠠᠭᠤᠯᠭ᠎ᠠ ᠬᠦᠮᠦᠵᠢᠯ ᠤᠨ ᠠᠵᠢᠯ ᠤᠨ ᠪᠠᠶᠢᠳᠠᠯ ᠢ ᠺᠠᠳ᠋ᠷ ᠤᠯᠠᠨ ᠲᠦᠮᠡᠨ ᠳᠤ ᠤᠶᠢᠯᠠᠭᠠᠭᠤᠯᠤᠨ᠂ ᠬᠠᠷᠢᠶ᠎ᠠ ᠲᠤᠭᠤᠷᠢᠭ ᠲᠠᠭᠠᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠤᠬᠢ ᠰᠠᠶᠢᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号