ᠬᠤᠩ ᠮᠢᠶᠤᠤᠽᠢ ᠪᠠᠯᠭᠠᠰᠤᠨ ᠤ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠮᠵᠢ ᠢᠯᠡᠷᠬᠡᠢ ᠪᠠᠶᠢᠨ᠎ᠠ
ᠨᠡᠶᠢᠲᠡᠯᠡᠭᠰᠡᠨ ᠴᠠᠭ᠄
2017-08-31
       ᠬᠤᠩ ᠱᠠᠨ ᠲᠤᠭᠤᠷᠢᠭ ᠤᠨ ᠬᠤᠩ ᠮᠢᠶᠤᠤᠽᠢ ᠪᠠᠯᠭᠠᠰᠤᠨ ᠤ ᠳ᠋ᠦᠩ ᠨᠠᠨ ᠶᠢᠩᠽᠢ ᠲᠤᠰᠬᠤᠨ ᠨᠠᠮ ᠤᠨ ᠵᠤᠬᠢᠶᠠᠨ ᠪᠠᠶᠢᠭᠤᠯᠤᠯᠲᠠ ᠶᠢᠨ ᠭᠤᠤᠯᠯᠠᠭᠴᠢ ᠦᠢᠯᠡᠳᠦᠯ ᠢ ᠭᠦᠢᠴᠡᠳ ᠪᠠᠳᠠᠷᠠᠭᠤᠯᠵᠤ᠂ ︽ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠢ ᠪᠦᠲᠦᠭᠡᠨ ᠪᠠᠶᠢᠭᠤᠯᠵᠤ᠂ ᠪᠤᠯᠪᠠᠰᠤᠨ ᠭᠡᠷ ᠤᠷᠤᠨ ᠢᠶᠠᠨ ᠬᠠᠮᠲᠤᠪᠡᠷ ᠴᠤᠭᠴᠠᠯᠠᠬᠤ︾ ᠪᠠᠷ ᠭᠤᠤᠯ ᠰᠡᠳᠦᠪ ᠪᠤᠯᠭᠠᠭᠰᠠᠨ ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢᠶᠠᠨ ᠢᠳᠡᠪᠬᠢᠲᠡᠢ ᠦᠷᠨᠢᠭᠦᠯᠵᠦ᠂ ᠰᠠᠶᠢᠨ ᠦᠷ᠎ᠡ ᠪᠦᠲᠦᠮᠵᠢ ᠤᠯᠵᠤ ᠪᠠᠶᠢᠨ᠎ᠠ᠃        ᠤᠶᠢᠷ᠎ᠠ ᠶᠢᠨ ᠵᠢᠯ ᠳᠤ᠂ ᠳ᠋ᠢᠩ ᠨᠠᠨ ᠶᠢᠩᠽᠢ ᠲᠤᠰᠬᠤᠨ 2000 ᠭᠠᠷᠤᠢ ᠲᠦᠮᠡᠨ ᠲᠦᠭᠦᠷᠢᠭ ᠤᠨ ᠲᠦᠷᠦᠯ ᠵᠦᠢᠯ ᠤᠨ ᠪᠡᠯᠡ ᠮᠦᠩᠭᠦ ᠤᠯᠵᠤ᠂ ᠵᠠᠮ ᠵᠠᠰᠠᠬᠤ᠂ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠪᠠᠶᠢᠭᠤᠯᠬᠤ᠂ ᠬᠦᠳᠡᠭᠡ ᠲᠤᠰᠬᠤᠨ ᠢ ᠭᠤᠶᠤᠵᠢᠭᠤᠯᠬᠤ᠂ ᠰᠤᠶᠤᠯ ᠤᠨ ᠠᠭᠤᠳᠠᠮ ᠲᠠᠯᠠᠪᠠᠢ ᠪᠠ ᠡᠯ᠎ᠡ ᠵᠦᠢᠯ ᠤᠨ ᠴᠢᠳᠠᠮᠵᠢᠲᠦ ᠠᠵᠢᠯᠯᠠᠭᠠᠨ ᠤ ᠭᠡᠷ ᠢ ᠪᠦᠲᠦᠭᠡᠨ ᠪᠠᠶᠢᠭᠤᠯᠬᠤ ᠳᠤ ᠬᠡᠷᠡᠭᠯᠡᠨ᠂ ᠬᠦᠳᠡᠭᠡ ᠲᠤᠰᠬᠤᠨ ᠤ ᠤᠷᠴᠢᠨ ᠲᠤᠭᠤᠷᠢᠨ ᠢ ᠤᠯᠠᠮ ᠢᠶᠠᠷ ᠭᠤᠶᠤᠵᠢᠭᠤᠯᠵᠠᠢ᠃ ᠪᠠᠰᠠ ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ ᠤ ᠤᠷᠲᠤᠮᠵᠢ ᠶᠢᠨ ᠴᠢᠨᠠᠷᠲᠠᠢ ᠬᠠᠮᠢᠶᠠᠷᠤᠯᠲᠠ ᠶᠢ ᠪᠡᠶᠡᠯᠡᠭᠦᠯᠬᠦ ᠶᠢᠨ ᠲᠦᠯᠦᠭᠡ ᠳ᠋ᠦᠩ ᠨᠠᠨ ᠶᠢᠩᠽᠢ ᠲᠤᠰᠬᠤᠨ ᠳᠤᠷ᠎ᠠ ᠪᠠᠷ ᠢᠶᠠᠨ ᠬᠤᠭ ᠯᠤᠪᠰᠢ ᠬᠠᠶᠠᠬᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠬᠦᠷᠢᠶᠡᠨ ᠤ ᠭᠠᠳᠠᠨ᠎ᠠ ᠬᠠᠰᠢᠶᠠᠯᠠᠬᠤ ᠵᠡᠷᠭᠡ ᠶᠢ ᠴᠡᠭᠴᠡᠯᠡᠨ ᠵᠠᠰᠠᠬᠤ ᠠᠵᠢᠯᠯᠠᠭᠠᠨ ᠦᠷᠨᠢᠭᠦᠯᠵᠦ᠂ ᠨᠡᠶᠢᠲᠡ 3000 ᠲᠤᠨ ᠬᠤᠭ ᠯᠤᠪᠰᠢ ᠶᠢ ᠠᠷᠢᠯᠭᠠᠨ ᠴᠡᠪᠡᠷᠯᠡᠭᠰᠡᠨ ᠪᠠᠶᠢᠨ᠎ᠠ᠃ ᠡᠭᠦᠨ ᠤ ᠬᠠᠮᠲᠤ᠂ ᠬᠤᠩ ᠱᠠᠨ ᠲᠤᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠬᠤ ᠴᠢᠳᠠᠪᠬᠢ ᠶᠢ ᠳᠤᠷᠤᠭᠰᠢ ᠪᠠᠭᠤᠯᠭᠠᠭᠰᠠᠨ ᠲᠤᠬᠢᠶᠠᠯ ᠢ ᠡᠵᠡᠮᠳᠡᠵᠦ᠂ ᠲᠤᠰᠬᠤᠨ ᠳᠠᠭᠠᠨ 4 ᠬᠤᠲᠠ ᠶᠢᠨ ᠬᠠᠮᠢᠶᠠᠷᠤᠯᠲᠠ ᠶᠢᠨ ᠭᠡᠰᠢᠭᠦᠨ᠂ 14 ᠴᠡᠪᠡᠷᠯᠡᠭᠴᠢ ᠲᠤᠬᠢᠷᠠᠭᠤᠯᠤᠨ ︽ᠬᠦᠳᠡᠭᠡ ᠲᠤᠰᠬᠤᠨ ᠤ ᠠᠳᠠᠯ ᠠᠬᠤᠢ ᠶᠢᠨ ᠲᠦᠪ︾ ᠢ ᠪᠠᠶᠢᠭᠤᠯᠵᠤ᠂ ᠬᠦᠳᠡᠭᠡ ᠲᠤᠰᠬᠤᠨ ᠤ ᠠᠷᠠᠳ ᠤᠯᠠᠨ ᠳᠤ ᠬᠤᠲᠠ ᠶᠢᠨ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠲᠠᠢ ᠠᠳᠠᠯᠢ ᠰᠢᠯᠢᠳᠡᠭ ᠬᠠᠮᠢᠶᠠᠷᠤᠯᠲᠠ ᠪᠠ ᠦᠢᠯᠡᠴᠢᠯᠡᠭᠡ ᠡᠳ᠋ᠯᠡᠭᠦᠯᠦᠭᠰᠡᠨ ᠪᠠᠶᠢᠨ᠎ᠠ᠃        ᠨᠡᠶᠢᠭᠡᠮ ᠵᠢᠷᠦᠮᠲᠤ ᠭᠤᠤᠯᠯᠠᠭᠴᠢ ᠦᠷᠲᠡᠭ ᠤᠨ ᠦᠵᠡᠯᠲᠡ ᠶᠢ ᠬᠦᠳᠡᠭᠡ ᠲᠤᠰᠬᠤᠨ ᠳᠤ ᠤᠬᠠᠭᠤᠯᠬᠤ ᠠᠵᠢᠯ ᠢ ᠤᠷᠤᠭᠰᠢᠲᠠᠢ ᠠᠬᠢᠭᠤᠯᠬᠤ ᠶᠢᠨ ᠲᠦᠯᠦᠭᠡ᠂ ᠤᠶᠢᠷ᠎ᠠ ᠶᠢᠨ ᠵᠢᠯ ᠳᠤ ᠳ᠋ᠦᠩ ᠨᠠᠨ ᠶᠢᠩᠽᠢ ᠲᠤᠰᠬᠤᠨ ᠨᠡᠶᠢᠲᠡ 2000 ᠲᠡᠭᠰᠢ ᠳᠦᠷᠪᠡᠯᠵᠢᠨ ᠮᠧᠲᠷ ᠲᠠᠯᠠᠪᠠᠢ ᠪᠦᠬᠦᠢ 500 ᠰᠤᠶᠤᠯ ᠤᠨ ᠬᠡᠷᠡᠮ ᠢ ᠪᠠᠶᠢᠭᠤᠯᠬᠤ ᠶᠢᠨ ᠬᠠᠮᠲᠤ ᠨᠡᠶᠢᠭᠡᠮ ᠵᠢᠷᠤᠮᠲᠤ ᠭᠤᠤᠯᠯᠠᠭᠴᠢ ᠦᠷᠲᠡᠭ ᠤᠨ ᠦᠵᠡᠯᠲᠡ ᠶᠢᠨ ᠠᠭᠤᠯᠭ᠎ᠠ ᠶᠢ ᠲᠤᠰᠬᠤᠨ ᠤ ᠳᠦᠷᠢᠮ ᠠᠷᠠᠳ ᠤᠨ ᠭᠡᠷ᠎ᠡ ᠳᠤ ᠤᠷᠤᠭᠤᠯᠤᠨ ᠤᠬᠠᠭᠤᠯᠤᠨ ᠰᠤᠷᠲᠠᠯᠴᠢᠯᠠᠵᠠᠢ᠃ ᠲᠤᠰᠬᠤᠨ ᠤ ᠠᠷᠠᠳ ᠤᠨ ᠬᠡᠷᠡᠭ ᠵᠦᠪᠯᠡᠬᠦ ᠬᠤᠷᠠᠯ᠂ ᠶᠤᠰᠤ ᠰᠤᠷᠲᠠᠬᠤᠨ ᠢ ᠦᠨᠡᠯᠡᠬᠦ ᠬᠤᠷᠠᠯ᠂ ᠬᠤᠤᠷ᠎ᠠ ᠴᠠᠭᠠᠵᠠᠯᠠᠬᠤ ᠪᠠ ᠵᠤᠭᠤᠰ ᠨᠠᠭᠠᠳᠬᠤ ᠶᠢ ᠴᠠᠭᠠᠵᠠᠯᠠᠬᠤ ᠬᠤᠷᠠᠯ᠂ ᠬᠤᠷᠢᠮ ᠪᠤᠶᠠᠨ ᠤ ᠶᠠᠪᠤᠳᠠᠯ ᠤᠨ ᠵᠦᠪᠯᠡᠯ ᠵᠡᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠭᠤᠴᠢᠨ ᠶᠤᠰᠤ ᠪᠦᠳᠦᠭᠦᠯᠢᠭ ᠵᠠᠩ ᠢ ᠵᠠᠰᠠᠵᠤ᠂ ᠰᠢᠨ᠎ᠡ ᠶᠤᠰᠤ ᠰᠤᠷᠲᠠᠬᠤᠨ ᠢ ᠡᠷᠬᠢᠮᠯᠡᠬᠦ ᠶᠢ ᠠᠬᠢᠭᠤᠯᠤᠭᠰᠠᠨ ᠪᠠᠶᠢᠨ᠎ᠠ᠃ ᠬᠦᠳᠡᠭᠡ ᠲᠤᠰᠬᠤᠨ ᠤ ᠤᠯᠠᠮᠵᠢᠯᠠᠯᠲᠤ ᠰᠤᠶᠤᠯ ᠢ ᠤᠯᠠᠮᠵᠢᠯᠠᠨ ᠵᠠᠯᠭᠠᠮᠵᠢᠯᠠᠬᠤ ᠶᠢ ᠬᠦᠨᠳᠦᠳᠬᠡᠵᠦ᠂ ᠴᠠᠭᠠᠨ ᠰᠠᠷ᠎ᠠ᠂ ᠦᠯᠵᠡᠶᠢᠲᠦ ᠡᠳᠦᠷ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠨᠠᠢᠮᠠᠨ ᠰᠠᠷ᠎ᠠ ᠶᠢᠨ ᠲᠡᠷᠭᠡᠯ ᠪᠠᠶᠠᠷ ᠵᠡᠷᠭᠡ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠢ ᠲᠤᠬᠢᠶᠠᠯᠳᠤᠭᠤᠯᠤᠨ ︽ᠰᠢᠷ᠎ᠠ ᠬᠠᠶᠢᠷᠴᠠᠭ ᠤᠨ ᠬᠤᠷᠠᠯ︾᠂ ︽ᠦᠯᠵᠡᠶᠢᠲᠦ ᠤᠳᠤᠨ ᠤ ᠬᠤᠷᠠᠯ︾ ᠵᠡᠷᠭᠡ ᠡᠯᠪᠡᠭ ᠪᠠᠶᠠᠯᠢᠭ ᠠᠭᠤᠯᠭ᠎ᠠ ᠪᠦᠬᠦᠢ ᠠᠵᠢᠯᠯᠠᠭᠠᠨ ᠢ ᠵᠤᠬᠢᠶᠠᠨ ᠪᠠᠶᠢᠭᠤᠯᠤᠨ ᠶᠠᠪᠤᠭᠳᠠᠭᠤᠯᠵᠤ᠂ ᠡᠷᠡᠭᠦᠯ ᠪᠤᠯᠪᠠᠰᠤᠨ ᠠᠮᠢᠳᠤᠷᠠᠯ ᠤᠨ ᠬᠡᠯᠪᠡᠷᠢ ᠪᠠ ᠵᠦᠪ ᠤᠨᠤᠪᠴᠢᠲᠠᠢ ᠦᠷᠲᠡᠭ ᠤᠨ ᠦᠵᠡᠯᠲᠡ ᠶᠢ ᠪᠤᠢ ᠪᠤᠯᠭᠠᠬᠤ ᠶᠢ ᠠᠬᠢᠭᠤᠯᠵᠠᠢ᠃        ᠤᠯᠠᠮᠵᠢᠯᠠᠯᠲᠤ ᠶᠤᠰᠤ ᠰᠤᠷᠲᠠᠬᠤᠨ ᠢ ᠤᠯᠠᠮᠵᠢᠯᠠᠨ ᠪᠠᠳᠠᠷᠠᠭᠤᠯᠬᠤ ᠶᠢᠨ ᠲᠦᠯᠦᠭᠡ᠂ ᠳ᠋ᠦᠩ ᠨᠠᠨ ᠶᠢᠩᠽᠢ ᠲᠤᠰᠬᠤᠨ ︽ᠶᠤᠰᠤ ᠰᠤᠷᠲᠠᠬᠤᠨ ᠤ ᠬᠢᠴᠢᠶᠡᠯ ᠤᠨ ᠲᠢᠩᠬᠢᠮ︾ ᠢᠶᠠᠷ ᠲᠠᠷᠢᠶᠠᠴᠢᠳ ᠤᠨ ᠬᠡᠪ ᠴᠢᠨᠠᠷ ᠢ ᠳᠡᠭᠡᠭᠰᠢᠯᠡᠭᠦᠯᠬᠦ ᠲᠠᠪᠴᠠᠩ ᠪᠤᠯᠭᠠᠨ᠂ ︽ᠶᠤᠰᠤ ᠰᠤᠷᠲᠠᠬᠤᠨ ᠢ ᠡᠷᠬᠢᠮᠯᠡᠨ ᠦᠭᠡᠳᠡᠷᠬᠡᠭ ᠰᠠᠨᠠᠭ᠎ᠠ ᠲᠠᠢ ᠶᠠᠪᠤᠬᠤ︾ ᠭᠤᠤᠯ ᠰᠡᠳᠦᠪ ᠢᠶᠠᠷ ᠲᠤᠰᠬᠤᠨ ᠤ ᠠᠷᠠᠳ ᠤᠯᠠᠨ ᠳᠤ ᠪᠡᠶ᠎ᠡ ᠶᠢᠨ ᠬᠠᠵᠠᠭᠤ ᠳᠠᠬᠢ ᠪᠤᠯᠪᠠᠰᠤᠨ ᠬᠦᠮᠦᠨ ᠪᠤᠯᠪᠠᠰᠤᠨ ᠬᠡᠷᠡᠭ ᠢᠶᠠᠷ ᠵᠢᠱᠢᠶ᠎ᠡ ᠲᠠᠲᠠᠨ ᠲᠠᠶᠢᠯᠪᠤᠷᠢᠯᠠᠨ ᠶᠠᠷᠢᠵᠤ᠂ ᠪᠤᠳᠠᠲᠤ ᠬᠡᠷᠡᠭ ᠶᠠᠪᠤᠳᠠᠯ ᠢᠶᠠᠷ ᠠᠷᠠᠳ ᠤᠯᠠᠨ ᠢ ᠰᠤᠷᠭᠠᠨ ᠬᠦᠮᠦᠵᠢᠭᠦᠯᠵᠦ᠂ 2 ᠶᠤᠰᠤ ᠰᠤᠷᠲᠠᠬᠤᠨ ᠤ ᠵᠢᠱᠢᠶᠡᠴᠢ᠂ 24 ᠤᠳᠤᠨ ᠳᠡᠰ ᠤᠨ ᠪᠤᠯᠪᠠᠰᠤᠨ ᠡᠷᠦᠬᠡ ᠶᠢ ᠦᠨᠡᠯᠡᠨ ᠰᠤᠩᠭᠤᠵᠠᠢ᠃ ᠠᠬᠠᠮᠠᠳ ᠱᠦᠵᠢ ᠫᠠᠨ ᠹᠧᠩ ᡁᠢ ᠪᠤᠯ ᠳᠠᠷᠤᠢ ᠤᠯᠠᠨ ᠠᠷᠪᠢᠨ ᠵᠢᠱᠢᠶᠡᠴᠢ ᠶᠢᠨ ᠲᠤᠲᠤᠷᠠᠬᠢ ᠨᠢᠭᠡᠨ ᠲᠦᠯᠦᠭᠡᠯᠡᠭᠴᠢ ᠪᠠᠶᠢᠵᠤ᠂ 31 ᠨᠠᠰᠤᠲᠠᠢ ᠳᠠᠭᠠᠨ ᠲᠤᠰᠬᠤᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠭᠰᠡᠨ ᠠᠴᠠ ᠤᠳᠤ ᠪᠤᠯᠲᠠᠯ᠎ᠠ 40 ᠭᠠᠷᠤᠢ ᠵᠢᠯ ᠤᠨ ᠲᠤᠷᠰᠢ᠂ ᠲᠡᠷᠡ ᠲᠤᠰᠬᠤᠨ ᠤ ᠨᠠᠮ ᠤᠨ ᠭᠡᠰᠢᠭᠦᠨ ᠪᠠ ᠠᠷᠠᠳ ᠤᠯᠠᠨ ᠢᠶᠠᠨ ᠳᠠᠭᠠᠭᠤᠯᠤᠨ ᠬᠠᠲᠠᠭᠤᠵᠢᠯᠲᠠᠢ ᠴᠢᠷᠮᠠᠶᠢᠨ ᠠᠵᠢᠯᠯᠠᠵᠤ᠂ 6000 ᠮᠦ ᠠᠭᠯᠠᠭ ᠠᠭᠤᠯᠠ ᠶᠢ ᠤᠶᠢᠵᠢᠭᠤᠯᠤᠨ ᠨᠤᠭᠤᠭᠠᠷᠠᠭᠤᠯᠵᠤ᠂ ᠲᠤᠰᠬᠤᠨ ᠤ ᠬᠠᠮᠲᠤ ᠨᠡᠶᠢᠲᠡ ᠶᠢᠨ ᠤᠷᠤᠯᠭ᠎ᠠ ᠶᠢ 100 ᠲᠦᠮᠡᠨ ᠲᠦᠭᠦᠷᠢᠭ ᠠᠴᠠ ᠳᠠᠪᠠᠭᠤᠯᠤᠭᠰᠠᠨ ᠢᠶᠠᠷ ᠪᠠᠷᠠᠬᠤ ᠦᠭᠡᠢ ᠵᠢᠯ ᠪᠦᠷᠢ ᠲᠠᠷᠢᠶᠠᠴᠢᠨ ᠡᠷᠦᠬᠡ ᠶᠢᠨ ᠤᠲᠠᠰᠤᠲᠤ ᠲᠧᠯᠸᠢᠰ ᠤᠨ ᠰᠦᠢᠳᠬᠡᠯ᠂ ᠤᠰᠤᠨ ᠤ ᠰᠦᠢᠳᠬᠡᠯ ᠵᠡᠷᠭᠡ ︽ᠳᠤᠯᠤᠭᠠᠨ ᠰᠦᠢᠳᠬᠡᠯ ᠨᠢᠭᠡ ᠮᠦᠩᠭᠦ︾ ᠶᠢᠨ ᠲᠦᠷᠦᠯ ᠵᠦᠢᠯ ᠤᠨ ᠵᠠᠷᠤᠳᠠᠯ ᠤᠨ 70 ᠭᠠᠷᠤᠢ ᠲᠦᠮᠡᠨ ᠲᠦᠭᠦᠷᠢᠭ ᠢ ᠳᠠᠩᠰᠠᠨ ᠠᠴᠠ ᠲᠠᠶᠢᠯᠵᠦ᠂ ᠲᠤᠰᠬᠤᠨ ᠤ ᠰᠠᠭᠤᠭᠠᠯᠢ ᠠᠷᠠᠳ ᠲᠤ ᠰᠠᠶᠢᠨ ᠠᠰᠠᠷᠠᠮᠵᠢ ᠬᠠᠷᠠᠭᠠᠯᠵᠠᠯ ᠬᠦᠷᠲᠡᠭᠡᠵᠦ ᠪᠠᠶᠢᠨ᠎ᠠ᠃        ᠡᠭᠦᠨ ᠤ ᠰᠠᠭᠤᠷᠢᠨ ᠳᠡᠭᠡᠷ᠎ᠡ᠂ ᠲᠤᠰ ᠲᠤᠰᠬᠤᠨ ᠪᠠᠰᠠ ︽ᠡᠳᠦᠷ ᠪᠦᠷᠢ ᠨᠢᠭᠡ ᠰᠠᠶᠢᠨ ᠶᠠᠪᠤᠳᠠᠯ ᠬᠢᠬᠦ︾ ᠰᠠᠶᠢᠨ ᠳᠤᠷ᠎ᠠ ᠶᠢᠨ ᠠᠵᠢᠯᠯᠠᠭᠠᠨ ᠢ ᠢᠳᠡᠪᠬᠢᠲᠡᠢ ᠦᠷᠨᠢᠭᠦᠯᠵᠦ᠂ 6 ᠰᠠᠶᠢᠨ ᠳᠤᠷ᠎ᠠ ᠶᠢᠨ ᠦᠢᠯᠡᠴᠢᠯᠡᠭᠡᠨ ᠤ ᠳᠤᠭᠤᠶᠢᠯᠠᠩ ᠪᠠᠶᠢᠭᠤᠯᠵᠤ᠂ ᠳᠠᠷᠤᠢ ᠲᠦᠷᠦᠯ ᠰᠠᠲᠤᠨ᠂ ᠨᠠᠶᠢᠵᠠ ᠨᠦᠬᠦᠳ᠂ ᠬᠦᠷᠰᠢ ᠵᠡᠷᠭᠡᠯᠡᠳᠡᠭᠡ ᠪᠠᠨ ᠬᠠᠷᠠᠭᠠᠯᠵᠠᠬᠤ ᠵᠠᠷᠴᠢᠮ ᠢᠶᠠᠷ ᠭᠡᠷ ᠲᠡᠭᠡᠨ ᠦᠯᠡᠳᠡᠵᠦ ᠬᠤᠴᠤᠷᠤᠭᠰᠠᠨ ᠨᠠᠰᠤᠲᠠᠶᠢᠴᠤᠳ ᠪᠠ ᠬᠡᠦᠬᠡᠳ ᠪᠠᠭᠠᠴᠤᠳ ᠢ ᠬᠠᠷᠠᠭᠠᠯᠵᠠᠨ ᠬᠠᠪᠰᠤᠷᠴᠠᠢ︔ ᠠᠮᠤᠷ ᠢ ᠬᠠᠮᠠᠭᠠᠯᠠᠬᠤ ᠴᠠᠭᠳᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ 6 ᠴᠠᠭᠳᠠᠨ ᠪᠠᠶᠢᠴᠠᠭᠠᠬᠤ ᠠᠵᠢᠯᠲᠠᠨ ᠪᠦᠬᠦᠯᠢ ᠡᠳᠦᠷ ᠢᠶᠠᠷ ᠠᠵᠢᠯᠯᠠᠨ᠂ ᠤᠯᠠᠨ ᠵᠢᠯ ᠤᠨ ᠲᠤᠷᠰᠢ ᠳ᠋ᠦᠩ ᠨᠠᠨ ᠶᠢᠩᠽᠢ ᠲᠤᠰᠬᠤᠨ ᠡᠷᠡᠭᠦᠦ ᠶᠢᠨ ᠬᠡᠷᠡᠭ ᠨᠢᠭᠡ ᠴᠦ ᠭᠠᠷᠤᠭᠰᠠᠨ ᠦᠭᠡᠢ ᠲᠡᠮᠳᠡᠭᠯᠡᠯ ᠢ ᠪᠠᠲᠤᠯᠠᠵᠠᠢ︔ ᠭᠠᠯ ᠢ ᠰᠡᠷᠭᠡᠶᠢᠯᠡᠬᠦ ᠪᠠᠭ᠎ᠠ ᠳᠤᠭᠤᠶᠢᠯᠠᠩ ᠪᠠᠶᠢᠭᠤᠯᠵᠤ᠂ ᠲᠤᠰᠬᠠᠢ ᠮᠡᠷᠭᠡᠵᠢᠯ ᠤᠨ ᠪᠤᠯᠪᠠᠰᠤᠷᠠᠯ ᠢᠶᠠᠷ ᠳᠠᠮᠵᠢᠵᠤ ᠲᠤᠰᠬᠤᠨ ᠤ 5 ᠠᠷᠠᠳ ᠬᠠᠮᠤᠭ ᠠᠩᠬᠠᠳᠠᠭᠴᠢ ᠪᠦᠯᠦᠭ ︽ᠲᠤᠰᠬᠤᠨ ᠤ ᠳᠡᠰ ᠤᠨ ᠭᠠᠯ ᠤᠨᠲᠠᠷᠠᠭᠠᠭᠴᠢ︾ ᠪᠤᠯᠵᠤ᠂ ᠳ᠋ᠦᠩ ᠨᠠᠨ ᠶᠢᠩᠽᠢ ᠲᠤᠰᠬᠤᠨ ᠵᠢᠴᠢ ᠤᠶᠢᠷ᠎ᠠ ᠬᠠᠪᠢ ᠶᠢᠨ ᠲᠤᠰᠬᠤᠨ ᠳᠤ ᠭᠡᠨᠡᠳᠲᠡ ᠶᠢᠨ ᠴᠢᠨᠠᠷᠲᠠᠢ ᠪᠠᠭ᠎ᠠ ᠬᠡᠮᠵᠢᠶᠡᠨ ᠤ ᠭᠠᠯ ᠭᠠᠷᠪᠠᠯ ᠴᠠᠭ ᠲᠤᠬᠠᠢ ᠳᠤᠨᠢ ᠭᠠᠯ ᠢ ᠤᠨᠲᠠᠷᠠᠭᠠᠵᠤ᠂ ᠲᠤᠰᠬᠤᠨ ᠤ ᠠᠷᠠᠳ ᠤᠨ ᠠᠮᠢ ᠨᠠᠰᠤ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠵᠠᠢ︔ ᠵᠦᠷᠢᠴᠡᠯ ᠵᠢᠭᠤᠷᠠᠯᠳᠤᠭᠠᠨ ᠢ ᠡᠶᠡᠳᠡᠭᠦᠯᠬᠦ ᠳᠤᠭᠤᠶᠢᠯᠠᠩ ᠪᠠᠶᠢᠭᠤᠯᠵᠤ᠂ ᠲᠤᠰᠬᠤᠨ ᠤ ᠠᠷᠠᠳ ᠤᠨ ᠰᠠᠨᠠᠯ ᠰᠠᠨᠠᠭᠤᠯᠭ᠎ᠠ ᠶᠢ ᠤᠶᠢᠯᠠᠭᠠᠨ ᠡᠵᠡᠮᠰᠢᠵᠦ᠂ ᠵᠦᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠡᠶᠡᠳᠡᠭᠦᠯᠦᠨ ᠵᠤᠬᠢᠴᠠᠭᠤᠯᠵᠤ᠂ ᠤᠯᠠᠨ ᠵᠢᠯ ᠤᠨ ᠲᠤᠷᠰᠢ᠂ ᠳ᠋ᠦᠩ ᠨᠠᠨ ᠶᠢᠩᠽᠢ ᠲᠤᠰᠬᠤᠨ ᠳᠤ ᠳᠡᠭᠡᠷ᠎ᠡ ᠱᠠᠲᠤᠨ ᠳᠤ ᠬᠦᠷᠴᠦ ᠵᠠᠬᠢᠳᠠᠯ ᠰᠤᠷᠪᠤᠯᠵᠢᠯᠠᠭ᠎ᠠ ᠬᠢᠭᠰᠡᠨ ᠶᠠᠪᠤᠳᠠᠯ ᠭᠠᠷᠤᠭᠰᠠᠨ ᠦᠭᠡᠢ᠃        2016 ᠤᠨ ᠳᠤ ᠳ᠋ᠦᠩ ᠨᠠᠨ ᠶᠢᠩᠽᠢ ᠲᠤᠰᠬᠤᠨ ᠦᠪᠡᠷᠲᠡᠭᠡᠨ ᠵᠠᠰᠠᠬᠤ ᠤᠷᠤᠨ ᠤ ᠪᠤᠯᠪᠠᠰᠤᠨ ᠲᠤᠰᠬᠤᠨ ᠢᠶᠠᠷ ᠦᠨᠡᠯᠡᠭᠳᠡᠵᠦ᠂ ᠦᠨᠳᠦᠰᠦᠨ ᠱᠠᠲᠤᠨ ᠤ ᠵᠤᠬᠢᠶᠠᠨ ᠪᠠᠶᠢᠭᠤᠯᠤᠯᠲᠠ ᠬᠠᠮᠤᠭ ᠴᠢᠩᠭ᠎ᠠ᠂ ᠠᠵᠤ ᠠᠬᠤᠢ ᠬᠠᠮᠤᠭ ᠬᠦᠭᠵᠢᠭᠰᠡᠨ᠂ ᠤᠷᠴᠢᠨ ᠲᠤᠭᠤᠷᠢᠨ ᠬᠠᠮᠤᠭ ᠰᠠᠶᠢᠬᠠᠨ᠂ ᠤᠶᠤᠨ ᠤ ᠪᠤᠯᠪᠠᠰᠤᠨ ᠴᠡᠴᠡᠭᠯᠡᠨ ᠬᠦᠭᠵᠢᠭᠰᠡᠨ ᠰᠢᠨ᠎ᠡ ᠬᠠᠭᠤᠳᠠᠰᠤ ᠶᠢ ᠪᠢᠴᠢᠭᠯᠡᠵᠡᠢ᠃ ︽ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ᠂ ᠵᠤᠯ ᠵᠢᠷᠭᠠᠯᠲᠤ ᠳ᠋ᠦᠩ ᠨᠠᠨ ᠶᠢᠩᠽᠢ ᠲᠤᠰᠬᠤᠨ︾ ᠦᠨᠡᠨᠬᠦ ᠠᠷᠠᠳ ᠤᠯᠠᠨ ᠤ ᠤᠷᠤᠰᠢᠨ ᠰᠠᠭᠤᠷᠢᠰᠢᠬᠤ ᠲᠠᠭᠠᠯᠠᠮᠵᠢᠲᠠᠢ ᠤᠷᠤᠨ ᠪᠤᠯᠤᠭᠰᠠᠨ ᠪᠠᠶᠢᠨ᠎ᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号