ᠵᠢᠷᠭᠢᠶ᠎ᠠ ᠪᠠᠷ ᠦᠯᠦ ᠲᠠᠨᠢᠬᠤ ᠬᠦᠮᠦᠨ ᠳᠤ ᠵᠤᠭᠤᠰ ᠢᠶᠠᠨ ᠪᠣᠷᠣᠭᠤ ᠶᠠᠪᠤᠭᠤᠯᠪᠠᠯ ᠶᠠᠭᠠᠬᠢᠪᠠᠯ ᠵᠣᠬᠢᠬᠤ ᠪᠤᠢ︖
ᠨᠡᠶᠢᠲᠡᠯᠡᠭᠰᠡᠨ ᠴᠠᠭ᠄
2018-10-31
       ᠬᠡᠷᠡᠭ ᠤᠨ ᠵᠢᠱᠢᠶ᠎ᠠ        2017 ᠤᠨ ᠤ 10 ᠰᠠᠷ᠎ᠠ ᠳᠤ᠂ ᠯᠢᠦ ᠠᠪᠠᠭ᠋ᠠᠢ ᠶᠢᠨ ᠨᠠᠶᠢᠵᠠ ᠨᠢ ᠲᠡᠭᠦᠨ ᠠᠴᠠ ᠵᠤᠭᠤᠰ ᠵᠢᠭᠡᠯᠡᠬᠦ ᠭᠡᠰᠡᠨ ᠳᠤ᠂ ᠨᠠᠶᠢᠷ ᠵᠢᠷᠤᠮ ᠢ ᠡᠷᠬᠢᠮᠯᠡᠳᠡᠭ ᠯᠢᠦ ᠠᠪᠠᠭ᠋ᠠᠢ ᠪᠠᠷᠢᠨ ᠳᠤᠤᠷ᠎ᠠ ᠨᠢ 14000 ᠲᠦᠭᠦᠷᠢᠭ ᠢᠶᠠᠨ ᠵᠢᠷᠭᠢᠶ᠎ᠠ ᠪᠠᠷ ᠢᠶᠠᠨ ᠳᠠᠮᠵᠢᠭᠤᠯᠣᠨ ᠨᠦᠭᠦᠭᠡ ᠡᠲᠡᠭᠡᠳ ᠲᠤ ᠳᠠᠩᠰᠠ ᠰᠢᠯᠵᠢᠭᠦᠯᠦᠨ ᠶᠠᠪᠤᠭᠤᠯᠵᠠᠢ᠃ ᠭᠡᠲᠡᠯ᠎ᠠ ᠵᠢᠷᠭᠢᠶ᠎ᠠ ᠳᠡᠭᠡᠷ᠎ᠠ ᠳᠠᠩᠰᠠ ᠰᠢᠯᠵᠢᠭᠦᠯᠬᠦ ᠬᠤᠷᠣᠮ ᠵᠠᠭᠤᠷ᠎ᠠ ᠳᠤ ᠵᠢᠷᠭᠢᠶ᠎ᠠ ᠶᠢᠨ ᠨᠢᠭᠤᠷ ᠲᠤ ᠪᠤᠰᠤᠳ ᠵᠤᠭᠤᠭᠳᠠᠬᠤ ᠴᠤᠩᠬᠤᠪᠴᠢ ᠢᠯᠡᠷᠡᠭᠰᠡᠨ ᠢ ᠯᠢᠦ ᠠᠪᠠᠭ᠋ᠠᠢ ᠰᠠᠨᠠᠭᠠᠨ ᠳᠠᠭᠠᠨ ᠠᠪᠤᠭᠰᠠᠨ ᠦᠭᠡᠢ ᠪᠠᠷ᠂ ᠰᠠᠨᠠᠮᠰᠠᠷ ᠦᠭᠡᠢ ᠪᠠᠷ ᠦᠯᠦ ᠲᠠᠨᠢᠬᠤ ᠬᠦᠮᠦᠨ ᠤ ᠵᠢᠷᠭᠢᠶ᠎ᠠ ᠳᠡᠭᠡᠷ᠎ᠠ ᠵᠤᠭᠤᠰ ᠢᠶᠠᠨ ᠰᠢᠯᠵᠢᠭᠦᠯᠦᠨ ᠶᠠᠪᠤᠭᠤᠯᠴᠢᠬᠠᠭᠰᠠᠨ ᠪᠠᠶᠢᠪᠠ᠃        ᠬᠡᠳᠦᠨ ᠮᠢᠨᠦ᠋ᠲ ᠤᠨ ᠳᠠᠷᠠᠭ᠎ᠠ᠂ ᠯᠢᠦ ᠠᠪᠠᠭ᠋ᠠᠢ ᠭᠡᠨᠡᠳᠲᠡ ᠳᠠᠩᠰᠠ ᠪᠠᠨ ᠪᠤᠷᠤᠭᠤ ᠰᠢᠯᠵᠢᠭᠦᠯᠦᠭᠰᠡᠨ ᠢᠶᠠᠨ ᠰᠡᠭᠡᠰᠬᠢᠵᠦ᠂ ᠮᠦᠩᠬᠦ ᠶᠠᠪᠤᠭᠤᠯᠤᠭᠰᠠᠨ ᠡᠲᠡᠭᠡᠳ ᠲᠤ ᠭᠠᠷ ᠤᠲᠠᠰᠤᠨ ᠤ ᠳᠠᠷᠤᠪᠴᠢ ᠶᠢ ᠪᠤᠷᠤᠭᠤ ᠳᠠᠷᠤᠵᠦ ᠮᠦᠩᠬᠦ ᠪᠠᠨ ᠤᠨᠳᠤᠤ ᠬᠦᠮᠦᠨ ᠳᠤ ᠰᠢᠯᠵᠢᠭᠦᠯᠦᠨ ᠶᠠᠪᠤᠭᠤᠯᠤᠭᠰᠠᠨ ᠤᠴᠢᠷ ᠶᠠᠪᠤᠳᠠᠯ ᠢᠶᠠᠨ ᠲᠠᠶᠢᠯᠪᠤᠷᠢᠯᠠᠵᠦ᠂ ᠮᠦᠩᠬᠦ ᠪᠠᠨ ᠪᠤᠴᠠᠭᠠᠵᠦ ᠠᠪᠬᠤ ᠭᠡᠰᠡᠨ ᠳᠤ᠂ ᠲᠡᠷᠡᠬᠦ ᠵᠢᠷᠭᠢᠶ᠎ᠠ ᠶᠢᠨ ᠡᠵᠡᠨ ᠨᠢ ᠵᠦᠪᠰᠢᠶᠡᠷᠡᠵᠦ᠂ ᠰᠢᠯᠵᠢᠭᠦᠯᠦᠨ ᠶᠠᠪᠤᠭᠤᠯᠤᠭᠰᠠᠨ ᠵᠤᠭᠤᠰ ᠢ ᠨᠢ ᠲᠤᠰᠤᠨ ᠠᠪᠤᠪᠠ᠃ ᠯᠢᠦ ᠠᠪᠠᠭ᠋ᠠᠢ ᠬᠡᠳᠦᠨ ᠮᠢᠨᠦ᠋ᠲ ᠬᠦᠯᠢᠶᠡᠭᠰᠡᠨ ᠳᠤ ᠮᠦᠩᠬᠦᠨ ᠤ ᠬᠢᠨᠢ ᠪᠡᠷ᠎ᠠ ᠰᠤᠷᠠᠭ ᠠᠯᠠᠭ᠎ᠠ᠃ ᠲᠡᠭᠡᠭᠡᠳ ᠯᠢᠦ ᠠᠪᠠᠭ᠋ᠠᠢ ᠤᠯᠠᠨ ᠤᠳᠠᠭ᠎ᠠ ᠴᠢᠮᠡᠭᠡ ᠶᠠᠪᠤᠭᠤᠯᠵᠦ ︽ᠮᠢᠨᠦ ᠮᠦᠩᠬᠦ ᠶᠢ ᠪᠤᠴᠠᠭᠠᠵᠤ ᠦᠭᠭᠦᠭᠡᠷᠡᠢ︾ ᠭᠡᠵᠦ ᠲᠠᠶᠢᠯᠪᠦᠷᠢᠯᠠᠨ ᠱᠠᠭᠠᠷᠳᠠᠭᠰᠠᠨ ᠴᠤ ᠬᠠᠷᠢᠭᠤ ᠴᠢᠮᠡᠭᠡ ᠤᠯᠤᠭᠰᠠᠨ ᠦᠭᠡᠢ᠃ ᠬᠠᠮᠤᠭ ᠤᠨ ᠰᠡᠭᠦᠯ ᠳᠤ᠂ ᠯᠢᠣ ᠠᠪᠠᠭ᠋ᠠᠢ ᠶᠢᠨ ᠵᠣᠭᠤᠰ ᠢ ᠲᠣᠰᠴᠣ ᠠᠪᠣᠬᠰᠠᠨ ᠵᠢᠷᠭᠢᠶ᠎ᠠ ᠶᠢᠨ ᠦᠯᠦ ᠲᠠᠨᠢᠬᠤ ᠬᠦᠮᠦᠨ ᠯᠢᠦ ᠠᠪᠠᠭ᠋ᠠᠢ ᠶᠢ ᠵᠢᠷᠭᠢᠶ᠎ᠠ ᠶᠢᠨ ᠢᠶᠠᠨ ᠦᠯᠦ ᠲᠠᠨᠢᠭᠴᠢ ᠶᠢᠨ ᠳᠠᠩᠰᠠᠨ ᠳᠤ ᠲᠠᠲᠠᠨ ᠤᠷᠤᠭᠤᠯᠵᠦ ᠨᠢᠭᠤᠷ ᠪᠤᠷᠤᠭᠤᠯᠠᠪᠠ᠃ ᠯᠢᠦ ᠠᠪᠠᠭ᠋ᠠᠢ ᠶᠢᠨ ᠬᠡᠯᠡᠬᠦ ᠪᠠᠷ᠂ ︽ᠮᠢᠨᠤ ᠪᠤᠷᠤᠭᠤ ᠶᠠᠪᠤᠭᠤᠯᠤᠭᠰᠠᠨ ᠵᠤᠭᠤᠰ ᠢ ᠳᠤᠰᠴᠤ ᠠᠪᠤᠭᠰᠠᠨ ᠡᠨᠡ ᠵᠢᠷᠭᠢᠶ᠎ᠠ ᠶᠢᠨ ᠨᠠᠶᠢᠵᠠ ᠪᠤᠯ᠂ ᠦᠩᠬᠡᠷᠡᠭᠰᠡᠨ ᠳᠤ ᠰᠠᠨᠠᠭᠠᠨ ᠳᠤ ᠦᠭᠡᠢ ᠨᠡᠮᠡᠵᠦ ᠠᠪᠤᠭᠰᠠᠨ ᠵᠢᠷᠭᠢᠶ᠎ᠡ ᠶᠢᠨ ᠨᠠᠶᠢᠵᠠ ᠪᠠᠶᠢᠵᠦ᠂ ᠢᠷᠡᠯ ᠭᠠᠷᠤᠯ ᠢ ᠨᠢ ᠤᠭᠲᠤᠬᠠᠨ ᠴᠤ ᠮᠡᠳᠡᠬᠦ ᠦᠭᠡᠢ ᠲᠤᠯᠠ ᠨᠢᠭᠤᠷ ᠵᠤᠯᠭᠠᠵᠦ ᠲᠠᠨᠢᠬᠤ ᠳᠤ ᠲᠦᠪᠡᠭᠲᠠᠢ︾ ᠭᠡᠨ᠎ᠡ᠃ ᠯᠢᠦ ᠠᠪᠠᠭ᠋ᠠᠢ ᠲᠡᠭᠡᠭᠡᠳ ᠵᠢᠷᠭᠢᠶ᠎ᠠ ᠶᠢᠨ ᠦᠢᠯᠡᠴᠢᠯᠡᠬᠦ ᠳᠠᠪᠴᠠᠩ ᠳᠤ ᠤᠲᠠᠰᠤᠳᠠᠵᠦ ᠠᠰᠠᠭᠤᠨ ᠯᠠᠪᠯᠠᠭᠰᠠᠨ ᠳᠤ᠂ ᠬᠤᠪᠢ ᠬᠦᠮᠦᠨ ᠤ ᠨᠢᠭᠤᠴᠠ ᠶᠢ ᠬᠠᠮᠠᠭᠠᠯᠠᠬᠤ ᠶᠢᠨ ᠲᠤᠰᠠᠳᠠ ᠵᠢᠷᠭᠢᠶ᠎ᠠ ᠶᠢᠨ ᠦᠢᠯᠡᠴᠢᠯᠡᠬᠦ ᠳᠠᠪᠴᠠᠩ ᠤᠨ ᠬᠢᠨ ᠲᠡᠭᠦᠨ ᠤ ᠨᠦᠭᠦᠭᠡ ᠡᠲᠡᠭᠡᠳ ᠤᠨ ᠮᠡᠳᠡᠭᠡ ᠵᠠᠩᠬᠢ ᠶᠢ ᠠᠰᠠᠭᠤᠨ ᠯᠠᠪᠯᠠᠬᠤ ᠭᠡᠰᠡᠨ ᠱᠠᠭᠠᠷᠳᠠᠯᠭ᠎ᠠ ᠶᠢ ᠨᠢ ᠳᠡᠪᠴᠢᠪᠡ᠃ ᠯᠢᠦ ᠠᠪᠠᠭ᠋ᠠᠢ ᠰᠢᠭᠦᠬᠦ ᠬᠤᠷᠢᠶᠠᠨ ᠳᠤ ᠵᠠᠭᠠᠯᠳᠤᠬᠤ ᠪᠠᠷ ᠭᠤᠶᠤᠴᠢᠯᠬᠠᠰᠠᠨ ᠳᠤ ︽ᠵᠠᠭᠠᠯᠳᠤᠭᠳᠠᠭᠴᠢ ᠶᠢᠨ ᠤᠪᠤᠭ ᠨᠡᠷ᠎ᠠ ᠪᠤᠯᠤᠨ ᠪᠡᠶ᠎ᠠ ᠶᠢᠨ ᠢᠷᠡᠯ ᠭᠠᠷᠤᠯ ᠢ ᠲᠤᠳᠤᠷᠬᠠᠢᠢᠯᠠᠬᠤ ᠴᠢᠬᠤᠯᠠ ᠲᠠᠢ︾ ᠭᠡᠵᠦ ᠵᠠᠭᠠᠯᠳᠤᠯᠭ᠎ᠠ ᠶᠢ ᠪᠤᠴᠠᠭᠠᠪᠠ᠃        ᠬᠠᠤᠯᠢᠴᠢ ᠶᠢᠨ ᠵᠠᠳᠠᠯᠤᠯᠲᠠ        ᠨᠢᠬᠡ᠂ ᠵᠢᠷᠭᠢᠶ᠎ᠠ ᠳᠡᠭᠡᠷ᠎ᠠ ᠵᠤᠭᠤᠰ ᠢᠶᠠᠨ ᠳᠠᠩᠰᠠ ᠰᠢᠯᠵᠢᠭᠦᠯᠦᠨ ᠠᠳᠡᠬᠦᠦ ᠪᠠᠷ ᠶᠠᠪᠤᠭᠤᠯᠪᠠᠯ ᠨᠦᠭᠦᠭᠡ ᠡᠲᠡᠭᠡᠳ ᠨᠢ ᠬᠠᠤᠯᠢ ᠴᠠᠭᠠᠵᠠ ᠶᠢᠨ ᠬᠠᠷᠢᠭᠤᠴᠠᠯᠭ᠎ᠠ ᠡᠬᠦᠷᠭᠡᠯᠡᠨ᠎ᠠ ᠤᠤ︖        ᠵᠤᠭᠤᠰ ᠬᠤᠷᠢᠶᠠᠨ ᠤᠯᠤᠭᠴᠢ ᠶᠢᠨ ᠲᠠᠯ᠎ᠠ ᠠᠴᠠ ᠠᠪᠴᠣ ᠬᠡᠯᠡᠪᠡᠯ᠂ ᠡᠨᠡ ᠬᠦ ︽ᠵᠦᠭᠡᠷ ᠤᠯᠤᠭᠰᠠᠨ ᠡᠳ᠋ ᠠᠰᠢᠭ︾ ᠨᠢ ᠵᠦᠢ ᠪᠤᠰᠤ ᠤᠷᠤᠯᠭ᠎ᠠ ᠳᠤ ᠲᠤᠭᠠᠴᠠᠭᠳᠠᠨ᠎ᠠ᠃ ︽ᠢᠷᠭᠡᠨ ᠤ ᠬᠡᠷᠡᠭ ᠤᠨ ᠶᠡᠷᠦᠩᠬᠡᠢ ᠳᠦᠷᠢᠮ︾ ᠤᠨ ᠶᠡᠷᠡᠨ ᠬᠤᠶᠠᠳᠤᠭᠠᠷ ᠵᠦᠢᠯ ᠳᠤ᠄ ︽ᠬᠠᠤᠯᠢ ᠴᠠᠭᠠᠵᠠ ᠶᠢᠨ ᠦᠨᠳᠦᠰᠦᠯᠡᠯ ᠦᠭᠡᠢ ᠪᠠᠷ ᠤᠯᠤᠭᠰᠠᠨ ᠵᠦᠢ ᠪᠤᠰᠤ ᠡᠳ᠋ ᠠᠰᠢᠭ ᠨᠢ ᠪᠤᠰᠤᠳ ᠲᠤ ᠬᠤᠬᠢᠷᠠᠯ ᠰᠦᠢᠲᠦᠯ ᠤᠴᠠᠷᠠᠭᠤᠯᠤᠭᠰᠠᠨ ᠪᠠᠶᠢᠪᠠᠯ ᠵᠦᠢ ᠪᠤᠰᠤ ᠡᠳ᠋ ᠠᠰᠢᠭ ᠢᠶᠠᠨ ᠬᠤᠬᠢᠷᠠᠯ ᠠᠮᠰᠠᠭᠴᠢᠳ ᠲᠤ ᠪᠤᠴᠠᠭᠠᠨ ᠦᠭᠬᠦ ᠬᠡᠷᠡᠭᠲᠠᠢ︾ ᠭᠡᠵᠦ ᠲᠤᠭᠲᠠᠭᠠᠵᠠᠢ᠃ ᠬᠡᠷᠪᠡ ᠵᠢᠷᠭᠢᠶ᠎ᠠ ᠳᠡᠭᠡᠷ᠎ᠠ ᠵᠤᠭᠤᠰ ᠮᠦᠩᠬᠦ ᠪᠠᠨ ᠠᠳᠡᠬᠦᠦ ᠪᠠᠷ ᠶᠠᠪᠤᠭᠤᠯᠤᠭᠰᠠᠨ ᠪᠠᠶᠢᠪᠠᠯ᠂ ᠮᠦᠩᠬᠦ ᠶᠢᠨ ᠡᠵᠡᠨ ᠴᠠᠭ ᠳᠠᠷᠤᠢ ᠳᠤᠨᠢ ᠨᠦᠭᠦᠭᠡ ᠡᠲᠡᠭᠡᠳ ᠲᠠᠢ ᠬᠠᠷᠢᠴᠠᠵᠦ᠂ ᠤᠴᠢᠷ ᠪᠠᠶᠢᠳᠠᠯ ᠢᠶᠠᠨ ᠲᠤᠳᠤᠷᠬᠠᠢᠢᠯᠠᠨ᠂ ᠨᠦᠭᠦᠭᠡ ᠡᠲᠡᠭᠡᠳ ᠢᠶᠠᠨ ᠪᠤᠴᠠᠭᠠᠨ ᠦᠭᠭᠦᠭᠦᠯᠬᠦ ᠪᠠᠷ ᠱᠠᠭᠠᠷᠳᠠᠵᠦ ᠪᠤᠯᠤᠨ᠎ᠠ᠂ ᠨᠦᠭᠦᠭᠡ ᠡᠲᠡᠭᠡᠳ ᠨᠢ ᠪᠤᠴᠠᠭᠠᠨ ᠦᠭᠬᠦ ᠡᠭᠦᠷᠭᠡ ᠲᠠᠢ ᠪᠠᠶᠢᠳᠠᠭ᠃        ᠬᠤᠶᠠᠷ᠂ ᠨᠦᠭᠦᠭᠡ ᠡᠲᠡᠭᠡᠳ ᠤᠨ ᠢᠶᠠᠨ ᠪᠡᠶ᠎ᠠ ᠶᠢᠨ ᠢᠷᠡᠯ ᠭᠠᠷᠤᠯ ᠤᠨ ᠮᠡᠳᠡᠭᠡ ᠵᠠᠩᠬᠢ ᠶᠢ ᠮᠡᠳᠡᠬᠦ ᠦᠭᠡᠢ ᠪᠤᠯ ᠶᠠᠭᠠᠬᠢᠵᠦ ᠵᠠᠭᠠᠯᠳᠤᠯᠭ᠎ᠠ ᠬᠢᠬᠦ ᠪᠤᠢ︖        ᠵᠠᠭᠠᠯᠳᠤᠭᠳᠠᠭᠴᠢ ᠶᠢᠨ ᠪᠡᠶ᠎ᠠ ᠶᠢᠨ ᠢᠷᠡᠯ ᠭᠠᠷᠤᠯ ᠤᠨ ᠮᠡᠳᠡᠭᠡ ᠵᠠᠩᠬᠢ ᠶᠢ ᠲᠤᠳᠤᠷᠬᠠᠢ ᠪᠤᠯᠭᠠᠬᠤ ᠠᠷᠭ᠎ᠠ ᠦᠭᠡᠢ ᠪᠠᠶᠢᠳᠠᠯ ᠳᠤ᠂ ᠤᠷᠢᠳᠠᠪᠠᠷ ᠨᠢᠭᠡ ᠬᠤᠪᠢ ᠵᠠᠭᠠᠯᠳᠤᠯᠭ᠎ᠠ ᠶᠢᠨ ᠪᠢᠴᠢᠭ ᠤᠨ ᠡᠬᠡ ᠨᠤᠤᠷᠠᠭ ᠢ ᠲᠤᠭᠤᠷᠪᠢᠵᠦ᠂ ᠡᠷᠬᠡ ᠳᠤ ᠬᠠᠯᠳᠠᠭᠰᠠᠨ ᠭᠡᠷᠡᠴᠢ ᠪᠠᠷᠢᠮᠲᠠ ᠶᠢ ᠰᠠᠶᠢᠲᠤᠷ ᠴᠤᠭᠯᠠᠭᠤᠯᠬᠤ ᠬᠡᠷᠡᠭᠲᠠᠢ᠃ ᠬᠡᠳᠦ᠋ᠢᠪᠡᠷ ᠨᠦᠭᠦᠭᠡ ᠡᠲᠡᠭᠡᠳ ᠴᠢᠨᠢ ᠲᠠᠨ ᠢ ᠵᠢᠷᠭᠢᠶ᠎ᠠ ᠶᠢᠨ ᠦᠯᠦ ᠲᠠᠨᠢᠬᠤ ᠬᠦᠮᠦᠨ ᠢᠶᠠᠷ ᠳᠡᠪᠴᠢᠵᠦ ᠬᠠᠶᠠᠭᠰᠠᠨ ᠪᠤᠯᠪᠠᠴᠤ᠂ ᠵᠤᠭᠤᠰ ᠰᠢᠯᠵᠢᠭᠦᠯᠦᠨ ᠶᠠᠪᠤᠭᠤᠯᠤᠭᠰᠠᠨ ᠲᠡᠮᠳᠡᠭᠯᠡᠯ ᠴᠢᠨᠢ ᠬᠡᠪ ᠢᠶᠠᠷ ᠢᠶᠠᠨ ᠪᠠᠶᠢᠵᠦ᠂ ᠳᠠᠷᠤᠮᠠᠯᠯᠠᠨ ᠭᠠᠷᠭᠠᠵᠦ ᠪᠤᠯᠬᠤ ᠲᠤᠯᠠ ᠰᠢᠬᠦᠬᠦ ᠬᠤᠷᠢᠶᠠᠨ ᠠᠴᠠ ᠵᠤᠭᠤᠰ ᠰᠢᠯᠵᠢᠭᠦᠯᠦᠭᠰᠡᠨ ᠤᠴᠢᠷ ᠶᠠᠪᠤᠳᠠᠯ ᠤᠨ ᠦᠨᠡᠨ ᠪᠤᠲᠠᠲᠠᠢ ᠤᠷᠤᠰᠢᠬᠤ ᠡᠰᠡᠬᠦ ᠶᠢ ᠲᠤᠳᠤᠯᠠᠵᠦ ᠲᠡᠶᠢᠯᠦᠨ᠎ᠡ᠃ ᠡᠶᠢᠮᠦ ᠠᠴᠠ ᠵᠢᠷᠭᠢᠶ᠎ᠠ ᠳᠡᠭᠡᠷ᠎ᠠ ᠵᠤᠭᠤᠰ ᠰᠢᠯᠵᠢᠭᠦᠯᠦᠨ ᠶᠠᠪᠤᠭᠤᠯᠤᠭᠰᠠᠨ ᠲᠡᠮᠳᠡᠭᠯᠡᠯ ᠪᠤᠯᠤᠨ ᠪᠠᠩᠬᠢ ᠶᠢᠨ ᠺᠠᠷᠲ ᠤᠨ ᠨᠠᠷᠢᠨ ᠳᠠᠩᠰᠠ ᠵᠡᠷᠭᠡ ᠪᠠᠨ ᠰᠠᠶᠢᠲᠤᠷ ᠬᠢᠮᠡᠭᠠᠳᠠᠵᠦ᠂ ᠭᠡᠷᠡᠴᠢ ᠪᠠᠷᠢᠮᠳᠠ ᠪᠤᠯᠭᠠᠨ ᠳᠡᠭᠡᠭᠰᠢ ᠲᠤᠰᠢᠶᠠᠪᠠᠯ ᠵᠤᠬᠢᠨ᠎ᠠ᠃        ᠭᠤᠷᠪᠠ᠂ ᠠᠯᠢ ᠰᠢᠬᠦᠬᠦ ᠬᠤᠷᠢᠶᠠᠨ ᠳᠤ ᠵᠠᠭᠠᠯᠳᠤᠪᠠᠯ ᠵᠤᠬᠢᠬᠤ ᠪᠤᠢ︖        ᠶᠡᠷᠦ ᠳᠡᠭᠡᠨ ᠵᠠᠭᠠᠯᠳᠤᠭᠴᠢ ᠶᠢᠨ ᠰᠠᠭᠤᠭ᠎ᠠ ᠭᠠᠵᠠᠷ ᠲᠤ ᠪᠠᠶᠢᠭ᠎ᠠ ᠰᠢᠬᠦᠬᠦ ᠬᠤᠷᠢᠶ᠎ᠠ ᠳᠤ ᠵᠠᠭᠠᠯᠳᠤᠯᠭ᠎ᠠ ᠬᠢᠳᠡᠭ᠃ ᠵᠠᠭᠠᠯᠳᠤᠯᠭ᠎ᠠ ᠪᠠᠨ ᠵᠦᠪᠬᠡᠨ ᠵᠠᠭᠠᠯᠳᠤᠭᠳᠠᠭᠴᠢ ᠶᠢᠨ ᠡᠷᠦᠬᠡ ᠠᠮᠠ ᠶᠢᠨ ᠳᠠᠩᠰᠠ ᠪᠠᠶᠢᠭ᠎ᠠ ᠰᠠᠭᠤᠭ᠎ᠠ ᠭᠠᠵᠠᠷ ᠤᠨ ᠰᠢᠬᠦᠬᠦ ᠬᠤᠷᠢᠶᠠᠨ ᠳᠤ ᠳᠡᠪᠰᠢᠬᠦᠯᠦᠨ᠎ᠠ ᠭᠡᠰᠡᠨ ᠯᠡ ᠤᠴᠢᠷ ᠪᠢᠰᠢ᠃ ᠵᠢᠷᠭᠢᠶ᠎ᠠ ᠳᠡᠭᠡᠷ᠎ᠠ ᠮᠦᠩᠬᠦ ᠪᠠᠨ ᠰᠢᠯᠵᠢᠭᠦᠯᠦᠨ ᠶᠠᠪᠤᠭᠤᠯᠤᠭᠰᠠᠨ ᠠᠴᠠ ᠤᠯᠤᠭᠰᠠᠨ ᠠᠰᠢᠭ ᠨᠢ ᠵᠦᠢ ᠶᠤᠰᠤᠨ ᠤ ᠪᠤᠰᠤ ᠤᠷᠤᠯᠭ᠎ᠠ ᠳᠤ ᠲᠤᠭᠠᠴᠠᠭᠳᠠᠵᠦ᠂ ᠵᠦᠢ ᠶᠤᠰᠤᠨ ᠤ ᠪᠤᠰᠤ ᠠᠰᠢᠭ ᠨᠢ ᠨᠢᠭᠡᠨᠲᠡ ᠨᠢᠭᠡ ᠵᠦᠢᠯ ᠤᠨ ᠬᠠᠤᠯᠢ ᠳᠤ ᠲᠤᠭᠲᠠᠭᠰᠠᠨ ᠠᠪᠴᠠᠭ᠎ᠠ ᠦᠭᠴᠡᠭᠡᠨ ᠤ ᠬᠠᠷᠢᠴᠠᠭ᠎ᠠ ᠪᠤᠯᠣᠨ᠎ᠠ᠃ ᠡᠨᠡ ᠬᠦ ᠬᠠᠷᠢᠴᠠᠭ᠎ᠠ ᠶᠢᠨ ᠪᠦᠷᠢᠯᠳᠦᠭᠰᠡᠨ ᠨᠢ ᠤᠳᠤᠬᠠᠨ ᠤ ᠬᠠᠤᠯᠢ ᠴᠠᠭᠠᠵᠠ ᠶᠢᠨ ᠲᠤᠭᠲᠠᠭᠠᠯ ᠢᠶᠠᠷ ᠪᠤᠯ᠂ ᠵᠠᠭᠠᠯᠳᠤᠭᠴᠢ ᠶᠢᠨ ᠰᠠᠭᠤᠭ᠎ᠠ ᠭᠠᠵᠠᠷ ᠤᠨ ᠰᠢᠬᠦᠬᠦ ᠬᠤᠷᠢᠶᠠᠨ ᠳᠤ ᠵᠠᠭᠠᠯᠳᠤᠵᠦ ᠪᠤᠯᠤᠨ᠎ᠠ᠃        ᠲᠦᠷᠪᠡ᠂ ᠢᠨᠲ᠋ᠧᠷ ᠰᠦᠯᠵᠢᠶᠡᠨ ᠤ ᠠᠵᠦ ᠠᠬᠤᠢᠢᠯᠠᠯ ᠢᠶᠠᠷ ᠬᠤᠬᠢᠷᠠᠯ ᠢᠶᠠᠨ ᠲᠦᠯᠦᠭᠦᠯᠵᠦ ᠪᠤᠯᠤᠨ᠎ᠠ ᠤᠤ︖        ᠵᠢᠷᠭᠢᠶ᠎ᠠ ᠳᠡᠭᠡᠷ᠎ᠠ ᠮᠦᠩᠬᠦ ᠪᠠᠨ ᠳᠠᠩᠰᠠ ᠰᠢᠯᠵᠢᠭᠦᠯᠵᠦ ᠠᠳᠡᠬᠦᠦ ᠶᠠᠪᠤᠭᠤᠯᠤᠭᠰᠠᠨ ᠨᠢ ᠬᠤᠬᠢᠷᠠᠭᠴᠢ ᠶᠢᠨ ᠲᠤᠰ ᠪᠡᠶ᠎ᠠ ᠶᠢᠨ ᠤᠰᠤᠯ ᠠᠯᠳᠠᠭ᠎ᠠ ᠠᠴᠠ ᠪᠤᠯᠵᠦ ᠰᠦᠢᠲᠦᠭᠰᠡᠨ ᠬᠤᠬᠢᠷᠠᠯ ᠲᠤᠯᠠ ᠢᠨᠲ᠋ᠧᠷ ᠰᠦᠯᠵᠢᠶᠡᠨ ᠤ ᠠᠵᠦ ᠠᠬᠤᠢᠢᠯᠠᠯ ᠳᠤ ᠤᠰᠤᠯ ᠠᠯᠳᠠᠭ᠎ᠠ ᠪᠠᠶᠢᠬᠤ ᠦᠭᠡᠢ᠃ ᠡᠶᠢᠮᠦ ᠠᠴᠠ ᠢᠨᠲ᠋ᠧᠷ ᠰᠦᠯᠵᠢᠶᠡᠨ ᠤ ᠠᠵᠦ ᠠᠬᠤᠢᠢᠯᠠᠯ ᠢᠶᠠᠷ ᠬᠤᠬᠢᠷᠠᠯ ᠢᠶᠠᠨ ᠲᠦᠯᠦᠭᠦᠯᠬᠦ ᠪᠠᠷ ᠱᠠᠭᠠᠷᠳᠠᠬᠤ ᠨᠢ ᠡᠷᠭᠡ ᠠᠰᠢᠭ ᠢᠶᠠᠨ ᠬᠠᠮᠠᠭᠠᠯᠠᠬᠤ ᠳᠤ ᠪᠡᠷᠬᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号