ᠲᠠᠷᠢᠶᠠᠯᠠᠩ ᠤᠨ ᠬᠦᠷᠢᠶ᠎ᠡ ᠬᠡᠪᠴᠢᠶᠡᠨ ᠳᠤ
ᠨᠡᠶᠢᠲᠡᠯᠡᠭᠰᠡᠨ ᠴᠠᠭ᠄
2018/11/12
       ᠬᠦᠳᠡᠭᠡ ᠲᠤᠰᠬᠤᠨ ᠤ ᠠᠵᠤ ᠠᠬᠤᠢ᠄ ᠤᠨᠴᠠᠯᠢᠭᠲᠤ ᠲᠠᠷᠢᠮᠠᠯ᠂ ᠨᠠᠷᠢᠯᠢᠭ ᠪᠤᠯᠪᠠᠰᠤᠷᠠᠭᠤᠯᠬᠤ᠂ ᠦᠢᠯᠡᠴᠢᠯᠡᠭᠡᠨ ᠤ ᠦᠷᠲᠡᠭ ᠢ ᠨᠡᠮᠡᠭᠳᠡᠭᠦᠯᠬᠦ ᠪᠠ ᠠᠮᠢ ᠠᠬᠤᠢ ᠰᠡᠯᠡᠭᠦᠴᠡᠯ ᠢᠶᠠᠷ ᠭᠤᠤᠯ ᠬᠡᠯᠪᠡᠷᠢ ᠪᠤᠯᠭᠠᠨ᠂ ᠠᠵᠤ ᠦᠢᠯᠡᠰ ᠤᠨ ᠬᠡᠯᠬᠢᠶ᠎ᠡ ᠪᠠ ᠦᠷᠲᠡᠭ ᠤᠨ ᠬᠡᠯᠬᠢᠶ᠎ᠡ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠲᠠ ᠶᠢᠨ ᠠᠷᠠᠳ ᠤᠨ ᠬᠡᠷᠡᠭᠯᠡᠭᠡ ᠳᠤ ᠦᠢᠯᠡᠴᠢᠯᠡᠬᠦ ᠪᠠᠷ ᠭᠤᠤᠯ ᠪᠤᠯᠭᠠᠨ᠂ ᠠᠮᠢ ᠠᠬᠤᠢ ᠶᠢᠨ ᠤᠨᠴᠠᠯᠢᠭ ᠳᠤᠪᠤᠶᠢᠮ᠎ᠠ ᠬᠤᠲᠠ ᠶᠢᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠠᠮᠤ ᠪᠤᠳᠠᠭᠠᠨ ᠤ ᠭᠠᠷᠤᠯᠲᠠ ᠵᠢᠷᠭᠤᠭᠠᠨ ᠵᠢᠯ ᠳᠠᠷᠠᠭᠠᠯᠠᠨ ᠳ᠋ᠦᠩᠰᠢᠭᠤᠷ ᠵᠢᠩ ᠢ ᠳᠠᠪᠠᠵᠤ᠂ 2017 ᠤᠨ ᠳᠤ 1.38 ᠳ᠋ᠦᠩᠰᠢᠭᠤᠷ ᠵᠢᠩ ᠬᠦᠷᠴᠦ᠂ ᠭᠡᠷ ᠤᠨ ᠲᠡᠵᠢᠭᠡᠪᠦᠷᠢ ᠶᠢᠨ ᠪᠦᠬᠦ ᠵᠢᠯ ᠤᠨ ᠵᠤᠭᠰᠤᠭ᠎ᠠ ᠲᠤᠭ᠎ᠠ ᠲᠤᠯᠤᠭᠠᠢ 10 ᠲᠦᠮᠡ᠃
       ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ ᠪᠤᠯᠤᠨ ᠡᠵᠡᠩᠨᠡᠯᠲᠡ ᠶᠢᠨ ᠭᠤᠤᠯ ᠴᠤᠭᠴᠠ ᠶᠢ ᠪᠤᠶᠢᠵᠢᠭᠤᠯᠪᠠ᠃ 2017 ᠤᠨ ᠤ 12 ᠰᠠᠷ᠎ᠠ ᠶᠢᠨ ᠰᠡᠭᠦᠯᠴᠢ ᠪᠤᠯᠲᠠᠯ᠎ᠠ᠂ ① ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ 100 ᠡᠷᠦᠬᠡ᠂ ᠡᠭᠦᠨ ᠳᠤ 74 ᠪᠤᠯᠪᠠᠰᠤᠷᠠᠭᠤᠯᠬᠤ ᠬᠡᠯᠪᠡᠷᠢ ᠶᠢᠨ ᠠᠵᠤ ᠠᠬᠤᠶᠢᠯᠠᠯ᠂ 19 ᠭᠦᠢᠯᠭᠡᠭᠡᠨ ᠤ ᠬᠡᠯᠪᠡᠷᠢ ᠶᠢᠨ ᠠᠵᠤ ᠠᠬᠤᠶᠢᠯᠠᠯ᠂ 4 ᠲᠠᠷᠢᠵᠤ ᠦᠷᠡᠵᠢᠭᠦᠯᠬᠦ ᠠᠵᠤ ᠠᠬᠤᠶᠢᠯᠠᠯ᠂ 3 ᠲᠤᠰᠬᠠᠶᠢᠵᠢᠭᠰᠠᠨ ᠵᠠᠬ᠎ᠠ ᠳᠡᠯᠭᠡᠭᠦᠷ ᠪᠤᠢ᠃ 1 ᠤᠯᠤᠰ ᠤᠨ ᠳᠡᠰ ᠤᠨ ᠲᠤᠯᠤᠭᠠᠶᠢᠯᠠᠭᠴᠢ ᠠᠵᠤ ᠠᠬᠤᠶᠢᠯᠠᠯ᠂ 16 ᠦᠪᠡᠷᠲᠡᠭᠡᠨ ᠵᠠᠰᠠᠬᠤ ᠤᠷᠤᠨ ᠤ ᠳᠡᠰ ᠤᠨ ᠲᠤᠯᠤᠭᠠᠶᠢᠯᠠᠭᠴᠢ ᠠᠵᠤ ᠠᠬᠤᠶᠢᠯᠠᠯ᠂ 13 ᠬᠤᠲᠠ ᠶᠢᠨ ᠳᠡᠰ ᠤᠨ ᠲᠤᠯᠤᠭᠠᠶᠢᠯᠠᠭᠴᠢ ᠠᠵᠤ ᠠᠬᠤᠶᠢᠯᠠᠯ᠂ 176 ᠲᠠᠷᠢᠶᠠᠴᠢᠳ ᠤᠨ ᠲᠤᠰᠬᠠᠶᠢᠵᠢᠭᠰᠠᠨ ᠬᠠᠮᠵᠢᠯᠴᠠᠭᠠᠨ ᠤ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠪᠤᠢ᠃ ②12 ᠬᠡᠪᠴᠢᠶᠡᠵᠢᠭᠰᠡᠨ ᠮᠢᠬᠠᠨ ᠤ ᠬᠤᠨᠢ ᠲᠡᠵᠢᠭᠡᠨ ᠦᠷᠡᠵᠢᠭᠦᠯᠬᠦ ᠲᠠᠯᠠᠪᠠᠢ᠂ ᠵᠠᠭᠤᠨ ᠰᠠᠭᠠᠯᠢ ᠶᠢᠨ ᠦᠨᠢᠶ᠎ᠡ ᠠᠴᠠ ᠤᠯᠠᠨ ᠦᠬᠡᠷ ᠲᠠᠢ ᠲᠡᠵᠢᠭᠡᠨ ᠦᠷᠡᠵᠢᠭᠦᠯᠬᠦ ᠬᠤᠷᠰᠢᠶᠠᠵᠢᠯ 2᠂ 500 ᠭᠠᠭ᠋ᠠᠢ ᠠᠴᠠ ᠤᠯᠠᠨ ᠭᠠᠭ᠋ᠠᠢ ᠲᠠᠢ ᠲᠡᠵᠢᠭᠡᠨ ᠦᠷᠡᠵᠢᠭᠦᠯᠬᠦ ᠲᠠᠯᠠᠪᠠᠢ 13᠂ 45 ᠲᠡᠵᠢᠭᠡᠨ ᠦᠷᠡᠵᠢᠭᠦᠯᠬᠦ ᠬᠤᠷᠰᠢᠶᠠᠵᠢᠯ ᠪᠤᠢ᠃        ᠪᠤᠬᠢᠷᠳᠤᠯ ᠦᠭᠡᠢ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠲᠦᠯᠬᠢᠨ ᠠᠬᠢᠭᠤᠯᠪᠠ᠃ ①2017 ᠤᠨ ᠤ 12 ᠰᠠᠷ᠎ᠠ ᠪᠤᠯᠲᠠᠯ᠎ᠠ᠂ ᠲᠦᠬᠦᠭᠡᠷᠦᠮᠵᠢᠲᠦ ᠲᠠᠷᠢᠶᠠᠯᠠᠩ ᠤᠨ ᠶᠡᠷᠦᠩᠬᠡᠢ ᠲᠠᠯᠠᠪᠠᠢ 2.06 ᠲᠦᠮᠡᠨ ᠮᠦ ︵ᠨᠠᠷᠠᠨ ᠭᠡᠷᠡᠯ ᠤᠨ ᠬᠦᠯᠡᠮᠵᠢ 1.69 ᠲᠦᠮᠡᠨ ᠮᠦ᠂ ᠫᠧᠩ ᠰᠠᠷᠠᠪᠴᠢ 0.36 ᠲᠦᠮᠡᠨ ᠮᠦ︶᠃ 3380 ᠡᠷᠦᠬᠡ᠂ 6760 ᠬᠦᠮᠦᠨ ᠲᠦᠬᠦᠭᠡᠷᠦᠮᠵᠢᠲᠦ ᠲᠠᠷᠢᠶᠠᠯᠠᠩ ᠤᠨ ᠦᠢᠯᠡᠳᠪᠦᠷᠢᠯᠡᠯ ᠳᠤ ᠤᠷᠤᠯᠴᠠᠨ᠂ ᠮᠢᠩᠭᠠᠨ ᠮᠦ ᠠᠴᠠ ᠳᠡᠭᠡᠭᠰᠢ ᠨᠠᠷᠠᠨ ᠭᠡᠷᠡᠯ ᠤᠨ ᠬᠦᠯᠡᠮᠵᠢᠲᠦ ᠬᠦᠷᠢᠶᠡᠯᠡᠩ 3 ᠪᠤᠢ᠃ ② 2.0 ᠲᠦᠮᠡᠨ ᠮᠦ ᠰᠦᠷᠡᠯ ᠤᠨ ᠳᠤᠤᠷ᠎ᠠ ᠲᠤᠰᠤᠯᠭᠠᠨ ᠤᠰᠤᠯᠠᠬᠤ ᠲᠠᠯᠠᠪᠠᠢ᠂ ᠲᠦᠮᠡᠨ ᠮᠦ ᠠᠴᠠ ᠳᠡᠭᠡᠭᠰᠢ ᠤᠰᠤᠯᠠᠯᠲᠠ ᠶᠢᠨ ᠤᠷᠤᠨ ᠨᠢᠭᠡ ᠪᠠᠶᠢᠵᠤ᠂  ᠂ 567 ᠤᠰᠤᠯᠠᠯᠲᠠ ᠶᠢᠨ ᠮᠠᠰᠢᠨ ᠬᠤᠳᠳᠤᠭ ᠪᠤᠢ᠃ ③1.42 ᠲᠦᠮᠡᠨ ᠮᠦ ᠤᠨᠴᠠᠯᠢᠭᠲᠤ ᠲᠠᠷᠢᠮᠠᠯ ︵1208 ᠮᠦ ᠦᠵᠡᠮᠦᠷᠢ ᠶᠢᠨ ᠴᠡᠴᠡᠭ ᠵᠢᠴᠢ ᠤᠨᠴᠠᠯᠢᠭᠲᠤ ᠵᠢᠮᠢᠰ᠂ 1.2 ᠲᠦᠮᠡᠨ ᠮᠦ ᠰᠢᠯᠢᠳᠡᠭ ᠴᠢᠨᠠᠷ ᠤᠨ ᠠᠮᠤ ᠪᠤᠷᠴᠠᠭ᠂ 3000 ᠮᠦ ᠡᠮ ᠤᠨ ᠮᠠᠲ᠋ᠧᠷᠢᠶᠠᠯ︶᠃ ④ ᠪᠦᠬᠦ ᠲᠤᠭᠤᠷᠢᠭ ᠤᠨ ᠡᠯ᠎ᠡ ᠲᠦᠷᠦᠯ ᠤᠨ ᠢᠳᠡᠰᠢᠨ ᠨᠤᠭᠤᠭᠠᠨ ᠤ ᠶᠡᠷᠦᠩᠬᠡᠢ ᠭᠠᠷᠤᠯᠲᠠ 10.69 ᠲᠦᠮᠡᠨ ᠲᠤᠨ᠂ ᠦᠢᠯᠡᠳᠪᠦᠷᠢᠯᠡᠯ ᠤᠨ ᠦᠷᠲᠡᠭ 2.57 ᠳ᠋ᠦᠩᠰᠢᠭᠤᠷ ᠲᠦᠭᠦᠷᠢᠭ᠃        ᠤᠯᠠᠭᠠᠨᠬᠠᠳᠠ ᠬᠤᠲᠠ ᠶᠢᠨ ︽3661︾ ᠢᠨᠵᠧᠨᠧᠷᠢᠩ ᠢ ᠲᠤᠭᠤᠰᠢᠯᠠᠭᠤᠯᠤᠨ ᠨᠠᠶᠢᠳᠠᠪᠤᠷᠢᠵᠢᠭᠤᠯᠪᠠ᠃ 2017 ᠤᠨ ᠤ 12 ᠰᠠᠷ᠎ᠠ ᠶᠢᠨ ᠰᠡᠭᠦᠯᠴᠢ ᠪᠤᠯᠲᠠᠯ᠎ᠠ᠂ ①2017 ᠤᠨ ᠳᠤ ᠰᠢᠨ᠎ᠡ ᠪᠠᠷ ᠨᠡᠮᠡᠭᠳᠡᠭᠰᠡᠨ ᠭᠠᠵᠠᠷ ᠰᠢᠷᠦᠢ ᠶᠢᠨ ᠡᠷᠭᠢᠯᠲᠡ ᠶᠢᠨ ᠲᠠᠯᠠᠪᠠᠢ 1.4 ᠲᠦᠮᠡᠨ ᠮᠦ᠂ 10.56 ᠲᠦᠮᠡᠨ ᠮᠦ ᠬᠦᠷᠴᠦ᠂ ᠡᠷᠭᠢᠯᠲᠡ ᠶᠢᠨ ᠨᠤᠷᠮ᠎ᠠ 55% ᠬᠦᠷᠪᠡ︔ ② ᠰᠢᠨ᠎ᠡ ᠪᠠᠷ ᠨᠡᠮᠡᠭᠳᠡᠭᠰᠡᠨ ᠬᠦᠳᠡᠭᠡ ᠲᠤᠰᠬᠤᠨ ᠤ ᠠᠵᠤ ᠠᠬᠤᠢ ᠶᠢᠨ ᠬᠤᠷᠰᠢᠭᠰᠠᠨ ᠵᠤᠬᠢᠶᠠᠨ ᠪᠠᠶᠢᠭᠤᠯᠤᠯᠲᠠ 30 ᠡᠷᠦᠬᠡ ᠪᠠᠶᠢᠵᠤ᠂ 176 ᠡᠷᠦᠬᠡ ᠬᠦᠷᠴᠦ᠂ ᠪᠦᠷᠬᠦᠴᠡ ᠶᠢᠨ ᠨᠤᠷᠮ᠎ᠠ 56.5% ᠬᠦᠷᠪᠡ︔ ③ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ 5 ᠪᠠᠶᠢᠵᠤ᠂ 100 ᠡᠷᠦᠬᠡ ᠬᠦᠷᠴᠦ᠂ ᠰᠢᠯᠢᠳᠡᠭ ᠴᠢᠨᠠᠷ ᠤᠨ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠭᠦᠨ ᠢ ᠲᠤᠬᠠᠢ ᠶᠢᠨ ᠭᠠᠵᠠᠷ ᠲᠤᠨᠢ ᠪᠤᠯᠪᠠᠰᠤᠷᠠᠭᠤᠯᠤᠭᠰᠠᠨ ᠨᠤᠷᠮ᠎ᠠ 58% ᠬᠦᠷᠪᠡ︔ ④2017 ᠤᠨ ᠳᠤ ᠰᠢᠨ᠎ᠡ ᠪᠠᠷ ᠨᠡᠮᠡᠭᠳᠡᠭᠰᠡᠨ ᠲᠦᠬᠦᠭᠡᠷᠦᠮᠵᠢᠲᠦ ᠲᠠᠷᠢᠶᠠᠯᠠᠩ ᠤᠨ ᠲᠠᠯᠠᠪᠠᠢ 2000 ᠮᠦ᠂ ᠨᠠᠶᠢᠳᠠᠪᠤᠷᠢᠵᠢᠭᠤᠯᠤᠭᠰᠠᠨ ᠤ ᠳᠠᠷᠠᠭᠠᠬᠢ ᠶᠡᠷᠦᠩᠬᠡᠢ ᠲᠠᠯᠠᠪᠠᠢ ᠨᠢ 2.06 ᠲᠦᠮᠡᠨ ᠮᠦ ᠬᠦᠷᠪᠡ᠃ ᠤᠳᠤᠬᠠᠨ ᠳᠤ ᠨᠢᠭᠡᠨᠲᠡ ᠦᠢᠯᠡᠳᠪᠦᠷᠢᠯᠡᠯ ᠳᠤ ᠠᠰᠢᠭᠯᠠᠪᠠ︔ ⑤2017 ᠤᠨ ᠤ ᠠᠮᠤ ᠪᠤᠳᠠᠭᠠᠨ ᠤ ᠲᠠᠷᠢᠮᠠᠯ ᠤᠨ ᠭᠠᠷᠤᠯᠲᠠ 1.38 ᠳ᠋ᠦᠩᠰᠢᠭᠤᠷ ᠵᠢᠩ ᠬᠦᠷᠪᠡ︔ ⑥2017 ᠤᠨ ᠳᠤ ᠰᠢᠯᠢᠳᠡᠭ ᠴᠢᠨᠠᠷ ᠤᠨ ᠮᠢᠬᠠᠨ ᠦᠬᠡᠷ᠂ ᠮᠢᠬᠠᠨ ᠬᠤᠨᠢ᠂ ᠭᠠᠭ᠋ᠠᠢ ᠶᠢᠨ ᠵᠤᠭᠰᠤᠭ᠎ᠠ ᠲᠤᠭ᠎ᠠ ᠲᠤᠯᠤᠭᠠᠢ ᠲᠤᠰᠪᠤᠷᠢ 3 ᠲᠦᠮᠡ᠂ 2 ᠲᠦᠮᠡ᠂ 5 ᠲᠦᠮᠡ᠃ ⑦ ᠰᠢᠨ᠎ᠡ ᠪᠠᠷ ᠨᠡᠮᠡᠭᠳᠡᠭᠰᠡᠨ ᠠᠵᠤ ᠠᠬᠤᠢ ᠶᠢᠨ ᠤᠢ 2624 ᠮᠦ᠂ ᠠᠭᠤᠯᠠᠨ ᠭᠦᠢᠯᠡᠰᠦ ᠶᠢ ᠰᠢᠯᠵᠢᠭᠦᠯᠦᠨ ᠵᠠᠶᠢᠯᠠᠬᠤ ᠦᠭᠡᠷᠡᠴᠢᠯᠡᠯᠲᠡ 2700 ᠮᠦ ᠶᠢ ᠪᠡᠶᠡᠯᠡᠭᠦᠯᠦᠨ᠂ ᠤᠤᠯ ᠤᠨ ᠢᠨᠵᠧᠨᠧᠷᠢᠩ ᠤᠨ ᠴᠢᠨᠠᠷ ᠢ ᠰᠠᠶᠢᠵᠢᠷᠠᠭᠤᠯᠤᠨ ᠪᠦᠲᠦᠮᠵᠢ ᠶᠢ ᠨᠡᠮᠡᠭᠳᠡᠭᠦᠯᠦᠭᠰᠡᠨ ᠨᠢ 130 ᠮᠦ︔ ⑧ ᠬᠦᠭᠵᠢᠭᠦᠯᠦᠭᠰᠡᠨ ᠬᠦᠳᠡᠭᠡ ᠲᠤᠰᠬᠤᠨ ᠤ ᠵᠤᠭᠠᠴᠠᠯ ᠤᠨ ᠤᠨᠴᠠᠯᠢᠭᠲᠤ ᠠᠵᠤ ᠦᠢᠯᠡᠰ ᠤᠨ ᠲᠤᠰᠬᠤᠨ 10 ᠪᠠᠶᠢᠵᠤ᠂ 2017 ᠤᠨ ᠳᠤ ᠡᠯ ᠳ᠋ᠤᠤ ᠵᠢᠩᠽᠢ ᠲᠤᠰᠬᠤᠨ᠂ ᠰᠠᠨ ᠳ᠋ᠤᠤ ᠵᠢᠩᠽᠢ ᠲᠤᠰᠬᠤᠨ ᠨᠢ ᠬᠤᠲᠠ ᠶᠢᠨ ᠳᠡᠰ ᠤᠨ ᠬᠦᠳᠡᠭᠡ ᠲᠤᠰᠬᠤᠨ ᠤ ᠵᠤᠭᠠᠴᠠᠯ ᠤᠨ ᠵᠢᠱᠢᠶ᠎ᠡ ᠦᠵᠡᠭᠦᠯᠬᠦ ᠲᠤᠰᠬᠤᠨ ᠪᠤᠯᠵᠤ᠂ ᠬᠦᠭᠵᠢᠭᠦᠯᠦᠭᠰᠡᠨ ᠡᠯ᠎ᠡ ᠲᠦᠷᠦᠯ ᠤᠨ ᠬᠦᠳᠡᠭᠡ ᠲᠤᠰᠬᠤᠨ ᠤ ᠵᠢᠭᠤᠯᠴᠢᠳ ᠢ ᠬᠦᠯᠢᠶᠡᠨ ᠵᠤᠴᠢᠯᠠᠬᠤ ᠡᠷᠦᠬᠡ 120 ᠡᠷᠦᠬᠡ ᠪᠤᠢ᠃
 
ᠢᠷᠡᠯᠲᠡ᠄ ᠬᠤᠩ ᠱᠠᠨ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号